3 ᠰᠠᠷ᠎ᠠ ᠶᠢᠨ 13 ᠤ ᠡᠳᠤᠷ᠂ ᠲᠤᠮᠳᠠᠳᠤ ᠤᠯᠤᠰ ᠤᠨ ᠢᠷᠠᠭᠤ ᠨᠠᠶᠢᠷᠠᠭ ᠤᠨ ᠨᠡᠶᠢᠭᠡᠮᠯᠢᠭ ᠠᠴᠠ ᠠᠯᠠᠱᠠ | ᠪᠠᠷᠠᠭᠤᠨ ᠬᠤᠰᠢᠭᠤ ᠶᠢ ︽ᠲᠤᠮᠳᠠᠳᠤ ᠤᠯᠤᠰ ᠤᠨ ᠢᠷᠠᠭᠤ ᠨᠠᠶᠢᠷᠠᠭ ᠤᠨ ᠨᠤᠲᠤᠭ︾ ᠢᠶᠠᠷ ᠦᠨᠠᠯᠠᠪᠠ᠃ ᠡᠨᠡ ᠪᠣᠯ | ᠦᠪᠠᠷᠳᠠᠭᠡᠨ ᠵᠠᠰᠠᠬᠤ ᠤᠷᠤᠨ ᠤ 103 ᠬᠤᠰᠢᠭᠤ ᠰᠢᠶᠠᠨ ᠠᠴᠠ ᠠᠩᠬᠠᠳᠠᠭᠴᠢ ︽ᠲᠤᠮᠳᠠᠳᠤ ᠤᠯᠤᠰ ᠤᠨ ᠢᠷᠠᠭᠤ | ᠨᠠᠶᠢᠷᠠᠭ ᠤᠨ ᠨᠤᠲᠤᠭ︾ ᠢᠶᠠᠷ ᠦᠨᠡᠯᠡᠭᠳᠡᠭᠰᠡᠨ ᠬᠤᠰᠢᠭᠤ ᠪᠤᠯᠤᠨ᠎ᠠ᠃ | ᠨᠢᠳᠤᠨᠤᠨ ᠠᠯᠠᠱᠠ ᠪᠠᠷᠠᠭᠤᠨ ᠬᠤᠰᠢᠭᠤ ︽ᠨᠠᠶᠢᠷᠠᠭ ᠤᠨ ᠴᠡᠩᠭᠡᠭᠦᠨ ᠮᠠᠨᠳᠤᠯ︾ ᠪᠦᠬᠦ ᠤᠯᠤᠰ ᠤᠨ ᠨᠡᠷ᠎ᠡ | ᠬᠦᠨᠳᠤᠳᠤ ᠢᠷᠠᠭᠤ ᠨᠠᠶᠢᠷᠠᠭᠴᠢᠳ ᠤᠨ ᠰᠤᠷᠪᠤᠯᠵᠢᠯᠠᠨ ᠠᠶᠠᠯᠠᠬᠤ ᠠᠵᠢᠯᠯᠠᠭ᠎ᠠ ᠦᠷᠨᠢᠬᠦᠯᠤᠨ᠂ ᠪᠦᠬᠦ ᠤᠯᠤᠰ ᠤᠨ | 30 ᠭᠠᠷᠤᠢ ᠨᠡᠷ᠎ᠡ ᠬᠦᠨᠳᠦᠳᠦ ᠰᠢᠯᠦᠭᠴᠢᠳ ᠬᠦᠷᠦᠯᠴᠡᠨ ᠢᠷᠡᠵᠦ᠂ ᠠᠯᠠᠱᠠ ᠪᠠᠷᠠᠭᠤᠨ ᠬᠤᠰᠢᠭᠤᠨ ᠤ ᠮᠠᠨᠳᠤᠯ | ᠠᠭᠤᠯᠠᠨ ᠤ ᠬᠠᠳᠠᠨ ᠵᠢᠷᠤᠭ᠂ ᠪᠠᠲᠠᠢ ᠶᠢᠨ ᠵᠢᠷᠠᠨ᠂ ᠡᠷᠪᠡᠭᠡᠢ ᠶᠢᠨ ᠬᠠᠪᠴᠢᠯ ᠵᠡᠷᠭᠡ ᠭᠠᠵᠠᠷ ᠤᠷᠤᠨ ᠢᠶᠠᠷ ᠠᠶᠠᠯᠠᠨ᠂ | 400 ᠭᠠᠷᠤᠢ ᠰᠢᠯᠢᠳᠡᠭ ᠪᠦᠳᠦᠭᠡᠯ ᠲᠤᠭᠤᠷᠪᠢᠠᠠᠰᠡᠨ ᠠᠴᠠ ᠲᠤᠮᠳᠠᠳᠤ ᠤᠯᠤᠰ ᠤᠨ ᠢᠷᠠᠭᠤ ᠨᠠᠶᠢᠷᠠᠭ ᠤᠨ | ᠨᠡᠶᠢᠭᠡᠮᠯᠢᠭ ᠤᠨ ᠠᠩᠬᠠᠷᠤᠯ ᠢ ᠶᠡᠬᠡᠪᠡᠷ ᠲᠠᠳᠠᠭᠰᠡᠨ ᠪᠠᠶᠢᠨ᠎ᠠ᠃ | ︽ᠨᠠᠶᠢᠷᠠᠭ ᠤᠨ ᠴᠡᠩᠭᠡᠭᠦᠨ ᠮᠠᠨᠳᠤᠯ︾ ᠰᠤᠷᠪᠤᠯᠵᠢᠯᠠᠨ ᠠᠶᠠᠯᠠᠬᠤ ᠠᠵᠢᠯᠯᠠᠭᠠᠨ ᠳᠤ ᠤᠷᠤᠯᠴᠠᠭᠰᠡᠨ | ᠰᠢᠯᠤᠭ᠍ᠴᠢᠳ ᠤᠨ ᠲᠡᠮᠵᠢᠯᠭᠡ᠂ ᠠᠯᠠᠱᠠ ᠪᠠᠷᠠᠭᠤᠨ ᠬᠤᠰᠢᠭᠤᠨ ᠤ ᠤᠷᠳᠤ ᠬᠤᠭᠤᠴᠠᠭᠠᠨ ᠤ ᠴᠢᠷᠮᠠᠶᠢᠯᠭ᠎ᠠ ᠪᠠᠷ ᠡᠨᠡ | ᠵᠢᠯ ᠤᠨ 1 ᠰᠠᠷ᠎ᠠ ᠶᠢᠨ ᠡᠬᠢ ᠪᠠᠷ ᠲᠤᠮᠳᠠᠳᠤ ᠤᠯᠤᠰ ᠤᠨ ᠢᠷᠠᠭᠤ ᠨᠠᠶᠢᠷᠠᠭ ᠤᠨ ᠨᠡᠶᠢᠭᠡᠮᠯᠢᠭ ᠤᠨ ᠬᠢᠨ ᠠᠯᠠᠱᠠ | ᠪᠠᠷᠠᠭᠤᠨ ᠬᠤᠰᠢᠭᠤᠨ ᠳᠤ ᠬᠦᠷᠴᠦ ᠪᠤᠳᠠᠳᠤ ᠪᠠᠶᠢᠴᠠᠭᠠᠯᠲᠠ ᠪᠤᠯᠤᠨ ᠶᠠᠷᠢᠯᠴᠠᠬᠤ ᠬᠤᠷᠠᠯ ᠦᠷᠨᠢᠬᠦᠯᠵᠦ᠂ | ᠦᠨᠳᠦᠰᠦᠳᠡᠨ ᠤ ᠰᠤᠶᠤᠯ ᠤᠷᠠᠯᠢᠭ ᠢᠶᠠᠨ ᠶᠡᠬᠡᠪᠡᠷ ᠴᠡᠴᠡᠭᠯᠡᠭᠦᠯᠦᠨ ᠭᠦᠭᠵᠢᠬᠦᠯᠵᠦ ᠪᠠᠶᠢᠭ᠎ᠠ ᠪᠠᠶᠢᠳᠠᠯ ᠳᠤ ᠦᠨᠳᠦᠷ | ᠦᠨᠡᠯᠡᠯᠲᠡ ᠥᠭᠪᠡ᠃ ᠡᠬᠦᠨ ᠠᠴᠠ ᠭᠠᠳᠠᠨ᠎ᠠ᠂ ᠠᠯᠠᠱᠠ ᠪᠠᠷᠠᠭᠤᠨ ᠬᠤᠰᠢᠭᠤ ᠤᠶᠢᠷ᠎ᠠ ᠶᠢᠨ ᠵᠢᠯ ᠤᠳ ᠲᠤ ︽ | ᠲᠠᠯᠠᠨ ᠲᠦᠷᠦᠬᠦᠤ︾ ︽ᠰᠦ ᠶᠢᠨ ᠰᠠᠴᠤᠯᠢ︾ ︽ᠲᠡᠯᠡᠬᠡᠢ ᠶᠢᠨ ᠢᠷᠠᠭᠤ ᠨᠠᠶᠢᠷᠠᠭ ᠤᠨ ᠡᠳᠦᠷ ᠤᠨ ᠰᠢᠯᠦᠭ ᠤᠨ | ᠨᠠᠭᠠᠳᠤᠮ︾ ︽ᠴᠢᠩᠬᠢᠰ ᠤᠨ ᠠᠯᠳᠠᠨ ᠲᠡᠪᠰᠢ︾ ᠵᠡᠷᠭᠡ ᠮᠠᠰᠢ ᠤᠯᠠᠨ ᠢᠷᠠᠭᠤ ᠨᠠᠶᠢᠷᠠᠭ᠂ ᠤᠷᠠᠨ ᠵᠤᠬᠢᠶᠠᠯ ᠤᠨ | ᠤᠷᠤᠯᠳᠤᠭᠠᠨ ᠢ ᠵᠤᠬᠢᠶᠠᠨ ᠪᠠᠶᠢᠭᠤᠯᠤᠭᠰᠠᠨ ᠪᠦᠭᠡᠳ ᠨᠢᠭᠡ ᠪᠦᠯᠦᠭ ᠤᠷᠠᠨ ᠵᠤᠬᠢᠶᠠᠯᠴᠢ ᠨᠡᠷ᠎ᠠ ᠠᠯᠳᠠᠷ ᠢᠶᠠᠨ ᠤᠯᠤᠰ | ᠲᠠᠶᠠᠭᠠᠷ ᠲᠤ ᠠᠯᠳᠠᠷᠰᠢᠭᠤᠯᠤᠭᠰᠠᠨ ᠪᠠᠶᠢᠨ᠎ᠠ᠃ | ᠠᠯᠠᠱᠠ ᠪᠠᠷᠠᠭᠤᠨ ᠬᠤᠰᠢᠭᠤ ︽ᠲᠤᠮᠳᠠᠳᠤ ᠤᠯᠤᠰ ᠤᠨ ᠢᠷᠠᠭᠤ ᠨᠠᠶᠢᠷᠠᠭ ᠤᠨ ᠨᠤᠲᠤᠭ︾ ᠢᠶᠠᠷ | ᠦᠨᠡᠯᠡᠭᠳᠡᠭᠰᠡᠨ ᠨᠢ ᠠᠯᠠᠱᠠ ᠪᠠᠷᠠᠭᠤᠨ ᠬᠤᠰᠢᠭᠤᠨ ᠤ ᠬᠤᠶᠢᠰᠢᠳᠠ ᠶᠢᠨ ᠢᠷᠠᠭᠤ ᠨᠠᠶᠢᠷᠠᠭ ᠤᠨ ᠨᠠᠭᠠᠳᠤᠮ | ᠦᠷᠨᠢᠭᠦᠯᠬᠦ ᠳᠤ ᠵᠢᠯᠤᠭᠤᠳᠤᠮᠵᠢ ᠬᠠᠩᠭᠠᠬᠤ ᠪᠦᠭᠡᠳ ᠠᠯᠠᠱᠠ ᠪᠠᠷᠠᠭᠤᠨ ᠬᠤᠰᠢᠭᠤᠨ ᠤ ᠢᠷᠠᠭᠤ ᠨᠠᠶᠢᠷᠠᠭᠴᠢᠳ ᠪᠠ | ᠪᠦᠭᠦ ᠤᠯᠤᠰ ᠤᠨ ᠨᠡᠷ᠎ᠡ ᠬᠦᠨᠳᠦᠳᠦ ᠰᠢᠯᠦᠭᠴᠢᠳ ᠤᠨ ᠬᠤᠭᠤᠷᠤᠨᠲᠤᠬᠢ ᠰᠤᠯᠢᠯᠴᠠᠭ᠎ᠠ ᠶᠠᠪᠤᠯᠴᠠᠭ᠎ᠠ ᠶᠢ | ᠴᠢᠩᠭᠠᠳᠬᠠᠨ᠂ ᠰᠢᠯᠢᠳᠡᠭ ᠪᠦᠳᠦᠭᠡᠯ ᠪᠦᠳᠦᠭᠡᠬᠦ᠂ ᠠᠯᠠᠱᠠ ᠪᠠᠷᠠᠭᠤᠨ ᠬᠤᠰᠢᠭᠤ ᠶᠢ ᠢᠷᠠᠭᠤ ᠨᠠᠶᠢᠷᠠᠭ ᠤᠨ ᠨᠡᠷᠡᠳᠤ | ᠤᠷᠤᠨ ᠪᠤᠯᠭᠠᠨ ᠪᠦᠳᠦᠭᠡᠨ ᠪᠠᠶᠢᠭᠤᠯᠬᠤ ᠳᠤ ᠠᠬᠢᠭᠤᠯᠬᠤ ᠦᠢᠯᠡᠳᠦᠯ ᠦᠵᠡᠬᠦᠯᠬᠦ ᠪᠤᠯᠤᠨ᠎ᠠ᠃ |