| | | | | | | — ᠠᠯᠠᠱᠠ ᠵᠡᠬᠦᠨ ᠬᠤᠰᠢᠭᠤᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠪᠦᠷᠢᠨᠨᠠᠰᠣᠨ ᠢ ᠰᠤᠷᠪᠤᠯᠵᠢᠯᠠᠭᠰᠠᠨ ᠨᠢ | | 2018 ᠣᠨ ᠤ 12 ᠰᠠᠷ᠎ᠠ ᠶᠢᠨ 26 ᠤ ᠡᠳᠤᠷ ᠠᠴᠠ 29 ᠤ ᠡᠳᠤᠷ ᠪᠣᠯᠳᠠᠯ᠎ᠠ ᠠᠯᠠᠱᠠ ᠵᠡᠬᠦᠨ | ᠬᠤᠰᠢᠭᠤᠨ ᠳᠤ ᠶᠠᠪᠣᠭᠳᠠᠬᠤ ᠪᠠᠷ ᠪᠠᠶᠢᠭ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠶᠠᠳᠤᠭᠠᠷ | ᠬᠤᠭᠤᠴᠠᠭᠠᠨ ᠤ ᠲᠡᠮᠡᠭᠡᠨ ᠰᠤᠶᠤᠯ ᠤᠨ ᠨᠠᠭᠠᠳᠤᠮ ᠵᠢᠴᠢ ᠠᠯᠠᠱᠠ ᠶᠢᠨ ᠪᠠᠭᠠᠳᠣᠷᠴᠣᠳ ᠤᠨ ᠳᠡᠮᠡᠭᠡᠨ ᠰᠤᠶᠤᠯ ᠤᠨ | ᠵᠢᠭᠤᠯᠴᠢᠯᠠᠯ ᠤᠨ ᠨᠠᠶᠢᠷ ᠤᠨ ᠳᠣᠬᠠᠢ ᠨᠠᠷᠢᠨ ᠪᠠᠶᠢᠳᠠᠯ ᠢ ᠣᠶᠢᠯᠠᠭᠠᠬᠤ ᠭᠡᠮᠡᠨ ᠠᠯᠠᠱᠠ ᠵᠡᠬᠦᠨ ᠬᠤᠰᠢᠭᠤᠨ ᠤ | ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠪᠦᠷᠢᠨᠨᠠᠰᠣᠨ ᠠᠴᠠ ᠳᠣᠰᠬᠠᠢ ᠰᠣᠷᠪᠤᠯᠵᠢᠯᠠᠭ᠎ᠠ ᠠᠪᠴᠣ ᠪᠢᠯᠡ᠃ ᠠᠯᠠᠱᠠ ᠵᠡᠬᠦᠨ ᠬᠤᠰᠢᠭᠤᠨ ᠠᠴᠠ ᠳᠣᠰ | ᠤᠳᠠᠭᠠᠨ ᠤ ᠨᠠᠶᠢᠷ ᠢᠶᠠᠨ ᠶᠠᠭᠠᠬᠢᠵᠦ ᠪᠡᠯᠡᠳᠭᠡᠵᠣ ᠪᠠᠶᠢᠬᠤ᠂ ᠣᠷᠣᠯᠳᠣᠭᠠᠨ ᠤ ᠳᠦᠷᠢᠮ ᠳᠣᠭᠳᠠᠭᠠᠯ᠂ | ᠣᠷᠣᠯᠳᠣᠭᠠᠨ ᠤ ᠱᠠᠭᠠᠷᠳᠠᠯᠭ᠎ᠠ᠂ ᠨᠠᠶᠢᠷ ᠤᠨ ᠣᠨᠴᠠᠯᠢᠭ ᠨᠢ ᠶᠠᠭᠤ ᠪᠤᠯᠬᠤ᠂ ᠨᠠᠶᠢᠷ ᠤᠨ ᠳᠠᠯᠠᠪᠡᠢ ᠶᠢᠨ | ᠪᠠᠶᠢᠷᠢᠯᠠᠭᠤᠯᠣᠯᠳᠠ ᠶᠠᠮᠠᠷᠬᠠᠨ ᠪᠠᠶᠢᠳᠠᠯ ᠲᠠᠢ ᠪᠠᠶᠢᠬᠤ ᠲᠤᠬᠠᠢ ᠮᠡᠳᠡᠭᠡ ᠶᠢ ᠤᠩᠰᠢᠭᠴᠢ ᠲᠠᠨᠠᠷ ᠲᠠᠢ ᠪᠠᠨ | ᠬᠤᠪᠢᠶᠠᠯᠴᠠᠬᠤ ᠶᠢ ᠵᠤᠷᠢᠯ᠎ᠠ᠃ | ᠰᠣᠷᠪᠤᠯᠵᠢᠯᠠᠭᠴᠢ᠄ ᠰᠠᠶᠢᠨ ᠪᠠᠶᠢᠨ᠎ᠠ ᠤᠤ︖ ᠤᠳᠠᠯ ᠦᠭᠡᠢ ᠶᠠᠪᠤᠭᠳᠠᠬᠤ ᠭᠡᠵᠦ ᠪᠠᠶᠢᠭ᠎ᠠ ᠳᠡᠮᠡᠭᠡᠨ | ᠰᠤᠶᠤᠯ ᠤᠨ ᠨᠠᠶᠢᠷ ᠤᠨ ᠲᠤᠬᠠᠢ ᠳᠠᠨ ᠠᠴᠠ ᠰᠤᠷᠪᠤᠯᠵᠢᠯᠠᠭ᠎ᠠ ᠠᠪᠴᠤ ᠣᠯᠠᠨ ᠲᠠᠢ ᠪᠠᠨ ᠬᠤᠪᠢᠶᠠᠯᠴᠠᠶ᠎ᠠ ᠭᠡᠵᠣ | ᠪᠣᠳᠣᠯ᠎ᠠ᠃ ᠢᠩᠭᠢᠭᠡᠳ ᠡᠨᠡ ᠣᠳᠠᠭᠠᠨ ᠤ ᠨᠠᠶᠢᠷ ᠲᠤ ᠬᠤᠶᠠᠷ ᠬᠤᠪᠢᠶᠠᠷᠢ ᠳᠠᠯᠠᠪᠠᠢ ᠳᠣᠬᠢᠷᠠᠭᠤᠯᠣᠭᠰᠠᠨ ᠭᠡᠳᠡᠭ᠂ | ᠳᠡᠶᠢᠮᠣ ᠤᠤ︖ ᠳᠣᠰ ᠳᠣᠰ ᠲᠤᠨᠢ ᠶᠠᠮᠠᠷ ᠶᠠᠮᠠᠷ ᠠᠵᠢᠯᠯᠠᠭ᠎ᠠ ᠶᠠᠪᠤᠭᠳᠠᠭᠤᠯᠬᠤ ᠪᠠᠷ ᠪᠠᠶᠢᠭ᠎ᠠ ᠪᠤᠯ︖ | ᠪᠦᠷᠢᠨᠨᠠᠰᠣᠨ᠄ ᠰᠠᠶᠢᠨ᠂ ᠰᠠᠶᠢᠨ ᠪᠠᠶᠢᠨ᠎ᠠ ᠤᠤ︖ ᠨᠠᠶᠢᠷ ᠤᠨ ᠳᠠᠯᠠᠪᠡᠢ ᠶᠢ ᠠᠯᠠᠱᠠ ᠶᠢᠨ | ᠪᠠᠭᠠᠳᠤᠷᠴᠤᠳ ᠤᠨ ᠴᠤᠬᠯᠠᠭᠠᠨ ᠤ ᠲᠠᠯᠠᠪᠠᠢ ᠪᠤᠯᠤᠨ ᠪᠠᠶᠠᠨᠬᠤᠳᠠ ᠶᠢᠨ ᠳᠡᠮᠡᠭᠡᠨ ᠣᠷᠣᠯᠳᠣᠭᠠᠨ ᠤ ᠳᠡᠯᠡᠪᠡᠢ ᠭᠡᠵᠦ | ᠬᠤᠶᠠᠷ ᠲᠠᠯᠠᠪᠠᠢ ᠬᠤᠪᠢᠶᠠᠨ ᠶᠠᠪᠣᠭᠳᠠᠭᠤᠯᠬᠤ ᠪᠠᠷ ᠲᠤᠭᠳᠠᠭᠰᠠᠨ᠃ ᠠᠯᠠᠱᠠ ᠶᠢᠨ ᠪᠠᠭᠠᠳᠤᠷᠴᠤᠳ ᠤᠨ ᠴᠤᠬᠯᠠᠭᠠᠨ ᠤ | ᠲᠠᠯᠠᠪᠠᠢ ᠳᠤ ᠡᠪᠣᠯ ᠤᠨ ᠣᠯᠠᠷᠢᠯ ᠤᠨ ᠨᠠᠭᠠᠳᠣᠮ ᠲᠠᠢ ᠣᠶᠠᠯᠳᠣᠭᠤᠯᠵᠣ᠂ ᠨᠠᠶᠢᠷ ᠤᠨ ᠡᠬᠢᠯᠡᠯᠳᠡ ᠶᠢᠨ ᠶᠣᠰᠣᠯᠠᠯ ᠪᠠ | ᠡᠯᠡᠰᠣᠨ ᠳᠠᠬᠢ ᠳᠡᠮᠡᠭᠡᠨ ᠤ ᠦᠵᠡᠬᠦᠯᠦᠯᠭᠡ ᠶᠢᠨ ᠴᠣᠭᠯᠠᠭᠠᠨ ᠢ ᠶᠠᠪᠣᠭᠳᠠᠭᠤᠯᠵᠣ᠂ ᠦᠵᠡᠬᠦᠯᠦᠯᠭᠡ ᠳᠡᠭᠡᠨ 4000 | ᠳᠡᠮᠡᠭᠡ ᠶᠢ ᠣᠷᠣᠯᠴᠠᠭᠤᠯᠬᠤ ᠪᠣᠯᠣᠨ᠎ᠠ᠃ ᠡᠬᠢᠯᠡᠯᠳᠡ ᠶᠢᠨ ᠶᠣᠰᠣᠯᠠᠯ ᠳᠤ ᠮᠣᠷᠢᠨ ᠤ ᠦᠵᠡᠬᠦᠯᠦᠯᠭᠡ ᠶᠢᠨ ᠡᠩᠨᠡᠭᠡ᠂ | ᠳᠡᠮᠡᠭᠡᠨ ᠤ ᠦᠵᠡᠬᠦᠯᠦᠯᠭᠡ ᠶᠢᠨ ᠡᠩᠨᠡᠭᠡ᠂ ᠰᠠᠪᠠᠷᠳᠠᠩ᠂ ᠳᠣᠪᠰᠢᠭᠤᠷ ᠵᠡᠷᠭᠡ ᠡᠯ᠎ᠡ ᠳᠦᠷᠦᠯ ᠤᠨ ᠤᠷᠠᠨ ᠰᠠᠶᠢᠬᠠᠨ ᠤ | ᠳᠣᠭᠯᠠᠯᠳᠠ᠂ ᠳᠡᠮᠡᠭᠡᠨ ᠤ ᠠᠶᠠᠨ ᠵᠢᠩ ᠤᠨ ᠦᠵᠡᠬᠦᠯᠦᠯᠭᠡ ᠲᠠᠢ᠂ ᠡᠭᠦᠨ ᠠᠴᠠ ᠭᠠᠳᠠᠨ᠎ᠠ ᠪᠠᠰᠠ ᠴᠠᠭᠠᠨ ᠳᠡᠮᠡᠭᠡᠨ ᠤ | ᠳᠠᠬᠢᠯᠭ᠎ᠠ ᠶᠢ ᠶᠠᠪᠣᠭᠳᠠᠭᠤᠯᠬᠤ ᠪᠠᠷ ᠪᠡᠯᠡᠳᠭᠡᠵᠦ ᠪᠠᠶᠢᠭ᠎ᠠ ᠨᠢ ᠬᠥᠮᠥᠰ ᠤᠨ ᠬᠠᠷᠠᠭ᠎ᠠ ᠶᠢ ᠪᠤᠯᠢᠶᠠᠵᠦ ᠲᠡᠶᠢᠯᠦᠨ᠎ᠡ | ᠭᠡᠳᠡᠭ ᠲᠤ ᠡᠷᠡᠭᠡᠯᠵᠡᠭᠡ ᠦᠭᠡᠢ ᠪᠠᠶᠢᠨ᠎ᠠ᠃ ᠢᠩᠭᠢᠭᠡᠳ 12 ᠰᠠᠷ᠎ᠠ ᠶᠢᠨ 26 ᠤ ᠡᠳᠤᠷ ᠤᠨ ᠦᠳᠡ ᠶᠢᠨ | ᠬᠤᠶᠢᠨ᠎ᠠ ᠠᠴᠠ 29 ᠤ ᠡᠳᠣᠷ ᠤᠨ ᠦᠳᠡ ᠶᠢᠨ ᠬᠤᠶᠢᠨ᠎ᠠ ᠪᠣᠯᠳᠠᠯ᠎ᠠ ᠪᠠᠶᠠᠨᠬᠤᠳᠠ ᠶᠢᠨ ᠳᠡᠮᠡᠭᠡᠨ ᠤ ᠣᠷᠣᠯᠳᠣᠭᠠᠨ ᠤ | ᠳᠠᠯᠠᠪᠠᠢ ᠳᠤ ᠳᠡᠮᠡᠭᠡᠨ ᠤ ᠣᠷᠣᠯᠳᠣᠭᠠᠨ᠂ ᠳᠡᠮᠡᠭᠡᠨ ᠤ ᠠᠳᠠᠯᠢᠳᠬᠠᠯ᠂ ᠳᠡᠮᠡᠭᠡᠨ ᠤ ᠦᠵᠡᠬᠦᠯᠦᠯᠭᠡ ᠶᠢᠨ | ᠣᠷᠣᠯᠳᠣᠭᠠᠨ ᠢ ᠶᠠᠪᠣᠭᠳᠠᠭᠤᠯᠵᠣ᠂ ᠳᠡᠮᠡᠭᠡᠨ ᠤ ᠦᠵᠡᠬᠦᠯᠦᠯᠭᠡ ᠶᠢᠨ ᠴᠣᠭᠯᠠᠭᠠᠨ ᠳᠤ 6000 ᠳᠡᠮᠡᠭᠡ ᠶᠢ | ᠤᠷᠤᠯᠴᠠᠭᠤᠯᠬᠤ ᠲᠥᠯᠥᠪᠯᠡᠭᠡ ᠲᠠᠢ᠃ | ᠰᠣᠷᠪᠤᠯᠵᠢᠯᠠᠭᠴᠢ᠄ ᠳᠣᠰ ᠤᠳᠠᠭᠠᠨ ᠤ ᠨᠠᠶᠢᠷ ᠤᠨ ᠬᠠᠮᠤᠭ ᠳᠣᠪᠤᠶᠢᠮ᠎ᠠ ᠣᠨᠴᠠᠯᠢᠭ ᠨᠢ ᠶᠠᠭᠤ ᠪᠠᠶᠢᠳᠠᠭ ᠪᠤᠯ︖ | ᠶᠠᠭᠠᠬᠢᠭᠠᠳ ᠪᠦᠬᠦ ᠣᠷᠣᠨ ᠤ ᠭᠡᠪᠴᠢᠶ᠎ᠡ ᠲᠠᠢ ᠪᠣᠯᠭᠠᠭᠰᠠᠨ ᠪᠣᠢ︖ | ᠪᠦᠷᠢᠨᠨᠠᠰᠣᠨ᠄ ᠲᠦᠮᠡᠨ ᠲᠡᠮᠡᠭᠡᠨ ᠤ ᠨᠠᠶᠢᠷ ᠭᠡᠭᠦᠯᠡᠷ ᠠᠯᠠᠱᠠ ᠵᠡᠬᠦᠨ ᠬᠤᠰᠢᠭᠤᠨ ᠳᠤ ᠠᠩᠬᠠᠳᠠᠭᠴᠢ ᠬᠢᠵᠦ | ᠪᠠᠶᠢᠭ᠎ᠠ ᠶᠤᠮ᠂ ᠮᠥᠨ ᠴᠦ ᠠᠩᠬᠠᠳᠠᠭᠴᠢ ᠣᠳᠠᠭ᠎ᠠ ᠪᠦᠬᠦ ᠣᠷᠣᠨ ᠤ ᠭᠡᠪᠴᠢᠶ᠎ᠡ ᠲᠠᠢ ᠪᠣᠯᠭᠠᠵᠡᠢ᠃ 2011 | ᠣᠨ ᠳᠤ ᠠᠯᠠᠱᠠ ᠪᠠᠷᠠᠭᠤᠨ ᠬᠤᠰᠢᠭᠤᠨ ᠤ ᠠᠩᠬᠠᠳᠠᠭᠴᠢ ᠬᠤᠭᠤᠴᠠᠭᠠᠨ ᠤ ᠳᠦᠮᠡᠨ ᠳᠡᠮᠡᠭᠡᠨ ᠤ ᠨᠠᠶᠢᠷ | ᠬᠢᠭᠰᠡᠨ ᠠᠴᠠ ᠨᠠᠰᠢ ᠪᠦᠬᠦ ᠣᠷᠣᠨ ᠤ ᠬᠡᠪᠴᠢᠶᠡᠨ ᠳᠤ ᠡᠶᠢᠮᠣ ᠦᠷᠭᠡᠨ ᠬᠡᠪᠴᠢᠶ᠎ᠡ ᠲᠠᠢ ᠨᠠᠶᠢᠷ ᠬᠢᠭᠡ ᠦᠭᠡᠢ ᠣᠳᠣ | ᠪᠣᠯᠣᠯ᠎ᠠ᠃ ᠤᠷᠴᠢᠮ ᠤᠨ ᠵᠢᠯ ᠤᠳ ᠠᠴᠠ ᠠᠯᠠᠱᠠ ᠵᠡᠬᠦᠨ ᠬᠤᠰᠢᠭᠤ ᠳᠡᠮᠡᠭᠡᠨ ᠤ ᠠᠵᠣ ᠣᠶᠢᠯᠡᠰ ᠢ ᠬᠥᠭᠵᠢᠭᠦᠯᠭᠦ ᠶᠢ | ᠴᠢᠬᠤᠯᠠ ᠪᠠᠶᠢᠷᠢᠨ ᠳᠤ ᠲᠠᠯᠪᠢᠵᠦ᠂ ᠳᠡᠮᠡᠭᠡ ᠶᠢ ᠡᠯᠡᠰᠣᠨ ᠤ ᠠᠵᠣ ᠣᠶᠢᠯᠡᠰ ᠲᠠᠢ ᠵᠣᠬᠢᠴᠠᠭᠤᠯᠣᠨ ᠨᠡᠩ ᠴᠦ | ᠵᠢᠭᠤᠯᠴᠢᠯᠠᠯ ᠤᠨ ᠣᠶᠢᠯᠡᠰ ᠲᠤ ᠦᠢᠯᠡᠴᠢᠯᠡᠬᠦᠯᠵᠣ ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ ᠵᠣᠷᠢᠯᠭ᠎ᠠ ᠠᠴᠠ ᠲᠤᠰ | ᠤᠳᠠᠭᠠᠨ ᠤ ᠨᠠᠶᠢᠷ ᠢᠶᠠᠨ ᠪᠦᠬᠦ ᠣᠷᠣᠨ ᠤ ᠭᠡᠪᠴᠢᠶᠡᠨ ᠳᠤ ᠶᠠᠪᠤᠭᠳᠠᠭᠤᠯᠵᠦ ᠪᠠᠶᠢᠭ᠎ᠠ ᠶᠤᠮ᠃ ᠲᠤᠪᠤᠶᠢᠮ᠎ᠠ | ᠤᠨᠴᠠᠯᠢᠭ ᠭᠡᠪᠡᠯ ᠨᠡᠭᠡᠭᠡᠯᠳᠡ ᠶᠢᠨ ᠶᠣᠰᠣᠯᠠᠯ ᠳᠤ ᠠᠯᠠᠱᠠ ᠶᠢᠨ ᠴᠠᠭᠠᠨ ᠳᠡᠮᠡᠭᠡᠨ ᠤ ᠳᠠᠬᠢᠯᠭ᠎ᠠ ᠶᠢ | ᠶᠠᠪᠣᠭᠳᠠᠭᠤᠯᠬᠤ ᠪᠠᠷ ᠪᠣᠢ᠃ | ᠰᠣᠷᠪᠤᠯᠵᠢᠯᠠᠭᠴᠢ᠄ ᠳᠡᠮᠡᠭᠡᠨ ᠤ ᠣᠷᠣᠯᠳᠣᠭᠠᠨ ᠵᠢᠴᠢ ᠠᠳᠠᠯᠢᠳᠬᠠᠯ᠂ ᠦᠵᠡᠬᠦᠯᠦᠯᠭᠡ ᠶᠢᠨ ᠣᠷᠣᠯᠳᠣᠭᠠᠨ ᠳᠤ | ᠶᠠᠮᠠᠷ ᠶᠠᠮᠠᠷ ᠳᠦᠷᠦᠯ ᠵᠦᠢᠯ ᠪᠠᠭᠳᠠᠬᠤ ᠪᠣᠢ︖ | ᠪᠦᠷᠢᠨᠨᠠᠰᠣᠨ᠄ ᠳᠡᠮᠡᠭᠡᠨ ᠤ ᠣᠷᠣᠯᠳᠣᠭᠠᠨ ᠳᠤ 15 ᠺᠢᠯᠣᠮᠧᠲᠷ ᠤᠨ ᠬᠤᠯᠠ ᠶᠢᠨ ᠣᠷᠣᠯᠳᠣᠭᠠᠨ᠂ ᠬᠤᠷᠳᠣᠨ | ᠳᠡᠮᠡᠭᠡᠨ ᠤ 2000 ᠮᠧᠲᠷ᠂ 5000 ᠮᠧᠲᠷ᠂ 8000 ᠮᠧᠲᠷ ᠤᠨ ᠤᠷᠤᠯᠳᠤᠭᠠᠨ ᠪᠠ ᠬᠦᠴᠣ ᠵᠠᠯᠭᠠᠬᠤ | ᠣᠷᠣᠯᠳᠣᠭᠠᠨ᠂ ᠭᠤᠨᠠᠨ ᠳᠡᠮᠡᠭᠡᠨ ᠤ 3000 ᠮᠧᠲᠷ ᠤᠨ ᠣᠷᠣᠯᠳᠣᠭᠠᠨ ᠲᠠᠢ᠂ ᠡᠭᠦᠨ ᠠᠴᠠ ᠭᠠᠳᠠᠨ᠎ᠠ ᠪᠠᠰᠠ | ᠳᠡᠮᠡᠭᠡᠨ ᠨᠠᠮᠨᠠᠭ᠎ᠠ᠂ ᠳᠡᠮᠡᠭᠡᠨ ᠪᠦᠮᠪᠦᠭᠡ ᠵᠡᠷᠭᠡ ᠣᠷᠣᠯᠳᠣᠭᠠᠨ ᠤ ᠲᠥᠷᠥᠯ ᠵᠦᠢᠯ ᠢ ᠲᠤᠬᠢᠷᠠᠭᠤᠯᠤᠭᠠᠳ ᠪᠠᠶᠢᠨ᠎ᠠ᠃ | ᠳᠡᠮᠡᠭᠡᠨ ᠤ ᠠᠳᠠᠯᠢᠳᠬᠠᠯ ᠰᠢᠯᠭᠠᠷᠠᠭᠤᠯᠣᠯᠳᠠ ᠳᠤ 4 — 5 ᠨᠠᠰᠣᠨ ᠤ ᠲᠠᠶᠢᠯᠤᠭ ᠤᠨ ᠠᠳᠠᠯᠢᠳᠬᠠᠯ᠂ | ᠳᠣᠷᠣᠮ ᠤᠨ ᠠᠳᠠᠯᠢᠳᠬᠠᠯ᠂ ᠭᠠᠩᠭᠠᠩ ᠳᠣᠷᠣᠮ ᠤᠨ ᠰᠢᠯᠭᠠᠷᠠᠭᠤᠯᠣᠯᠳᠠ᠂ ᠡᠬᠦᠨ ᠠᠴᠠ ᠭᠠᠳᠠᠨ᠎ᠠ ᠪᠠᠰᠠ ᠢᠩᠭᠡ | ᠰᠠᠭᠠᠬᠤ ᠣᠷᠣᠯᠳᠣᠭᠠᠨ᠂ ᠲᠡᠭᠡᠰᠤ ᠲᠠᠮᠤᠬᠤ᠂ ᠪᠤᠶᠢᠯᠠ ᠵᠤᠷᠭᠤᠬᠤ᠂ ᠡᠮᠨᠢᠭ ᠰᠤᠷᠭᠠᠬᠤ᠂ ᠳᠡᠮᠡᠭᠡᠨ ᠤ ᠡᠬᠦᠳᠡᠨ | ᠪᠦᠮᠪᠦᠭᠡᠨ ᠤ ᠦᠵᠡᠬᠦᠯᠦᠯᠭᠡ ᠶᠢᠨ ᠣᠷᠣᠯᠳᠣᠭᠠᠨ ᠪᠣᠢ᠂ ᠳᠡᠮᠡᠭᠡᠨ ᠤ ᠡᠬᠦᠳᠡᠨ ᠪᠦᠮᠪᠦᠭᠡᠨ ᠤ ᠦᠵᠡᠬᠦᠯᠦᠯᠭᠡ ᠶᠢᠨ | ᠣᠷᠣᠯᠳᠣᠭᠠᠨ ᠨᠢ ᠠᠯᠠᠱᠠ ᠳᠤ ᠠᠩᠬ᠎ᠠ ᠣᠳᠠᠭ᠎ᠠ ᠶᠠᠪᠤᠭᠳᠠᠵᠦ ᠪᠠᠶᠢᠭ᠎ᠠ ᠣᠷᠣᠯᠳᠣᠭᠠᠨ ᠤ ᠲᠥᠷᠥᠯ ᠵᠦᠢᠯ ᠪᠤᠯᠬᠤ | ᠤᠴᠢᠷ ᠠᠴᠠ ᠬᠦᠮᠦᠰ ᠤᠨ ᠠᠩᠬᠠᠷᠣᠯ ᠳᠤ ᠬᠦᠷᠬᠦ ᠪᠣᠢ᠃ ᠳᠡᠮᠡᠭᠡᠨ ᠣᠷᠣᠯᠳᠣᠭᠠᠨ ᠤ ᠳᠠᠯᠠᠪᠡᠢ ᠪᠠ ᠨᠡᠭᠡᠭᠡᠯᠳᠡ ᠶᠢᠨ | ᠶᠣᠰᠣᠯᠠᠯ ᠳᠤ ᠳᠡᠮᠡᠭᠡᠨ ᠤ ᠠᠶᠠᠨ ᠵᠢᠩ ᠤᠨ ᠦᠵᠡᠬᠦᠯᠦᠯᠭᠡ ᠲᠠᠢ᠂ ᠡᠨᠡ ᠨᠢ ᠡᠨᠡ ᠵᠢᠯ ᠤᠨ ᠲᠡᠮᠡᠭᠡᠨ ᠤ ᠨᠠᠶᠢᠷ ᠤᠨ | ᠢᠯᠡ ᠲᠤᠳᠤ ᠣᠨᠴᠠᠯᠢᠭ ᠤᠨ ᠨᠢᠭᠡ ᠪᠣᠯᠵᠣ᠂ ᠡᠭᠦᠪᠡᠷ ᠵᠤᠭᠰᠤᠬᠤ ᠦᠭᠡᠢ ᠪᠠᠰᠠ ᠪᠦᠬᠦ ᠣᠯᠣᠰ ᠤᠨ ᠠᠩᠬᠠᠳᠠᠭᠴᠢ | ᠣᠳᠠᠭᠠᠨ ᠤ ᠲᠤᠮᠤ ᠭᠡᠪᠴᠢᠶ᠎ᠡ ᠪᠠᠷ ᠳᠡᠮᠡᠭᠡ ᠰᠡᠬᠦᠳᠡᠷᠯᠡᠬᠦ ᠠᠵᠢᠯᠯᠠᠭ᠎ᠠ ᠶᠢ ᠦᠷᠨᠢᠭᠦᠯᠵᠦ ᠪᠠᠶᠢᠨ᠎ᠠ᠂ ᠢᠩᠬᠢᠵᠦ | ᠪᠢᠳᠠᠨ ᠤ ᠠᠮᠢᠳᠣᠷᠠᠯ ᠠᠴᠠ ᠵᠠᠶᠢᠳᠠᠵᠣ ᠪᠠᠶᠢᠭ᠎ᠠ ᠳᠡᠮᠡᠭᠡᠨ ᠤ ᠠᠶᠠᠨ ᠳᠡᠭᠡᠭᠡᠪᠣᠷᠢ᠂ ᠠᠶᠠᠨ ᠵᠢᠩ ᠤᠨ ᠰᠤᠶᠤᠯ ᠢᠶᠠᠨ | ᠵᠢᠭᠤᠯᠴᠢᠯᠠᠯ ᠤᠨ ᠦᠢᠯᠡᠰ ᠲᠤ ᠦᠢᠯᠡᠴᠢᠯᠡᠬᠦᠯᠬᠦ ᠵᠤᠷᠢᠯᠳᠠ ᠠᠴᠠ ᠣᠬᠠᠭᠤᠯᠵᠣ ᠪᠠᠶᠢᠭ᠎ᠠ ᠶᠤᠮ᠃ | ᠰᠣᠷᠪᠤᠯᠵᠢᠯᠠᠭᠴᠢ᠄ ᠣᠷᠣᠯᠳᠣᠭᠠᠨ ᠳᠤ ᠭᠠᠳᠠᠨᠠᠬᠢ ᠣᠷᠣᠨ ᠤ ᠠᠯᠢ ᠠᠯᠢ ᠭᠠᠵᠠᠷ ᠤᠨ ᠬᠥᠮᠥᠨ ᠬᠦᠷᠦᠯᠴᠠᠨ | ᠢᠷᠡᠳᠡᠭ ᠪᠣᠯ︖ ᠶᠠᠮᠠᠷ ᠶᠠᠮᠠᠷ ᠣᠷᠣᠯᠳᠣᠭᠠᠨ ᠳᠤ ᠣᠷᠣᠯᠴᠠᠬᠤ ᠡᠷᠭᠡ ᠲᠠᠢ ᠶᠤᠮ ᠪᠤᠯ︖ | ᠪᠦᠷᠢᠨᠨᠠᠰᠣᠨ᠄ ᠬᠦᠭᠡᠨᠠᠭᠤᠷ᠂ ᠭᠠᠨᠰᠤ ᠶᠢᠨ ᠰᠦᠪᠸᠢ ᠵᠡᠷᠭᠡ ᠭᠠᠵᠠᠷ ᠤᠳ ᠠᠴᠠ ᠬᠦᠮᠦᠨ ᠢᠷᠡᠨ᠎ᠡ ᠭᠡᠰᠡᠨ᠂ | ᠭᠡᠪᠡᠴᠣ ᠳᠡᠮᠡᠭᠡ ᠪᠠᠨ ᠠᠪᠴᠢᠷᠠᠵᠣ ᠢᠷᠡᠵᠣ ᠴᠢᠳᠠᠬᠤ ᠡᠰᠡᠬᠦ ᠶᠢ ᠮᠡᠳᠡᠬᠦ ᠦᠭᠡᠢ᠃ ᠣᠷᠣᠨ ᠤ ᠳᠣᠳᠣᠷ᠎ᠠ ᠬᠦᠯᠦᠨ | ᠪᠦᠢᠷ᠂ ᠰᠢᠯᠢ ᠶᠢᠨ ᠭᠤᠣᠯ᠂ ᠣᠯᠠᠭᠠᠨᠴᠠᠪ᠂ ᠪᠣᠭᠤᠳᠣ᠂ ᠪᠠᠶᠠᠨᠨᠠᠭᠤᠷ᠂ ᠣᠷᠳᠣᠰ᠂ ᠠᠯᠠᠱᠠ ᠶᠢᠨ ᠭᠤᠷᠪᠠᠨ | ᠬᠤᠰᠢᠭᠤ ᠭᠤᠷᠪᠠᠨ ᠤᠷᠤᠨ ᠤ ᠬᠢᠨ ᠨᠢᠭᠡᠨᠳᠡ ᠨᠡᠷ᠎ᠡ ᠪᠠᠨ ᠮᠡᠳᠡᠭᠦᠯᠦᠭᠡᠳ ᠪᠠᠶᠢᠨ᠎ᠠ᠃ ᠠᠯᠠᠱᠠ ᠠᠴᠠ ᠪᠣᠰᠣᠳ | ᠭᠠᠵᠠᠷ ᠤᠨ ᠣᠷᠣᠯᠴᠠᠭᠴᠢᠳ ᠭᠠᠭᠴᠠ ᠬᠦ ᠳᠡᠮᠡᠭᠡᠨ ᠤ ᠣᠷᠣᠯᠳᠣᠭᠠᠨ ᠳᠤ ᠣᠷᠣᠯᠴᠠᠨ᠎ᠠ᠂ ᠳᠡᠮᠡᠭᠡᠨ ᠤ ᠠᠳᠠᠯᠢᠳᠬᠠᠯ᠂ | ᠦᠵᠡᠬᠦᠯᠦᠯᠭᠡ ᠶᠢᠨ ᠣᠷᠣᠯᠳᠣᠭᠠᠨ ᠳᠤ ᠣᠷᠣᠯᠴᠠᠬᠤ ᠦᠭᠡᠢ᠃ | ᠰᠣᠷᠪᠤᠯᠵᠢᠯᠠᠭᠴᠢ᠄ ᠨᠠᠶᠢᠷ ᠨᠠᠭᠠᠳᠣᠮ ᠤᠨ ᠬᠤᠭᠤᠴᠠᠭᠠᠨ ᠳᠠᠬᠢ ᠳᠡᠮᠡᠭᠡ ᠮᠠᠯ ᠤᠨ ᠭᠡᠮᠳᠣᠯ ᠰᠦᠢᠳᠦᠯ ᠢ | ᠶᠠᠭᠠᠬᠢᠵᠣ ᠰᠢᠢᠳᠪᠦᠷᠢᠯᠡᠬᠦ ᠪᠤᠢ︖ | ᠪᠦᠷᠢᠨᠨᠠᠰᠣᠨ᠄ ᠤᠷᠤᠯᠴᠠᠬᠰᠠᠨ ᠳᠡᠮᠡᠭᠡ ᠪᠦᠭᠦᠨ ᠢ ᠪᠦᠷ ᠳᠠᠭᠠᠳᠬᠠᠯ ᠳᠤ ᠣᠷᠣᠭᠤᠯᠣᠨ᠎ᠠ᠃ | ᠰᠣᠷᠪᠤᠯᠵᠢᠯᠠᠭᠴᠢ᠄ ᠡᠯ᠎ᠡ ᠠᠶᠢᠮᠠᠭ ᠤᠨ ᠬᠢᠨ ᠣᠷᠣᠯᠳᠣᠭᠠᠨ ᠳᠤ ᠶᠠᠭᠠᠬᠢᠵᠣ ᠨᠡᠷ᠎ᠡ ᠮᠡᠳᠡᠬᠦᠯᠦᠨ ᠣᠷᠣᠯᠴᠠᠬᠤ | ᠪᠣᠢ︖ | ᠪᠦᠷᠢᠨᠨᠠᠰᠣᠨ᠄ ᠡᠯ᠎ᠡ ᠠᠶᠢᠮᠠᠭ ᠬᠤᠳᠠ ᠠᠴᠠ ᠣᠷᠣᠯᠳᠣᠭᠠᠨ ᠳᠤ ᠲᠤᠰᠪᠤᠷᠢ ᠨᠢᠭᠡ ᠠᠩᠭᠢ ᠣᠷᠣᠯᠴᠠᠬᠤ ᠪᠠᠷ | ᠨᠡᠷ᠎ᠡ ᠮᠡᠳᠡᠬᠦᠯᠵᠣ ᠪᠣᠯᠬᠤ ᠮᠦᠷᠳᠡᠭᠡᠨ ᠠᠯᠠᠱᠠ ᠠᠶᠢᠮᠠᠭ ᠤᠨ ᠡᠯ᠎ᠡ ᠬᠤᠰᠢᠭᠤᠨ ᠠᠴᠠ ᠳᠣᠰᠪᠣᠷᠢ ᠨᠢᠭᠡ ᠠᠩᠭᠢ ᠨᠡᠷ᠎ᠡ | ᠮᠡᠳᠡᠬᠦᠯᠵᠣ ᠪᠣᠯᠣᠨ᠎ᠠ᠃ ᠬᠤᠷᠳᠣᠨ ᠳᠡᠮᠡᠭᠡᠨ ᠤ ᠣᠷᠣᠯᠳᠣᠭᠠᠨ ᠪᠠ ᠳᠡᠮᠡᠭᠡᠨ ᠨᠠᠮᠨᠠᠭᠠᠨ ᠳᠤ ᠡᠯ᠎ᠡ | ᠳᠦᠯᠦᠭᠡᠯᠡᠭᠴᠢ ᠶᠢᠨ ᠠᠩᠭᠢ ᠠᠴᠠ 1 ᠳᠠᠭᠠᠭᠤᠯᠣᠭᠴᠢ᠂ 1 ᠵᠢᠭᠠᠨ ᠰᠣᠷᠭᠠᠭᠴᠢ᠂ 14 ᠳᠠᠮᠢᠷᠴᠢᠨ᠂ 14 ᠳᠡᠮᠡᠭᠡ | ︵ᠳᠡᠮᠡᠭᠡᠨ ᠨᠠᠮᠨᠠᠭ᠎ᠠ ᠨᠢ 4 ᠳᠡᠮᠡᠭᠡ ᠠᠴᠠ ᠭᠡᠳᠦᠷᠡᠵᠣ ᠪᠣᠯᠬᠤ ᠦᠭᠡᠢ︶ ᠪᠠ ᠲᠡᠮᠡᠭᠡ ᠠᠷᠠᠴᠢᠯᠠᠵᠣ ᠳᠤᠳᠤᠮᠳᠠᠬᠤ | ᠬᠥᠮᠥᠨ 1᠂ ᠮᠠᠯ ᠤᠨ ᠡᠮᠴᠢ 1 ᠭᠡᠭᠦ ᠲᠤᠭᠠᠨ ᠤ ᠬᠢᠵᠠᠭᠠᠷᠯᠠᠯ ᠢᠶᠠᠷ ᠨᠡᠷ᠎ᠡ ᠮᠡᠳᠡᠬᠦᠯᠦᠨ᠎ᠡ᠃ ᠳᠡᠮᠡᠭᠡᠨ ᠪᠦᠮᠪᠦᠭᠡᠨ ᠤ | ᠣᠷᠣᠯᠳᠣᠭᠠᠨ ᠳᠤ 5 ᠳᠠᠮᠢᠷᠴᠢᠨ᠂ 5 ᠳᠡᠮᠡᠭᠡ ᠭᠡᠭᠦ ᠲᠤᠭᠠᠨ ᠤ ᠬᠢᠵᠠᠭᠠᠷᠯᠠᠯ ᠢᠶᠠᠷ ᠨᠡᠷ᠎ᠡ ᠮᠡᠳᠡᠭᠦᠯᠵᠦ᠂ ᠪᠣᠰᠣᠳ | ᠱᠠᠭᠠᠷᠳᠠᠯᠭ᠎ᠠ ᠨᠢ ᠪᠦᠷ ᠬᠤᠷᠳᠣᠨ ᠳᠡᠮᠡᠭᠡᠨ ᠤ ᠣᠷᠣᠯᠳᠣᠭᠠᠨ ᠲᠠᠢ ᠠᠳᠠᠯᠢ᠃ | ᠰᠣᠷᠪᠤᠯᠵᠢᠯᠠᠭᠴᠢ᠄ ᠣᠷᠣᠯᠳᠣᠭᠠᠨ ᠳᠤ ᠨᠡᠷ᠎ᠡ ᠮᠡᠳᠡᠬᠦᠯᠬᠦ ᠳᠤ ᠶᠠᠮᠠᠷ ᠶᠠᠮᠠᠷ ᠱᠠᠭᠠᠷᠳᠠᠯᠭ᠎ᠠ ᠲᠠᠢ ᠪᠣᠯ︖ | ᠪᠦᠷᠢᠨᠨᠠᠰᠣᠨ᠄ ᠤᠷᠤᠯᠳᠤᠭᠠᠨ ᠳᠤ ᠣᠷᠣᠯᠴᠠᠭᠴᠢ ᠡᠷᠭᠡᠪᠰᠢ ᠪᠡᠶ᠎ᠡ ᠮᠠᠬᠠᠪᠣᠳ ᠡᠷᠡᠬᠦᠯ ᠴᠢᠬᠢᠷᠠᠭ ᠪᠠᠶᠢᠵᠣ᠂ | ᠳᠠᠭᠠᠳᠬᠠᠯ ᠠᠪᠣᠭᠰᠠᠨ ᠪᠠᠶᠢᠬᠤ ᠭᠡᠷᠡᠭᠳᠡᠢ᠃ ᠦᠨᠳᠦᠰᠦᠳᠡᠨ ᠤ ᠬᠤᠪᠴᠠᠰᠣ ᠵᠠᠰᠠᠯ ᠢᠶᠠᠷ ᠢᠶᠠᠨ ᠭᠤᠶᠤᠭᠰᠠᠨ | ᠪᠠᠶᠢᠬᠤ ᠶᠢ ᠱᠠᠭᠠᠷᠳᠠᠵᠦ᠂ ᠭᠠᠩᠭᠠᠩ ᠳᠡᠮᠡᠭᠡᠨ ᠤ ᠠᠳᠠᠯᠢᠳᠬᠠᠯ ᠳᠤ ᠳᠡᠮᠡᠭᠡᠨ ᠤ ᠪᠡᠶ᠎ᠡ ᠪᠢᠯᠳᠠᠷ ᠢ ᠦᠵᠡᠬᠦ ᠪᠠᠷ ᠪᠠᠷᠠᠬᠤ | ᠦᠭᠡᠢ ᠳᠡᠮᠡᠭᠡ ᠪᠠ ᠡᠵᠡᠨ ᠤ ᠬᠢᠨᠢ ᠵᠠᠰᠠᠯ ᠴᠢᠮᠡᠭᠯᠡᠯ ᠢ ᠦᠨᠳᠦᠰᠦᠯᠡᠵᠦ ᠬᠤᠪᠢ ᠤᠯᠭᠤᠨ᠎ᠠ᠃ ᠣᠷᠣᠯᠳᠣᠭᠠᠨ ᠳᠤ | ᠣᠷᠣᠯᠴᠠᠬᠤ ᠳᠠᠮᠢᠷᠴᠢᠨ ᠨᠢ ᠳᠣᠮᠳᠠᠳᠣ ᠣᠯᠣᠰ ᠤᠨ ᠠᠷᠠᠳ ᠢᠷᠭᠡᠨ ᠪᠠᠶᠢᠬᠤ ᠶᠢ ᠤᠨᠴᠠᠭᠠᠶᠢᠯᠠᠨ ᠱᠠᠭᠠᠷᠳᠠᠵᠦ᠂ 18 | — 60 ᠨᠠᠰᠣᠨ ᠤ ᠬᠤᠭᠤᠷᠣᠨᠳᠣ ᠪᠠᠶᠢᠬᠤ ᠭᠡᠷᠡᠭᠳᠡᠢ᠃ | ᠰᠣᠷᠪᠤᠯᠵᠢᠯᠠᠭᠴᠢ᠄ ᠳᠡᠮᠡᠭᠡᠨ ᠰᠣᠶᠣᠯ ᠵᠢᠴᠢ ᠵᠢᠭᠤᠯᠴᠢᠯᠠᠯ ᠢ ᠠᠭᠤᠰᠣᠯᠴᠠᠭᠤᠯᠣᠨ ᠬᠦᠭᠵᠢᠬᠦᠯᠬᠦ ᠪᠠᠷ | ᠨᠠᠶᠢᠷ ᠲᠤ ᠪᠠᠰᠠ ᠶᠠᠮᠠᠷ ᠶᠠᠮᠠᠷ ᠠᠵᠢᠯᠯᠠᠭ᠎ᠠ ᠦᠷᠨᠢᠬᠦᠯᠬᠦ ᠪᠠᠷ ᠪᠠᠶᠢᠭ᠎ᠠ ᠪᠣᠯ︖ | ᠪᠦᠷᠢᠨᠨᠠᠰᠣᠨ᠄ ᠪᠦᠬᠦ ᠣᠯᠣᠰ ᠤᠨ ᠠᠩᠬᠠᠳᠠᠭᠴᠢ ᠣᠳᠠᠭᠠᠨ ᠤ ᠶᠡᠭᠡ ᠭᠡᠪᠴᠢᠶᠡᠨ ᠤ ᠳᠡᠮᠡᠭᠡ ᠶᠢ ᠰᠡᠬᠦᠳᠡᠷᠯᠡᠬᠦ | ᠠᠵᠢᠯᠯᠠᠭ᠎ᠠ ᠶᠢ ᠶᠠᠪᠣᠭᠳᠠᠭᠤᠯᠣᠨ᠎ᠠ᠂ ᠠᠯᠠᠱᠠ ᠶᠢᠨ ᠢᠶᠠᠨ ᠣᠨᠴᠠᠯᠢᠭ ᠲᠠᠭᠠᠨ ᠳᠣᠬᠢᠷᠠᠭᠤᠯᠣᠨ ᠪᠠᠶᠠᠨᠬᠤᠳᠠ ᠳᠤ ᠠᠯᠠᠱᠠ | ᠪᠣᠯᠣᠨ ᠡᠯ᠎ᠡ ᠭᠠᠵᠠᠷ ᠤᠨ ᠳᠡᠮᠡᠭᠡᠨ ᠤ ᠠᠵᠣ ᠣᠶᠢᠯᠡᠰ᠂ ᠳᠡᠮᠡᠭᠡᠨ ᠤ ᠪᠦᠳᠦᠭᠡᠭᠳᠡᠬᠦᠨ ᠢ ᠳᠡᠯᠭᠡᠨ ᠪᠤᠷᠤᠯᠠᠭᠤᠯᠬᠤ | ᠪᠤᠯᠤᠨ᠎ᠠ᠃ | (ᠰᠣᠷᠪᠣᠯᠵᠢᠯᠠᠭᠴᠢ᠄ ᠨᠠᠷᠠᠨ᠎ᠠ ᠪᠤᠯᠤᠷᠰᠤᠪᠤᠳ) |