ᠠᠯᠠᠱᠠ ᠶᠢᠨ ᠵᠢᠭᠤᠯᠴᠢᠯᠠᠯ᠄ ᠲᠦᠷᠭᠡᠨ ᠬᠦᠭᠵᠢᠯᠳᠠ ᠠᠴᠠ ᠴᠢᠨᠠᠷ ᠰᠠᠶᠢᠳᠠᠢ ᠬᠦᠭᠵᠢᠯᠳᠠ ᠵᠦᠭ ᠲᠠᠪᠰᠢᠨᠠᠮ
ᠨᠡᠶᠢᠲᠡᠯᠡᠭᠰᠡᠨ ᠴᠠᠭ᠄
2018/11/27
     ᠡᠨᠡ ᠵᠢᠯ᠂ ᠮᠠᠨ ᠤ ᠠᠶᠢᠮᠠᠭ ᠡᠯᠡᠰᠦ ᠮᠠᠩᠬ᠎ᠠ᠂ ᠲᠤᠤᠷᠡᠢ ᠶᠢᠨ ᠤᠢ᠂ ᠵᠢᠤᠢ ᠶᠠᠨ᠂ ᠠᠭᠠᠷ ᠠᠶᠠᠯᠠᠯ᠂ ᠰᠤᠶᠤᠯ ᠢᠷᠬᠡᠨᠰᠢᠯ ᠵᠡᠷᠬᠡ 5 ᠲᠦᠷᠦᠯ ᠤᠨ ᠠᠭᠤᠯᠭ᠎ᠠ ᠪᠠᠷ ᠵᠢᠭᠤᠯᠴᠢᠯᠠᠯ ᠤᠨ ᠦᠢᠯᠡᠰ ᠢ ᠨᠠᠷᠢᠯᠢᠭ ᠪᠠᠶᠢᠷᠢᠯᠠᠭᠤᠯᠵᠦ᠂ ᠪᠦᠬᠦ ᠬᠢᠵᠠᠭᠠᠷ ᠤᠨ ᠵᠢᠭᠤᠯᠴᠢᠯᠠᠯ ᠪᠤᠯᠤᠨ ᠲᠦᠷᠪᠠᠨ ᠤᠯᠠᠷᠢᠯ ᠤᠨ ᠵᠢᠭᠤᠯᠴᠢᠯᠠᠯ ᠤᠨ ᠦᠢᠯᠡᠰ ᠢ ᠬᠦᠴᠦᠳᠡᠢ ᠲᠦᠯᠬᠢᠨ ᠠᠬᠢᠭᠤᠯᠤᠭᠰᠠᠨ ᠠᠴᠠ ᠪᠦᠬᠦ ᠠᠶᠢᠮᠠᠭ ᠤᠨ ᠵᠢᠭᠤᠯᠴᠢᠯᠠᠯ ᠤᠨ ᠦᠢᠯᠡᠰ ᠦᠷᠨᠢᠬᠦᠨ ᠬᠦᠭᠵᠢᠭᠰᠡᠨ ᠪᠠᠶᠢᠨ᠎ᠠ᠃ ᠠᠶᠢᠮᠠᠭ ᠤᠨ ᠵᠢᠭᠤᠯᠴᠢᠯᠠᠯ ᠤᠨ ᠬᠦᠭᠵᠢᠬᠦᠯᠦᠯᠲᠡ ᠶᠢᠨ ᠵᠦᠪᠯᠡᠯ ᠤᠨ ᠲᠤᠭ᠎ᠠ ᠪᠦᠷᠢᠳᠬᠡᠯ ᠢ ᠦᠨᠳᠦᠰᠦᠯᠠᠪᠠᠯ᠂ 1 ᠰᠠᠷ᠎ᠠ ᠠᠴᠠ 10 ᠰᠠᠷ᠎ᠠ ᠶᠢᠨ ᠬᠤᠭᠤᠴᠠᠭᠠᠨ ᠳᠤ ᠮᠠᠨ ᠤ ᠠᠶᠢᠮᠠᠭ ᠤᠯᠤᠰ ᠤᠨ ᠲᠤᠳᠤᠭᠠᠲᠦ ᠭᠠᠳᠠᠭᠠᠲᠦ ᠶᠢᠨ 1789.7 ᠲᠦᠮᠡᠨ ᠲᠤᠭᠤᠷᠢᠨ ᠵᠤᠭᠠᠴᠠᠭᠰᠠᠳ ︵ᠤᠳᠠᠭ᠎ᠠ︶ ᠢ ᠬᠦᠯᠢᠶᠠᠨ ᠵᠤᠴᠢᠯᠠᠵᠦ᠂ ᠵᠢᠭᠤᠯᠴᠢᠯᠠᠯ ᠤᠨ ᠤᠷᠤᠯᠭ᠎ᠠ 159. 