ᠡᠨᠡ ᠵᠢᠯ ᠠᠯᠠᠱᠠ ᠠᠶᠢᠮᠠᠭ ᠣᠨᠣᠪᠴᠢᠳᠠᠢ ᠪᠠᠷ ᠶᠠᠳᠠᠭᠤ ᠶᠢ ᠲᠡᠳᠬᠦᠬᠦ ᠠᠵᠢᠯ ᠳᠤ ᠤᠯᠠᠮ ᠨᠢᠬᠡ ᠠᠯᠬᠤᠮ ᠬᠦᠴᠦᠯᠠᠬᠦ ᠪᠤᠯᠤᠨ᠎ᠠ
ᠨᠡᠶᠢᠲᠡᠯᠡᠭᠰᠡᠨ ᠴᠠᠭ᠄
2018/5/22
         ᠲᠦᠷᠦᠬᠦᠭᠡᠨ ᠬᠤᠷᠠᠯᠳᠤᠬᠰᠠᠨ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠳ ᠤᠨ ᠨᠠᠢᠮᠠᠳᠣᠭᠠᠷ ᠤᠳᠠᠭᠠᠨ ᠤ ᠬᠤᠷᠠᠯ ᠲᠡᠬᠡᠷ᠎ᠠ ᠮᠠᠨ ᠤ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠠᠵᠢᠯ ᠳᠤ ᠲᠠᠬᠢᠨ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ ᠨᠢᠳᠤᠨᠤᠨ ᠵᠢᠯ ᠤᠨ ᠡᠴᠦᠰ ᠪᠤᠯᠳᠠᠯ᠎ᠠ ᠮᠠᠨ ᠤ ᠠᠶᠢᠮᠠᠭ ᠤᠨ ᠶᠠᠳᠠᠭᠤ ᠬᠦᠴᠢᠷᠳᠡᠯᠲᠠᠢ ᠡᠷᠦᠬᠡ 2013 ᠤᠨ ᠤ ᠵᠢᠯ ᠤᠨ ᠡᠴᠦᠰ ᠤᠨ 1.01 ᠲᠦᠮᠡᠨ ᠬᠦᠮᠦᠨ ᠠᠴᠠ 320 ᠬᠦᠮᠦᠨ ᠪᠤᠯᠤᠨ ᠬᠠᠰᠤᠬᠳᠠᠵᠤ᠂ ᠶᠠᠳᠠᠭᠤᠷᠠᠬᠤ ᠨᠤᠷᠮ᠎ᠠ 18.4% ᠠᠴᠠ 0.6% ᠪᠤᠯᠤᠬᠰᠠᠨ ᠰᠢᠯᠢᠳᠡᠭ ᠠᠮᠵᠢᠯᠳᠠ ᠡᠬᠦᠳᠦᠭᠰᠡᠨ ᠪᠠᠶᠢᠨ᠎ᠠ᠃                ᠡᠨᠡ ᠵᠢᠯ᠂ ᠮᠠᠨ ᠤ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠭᠤᠤᠯᠳᠠᠭᠤ ᠤᠳᠤᠬᠠᠨ ᠤ ᠶᠠᠳᠠᠭᠤ ᠶᠢ ᠲᠡᠳᠬᠦᠬᠦ ᠪᠡᠷᠢᠮᠵᠢᠶ᠎ᠠ ᠶᠢ ᠥᠨᠳᠤᠰᠤᠯᠠᠨ᠂ ᠣᠨᠣᠪᠴᠢᠳᠠᠢ ᠪᠠᠷ ᠶᠠᠳᠠᠭᠤ ᠶᠢ ᠲᠡᠳᠬᠦᠵᠦ ᠶᠠᠳᠠᠭᠤ ᠠᠴᠠ ᠠᠩᠬᠢᠵᠢᠷᠠᠭᠤᠯᠬᠤ ᠱᠠᠭᠠᠷᠳᠠᠯᠭ᠎ᠠ ᠶᠤᠰᠤᠭᠠᠷ᠂ ᠭᠤᠤᠯᠳᠠᠯᠭᠠᠲᠦ ᠶᠠᠳᠠᠭᠤ ᠬᠦᠴᠢᠷᠳᠡᠯᠲᠠᠢ ᠤᠯᠠᠨ ᠲᠦᠮᠡᠨ ᠢ ᠭᠤᠤᠯᠳᠠᠯᠭ᠎ᠠ ᠲᠠᠢ ᠲᠡᠳᠬᠦᠨ᠂ ᠪᠦᠬᠦ ᠠᠶᠢᠮᠠᠭ ᠤᠨ ᠤᠳᠤᠬᠠᠨ ᠤ ᠬᠡᠷᠡᠭᠵᠢᠬᠦᠯᠵᠤ ᠪᠠᠶᠢᠭ᠎ᠠ ᠪᠠᠷᠢᠮᠵᠢᠶ᠎ᠠ ᠪᠠᠷ ᠲᠠᠩᠰᠠᠯᠠᠭᠰᠠᠨ 129 ᠡᠷᠦᠬᠡ ᠶᠢᠨ 320 ᠬᠦᠮᠦᠨ ᠤ ᠶᠠᠳᠠᠭᠤ ᠠᠴᠠ ᠠᠩᠬᠢᠵᠢᠷᠠᠬᠤ ᠶᠢ ᠪᠠᠶᠠᠯᠠᠬᠦᠯᠬᠦ ᠪᠠᠷ ᠪᠤᠢ᠃                ᠶᠠᠳᠠᠭᠤ ᠠᠴᠠ ᠠᠩᠬᠢᠵᠢᠷᠠᠭᠤᠯᠬᠤ ᠶᠠᠰᠤ ᠴᠢᠨᠠᠷ ᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠨ᠂ 2014 ᠤᠨ ᠳᠤ ᠲᠠᠩᠰᠠᠯᠠᠭᠰᠠᠨ ᠠᠴᠠ ᠨᠠᠰᠢᠬᠢ 2377 ᠡᠷᠦᠬᠡ ᠶᠢᠨ 5325 ᠬᠦᠮᠦᠨ ᠳᠤ ᠦᠷᠬᠦᠯᠵᠢᠯᠡᠨ ᠬᠠᠷᠠᠭᠠᠯᠵᠠᠯ ᠬᠦ᠋ᠷᠳᠡᠬᠡᠵᠦ᠂ ᠲᠤᠬᠳᠠᠭᠤᠨ ᠢᠶᠠᠷ ᠶᠠᠳᠠᠭᠤ ᠠᠴᠠ ᠠᠩᠬᠢᠵᠢᠷᠠᠬᠤ ᠶᠢ ᠪᠡᠶᠡᠯᠡᠬᠦᠯᠦᠨ᠎ᠠ᠃ ᠤᠷᠤᠯᠭ᠎ᠠ ᠪᠠᠨ ᠨᠡᠮᠡᠭᠳᠡᠬᠦᠯᠬᠦ ᠪᠠᠷ ᠦᠨᠳᠦᠰᠦ ᠪᠤᠯᠭᠠᠨ᠂ ᠮᠠᠯᠵᠢᠬᠤ ᠲᠠᠷᠢᠶᠠᠯᠠᠬᠤ ᠤᠷᠤᠨ ᠳᠤ ᠶᠠᠳᠠᠭᠤᠷᠠᠯ ᠤᠨ ᠪᠠᠶᠢᠳᠠᠯ ᠳᠤ ᠬᠢᠨᠠᠨ ᠪᠠᠶᠢᠴᠠᠭᠠᠯᠳᠠ ᠪᠤᠶᠤ ᠬᠦᠳᠡᠯᠦᠩᠬᠦᠢ ᠬᠠᠮᠢᠶᠠᠷᠤᠯᠳᠠ ᠬᠢᠵᠤ᠂ ᠠᠯᠠᠱᠠ ᠵᠡᠬᠦᠨ ᠬᠤᠰᠢᠭᠤ᠂ ᠠᠯᠠᠱᠠ ᠪᠠᠷᠠᠭᠤᠨ ᠬᠤᠰᠢᠭᠤᠨ ᠤ ᠶᠠᠳᠠᠭᠤ ᠠᠴᠠ ᠠᠩᠬᠢᠵᠢᠷᠠᠬᠤ ᠬᠠᠷᠠᠯᠳᠠ ᠶᠢ ᠲᠤᠬᠳᠠᠬᠰᠠᠨ ᠬᠤᠭᠤᠴᠠᠭᠠᠨ ᠳᠤ ᠪᠠᠶᠡᠯᠡᠬᠦᠯᠬᠦ ᠶᠢ ᠪᠠᠳᠤᠯᠠᠨ᠂ ᠪᠦᠬᠦ ᠠᠶᠢᠮᠠᠭ ᠤᠨ ᠶᠠᠳᠠᠭᠤᠷᠠᠬᠤ ᠨᠤᠷᠮ᠎ᠠ ᠶᠢ 3% ᠲᠤᠳᠤᠷ᠎ᠠ ᠬᠢᠵᠠᠭᠠᠷᠯᠠᠨ᠎ᠠ᠃ ᠶᠠᠳᠠᠭᠤ ᠠᠴᠠ ᠠᠩᠬᠢᠵᠢᠷᠠᠵᠦ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠤᠳᠤᠷᠢᠳᠤᠯᠭ᠎ᠠ ᠪᠠᠨ ᠦᠷᠬᠦᠯᠵᠢᠯᠡᠨ ᠴᠢᠩᠭᠠᠳᠬᠠᠵᠤ᠂ ᠨᠠᠮ ᠤᠨ ᠡᠬᠦᠷ ᠤᠨ ᠱᠦᠵᠢ ᠶᠠᠳᠠᠭᠤ ᠶᠢ ᠲᠡᠳᠬᠦᠬᠦ ᠶᠢ ᠴᠢᠩᠭ᠎ᠠ ᠠᠳᠬᠤᠬᠤ ᠠᠵᠢᠯ ᠤᠨ ᠲᠤᠬᠳᠠᠯᠴᠠᠭ᠎ᠠ ᠬᠤᠪᠢᠷᠠᠬᠤ ᠦᠬᠡᠢ ᠪᠠ ᠠᠵᠢᠯ ᠲᠦᠷᠦᠯ ᠤᠨ ᠰᠠᠯᠠᠭ᠎ᠠ ᠮᠦᠴᠢᠷ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠬᠠᠷᠢᠭᠤᠴᠠᠯᠭ᠎ᠠ ᠬᠤᠪᠢᠷᠠᠬᠤ ᠦᠬᠡᠢ ᠪᠠᠶᠢᠬᠤ ᠶᠢ ᠪᠠᠷᠢᠮᠳᠠᠯᠠᠨ᠂ ᠬᠤᠰᠢᠭᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠨᠢᠬᠡᠳᠦᠬᠡᠷ ᠬᠠᠷᠢᠭᠤᠴᠠᠯᠭᠠᠳᠠᠨ ᠶᠡᠷᠦᠩᠬᠡᠢ ᠬᠠᠷᠢᠭᠤᠴᠠᠯᠭ᠎ᠠ ᠡᠬᠦᠷᠭᠡᠯᠡᠬᠦ ᠲᠦᠷᠢᠮ ᠢ ᠰᠠᠶᠢᠳᠤᠷ ᠨᠠᠶᠢᠳᠠᠪᠤᠷᠢᠵᠢᠭᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠤᠷᠳᠤ ᠬᠤᠭᠤᠴᠠᠭᠠᠨ ᠤ ᠲᠤᠬᠳᠠᠯᠴᠠᠭ᠎ᠠ ᠶᠢ ᠪᠠᠶᠢᠭᠤᠯᠵᠤ᠂ ︽ᠠᠯᠠᠱᠠ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ 2018 — 2020 ᠤᠨ ᠤ ᠬᠡᠷᠡᠭᠵᠢᠬᠦᠯᠬᠦ ᠲᠦᠰᠦᠯ︾ ᠵᠡᠷᠭᠡ ᠬᠠᠮᠢᠶ᠎ᠠ ᠪᠦᠬᠦᠢ ᠲᠦᠰᠦᠯ ᠢ ᠲᠤᠬᠳᠠᠭᠠᠨ ᠬᠡᠷᠡᠭᠵᠢᠬᠦᠯᠵᠤ᠂ ᠮᠠᠨ ᠤ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠶᠠᠰᠤ ᠴᠢᠨᠠᠷ ᠬᠢᠭᠡᠳ ᠪᠤᠭᠤᠮᠳᠠ ᠰᠢᠪᠳᠤᠯᠬᠤ ᠪᠤᠳᠠᠳᠤ ᠦᠷ᠎ᠠ ᠠᠰᠢᠭ ᠢᠶᠠᠨ ᠤᠯᠠᠮ ᠨᠢᠭᠡ ᠠᠯᠬᠤᠮ ᠲᠡᠭᠡᠭᠰᠢᠯᠡᠬᠦᠯᠬᠦ ᠳᠤ ᠲᠦᠷᠢᠮ ᠤᠨ ᠪᠠᠳᠤᠯᠠᠭ᠎ᠠ ᠬᠠᠨᠭ᠍ᠭᠠᠬᠤ ᠪᠠᠷ ᠪᠠᠶᠢᠨ᠎ᠠ᠃               ᠤᠳᠤᠬᠠᠨ ᠤ ᠬᠡᠷᠡᠭᠵᠢᠬᠦᠯᠵᠤ ᠪᠠᠶᠢᠭ᠎ᠠ ᠪᠠᠷᠢᠮᠵᠢᠶ᠎ᠠ ᠳᠤ ᠰᠢᠨ᠎ᠠ ᠪᠠᠷ ᠨᠡᠮᠡᠭᠳᠡᠭᠰᠡᠨ ᠪᠤᠶᠤ ᠲᠠᠬᠢᠨ ᠶᠠᠳᠠᠭᠤᠷᠠᠬᠰᠠᠨ ᠬᠦᠮᠦᠨ ᠠᠮᠠ ᠶᠢ ᠲᠠᠩᠰᠠᠯᠠᠬᠤ ᠲᠤᠬᠳᠠᠭᠠᠯ ᠶᠤᠰᠤᠭᠠᠷ ᠬᠠᠮᠢᠶᠠᠷᠤᠯᠳᠠ ᠶᠢᠨ ᠰᠢᠰᠲ᠋ᠧᠮ ᠳᠤ ᠤᠷᠤᠭᠤᠯᠵᠤ᠂ ᠭᠤᠤᠯᠳᠠᠯᠭ᠎ᠠ ᠲᠠᠢ ᠲᠡᠳᠬᠦᠬᠦ ᠶᠢᠨ ᠬᠠᠮᠳᠤ ᠬᠠᠮᠢᠶ᠎ᠠ ᠪᠦᠬᠦᠢ ᠪᠦᠷᠢᠯᠳᠦᠬᠦᠨ ᠪᠠᠶᠢᠭᠤᠯᠭ᠎ᠠ ᠲᠠᠢ ᠬᠤᠷᠰᠢᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠲᠡᠳᠬᠦᠬᠦ ᠠᠷᠭ᠎ᠠ ᠠᠪᠴᠠᠯ᠂ ᠠᠰᠢᠬ ᠬᠦᠷᠳᠡᠬᠦ ᠲᠦᠷᠦᠯ ᠵᠦᠢᠯ ᠨᠠᠩ ᠨᠠᠷᠢᠯᠢᠭ ᠪᠠᠶᠢᠬᠤ ᠶᠢ ᠪᠠᠳᠤᠯᠠᠵᠦ᠂ ᠬᠤᠯᠪᠤᠭᠳᠠᠯ ᠪᠦᠬᠦᠢ ᠲᠦᠷᠢᠮ ᠲᠤᠭᠳᠠᠭᠠᠯ ᠶᠤᠰᠤᠭᠠᠷ ᠶᠠᠳᠠᠭᠤ ᠶᠢ ᠲᠡᠳᠬᠦᠬᠦ ᠠᠷᠭ᠎ᠠ ᠠᠪᠴᠠᠯ ᠢ ᠲᠦᠷᠦᠯ ᠬᠤᠪᠢᠶᠠᠨ ᠬᠡᠷᠡᠭᠵᠢᠬᠦᠯᠵᠦ᠂ ᠶᠠᠳᠠᠭᠤ ᠠᠴᠠ ᠠᠩᠬᠢᠵᠢᠷᠠᠨ ᠴᠢᠨᠡᠬᠡᠯᠢᠭᠵᠢᠬᠦ ᠶᠢ ᠲᠠᠶᠢᠴᠢᠯᠠᠨ᠎ᠠ᠃ ᠡᠯ᠎ᠠ ᠱᠠᠳᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠤᠷᠳᠤ ᠬᠤᠭᠤᠴᠠᠭᠠᠨ ᠤ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠠᠶᠢᠮᠠᠭ᠂ ᠬᠤᠰᠢᠭᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠦᠡᠭᠬᠦ ᠶᠢ ᠲᠦᠪ ᠬᠢᠭᠡᠳ ᠦᠪᠡᠷᠳᠡᠭᠡᠨ ᠵᠠᠰᠠᠬᠤ ᠤᠷᠤᠨ ᠤ ᠪᠡᠯᠡ ᠤᠷᠤᠭᠤᠯᠤᠯᠳᠠ ᠶᠢᠨ 3% ᠠᠴᠠ ᠪᠠᠭ᠎ᠠ ᠪᠠᠶᠢᠯᠭᠠᠬᠤ ᠦᠬᠡᠢ᠃ ᠮᠦᠡᠭᠬᠦᠨ ᠬᠦᠢᠯᠭᠡᠭᠡ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠰᠠᠶᠢᠳᠤᠷ ᠠᠳᠬᠤᠨ᠂ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠲᠠᠢ ᠡᠷᠦᠬᠡ ᠶᠢᠨ ︽ᠵᠢᠭᠡᠯᠡᠯᠭᠡ ᠠᠪᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠨ᠎ᠠ᠃ ᠬᠤᠯᠪᠤᠭᠠᠯᠠᠨ ᠶᠠᠳᠠᠭᠤ ᠶᠢ ᠲᠡᠳᠬᠦᠬᠦ ᠠᠵᠢᠯ ᠢ ᠦᠷᠬᠦᠯᠵᠢᠯᠡᠨ ᠠᠬᠢᠭᠤᠯᠵᠤ᠂ ᠠᠶᠢᠮᠠᠭ᠂ ᠬᠤᠰᠢᠭᠤ ᠤᠷᠤᠨ᠂ ᠰᠤᠮᠤ ᠪᠠᠯᠭᠠᠰᠤ ᠭᠤᠷᠪᠠᠨ ᠱᠠᠳᠤ ᠪᠠᠷ ᠬᠤᠯᠪᠤᠭᠠᠯᠠᠨ᠂ ᠱᠠᠳᠤ ᠬᠤᠪᠢᠶᠠᠨ ᠬᠠᠮᠢᠶᠠᠷᠬᠤ ᠠᠵᠢᠯ ᠤᠨ ᠲᠤᠭᠳᠠᠯᠴᠠᠭ᠎ᠠ ᠶᠢ ᠲᠡᠬᠦᠯᠳᠡᠷᠵᠢᠬᠦᠯᠦᠨ᠎ᠠ᠃               ᠶᠡᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠪᠤᠯᠪᠠᠰᠤᠷᠠᠯ ᠡᠷᠬᠢᠯᠡᠬᠦ ᠵᠡᠷᠭᠡ ᠠᠷᠭ᠎ᠠ ᠠᠪᠴᠠᠯ ᠢᠶᠠᠷ ᠶᠡᠷᠦᠩᠬᠡᠢ ᠱᠦᠵᠢ ᠰᠢ ᠶᠢᠨ ᠫᠢᠡᠭ ᠤᠨ ᠶᠠᠳᠠᠭᠤ ᠶᠢ ᠲᠡᠳᠬᠦᠬᠦ ᠪᠠᠶᠢᠯᠳᠤᠬᠤ ᠪᠤᠳᠤᠯᠭ᠎ᠠ ᠶᠢᠨ ᠵᠤᠷᠢᠭ ᠰᠠᠨᠠᠭ᠎ᠠ ᠬᠢᠭᠡᠳ ᠲᠦᠪ ᠤᠨ ᠣᠨᠣᠪᠴᠢᠳᠠᠢ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠤᠬᠠᠭᠤᠯᠤᠨ ᠰᠤᠷᠤᠯᠴᠠᠵᠤ᠂ ᠡᠯ᠎ᠠ ᠱᠠᠳᠤᠨ ᠤ ᠺᠠᠳ᠋ᠷ ᠠᠵᠢᠯᠳᠠᠨ ᠤ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠤᠬᠠᠮᠰᠠᠷ ᠢ ᠲᠡᠭᠡᠭᠰᠢᠯᠡᠬᠦᠯᠦᠨ᠎ᠠ᠃ ᠰᠤᠨᠢᠨ ᠮᠡᠳᠡᠭᠡᠨ ᠤ ᠵᠠᠭᠤᠴᠢᠯᠠᠭᠤᠷ ᠢᠶᠠᠷ ᠲᠠᠮᠵᠢᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ᠂ ᠲᠡᠷᠢᠬᠦᠨ ᠤ ᠨᠡᠶᠢᠳᠡᠯᠢᠭ ᠵᠢᠱᠢᠶ᠎ᠠ ᠶᠢ ᠤᠬᠠᠭᠤᠯᠤᠨ᠂ ᠤᠯᠠᠨ ᠲᠦᠮᠡᠨ ᠤ ᠦᠵᠡᠯᠳᠡ ᠪᠠᠨ ᠬᠤᠪᠢᠷᠠᠭᠤᠯᠬᠤ ᠶᠢ ᠤᠳᠤᠷᠢᠳᠤᠨ᠂ ᠲᠤᠰᠬᠠᠢ ᠲᠦᠷᠦᠯ ᠤᠨ ᠵᠠᠰᠠᠨ ᠴᠡᠭᠴᠡᠯᠡᠯᠳᠡ ᠶᠢᠨ ᠠᠵᠢᠯ ᠢ ᠪᠦᠬᠦ ᠬᠦᠴᠦ ᠪᠠᠷ ᠠᠬᠢᠭᠤᠯᠵᠤ᠂ ᠶᠠᠳᠠᠭᠤ ᠶᠢ ᠲᠡᠳᠬᠦᠬᠦ ᠬᠦᠷᠢᠶ᠎ᠠ ᠴᠠᠷ᠎ᠠ ᠳᠠᠬᠢ ︽ᠲᠦᠷᠪᠡᠨ ᠤᠬᠠᠮᠰᠠᠷ︾ ᠴᠢᠩᠭ᠎ᠠ ᠪᠤᠰᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠠᠨᠠᠢ᠂ ᠲᠦᠷᠦ ᠶᠢᠨ ᠪᠤᠳᠤᠯᠭ᠎ᠠ ᠪᠤᠯᠤᠨ ᠪᠡᠯᠡ ᠮᠦᠡᠭᠬᠦᠨ ᠤ ᠬᠠᠮᠢᠶᠠᠷᠤᠯᠳᠠ ᠵᠤᠬᠢᠰ ᠦᠬᠡᠢ᠂ ᠬᠡᠯᠪᠡᠷᠢᠴᠢ ᠦᠵᠡᠯ᠂ ᠨᠤᠶᠠᠨᠴᠢ ᠰᠣᠷᠳᠠᠯ ᠵᠡᠷᠭᠡ ᠠᠵᠢᠯ ᠤᠨ ᠰᠤᠷᠳᠠᠯ ᠤᠨ ᠠᠰᠠᠭᠤᠳᠠᠯ ᠢ ᠵᠠᠰᠠᠨ ᠴᠡᠭᠴᠡᠯᠡᠵᠤ᠂ ᠶᠠᠳᠠᠭᠤ ᠶᠢ ᠦᠨᠡᠨᠬᠦ ᠲᠡᠳᠬᠦᠵᠦ ᠦᠨᠡᠨᠬᠦ ᠶᠠᠳᠠᠭᠤ ᠠᠴᠠ ᠠᠩᠬᠢᠵᠢᠷᠠᠬᠤ ᠶᠢ ᠪᠡᠶᠡᠯᠡᠬᠦᠯᠦᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号