ᠪᠠᠳᠠᠢ ᠶᠢᠨ ᠵᠢᠷᠠᠨ ᠪᠠᠯᠭᠠᠰᠤ᠄ ᠲᠠᠪᠠᠳᠠᠢ ᠰᠠᠭᠤᠷᠢᠰᠢᠵᠦ ᠲᠠᠭᠠᠳᠠᠢ ᠵᠢᠭᠤᠯᠴᠢᠯᠠᠬᠤ ᠵᠢᠷᠭᠠᠯ ᠤᠨ ᠤᠷᠤᠨ
ᠨᠡᠶᠢᠲᠡᠯᠡᠭᠰᠡᠨ ᠴᠠᠭ᠄
2018/12/11
     ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤ ᠶᠢᠨ ᠡᠬᠢᠨᠬᠤᠳᠳᠤᠭ ᠭᠠᠴᠠᠭ᠎ᠠ ᠤᠢᠢᠵᠢᠭᠤᠯᠤᠯᠳᠠ ᠰᠠᠶᠢᠨ᠂ ᠪᠦᠲᠦᠭᠡᠨ ᠪᠠᠶᠢᠭᠤᠯᠤᠯᠳᠠ ᠦᠪᠡᠷᠮᠢᠴᠡ ᠰᠡᠪᠡᠬᠦᠨ᠂ ᠤᠷᠴᠢᠨ ᠲᠤᠭᠤᠷᠢᠨ ᠴᠡᠪᠡᠷ ᠴᠡᠮᠴᠡᠭᠡᠷ ᠢᠶᠠᠷ ᠢᠶᠠᠨ ᠠᠯᠳᠠᠷᠰᠢᠵᠦ᠂ ᠵᠢᠭᠤᠯᠴᠢᠯᠠᠭᠰᠠᠳ ︽ᠸᠠᠩ ᠤᠪᠤᠭᠳᠤ ᠶᠢᠨ ᠬᠦᠷᠢᠶ᠎ᠡ︾ ︽ᠴᠡᠴᠡᠭ ᠤᠨ ᠲᠠᠳᠠᠭᠠᠯᠳᠤ ᠲᠤᠰᠬᠤᠨ︾ ︽ᠣᠳ᠋ᠪᠠᠯ᠎ᠠ ᠬᠤᠭᠤᠯᠠᠠ ᠭᠡᠷ︾ ᠵᠡᠷᠭᠡ ᠲᠠᠷᠢᠶᠠᠴᠢᠨ ᠠᠶᠢᠯ ᠤᠨ ᠵᠢᠭᠤᠯᠴᠢᠯᠠᠯ ᠤᠨ ᠭᠠᠵᠠᠷ ᠢᠶᠠᠷ ᠨᠢ ᠲᠤᠬᠠᠳᠠᠢ ᠲᠤᠭᠤᠷᠢᠨ ᠲᠠᠪᠠᠳᠠᠢ ᠬᠤᠭᠤᠯᠠᠯᠠᠬᠤ ᠲᠤᠷᠠᠳᠠᠢ᠃      — ᠤᠢᠢᠷ᠎ᠠ ᠶᠢᠨ ᠵᠢᠯ ᠠᠴᠠ ᠨᠠᠰᠢ᠂ ᠮᠠᠨ ᠤ ᠪᠠᠯᠭᠠᠰᠤ ᠲᠠᠪᠠᠳᠠᠢ ᠰᠠᠭᠤᠷᠢᠰᠢᠵᠦ ᠲᠠᠭᠠᠳᠠᠢ ᠵᠢᠭᠤᠯᠴᠢᠯᠠᠬᠤ  ᠬᠤᠳᠠ ᠶᠢ ᠪᠦᠲᠦᠭᠡᠨ ᠪᠠᠶᠢᠭᠤᠯᠬᠤ ᠪᠠᠷ ᠲᠠᠮᠵᠢᠵᠦ᠂ ᠪᠠᠯᠭᠠᠰᠤ ᠪᠠᠨ ᠭᠤᠶᠤᠵᠢᠭᠤᠯᠤᠭᠰᠠᠨ ᠢᠶᠠᠷ ᠪᠠᠷᠠᠬᠤ ᠦᠭᠡᠢ ᠬᠠᠷᠢᠶ᠎ᠠ ᠭᠠᠴᠠᠭ᠎ᠠ ᠲᠤᠰᠬᠤᠨ ᠢᠶᠠᠨ ᠴᠤ ᠦᠪᠡᠷᠮᠢᠴᠡ ᠤᠨᠴᠠᠯᠢᠬ ᠲᠠᠢ ᠪᠤᠯᠭᠠᠨ ᠪᠦᠲᠦᠭᠡᠨ ᠪᠠᠶᠢᠭᠤᠯᠵᠠᠢ᠃ ᠮᠠᠨ ᠤ ᠭᠠᠴᠠᠭ᠎ᠠ ᠪᠠᠳᠠᠢ ᠶᠢᠨ ᠵᠢᠷᠠᠨ ᠪᠠᠯᠭᠠᠰᠤ ᠶᠢᠨ ᠲᠡᠬᠦᠷᠭᠡ ᠳᠤ ᠪᠠᠶᠢᠷᠢᠯᠠᠵᠦ ᠪᠠᠶᠢᠭ᠎ᠠ ᠪᠦᠭᠡᠳ ᠠᠮᠢ ᠠᠬᠤᠢ ᠶᠢᠨ ᠵᠢᠭᠤᠯᠴᠢᠯᠠᠯ ᠤᠨ ᠡᠬᠢ ᠪᠠᠶᠠᠯᠢᠬ ᠬᠦᠢᠴᠡᠳ ᠪᠤᠯᠬᠤᠷ ᠰᠤᠶᠤᠯ ᠵᠢᠭᠤᠯᠴᠢᠯᠠᠯ ᠤᠨ ᠲᠤᠰᠬᠤᠨ ᠢ ᠬᠦᠴᠦᠯᠡᠨ ᠪᠦᠲᠦᠭᠡᠨ ᠪᠠᠶᠢᠭᠤᠯᠵᠦ ᠪᠤᠢ᠃ ᠤᠳᠤᠬᠠᠨ ᠳᠤ ᠮᠠᠨ ᠤ ᠭᠠᠴᠠᠭᠠᠨ ᠳᠤ ᠦᠨᠳᠦᠰᠦᠳᠡᠨ ᠤ ᠤᠨᠴᠠᠯᠢᠬᠳᠤ ᠵᠢᠭᠤᠯᠴᠢᠯᠠᠯ ᠤᠨ ᠠᠶᠢᠯ᠂ ᠭᠤᠪᠢ ᠶᠢᠨ ᠠᠶᠢᠯ ᠵᠡᠷᠭᠡ ᠵᠢᠭᠤᠯᠴᠢᠯᠠᠯ ᠤᠨ ᠴᠡᠭ ᠨᠡᠯᠢᠶᠡᠳ ᠤᠯᠠᠰᠢᠷᠠᠨ ᠲᠦᠪᠯᠡᠷᠡᠭᠡᠳ ᠠᠶᠢᠯ ᠪᠤᠯᠭᠠᠨ ᠪᠠᠶᠠᠵᠢᠯ ᠴᠢᠨᠡᠭᠡᠯᠢᠭᠵᠢᠯ ᠤᠨ ᠢᠶᠠᠨ ᠲᠠᠷᠳᠠᠩ ᠵᠠᠮ ᠢᠶᠠᠷ ᠬᠤᠰᠢᠭᠤᠷᠠᠵᠦ ᠪᠤᠢ ᠭᠡᠵᠦ ᠡᠬᠢᠨᠬᠤᠳᠳᠤᠭ ᠭᠠᠴᠠᠭᠠᠨ ᠤ ᠱᠦᠵᠢ ᠦ᠋ ᠮᠢᠨ ᠷᠦᠢ ᠶᠠᠷᠢᠵᠦ ᠪᠠᠶᠢᠯ᠎ᠠ᠃            ᠡᠬᠢᠨᠬᠤᠳᠳᠤᠭ ᠭᠠᠴᠠᠭ᠎ᠠ ᠳᠤ ᠢᠳᠡᠵᠦ ᠤᠤᠭᠤᠬᠤ᠂ ᠨᠠᠭᠠᠳᠴᠤ ᠴᠡᠩᠭᠡᠬᠦ᠂ ᠵᠢᠭᠤᠯᠴᠢᠯᠠᠨ ᠰᠡᠯᠡᠬᠦᠴᠡᠬᠦ ᠪᠠ ᠬᠤᠨᠤᠵᠦ ᠭᠡᠪᠳᠡᠬᠦ ᠶᠢ ᠲᠦᠪᠯᠡᠷᠡᠬᠦᠯᠦᠨ ᠨᠢᠭᠡ ᠴᠤᠬᠴᠠᠵᠢᠭᠤᠯᠤᠭᠰᠠᠨ ︽ᠭᠤᠪᠢ ᠶᠢᠨ ᠠᠶᠢᠯ︾ ᠵᠢᠭᠤᠯᠴᠢᠯᠠᠯ ᠰᠡᠯᠡᠬᠦᠴᠡᠯ ᠤᠨ ᠠᠮᠠᠷᠠᠯᠳᠠ ᠶᠢᠨ ᠭᠠᠵᠠᠷ᠂ ᠲᠠᠷᠢᠶᠠᠴᠢᠨ ᠠᠶᠢᠯ ᠤᠨ ᠵᠢᠭᠤᠯᠴᠢᠯᠠᠯ ᠤᠨ ᠭᠠᠵᠠᠷ ᠨᠡᠶᠢᠯᠡᠭᠡᠳ 11 ᠡᠷᠦᠭᠡ ᠪᠤᠢ᠃ ᠵᠤᠴᠢᠳ ᠤᠨ ᠪᠠᠭᠤᠳᠠᠯ ᠡᠷᠬᠢᠯᠡᠭᠰᠡᠨ ᠲᠠᠷᠢᠶᠠᠴᠢᠨ ᠡᠷᠦᠭᠡ ᠴᠤ 12 ᠪᠤᠯᠵᠦ᠂ 7 ᠡᠷᠦᠭᠡ ᠭᠡᠳᠦ ᠲᠡᠯᠭᠡᠬᠦᠷ᠂ ᠭᠤᠯᠢᠷ ᠤᠨ ᠢᠳᠡᠭᠡᠨ ᠤ ᠲᠡᠯᠭᠡᠬᠦᠷ ᠪᠠ ᠵᠢᠮᠢᠰ ᠤᠨ ᠲᠡᠯᠭᠡᠬᠦᠷ ᠡᠷᠬᠢᠯᠡᠵᠦ᠂ 36 ᠡᠷᠦᠭᠡ ᠠᠶᠠᠨᠴᠢᠳ ᠲᠤ ᠲᠡᠷᠭᠡ ᠲᠦᠷᠢᠶᠡᠰᠦᠯᠡᠬᠦᠯᠬᠦ ᠪᠠ ᠲᠡᠭᠡᠭᠡᠪᠦᠷᠢ ᠶᠢᠨ ᠠᠵᠢᠯ ᠲᠦᠷᠦᠯ ᠢ ᠡᠷᠬᠢᠯᠡᠵᠦ ᠪᠤᠢ᠃ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠤᠨ ᠲᠠᠭᠠᠭᠤᠯᠭ᠎ᠠ ᠪᠠᠷ᠂ ᠲᠤᠰ ᠭᠠᠴᠠᠭ᠎ᠠ ᠨᠢᠭᠡᠨᠳᠡ ᠪᠦᠬᠦ ᠬᠤᠰᠢᠭᠤᠨ ᠤ ᠪᠠᠨ ᠬᠠᠮᠤᠭ ᠤᠨ ᠦᠪᠡᠷᠮᠢᠴᠠ ᠤᠨᠴᠠᠯᠢᠬ ᠲᠠᠢ ᠬᠦᠳᠡᠭᠡ ᠲᠤᠰᠬᠤᠨ ᠤ ᠵᠢᠭᠤᠯᠴᠢᠯᠠᠯ ᠤᠨ ᠴᠡᠭ ᠪᠤᠯᠵᠦ᠂ 200 ᠭᠠᠷᠤᠢ ᠮᠠᠯᠴᠢᠨ ᠲᠠᠷᠢᠶᠠᠴᠢᠨ ᠲᠤᠭᠳᠠᠭᠤᠨ ᠢᠶᠠᠷ ᠠᠵᠢᠯ ᠤᠯᠭᠤᠨ ᠦᠢᠯᠡᠰ ᠪᠤᠰᠬᠠᠵᠠᠢ᠃            ᠡᠬᠢᠨᠬᠤᠳᠳᠤᠭ ᠭᠠᠴᠠᠭ᠎ᠠ ᠶᠢᠨ ᠵᠢᠷᠭᠠᠯᠳᠤ ᠠᠮᠢᠳᠤᠷᠠᠯ ᠨᠢ ᠪᠠᠳᠠᠢ ᠶᠢᠨ ᠵᠢᠷᠠᠨ ᠪᠠᠯᠭᠠᠰᠤ ᠶᠢᠨ ᠬᠠᠮᠵᠢᠯᠴᠠᠭ᠎ᠠ  ᠪᠠ ᠬᠤᠳᠠ ᠬᠦᠳᠡᠭᠡ ᠶᠢ ᠨᠢᠭᠡ ᠴᠤᠬᠴᠠᠵᠢᠭᠤᠯᠤᠬᠰᠠᠨ ᠲᠠᠪᠠᠳᠠᠢ ᠰᠠᠭᠤᠷᠢᠰᠢᠵᠦ ᠲᠠᠭᠠᠳᠠᠢ ᠵᠢᠭᠤᠯᠴᠢᠯᠠᠬᠤ ᠬᠤᠳᠠ ᠶᠢ ᠪᠠᠶᠢᠭᠤᠯᠬᠤ ᠬᠦᠭᠵᠢᠯᠳᠡ ᠶᠢᠨ  ᠣᠨᠣᠯᠵᠢᠬᠤᠨ ᠠᠴᠠ ᠠᠰᠢᠬ ᠬᠦᠷᠳᠡᠭᠰᠡᠨ ᠶᠠᠪᠤᠳᠠᠯ ᠪᠤᠯᠤᠨ᠎ᠠ᠃ ᠤᠢᠢᠷ᠎ᠠ ᠶᠢᠨ ᠵᠢᠯ ᠳᠤ ᠪᠠᠳᠠᠢ ᠶᠢᠨ ᠵᠢᠷᠠᠨ ᠪᠠᠯᠭᠠᠰᠤ ︽ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠮᠦᠨ︾ ᠭᠡᠬᠦ ᠬᠦᠭᠵᠢᠯᠳᠡ ᠶᠢᠨ ᠣᠨᠣᠯᠵᠢᠬᠤᠨ ᠢᠶᠠᠷ ︽ᠲᠡᠭᠷᠢ ᠨᠢ ᠨᠡᠩ  ᠴᠡᠯᠮᠡᠭ᠂ ᠤᠰᠤ ᠨᠢ ᠨᠡᠩ ᠲᠤᠩᠭᠠᠯᠠᠬ᠂ ᠡᠪᠡᠰᠤ ᠨᠢ ᠨᠡᠩ ᠨᠤᠭᠤᠭᠠᠨ᠂ ᠬᠦᠷᠦᠰᠦ ᠨᠢ ᠨᠡᠩ ᠰᠢᠮᠡᠯᠢᠭ︾ ᠢᠶᠠᠷ ᠬᠠᠷᠠᠯᠳᠠ ᠪᠤᠯᠭᠠᠵᠦ᠂ ︽ᠦᠵᠡᠮᠵᠢ ᠲᠡᠬᠦᠯᠳᠡᠷ ᠪᠦᠭᠡᠳ ᠲᠠᠪᠠᠳᠠᠢ ᠰᠠᠭᠤᠷᠢᠰᠢᠵᠦ ᠲᠠᠭᠠᠳᠠᠢ ᠵᠢᠭᠤᠯᠴᠢᠯᠠᠬᠤ︾ ᠪᠠᠷ ᠭᠤᠤᠯ ᠪᠤᠯᠭᠠᠭᠰᠠᠨ ᠬᠤᠳᠠ ᠶᠢ ᠪᠦᠲᠦᠭᠡᠨ ᠪᠠᠶᠢᠭᠤᠯᠬᠤ ᠪᠠᠷ ᠪᠠᠶᠢᠷᠢ ᠲᠤᠭᠳᠠᠭᠠᠨ᠂ ᠬᠤᠳᠠ ᠪᠠᠯᠭᠠᠰᠤ ᠶᠢᠨ ᠲᠦᠯᠦᠪᠵᠢᠬᠦᠯᠭᠡ ᠪᠦᠲᠦᠭᠡᠨ ᠪᠠᠶᠢᠭᠤᠯᠤᠯᠳᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠦ᠂ ᠭᠠᠵᠠᠷ ᠤᠷᠤᠨ ᠤ ᠤᠨᠴᠠᠯᠢᠬ᠂ ᠰᠤᠶᠤᠯ ᠤᠨ ᠲᠤᠳᠤᠭᠠᠳᠤ ᠠᠭᠤᠯᠤᠭᠳᠠᠬᠤᠨ ᠪᠠ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠬᠢ ᠶᠢ ᠲᠤᠪᠤᠶᠢᠯᠭᠠᠨ᠂ ᠲᠡᠯᠡᠬᠡᠢ ᠶᠢᠨ ᠲᠡᠰ ᠤᠨ ᠡᠯᠡᠰᠦᠨ ᠤ ᠵᠢᠭᠤᠯᠴᠢᠯᠠᠯ ᠤᠨ ᠡᠬᠢ ᠪᠠᠶᠠᠯᠢᠬ ᠲᠠᠢ ᠲᠤᠬᠢᠷᠠᠯᠴᠠᠭᠰᠠᠨ ᠰᠠᠭᠤᠷᠢ ᠲᠦᠬᠦᠭᠡᠷᠦᠮᠵᠢ ᠶᠢ ᠶᠡᠭᠡ ᠬᠦᠴᠦ ᠪᠠᠷ ᠪᠦᠲᠦᠭᠡᠨ ᠪᠠᠶᠢᠭᠤᠯᠵᠦ᠂ ᠠᠮᠢ ᠠᠬᠤᠢ ᠶᠢ ᠵᠠᠰᠠᠨ ᠰᠠᠶᠢᠵᠢᠷᠠᠭᠤᠯᠬᠤ᠂ ᠤᠤᠭᠤᠬᠤ ᠤᠰᠤᠨ ᠤ ᠠᠮᠤᠷ ᠲᠦᠪᠰᠢᠨ᠂ ᠪᠤᠬᠢᠷ ᠤᠰᠤ ᠶᠢ ᠰᠢᠢᠳᠪᠦᠷᠢᠯᠡᠬᠦ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠳᠠ᠂ ᠲᠦᠪᠯᠡᠷᠡᠬᠦᠯᠦᠨ ᠢᠯᠴᠢ ᠬᠠᠩᠭᠠᠬᠤ᠂ ᠵᠤᠭ᠎ᠠ ᠰᠡᠯᠡᠬᠦᠴᠡᠯ ᠤᠨ ᠭᠠᠵᠠᠷ ᠢ ᠪᠦᠲᠦᠭᠡᠨ ᠪᠠᠶᠢᠭᠤᠯᠬᠤ ᠵᠡᠷᠭᠡ ᠢᠨᠵᠧᠨᠧᠷᠢᠩ ᠢᠶᠠᠷ ᠲᠠᠮᠵᠢᠭᠤᠯᠵᠦ᠂ ᠤᠳᠤᠬᠠᠨ ᠳᠤ ᠨᠢᠭᠡᠨᠳᠡ ᠤᠷᠤᠰᠢᠨ ᠰᠠᠭᠤᠷᠢᠰᠢᠭᠰᠠᠨ ᠨᠢ ᠤᠮᠤᠬ ᠪᠠᠭ᠋ᠠᠳᠤᠯ ᠲᠠᠢ᠂ ᠤᠷᠴᠢᠵᠦ ᠵᠢᠭᠤᠯᠴᠢᠯᠠᠬᠰᠠᠳ ᠨᠢ ᠠᠳᠠᠭᠠᠷᠬᠠᠮᠠᠷ᠂ ᠪᠡᠯᠡ ᠤᠷᠤᠭᠤᠯᠤᠭᠴᠢᠳ ᠰᠡᠳᠬᠢᠯ ᠳᠠᠳᠠᠭᠳᠠᠭᠰᠠᠨ ᠲᠠᠪᠠᠳᠠᠢ ᠰᠠᠭᠤᠷᠢᠰᠢᠵᠦ ᠲᠠᠭᠠᠳᠠᠢ ᠵᠢᠭᠤᠯᠴᠢᠯᠠᠬᠤ ᠤᠨᠴᠠᠯᠢᠬᠳᠤ ᠪᠠᠯᠭᠠᠰᠤ ᠶᠢᠨ  ᠰᠢᠰᠲ᠋ᠧᠮᠵᠢ ᠶᠢ ᠪᠦᠷᠢᠳᠦᠬᠦᠯᠪᠡ᠃            ᠲᠠᠪᠠᠳᠠᠢ ᠰᠠᠭᠤᠷᠢᠰᠢᠵᠦ ᠲᠠᠭᠠᠳᠠᠢ ᠵᠢᠭᠤᠯᠴᠢᠯᠠᠬᠤ ᠦᠵᠡᠰᠬᠦᠯᠡᠩᠳᠤ ᠰᠠᠶᠢᠬᠠᠨ ᠬᠤᠳᠠ ᠶᠢ ᠪᠦᠲᠦᠭᠡᠨ ᠪᠠᠶᠢᠭᠤᠯᠬᠤ ᠳᠤ ᠤᠷᠢᠳᠠᠪᠠᠷ ᠤᠰᠤᠨ ᠤ ᠠᠰᠠᠭᠤᠳᠠᠯ ᠢ ᠰᠢᠢᠳᠪᠦᠷᠢᠯᠡᠬᠦ ᠭᠡᠷᠡᠭᠳᠡᠢ᠃ ᠪᠠᠳᠠᠢ ᠶᠢᠨ ᠵᠢᠷᠠᠨ ᠤ ᠡᠯᠡᠰᠦᠨ ᠳᠤ ᠤᠰᠤ ᠠᠷᠠᠳ ᠤᠨ ᠠᠮᠢᠳᠤᠷᠠᠯ᠂ ᠠᠮᠢ ᠠᠬᠤᠢ ᠶᠢᠨ ᠠᠯᠢᠨ ᠳᠤᠨᠢ ᠠᠪᠤᠭᠠᠳ ᠬᠡᠯᠡᠭᠰᠡᠨ ᠴᠤ ᠴᠢᠬᠤᠯᠠ ᠠᠴᠠ ᠴᠢᠬᠤᠯᠠ᠃ ᠤᠢᠢᠷ᠎ᠠ ᠶᠢᠨ ᠵᠢᠯ ᠳᠤ ᠪᠠᠳᠠᠢ ᠶᠢᠨ ᠵᠢᠷᠠᠨ ᠪᠠᠯᠭᠠᠰᠤ ᠤᠰᠤ ᠳᠤᠳᠠᠬᠳᠠᠬᠤ ᠠᠰᠠᠭᠤᠳᠠᠯ ᠢ ᠰᠢᠢᠳᠪᠦᠷᠢᠯᠡᠬᠦ ᠪᠠ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠬᠤ ᠶᠢᠨ ᠲᠦᠯᠦᠭᠡ ᠤᠰᠤ ᠬᠠᠩᠭᠠᠬᠤ ᠢᠨᠵᠧᠨᠧᠷᠢᠩ ᠵᠢᠴᠢ ᠤᠰᠤᠨ ᠤ ᠴᠢᠨᠠᠷ ᠢ ᠪᠠᠳᠤᠯᠠᠨ᠂ ᠡᠯ᠎ᠡ ᠬᠠᠷᠢᠶ᠎ᠠ ᠭᠠᠴᠠᠭ᠎ᠠ ᠲᠤᠰᠬᠤᠨ ᠳᠠᠭᠠᠨ ᠤᠰᠤ ᠬᠠᠩᠭᠠᠬᠤ ᠢᠨᠵᠧᠨᠧᠷᠢᠩ ᠢ ᠭᠡᠷᠡᠭᠵᠢᠬᠦᠯᠵᠦ᠂ ᠪᠠᠳᠠᠢ ᠶᠢᠨ ᠵᠢᠷᠠᠨ ᠪᠠᠯᠭᠠᠰᠤᠨ ᠠᠴᠠ 70 ᠺᠢᠯᠦᠮᠧᠲᠷ ᠵᠠᠶᠢᠳᠠᠢ ᠭᠠᠵᠠᠷ ᠠᠴᠠ ᠤᠯᠤᠰ ᠤᠨ ᠷᠠᠰᠢᠶᠠᠨ ᠤᠰᠤᠨ ᠤ ᠪᠠᠷᠢᠮᠵᠢᠶ᠎ᠠ ᠳᠤ ᠨᠡᠶᠢᠴᠡᠭᠰᠡᠨ ᠰᠢᠨ᠎ᠠ ᠤᠰᠤᠨ ᠰᠤᠷᠪᠤᠯᠵᠢ ᠶᠢ ᠢᠯᠡᠷᠡᠬᠦᠯᠦᠭᠡᠳ᠂ ᠪᠦᠬᠦ ᠬᠤᠰᠢᠭᠤᠨ ᠤ ᠪᠠᠨ ᠠᠮᠤᠷ ᠲᠦᠪᠰᠢᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃            ᠡᠬᠦᠨ ᠤ ᠬᠠᠮᠳᠤ᠂ ᠤᠢᠢᠷ᠎ᠠ ᠶᠢᠨ ᠵᠢᠯ ᠠᠴᠠ ᠲᠤᠰ ᠪᠠᠯᠭᠠᠰᠤ ᠪᠦᠷᠢᠨ ᠴᠢᠳᠠᠪᠬᠢᠳᠤ᠂ ᠦᠨᠳᠦᠷ ᠴᠢᠨᠠᠷ ᠴᠢᠨᠰᠠᠭ᠎ᠠ ᠪᠦᠬᠦᠢ ᠳᠡᠭᠡᠳᠦ ᠲᠡᠰ ᠤᠨ ᠲᠠᠪᠠᠳᠠᠢ ᠰᠠᠭᠤᠷᠢᠰᠢᠵᠦ ᠲᠠᠭᠠᠳᠠᠢ ᠵᠢᠭᠤᠯᠴᠢᠯᠠᠬᠤ ᠤᠨᠴᠠᠯᠢᠬᠳᠤ ᠬᠤᠳᠠ ᠶᠢ ᠪᠦᠲᠦᠭᠡᠨ ᠪᠠᠶᠢᠭᠤᠯᠬᠤ ᠪᠠᠷ ᠵᠤᠭᠰᠤᠴᠠ ᠪᠤᠯᠭᠠᠨ᠂ ᠬᠤᠳᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠲᠡᠬᠦᠯᠳᠡᠷᠵᠢᠬᠦᠯᠦᠨ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠦ᠂ ᠬᠤᠳᠠ ᠶᠢᠨ ᠲᠦᠷᠢ ᠲᠦᠷᠬᠦ ᠶᠢ ᠴᠡᠭᠴᠡᠯᠡᠨ ᠰᠠᠶᠢᠵᠢᠷᠠᠭᠤᠯᠵᠦ᠂ ᠡᠯᠡᠰᠦᠨ ᠤ ᠤᠷᠭᠤᠮᠠᠯ ᠤᠨ ᠬᠦᠷᠢᠶᠡᠯᠡᠩ᠂ ᠪᠠᠳᠠᠢ ᠶᠢᠨ ᠵᠢᠷᠠᠨ ᠠᠭᠤᠳᠠᠮ ᠲᠠᠯᠠᠪᠠᠢ ᠶᠢ ᠪᠠᠶᠢᠭᠤᠯᠤᠨ᠂ ᠬᠤᠳᠠ ᠶᠢᠨ ᠨᠤᠭᠤᠭᠠᠷᠠᠭᠤᠯᠤᠯᠳᠠ ᠪᠠ ᠪᠠᠳᠠᠢ ᠶᠢᠨ ᠵᠢᠷᠠᠨ ᠪᠠᠯᠭᠠᠰᠤᠨ ᠤ ᠠᠮᠢ ᠠᠬᠤᠢ ᠶᠢ ᠵᠠᠰᠠᠨ ᠰᠠᠶᠢᠵᠢᠷᠠᠭᠤᠯᠬᠤ ᠵᠡᠷᠭᠡ ᠢᠨᠵᠧᠨᠧᠷᠢᠩ ᠢ ᠭᠡᠷᠡᠭᠵᠢᠬᠦᠯᠵᠦ᠂ ᠤᠷᠴᠢᠨ ᠲᠤᠭᠤᠷᠢᠨ ᠢᠶᠠᠨ ᠰᠠᠨᠠᠭᠠᠨ ᠳᠤ ᠲᠠᠪᠠᠳᠠᠢ ᠪᠤᠯᠳᠠᠯ᠎ᠠ ᠤᠢᠢᠵᠢᠭᠤᠯᠤᠨ ᠨᠤᠭᠤᠭᠠᠷᠠᠭᠤᠯᠵᠠᠢ᠃ ᠤᠳᠤᠬᠠᠨ ᠳᠤ᠂ ᠪᠠᠳᠠᠢ ᠶᠢᠨ ᠵᠢᠷᠠᠨ ᠪᠠᠯᠭᠠᠰᠤ ᠶᠢᠨ ᠨᠤᠭᠤᠭᠠᠷᠠᠭᠤᠯᠤᠯᠳᠠ ᠶᠢᠨ ᠲᠠᠯᠠᠪᠠᠢ 367 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ᠂ ᠨᠤᠭᠤᠭᠠᠷᠠᠭᠤᠯᠤᠯᠳᠠ ᠶᠢᠨ ᠪᠦᠷᠬᠦᠴᠡ ᠶᠢᠨ ᠭᠡᠮᠵᠢᠶ᠎ᠡ 38% ᠳᠤ ᠬᠦᠷᠴᠦ᠂ ᠬᠦᠮᠦᠨ ᠲᠤᠮᠳᠠᠴᠢ ᠶᠢᠨ ᠴᠡᠴᠡᠷᠯᠢᠭ ᠤᠨ ᠨᠤᠭᠤᠭᠠᠷᠠᠭᠤᠯᠤᠭᠰᠠᠨ ᠭᠡᠮᠵᠢᠶ᠎ᠠ 33% ᠳᠤ ᠬᠦᠷᠴᠡᠢ᠃            ᠲᠠᠪᠠᠳᠠᠢ ᠰᠠᠭᠤᠷᠢᠰᠢᠵᠦ ᠲᠠᠭᠠᠳᠠᠢ ᠵᠢᠭᠤᠯᠴᠢᠯᠠᠬᠤ ᠳᠤ ᠵᠠᠮ ᠬᠠᠷᠢᠯᠴᠠᠭ᠎ᠠ ᠲᠦᠬᠦᠮ ᠪᠠᠶᠢᠬᠤ ᠭᠡᠷᠡᠭᠳᠡᠢ᠃ ᠲᠤᠰ ᠪᠠᠯᠭᠠᠰᠤ ᠠᠯᠠᠱᠠ ᠠᠶᠢᠮᠠᠬ ᠢ ᠲᠠᠯᠠᠭᠡᠢ ᠶᠢᠨ ᠵᠢᠭᠤᠯᠴᠢᠯᠠᠯ ᠤᠨ ᠬᠠᠷᠠᠯᠳᠠᠳᠤ ᠤᠷᠤᠨ ᠢ ᠪᠦᠲᠦᠭᠡᠨ ᠪᠠᠶᠢᠭᠤᠯᠬᠤ ᠬᠠᠷᠠᠯᠳᠠ ᠶᠢᠨ ᠲᠤᠭᠤᠷᠢᠨ ᠳᠤ ᠠᠯᠠᠱᠠ ᠪᠠᠷᠠᠭᠤᠨ ᠬᠤᠰᠢᠭᠤ ᠠᠴᠠ ᠱᠤᠸᠠᠩ ᠴᠧᠩ ᠬᠦᠷᠬᠦ᠂ ᠠᠯᠠᠱᠠ ᠪᠠᠷᠠᠭᠤᠨ ᠬᠤᠰᠢᠭᠤᠨ ᠠᠴᠠ ᠵᠠᠩ ᠶᠧ᠂ ᠭᠤᠤ ᠲᠠᠢ ᠬᠦᠷᠬᠦ ᠵᠠᠰᠠᠮᠠᠯ ᠵᠠᠮ ᠢ ᠵᠠᠰᠠᠨ ᠨᠡᠪᠳᠡᠷᠡᠬᠦᠯᠵᠦ᠂ ᠪᠦᠬᠦ ᠪᠠᠯᠭᠠᠰᠤᠨ ᠤ ᠪᠦᠬᠦ᠋ᠢᠯᠡ ᠤᠷᠤᠨ ᠪᠦᠰᠡ ᠶᠢᠨ ᠵᠢᠭᠤᠯᠴᠢᠯᠠᠯ ᠤᠨ ᠬᠦᠭᠵᠢᠯᠳᠡ ᠳᠤ ᠵᠠᠮ ᠬᠠᠷᠢᠯᠴᠠᠭᠠᠨ ᠤ ᠪᠠᠳᠤᠯᠠᠭ᠎ᠠ ᠬᠠᠩᠭᠠᠭᠰᠠᠨ ᠪᠠᠶᠢᠨ᠎ᠠ᠃            ᠤᠳᠤᠬᠠᠨ ᠳᠤ᠂ ᠪᠠᠳᠠᠢ ᠶᠢᠨ ᠵᠢᠷᠠᠨ ᠪᠠᠯᠭᠠᠰᠤ ᠨᠢᠭᠡᠨᠳᠡ ᠡᠯᠡᠰᠦᠨ ᠭᠤᠪᠢ ᠶᠢᠨ ᠬᠦᠨ ᠳᠠᠬᠢ ᠪᠠᠳᠠᠷᠠᠨ ᠬᠦᠭᠵᠢᠭᠰᠡᠨ ᠵᠢᠵᠢᠭ ᠪᠠᠯᠭᠠᠰᠤ ᠪᠤᠯᠤᠭᠠᠳ᠂ ︽ᠪᠦᠬᠦ ᠤᠯᠤᠰ ᠤᠨ ᠤᠨᠴᠠᠯᠢᠬᠳᠤ ᠦᠵᠡᠮᠵᠢ ᠶᠢᠨ ᠵᠢᠭᠤᠯᠴᠢᠯᠠᠯ ᠤᠨ ᠨᠡᠷᠡᠳᠤ ᠪᠠᠯᠭᠠᠰᠤ︾ ︽ᠪᠦᠬᠦ ᠤᠯᠤᠰ ᠤᠨ ᠦᠵᠡᠰᠬᠦᠯᠡᠩᠳᠤ ᠰᠠᠶᠢᠬᠠᠨ ᠲᠠᠪᠠᠳᠠᠢ ᠰᠠᠭᠤᠷᠢᠰᠢᠵᠦ ᠲᠠᠭᠠᠳᠠᠢ ᠵᠢᠭᠤᠯᠴᠢᠯᠠᠬᠤ ᠤᠷᠤᠨ︾ ᠵᠡᠷᠭᠡ ᠢᠷᠠᠭᠤ ᠠᠯᠳᠠᠷ ᠢ ᠬᠦᠷᠳᠡᠪᠡ᠃ ᠪᠠᠳᠠᠢ ᠶᠢᠨ ᠵᠢᠷᠠᠨ ᠪᠠᠯᠭᠠᠰᠤᠨ ᠳᠤ ᠤᠷᠤᠭᠠᠳ ᠤᠴᠢᠪᠠᠯ᠂ ᠵᠡᠭᠡᠯᠢ ᠭᠤᠳᠤᠮᠵᠢ ᠴᠡᠪᠡᠷ ᠴᠡᠮᠴᠡᠭᠡᠷ ᠪᠦᠭᠡᠳ ᠦᠨᠳᠦᠰᠦᠳᠡᠨ ᠤ ᠤᠨᠴᠠᠯᠢᠬᠳᠤ ᠪᠠᠷᠢᠯᠭ᠎ᠠ᠂ ᠱᠤᠭᠤᠮᠠᠯ ᠬᠠᠷᠠᠭ᠎ᠠ ᠪᠤᠯᠢᠶᠠᠵᠦ᠂ ᠠᠮᠢᠵᠢᠷᠠᠯ ᠤᠨ ᠬᠦᠴᠦᠨ ᠪᠢᠯᠬᠠᠬᠰᠠᠨ᠂ ᠲᠠᠳᠠᠬᠤ ᠬᠦᠴᠦᠨ ᠤᠨᠳᠤᠷᠤᠬᠰᠠᠨ ᠵᠢᠪᠬᠤᠭ᠎ᠠ ᠲᠡᠬᠦᠯᠳᠡᠷ ᠦᠵᠡᠮᠵᠢ ᠨᠢᠳᠤᠨ᠎ᠠ ᠲᠤᠳᠤᠬᠠᠨ᠃              (ᠵᠣᠬᠢᠶᠠᠭᠴᠢ᠄ ᠦᠪᠦᠷ ᠮᠤᠩᠭᠤᠯ ᠤᠨ ᠡᠳᠦᠷ ᠤᠨ ᠰᠤᠨᠢᠨ ᠤ ᠰᠤᠷᠪᠤᠯᠵᠢᠯᠠᠬᠴᠢ     ᠪᠢᠯᠢᠭᠲᠦ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号