06 ᠳ᠋ᠦᠡᠭᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭ᠎ᠠ ᠠᠴᠠ ᠪᠠᠨ ᠲᠤᠰᠪᠤᠷᠢ 58.9% ᠪᠤᠯᠤᠨ 36. 4% ᠪᠠᠷ ᠨᠡᠮᠡᠭᠳᠡᠭᠰᠡᠨ ᠪᠠᠶᠢᠨ᠎ᠠ᠃            ᠡᠨᠡ ᠵᠢᠯ᠂ ᠪᠦᠬᠦ ᠠᠶᠢᠮᠠᠭ ᠮᠢᠩᠭᠠᠨ ᠲᠦᠮᠡᠨ ᠲᠦᠬᠦᠷᠢᠭ  ᠠᠴᠠ ᠲᠡᠬᠡᠭᠰᠢᠬᠢ ᠬᠦᠷᠢᠶ᠎ᠠ ᠬᠡᠪᠴᠢᠶ᠎ᠠ ᠲᠠᠢ 23  ᠲᠦᠷᠦᠯ  ᠤᠨ ᠵᠢᠭᠤᠯᠴᠢᠯᠠᠯ  ᠤᠨ ᠢᠨᠵᠧᠨᠧᠷᠢᠩ  ᠢ ᠬᠡᠷᠡᠭᠵᠢᠬᠦᠯᠵᠦ᠂ ᠨᠠᠶᠢᠳᠠ 28.8 ᠳ᠋ᠦᠡᠭᠰᠢᠭᠤᠷ ᠲᠦᠬᠦᠷᠢᠭ   ᠤᠨ ᠪᠡᠯᠡ ᠤᠷᠤᠭᠤᠯᠬᠤ  ᠪᠠᠷ ᠲᠦᠰᠦᠪᠯᠡᠨ᠂ 10 ᠰᠠᠷ᠎ᠠ  ᠶᠢᠨ ᠡᠴᠦᠰ ᠪᠤᠯᠳᠠᠯ᠎ᠠ᠂ 22 ᠲᠦᠷᠦᠯ ᠠᠵᠢᠯ ᠡᠬᠢᠯᠡᠵᠦ᠂ 20.02 ᠳ᠋ᠦᠡᠭᠰᠢᠭᠤᠷ ᠲᠦᠬᠦᠷᠢᠭ  ᠤᠨ ᠪᠡᠯᠡ ᠤᠷᠤᠭᠤᠯᠤᠯᠳᠠ  ᠶᠢ ᠪᠡᠶᠡᠯᠡᠬᠦᠯᠵᠠᠢ︔ ᠪᠦᠬᠦ ᠠᠶᠢᠮᠠᠭ  ᠤᠨ ᠵᠢᠭᠤᠯᠴᠢᠯᠠᠯ  ᠤᠨ ᠦᠢᠯᠡᠰ  ᠤᠨ ᠤᠯᠠᠨ ᠨᠠᠶᠢᠳᠠ  ᠶᠢᠨ  ᠦᠢᠯᠡᠴᠢᠯᠡᠭᠡᠨ  ᠤ ᠲᠤᠨᠤᠭ ᠲᠦᠬᠦᠬᠡᠷᠦᠮᠵᠢ  ᠶᠢᠨ ᠪᠦᠲᠦᠬᠡᠨ ᠪᠠᠶᠢᠭᠤᠯᠤᠯᠳᠠ  ᠳᠤ ᠨᠠᠶᠢᠳᠠ 1.18 ᠳ᠋ᠦᠡᠭᠰᠢᠭᠤᠷ ᠲᠦᠬᠦᠷᠢᠭ  ᠤᠨ ᠪᠡᠯᠡ ᠤᠷᠤᠭᠤᠯᠬᠤ  ᠪᠠᠷ ᠲᠦᠰᠦᠪᠯᠡᠨ᠂ 10 ᠰᠠᠷ᠎ᠠ  ᠶᠢᠨ ᠡᠴᠦᠰ ᠪᠤᠯᠳᠠᠯ᠎ᠠ ᠨᠠᠶᠢᠳᠠ 8400 ᠲᠦᠮᠡᠨ ᠲᠦᠬᠦᠷᠢᠭ  ᠤᠨ ᠪᠡᠯᠡ ᠤᠷᠤᠭᠤᠯᠤᠯᠳᠠ  ᠶᠢ ᠪᠡᠶᠡᠯᠡᠬᠦᠯᠵᠠᠢ᠃      ᠡᠶᠢᠨᠬᠦ᠂ ᠠᠯᠠᠱᠠ ᠶᠢᠨ ᠡᠯᠡᠰᠦ ᠮᠠᠩᠬᠠᠨ ᠤ ᠬᠦᠰᠡᠯ ᠮᠦᠷᠦᠬᠡᠳᠦᠯ ᠮᠠᠰᠢᠨ ᠲᠡᠷᠬᠡ ᠠᠭᠠᠷ ᠠᠶᠠᠯᠠᠯ ᠤᠨ ᠭᠤᠤᠯ ᠰᠡᠲᠦᠪᠲᠦ ᠬᠦᠷᠢᠶᠠᠯᠠᠩ᠂ ᠪᠠᠳᠡᠢ ᠶᠢᠨ ᠵᠢᠷᠡᠨ ᠡᠯᠡᠰᠦᠨ ᠤ 5A ᠲᠡᠰ ᠤᠨ ᠵᠢᠭᠤᠯᠴᠢᠯᠠᠯ ᠤᠨ ᠤᠷᠤᠨ᠂ ᠱᠠᠰᠢᠨ ᠢ ᠪᠠᠳᠠᠷᠠᠭᠤᠯᠤᠭᠴᠢ ᠰᠦᠮ᠎ᠠ᠂ ᠲᠤᠤᠷᠡᠢ ᠶᠢᠨ ᠤᠢ ᠶᠢᠨ ᠵᠢᠭᠤᠯᠴᠢᠯᠠᠯ ᠤᠨ ᠤᠷᠤᠨ ᠵᠡᠷᠬᠡ ᠵᠢᠭᠤᠯᠴᠢᠯᠠᠯ ᠤᠨ ᠤᠷᠤᠨ ᠤ ᠰᠠᠭᠤᠷᠢ ᠳᠦᠭᠦᠭᠡᠷᠦᠮᠵᠢ ᠶᠢᠨ ᠪᠦᠲᠦᠬᠡᠨ ᠪᠠᠶᠢᠭᠤᠯᠤᠯᠳᠠ ᠤᠯᠠᠮ ᠨᠢᠬᠡ ᠠᠯᠬᠤᠮ ᠲᠡᠬᠦᠯᠳᠡᠷᠵᠢᠵᠦ ᠡᠬᠢᠯᠡᠭᠰᠡᠨ ᠪᠠᠶᠢᠨ᠎ᠠ᠃            ᠡᠨᠡ ᠵᠢᠯ᠂ ᠮᠠᠨ ᠤ ᠠᠶᠢᠮᠠᠭ ᠵᠢᠭᠤᠯᠴᠢᠯᠠᠯ ᠤᠨ ᠦᠢᠯᠡᠰ ᠢ ᠰᠤᠶᠤᠯ᠂ ᠪᠡᠶ᠎ᠠ ᠶᠢᠨ ᠲᠠᠮᠢᠷ ᠵᠡᠷᠬᠡ ᠠᠵᠦ ᠦᠢᠯᠡᠰ ᠲᠠᠢ ᠨᠢᠠᠠᠳᠠ ᠤᠶᠠᠯᠳᠤᠭᠤᠯᠬᠤ ᠶᠢ ᠤᠨᠴᠠ ᠠᠩᠬᠠᠷᠴᠦ᠂ ᠵᠢᠭᠤᠯᠴᠢᠯᠠᠯ ᠤᠨ ᠵᠠᠬ᠎ᠠ ᠲᠡᠯᠬᠡᠬᠦᠷ ᠢ ᠦᠨᠳᠦᠰᠦᠯᠠᠨ᠂ 1 ᠠᠴᠠ 12 ᠰᠠᠷ᠎ᠠ ᠶᠢᠨ ᠬᠤᠭᠤᠴᠠᠭᠠᠨ ᠳᠤ ᠨᠠᠶᠢᠳᠠ 14 ᠲᠤᠮᠤ ᠲᠦᠷᠦᠯ ᠤᠨ 58 ᠪᠠᠭ᠎ᠠ ᠲᠦᠷᠦᠯ ᠤᠨ ᠠᠵᠢᠯᠯᠠᠭ᠎ᠠ ᠶᠢ ᠲᠤᠬᠢᠷᠠᠭᠤᠯᠵᠠᠢ᠃ ᠵᠢᠱᠢᠶᠠᠯᠠᠪᠠᠯ᠂ 13 ᠳ᠋ᠤᠭᠠᠷ ᠬᠤᠭᠤᠴᠠᠭᠠᠨ ᠤ ᠬᠡᠬᠡᠷᠡᠯᠡᠨ ᠠᠶᠠᠯᠠᠬᠤ e ᠠᠩᠬᠢ ᠶᠢᠨ ᠠᠯᠠᠱᠠ ᠶᠢᠨ ᠪᠠᠭᠠᠳᠤᠷᠴᠤᠳ ᠤᠨ ᠴᠤᠭᠯᠠᠭᠠᠨ ᠳᠤ ᠡᠯ᠎ᠠ ᠲᠦᠷᠦᠯ ᠤᠨ ᠲᠤᠷ᠎ᠠ ᠰᠤᠨᠢᠷᠬᠠᠯ ᠢ ᠲᠠᠳᠠᠭᠰᠠᠨ ᠠᠵᠢᠯᠯᠠᠭ᠎ᠠ ᠶᠢ ᠲᠤᠬᠢᠷᠠᠭᠤᠯᠬᠤ ᠶᠢᠨ ᠬᠠᠮᠲᠦ᠂ ᠲᠤᠭᠤᠷᠢᠨ ᠵᠤᠭᠠᠴᠠᠭᠰᠠᠳ ᠤᠨ ᠤᠷᠤᠯᠴᠠᠬᠤ ᠢᠳᠡᠪᠬᠢᠵᠢᠯ ᠢ ᠲᠠᠶᠢᠴᠢᠯᠠᠵᠦ ᠴᠢᠳᠠᠭᠰᠠᠨ ᠠᠴᠠ ᠬᠡᠬᠡᠷᠡᠯᠡᠨ ᠠᠶᠠᠯᠠᠬᠤ e ᠠᠩᠬᠢ ᠶᠢᠨ ᠰᠢᠷᠢᠰ ᠤᠷᠤᠯᠳᠤᠭᠠᠨ ᠪᠦᠬᠦ ᠤᠯᠤᠰ ᠲᠡᠷᠡᠴᠢᠯᠠᠨ ᠪᠦᠬᠦ ᠲᠡᠯᠡᠬᠡᠢ ᠶᠢᠨ ᠬᠡᠪᠴᠢᠶᠠᠨ ᠳᠤ ᠴᠦ ᠬᠡᠰᠡᠨ ᠨᠦᠯᠦᠬᠡ ᠲᠤᠰᠬᠠᠯ ᠲᠠᠢ ᠰᠢᠯᠢᠳᠡᠭ  ᠲᠦᠷᠦᠯ ᠤᠨ ᠤᠷᠤᠯᠳᠤᠭᠠᠨ ᠪᠤᠯᠤᠭᠰᠠᠨ ᠪᠠᠶᠢᠨ᠎ᠠ᠃ ᠡᠬᠦᠨ ᠤ ᠬᠠᠮᠲᠦ᠂ ᠬᠤᠪᠢ ᠪᠠᠷ ᠢᠶᠠᠨ ᠲᠡᠷᠬᠡ ᠮᠠᠰᠢᠨ ᠪᠠᠷᠢᠵᠦ ᠲᠤᠭᠤᠷᠢᠨ ᠵᠤᠭᠠᠴᠠᠬᠤ ᠦᠢᠯᠡᠰ ᠡᠳᠦᠷ ᠢᠷᠡᠬᠦᠶ᠎ᠠ ᠦᠷᠨᠢᠨ ᠬᠦᠭᠵᠢᠵᠦ ᠪᠠᠶᠢᠭ᠎ᠠ ᠳᠤ ᠵᠤᠷᠢᠭᠤᠯᠤᠨ᠂ ᠮᠠᠨ ᠤ ᠠᠶᠢᠮᠠᠭ ᠲᠠᠯᠡᠶᠢᠬᠦ᠋ᠪ ᠪᠠᠯᠭᠠᠰᠤ᠂ ᠤᠯᠠᠨᠪᠤᠯᠠᠭ ᠪᠠᠯᠭᠠᠰᠤ᠂ ᠪᠠᠶᠠᠨᠬᠤᠳᠠ ᠪᠠᠯᠭᠠᠰᠤ᠂ ᠪᠠᠳᠡᠢ ᠶᠢᠨ ᠵᠢᠷᠡᠨ ᠪᠠᠯᠭᠠᠰᠤ ᠵᠡᠷᠬᠡ ᠭᠠᠵᠡᠷ ᠤᠷᠤᠨ ᠳᠤ ᠲᠡᠷᠬᠡ ᠪᠠᠷᠢᠵᠦ ᠲᠤᠭᠤᠷᠢᠨ ᠵᠤᠭᠠᠴᠠᠬᠤ ᠪᠠ ᠬᠤᠨᠤᠭᠯᠠᠬᠤ ᠰᠠᠭᠤᠷᠢᠨ ᠭᠠᠵᠡᠷ ᠢ ᠪᠦᠲᠦᠬᠡᠨ ᠪᠠᠶᠢᠭᠤᠯᠬᠤ ᠶᠢᠨ ᠬᠠᠮᠲᠦ ᠵᠢᠭᠤᠯᠴᠢᠯᠠᠯ ᠤᠨ ᠤᠷᠤᠨ ᠤ ᠵᠤᠷᠯᠤᠩ᠂ ᠤᠯᠠᠭ᠎ᠠ ᠦᠷᠳᠡᠭᠡ ᠵᠡᠷᠬᠡ ᠳᠠᠭᠠᠯᠳᠠ ᠰᠠᠭᠤᠷᠢ ᠳᠦᠭᠦᠭᠡᠷᠦᠮᠵᠢ ᠶᠢᠨ ᠪᠦᠲᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠨᠠᠶᠢᠳᠠ 35 ᠵᠤᠷᠯᠤᠩ ᠢ ᠪᠦᠲᠦᠬᠡᠨ ᠪᠠᠶᠢᠭᠤᠯᠬᠤ ᠪᠠᠷ ᠲᠦᠰᠦᠪᠯᠡᠨ᠂ ᠤᠳᠤᠬᠠᠨ ᠳᠤ 31 ᠵᠤᠷᠯᠤᠩ ᠤᠨ ᠪᠦᠲᠦᠬᠡᠨ ᠪᠠᠶᠢᠭᠤᠯᠤᠯᠳᠠ ᠶᠢᠨ ᠠᠵᠢᠯ ᠡᠬᠢᠯᠡᠵᠠᠢ᠃            ᠡᠨᠡ ᠵᠢᠯ ᠮᠠᠨ ᠤ ᠠᠶᠢᠮᠠᠭ ᠪᠠᠰᠠ ᠪᠦᠬᠦ ᠬᠢᠵᠠᠭᠠᠷ ᠤᠨ ᠵᠢᠭᠤᠯᠴᠢᠯᠠᠯ ᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠨᠢᠠᠠᠳᠠ ᠤᠶᠠᠯᠳᠤᠭᠤᠯᠵᠦ᠂ ᠪᠠᠶᠢᠭᠠᠯᠢ ᠶᠢᠨ ᠦᠡᠭᠬᠡ ᠦᠵᠡᠮᠵᠢ ᠲᠠᠢ᠂ ᠰᠤᠶᠤᠯ ᠢᠷᠬᠡᠨᠰᠢᠯ ᠲᠠᠢ᠂ ᠤᠨᠴᠠᠯᠢᠠᠠᠲᠦ ᠬᠦᠳᠡᠭᠡ ᠲᠤᠰᠬᠤᠨ ᠢ ᠪᠦᠲᠦᠬᠡᠨ ᠪᠠᠶᠢᠭᠤᠯᠬᠤ ᠪᠠᠷ ᠲᠠᠮᠵᠢᠨ ᠠᠵᠦ ᠦᠢᠯᠡᠰ ᠤᠨ ᠦᠷ᠎ᠠ ᠠᠰᠢᠭ ᠢᠶᠠᠷ ᠦᠨᠳᠦᠷ᠂ ᠠᠮᠢᠳᠤᠷᠠᠯ ᠤᠨ ᠬᠢᠷᠢ ᠲᠦᠪᠰᠢᠨ ᠦᠨᠳᠦᠷ᠂ ᠠᠮᠢ ᠠᠬᠤᠢ ᠤᠷᠴᠢᠨ ᠲᠤᠭᠤᠷᠢᠨ ᠰᠢᠯᠢᠳᠡᠭ ᠬᠦᠳᠡᠭᠡ ᠲᠤᠰᠬᠤᠨ ᠢ ᠪᠦᠲᠦᠬᠡᠨ ᠪᠠᠶᠢᠭᠤᠯᠬᠤ ᠶᠢᠨ ᠬᠠᠮᠲᠦ᠂ ᠵᠢᠭᠤᠯᠴᠢᠯᠠᠯ + ᠬᠦᠳᠡᠭᠡ ᠲᠤᠰᠬᠤᠨ ᠤ ᠤᠳᠤᠬᠢᠴᠢᠯᠠᠯᠳᠠ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠰ ᠢ ᠬᠠᠷᠠᠭᠠᠯᠵᠠᠨ ᠲᠡᠳᠬᠦᠵᠠᠢ᠃ ᠡᠵᠡᠨ᠎ᠠ ᠬᠤᠰᠢᠭᠤᠨ ᠤ ᠪᠠᠶᠠᠨᠲᠤᠤᠷᠡᠢ ᠰᠤᠮᠤᠨ ᠤ ᠬᠡᠰᠡᠭ ᠮᠠᠯᠴᠢᠤᠨ ᠲᠤᠬᠠᠢ ᠶᠢᠨ ᠭᠠᠵᠡᠷ ᠤᠨ ᠤᠨᠴᠠᠯᠢᠭ ᠲᠠᠪᠠᠭᠤᠯᠢᠭ ᠢᠶᠠᠨ ᠠᠰᠢᠭᠯᠠᠨ᠂ ᠵᠢᠭᠤᠯᠴᠢᠯᠠᠯ ᠤᠨ ᠲᠤᠰᠬᠠᠢ ᠬᠤᠷᠰᠢᠶᠠᠵᠢᠯ ᠪᠠᠶᠢᠭᠤᠯᠬᠤ ᠪᠠᠷ ᠲᠠᠮᠵᠢᠨ 43 ᠡᠷᠦᠬᠡ ᠶᠢᠨ 102 ᠮᠠᠯᠴᠢᠨ ᠢ ᠵᠢᠭᠤᠯᠴᠢᠯᠠᠯ ᠤᠨ ᠦᠢᠯᠡᠰ ᠲᠤ ᠤᠷᠤᠯᠴᠠᠭᠤᠯᠵᠦ᠂ ᠵᠢᠮᠢᠰ ᠨᠤᠭᠤᠭ᠎ᠠ ᠲᠡᠬᠦᠬᠦ + ᠰᠤᠯᠠ ᠰᠡᠯᠡᠬᠦᠴᠠᠯ + ᠲᠤᠭᠤᠷᠢᠨ ᠵᠤᠭᠠᠴᠠᠬᠤ ᠶᠢ ᠨᠢᠬᠡ ᠴᠤᠭᠴᠠᠵᠢᠭᠤᠯᠤᠭᠰᠠᠨ ᠵᠢᠭᠤᠯᠴᠢᠯᠠᠯ ᠤᠨ ᠬᠡᠯᠪᠡᠷᠢ ᠶᠢ ᠪᠦᠷᠢᠯᠳᠦᠬᠦᠯᠦᠭᠰᠡᠨ ᠠᠴᠠ ᠲᠤᠭᠤᠷᠢᠨ ᠵᠤᠭᠠᠴᠠᠭᠰᠠᠳ ᠤᠨ ᠪᠠᠭ᠋ᠠᠷᠬᠠᠯ ᠢ ᠲᠠᠳᠠᠵᠦ᠂ ᠵᠦᠪᠬᠡᠨ ᠤᠯᠤᠰ ᠤᠨ ᠪᠠᠶᠡᠷ ᠤᠨ ᠠᠮᠠᠷᠠᠯᠳᠠ ᠶᠢᠨ ᠬᠤᠭᠤᠴᠠᠭᠠᠨ ᠳᠤ 40 ᠲᠦᠮᠡᠨ ᠲᠦᠬᠦᠷᠢᠭ ᠤᠨ ᠤᠷᠤᠯᠭ᠎ᠠ ᠡᠬᠦᠳᠦᠭᠰᠡᠨ ᠪᠠᠶᠢᠨ᠎ᠠ᠃  
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号