ᠠᠯᠠᠱᠠ ᠨᠤᠳᠤᠭ ᠨᠠᠷ᠎ᠠ ᠠᠯᠳᠠᠷ ᠢᠶᠠᠨ ᠭᠤᠸᠠᠩᠵᠸᠤ ᠬᠤᠳᠠᠨ᠎ᠠ ᠲᠠᠭᠤᠷᠢᠰᠤᠭᠤᠯᠪᠠ
ᠨᠡᠶᠢᠲᠡᠯᠡᠭᠰᠡᠨ ᠴᠠᠭ᠄
2018/11/12
       11 ᠰᠠᠷ᠎ᠠ ᠶᠢᠨ 2 ᠠᠴᠠ 4 ᠤ ᠡᠳᠦᠷ ᠪᠤᠯᠳᠠᠯ᠎ᠠ᠂ ︽ᠦᠪᠦᠷ ᠮᠤᠩᠭᠤᠯ ᠤᠨ ᠦᠨᠦᠷ ᠠᠮᠳᠠ — ᠦᠪᠦᠷ ᠮᠤᠩᠭᠤᠯ ᠤᠨ ᠪᠤᠬᠢᠷᠳᠤᠯ ᠦᠬᠡᠢ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠬᠦᠨ ᠤ ᠦᠵᠡᠬᠦᠯᠭᠡ ᠶᠢᠨ ᠰᠣᠯᠢᠯᠴᠠᠭ᠎ᠠ︾ ᠭᠤᠸᠠᠩᠵᠸᠤ ᠬᠤᠳᠠ ᠳᠤ ᠶᠠᠪᠤᠬᠳᠠᠪᠠ᠃ ᠠᠶᠢᠮᠠᠭ ᠤᠨ ᠵᠢᠭᠤᠯᠴᠢᠯᠠᠯ ᠤᠨ ᠬᠦᠭᠵᠢᠬᠦᠯᠦᠯᠲᠡ ᠶᠢᠨ ᠵᠦᠪᠯᠡᠯ ᠠᠯᠠᠱᠠ ᠵᠡᠬᠦᠨ ᠬᠤᠰᠢᠭᠤᠨ ᠤ ᠰᠤᠶᠤᠯ ᠵᠢᠭᠤᠯᠴᠢᠯᠠᠯ ᠤᠨ ᠲᠤᠪᠴᠢᠶ᠎ᠠ᠂ ᠦᠪᠦᠷ ᠮᠤᠩᠭᠤᠯ ᠤᠨ ᠮᠦᠸᠧ ᠪᠸᠢ ᠲᠠᠯ᠎ᠠ ᠨᠤᠳᠤᠭ ᠤᠨ ᠢᠳᠡᠭᠡᠨ ᠤ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠭᠤᠪᠢ ᠡᠷᠳᠡᠨᠢ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ ᠶᠢ ᠵᠤᠬᠢᠶᠠᠨ ᠪᠠᠶᠢᠭᠤᠯᠤᠨ᠂ ᠮᠠᠨ ᠤ ᠠᠶᠢᠮᠠᠭ ᠤᠨ ᠤᠨᠴᠠᠯᠢᠬᠳᠤ ᠵᠢᠭᠤᠯᠴᠢᠯᠠᠯ ᠤᠨ ᠪᠦᠳᠦᠭᠡᠭᠳᠡᠬᠦᠨ ᠢ ᠪᠡᠯᠡᠳᠬᠡᠵᠤ ᠲᠤᠰ ᠤᠳᠠᠭᠠᠨ ᠤ ᠦᠵᠡᠬᠦᠯᠭᠡ ᠶᠢᠨ ᠰᠤᠯᠢᠯᠴᠠᠭᠠᠨ ᠳᠤ ᠤᠷᠤᠯᠴᠠᠬᠰᠠᠨ ᠪᠠᠶᠢᠨ᠎ᠠ᠃              ᠠᠯᠠᠱᠠ ᠶᠢᠨ ᠦᠨᠦᠷ ᠠᠮᠳᠠ ᠨᠢ ︽ᠲᠤᠮᠳᠠᠳᠤ ᠣᠯᠣᠰ ᠤᠨ ᠲᠡᠮᠡᠭᠡᠳᠦ ᠨᠤᠳᠤᠭ︾ ᠢᠶᠠᠷ ᠲᠦᠯᠦᠭᠡᠯᠡᠭᠴᠢ ᠪᠤᠯᠭᠠᠬᠰᠠᠨ ᠠᠯᠠᠱᠠ ᠶᠢᠨ ᠢᠡᠭᠬᠡᠨ ᠰᠦ ᠶᠢᠨ ᠲᠠᠯᠬ᠎ᠠ᠂ ᠪᠤᠯᠪᠠᠰᠤᠷᠠᠭᠤᠯᠤᠬᠰᠠᠨ ᠲᠡᠮᠡᠭᠡᠨ ᠮᠢᠬ᠎ᠠ᠂ ᠲᠡᠮᠡᠭᠡᠨ ᠪᠤᠷᠴᠠ ᠵᠡᠷᠭᠡ ᠰᠢᠷᠢᠰ ᠠᠮᠳᠠᠳᠤ ᠢᠳᠡᠭᠡᠨ ᠢ ᠲᠤᠬᠢᠷᠠᠭᠤᠯᠬᠤ ᠶᠢᠨ ᠬᠠᠮᠳᠤ ᠠᠯᠠᠱᠠ ᠶᠢᠨ ᠵᠢᠭᠤᠯᠴᠢᠯᠠᠯ ᠤᠨ ᠦᠡᠭᠭᠡ ᠦᠵᠡᠮᠵᠢ ᠶᠢᠨ ᠵᠢᠷᠤᠬᠳᠤ ᠲᠡᠪᠳᠡᠷ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠯᠪᠢᠬᠰᠠᠨ ᠪᠠᠶᠢᠨ᠎ᠠ᠃ ᠮᠠᠨ ᠤ ᠠᠶᠢᠮᠠᠭ ᠤᠨ ᠠᠵᠢᠯᠳᠠᠨ ᠬᠦᠷᠦᠯᠴᠡᠨ ᠢᠷᠡᠭᠰᠡᠨ ᠵᠤᠴᠢᠨ ᠪᠤᠯᠭᠠᠨ ᠳᠤ ᠤᠷᠤᠨ ᠨᠤᠳᠤᠭ ᠤᠨ ᠲᠠᠩᠰᠤᠭ ᠢᠳᠡᠭᠡᠨ ᠬᠢᠭᠡᠳ ᠤᠨᠴᠠᠯᠢᠬᠳᠤ ᠵᠢᠭᠤᠯᠴᠢᠯᠠᠯ ᠤᠨ ᠦᠡᠭᠭᠡ ᠦᠵᠡᠮᠵᠢ ᠶᠢ ᠲᠠᠨᠢᠯᠴᠠᠭᠤᠯᠵᠤ᠂ ᠠᠯᠠᠱᠠ ᠨᠤᠳᠤᠭ ᠤᠨ ᠦᠪᠡᠷᠮᠢᠴᠡ ᠤᠨᠴᠠᠯᠢᠭ ᠢ ᠬᠦᠢᠴᠡᠳ ᠬᠠᠷᠠᠭᠤᠯᠵᠤ ᠴᠢᠳᠠᠬᠰᠠᠨ ᠪᠠᠶᠢᠨ᠎ᠠ᠃              ᠠᠶᠢᠮᠠᠭ ᠤᠨ ᠵᠢᠭᠤᠯᠴᠢᠯᠠᠯ ᠤᠨ ᠬᠦᠭᠵᠢᠬᠦᠯᠦᠯᠲᠡ ᠶᠢᠨ ᠵᠦᠪᠯᠡᠯ ᠤᠨ ᠠᠵᠢᠯᠳᠠᠨ ᠰᠤᠷᠪᠤᠯᠵᠢᠯᠠᠬᠴᠢ ᠳᠤ   ︽ᠲᠤᠰ ᠤᠳᠠᠭᠠᠨ ᠤ ᠰᠤᠯᠢᠯᠴᠠᠭᠠᠨ ᠤ ᠬᠤᠭᠤᠴᠠᠭᠠᠨ ᠳᠤ᠂ ᠠᠯᠠᠱᠠ ᠶᠢᠨ ᠦᠨᠦᠷ ᠠᠮᠳᠠ ᠨᠢ ᠮᠠᠰᠢ ᠤᠯᠠᠨ ᠵᠤᠴᠢᠳ ᠤᠨ  ᠠᠩᠬᠠᠷᠤᠯ ᠢ ᠲᠠᠳᠠᠵᠤ᠂ ᠠᠯᠠᠱᠠ ᠶᠢᠨ ᠤᠨᠴᠠᠯᠢᠬᠳᠤ ᠪᠦᠳᠦᠭᠡᠭᠳᠡᠬᠦᠨ ᠢ ᠲᠦᠯᠬᠢᠨ ᠠᠬᠢᠭᠤᠯᠬᠤ ᠪᠠᠷ ᠲᠠᠮᠵᠢᠨ ᠠᠯᠠᠱᠠ ᠶᠢᠨ ᠵᠢᠭᠤᠯᠴᠢᠯᠠᠯ ᠤᠨ ᠪᠦᠳᠦᠭᠡᠭᠳᠡᠬᠦᠨ ᠤ ᠪᠦᠷᠬᠦᠴᠡ ᠶᠢ ᠦᠷᠭᠡᠳᠬᠡᠪᠡ᠃ ᠲᠠᠷᠠᠭᠠᠴᠢ ᠪᠠᠷ ᠤᠬᠠᠭᠤᠯᠭ᠎ᠠ ᠶᠢᠨ ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠳᠡᠬᠦᠯᠦᠨ᠂ ᠪᠤᠷᠤᠯᠠᠭᠤᠯᠭ᠎ᠠ ᠶᠢᠨ ᠬᠡᠯᠪᠡᠷᠢ ᠪᠠᠨ ᠬᠤᠪᠢᠷᠠᠭᠤᠯᠤᠨ᠂ ︿ᠵᠢᠭᠤᠯᠴᠢᠯᠠᠯ +﹀ ᠪᠠᠶᠢᠯᠳᠤᠬᠤ ᠪᠤᠳᠤᠯᠭ᠎ᠠ ᠶᠢ ᠬᠦᠨᠵᠡᠬᠡᠶᠢᠷᠡᠬᠦᠯᠦᠨ᠂ ᠬᠠᠨ ᠲᠡᠭᠷᠢ ᠠᠯᠠᠱᠠ ᠶᠢᠨ ᠨᠠᠷ᠎ᠠ ᠲᠡᠮᠳᠡᠭ ᠢ ᠨᠠᠩ ᠦᠡᠭᠬᠡ ᠬᠢᠯᠪᠠᠭ᠎ᠠ ᠲᠠᠢ ᠪᠤᠯᠭᠠᠨ᠎ᠠ︾ ᠭᠡᠵᠤ ᠪᠠᠶᠢᠪᠠ᠃              ᠤᠢᠢᠯᠠᠭᠠᠬᠰᠠᠨ ᠢᠶᠠᠷ᠂ ᠲᠤᠰ ᠤᠳᠠᠭᠠᠨ ᠤ ᠰᠤᠯᠢᠯᠴᠠᠭᠠᠨ ᠤ ᠬᠤᠷᠠᠯ ᠨᠢ ︽ᠦᠵᠠᠰᠬᠦᠯᠡᠩᠳᠦ ᠦᠪᠦᠷ ᠮᠤᠩᠭᠤᠯ ᠪᠤᠬᠢᠷᠳᠤᠯ ᠦᠬᠡᠢ ᠠᠮᠳᠠᠳᠤ ᠢᠳᠡᠭᠡᠨ︾ ᠢᠶᠠᠷ ᠭᠤᠤᠯ ᠰᠡᠳᠦᠪ ᠪᠤᠯᠭᠠᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 264 ᠠᠵᠤ ᠠᠬᠤᠢᠢᠯᠠᠯ᠂ ᠭᠤᠸᠠᠩᠳᠦ᠋ᠡᠭ ᠮᠤᠵᠢ ᠵᠢᠴᠢ ᠬᠦᠷᠰᠢ ᠵᠡᠷᠭᠡᠯᠡᠳᠡᠭᠡ ᠭᠠᠵᠠᠷ ᠤᠷᠤᠨ ᠤ 222 ᠬᠤᠳᠠᠯᠳᠤᠭᠠᠴᠢᠨ ᠬᠢᠭᠡᠳ ᠠᠷᠠᠯᠵᠢᠶ᠎ᠠ ᠬᠤᠳᠠᠯᠳᠤᠭᠠᠨ ᠤ ᠨᠡᠶᠢᠬᠡᠮᠯᠢᠭ ᠤᠷᠤᠯᠴᠠᠬᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号