ᠠᠯᠠᠱᠠ ᠪᠠᠷᠠᠭᠤᠨ ᠬᠤᠰᠢᠭᠤ ︽ᠲᠤᠮᠳᠠᠳᠤ ᠤᠯᠤᠰ ᠤᠨ ᠢᠷᠠᠭᠤ ᠨᠠᠶᠢᠷᠠᠭ ᠤᠨ ᠨᠤᠲᠤᠭ︾ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2018/3/30
      3 ᠰᠠᠷ᠎ᠠ ᠶᠢᠨ 13 ᠤ ᠡᠳᠤᠷ᠂ ᠲᠤᠮᠳᠠᠳᠤ ᠤᠯᠤᠰ ᠤᠨ ᠢᠷᠠᠭᠤ ᠨᠠᠶᠢᠷᠠᠭ ᠤᠨ ᠨᠡᠶᠢᠭᠡᠮᠯᠢᠭ ᠠᠴᠠ ᠠᠯᠠᠱᠠ ᠪᠠᠷᠠᠭᠤᠨ ᠬᠤᠰᠢᠭᠤ ᠶᠢ ︽ᠲᠤᠮᠳᠠᠳᠤ ᠤᠯᠤᠰ ᠤᠨ ᠢᠷᠠᠭᠤ ᠨᠠᠶᠢᠷᠠᠭ ᠤᠨ ᠨᠤᠲᠤᠭ︾ ᠢᠶᠠᠷ ᠦᠨᠠᠯᠠᠪᠠ᠃ ᠡᠨᠡ ᠪᠣᠯ ᠦᠪᠠᠷᠳᠠᠭᠡᠨ ᠵᠠᠰᠠᠬᠤ ᠤᠷᠤᠨ ᠤ 103 ᠬᠤᠰᠢᠭᠤ ᠰᠢᠶᠠᠨ ᠠᠴᠠ ᠠᠩᠬᠠᠳᠠᠭᠴᠢ ︽ᠲᠤᠮᠳᠠᠳᠤ ᠤᠯᠤᠰ ᠤᠨ ᠢᠷᠠᠭᠤ ᠨᠠᠶᠢᠷᠠᠭ ᠤᠨ ᠨᠤᠲᠤᠭ︾ ᠢᠶᠠᠷ ᠦᠨᠡᠯᠡᠭᠳᠡᠭᠰᠡᠨ ᠬᠤᠰᠢᠭᠤ ᠪᠤᠯᠤᠨ᠎ᠠ᠃             ᠨᠢᠳᠤᠨᠤᠨ ᠠᠯᠠᠱᠠ ᠪᠠᠷᠠᠭᠤᠨ ᠬᠤᠰᠢᠭᠤ ︽ᠨᠠᠶᠢᠷᠠᠭ ᠤᠨ ᠴᠡᠩᠭᠡᠭᠦᠨ ᠮᠠᠨᠳᠤᠯ︾ ᠪᠦᠬᠦ ᠤᠯᠤᠰ ᠤᠨ ᠨᠡᠷ᠎ᠡ ᠬᠦᠨᠳᠤᠳᠤ ᠢᠷᠠᠭᠤ ᠨᠠᠶᠢᠷᠠᠭᠴᠢᠳ ᠤᠨ ᠰᠤᠷᠪᠤᠯᠵᠢᠯᠠᠨ ᠠᠶᠠᠯᠠᠬᠤ ᠠᠵᠢᠯᠯᠠᠭ᠎ᠠ ᠦᠷᠨᠢᠬᠦᠯᠤᠨ᠂ ᠪᠦᠬᠦ ᠤᠯᠤᠰ ᠤᠨ 30 ᠭᠠᠷᠤᠢ ᠨᠡᠷ᠎ᠡ ᠬᠦᠨᠳᠦᠳᠦ ᠰᠢᠯᠦᠭᠴᠢᠳ ᠬᠦᠷᠦᠯᠴᠡᠨ ᠢᠷᠡᠵᠦ᠂ ᠠᠯᠠᠱᠠ ᠪᠠᠷᠠᠭᠤᠨ ᠬᠤᠰᠢᠭᠤᠨ ᠤ ᠮᠠᠨᠳᠤᠯ ᠠᠭᠤᠯᠠᠨ ᠤ ᠬᠠᠳᠠᠨ ᠵᠢᠷᠤᠭ᠂ ᠪᠠᠲᠠᠢ ᠶᠢᠨ ᠵᠢᠷᠠᠨ᠂ ᠡᠷᠪᠡᠭᠡᠢ ᠶᠢᠨ ᠬᠠᠪᠴᠢᠯ ᠵᠡᠷᠭᠡ ᠭᠠᠵᠠᠷ ᠤᠷᠤᠨ ᠢᠶᠠᠷ ᠠᠶᠠᠯᠠᠨ᠂  400 ᠭᠠᠷᠤᠢ ᠰᠢᠯᠢᠳᠡᠭ ᠪᠦᠳᠦᠭᠡᠯ ᠲᠤᠭᠤᠷᠪᠢᠠᠠᠰᠡᠨ ᠠᠴᠠ ᠲᠤᠮᠳᠠᠳᠤ ᠤᠯᠤᠰ ᠤᠨ ᠢᠷᠠᠭᠤ ᠨᠠᠶᠢᠷᠠᠭ ᠤᠨ ᠨᠡᠶᠢᠭᠡᠮᠯᠢᠭ ᠤᠨ ᠠᠩᠬᠠᠷᠤᠯ ᠢ ᠶᠡᠬᠡᠪᠡᠷ ᠲᠠᠳᠠᠭᠰᠡᠨ ᠪᠠᠶᠢᠨ᠎ᠠ᠃       ︽ᠨᠠᠶᠢᠷᠠᠭ ᠤᠨ ᠴᠡᠩᠭᠡᠭᠦᠨ ᠮᠠᠨᠳᠤᠯ︾ ᠰᠤᠷᠪᠤᠯᠵᠢᠯᠠᠨ ᠠᠶᠠᠯᠠᠬᠤ ᠠᠵᠢᠯᠯᠠᠭᠠᠨ ᠳᠤ ᠤᠷᠤᠯᠴᠠᠭᠰᠡᠨ ᠰᠢᠯᠤᠭ᠍ᠴᠢᠳ ᠤᠨ ᠲᠡᠮᠵᠢᠯᠭᠡ᠂ ᠠᠯᠠᠱᠠ ᠪᠠᠷᠠᠭᠤᠨ ᠬᠤᠰᠢᠭᠤᠨ ᠤ ᠤᠷᠳᠤ ᠬᠤᠭᠤᠴᠠᠭᠠᠨ ᠤ ᠴᠢᠷᠮᠠᠶᠢᠯᠭ᠎ᠠ ᠪᠠᠷ ᠡᠨᠡ ᠵᠢᠯ ᠤᠨ 1 ᠰᠠᠷ᠎ᠠ ᠶᠢᠨ ᠡᠬᠢ ᠪᠠᠷ ᠲᠤᠮᠳᠠᠳᠤ ᠤᠯᠤᠰ ᠤᠨ ᠢᠷᠠᠭᠤ ᠨᠠᠶᠢᠷᠠᠭ ᠤᠨ ᠨᠡᠶᠢᠭᠡᠮᠯᠢᠭ ᠤᠨ ᠬᠢᠨ ᠠᠯᠠᠱᠠ ᠪᠠᠷᠠᠭᠤᠨ ᠬᠤᠰᠢᠭᠤᠨ ᠳᠤ ᠬᠦᠷᠴᠦ ᠪᠤᠳᠠᠳᠤ ᠪᠠᠶᠢᠴᠠᠭᠠᠯᠲᠠ ᠪᠤᠯᠤᠨ ᠶᠠᠷᠢᠯᠴᠠᠬᠤ ᠬᠤᠷᠠᠯ ᠦᠷᠨᠢᠬᠦᠯᠵᠦ᠂ ᠦᠨᠳᠦᠰᠦᠳᠡᠨ ᠤ ᠰᠤᠶᠤᠯ ᠤᠷᠠᠯᠢᠭ ᠢᠶᠠᠨ ᠶᠡᠬᠡᠪᠡᠷ ᠴᠡᠴᠡᠭᠯᠡᠭᠦᠯᠦᠨ ᠭᠦᠭᠵᠢᠬᠦᠯᠵᠦ ᠪᠠᠶᠢᠭ᠎ᠠ ᠪᠠᠶᠢᠳᠠᠯ ᠳᠤ ᠦᠨᠳᠦᠷ ᠦᠨᠡᠯᠡᠯᠲᠡ ᠥᠭᠪᠡ᠃ ᠡᠬᠦᠨ ᠠᠴᠠ ᠭᠠᠳᠠᠨ᠎ᠠ᠂ ᠠᠯᠠᠱᠠ ᠪᠠᠷᠠᠭᠤᠨ ᠬᠤᠰᠢᠭᠤ ᠤᠶᠢᠷ᠎ᠠ ᠶᠢᠨ ᠵᠢᠯ ᠤᠳ ᠲᠤ ︽ᠲᠠᠯᠠᠨ ᠲᠦᠷᠦᠬᠦᠤ︾ ︽ᠰᠦ ᠶᠢᠨ ᠰᠠᠴᠤᠯᠢ︾ ︽ᠲᠡᠯᠡᠬᠡᠢ ᠶᠢᠨ ᠢᠷᠠᠭᠤ ᠨᠠᠶᠢᠷᠠᠭ ᠤᠨ ᠡᠳᠦᠷ ᠤᠨ ᠰᠢᠯᠦᠭ ᠤᠨ ᠨᠠᠭᠠᠳᠤᠮ︾ ︽ᠴᠢᠩᠬᠢᠰ ᠤᠨ ᠠᠯᠳᠠᠨ ᠲᠡᠪᠰᠢ︾ ᠵᠡᠷᠭᠡ ᠮᠠᠰᠢ ᠤᠯᠠᠨ ᠢᠷᠠᠭᠤ ᠨᠠᠶᠢᠷᠠᠭ᠂ ᠤᠷᠠᠨ ᠵᠤᠬᠢᠶᠠᠯ ᠤᠨ ᠤᠷᠤᠯᠳᠤᠭᠠᠨ ᠢ ᠵᠤᠬᠢᠶᠠᠨ ᠪᠠᠶᠢᠭᠤᠯᠤᠭᠰᠠᠨ ᠪᠦᠭᠡᠳ ᠨᠢᠭᠡ ᠪᠦᠯᠦᠭ ᠤᠷᠠᠨ ᠵᠤᠬᠢᠶᠠᠯᠴᠢ ᠨᠡᠷ᠎ᠠ ᠠᠯᠳᠠᠷ ᠢᠶᠠᠨ ᠤᠯᠤᠰ ᠲᠠᠶᠠᠭᠠᠷ ᠲᠤ ᠠᠯᠳᠠᠷᠰᠢᠭᠤᠯᠤᠭᠰᠠᠨ ᠪᠠᠶᠢᠨ᠎ᠠ᠃            ᠠᠯᠠᠱᠠ ᠪᠠᠷᠠᠭᠤᠨ ᠬᠤᠰᠢᠭᠤ ︽ᠲᠤᠮᠳᠠᠳᠤ ᠤᠯᠤᠰ ᠤᠨ ᠢᠷᠠᠭᠤ ᠨᠠᠶᠢᠷᠠᠭ ᠤᠨ ᠨᠤᠲᠤᠭ︾ ᠢᠶᠠᠷ ᠦᠨᠡᠯᠡᠭᠳᠡᠭᠰᠡᠨ ᠨᠢ ᠠᠯᠠᠱᠠ ᠪᠠᠷᠠᠭᠤᠨ ᠬᠤᠰᠢᠭᠤᠨ ᠤ ᠬᠤᠶᠢᠰᠢᠳᠠ ᠶᠢᠨ ᠢᠷᠠᠭᠤ ᠨᠠᠶᠢᠷᠠᠭ ᠤᠨ ᠨᠠᠭᠠᠳᠤᠮ ᠦᠷᠨᠢᠭᠦᠯᠬᠦ ᠳᠤ ᠵᠢᠯᠤᠭᠤᠳᠤᠮᠵᠢ ᠬᠠᠩᠭᠠᠬᠤ ᠪᠦᠭᠡᠳ ᠠᠯᠠᠱᠠ ᠪᠠᠷᠠᠭᠤᠨ ᠬᠤᠰᠢᠭᠤᠨ ᠤ ᠢᠷᠠᠭᠤ ᠨᠠᠶᠢᠷᠠᠭᠴᠢᠳ ᠪᠠ ᠪᠦᠭᠦ ᠤᠯᠤᠰ ᠤᠨ ᠨᠡᠷ᠎ᠡ ᠬᠦᠨᠳᠦᠳᠦ ᠰᠢᠯᠦᠭᠴᠢᠳ ᠤᠨ ᠬᠤᠭᠤᠷᠤᠨᠲᠤᠬᠢ ᠰᠤᠯᠢᠯᠴᠠᠭ᠎ᠠ ᠶᠠᠪᠤᠯᠴᠠᠭ᠎ᠠ ᠶᠢ ᠴᠢᠩᠭᠠᠳᠬᠠᠨ᠂ ᠰᠢᠯᠢᠳᠡᠭ ᠪᠦᠳᠦᠭᠡᠯ ᠪᠦᠳᠦᠭᠡᠬᠦ᠂ ᠠᠯᠠᠱᠠ ᠪᠠᠷᠠᠭᠤᠨ ᠬᠤᠰᠢᠭᠤ ᠶᠢ ᠢᠷᠠᠭᠤ ᠨᠠᠶᠢᠷᠠᠭ ᠤᠨ ᠨᠡᠷᠡᠳᠤ ᠤᠷᠤᠨ ᠪᠤᠯᠭᠠᠨ ᠪᠦᠳᠦᠭᠡᠨ ᠪᠠᠶᠢᠭᠤᠯᠬᠤ ᠳᠤ ᠠᠬᠢᠭᠤᠯᠬᠤ ᠦᠢᠯᠡᠳᠦᠯ ᠦᠵᠡᠬᠦᠯᠬᠦ ᠪᠤᠯᠤᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号