ᠪᠦᠬᠦ ᠠᠶᠢᠮᠠᠭ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/5/22
         ᠪᠤᠤ ᠭᠠᠨᠭ᠌ ᠶᠠᠷᠢᠶ᠎ᠠ ᠲᠠᠯᠪᠢᠵᠦ ᠶᠠᠩ ᠪᠦᠸᠧ ᠬᠤᠷᠠᠯ ᠡᠷᠬᠢᠯᠡᠪᠡ              4 ᠰᠠᠷ᠎ᠠ ᠶᠢᠨ 10 ᠤ ᠡᠳᠦᠷ᠂ ᠪᠦᠬᠦ ᠠᠶᠢᠮᠠᠭ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠵᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠪᠤᠤ ᠭᠠᠨᠭ᠌ ᠴᠢᠬᠤᠯᠠ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ ᠶᠠᠩ ᠪᠦᠸᠧ ᠬᠤᠷᠠᠯ ᠡᠷᠬᠢᠯᠡᠪᠠ᠃ ᠠᠶᠢᠮᠠᠭ ᠤᠨ ᠲᠦᠷᠪᠠᠨ ᠲᠤᠮᠤ ᠤᠳᠤᠷᠢᠤᠠᠬᠤ ᠪᠠᠭ ᠤᠨ ᠪᠠᠶᠠᠠᠬᠤᠳᠠ ᠳᠤ ᠪᠠᠶᠢᠭ᠎ᠠ ᠤᠳᠤᠷᠢᠳᠤᠯᠭ᠎ᠠ᠂ ᠰᠢᠬᠦᠬᠦ ᠪᠠ ᠪᠠᠶᠢᠴᠠᠭᠠᠬᠤ ᠬᠤᠷᠢᠶ᠎ᠠ᠂ ᠡᠯ᠎ᠠ ᠬᠤᠰᠢᠭᠤ ᠤᠷᠤᠨ ᠤ ᠭᠤᠤᠯ ᠤᠳᠤᠷᠢᠳᠤᠯᠭ᠎ᠠ᠂ ᠠᠶᠢᠮᠠᠭ ᠤᠨ ᠬᠠᠷᠢᠶ᠎ᠠ ᠪᠠᠶᠢᠭᠤᠯᠭ᠎ᠠ ᠶᠢᠨ ᠤᠳᠤᠷᠢᠤᠠᠬᠤ ᠪᠠᠭ ᠤᠨ ᠬᠢᠨ ᠬᠤᠷᠠᠯ ᠳᠤ ᠤᠷᠤᠯᠴᠠᠪᠠ᠃              ᠪᠤᠤ ᠭᠠᠨᠭ᠌ ᠶᠠᠷᠢᠶᠠᠨ ᠳᠠᠭᠠᠨ ᠴᠢᠬᠤᠯᠠᠴᠢᠯᠠᠬᠰᠠᠨ ᠨᠢ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠰᠠᠶᠢᠳᠤᠷ ᠪᠡᠶᠡᠯᠡᠬᠦᠯᠬᠦ ᠨᠢ ᠮᠠᠨ ᠤ ᠠᠶᠢᠮᠠᠭ ᠤᠨ ᠲᠤᠬᠳᠠᠬᠰᠠᠨ ᠬᠤᠭᠤᠴᠠᠭᠠᠨ ᠳᠤ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠪᠦᠬᠦ ᠠᠶᠢᠮᠠᠭ ᠤᠨ ᠠᠵᠤ ᠠᠬᠤᠢ ᠶᠢᠨ ᠴᠢᠨᠠᠷ ᠴᠢᠨᠰᠠᠭ᠎ᠠ ᠲᠠᠢ ᠬᠦᠭᠵᠢᠬᠦ᠂ ᠦᠵᠡᠰᠬᠦᠯᠡᠩᠳᠦ ᠰᠠᠶᠢᠬᠠᠨ ᠠᠯᠠᠱᠠ ᠶᠢ ᠪᠦᠳᠦᠭᠡᠨ ᠪᠠᠶᠢᠭᠤᠯᠬᠤ ᠵᠢᠴᠢ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠵᠤᠯ ᠵᠢᠷᠭᠠᠯᠳᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠬᠤᠯᠪᠤᠬᠳᠠᠬᠤ ᠪᠤᠯᠬᠤᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠴᠢᠨᠠᠷ ᠢ ᠬᠦᠨᠵᠡᠭᠡᠢ ᠤᠢᠢᠯᠠᠭᠠᠨ᠂ ᠮᠠᠯᠵᠢᠬᠤ ᠲᠠᠷᠢᠶᠠᠯᠠᠬᠤ ᠤᠷᠤᠨ ᠪᠦᠬᠦ ᠲᠠᠯ᠎ᠠ ᠪᠠᠷ ᠲᠡᠰ ᠲᠡᠪᠰᠢᠬᠦ᠂ ᠪᠦᠬᠦ ᠲᠠᠯ᠎ᠠ ᠪᠠᠷ ᠤᠷᠤᠬᠰᠢᠯᠠᠬᠤ᠂ ᠮᠠᠯᠴᠢᠨ ᠲᠠᠷᠢᠶᠠᠴᠢᠨ ᠪᠦᠬᠦ ᠲᠠᠯ ᠎ᠠ ᠪᠠᠷ ᠬᠦᠭᠵᠢᠬᠦ ᠶᠢ ᠠᠬᠢᠭᠤᠯᠬᠤ ᠬᠡᠷᠡᠭᠳᠡᠢ︔ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠬᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠬᠢᠭᠡᠳ ᠨᠠᠮ ᠤᠨ ᠪᠠᠶᠢᠭᠤᠯᠤᠯᠳᠠ ᠶᠢ ᠨᠢᠭᠡᠳᠦᠯᠲᠠᠢ ᠲᠦᠯᠦᠪᠯᠡᠨ ᠠᠬᠢᠭᠤᠯᠵᠤ᠂ ᠬᠦᠳᠡᠭᠡ ᠲᠤᠰᠬᠤᠨ ᠢ ᠴᠡᠭᠴᠡᠯᠡᠨ ᠵᠠᠰᠠᠬᠤ ᠰᠢᠰᠲ᠋ᠧᠮᠵᠢ ᠬᠢᠭᠡᠳ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠡᠯᠳᠡ᠂ ᠲᠠᠷᠢᠶᠠᠯᠠᠩ ᠮᠠᠯ ᠠᠵᠤ ᠠᠬᠤᠢ ᠶᠢᠨ ᠤᠢᠢᠯᠡᠰ ᠬᠢᠭᠡᠳ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠡᠯᠳᠡ ᠶᠢ ᠲᠦᠷᠭᠡᠳᠬᠡᠨ ᠠᠬᠢᠭᠤᠯᠬᠤ ᠬᠡᠷᠡᠭᠲᠠᠢ︔ ᠲᠦᠪ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠪᠠᠶᠢᠷᠢᠯᠠᠭᠤᠯᠤᠯᠳᠠ ᠶᠤᠰᠤᠭᠠᠷ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠬᠤ ᠳᠠᠭᠠᠨ ᠡᠷᠬᠡᠪᠰᠢ ᠦᠨᠳᠦᠷ ᠵᠤᠭᠰᠤᠴᠠ ᠠᠴᠠ ᠲᠦᠯᠦᠪᠵᠢᠬᠦᠯᠵᠦ᠂ ᠪᠠᠶᠢᠷᠢᠯᠠᠭᠤᠯᠤᠯᠳᠠ ᠵᠤᠬᠢᠰᠲᠠᠢ᠂ ᠭᠠᠵᠠᠷ ᠤᠷᠤᠨ ᠤ ᠪᠠᠶᠢᠳᠠᠯ ᠳᠤ ᠲᠤᠬᠢᠷᠠᠬᠤ᠂ ᠠᠮᠢ ᠠᠬᠤᠢ ᠶᠢᠨ ᠬᠠᠮᠠᠭᠠᠯᠠᠯᠳᠠ᠂ ᠦᠭᠡᠷᠡᠴᠢᠯᠡᠯᠳᠡ ᠬᠢᠵᠤ ᠰᠢᠨ᠎ᠠ ᠶᠢ ᠡᠬᠦᠳᠬᠦ ᠵᠡᠷᠭᠡ ᠲᠠᠯ᠎ᠠ ᠶᠢ ᠴᠢᠬᠤᠯᠠᠴᠢᠯᠠᠬᠤ ᠬᠡᠷᠡᠭᠲᠠᠢ ᠭᠡᠪᠡ᠃              ᠪᠤᠤ ᠭᠠᠨᠭ᠌ ᠱᠠᠭᠠᠷᠳᠠᠭᠰᠨᠨ ᠨᠢ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠤᠳᠤᠬᠢᠴᠢᠯᠡᠬᠰᠠᠨ ᠮᠠᠯᠵᠢᠬᠤ ᠲᠠᠷᠢᠶᠠᠯᠠᠬᠤ ᠤᠷᠤᠨ ᠤ ᠠᠵᠤ ᠤᠢᠢᠯᠡᠰ ᠤᠨ ᠰᠢᠰᠲ᠋ᠧᠮᠵᠢ᠂ ᠤᠢᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠳᠡ ᠶᠢᠨ ᠰᠢᠰᠲ᠋ᠧᠮᠵᠢ ᠶᠢ ᠲᠡᠬᠦᠯᠳᠡᠷᠵᠢᠬᠦᠯᠵᠦ᠂ ᠤᠨᠴᠠᠯᠢᠬᠳᠤ ᠠᠵᠤ ᠤᠢᠢᠯᠡᠰ ᠢ ᠪᠦᠬᠦ ᠲᠠᠯ᠎ᠠ ᠪᠠᠷ ᠬᠦᠭᠵᠢᠬᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠪᠤᠬᠢᠷᠳᠤᠯ ᠦᠬᠡᠢ᠂ ᠶᠠᠰᠦ ᠴᠢᠨᠠᠷ ᠲᠠᠢ᠂ ᠦᠪᠡᠷᠮᠢᠴᠡ ᠤᠨᠴᠠᠯᠢᠭ ᠲᠠᠢ᠂ ᠨᠡᠷᠡᠳᠦ ᠪᠦᠳᠦᠭᠡᠭᠳᠡᠬᠦᠨ ᠵᠦᠭ ᠬᠦᠭᠵᠢᠬᠦ ᠶᠢ ᠠᠬᠢᠭᠤᠯᠬᠤ ᠬᠡᠷᠡᠭᠲᠠᠢ︔ ᠠᠭᠤᠯᠠ ᠤᠰᠤ᠂ ᠤᠢ ᠰᠢᠭᠤᠢ᠂ ᠲᠠᠷᠢᠶᠠᠯᠠᠩ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ ᠶᠢᠨ ᠰᠢᠰᠲ᠋ᠧᠮᠵᠢ ᠶᠢ ᠨᠢᠭᠡᠳᠦᠯᠲᠠᠢ ᠲᠦᠯᠦᠪᠯᠠᠵᠦ᠂ ᠲᠠᠷᠢᠶᠠᠯᠠᠩ ᠮᠠᠯ ᠠᠵᠤ ᠠᠬᠤᠢ ᠶᠢᠨ ᠤᠢᠢᠯᠡᠰ ᠤᠨ ᠡᠬᠢ ᠪᠠᠶᠠᠯᠢᠭ ᠤᠨ ᠤᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠬᠦ ᠶᠢ ᠰᠢᠯᠢᠳᠡᠭᠵᠢᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠪᠤᠬᠢᠷᠳᠤᠯ ᠦᠬᠡᠢ ᠬᠦᠭᠵᠢᠯᠳᠡ ᠶᠢ ᠪᠦᠬᠦ ᠬᠦᠴᠦ ᠪᠠᠷ ᠲᠦᠯᠬᠢᠨ ᠠᠬᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ︔ ᠮᠠᠯᠵᠢᠬᠤ ᠲᠠᠷᠢᠶᠠᠯᠠᠬᠤ ᠤᠷᠤᠨ ᠤ ᠦᠵᠡᠯ ᠰᠠᠨᠠᠭ᠎ᠠ ᠶᠤᠰᠤ ᠰᠤᠷᠳᠠᠬᠤᠨ ᠤ ᠪᠠᠶᠢᠭᠤᠯᠤᠯᠳᠠ ᠶᠢ ᠴᠢᠩᠭᠠᠳᠬᠠᠨ᠂ ᠤᠯᠠᠮᠵᠢᠯᠠᠯᠳᠤ ᠰᠢᠯᠢᠳᠡᠭ ᠰᠤᠶᠤᠯ ᠢ ᠤᠯᠠᠮᠵᠢᠯᠠᠨ ᠬᠦᠭᠵᠢᠬᠦᠯᠵᠤ᠂ ᠪᠤᠳᠠᠰ ᠤᠨ ᠪᠤᠯᠪᠠᠰᠤᠨ ᠬᠢᠭᠡᠳ ᠤᠶᠤᠨ ᠤ ᠪᠤᠯᠪᠠᠰᠤᠨ ᠢ ᠬᠠᠮᠳᠤᠪᠡᠷ ᠠᠳᠬᠤᠨ᠂ ᠬᠦᠳᠡᠭᠡ ᠲᠤᠰᠬᠤᠨ ᠤ ᠪᠤᠯᠪᠠᠰᠤᠨ ᠤ ᠬᠢᠷᠢ ᠲᠦᠪᠰᠢᠨ ᠢ ᠲᠡᠭᠡᠭᠰᠢᠯᠡᠬᠦᠯᠬᠦ ᠬᠡᠷᠡᠭᠲᠠᠢ︔ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢ ᠴᠢᠩᠭᠠᠳᠬᠠᠨ᠂ ᠬᠦᠳᠡᠭᠡ ᠲᠤᠰᠬᠤᠨ ᠤ ᠵᠠᠰᠠᠨ ᠴᠡᠭᠴᠡᠯᠡᠯᠳᠡ ᠶᠢ ᠬᠦᠨᠵᠡᠬᠡᠶᠢᠷᠡᠬᠦᠯᠵᠤ᠂ ᠬᠦᠳᠡᠭᠡ ᠲᠤᠰᠬᠤᠨ ᠤ ᠴᠢᠳᠠᠪᠤᠷᠢᠳᠡᠨ ᠢ ᠬᠦᠮᠦᠵᠢᠬᠦᠯᠦᠨ᠂ ᠦᠨᠳᠦᠰᠦᠨ ᠱᠠᠳᠤᠨ ᠤ ᠰᠠᠭᠤᠷᠢ ᠶᠢ ᠪᠠᠳᠤᠳᠬᠬᠤ ᠬᠡᠷᠡᠭᠲᠠᠢ︔ ᠣᠨᠣᠪᠴᠢᠳᠠᠢ ᠪᠠᠷ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠡᠮᠡᠭᠳᠡᠬᠦᠯᠬᠦ ᠵᠠᠮ ᠢ ᠦᠷᠭᠡᠳᠬᠡᠨ᠂ ᠦᠨᠳᠦᠰᠦᠨ ᠱᠠᠳᠤᠨ ᠤ ᠤᠯᠠᠨ ᠨᠡᠶᠢᠳᠡ ᠶᠢᠨ ᠤᠢᠢᠯᠡᠴᠢᠯᠡᠭᠡ ᠡᠷᠭᠡ ᠲᠡᠭᠰᠢ ᠪᠠᠶᠢᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠡᠭᠡᠭᠰᠢᠯᠡᠬᠦᠯᠬᠦ ᠬᠡᠷᠡᠭᠲᠠᠢ ᠬᠡᠪᠡ᠃              ᠶᠠᠩ ᠪᠦᠸᠧ ᠬᠠᠮᠤᠭ ᠰᠠᠬᠦᠯ ᠳᠤ᠂ ᠪᠦᠬᠦ ᠠᠶᠢᠮᠠᠭ ᠤᠨ ᠬᠢᠨ ︽ᠬᠦᠮᠤᠨ︾ ᠭᠡᠬᠦ ᠭᠤᠤᠯᠳᠠᠯᠭ᠎ᠠ ᠶᠢ ᠰᠠᠶᠢᠳᠤᠷ ᠠᠤᠠᠬᠤᠨ᠂ ︽ᠭᠠᠵᠠᠷ︾ ᠭᠡᠬᠦ ᠰᠠᠭᠤᠷᠢ ᠶᠢ ᠰᠠᠶᠢᠳᠤᠷ ᠠᠤᠠᠬᠤᠵᠤ᠂ ︽ᠵᠤᠭᠤᠰ︾ ᠭᠡᠬᠦ ᠤᠷᠢᠳᠠᠴᠢ ᠨᠦᠬᠦᠴᠠᠯ ᠢ ᠰᠠᠶᠢᠳᠤᠷ ᠠᠤᠠᠬᠤᠨ᠂ ︽ᠠᠵᠢᠯ ᠤᠢᠢᠯᠠᠰ︾ ᠭᠡᠬᠦ ᠭᠤᠤᠯ ᠬᠠᠷᠠᠯᠳᠠ ᠳᠠᠭᠠᠨ ᠬᠦᠴᠤ ᠲᠠᠯᠪᠢᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠡᠯ᠎ᠠ ᠲᠦᠷᠤᠯ ᠤᠨ ᠡᠬᠦᠷᠭᠡ ᠪᠠᠨ ᠦᠡᠳᠤᠷ ᠴᠢᠨᠠᠷ ᠴᠢᠠᠰᠠᠭ᠎ᠠ ᠲᠠᠢ ᠪᠠᠶᠠᠯᠠᠬᠦᠯᠬᠦ ᠪᠠᠷ ᠴᠢᠷᠮᠠᠶᠢᠬᠤ ᠭᠡᠷᠡᠭᠳᠠᠢ ᠭᠡᠵᠤ ᠱᠠᠭᠠᠷᠳᠠᠭᠰᠠᠨ ᠪᠠᠶᠢᠨ᠎ᠠ᠃       ᠬᠤᠷᠠᠯ ᠳᠤ᠂ 2017 ᠤᠨ ᠤ ᠪᠦᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠤᠢᠢᠯᠡᠰ ᠢ ᠲᠦᠯᠬᠢᠨ ᠠᠬᠢᠭᠤᠯᠬᠤ ᠵᠢᠱᠢᠶ᠎ᠠ ᠦᠵᠡᠬᠦᠯᠬᠦ ᠬᠤᠰᠢᠭᠤ ᠬᠢᠭᠡᠳ ᠲᠡᠷᠢᠬᠦᠨ ᠤ ᠪᠠᠶᠢᠭᠤᠯᠭ᠎ᠠ ᠨᠢᠭᠡᠴᠡ ᠶᠢ ᠱᠠᠩᠨᠠᠨ ᠬᠦᠬᠢᠬᠦᠯᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号