ᠠᠯᠠᠱᠠ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠬᠦᠳᠡᠭᠡ ᠲᠤᠰᠬᠤᠨ ᠤ ᠠᠵᠢᠯ ᠤᠨ ᠬᠡᠯᠳᠡᠰ ᠠᠶᠢᠮᠠᠭ ᠤᠨ ᠲᠠᠷᠢᠶᠠᠯᠡᠩ ᠮᠠᠯ ᠠᠵᠤ ᠠᠬᠤᠢ ᠶᠢᠨ ᠲᠤᠪᠴᠢᠶ᠎ᠠ ᠬᠠᠮᠳᠤᠷᠠᠨ ᠮᠡᠳᠡᠭᠳᠡᠯ ᠪᠠᠭᠤᠯᠭᠠᠪᠠ
ᠨᠡᠶᠢᠲᠡᠯᠡᠭᠰᠡᠨ ᠴᠠᠭ᠄
2018/5/22
        ᠲᠤᠷᠰᠢᠯᠭ᠎ᠠ ᠪᠠᠨ ᠳ᠋ᠦᠡᠭᠨᠠᠨ ᠵᠢᠱᠢᠶᠠᠴᠢ ᠲᠠᠭᠤᠷᠢᠶᠠᠯ ᠢ ᠴᠤᠬᠴᠠᠯᠠᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠯᠠᠱᠠ ᠶᠢᠨ ᠦᠯᠢᠬᠡᠷ ᠬᠡᠪ ᠢ ᠪᠠᠶᠢᠭᠤᠯᠬᠤ ᠶᠢ ᠱᠠᠭᠠᠷᠳᠠᠪᠠ              4 ᠰᠠᠷ᠎ᠠ ᠶᠢᠨ 19᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠦᠳᠡᠭᠡ ᠲᠤᠰᠬᠤᠨ ᠤ ᠠᠵᠢᠯ ᠤᠨ ᠬᠡᠯᠳᠡᠰ᠂ ᠠᠶᠢᠮᠠᠭ ᠤᠨ ᠲᠠᠷᠢᠶᠠᠯᠡᠩ ᠮᠠᠯ ᠠᠵᠤ ᠠᠬᠤᠢ ᠶᠢᠨ ᠲᠤᠪᠴᠢᠶ᠎ᠠ ᠬᠠᠮᠳᠤᠷᠠᠨ ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠦᠷ᠎ᠠ ᠪᠦᠳᠦᠮᠵᠢ ᠶᠢᠨ ᠴᠢᠨᠠᠷᠳᠠᠢ ᠭᠤᠤᠯ ᠰᠡᠳᠤᠪᠳᠤ ᠤᠬᠠᠭᠤᠯᠤᠨ ᠮᠡᠳᠡᠭᠡᠯᠡᠬᠦ ᠠᠵᠢᠯ ᠢ ᠵᠤᠬᠢᠶᠠᠨ ᠪᠠᠶᠢᠭᠤᠯᠬᠤ ᠲᠤᠬᠠᠢ ᠮᠡᠳᠡᠭᠳᠡᠯ︾᠎ ᠢ ᠲᠠᠷᠤᠮᠠᠯᠯᠠᠨ ᠲᠠᠷᠬᠠᠭᠠᠵᠤ᠂ ᠪᠦᠬᠦ ᠠᠶᠢᠮᠠᠭ ᠤᠨ ᠡᠯ᠎ᠠ ᠭᠠᠵᠠᠷ ᠤᠷᠤᠨ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠱᠠᠭᠠᠷᠳᠠᠪᠠ᠃              ᠮᠡᠳᠡᠭᠳᠡᠯ ᠳᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠦᠷ᠎ᠠ ᠪᠦᠳᠦᠮᠵᠢ ᠶᠢᠨ ᠴᠢᠨᠠᠷᠳᠠᠢ ᠭᠤᠤᠯ ᠰᠡᠳᠤᠪᠳᠤ ᠤᠬᠠᠭᠤᠯᠤᠨ ᠮᠡᠳᠡᠭᠡᠯᠡᠬᠦ ᠠᠵᠢᠯ ᠢ ᠰᠠᠶᠢᠳᠤᠷ ᠬᠢᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠯᠠᠱᠠ ᠶᠢᠨ ᠦᠯᠢᠬᠡᠷ ᠬᠡᠪ ᠢ ᠪᠠᠶᠢᠭᠤᠯᠬᠤ ᠪᠤᠯ ᠪᠦᠬᠦ ᠠᠶᠢᠮᠠᠭ ᠤᠨ ᠡᠯ᠎ᠠ ᠭᠠᠵᠠᠷ ᠤᠷᠤᠨ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠰᠤᠨᠢᠨ ᠮᠡᠳᠡᠭᠡᠨ ᠤ ᠹᠷᠤᠨᠲ ᠤᠨ ᠨᠢᠬᠡᠨ ᠴᠢᠬᠤᠯᠠ ᠤᠯᠤᠰ ᠲᠦᠷᠦ ᠶᠢᠨ ᠡᠬᠦᠷᠬᠡ ᠪᠤᠯᠤᠨ᠎ᠠ᠃ ᠰᠢ ᠶᠢᠨ ᠫᠢᠡᠭ ᠶᠠᠷᠦᠩᠬᠡᠢ ᠱᠦᠵᠢ ᠶᠢᠨ ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ︽ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠤᠷᠤᠨ ᠤ ᠠᠵᠢᠯ ᠢ ᠴᠢᠩᠭ᠎ᠠ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠠᠪᠤᠴᠠ ᠳᠠᠬᠢ ᠮᠠᠨ ᠤ ᠠᠶᠢᠮᠠᠭ ᠤᠨ ᠠᠪᠤᠬᠰᠠᠨ ᠴᠢᠬᠤᠯᠠ ᠶᠡᠭᠡ ᠰᠢᠢᠳᠪᠤᠷᠢ ᠪᠠᠶᠢᠷᠢᠯᠠᠭᠤᠯᠤᠯᠳᠠ ᠪᠠ ᠤᠨᠴᠠᠯᠢᠭ ᠲᠠᠢ ᠰᠢᠨᠠᠴᠢᠯᠠᠯᠳᠠ ᠲᠠᠢ ᠠᠷᠭ᠎ᠠ ᠬᠡᠮᠵᠢᠶ᠎ᠠ ᠶᠢ ᠢᠯᠡᠷᠡᠬᠦᠯᠦᠨ᠂ ᠰᠢ ᠶᠢᠨ ᠫᠢᠡᠭ ᠶᠠᠷᠦᠩᠬᠡᠢ ᠱᠦᠵᠢ ᠶᠢᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠦᠵᠡᠯ ᠰᠠᠨᠠᠭ᠎ᠠ ᠶᠢ ᠠᠯᠠᠱᠠ ᠶᠢ ︽ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠬᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠬᠦᠰᠡᠯ ᠢ ᠬᠠᠮᠳᠤᠪᠠᠷ ᠲᠡᠷᠬᠡᠯᠰᠢᠯᠡᠬᠦᠯᠦᠶ᠎ᠠ︾ ᠬᠡᠬᠦ ᠦᠢᠯᠡᠳᠦᠯᠬᠡ ᠶᠢᠨ ᠲᠤᠮᠳᠠ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠵᠠᠢ᠃              ᠮᠡᠳᠡᠭᠳᠡᠯ ᠳᠤ᠂ ᠮᠠᠨ ᠤ ᠠᠶᠢᠮᠠᠭ ᠤᠨ ︽ᠠᠵᠤ ᠦᠢᠯᠡᠰ ᠬᠦᠭᠵᠢᠭᠰᠡᠨ᠂ ᠠᠮᠢ ᠠᠬᠤᠢ ᠨᠢ ᠤᠷᠤᠰᠢᠨ ᠰᠠᠭᠤᠷᠢᠰᠢᠬᠤ ᠳᠤ ᠲᠤᠬᠢᠷᠠᠮᠵᠢᠳᠡᠢ᠂ ᠨᠤᠳᠤᠭ ᠤᠨ ᠰᠤᠷᠳᠠᠯ ᠪᠤᠯᠪᠠᠰᠤᠨ᠂ ᠵᠠᠰᠠᠨ ᠴᠡᠭᠴᠡᠯᠡᠯᠳᠡ ᠨᠢ ᠪᠦᠳᠦᠮᠵᠢᠳᠡᠢ᠂ ᠠᠮᠢᠳᠤᠷᠠᠯ ᠪᠠᠶᠠᠨ ᠴᠢᠨᠡᠬᠡᠯᠢᠭ︾ ᠪᠠᠶᠢᠬᠤ ᠶᠠᠷᠦᠩᠬᠡᠢ ᠴᠢᠭᠯᠡᠯ ᠤᠨ ᠲᠤᠬᠳᠠᠭᠠᠬᠰᠠᠨ ᠪᠠ ᠬᠡᠷᠡᠭᠵᠢᠬᠦᠯᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠵᠢᠴᠢ ᠴᠢᠬᠤᠯᠠ ᠶᠡᠭᠡ ᠬᠦᠭᠵᠢᠯᠳᠡ ᠶᠢᠨ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠳ᠋ᠦᠡᠭᠨᠠᠬᠦ ᠬᠡᠷᠡᠭᠳᠡᠢ︔ ᠲᠦᠪ ᠪᠠ ᠦᠪᠡᠷᠳᠡᠬᠡᠨ ᠵᠠᠰᠠᠬᠤ ᠤᠷᠤᠨ ᠵᠢᠴᠢ ᠠᠶᠢᠮᠠᠭ ᠤᠨ ᠨᠠᠮ ᠤᠨ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠨ᠎ᠠ ᠠᠷᠭ᠎ᠠ ᠠᠪᠴᠠᠯ᠂ ᠰᠢᠨ᠎ᠠ ᠦᠷ᠎ᠠ ᠪᠦᠳᠦᠮᠵᠢ ᠵᠢᠴᠢ ᠭᠠᠴᠠᠭ᠎ᠠ ᠲᠤᠰᠬᠤᠨ ᠳᠤ ᠰᠠᠭᠤᠭ᠎ᠠ ᠶᠠᠳᠠᠭᠤ ᠶᠢ ᠲᠡᠳᠬᠦᠬᠦ ᠺᠠᠳ᠋ᠷ ᠤᠨ ᠲᠠᠷᠢᠬᠦᠨ ᠤ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠤᠬᠠᠭᠤᠯᠵᠤ᠂ ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠦᠢᠯᠡᠳᠦᠯᠬᠡᠵᠢᠬᠦᠯᠬᠦ ᠰᠢᠨ᠎ᠠ ᠬᠡᠪ ᠰᠤᠷᠳᠠᠯ ᠢ ᠪᠤᠢ ᠪᠤᠯᠭᠠᠬᠤ ᠬᠡᠷᠡᠭᠳᠡᠢ︔ ᠮᠠᠨ ᠤ ᠠᠶᠢᠮᠠᠭ ᠤᠨ ᠬᠦᠭᠵᠢᠯᠳᠡ ᠶᠢᠨ ᠴᠢᠨᠠᠷ ᠴᠢᠨᠰᠠᠭ᠎ᠠ ᠶᠢ ᠲᠡᠬᠡᠭᠰᠢᠯᠡᠬᠦᠯᠬᠦ᠂ ᠪᠤᠬᠢᠷᠳᠦᠯ ᠦᠬᠡᠢ ᠬᠦᠭᠵᠢᠯᠳᠡ ᠶᠢ ᠠᠬᠢᠭᠤᠯᠬᠤ᠂ ᠰᠤᠶᠤᠯ ᠤᠨ ᠬᠦᠭᠵᠢᠯ ᠴᠡᠴᠡᠭᠯᠡᠯ ᠢ ᠠᠬᠢᠭᠤᠯᠬᠤ᠂ ᠰᠠᠭᠤᠷᠢ ᠪᠠᠨ ᠪᠠᠳᠤᠳᠬᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠶᠢᠨ ᠦᠢᠯᠡᠳᠦᠯᠬᠡ ᠪᠠ ᠲᠠᠭᠤᠷᠢᠶᠠᠯ ᠢ ᠪᠦᠬᠦ ᠲᠠᠯ᠎ᠠ ᠪᠠᠷ ᠲᠤᠰᠬᠠᠬᠤ ᠬᠡᠷᠡᠭᠳᠡᠢ︔ ᠮᠠᠨ ᠤ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠠᠬᠢᠭᠤᠯᠬᠤ᠂ ᠡᠬᠡ ᠤᠯᠤᠰ ᠤᠨ ᠤᠮᠠᠷᠠᠳᠤ ᠬᠢᠯᠢ ᠶᠢᠨ ᠠᠮᠢ ᠠᠬᠤᠢ ᠶᠢᠨ ᠬᠠᠯᠬᠠᠪᠴᠢ ᠪᠠ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ᠂ ᠦᠷᠬᠡᠨ ᠤᠯᠠᠨ ᠮᠠᠯᠴᠢᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠨᠭ᠍ᠭᠠᠬᠤ ᠵᠡᠷᠭᠡ ᠲᠠᠯ᠎ᠠ ᠶᠢᠨ ᠠᠮᠵᠢᠯᠳᠠ ᠪᠠ ᠨᠡᠶᠢᠳᠡᠯᠢᠭ ᠵᠢᠱᠢᠶ᠎ᠠ ᠲᠤᠷᠰᠢᠯᠭ᠎ᠠ ᠶᠢ ᠪᠦᠬᠦ ᠲᠠᠯ᠎ᠠ ᠪᠠᠷ ᠢᠯᠡᠷᠡᠬᠦᠯᠬᠦ ᠬᠡᠷᠡᠭᠳᠡᠢ ᠬᠡᠵᠤ ᠴᠢᠬᠤᠯᠠᠴᠢᠯᠠᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号