ᠠᠯᠠᠱᠠ ᠵᠡᠬᠦᠨ ᠬᠤᠰᠢᠭᠤ ᠡᠨᠡ ᠵᠢᠯ ᠤᠨ ᠨᠢᠬᠡᠳᠦᠬᠡᠷ ᠤᠯᠠᠷᠢᠯ ᠳᠤ ᠲᠦᠪ ᠤᠨ ᠲᠦᠰᠦᠯ ᠲᠤᠳᠤᠷᠡᠬᠢ 1.74 ᠳ᠋ᠦᠡᠭᠰᠢᠭᠤᠷ ᠲᠦᠬᠦᠷᠢᠭ ᠤᠨ ᠪᠡᠯᠡ ᠮᠦᠡᠭᠬᠦ ᠶᠢ ᠲᠡᠮᠡᠴᠠᠨ ᠤᠯᠪᠠ
ᠨᠡᠶᠢᠲᠡᠯᠡᠭᠰᠡᠨ ᠴᠠᠭ᠄
2018/3/30
      ᠡᠨᠡ ᠵᠢᠯ ᠠᠴᠠ ᠨᠠᠰᠢ᠂ ᠠᠯᠠᠱᠠ ᠵᠡᠬᠦᠨ ᠬᠤᠰᠢᠭᠤ ᠤᠯᠤᠰ ᠤᠨ ᠭᠤᠤᠯᠳᠠᠯᠭᠠᠲᠦ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠳᠤ ᠪᠡᠯᠡ ᠮᠦᠡᠭᠬᠦᠨ ᠤ ᠲᠡᠮᠵᠢᠯᠬᠡ ᠦᠵᠡᠬᠦᠯᠬᠦ ᠲᠤᠬᠢᠶᠠᠯ ᠢ ᠠᠰᠢᠭᠯᠠᠨ᠂ ᠢᠳᠡᠪᠬᠢᠳᠡᠢ ᠬᠦᠳᠡᠯᠦᠯᠴᠠᠵᠦ᠂ ᠨᠢᠬᠡᠳᠦᠬᠡᠷ ᠤᠯᠠᠷᠢᠯ ᠳᠤ ᠨᠠᠶᠢᠳᠠ 1.74 ᠳ᠋ᠦᠡᠭᠰᠢᠭᠤᠷ ᠲᠦᠬᠦᠷᠢᠭ ᠤᠨ ᠲᠦᠪ ᠤᠨ ᠲᠦᠰᠦᠯ ᠲᠤᠳᠤᠷᠡᠬᠢ ᠪᠡᠯᠡ ᠮᠦᠡᠭᠬᠦ ᠶᠢ ᠲᠡᠮᠡᠴᠠᠨ ᠤᠯᠤᠭᠰᠠᠨ ᠪᠠᠶᠢᠨ᠎ᠠ᠃             ᠡᠳᠡᠬᠡᠷ ᠪᠡᠯᠡ ᠮᠦᠡᠭᠬᠦ ᠶᠢ ᠨᠠᠶᠢᠬᠡᠮ ᠠᠮᠢᠳᠤᠷᠠᠯ᠂ ᠰᠤᠷᠭᠠᠨ ᠬᠦᠮᠦᠵᠢᠯ᠂ ᠬᠤᠳᠠ ᠶᠢᠨ ᠲᠦᠬᠦᠮ ᠪᠦᠲᠦᠴᠠᠲᠦ ᠬᠡᠷ ᠪᠠᠶᠢᠰᠢᠩ ᠢ ᠦᠬᠡᠷᠡᠴᠢᠯᠠᠨ ᠵᠠᠰᠠᠬᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ᠂ ᠪᠤᠭᠤᠮᠳᠠ ᠶᠢᠨ ᠪᠦᠲᠦᠬᠡᠨ ᠪᠠᠶᠢᠭᠤᠯᠤᠯᠳᠠ ᠵᠡᠷᠬᠡ 9 ᠲᠦᠷᠦᠯ ᠳᠤ ᠵᠠᠷᠤᠴᠠᠭᠤᠯᠬᠤ ᠪᠠᠷ ᠪᠤᠢ᠃ ᠡᠬᠦᠨ ᠳᠤ᠂ ᠠᠯᠠᠱᠠ ᠵᠡᠬᠦᠨ ᠬᠤᠰᠢᠭᠤᠨ ᠤ ᠪᠠᠳᠤᠯᠠᠭᠠᠨ ᠤ ᠴᠢᠨᠡᠷᠳᠡᠢ ᠤᠷᠤᠨ ᠰᠠᠭᠤᠴᠠ ᠶᠢᠨ ᠪᠦᠲᠦᠬᠡᠨ ᠪᠠᠶᠢᠭᠤᠯᠤᠯᠳᠠ ᠳᠤ 7040 ᠲᠦᠮᠡᠨ ᠲᠦᠬᠦᠷᠢᠭ ᠲᠡᠮᠡᠴᠠᠨ ᠤᠯᠵᠦ᠂ ᠠᠯᠠᠱᠠ ᠵᠡᠬᠦᠨ ᠬᠤᠰᠢᠭᠤᠨ ᠤ 2018 ᠤᠨ ᠤ ᠬᠤᠳᠠ ᠶᠢᠨ ᠲᠦᠬᠦᠮ ᠪᠦᠲᠦᠴᠠᠲᠦ ᠬᠡᠷ ᠪᠠᠶᠢᠰᠢᠩ ᠢ ᠦᠬᠡᠷᠡᠴᠢᠯᠠᠨ ᠵᠠᠰᠠᠬᠤ᠂ ᠲᠡᠭᠷᠢ ᠬᠤᠷᠢᠶᠠᠯᠠᠯ ᠤᠨ ᠲᠤᠳᠤᠷᠡᠬᠢ ᠲᠤᠨᠤᠭ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠳᠤ ᠵᠠᠷᠤᠴᠠᠭᠤᠯᠤᠨ᠎ᠠ︔ ᠪᠦᠬᠦ ᠠᠷᠠᠳ ᠢᠶᠠᠷ ᠢᠶᠠᠨ ᠪᠠᠶ᠎ᠠ ᠮᠠᠬᠠᠪᠤᠳ ᠢᠶᠠᠨ ᠴᠢᠬᠢᠷᠬᠠᠵᠢᠭᠤᠯᠬᠤ ᠢᠨᠵᠧᠨᠧᠷᠢᠩ ᠳᠤ ᠨᠠᠶᠢᠳᠠ 5000 ᠲᠦᠮᠡᠨ ᠲᠦᠬᠦᠷᠢᠭ ᠲᠡᠮᠡᠴᠠᠨ ᠤᠯᠵᠦ᠂ ᠠᠯᠠᠱᠠ ᠵᠡᠬᠦᠨ ᠬᠤᠰᠢᠭᠤᠨ ᠤ ᠵᠢᠷᠡᠳᠡᠢ ᠪᠠᠯᠭᠠᠰᠤᠨ ᠤ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶᠠᠨ ᠤ ᠪᠦᠲᠦᠬᠡᠨ ᠪᠠᠶᠢᠭᠤᠯᠤᠯᠳᠠ ᠳᠤ ᠵᠠᠷᠤᠴᠠᠭᠤᠯᠤᠨ᠎ᠠ︔ ᠦᠯᠵᠡᠢ ᠬᠢᠯᠢ ᠶᠢᠨ ᠪᠤᠭᠤᠮᠳᠠ ᠶᠢᠨ ᠪᠦᠲᠦᠬᠡᠨ ᠪᠠᠶᠢᠭᠤᠯᠤᠯᠳᠠ ᠳᠤ 2380 ᠲᠦᠮᠡᠨ ᠲᠦᠬᠦᠷᠢᠭ ᠲᠡᠮᠡᠴᠠᠨ ᠤᠯᠵᠦ᠂ ᠬᠢᠯᠢ ᠶᠢᠨ ᠪᠤᠭᠤᠮᠳᠠ ᠶᠢᠨ ᠰᠠᠭᠤᠷᠢ ᠪᠦᠲᠦᠬᠡᠨ ᠪᠠᠶᠢᠭᠤᠯᠤᠯᠳᠠ ᠳᠤ ᠵᠠᠷᠤᠴᠠᠭᠤᠯᠤᠨ᠎ᠠ︔ ᠰᠤᠶᠤᠯ ᠵᠢᠭᠤᠯᠴᠢᠯᠠᠯ ᠤᠨ ᠪᠦᠲᠦᠬᠡᠨ ᠪᠠᠶᠢᠭᠤᠯᠤᠯᠳᠠ ᠪᠤᠯᠤᠨ ᠦᠪ ᠰᠤᠶᠤᠯ ᠢ ᠬᠠᠮᠠᠭᠠᠯᠠᠵᠦ ᠤᠯᠠᠮᠵᠢᠯᠠᠬᠤ ᠢᠨᠵᠧᠨᠧᠷᠢᠩ ᠳᠤ 1600 ᠲᠦᠮᠡᠨ ᠲᠦᠬᠦᠷᠢᠭ ᠲᠡᠮᠡᠴᠠᠨ ᠤᠯᠵᠦ᠂ ᠠᠯᠠᠱᠠ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠤᠢ ᠶᠢ ᠬᠠᠮᠠᠭᠠᠯᠠᠬᠤ ᠪᠤᠯᠤᠨ ᠤᠯᠠᠮᠵᠢᠯᠠᠯᠲᠦ ᠬᠡᠪᠢᠰ ᠨᠡᠬᠡᠮᠡᠯ ᠤᠨ ᠮᠡᠷᠭᠡᠵᠢᠯ ᠢ ᠤᠯᠠᠮᠵᠢᠯᠠᠬᠤ ᠲᠦᠷᠦᠯ ᠵᠦᠢᠯ ᠳᠤ ᠵᠠᠷᠤᠴᠠᠭᠤᠯᠤᠨ᠎ᠠ︔ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢᠨ ᠪᠦᠲᠦᠬᠡᠨ ᠪᠠᠶᠢᠭᠤᠯᠤᠯᠳᠠ ᠳᠤ 552 ᠲᠦᠮᠡᠨ ᠲᠦᠬᠦᠷᠢᠭ ᠲᠡᠮᠡᠴᠠᠨ ᠤᠯᠵᠦ᠂ ᠠᠯᠠᠱᠠ ᠵᠡᠬᠦᠨ ᠬᠤᠰᠢᠭᠤᠨ ᠤ ᠶᠢᠰᠦᠳᠦᠬᠡᠷ ᠲᠤᠮᠳᠠᠲᠦ ᠰᠤᠷᠭᠠᠭᠤᠯᠢ ᠶᠢᠨ ᠶᠡᠷᠦᠩᠬᠡᠶᠢᠯᠡᠭᠰᠡᠨ ᠪᠦᠲᠦᠬᠡᠨ ᠪᠠᠶᠢᠭᠤᠯᠤᠯᠳᠠ ᠳᠤ ᠵᠠᠷᠤᠴᠠᠭᠤᠯᠤᠨ᠎ᠠ︔ ᠤᠯᠠᠨ ᠨᠠᠶᠢᠳᠠ ᠶᠢᠨ ᠪᠡᠶ᠎ᠠ ᠶᠢᠨ ᠲᠠᠮᠢᠷ᠂ ᠤᠯᠤᠰ ᠤᠨ ᠦᠢᠯᠡᠴᠢᠯᠡᠬᠡᠨ ᠤ ᠦᠢᠯᠡᠰ ᠤᠨ ᠬᠦᠭᠵᠢᠯᠳᠠ ᠳᠤ ᠨᠠᠶᠢᠳᠠ 880 ᠲᠦᠮᠡᠨ ᠲᠦᠬᠦᠷᠢᠭ ᠤᠨ ᠪᠡᠯᠡ ᠮᠦᠡᠭᠬᠦ ᠲᠡᠮᠡᠴᠠᠨ ᠤᠯᠤᠭᠰᠠᠨ ᠪᠠᠶᠢᠨ᠎ᠠ᠃            ᠡᠬᠦᠨ ᠤ ᠬᠠᠮᠲᠦ᠂ ᠠᠯᠠᠱᠠ ᠵᠡᠬᠦᠨ ᠬᠤᠰᠢᠭᠤ ᠲᠦᠪ᠂ ᠦᠪᠡᠷᠳᠡᠬᠡᠨ ᠵᠠᠰᠠᠬᠤ ᠤᠷᠤᠨ ᠪᠤᠯᠤᠨ ᠠᠶᠢᠮᠠᠭ ᠤᠨ ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠲᠦᠷᠢᠮ ᠲᠤᠭᠳᠠᠭᠠᠯ ᠢ ᠦᠨᠳᠦᠰᠦᠯᠠᠨ᠂ ᠪᠡᠯᠡ ᠮᠦᠡᠭᠬᠦᠨ ᠤ ᠬᠢᠨᠠᠨ ᠬᠠᠮᠢᠶᠠᠷᠤᠯᠳᠠ ᠪᠠᠨ ᠴᠢᠩᠭᠠᠳᠬᠠᠵᠦ᠂ ᠢᠨᠵᠧᠨᠧᠷᠢᠩ ᠤᠨ ᠤᠷᠤᠭᠰᠢᠳᠡᠢ ᠶᠠᠪᠤᠭᠳᠠᠬᠤ ᠶᠢ ᠪᠠᠳᠤᠯᠠᠨ᠂ ᠲᠤᠭᠳᠠᠭᠰᠠᠨ ᠬᠤᠭᠤᠴᠠᠭᠠᠨ ᠳᠠᠭᠠᠨ ᠠᠵᠢᠯ ᠢᠶᠠᠨ ᠡᠬᠢᠯᠡᠬᠦᠯᠵᠦ ᠠᠰᠢᠭᠯᠠᠯᠳᠠ ᠳᠤ ᠤᠷᠤᠭᠤᠯᠬᠤ ᠶᠢ ᠠᠬᠢᠭᠤᠯᠬᠤ ᠪᠠᠷ ᠪᠤᠢ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号