ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠲᠡᠮᠡᠭᠡᠨ ᠰᠤᠶᠤᠯ ᠤᠨ ᠨᠠᠭᠠᠳᠤᠮ ᠵᠢᠴᠢ ᠠᠯᠠᠱᠠ ᠶᠢᠨ ᠪᠠᠭᠠᠳᠣᠷᠴᠣᠳ ᠤᠨ ᠴᠤᠬᠯᠠᠭᠠᠨ ᠤ ᠳᠡᠮᠡᠭᠡᠨ ᠰᠤᠶᠤᠯ ᠵᠢᠭᠤᠯᠴᠢᠯᠠᠯ ᠤᠨ ᠨᠠᠶᠢᠷ ᠠᠯᠠᠱᠠ ᠵᠡᠭᠦᠨ ᠬᠤᠰᠢᠭᠤᠨ ᠳᠤ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2018/12/28
       ᠦᠩ ᠦᠷᠭᠡᠨ ᠠᠯᠠᠱᠠ ᠦᠶᠦᠭ ᠳᠠᠪᠠᠲᠠᠢ ᠡᠪᠦᠯ ᠢᠶᠠᠷ ᠢᠶᠠᠨ ᠭᠤᠶᠤᠵᠦ᠂ ᠲᠠᠩᠰᠤᠭ ᠠᠭᠤᠳᠠᠮ ᠭᠤᠪᠢ ᠨᠤᠳᠤᠭ ᠲᠠᠷᠭᠤ ᠰᠠᠶᠢᠳᠠᠢ ᠲᠡᠮᠡᠭᠡᠳ ᠢᠶᠠᠷ ᠠᠮᠤᠭᠤᠯᠠᠩ ᠨᠠᠯᠠᠶᠢᠨ᠎ᠠ᠃ 12 ᠰᠠᠷ᠎ᠠ ᠶᠢᠨ 27 ᠤ ᠡᠳᠣᠷ᠂ ᠨᠠᠷᠠ ᠢᠪᠡᠭᠡᠨ ᠨᠠᠭᠠᠳᠤᠮᠴᠢᠨ ᠪᠠᠶᠠᠰᠴᠤ᠂ ᠲᠡᠭᠷᠢ ᠴᠡᠯᠮᠡᠭᠰᠢᠨ ᠲᠡᠮᠡᠭᠡᠳ ᠪᠤᠶᠢᠯᠠᠯᠳᠤᠬᠰᠠᠨ ᠦᠯᠵᠡᠶᠢᠳᠡᠢ ᠰᠠᠶᠢᠬᠠᠨ ᠮᠦᠴᠡ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠲᠡᠮᠡᠭᠡᠨ ᠰᠤᠶᠤᠯ ᠤᠨ ᠨᠠᠭᠠᠳᠤᠮ ᠵᠢᠴᠢ ᠠᠯᠠᠱᠠ ᠶᠢᠨ ᠪᠠᠭᠠᠳᠣᠷᠴᠣᠳ ᠤᠨ ᠴᠤᠬᠯᠠᠭᠠᠨ ᠤ ᠳᠡᠮᠡᠭᠡᠨ ᠰᠤᠶᠤᠯ ᠵᠢᠭᠤᠯᠴᠢᠯᠠᠯ ᠤᠨ ᠨᠠᠶᠢᠷ ᠠᠯᠠᠱᠠ ᠵᠡᠭᠦᠨ ᠬᠤᠰᠢᠭᠤᠨ ᠤ ᠪᠠᠶᠠᠨᠬᠤᠳᠠ ᠪᠠᠯᠭᠠᠰᠤᠨ ᠤ ᠲᠤᠩᠭᠠᠯᠠᠬ ᠨᠠᠭᠤᠷ ᠤᠨ ᠬᠠᠯᠢᠭᠤᠴᠢᠭᠡᠬᠦᠣ ᠭᠤᠤᠯ ᠤᠨ ᠬᠦᠪᠡᠭᠡᠨ ᠳᠤ ᠦᠪᠡᠳᠡᠭᠰᠢ ᠶᠡᠬᠡᠪᠡᠷ ᠡᠬᠢᠯᠡᠵᠦ᠂ ᠬᠤᠯᠠ ᠶᠢᠨ ᠬᠡᠶᠢᠴᠢᠨ ᠵᠤᠴᠢᠨ᠂ ᠨᠤᠳᠤᠭ ᠤᠨ ᠮᠠᠯᠴᠢᠨ ᠲᠦᠮᠡᠨ᠂ ᠨᠠᠭᠠᠳᠤᠮᠴᠢᠨ ᠤᠶᠠᠭᠠᠴᠢᠨ ᠢᠶᠠᠨ ᠪᠠᠶᠠᠰᠬᠠᠬᠰᠠᠨ ᠨᠢᠵᠢᠭᠢᠷ ᠴᠤᠬᠯᠠᠭᠠᠨ ᠪᠤᠯᠪᠠ᠃              ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠲᠤᠭᠤᠢᠢᠯᠠᠩ ᠤᠨ ᠲᠡᠳ᠋ ᠱᠦᠵᠢ᠂ ᠲᠡᠳ᠋ ᠲᠡᠷᠢᠭᠦᠯᠡᠭᠴᠢ ᠯᠦᠸᠧ ᡁᠢ ᠬᠣ᠋ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠲᠡᠮᠡᠭᠡᠨ ᠰᠤᠶᠤᠯ ᠤᠨ ᠨᠠᠭᠠᠳᠤᠮ ᠵᠢᠴᠢ ᠠᠯᠠᠱᠠ ᠶᠢᠨ ᠪᠠᠭᠠᠳᠣᠷᠴᠣᠳ ᠤᠨ ᠴᠤᠬᠯᠠᠭᠠᠨ ᠤ ᠳᠡᠮᠡᠭᠡᠨ ᠰᠤᠶᠤᠯ ᠵᠢᠭᠤᠯᠴᠢᠯᠠᠯ ᠤᠨ ᠨᠠᠶᠢᠷ ᠡᠬᠢᠯᠡᠭᠰᠡᠨ ᠢ ᠵᠠᠷᠯᠠᠪᠠ᠃ ᠠᠶᠢᠮᠠᠬ ᠤᠨ ᠨᠠᠮ ᠤᠨ ᠬᠤᠷᠢᠶᠠᠨ ᠤ ᠱᠦᠵᠢ ᠶᠠᠩ ᠪᠦᠸᠧ᠂ ᠠᠶᠢᠮᠠᠬ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠴᠠᠰᠤᠳᠠᠢ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠦᠪᠯᠡᠯ ᠤᠨ ᠡᠷᠬᠢᠯᠡᠭᠴᠢ ᠵᠠᠩ ᠳ᠋ᠢᠶᠠᠨ ᠱᠧᠩ ᠵᠢᠴᠢ ᠠᠶᠢᠮᠠᠬ ᠤᠨ ᠲᠦᠷᠪᠡᠨ ᠲᠤᠮᠤ ᠤᠳᠤᠷᠢᠳᠬᠤ ᠪᠠᠭ ᠤᠨ ᠤᠳᠤᠷᠢᠳᠤᠯᠭ᠎ᠠ᠂ ᠨᠢᠩᠰᠢᠶᠠ᠂ ᠱᠠᠨᠰᠢ᠂ ᠭᠠᠨᠰᠤ᠂ ᠬᠦᠬᠡᠨᠠᠭᠤᠷ᠂ ᠪᠤᠭᠤᠳᠤ ᠬᠤᠳᠠ᠂ ᠬᠢᠩᠭᠠᠨ ᠠᠶᠢᠮᠠᠬ᠂ ᠰᠢᠯᠢ ᠶᠢᠨ ᠭᠤᠤᠯ ᠠᠶᠢᠮᠠᠬ᠂ ᠦᠬᠠᠢ ᠬᠤᠳᠠ᠂ ᠤᠷᠳᠤᠰ ᠬᠤᠳᠠ ᠵᠡᠷᠭᠡ ᠬᠦᠷᠰᠢ ᠵᠡᠷᠭᠡᠯᠡᠳᠡᠭᠡ ᠮᠤᠵᠢ᠂ ᠤᠷᠤᠨ᠂ ᠠᠶᠢᠮᠠᠬ ᠬᠤᠳᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠶᠤᠰᠤᠯᠠᠯ ᠳᠤ ᠤᠷᠤᠯᠴᠠᠵᠤ᠂ ᠠᠶᠢᠮᠠᠬ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠪᠠᠶᠠᠷ ᠤᠨ ᠦᠭᠡ ᠶᠠᠷᠢᠵᠤ᠂  ᠠᠶᠢᠮᠠᠬ ᠤᠨ ᠲᠡᠳ᠋ ᠲᠠᠷᠤᠭ᠎ᠠ ᠴᠢᠨ ᠶᠡᠨ ᠶᠤᠰᠤᠯᠠᠯ ᠢ ᠡᠷᠬᠢᠯᠡᠪᠡ᠃              ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠴᠦᠭᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠷᠦᠯ ᠢ ᠤᠯᠠᠮᠵᠢᠯᠠᠨ ᠪᠠᠳᠠᠷᠠᠭᠤᠯᠵᠤ᠂ ᠪᠡᠶ᠎ᠡ ᠶᠢᠨ ᠲᠠᠮᠢᠷ᠂ ᠰᠤᠶᠤᠯ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠦ᠂ ᠤᠷᠤᠨ ᠨᠤᠳᠤᠭ ᠤᠨ ᠦᠨᠳᠦᠰᠦᠳᠡᠨ ᠤ ᠤᠨᠴᠠᠯᠢᠭ ᠲᠠᠢ ᠰᠤᠶᠤᠯ ᠲᠠᠮᠢᠷ ᠤᠨ ᠨᠡᠷᠡᠳᠦ ᠲᠡᠮᠳᠡᠭ ᠢ ᠡᠭᠦᠳᠬᠦ ᠵᠤᠷᠢᠯᠭ᠎ᠠ ᠪᠠᠷ ︽ᠲᠡᠮᠡᠭᠡᠨ ᠰᠤᠶᠤᠯ ᠢ ᠤᠯᠠᠮᠵᠢᠯᠠᠨ ᠪᠠᠳᠠᠷᠠᠭᠤᠯᠵᠤ ᠵᠢᠭᠤᠯᠴᠢᠯᠠᠯ ᠤᠨ ᠦᠢᠯᠡᠰ ᠢ ᠬᠦᠭᠵᠢᠭᠦᠯᠬᠦ︾ ᠭᠤᠤᠯ ᠰᠡᠳᠦᠪᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠲᠡᠮᠡᠭᠡᠨ ᠰᠤᠶᠤᠯ ᠤᠨ ᠨᠠᠭᠠᠳᠤᠮ ᠵᠢᠴᠢ ᠠᠯᠠᠱᠠ ᠶᠢᠨ ᠪᠠᠭᠠᠳᠣᠷᠴᠣᠳ ᠤᠨ ᠴᠤᠬᠯᠠᠭᠠᠨ ᠤ ᠳᠡᠮᠡᠭᠡᠨ ᠰᠤᠶᠤᠯ ᠵᠢᠭᠤᠯᠴᠢᠯᠠᠯ ᠤᠨ ᠨᠠᠶᠢᠷ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠪᠡᠶ᠎ᠡ ᠶᠢᠨ ᠳᠠᠮᠢᠷ ᠤᠨ ᠳᠣᠪᠴᠢᠶ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠳᠠᠷᠢᠶᠠᠯᠠᠩ ᠮᠠᠯ ᠠᠵᠣ ᠠᠬᠤᠢ ᠶᠢᠨ ᠳᠢᠩᠭᠢᠮ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠦᠨᠳᠦᠰᠦᠳᠡᠨ ᠤ ᠭᠡᠷᠡᠭ ᠡᠷᠬᠢᠯᠡᠬᠦ ᠵᠦᠪᠯᠡᠯ᠂ ᠠᠯᠠᠱᠠ ᠠᠶᠢᠮᠠᠭ ᠤᠨ ᠵᠠᠬᠢᠷᠭ᠎ᠠ ᠠᠴᠠ ᠭᠤᠣᠯᠯᠠᠨ ᠡᠷᠬᠢᠯᠡᠵᠣ᠂ ᠠᠯᠠᠱᠠ ᠵᠡᠬᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠪᠡ᠃ ᠲᠤᠰ ᠡᠳᠦᠷ ᠤᠨ ᠦᠳᠡ ᠶᠢᠨ ᠡᠮᠦᠨ᠎ᠡ ᠶᠢᠨ 10 ᠴᠠᠭ ᠲᠤ᠂ 80 ᠬᠦᠮᠦᠨ ᠤ ᠰᠠᠪᠠᠷᠳᠠᠩ ᠪᠡᠶᠡᠯᠡᠭᠡ ᠪᠤᠯᠤᠨ 50 ᠬᠦᠮᠦᠨ ᠤ ︽ᠲᠦᠮᠡᠨ ᠠᠬᠳᠠ ᠶᠢᠨ ᠲᠦᠪᠡᠷᠭᠡᠨ︾ ᠮᠤᠷᠢᠨ ᠬᠤᠭᠤᠷ ᠤᠨ ᠬᠦᠭᠵᠢᠮ ᠢᠶᠠᠷ ᠨᠠᠶᠢᠷ ᠤᠨ ᠶᠤᠰᠤᠯᠠᠯ ᠡᠬᠢᠯᠡᠵᠦ᠂ ᠤᠯᠤᠰ ᠤᠨ ᠲᠤᠭ ᠤᠨ ᠠᠩᠭᠢ᠂ ᠴᠠᠭᠠᠨ ᠰᠦᠯᠳᠡ ᠶᠢᠨ ᠬᠠᠮᠠᠭᠠᠯᠠᠬᠴᠢ ᠶᠢᠨ ᠠᠩᠭᠢ᠂ ᠭᠠᠩᠭᠠᠩ ᠠᠳᠠ ᠶᠢᠨ ᠠᠩᠭᠢ᠂ ᠴᠠᠭᠠᠨ ᠲᠡᠮᠡᠭᠡᠨ ᠤ ᠠᠩᠭᠢ᠂ ᠠᠳᠤᠭᠤᠴᠢᠳ ᠤᠨ ᠠᠩᠭᠢ᠂ ᠤᠷᠤᠯᠳᠤᠭᠠᠨ ᠤ ᠲᠡᠮᠡᠭᠡᠳ ᠤᠨ ᠲᠦᠯᠦᠭᠡᠯᠡᠭᠴᠢ ᠶᠢᠨ ᠠᠩᠭᠢ᠂ ᠬᠠᠰᠠᠭ ᠲᠡᠷᠭᠡ ᠶᠢᠨ ᠠᠩᠭᠢ᠂ ᠲᠠᠮᠢᠷᠴᠢᠳ ᠪᠤᠯᠤᠨ ᠬᠢᠨᠠᠬᠴᠢᠳ ᠤᠨ ᠠᠩᠭᠢ᠂ ᠲᠡᠮᠡᠭᠡᠨ ᠠᠶᠠᠨ ᠵᠢᠩ ᠤᠨ ᠦᠵᠡᠭᠦᠯᠭᠡ ᠶᠢᠨ ᠠᠩᠭᠢ ᠵᠡᠷᠭᠡ ᠠᠷᠪᠠᠭᠠᠳ ᠲᠦᠷᠦᠯ ᠤᠨ ᠡᠩᠨᠡᠭᠡ ᠬᠢᠭᠡᠳ ᠪᠦᠬᠦ ᠤᠷᠤᠨ ᠤ ᠡᠯ᠎ᠡ ᠠᠶᠢᠮᠠᠭ ᠬᠤᠳᠠ ᠠᠴᠠ ᠬᠦᠷᠦᠯᠴᠡᠨ ᠢᠷᠡᠭᠰᠡᠨ ᠲᠦᠯᠦᠭᠡᠯᠡᠭᠴᠢ ᠶᠢᠨ ᠠᠩᠭᠢ ᠤᠷᠤᠯᠴᠠᠪᠠ᠃        ᠨᠠᠶᠢᠷ ᠤᠨ ᠡᠬᠢᠯᠡᠯᠳᠡ ᠶᠢᠨ ᠶᠤᠰᠤᠯᠠᠯ ᠳᠤ ᠮᠤᠩᠭᠤᠯ ᠤᠯᠤᠰ ᠤᠨ ᠭᠠᠪᠢᠶᠠᠳᠤ ᠵᠦᠴᠦᠭᠡᠴᠢᠨ ᠰᠠᠷᠠᠨᠳᠤᠶᠠᠭ᠎ᠠ᠂ ᠮᠠᠨ ᠤ ᠤᠷᠤᠨ ᠤ ᠠᠯᠳᠠᠷᠳᠤ ᠲᠠᠭᠤᠴᠢᠨ ᠠᠯᠳᠠᠨᠴᠡᠴᠡᠭ᠂ ᠤᠷᠤᠬᠰᠢᠯᠠᠯᠳᠠ᠂ ᠮᠦᠩᠭᠦᠨ᠂ ᠬᠠᠯᠢᠨ᠂ ᠠᠯᠳᠠᠠᠪᠦ᠋ᠷᠭᠦᠳ᠂ ᠲᠡᠮᠦᠷ ᠲᠤᠭᠤᠷᠠᠢ ᠬᠠᠮᠳᠤᠯᠢᠭ ᠪᠤᠯᠤᠨ ᠠᠯᠠᠱᠠ ᠠᠶᠢᠮᠠᠭ ᠤᠨ ᠤᠳᠬ᠎ᠠ ᠤᠷᠠᠯᠢᠭ ᠰᠤᠶᠤᠯ ᠤᠨ ᠹᠷᠤᠨᠲ ᠤᠨ ᠨᠡᠷᠡᠳᠦ ᠤᠷᠠᠯᠢᠬᠴᠢᠳ ᠠᠴᠠ ᠲᠠᠭᠤᠤ ᠪᠦᠵᠢᠭ ᠤᠨ ᠲᠤᠬᠯᠠᠯᠳᠠ ᠭᠠᠷᠭᠠᠵᠤ᠂ ᠨᠠᠭᠠᠳᠤᠮ ᠳᠤ ᠬᠦᠭ ᠪᠠᠶᠠᠷ ᠨᠡᠮᠡᠷᠢᠯᠡᠪᠠ᠃ ᠶᠤᠰᠤᠯᠠᠯ ᠳᠡᠭᠡᠷ᠎ᠠ ᠡᠵᠡᠨ ᠴᠢᠩᠭᠢᠰ ᠤᠨ ᠰᠢᠷ᠎ᠠ ᠬᠠᠰᠠᠭ ᠢ ᠬᠦᠯᠬᠦ ᠴᠠᠭᠠᠨ ᠲᠡᠮᠡᠭᠡᠨ ᠤ ᠲᠠᠬᠢᠯᠭ᠎ᠠ ᠶᠢᠨ ᠠᠵᠢᠯᠯᠠᠭ᠎ᠠ ᠶᠠᠪᠤᠬᠳᠠᠵᠤ᠂ 9 ᠴᠠᠭᠠᠨ ᠪᠤᠳᠤᠭᠤ᠂ 9 ᠴᠠᠭᠠᠨ ᠢᠩᠭᠡ᠂ 9 ᠴᠠᠭᠠᠨ ᠠᠳᠠ᠂ 3 ᠴᠠᠭᠠᠨ ᠪᠤᠤᠷ᠎ᠠ ᠨᠡᠶᠢᠳᠡ 30 ᠴᠠᠭᠠᠨ ᠲᠡᠮᠡᠭᠡ ᠶᠢ ᠮᠢᠯᠢᠶᠠᠵᠤ᠂ ᠦᠩ ᠦᠷᠭᠡᠨ ᠠᠯᠠᠱᠠ ᠶᠢᠨ ᠦᠨᠳᠦᠷ ᠰᠦᠷᠯᠢᠭ ᠲᠡᠮᠡᠭᠡᠳ ᠦᠨᠢᠷ ᠵᠤᠵᠠᠭᠠᠨ ᠦᠰᠬᠦ ᠶᠢᠨ ᠬᠡᠰᠢᠭ ᠪᠤᠶᠠᠨ ᠬᠤᠷᠦ᠋ᠢᠯᠠᠬᠰᠠᠨ ᠪᠠᠶᠢᠨ᠎ᠠ᠃              ᠳᠣᠰ ᠣᠳᠠᠭᠠᠨ ᠤ ᠨᠠᠭᠠᠳᠤᠮ ᠨᠢ 12 ᠰᠠᠷ᠎ᠠ ᠶᠢᠨ 27 ᠤ ᠡᠳᠣᠷ ᠠᠴᠠ 29 ᠤ ᠡᠳᠣᠷ ᠪᠣᠯᠳᠠᠯ᠎ᠠ ᠪᠦᠬᠦᠯᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠬᠳᠠᠬᠤ ᠪᠤᠯᠤᠨ᠎ᠠ᠃ ᠨᠠᠶᠢᠷ ᠢ ᠵᠤᠬᠢᠶᠠᠨ ᠪᠠᠶᠢᠭᠤᠯᠵᠤ ᠡᠷᠬᠢᠯᠡᠭᠰᠡᠨ ᠲᠠᠯ᠎ᠠ ᠠᠴᠠ ᠬᠠᠯᠢᠭᠤᠴᠢᠭᠡᠭᠦᠦ ᠭᠤᠤᠯ ᠤᠨ ᠲᠠᠯᠠᠪᠤᠷ ᠪᠤᠯᠤᠨ ᠪᠠᠶᠠᠨᠬᠤᠳᠠ ᠶᠢᠨ ᠲᠡᠮᠡᠭᠡᠨ ᠤᠷᠤᠯᠳᠤᠭᠠᠨ ᠤ ᠲᠠᠯᠠᠪᠤᠷ ᠭᠡᠵᠦ ᠬᠤᠶᠠᠷ ᠲᠠᠯᠠᠪᠤᠷ ᠬᠤᠪᠢᠶᠠᠵᠡᠢ᠃ ᠬᠠᠯᠢᠭᠤᠴᠢᠭᠡᠬᠦᠣ ᠭᠤᠤᠯ ᠤᠨ ᠲᠠᠯᠠᠪᠤᠷ ᠲᠤ 4000 ᠳᠡᠮᠡᠭᠡ ᠴᠤᠬᠯᠠᠷᠠᠵᠤ᠂ ᠨᠠᠭᠠᠳᠤᠮ ᠤᠨ ᠡᠬᠢᠯᠡᠯᠳᠡ ᠶᠢᠨ ᠶᠤᠰᠤᠯᠠᠯ᠂ ᠤᠷᠠᠨ ᠰᠠᠶᠢᠬᠠᠨ ᠤ ᠲᠤᠬᠯᠠᠯᠳᠠ᠂ ᠲᠡᠮᠡᠭᠡᠨ ᠤ ᠭᠡᠷᠡᠯ ᠵᠢᠷᠤᠭ ᠤᠨ ᠲᠡᠯᠭᠡᠨ ᠦᠵᠡᠭᠦᠯᠭᠡ᠂ ᠲᠡᠮᠡᠭᠡᠨ ᠠᠶᠠᠨ ᠵᠢᠩ ᠤᠨ ᠦᠵᠡᠭᠦᠯᠭᠡ᠂ ᠭᠡᠷᠡᠯ ᠵᠢᠷᠤᠬᠴᠢᠳ ᠤᠨ ᠲᠡᠮᠡᠭᠡ ᠰᠡᠭᠦᠳᠡᠷᠯᠡᠬᠦ ᠤᠷᠤᠯᠳᠤᠭᠠᠨ᠂ ᠮᠠᠰᠢᠨ ᠲᠡᠷᠭᠡᠨ ᠤ ᠺᠯᠦ᠋ᠪ ᠤᠨ ᠡᠯᠡᠰᠦ ᠮᠠᠩᠬᠠᠨ ᠤ ᠪᠠᠷᠳᠠᠭ᠎ᠠ ᠲᠤᠭᠤᠯᠬᠤ ᠤᠷᠤᠯᠳᠤᠭᠠᠨ ᠵᠡᠷᠭᠡ ᠠᠭᠤᠯᠭ᠎ᠠ ᠨᠤᠭᠤᠳ ᠢ ᠲᠤᠬᠢᠷᠠᠭᠤᠯᠵᠤ᠂ ᠪᠠᠶᠠᠨᠬᠤᠳᠠ ᠶᠢᠨ ᠳᠡᠮᠡᠭᠡᠨ ᠣᠷᠣᠯᠳᠣᠭᠠᠨ ᠤ ᠲᠠᠯᠠᠪᠤᠷ ᠲᠤ 6000 ᠳᠡᠮᠡᠭᠡ ᠴᠤᠬᠯᠠᠷᠠᠵᠤ᠂ ᠬᠤᠷᠳᠣᠨ ᠳᠡᠮᠡᠭᠡᠨ ᠤ 2000 ᠮᠧᠲᠷ᠂ 5000 ᠮᠧᠲᠷ᠂ 8000 ᠮᠧᠲᠷ ᠤᠨ ᠤᠷᠤᠯᠳᠤᠭᠠᠨ᠂ ᠭᠤᠨᠠᠨ ᠳᠡᠮᠡᠭᠡᠨ ᠤ 3000 ᠮᠧᠲᠷ ᠤᠨ ᠣᠷᠣᠯᠳᠣᠭᠠᠨ᠂ 15 ᠺᠢᠯᠣᠮᠧᠲᠷ ᠤᠨ ᠬᠤᠯᠠ ᠶᠢᠨ ᠲᠡᠮᠡᠭᠡᠨ ᠤ ᠣᠷᠣᠯᠳᠣᠭᠠᠨ᠂ 4X2000 ᠮᠧᠲᠷ ᠤᠨ ᠬᠦᠴᠣ ᠵᠠᠯᠭᠠᠬᠤ ᠣᠷᠣᠯᠳᠣᠭᠠᠨ᠂ ᠳᠡᠮᠡᠭᠡᠨ ᠨᠠᠮᠨᠠᠭ᠎ᠠ᠂ ᠳᠡᠮᠡᠭᠡᠨ ᠪᠦᠮᠪᠦᠭᠡᠨ ᠣᠷᠣᠯᠳᠣᠭᠠᠨ ᠠᠴᠠ ᠭᠠᠳᠠᠨ᠎ᠠ ᠲᠠᠶᠢᠯᠤᠭ᠂ ᠢᠩᠭᠡ᠂ ᠠᠳᠠᠨ ᠲᠡᠮᠡᠭᠡᠨ ᠤ ᠠᠳᠠᠯᠢᠳᠬᠠᠯ᠂ ᠪᠤᠷᠠᠨᠳᠠᠭ ᠲᠠᠮᠤᠬᠤ᠂ ᠪᠤᠶᠢᠯᠠ ᠵᠤᠷᠭᠤᠬᠤ᠂ ᠡᠮᠨᠢᠭ ᠰᠤᠷᠭᠠᠬᠤ᠂ ᠢᠩᠭᠡ ᠰᠠᠭᠠᠬᠤ᠂ ᠳᠡᠮᠡᠭᠡᠨ ᠡᠬᠦᠳᠡᠨ ᠪᠦᠮᠪᠦᠭᠡ᠂ ᠲᠡᠮᠡᠭᠡᠨ ᠠᠶᠠᠨ ᠵᠢᠩ ᠤᠨ ᠦᠵᠡᠭᠦᠯᠭᠡ᠂ ᠲᠡᠮᠡᠭᠡᠨ ᠤ ᠭᠡᠷᠡᠯ ᠵᠢᠷᠤᠭ ᠤᠨ ᠲᠡᠯᠭᠡᠨ ᠦᠵᠡᠭᠦᠯᠭᠡ ᠵᠡᠷᠭᠡ ᠠᠭᠤᠯᠭ᠎ᠠ ᠶᠢ ᠲᠤᠬᠢᠷᠠᠭᠤᠯᠤᠬᠰᠠᠨ ᠪᠠᠶᠢᠨ᠎ᠠ᠃ ᠦᠢᠯᠠᠭᠠᠬᠰᠠᠨ ᠢᠶᠠᠷ᠂ ᠲᠤᠰ ᠤᠳᠠᠭᠠᠨ ᠤ ᠲᠡᠮᠡᠭᠡᠨ ᠰᠤᠶᠤᠯ ᠤᠨ ᠨᠠᠭᠠᠳᠤᠮ ᠤᠨ ᠬᠤᠭᠤᠴᠠᠭᠠᠨ ᠳᠤ ᠤᠷᠠᠨ ᠰᠠᠶᠢᠬᠠᠨ ᠤ ᠲᠤᠰᠬᠠᠢ ᠲᠠᠯᠠᠪᠠᠢ ᠶᠢᠨ ᠲᠤᠬᠯᠠᠯᠳᠠ᠂ ᠲᠡᠮᠡᠭᠡᠨ ᠤ ᠠᠵᠤ ᠦᠢᠯᠡᠰ ᠤᠨ ᠪᠦᠳᠦᠭᠡᠭᠳᠡᠭᠦᠨ᠂ ᠠᠯᠠᠱᠠ ᠶᠢᠨ  ᠵᠢᠭᠤᠯᠴᠢᠯᠠᠯ ᠤᠨ ᠪᠤᠳᠠᠰ᠂ ᠣᠯᠠᠨ ᠣᠯᠣᠰ ᠤᠨ ᠪᠠᠷᠠᠭ᠎ᠠ ᠳᠠᠸᠠᠷ ᠤᠨ ᠲᠡᠯᠭᠡᠨ ᠪᠣᠷᠣᠯᠠᠭᠤᠯᠭ᠎ᠠ᠂ ᠠᠯᠠᠱᠠ ᠬᠤᠱᠣᠳ ᠬᠤᠷᠢᠮ ᠪᠤᠯᠤᠨ ᠠᠯᠠᠱᠠ ᠨᠣᠶᠠᠨ ᠤ ᠳᠠᠶᠢᠯᠠᠯᠭ᠎ᠠ ᠶᠢᠨ ᠳᠣᠭᠯᠠᠯᠳᠠ ᠪᠠᠶᠢᠬᠤ ᠠᠴᠠ ᠭᠠᠳᠠᠨ᠎ᠠ ᠵᠤᠭᠠᠴᠠᠬᠰᠠᠳ ᠲᠤ ᠵᠤᠷᠢᠭᠤᠯᠤᠨ ᠮᠣᠷᠢ ᠳᠡᠮᠡᠭᠡ ᠣᠨᠣᠬᠤ᠂ ᠡᠯ᠎ᠡ ᠵᠦᠢᠯ ᠤᠨ ᠠᠮᠳᠠᠳᠣ ᠢᠳᠡᠭᠡᠨ ᠣᠮᠳᠠᠭᠠᠨ ᠤ ᠠᠷᠠᠯᠵᠢᠶ᠎ᠠ ᠬᠤᠳᠠᠯᠳᠤᠭ᠎ᠠ᠂ ᠮᠢᠩᠭᠠᠨ ᠬᠦᠮᠦᠨ ᠤ ᠬᠠᠯᠠᠭᠤᠨ ᠳᠣᠭᠤᠭ᠎ᠠ ᠶᠢᠨ ᠵᠠᠭᠤᠰᠢ᠂ ᠮᠦᠰᠣ ᠳᠠᠰᠢᠬᠦ ᠵᠡᠷᠭᠡ ᠵᠤᠭ᠎ᠠ ᠳᠣᠭᠯᠠᠭᠠᠮ ᠤᠨ ᠡᠯᠪᠡᠭ ᠪᠠᠶᠠᠯᠢᠭ ᠠᠭᠤᠯᠭ᠎ᠠ ᠶᠢ ᠲᠤᠬᠢᠷᠠᠭᠤᠯᠵᠤ᠂ ᠨᠠᠶᠢᠷ ᠤᠨ ᠦᠵᠡᠭᠴᠢ᠂ ᠨᠠᠭᠠᠳᠤᠮᠴᠢᠨ᠂ ᠲᠤᠭᠤᠷᠢᠨ ᠵᠤᠭᠠᠴᠠᠬᠰᠠᠳ ᠤᠨ ᠬᠠᠷᠠᠭ᠎ᠠ ᠶᠢ ᠮᠢᠯᠢᠶᠠᠨ ᠰᠡᠳᠭᠢᠯ ᠢ ᠪᠠᠶᠠᠰᠬᠠᠵᠤ᠂ ᠲᠡᠮᠡᠭᠡ ᠮᠠᠯᠵᠢᠯ ᠤᠨ ᠰᠤᠶᠤᠯ᠂ ᠤᠯᠠᠮᠵᠢᠯᠠᠯᠳᠤ ᠪᠡᠶ᠎ᠡ ᠲᠠᠮᠢᠷ ᠤᠨ ᠬᠦᠳᠡᠯᠭᠡᠭᠡᠨ ᠪᠤᠯᠤᠨ ᠠᠶᠠᠯᠠᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ ᠪᠠᠷ ᠲᠠᠮᠵᠢᠭᠤᠯᠤᠨ ᠠᠯᠠᠱᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠠᠬᠢᠭᠤᠯᠬᠤ ᠪᠤᠯᠤᠨ᠎ᠠ᠃              ︽ᠲᠤᠮᠳᠠᠳᠤ ᠤᠯᠤᠰ ᠤᠨ ᠲᠡᠮᠡᠭᠡᠳᠦ ᠨᠤᠳᠤᠭ︾ ᠭᠡᠮᠡᠨ ᠠᠯᠳᠠᠷᠰᠢᠬᠰᠠᠨ ᠠᠯᠠᠱᠠ ᠶᠢᠨ ᠬᠤᠤᠰ ᠪᠦᠬᠦᠳᠦ ᠲᠡᠮᠡᠭᠡ ᠲᠡᠭᠡᠷ᠎ᠡ ᠵᠠᠭᠤᠨ ᠤ ᠨᠠᠶᠠᠭᠠᠳ ᠤᠨ ᠤ ᠦᠶ᠎ᠡ ᠳᠤ ᠬᠠᠮᠤᠭ ᠤᠯᠠᠨ ᠳᠠᠭᠠᠨ 25 ᠲᠦᠮᠡᠨ ᠲᠤᠯᠤᠭᠠᠢ ᠳᠤ ᠬᠦᠷᠴᠦ ᠪᠠᠶᠢᠬᠰᠠᠨ ᠲᠡᠤᠬᠡ ᠲᠠᠢ ᠮᠦᠷᠳᠡᠭᠡᠨ ᠤᠳᠤ ᠪᠦᠬᠦ ᠠᠶᠢᠮᠠᠭ ᠤᠨ ᠲᠡᠮᠡᠭᠡᠨ ᠤ ᠲᠤᠭ᠎ᠠ 10 ᠲᠦᠮᠡ ᠶᠢ ᠲᠠᠪᠠᠵᠤ᠂ ᠪᠦᠬᠦ ᠤᠯᠤᠰ ᠤᠨ ᠲᠡᠮᠡᠭᠡᠨ ᠤ ᠶᠡᠷᠦᠩᠬᠡᠢ ᠲᠤᠭᠠᠨ ᠤ ᠭᠤᠷᠪᠠᠨ ᠤ ᠨᠢᠭᠡ ᠶᠢ ᠡᠵᠡᠯᠡᠵᠦ᠂ ᠮᠠᠨ ᠤ ᠤᠯᠤᠰ ᠤᠨ ᠲᠡᠮᠡᠭᠡᠨ ᠤ ᠭᠠᠷᠤᠯᠳᠠ ᠶᠢᠨ ᠭᠤᠤᠯ ᠰᠠᠭᠤᠷᠢᠨ ᠭᠠᠵᠠᠷ ᠪᠤᠯᠤᠬᠰᠠᠨ ᠪᠠᠶᠢᠨ᠎ᠠ᠃ ᠲᠤᠰ ᠤᠳᠠᠭᠠᠨ ᠤ ᠲᠡᠮᠡᠭᠡᠨ ᠰᠤᠶᠤᠯ ᠤᠨ ᠨᠠᠭᠠᠳᠤᠮ ᠳᠤ ᠠᠯᠠᠱᠠ ᠵᠡᠭᠦᠨ ᠬᠤᠰᠢᠭᠤᠨ ᠤ ᠡᠯ᠎ᠡ ᠰᠤᠮᠤ ᠪᠠᠯᠭᠠᠰᠤᠨ ᠠᠴᠠ ᠲᠦᠮᠡᠨ ᠲᠡᠮᠡᠭᠡ ᠴᠤᠬᠯᠠᠷᠠᠬᠰᠠᠨ ᠠᠴᠠ ᠭᠠᠳᠠᠨ᠎ᠠ ᠡᠯ᠎ᠡ ᠲᠦᠷᠦᠯ ᠤᠨ ᠤᠷᠤᠯᠳᠤᠭᠠᠨ ᠳᠤ 460 ᠭᠠᠷᠤᠢ ᠲᠡᠮᠡᠭᠡ ᠤᠷᠤᠯᠴᠠᠬᠤ ᠪᠠᠷ ᠨᠠᠭᠠᠳᠤᠮ ᠤᠨ ᠲᠠᠯᠠᠪᠠᠢ ᠳᠤ ᠢᠷᠡᠵᠡᠢ᠃ ᠤᠶᠠᠭ᠎ᠠ ᠪᠠᠨ ᠲᠤᠭᠤᠷᠢᠭᠠᠳ ᠡᠷᠬᠢᠬᠦ ᠳᠤ ᠠᠭᠤᠵᠢᠮ ᠲᠡᠯᠡᠬᠡᠢ ᠪᠠᠭᠠᠳᠠᠭᠠᠳ ᠪᠠᠶᠢᠳᠠᠭ ︽ᠲᠡᠭᠷᠢ ᠶᠢᠨ ᠪᠤᠳᠤᠭᠤ︾ ᠶᠢᠨ ᠨᠤᠳᠤᠭ ᠲᠤ ᠶᠠᠪᠤᠬᠳᠠᠵᠤ ᠪᠠᠶᠢᠭ᠎ᠠ ᠨᠢᠵᠢᠭᠢᠷ ᠶᠡᠭᠡ ᠨᠠᠶᠢᠷ ᠨᠢ ᠪᠦᠬᠦ ᠤᠷᠤᠨ᠂ ᠴᠢᠨᠠᠬᠰᠢᠯᠠᠭᠠᠳ ᠪᠦᠬᠦ ᠤᠯᠤᠰ ᠤᠨ ᠲᠡᠮᠡᠭᠡᠨ ᠤ ᠤᠯᠠᠮᠵᠢᠯᠠᠯᠳᠤ ᠰᠤᠶᠤᠯ ᠢ ᠦᠪᠯᠡᠨ ᠤᠯᠠᠮᠵᠢᠯᠠᠵᠤ᠂ ᠲᠡᠮᠡᠭᠡ ᠮᠠᠯᠵᠢᠯ ᠤᠨ ᠠᠷᠭ᠎ᠠ ᠲᠤᠷᠰᠢᠯᠭ᠎ᠠ ᠪᠠᠨ ᠰᠤᠯᠢᠯᠴᠠᠨ᠂ ᠲᠡᠮᠡᠭᠡᠨ ᠤ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠪᠠᠷ ᠪᠠᠷᠠᠬᠤ ᠦᠭᠡᠢ ᠲᠡᠮᠡᠭᠡᠳᠦ ᠨᠤᠳᠤᠭ ᠦᠩ ᠦᠷᠭᠡᠨ ᠠᠯᠠᠱᠠ ᠶᠢᠨ ᠠᠯᠳᠠᠷ ᠨᠡᠷ᠎ᠡ ᠶᠢ ᠲᠡᠯᠡᠬᠡᠢ ᠲᠠᠶᠠᠭᠠᠷ ᠲᠤ ᠲᠠᠭᠤᠷᠢᠰᠤᠭᠤᠯᠬᠤ ᠨᠢ ᠯᠠᠪᠳᠠᠢ᠃                                (ᠵᠣᠬᠢᠶᠠᠭᠴᠢ᠄ ᠨᠠᠷᠠᠨ᠎ᠠ     ᠰᠡᠴᠡᠨᠪᠠᠳᠤ      ᠪᠠᠭᠠᠨ᠎ᠠ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号