ᠡᠵᠡᠨ᠎ᠠ ᠬᠤᠰᠢᠭᠤᠨ ᠤ ᠵᠢᠭᠤᠯᠴᠢᠯᠠᠯ ᠤᠨ ᠤᠷᠤᠯᠭ᠎ᠠ 65 ᠳ᠋ᠦᠡᠭᠰᠢᠭᠤᠷ ᠲᠦᠬᠦᠷᠢᠭ ᠲᠤ ᠬᠦᠷᠴᠠᠢ
ᠨᠡᠶᠢᠲᠡᠯᠡᠭᠰᠡᠨ ᠴᠠᠭ᠄
2018/11/8
     ᠡᠵᠡᠨ᠎ᠠ ᠬᠤᠰᠢᠭᠤᠨ ᠤ ᠵᠢᠭᠤᠯᠴᠢᠯᠠᠯ ᠤᠨ ᠲᠤᠪᠴᠢᠶᠠᠨ ᠠᠴᠠ ᠤᠢᠢᠯᠠᠭᠠᠭᠰᠠᠨ ᠢᠶᠠᠷ᠂ 1 ᠠᠴᠠ 10 ᠰᠠᠷ᠎ᠠ ᠶᠢᠨ ᠬᠤᠭᠤᠴᠠᠭᠠᠨ ᠳᠤ᠂ ᠡᠵᠡᠨ᠎ᠠ ᠬᠤᠰᠢᠭᠤ ᠨᠠᠶᠢᠳᠠ 676.85 ᠲᠦᠮᠡᠨ ᠲᠤᠭᠤᠷᠢᠨ ᠵᠤᠭᠠᠴᠠᠭᠰᠠᠳ ︵ᠤᠳᠠᠭ᠎ᠠ︶ ᠢ ᠬᠦᠯᠢᠶᠠᠨ ᠵᠤᠴᠢᠯᠠᠵᠦ᠂ ᠠᠳᠠᠯᠢ ᠬᠤᠭᠤᠴᠠᠭ᠎ᠠ ᠠᠴᠠ ᠪᠠᠨ 37% ᠪᠠᠷ ᠨᠡᠮᠡᠭᠳᠡᠨ᠂ ᠵᠢᠭᠤᠯᠴᠢᠯᠠᠯ ᠤᠨ ᠶᠡᠷᠦᠩᠬᠡᠶᠢᠯᠡᠭᠰᠡᠨ ᠤᠷᠤᠯᠭ᠎ᠠ 65.45 ᠳ᠋ᠦᠡᠭᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭ᠎ᠠ ᠠᠴᠠ ᠪᠠᠨ 30% ᠪᠠᠷ ᠨᠡᠮᠡᠭᠳᠡᠭᠰᠡᠨ ᠪᠠᠶᠢᠨ᠎ᠠ᠃            ᠲᠤᠰ ᠬᠤᠰᠢᠭᠤ ᠤᠯᠤᠰ ᠤᠨ ᠪᠦᠬᠦ ᠬᠢᠵᠠᠭᠠᠷ ᠤᠨ ᠵᠢᠭᠤᠯᠴᠢᠯᠠᠯ ᠤᠨ ᠵᠢᠱᠢᠶ᠎ᠠ ᠦᠵᠡᠬᠦᠯᠬᠦ ᠤᠷᠤᠨ ᠢ ᠪᠦᠲᠦᠬᠡᠨ ᠪᠠᠶᠢᠭᠤᠯᠬᠤ ᠠᠵᠠ ᠲᠤᠬᠢᠶᠠᠯ ᠢ ᠠᠰᠢᠭᠯᠠᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠦ ᠬᠢᠵᠠᠭᠠᠷ ᠤᠨ ᠵᠢᠭᠤᠯᠴᠢᠯᠠᠯ ᠤᠨ ᠵᠢᠱᠢᠶ᠎ᠠ ᠦᠵᠡᠬᠦᠯᠬᠦ ᠤᠷᠤᠨ ᠢ ᠴᠤᠭᠴᠠᠯᠠᠬᠤ ᠤᠳᠤᠷᠢᠳᠬᠤ ᠲᠤᠭᠤᠢᠢᠯᠡᠩ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠬᠤ ᠶᠢᠨ ᠬᠠᠮᠲᠦ᠂ ᠡᠯ᠎ᠠ ᠵᠢᠭᠤᠯᠴᠢᠯᠠᠯ ᠤᠨ ᠤᠷᠤᠨ ᠢ ᠠᠮᠢ ᠠᠬᠤᠢ ᠶᠢᠨ ᠬᠠᠮᠠᠭᠠᠯᠠᠯᠳᠠ᠂ ᠵᠢᠭᠤᠯᠴᠢᠯᠠᠯ ᠢ ᠨᠡᠬᠡᠬᠡᠨ ᠬᠦᠭᠵᠢᠬᠦᠯᠬᠦ ᠪᠠ ᠡᠶ᠎ᠡ ᠵᠤᠬᠢᠴᠠᠩᠭᠤᠢ ᠬᠦᠭᠵᠢᠯᠳᠠ ᠶᠢ ᠤᠶᠠᠯᠳᠤᠭᠤᠯᠤᠨ ᠬᠦᠭᠵᠢᠬᠦᠯᠬᠦ ᠬᠡᠷᠡᠭᠳᠡᠢ ᠬᠡᠵᠦ ᠱᠠᠭᠠᠷᠳᠠᠵᠠᠢ᠃ ᠡᠬᠦᠨ ᠤ ᠬᠠᠮᠲᠦ᠂ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠬᠢᠨ ᠵᠢᠭᠤᠯᠴᠢᠯᠠᠯ ᠤᠨ ᠤᠷᠤᠨ ᠢ ᠬᠤᠯᠪᠤᠭᠠᠯᠠᠨ ᠬᠠᠮᠢᠶᠠᠷᠬᠤ ᠲᠦᠷᠢᠮ ᠢ ᠬᠡᠷᠡᠭᠵᠢᠬᠦᠯᠵᠦ᠂ ᠵᠢᠭᠤᠯᠴᠢᠯᠠᠯ ᠤᠨ ᠤᠷᠤᠨ ᠤ ᠬᠦᠭᠵᠢᠯᠳᠠ ᠲᠤᠮᠳᠡᠬᠢ ᠡᠯ᠎ᠠ ᠵᠦᠢᠯ ᠤᠨ ᠬᠦᠴᠢᠷᠳᠠᠯ ᠪᠤᠯᠤᠨ ᠤᠷᠤᠰᠢᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠠᠢ᠃ ᠤᠳᠤ ᠪᠤᠯᠳᠠᠯ᠎ᠠ᠂ ᠲᠤᠰ ᠬᠤᠰᠢᠭᠤᠨ ᠤ 12 ᠵᠢᠭᠤᠯᠴᠢᠯᠠᠯ ᠤᠨ ᠤᠷᠤᠨ ᠳᠤ ᠨᠠᠶᠢᠳᠠ 7.03 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠤᠭᠰᠠᠨ ᠪᠠᠶᠢᠨ᠎ᠠ᠃      ᠡᠨᠡ ᠵᠢᠯ᠂ ᠲᠤᠰ ᠬᠤᠰᠢᠭᠤ ᠮᠦᠰᠦ ᠴᠠᠰᠤᠨ ᠤ ᠲᠤᠤᠷᠡᠢ ᠶᠢᠨ ᠨᠠᠶᠢᠷ᠂ ᠤᠯᠠᠨ ᠤᠯᠤᠰ ᠤᠨ ᠲᠤᠤᠷᠡᠢ ᠶᠢᠨ ᠤᠢ ᠶᠢᠨ ᠠᠮᠢ ᠠᠬᠤᠢ ᠶᠢᠨ ᠨᠠᠶᠢᠷ᠂ ᠲᠤᠮᠳᠠᠲᠦ ᠮᠤᠩᠭᠤᠯ ᠤᠨ ᠪᠠᠷᠠᠭ᠎ᠠ ᠲᠠᠸᠡᠷ ᠤᠨ ᠲᠡᠯᠬᠡᠨ ᠪᠤᠷᠤᠯᠠᠭᠤᠯᠭ᠎ᠠ ᠵᠢᠴᠢ ᠬᠠᠴᠢᠨ ᠴᠢᠯᠠᠭᠤᠨ ᠤ ᠰᠤᠶᠤᠯ ᠵᠢᠭᠤᠯᠴᠢᠯᠠᠯ ᠤᠨ ᠨᠠᠶᠢᠷ᠂ ᠲᠤᠤᠷᠡᠢ ᠶᠢᠨ ᠤᠢ ᠶᠢ ᠲᠤᠭᠤᠷᠢᠬᠤ ᠮᠠᠷᠠᠽᠤᠨ ᠤᠷᠤᠯᠳᠤᠭᠠᠨ᠂ ᠨᠢᠳᠤᠷᠭᠠᠨ ᠲᠡᠮᠡᠴᠡᠬᠡᠨ᠂ ᠲᠤᠤᠷᠡᠢ ᠶᠢᠨ ᠤᠢ ᠶᠢ ᠲᠤᠭᠤᠷᠢᠬᠤ ᠲᠤᠭᠤᠢ ᠲᠡᠷᠬᠡᠨ ᠤ ᠤᠷᠤᠯᠳᠤᠭᠠᠨ ᠵᠡᠷᠬᠡ ᠡᠯ᠎ᠠ ᠵᠦᠢᠯ ᠤᠨ ᠨᠠᠶᠢᠷ ᠨᠠᠭᠠᠳᠤᠮ ᠢ ᠲᠤᠤᠱᠳᠡᠢ ᠵᠤᠬᠢᠶᠠᠨ ᠪᠠᠶᠢᠭᠤᠯᠵᠦ᠂ ᠵᠢᠭᠤᠯᠴᠢᠯᠠᠯ ᠤᠨ ᠦᠢᠯᠡᠰ ᠤᠨ ᠨᠡᠷ᠎ᠠ ᠠᠯᠳᠡᠷᠰᠢᠯ ᠪᠤᠯᠤᠨ ᠬᠦᠷᠢᠶ᠎ᠠ ᠬᠡᠪᠴᠢᠶ᠎ᠠ ᠶᠢ ᠲᠠᠰᠤᠷᠠᠯᠳᠠ ᠦᠬᠡᠢ ᠦᠷᠬᠡᠳᠬᠡᠵᠠᠢ᠃ ᠤᠨᠴᠠᠭᠠᠢᠢᠯᠠᠨ᠂ ᠡᠨᠡ ᠵᠢᠯ ᠤᠨ ᠲᠤᠮᠳᠠᠲᠦ ᠮᠤᠩᠭᠤᠯ ᠤᠯᠠᠨ ᠤᠯᠤᠰ ᠤᠨ ᠪᠠᠷᠠᠭ᠎ᠠ ᠲᠠᠸᠡᠷ ᠤᠨ ᠲᠡᠯᠬᠡᠨ ᠪᠤᠷᠤᠯᠠᠭᠤᠯᠭ᠎ᠠ ᠪᠤᠯᠤᠨ ᠲᠤᠮᠳᠠᠲᠦ ᠮᠤᠩᠭᠤᠯ ᠤᠯᠠᠨ ᠤᠯᠤᠰ ᠤᠨ ᠬᠠᠴᠢᠨ ᠴᠢᠯᠠᠭᠤᠨ ᠤ ᠰᠤᠶᠤᠯ ᠤᠨ ᠨᠠᠶᠢᠷ ᠨᠢ ᠮᠤᠩᠭᠤᠯ᠂ ᠤᠷᠤᠰ᠂ ᠡᠨᠡᠳᠬᠡᠭ᠂ ᠶᠠᠫᠤᠨ᠂ ᠨᠧᠫᠡᠯ ᠵᠡᠷᠭᠡ ᠤᠯᠤᠰ ᠤᠷᠤᠨ ᠤ ᠲᠤᠭᠤᠷᠢᠨ ᠵᠤᠭᠠᠴᠠᠭᠰᠠᠳ ᠪᠤᠯᠤᠨ ᠠᠷᠠᠯᠵᠢᠶᠠᠴᠢᠳ ᠤᠨ ᠰᠤᠨᠢᠷᠬᠠᠯ ᠢ  ᠲᠠᠳᠠᠵᠦ᠂ ᠤᠬᠤᠷᠬᠠᠨ ᠬᠤᠭᠤᠴᠠᠭᠠᠨ ᠳᠤ 1000 ᠲᠦᠮᠡᠨ ᠲᠦᠬᠦᠷᠢᠭ ᠤᠨ ᠡᠵᠡᠩᠨᠡᠯᠳᠠ ᠶᠢᠨ ᠤᠷᠤᠯᠭ᠎ᠠ ᠡᠬᠦᠳᠦᠭᠰᠡᠨ ᠪᠠᠶᠢᠨ᠎ᠠ᠃            ᠡᠬᠦᠨ ᠠᠴᠠ ᠭᠠᠳᠠᠨ᠎ᠠ᠂ ᠡᠵᠡᠨ᠎ᠠ ᠬᠤᠰᠢᠭᠤ ᠵᠢᠭᠤᠯᠴᠢᠯᠠᠯ ᠤᠨ ᠦᠢᠯᠡᠰ ᠤᠨ ᠤᠬᠠᠭᠤᠯᠭ᠎ᠠ ᠶᠢ ᠴᠢᠩᠭᠠᠳᠬᠠᠵᠦ᠂ ᠤᠯᠤᠰ ᠤᠨ ᠲᠤᠳᠤᠭᠠᠲᠦ ᠳᠤ ᠶᠠᠪᠤᠭᠳᠠᠭᠰᠠᠨ ᠡᠯ᠎ᠠ ᠵᠦᠢᠯ ᠤᠨ ᠲᠠᠨᠢᠯᠴᠠᠭᠤᠯᠭ᠎ᠠ ᠶᠢᠨ ᠬᠤᠷᠠᠯ ᠳᠤ ᠢᠳᠡᠪᠬᠢᠳᠡᠢ ᠤᠷᠤᠯᠴᠠᠵᠦ᠂ ᠡᠵᠡᠨ᠎ᠠ ᠬᠤᠰᠢᠭᠤ ᠶᠢ ᠤᠯᠠᠮ ᠨᠢᠬᠡ ᠠᠯᠬᠤᠮ ᠤᠬᠠᠭᠤᠯᠵᠦ᠂ ᠤᠯᠤᠰ ᠤᠨ ᠲᠤᠳᠤᠭᠠᠲᠦ ᠭᠠᠳᠠᠭᠠᠲᠦ ᠶᠢᠨ ᠲᠤᠭᠤᠷᠢᠨ ᠵᠤᠭᠠᠴᠠᠭᠰᠠᠳ ᠪᠤᠯᠤᠨ ᠰᠤᠨᠢᠨ ᠮᠡᠳᠡᠬᠡᠨ ᠤ ᠵᠠᠭᠤᠴᠢᠯᠠᠭᠤᠷ ᠤᠨ ᠰᠤᠨᠢᠷᠬᠠᠯ ᠢ ᠲᠠᠳᠠᠵᠦ  ᠴᠢᠳᠠᠵᠠᠢ᠃ ᠡᠬᠦᠨ ᠤ ᠬᠠᠮᠲᠦ ᠲᠤᠰ ᠬᠤᠰᠢᠭᠤᠨ ᠤ ᠬᠢᠨ ᠪᠤᠯᠪᠠᠰᠤᠷᠠᠯ ᠪᠤᠯᠤᠨ ᠵᠢᠭᠤᠯᠴᠢᠯᠠᠯ ᠤᠨ ᠤᠷᠤᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠵᠢᠭᠤᠯᠴᠢᠯᠠᠯ ᠤᠨ ᠦᠢᠯᠡᠰ ᠤᠨ ᠦᠷᠨᠢᠩᠬᠦᠢ ᠬᠦᠭᠵᠢᠬᠦ ᠶᠢ ᠠᠬᠢᠭᠤᠯᠤᠭᠰᠠᠨ ᠪᠠᠶᠢᠨ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号