ᠡᠵᠡᠨ᠎ᠠ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠠᠵᠣ ᠣᠶᠢᠯᠠᠰ ᠤᠨ ᠪᠦᠲᠦᠴᠨ ᠶᠢ ᠰᠢᠯᠢᠳᠡᠭᠵᠢᠭᠦᠯᠵᠦ ᠬᠡᠯᠪᠠᠷᠢ ᠬᠤᠪᠢᠷᠠᠭᠤᠯᠬᠤ ᠠᠬᠢᠴᠠ ᠪᠠᠨ ᠲᠦᠷᠭᠡᠳᠬᠡᠵᠤ ᠪᠠᠶᠢᠨ᠎ᠠ
ᠨᠡᠶᠢᠲᠡᠯᠡᠭᠰᠡᠨ ᠴᠠᠭ᠄
2018/3/30
       ᠣᠷᠴᠢᠮ ᠤᠨ ᠵᠢᠯ ᠳᠤ᠂ ᠡᠵᠡᠨ᠎ᠡ ᠬᠤᠰᠢᠭᠤ ᠦᠷᠭᠡᠨ ᠣᠯᠠᠨ ᠮᠠᠯᠴᠢᠨ ᠲᠠᠷᠢᠶᠠᠴᠢᠳ ᠢᠶᠠᠨ ᠲᠠᠭᠠᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠠᠵᠣ ᠣᠶᠢᠯᠠᠰ ᠤᠨ ᠪᠦᠲᠦᠴᠨ ᠶᠢ ᠰᠢᠯᠢᠳᠡᠭᠵᠢᠭᠦᠯᠵᠦ ᠬᠡᠯᠪᠠᠷᠢ ᠬᠤᠪᠢᠷᠠᠭᠤᠯᠬᠤ ᠶᠢ ᠦᠨᠡᠨᠬᠦ ᠰᠠᠶᠢᠲᠣᠷ ᠴᠢᠩᠭᠠᠳᠬᠠᠨ ᠢᠯᠠᠷᠬᠡᠢ ᠰᠠᠶᠢᠨ ᠠᠮᠢ ᠠᠬᠤᠢ ᠪᠠ ᠠᠵᠣ ᠠᠬᠤᠢ ᠶᠢᠨ ᠬᠤᠤᠰ ᠦᠷ᠎ᠡ ᠠᠰᠢᠭ ᠢ ᠣᠯᠵᠡᠢ᠃              ᠲᠠᠷᠢᠶᠠᠯᠡᠩ ᠮᠠᠯ ᠠᠵᠤ ᠠᠬᠤᠢ ᠶᠢᠨ ᠣᠶᠢᠯᠠᠳᠪᠣᠷᠢᠯᠠᠯ ᠤᠨ ᠪᠦᠲᠦᠴᠨ ᠶᠢ ᠰᠢᠯᠢᠳᠡᠭᠵᠢᠭᠦᠯᠬᠦ ᠲᠠᠯ᠎ᠠ ᠪᠠᠷ ᠲᠣᠰ ᠬᠤᠰᠢᠭᠤ ᠮᠠᠯᠵᠢᠬᠤ ᠶᠢ ᠵᠤᠬᠰᠤᠭᠠᠵᠤ ᠪᠡᠯᠴᠢᠭᠡᠷ ᠰᠡᠷᠭᠦᠬᠡᠬᠦ ᠪᠠ ᠲᠠᠷᠢᠶᠠᠯᠠᠬᠤ ᠪᠠᠨ ᠵᠣᠠᠨᠰᠣᠨ ᠣᠶᠢᠵᠢᠭᠤᠯᠣᠯᠲᠡ ᠬᠢᠬᠦ ᠲᠦᠷᠦ ᠶᠢᠨ ᠪᠣᠲᠣᠯᠭ᠎ᠠ ᠶᠢ ᠲᠣᠦᠱᠲᠠᠢ ᠬᠡᠷᠩᠵᠢᠭᠦᠯᠵᠦ᠂ ᠣᠷᠢᠳ ᠬᠤᠵᠢᠳ ᠨᠡᠶᠢᠲᠡ 1045 ᠲᠦᠮᠡᠨ ᠮᠥ ᠨᠣᠲᠤᠭ ᠪᠡᠯᠴᠢᠭᠡᠷ ᠲᠤ ᠮᠠᠯᠵᠢᠬᠤ ᠶᠢ ᠵᠤᠬᠰᠤᠭᠠᠨ᠂ ᠪᠡᠯᠴᠢᠭᠡᠷ ᠰᠡᠷᠬᠦᠭᠡᠭᠰᠡᠨ ᠪᠦᠭᠡᠳ 9.75 ᠲᠦᠮᠡᠨ ᠮᠥ ᠲᠠᠷᠢᠶᠠᠨ ᠭᠠᠵᠠᠷ ᠲᠤ ᠲᠠᠷᠢᠶᠠᠯᠠᠬᠤ ᠶᠢ ᠵᠣᠠᠨᠰᠣᠭᠠᠨ ᠣᠶᠢᠵᠢᠭᠤᠯᠣᠯᠲᠡ ᠬᠢᠭᠰᠡᠨ ᠠᠴᠠ ᠭᠠᠳᠠᠨ᠎ᠠ ᠲᠠᠷᠢᠶᠠᠯᠡᠩ ᠤᠨ ᠲᠠᠯ᠎ᠠ ᠪᠠᠷ ᠣᠰᠣ ᠠᠷᠪᠢᠯᠠᠬᠤ ᠣᠰᠣᠵᠢᠭᠤᠯᠣᠯᠲᠡ᠂ ᠪᠣᠬᠢᠷᠳᠤᠯ ᠦᠭᠡᠢ ᠲᠠᠷᠢᠶᠠᠯᠠᠭ᠎ᠠ ᠶᠢᠨ ᠮᠠᠷᠭᠡᠵᠢᠯ ᠢ ᠢᠳᠡᠪᠬᠢᠲᠠᠢ ᠲᠦᠭᠡᠮᠡᠯᠵᠢᠭᠦᠯᠵᠦ᠂ ᠪᠦᠬᠦ ᠬᠤᠰᠢᠭᠤᠨ ᠤ ᠲᠠᠷᠢᠶᠠᠨ ᠭᠠᠵᠠᠷ ᠤᠨ ᠣᠰᠣ ᠠᠷᠪᠢᠯᠠᠬᠤ ᠣᠰᠣᠵᠢᠭᠤᠯᠣᠯᠲᠡ ᠶᠢᠨ ᠲᠠᠯᠠᠪᠠᠢ 80% ᠳᠤ ᠬᠦᠷᠴᠤ᠂ ᠪᠡᠯᠲᠦ ᠬᠡᠮᠬᠡ ᠶᠢᠨ ᠪᠣᠬᠢᠷᠳᠤᠯ ᠦᠭᠡᠢ ᠲᠠᠷᠢᠶᠠᠯᠠᠭ᠎ᠠ ᠶᠢᠨ ᠲᠠᠯᠠᠪᠠᠢ ᠪᠠᠨ 70% ᠠᠴᠠ ᠲᠠᠭᠡᠭᠰᠢ ᠪᠣᠯᠭᠠᠵᠡᠢ᠃ ᠮᠠᠯᠵᠢᠯ ᠤᠨ ᠲᠠᠯ᠎ᠠ ᠪᠠᠷ ᠪᠡᠯᠴᠢᠭᠡᠷ ᠤᠨ ᠲᠠᠭᠠᠭᠠᠴᠨ ᠪᠠᠷ ᠮᠠᠯᠵᠢᠬᠤ ᠶᠢ ᠪᠡᠷᠢᠮᠳᠡᠯᠡᠨ᠂ ᠮᠠᠯ ᠤᠨ ᠲᠤᠭ᠎ᠠ ᠲᠣᠯᠣᠭᠠᠢ ᠪᠠᠨ 10 ᠲᠦᠮᠨ ᠲᠣᠲᠣᠷ᠎ᠠ ᠭᠢᠵᠡᠭᠠᠷᠯᠡᠵᠦ᠂ ᠡᠬᠦᠨ ᠳᠤ ᠬᠠᠰᠢᠶᠠᠯᠠᠵᠣ ᠲᠠᠵᠢᠭᠡᠬᠦ ᠪᠠ ᠬᠠᠭᠠᠰ ᠬᠠᠰᠢᠶᠠᠯᠠᠨ ᠲᠡᠵᠢᠭᠡᠵᠦ ᠪᠠᠶᠢᠬᠤ ᠮᠠᠯ ᠤᠨ ᠲᠤᠭ᠎ᠠ ᠲᠣᠯᠣᠭᠠᠢ 7.5 ᠲᠦᠮᠨ ᠳᠤ ᠬᠦᠷᠴᠡᠢ᠃             ᠲᠠᠷᠢᠶᠠᠯᠡᠩ ᠮᠠᠯ ᠠᠵᠣ ᠠᠬᠤᠢ ᠶᠢᠨ ᠠᠵᠣ ᠣᠶᠢᠯᠠᠰ ᠤᠨ ᠬᠡᠯᠪᠡᠷᠢ ᠬᠤᠪᠢᠷᠠᠭᠤᠯᠬᠤ ᠲᠠᠯ᠎ᠠ ᠪᠠᠷ᠂ ᠡᠯᠡᠰᠣᠨ ᠤ ᠠᠵᠣ ᠣᠶᠢᠯᠠᠰ ᠪᠠ ᠵᠢᠭᠤᠯᠴᠢᠯᠠᠯ ᠤᠨ ᠣᠶᠢᠯᠠᠰ ᠡᠷᠬᠢᠯᠡᠵᠦ ᠬᠦᠭᠵᠢᠭᠦᠯᠬᠦ ᠶᠢ ᠶᠡᠭᠡᠪᠡᠷ ᠰᠣᠷᠲᠡᠯᠴᠢᠯᠬᠠᠰᠠᠨ ᠠᠴᠠ ᠡᠳᠣᠭᠡ ᠪᠦᠬᠦ ᠬᠤᠰᠢᠭᠤᠨ ᠤ ᠬᠦᠮᠦᠨ ᠤ ᠬᠦᠴᠦ ᠪᠠᠷ ᠬᠠᠮᠠᠭᠠᠯᠠᠵᠣ ᠰᠡᠷᠭᠦᠭᠡᠭᠰᠡᠨ ᠪᠡ ᠲᠠᠷᠢᠵᠣ ᠣᠶᠢᠵᠢᠭᠤᠯᠣᠠᠨᠰᠠᠨ ᠵᠠᠭ ᠤᠨ ᠣᠢ ᠶᠢᠨ ᠶᠡᠷᠦᠩᠬᠡᠢ ᠲᠠᠯᠠᠪᠠᠢ 380 ᠭᠠᠷᠦᠢ ᠲᠦᠮᠡᠨ ᠮᠥ᠂ ᠬᠡᠭᠡᠷ᠎ᠡ ᠶᠢᠨ ᠴᠢᠨ᠋ᠸ᠎ᠠ ᠶᠢᠨ ᠬᠠᠷᠮᠠᠭ ᠪᠢᠲᠡᠭᠦᠮᠵᠢᠯᠡᠭᠰᠡᠨ ᠲᠠᠯᠠᠪᠠᠢ 60 ᠲᠦᠮᠡᠨ ᠮᠦ ᠳᠤ ᠬᠦᠷᠴᠦ᠂ ᠰᠠᠯᠬᠢ ᠬᠤᠷᠢᠠᠨᠯᠠᠵᠣ ᠡᠯᠡᠰᠣ ᠵᠠᠰᠠᠬᠤ ᠠᠮᠢ ᠠᠬᠤᠢ ᠪᠠ ᠠᠵᠣ ᠠᠬᠤᠢ ᠶᠢᠨ ᠬᠤᠤᠰ ᠦᠷ᠎ᠡ ᠠᠰᠢᠠᠨᠲᠦ ᠵᠢᠮᠢᠰ ᠤᠨ ᠮᠣᠲᠣᠨ ᠤ ᠵᠢᠱᠢᠶ᠎ᠡ ᠦᠵᠡᠭᠦᠯᠬᠦ ᠰᠠᠭᠤᠷᠢᠨ 5500 ᠮᠥ ᠪᠠᠶᠢᠭᠤᠯᠵᠡᠢ᠃ ᠤᠳᠤ᠂ ᠪᠦᠬᠦ ᠬᠤᠰᠢᠭᠤᠨ ᠤ ᠡᠯᠡᠰᠣᠨ ᠤ ᠠᠵᠣ ᠣᠶᠢᠯᠠᠰ ᠡᠷᠬᠢᠯᠡᠵᠣ ᠪᠠᠶᠢᠬᠤ ᠠᠵᠦ ᠠᠬᠤᠶᠢᠯᠠᠯ 5 ᠪᠣᠯᠵᠣ᠂ ᠡᠯᠡᠰᠦᠨ ᠤ ᠠᠵᠣ ᠣᠶᠢᠯᠠᠰ ᠲᠤ ᠣᠷᠣᠯᠴᠠᠵᠣ ᠪᠠᠶᠢᠬᠤ ᠮᠠᠯᠴᠢᠨ ᠲᠠᠷᠢᠶᠠᠴᠢᠳ 150 ᠭᠠᠷᠣᠢ ᠡᠷᠦᠬᠡ ᠪᠣᠯᠵᠡᠢ᠃ ᠡᠭᠦᠨ ᠤ ᠳᠠᠭᠠᠦ ᠵᠢᠭᠤᠯᠴᠢᠯᠠᠯ ᠤᠨ ᠣᠶᠢᠯᠠᠰ ᠢ ᠬᠦᠭᠵᠢᠭᠦᠯᠬᠦ ᠶᠢ ᠬᠦᠴᠦᠲᠠᠢ ᠲᠠᠮᠵᠢᠵᠦ᠂ ᠣᠷᠢᠳ ᠬᠤᠵᠢᠳ ᠵᠢᠭᠤᠯᠴᠢᠯᠠᠯ ᠤᠨ ᠲᠣᠰᠬᠠᠢ ᠲᠣᠰᠬᠤᠨ 2 ᠡᠭᠦᠳᠣᠨ ᠪᠠᠶᠢᠭᠤᠯᠵᠣ᠂ ᠮᠠᠯᠴᠢᠨ ᠠᠶᠢᠯ ᠤᠨ ᠵᠢᠭᠤᠯᠴᠢᠯᠠᠯ ᠤᠨ ᠲᠣᠰᠬᠠᠢ ᠴᠡᠭ 59 ᠭᠠᠷᠭᠠᠵᠣ᠂ ᠲᠣᠦᠷᠠᠶᠢᠲᠦ ᠠᠶᠢᠯ 713 ᠡᠷᠦᠬᠡ ᠴᠣᠠᠨᠴᠠᠯᠠᠵᠡᠢ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号