ᠲᠦᠷᠦᠬᠦᠭᠡᠨ ᠬᠤᠷᠠᠯᠳᠤᠬᠰᠠᠨ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠳ ᠤᠨ ᠨᠠᠢᠮᠠᠳᠣᠭᠠᠷ | ᠤᠳᠠᠭᠠᠨ ᠤ ᠬᠤᠷᠠᠯ ᠲᠡᠬᠡᠷ᠎ᠠ ᠮᠠᠨ ᠤ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ | ᠠᠵᠢᠯ ᠳᠤ ᠲᠠᠬᠢᠨ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ ᠨᠢᠳᠤᠨᠤᠨ ᠵᠢᠯ ᠤᠨ ᠡᠴᠦᠰ ᠪᠤᠯᠳᠠᠯ᠎ᠠ ᠮᠠᠨ ᠤ | ᠠᠶᠢᠮᠠᠭ ᠤᠨ ᠶᠠᠳᠠᠭᠤ ᠬᠦᠴᠢᠷᠳᠡᠯᠲᠠᠢ ᠡᠷᠦᠬᠡ 2013 ᠤᠨ ᠤ ᠵᠢᠯ ᠤᠨ ᠡᠴᠦᠰ ᠤᠨ 1.01 ᠲᠦᠮᠡᠨ | ᠬᠦᠮᠦᠨ ᠠᠴᠠ 320 ᠬᠦᠮᠦᠨ ᠪᠤᠯᠤᠨ ᠬᠠᠰᠤᠬᠳᠠᠵᠤ᠂ ᠶᠠᠳᠠᠭᠤᠷᠠᠬᠤ ᠨᠤᠷᠮ᠎ᠠ 18.4% ᠠᠴᠠ 0.6% | ᠪᠤᠯᠤᠬᠰᠠᠨ ᠰᠢᠯᠢᠳᠡᠭ ᠠᠮᠵᠢᠯᠳᠠ ᠡᠬᠦᠳᠦᠭᠰᠡᠨ ᠪᠠᠶᠢᠨ᠎ᠠ᠃ | ᠡᠨᠡ ᠵᠢᠯ᠂ ᠮᠠᠨ ᠤ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ | ᠭᠤᠤᠯᠳᠠᠭᠤ ᠤᠳᠤᠬᠠᠨ ᠤ ᠶᠠᠳᠠᠭᠤ ᠶᠢ ᠲᠡᠳᠬᠦᠬᠦ ᠪᠡᠷᠢᠮᠵᠢᠶ᠎ᠠ ᠶᠢ ᠥᠨᠳᠤᠰᠤᠯᠠᠨ᠂ ᠣᠨᠣᠪᠴᠢᠳᠠᠢ ᠪᠠᠷ ᠶᠠᠳᠠᠭᠤ ᠶᠢ | ᠲᠡᠳᠬᠦᠵᠦ ᠶᠠᠳᠠᠭᠤ ᠠᠴᠠ ᠠᠩᠬᠢᠵᠢᠷᠠᠭᠤᠯᠬᠤ ᠱᠠᠭᠠᠷᠳᠠᠯᠭ᠎ᠠ ᠶᠤᠰᠤᠭᠠᠷ᠂ ᠭᠤᠤᠯᠳᠠᠯᠭᠠᠲᠦ ᠶᠠᠳᠠᠭᠤ ᠬᠦᠴᠢᠷᠳᠡᠯᠲᠠᠢ | ᠤᠯᠠᠨ ᠲᠦᠮᠡᠨ ᠢ ᠭᠤᠤᠯᠳᠠᠯᠭ᠎ᠠ ᠲᠠᠢ ᠲᠡᠳᠬᠦᠨ᠂ ᠪᠦᠬᠦ ᠠᠶᠢᠮᠠᠭ ᠤᠨ ᠤᠳᠤᠬᠠᠨ ᠤ ᠬᠡᠷᠡᠭᠵᠢᠬᠦᠯᠵᠤ ᠪᠠᠶᠢᠭ᠎ᠠ | ᠪᠠᠷᠢᠮᠵᠢᠶ᠎ᠠ ᠪᠠᠷ ᠲᠠᠩᠰᠠᠯᠠᠭᠰᠠᠨ 129 ᠡᠷᠦᠬᠡ ᠶᠢᠨ 320 ᠬᠦᠮᠦᠨ ᠤ ᠶᠠᠳᠠᠭᠤ ᠠᠴᠠ ᠠᠩᠬᠢᠵᠢᠷᠠᠬᠤ ᠶᠢ | ᠪᠠᠶᠠᠯᠠᠬᠦᠯᠬᠦ ᠪᠠᠷ ᠪᠤᠢ᠃ | ᠶᠠᠳᠠᠭᠤ ᠠᠴᠠ ᠠᠩᠬᠢᠵᠢᠷᠠᠭᠤᠯᠬᠤ ᠶᠠᠰᠤ ᠴᠢᠨᠠᠷ ᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠨ᠂ | 2014 ᠤᠨ ᠳᠤ ᠲᠠᠩᠰᠠᠯᠠᠭᠰᠠᠨ ᠠᠴᠠ ᠨᠠᠰᠢᠬᠢ 2377 ᠡᠷᠦᠬᠡ ᠶᠢᠨ 5325 ᠬᠦᠮᠦᠨ ᠳᠤ ᠦᠷᠬᠦᠯᠵᠢᠯᠡᠨ | ᠬᠠᠷᠠᠭᠠᠯᠵᠠᠯ ᠬᠦ᠋ᠷᠳᠡᠬᠡᠵᠦ᠂ ᠲᠤᠬᠳᠠᠭᠤᠨ ᠢᠶᠠᠷ ᠶᠠᠳᠠᠭᠤ ᠠᠴᠠ ᠠᠩᠬᠢᠵᠢᠷᠠᠬᠤ ᠶᠢ ᠪᠡᠶᠡᠯᠡᠬᠦᠯᠦᠨ᠎ᠠ᠃ ᠤᠷᠤᠯᠭ᠎ᠠ ᠪᠠᠨ | ᠨᠡᠮᠡᠭᠳᠡᠬᠦᠯᠬᠦ ᠪᠠᠷ ᠦᠨᠳᠦᠰᠦ ᠪᠤᠯᠭᠠᠨ᠂ ᠮᠠᠯᠵᠢᠬᠤ ᠲᠠᠷᠢᠶᠠᠯᠠᠬᠤ ᠤᠷᠤᠨ ᠳᠤ ᠶᠠᠳᠠᠭᠤᠷᠠᠯ ᠤᠨ ᠪᠠᠶᠢᠳᠠᠯ ᠳᠤ ᠬᠢᠨᠠᠨ | ᠪᠠᠶᠢᠴᠠᠭᠠᠯᠳᠠ ᠪᠤᠶᠤ ᠬᠦᠳᠡᠯᠦᠩᠬᠦᠢ ᠬᠠᠮᠢᠶᠠᠷᠤᠯᠳᠠ ᠬᠢᠵᠤ᠂ ᠠᠯᠠᠱᠠ ᠵᠡᠬᠦᠨ ᠬᠤᠰᠢᠭᠤ᠂ ᠠᠯᠠᠱᠠ ᠪᠠᠷᠠᠭᠤᠨ | ᠬᠤᠰᠢᠭᠤᠨ ᠤ ᠶᠠᠳᠠᠭᠤ ᠠᠴᠠ ᠠᠩᠬᠢᠵᠢᠷᠠᠬᠤ ᠬᠠᠷᠠᠯᠳᠠ ᠶᠢ ᠲᠤᠬᠳᠠᠬᠰᠠᠨ ᠬᠤᠭᠤᠴᠠᠭᠠᠨ ᠳᠤ ᠪᠠᠶᠡᠯᠡᠬᠦᠯᠬᠦ ᠶᠢ | ᠪᠠᠳᠤᠯᠠᠨ᠂ ᠪᠦᠬᠦ ᠠᠶᠢᠮᠠᠭ ᠤᠨ ᠶᠠᠳᠠᠭᠤᠷᠠᠬᠤ ᠨᠤᠷᠮ᠎ᠠ ᠶᠢ 3% ᠲᠤᠳᠤᠷ᠎ᠠ ᠬᠢᠵᠠᠭᠠᠷᠯᠠᠨ᠎ᠠ᠃ ᠶᠠᠳᠠᠭᠤ ᠠᠴᠠ | ᠠᠩᠬᠢᠵᠢᠷᠠᠵᠦ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠤᠳᠤᠷᠢᠳᠤᠯᠭ᠎ᠠ ᠪᠠᠨ ᠦᠷᠬᠦᠯᠵᠢᠯᠡᠨ ᠴᠢᠩᠭᠠᠳᠬᠠᠵᠤ᠂ | ᠨᠠᠮ ᠤᠨ ᠡᠬᠦᠷ ᠤᠨ ᠱᠦᠵᠢ ᠶᠠᠳᠠᠭᠤ ᠶᠢ ᠲᠡᠳᠬᠦᠬᠦ ᠶᠢ ᠴᠢᠩᠭ᠎ᠠ ᠠᠳᠬᠤᠬᠤ ᠠᠵᠢᠯ ᠤᠨ ᠲᠤᠬᠳᠠᠯᠴᠠᠭ᠎ᠠ ᠬᠤᠪᠢᠷᠠᠬᠤ | ᠦᠬᠡᠢ ᠪᠠ ᠠᠵᠢᠯ ᠲᠦᠷᠦᠯ ᠤᠨ ᠰᠠᠯᠠᠭ᠎ᠠ ᠮᠦᠴᠢᠷ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠰᠠᠶᠢᠳᠤᠷ ᠬᠢᠬᠦ ᠬᠠᠷᠢᠭᠤᠴᠠᠯᠭ᠎ᠠ ᠬᠤᠪᠢᠷᠠᠬᠤ ᠦᠬᠡᠢ ᠪᠠᠶᠢᠬᠤ ᠶᠢ ᠪᠠᠷᠢᠮᠳᠠᠯᠠᠨ᠂ ᠬᠤᠰᠢᠭᠤ | ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠨᠢᠬᠡᠳᠦᠬᠡᠷ ᠬᠠᠷᠢᠭᠤᠴᠠᠯᠭᠠᠳᠠᠨ ᠶᠡᠷᠦᠩᠬᠡᠢ ᠬᠠᠷᠢᠭᠤᠴᠠᠯᠭ᠎ᠠ | ᠡᠬᠦᠷᠭᠡᠯᠡᠬᠦ ᠲᠦᠷᠢᠮ ᠢ ᠰᠠᠶᠢᠳᠤᠷ ᠨᠠᠶᠢᠳᠠᠪᠤᠷᠢᠵᠢᠭᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠤᠷᠳᠤ ᠬᠤᠭᠤᠴᠠᠭᠠᠨ ᠤ ᠲᠤᠬᠳᠠᠯᠴᠠᠭ᠎ᠠ ᠶᠢ ᠪᠠᠶᠢᠭᠤᠯᠵᠤ᠂ ︽ᠠᠯᠠᠱᠠ ᠠᠶᠢᠮᠠᠭ ᠤᠨ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ 2018 — 2020 ᠤᠨ ᠤ ᠬᠡᠷᠡᠭᠵᠢᠬᠦᠯᠬᠦ ᠲᠦᠰᠦᠯ︾ ᠵᠡᠷᠭᠡ | ᠬᠠᠮᠢᠶ᠎ᠠ ᠪᠦᠬᠦᠢ ᠲᠦᠰᠦᠯ ᠢ ᠲᠤᠬᠳᠠᠭᠠᠨ ᠬᠡᠷᠡᠭᠵᠢᠬᠦᠯᠵᠤ᠂ ᠮᠠᠨ ᠤ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ | ᠶᠠᠰᠤ ᠴᠢᠨᠠᠷ ᠬᠢᠭᠡᠳ ᠪᠤᠭᠤᠮᠳᠠ ᠰᠢᠪᠳᠤᠯᠬᠤ ᠪᠤᠳᠠᠳᠤ ᠦᠷ᠎ᠠ ᠠᠰᠢᠭ ᠢᠶᠠᠨ ᠤᠯᠠᠮ ᠨᠢᠭᠡ ᠠᠯᠬᠤᠮ | ᠲᠡᠭᠡᠭᠰᠢᠯᠡᠬᠦᠯᠬᠦ ᠳᠤ ᠲᠦᠷᠢᠮ ᠤᠨ ᠪᠠᠳᠤᠯᠠᠭ᠎ᠠ ᠬᠠᠨᠭ᠍ᠭᠠᠬᠤ ᠪᠠᠷ ᠪᠠᠶᠢᠨ᠎ᠠ᠃ | ᠤᠳᠤᠬᠠᠨ ᠤ ᠬᠡᠷᠡᠭᠵᠢᠬᠦᠯᠵᠤ ᠪᠠᠶᠢᠭ᠎ᠠ ᠪᠠᠷᠢᠮᠵᠢᠶ᠎ᠠ ᠳᠤ ᠰᠢᠨ᠎ᠠ ᠪᠠᠷ ᠨᠡᠮᠡᠭᠳᠡᠭᠰᠡᠨ ᠪᠤᠶᠤ ᠲᠠᠬᠢᠨ | ᠶᠠᠳᠠᠭᠤᠷᠠᠬᠰᠠᠨ ᠬᠦᠮᠦᠨ ᠠᠮᠠ ᠶᠢ ᠲᠠᠩᠰᠠᠯᠠᠬᠤ ᠲᠤᠬᠳᠠᠭᠠᠯ ᠶᠤᠰᠤᠭᠠᠷ ᠬᠠᠮᠢᠶᠠᠷᠤᠯᠳᠠ ᠶᠢᠨ ᠰᠢᠰᠲ᠋ᠧᠮ ᠳᠤ | ᠤᠷᠤᠭᠤᠯᠵᠤ᠂ ᠭᠤᠤᠯᠳᠠᠯᠭ᠎ᠠ ᠲᠠᠢ ᠲᠡᠳᠬᠦᠬᠦ ᠶᠢᠨ ᠬᠠᠮᠳᠤ ᠬᠠᠮᠢᠶ᠎ᠠ ᠪᠦᠬᠦᠢ ᠪᠦᠷᠢᠯᠳᠦᠬᠦᠨ ᠪᠠᠶᠢᠭᠤᠯᠭ᠎ᠠ ᠲᠠᠢ | ᠬᠤᠷᠰᠢᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠲᠡᠳᠬᠦᠬᠦ ᠠᠷᠭ᠎ᠠ ᠠᠪᠴᠠᠯ᠂ ᠠᠰᠢᠬ ᠬᠦᠷᠳᠡᠬᠦ ᠲᠦᠷᠦᠯ | ᠵᠦᠢᠯ ᠨᠠᠩ ᠨᠠᠷᠢᠯᠢᠭ ᠪᠠᠶᠢᠬᠤ ᠶᠢ ᠪᠠᠳᠤᠯᠠᠵᠦ᠂ ᠬᠤᠯᠪᠤᠭᠳᠠᠯ ᠪᠦᠬᠦᠢ ᠲᠦᠷᠢᠮ ᠲᠤᠭᠳᠠᠭᠠᠯ ᠶᠤᠰᠤᠭᠠᠷ ᠶᠠᠳᠠᠭᠤ ᠶᠢ | ᠲᠡᠳᠬᠦᠬᠦ ᠠᠷᠭ᠎ᠠ ᠠᠪᠴᠠᠯ ᠢ ᠲᠦᠷᠦᠯ ᠬᠤᠪᠢᠶᠠᠨ ᠬᠡᠷᠡᠭᠵᠢᠬᠦᠯᠵᠦ᠂ ᠶᠠᠳᠠᠭᠤ ᠠᠴᠠ ᠠᠩᠬᠢᠵᠢᠷᠠᠨ ᠴᠢᠨᠡᠬᠡᠯᠢᠭᠵᠢᠬᠦ ᠶᠢ | ᠲᠠᠶᠢᠴᠢᠯᠠᠨ᠎ᠠ᠃ ᠡᠯ᠎ᠠ ᠱᠠᠳᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠤᠷᠳᠤ ᠬᠤᠭᠤᠴᠠᠭᠠᠨ ᠤ | ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠠᠶᠢᠮᠠᠭ᠂ ᠬᠤᠰᠢᠭᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ | ᠪᠡᠯᠡ ᠮᠦᠡᠭᠬᠦ ᠶᠢ ᠲᠦᠪ ᠬᠢᠭᠡᠳ ᠦᠪᠡᠷᠳᠡᠭᠡᠨ ᠵᠠᠰᠠᠬᠤ ᠤᠷᠤᠨ ᠤ ᠪᠡᠯᠡ ᠤᠷᠤᠭᠤᠯᠤᠯᠳᠠ ᠶᠢᠨ 3% ᠠᠴᠠ ᠪᠠᠭ᠎ᠠ | ᠪᠠᠶᠢᠯᠭᠠᠬᠤ ᠦᠬᠡᠢ᠃ ᠮᠦᠡᠭᠬᠦᠨ ᠬᠦᠢᠯᠭᠡᠭᠡ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠰᠠᠶᠢᠳᠤᠷ ᠠᠳᠬᠤᠨ᠂ | ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠲᠠᠢ ᠡᠷᠦᠬᠡ ᠶᠢᠨ ︽ᠵᠢᠭᠡᠯᠡᠯᠭᠡ ᠠᠪᠬᠤ ᠳᠤ ᠬᠦᠴᠢᠷ︾ | ᠠᠰᠠᠭᠤᠳᠠᠯ ᠢ ᠰᠢᠢᠳᠪᠦᠷᠢᠯᠡᠨ᠎ᠠ᠃ ᠬᠤᠯᠪᠤᠭᠠᠯᠠᠨ ᠶᠠᠳᠠᠭᠤ ᠶᠢ ᠲᠡᠳᠬᠦᠬᠦ ᠠᠵᠢᠯ ᠢ ᠦᠷᠬᠦᠯᠵᠢᠯᠡᠨ ᠠᠬᠢᠭᠤᠯᠵᠤ᠂ | ᠠᠶᠢᠮᠠᠭ᠂ ᠬᠤᠰᠢᠭᠤ ᠤᠷᠤᠨ᠂ ᠰᠤᠮᠤ ᠪᠠᠯᠭᠠᠰᠤ ᠭᠤᠷᠪᠠᠨ ᠱᠠᠳᠤ ᠪᠠᠷ ᠬᠤᠯᠪᠤᠭᠠᠯᠠᠨ᠂ ᠱᠠᠳᠤ ᠬᠤᠪᠢᠶᠠᠨ | ᠬᠠᠮᠢᠶᠠᠷᠬᠤ ᠠᠵᠢᠯ ᠤᠨ ᠲᠤᠭᠳᠠᠯᠴᠠᠭ᠎ᠠ ᠶᠢ ᠲᠡᠬᠦᠯᠳᠡᠷᠵᠢᠬᠦᠯᠦᠨ᠎ᠠ᠃ | ᠶᠡᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠪᠤᠯᠪᠠᠰᠤᠷᠠᠯ | ᠡᠷᠬᠢᠯᠡᠬᠦ ᠵᠡᠷᠭᠡ ᠠᠷᠭ᠎ᠠ ᠠᠪᠴᠠᠯ ᠢᠶᠠᠷ ᠶᠡᠷᠦᠩᠬᠡᠢ ᠱᠦᠵᠢ ᠰᠢ ᠶᠢᠨ ᠫᠢᠡᠭ ᠤᠨ ᠶᠠᠳᠠᠭᠤ ᠶᠢ ᠲᠡᠳᠬᠦᠬᠦ ᠪᠠᠶᠢᠯᠳᠤᠬᠤ | ᠪᠤᠳᠤᠯᠭ᠎ᠠ ᠶᠢᠨ ᠵᠤᠷᠢᠭ ᠰᠠᠨᠠᠭ᠎ᠠ ᠬᠢᠭᠡᠳ ᠲᠦᠪ ᠤᠨ ᠣᠨᠣᠪᠴᠢᠳᠠᠢ ᠪᠠᠷ ᠶᠠᠳᠠᠭᠤ ᠶᠢ ᠲᠡᠳᠬᠦᠬᠦ ᠲᠦᠷᠦ ᠶᠢᠨ | ᠪᠤᠳᠤᠯᠭ᠎ᠠ ᠶᠢ ᠤᠬᠠᠭᠤᠯᠤᠨ ᠰᠤᠷᠤᠯᠴᠠᠵᠤ᠂ ᠡᠯ᠎ᠠ ᠱᠠᠳᠤᠨ ᠤ ᠺᠠᠳ᠋ᠷ ᠠᠵᠢᠯᠳᠠᠨ ᠤ ᠶᠠᠳᠠᠭᠤ ᠶᠢ ᠲᠡᠳᠬᠦᠬᠦ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠤᠬᠠᠮᠰᠠᠷ ᠢ ᠲᠡᠭᠡᠭᠰᠢᠯᠡᠬᠦᠯᠦᠨ᠎ᠠ᠃ ᠰᠤᠨᠢᠨ ᠮᠡᠳᠡᠭᠡᠨ ᠤ | ᠵᠠᠭᠤᠴᠢᠯᠠᠭᠤᠷ ᠢᠶᠠᠷ ᠲᠠᠮᠵᠢᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ᠂ ᠲᠡᠷᠢᠬᠦᠨ ᠤ ᠨᠡᠶᠢᠳᠡᠯᠢᠭ ᠵᠢᠱᠢᠶ᠎ᠠ ᠶᠢ | ᠤᠬᠠᠭᠤᠯᠤᠨ᠂ ᠤᠯᠠᠨ ᠲᠦᠮᠡᠨ ᠤ ᠦᠵᠡᠯᠳᠡ ᠪᠠᠨ ᠬᠤᠪᠢᠷᠠᠭᠤᠯᠬᠤ ᠶᠢ ᠤᠳᠤᠷᠢᠳᠤᠨ᠂ ᠲᠤᠰᠬᠠᠢ ᠲᠦᠷᠦᠯ ᠤᠨ | ᠵᠠᠰᠠᠨ ᠴᠡᠭᠴᠡᠯᠡᠯᠳᠡ ᠶᠢᠨ ᠠᠵᠢᠯ ᠢ ᠪᠦᠬᠦ ᠬᠦᠴᠦ ᠪᠠᠷ ᠠᠬᠢᠭᠤᠯᠵᠤ᠂ ᠶᠠᠳᠠᠭᠤ ᠶᠢ ᠲᠡᠳᠬᠦᠬᠦ ᠬᠦᠷᠢᠶ᠎ᠠ ᠴᠠᠷ᠎ᠠ ᠳᠠᠬᠢ | ︽ᠲᠦᠷᠪᠡᠨ ᠤᠬᠠᠮᠰᠠᠷ︾ ᠴᠢᠩᠭ᠎ᠠ ᠪᠤᠰᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠠᠨᠠᠢ᠂ ᠲᠦᠷᠦ ᠶᠢᠨ | ᠪᠤᠳᠤᠯᠭ᠎ᠠ ᠪᠤᠯᠤᠨ ᠪᠡᠯᠡ ᠮᠦᠡᠭᠬᠦᠨ ᠤ ᠬᠠᠮᠢᠶᠠᠷᠤᠯᠳᠠ ᠵᠤᠬᠢᠰ ᠦᠬᠡᠢ᠂ ᠬᠡᠯᠪᠡᠷᠢᠴᠢ ᠦᠵᠡᠯ᠂ ᠨᠤᠶᠠᠨᠴᠢ ᠰᠣᠷᠳᠠᠯ | ᠵᠡᠷᠭᠡ ᠠᠵᠢᠯ ᠤᠨ ᠰᠤᠷᠳᠠᠯ ᠤᠨ ᠠᠰᠠᠭᠤᠳᠠᠯ ᠢ ᠵᠠᠰᠠᠨ ᠴᠡᠭᠴᠡᠯᠡᠵᠤ᠂ ᠶᠠᠳᠠᠭᠤ ᠶᠢ ᠦᠨᠡᠨᠬᠦ ᠲᠡᠳᠬᠦᠵᠦ ᠦᠨᠡᠨᠬᠦ | ᠶᠠᠳᠠᠭᠤ ᠠᠴᠠ ᠠᠩᠬᠢᠵᠢᠷᠠᠬᠤ ᠶᠢ ᠪᠡᠶᠡᠯᠡᠬᠦᠯᠦᠨ᠎ᠠ᠃ | |