ᠮᠠᠨ ᠤ ᠤᠷᠤᠨ 57 ᠶᠠᠳᠠᠭᠤ ᠬᠦᠴᠢᠷᠳᠠᠯᠳᠠᠢ ᠬᠤᠰᠢᠭᠤ ᠰᠢᠶᠠᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠡᠷᠦᠩᠬᠡᠢ ᠠᠩᠬᠢ ᠳᠤᠮᠢᠯᠠᠪᠠ
ᠨᠡᠶᠢᠲᠡᠯᠡᠭᠰᠡᠨ ᠴᠠᠭ᠄
2018/5/23
         ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠭᠦᠨ ᠨᠡᠭᠡᠭᠡᠨ ᠬᠦᠭᠵᠢᠭᠦᠯᠬᠦ ᠠᠵᠢᠯ ᠤᠨ ᠠᠯᠪᠠᠨ ᠬᠡᠷ ᠠᠴᠠ ᠤᠢᠢᠯᠠᠭᠠᠭᠰᠠᠨ ᠢᠶᠠᠷ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠦᠴᠦᠨ ᠢ ᠨᠢᠭᠡᠳᠦᠯᠳᠠᠢ ᠲᠦᠯᠦᠪᠵᠢᠭᠦᠯᠭᠦ ᠶᠢᠨ ᠲᠦᠯᠦᠭᠡ᠂ ᠤᠷᠴᠢᠮᠬᠠᠨ ᠮᠠᠨ ᠤ ᠤᠷᠤᠨ ᠪᠦᠬᠦ ᠤᠷᠤᠨ ᠤ 57 ᠶᠠᠳᠠᠭᠤ ᠬᠦᠴᠢᠷᠳᠠᠯᠳᠠᠢ ᠬᠤᠰᠢᠭᠤ ᠰᠢᠶᠠᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠡᠷᠦᠩᠬᠡᠢ ᠠᠩᠬᠢ ᠳᠤᠮᠢᠯᠠᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠭᠠᠴᠠᠭ᠎ᠠ ᠳᠤᠰᠬᠤᠨ ᠳᠤ ᠰᠠᠭᠤᠬᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠠᠩᠬᠢ ᠳᠤᠮᠢᠯᠠᠵᠤ᠂ ᠶᠠᠳᠠᠭᠤ ᠶᠢ ᠳᠡᠳᠭᠦᠭᠦ ᠶᠢ ᠤᠢᠢᠯᠠᠭᠠᠬᠤ᠂ ᠶᠠᠳᠠᠭᠤ ᠶᠢ ᠳᠡᠳᠭᠦᠵᠤ ᠴᠢᠳᠠᠬᠤ᠂ ᠬᠡᠪ ᠰᠤᠷᠳᠠᠯ ᠨᠢ ᠴᠢᠩᠭ᠎ᠠ ᠨᠢᠭᠡᠨ ᠰᠠᠯᠠᠭ᠎ᠠ ᠶᠠᠳᠠᠭᠤ ᠶᠢ ᠳᠡᠳᠭᠦᠭᠦ ᠺᠠᠳ᠋ᠷ ᠤᠨ ᠡ᠊ᠡᠭᠨᠡᠭᠡ ᠶᠢ ᠪᠠᠶᠢᠭᠤᠯᠪᠠ᠃                ᠮᠠᠨ ᠤ ᠤᠷᠤᠨ ᠤ ᠬᠤᠰᠢᠭᠤ ᠰᠢᠶᠠᠨ ᠳᠤ ᠰᠠᠭᠤᠬᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠡᠷᠦᠩᠬᠡᠢ ᠠᠩᠬᠢ ᠶᠢ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ᠂ ᠠᠶᠢᠮᠠᠭ ᠬᠤᠳᠠ ᠪᠤᠯᠤᠨ ᠬᠤᠰᠢᠭᠤ ᠰᠢᠶᠠᠨ ︵ᠬᠤᠳᠠ᠂ ᠳᠤᠭᠤᠷᠢᠭ︶ ᠠᠴᠠ ᠨᠢᠭᠡᠳᠦᠯᠳᠠᠢ ᠲᠦᠯᠦᠪᠵᠢᠭᠦᠯᠦᠨ ᠰᠤᠩᠭᠤᠨ ᠳᠤᠮᠢᠯᠠᠵᠤ᠂ ᠨᠢᠭᠡ ᠶᠡᠷᠦᠩᠬᠡᠢ ᠠᠩᠬᠢ ᠳᠤ 5 ᠬᠦᠮᠦᠨ ᠲᠠᠢ᠃ ᠬᠤᠰᠢᠭᠤ ᠰᠢᠶᠠᠨ ᠳᠤ ᠰᠠᠭᠤᠭ᠎ᠠ ᠠᠵᠢᠯ ᠤᠨ ᠶᠡᠷᠦᠩᠬᠡᠢ ᠠᠩᠬᠢ ᠶᠢ ᠠᠶᠢᠮᠠᠭ ᠬᠤᠳᠠ ᠪᠤᠯᠤᠨ ᠬᠤᠰᠢᠭᠤ ᠰᠢᠶᠠᠨ ︵ᠬᠤᠳᠠ᠂ ᠳᠤᠭᠤᠷᠢᠭ︶  ᠠᠴᠠ ᠨᠢᠭᠡᠳᠦᠯᠳᠠᠢ ᠲᠦᠯᠦᠪᠵᠢᠭᠦᠯᠵᠤ᠂ ᠨᠢᠭᠡ ᠶᠡᠷᠦᠩᠬᠡᠢ ᠠᠩᠬᠢ ᠳᠤ 5 ᠬᠦᠮᠦᠨ ᠠᠴᠠ ᠳᠤᠳᠠᠭᠤ ᠪᠠᠶᠢᠵᠤ ᠪᠤᠯᠬᠤ ᠦᠭᠡᠢ᠃               ᠨᠠᠮ ᠠᠴᠠ ᠤᠯᠠᠨ ᠲᠦᠮᠡᠨ ᠤ ᠠᠵᠢᠯ ᠢ ᠰᠠᠶᠢᠨ ᠤᠢᠢᠯᠠᠭᠠᠳᠠᠭ ᠺᠠᠳ᠋ᠷ ᠢ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠨᠢ ᠳᠤᠷᠤᠢ ᠪᠠᠭᠤᠷᠠᠢ ᠰᠣᠯᠠ ᠵᠠᠳᠠᠭᠠᠢ᠂ ᠪᠠᠶᠢᠯᠳᠤᠬᠤ ᠬᠦᠴᠦᠨ ᠨᠢ ᠪᠠᠭᠤᠷᠠᠢ ᠪᠠᠶᠢᠭ᠎ᠠ ᠶᠠᠳᠠᠭᠤ ᠬᠦᠴᠢᠷᠳᠡᠯᠳᠠᠢ ᠭᠠᠴᠠᠭ᠎ᠠ ᠳᠤᠰᠬᠤᠨ ᠳᠤ ᠳᠤᠮᠢᠯᠠᠵᠤ᠂ ᠠᠵᠤ ᠠᠬᠤᠢ ᠶᠢᠨ ᠠᠵᠢᠯ ᠢ ᠰᠠᠶᠢᠨ ᠤᠢᠢᠯᠠᠭᠠᠳᠠᠭ ᠺᠠᠳ᠋ᠷ ᠢ ᠠᠵᠤ ᠦᠢᠯᠡᠰ ᠤᠨ ᠰᠠᠭᠤᠷᠢ ᠠᠨᠠᠢ᠂ ᠬᠠᠮᠳᠤ ᠨᠡᠶᠢᠳᠡ ᠶᠢᠨ ᠠᠵᠤ ᠠᠬᠤᠢ ᠶᠢᠨ ᠰᠠᠭᠤᠷᠢ ᠪᠠᠭᠤᠷᠠᠢ ᠪᠠᠶᠢᠭ᠎ᠠ ᠶᠠᠳᠠᠭᠤ ᠬᠦᠴᠢᠷᠳᠡᠯᠳᠠᠢ ᠭᠠᠴᠠᠭ᠎ᠠ ᠳᠤᠰᠬᠤᠨ ᠳᠤ ᠳᠤᠮᠢᠯᠠᠠ᠂ ᠨᠡᠶᠢᠭᠡᠮ ᠤᠨ ᠠᠵᠢᠯ ᠢ ᠰᠠᠶᠢᠨ ᠤᠢᠢᠯᠠᠭᠠᠳᠠᠭ ᠺᠠᠳ᠋ᠷ ᠢ ᠵᠦᠷᠢᠴᠡᠯ ᠵᠢᠭᠤᠷᠠᠭᠠᠨ ᠳᠤᠪᠤᠶᠢᠮ᠎ᠠ᠂ ᠨᠡᠶᠢᠭᠡᠮ ᠤᠨ ᠬᠦᠭᠵᠢᠯᠳᠡ ᠬᠠᠷᠢᠴᠠᠩᠭᠤᠢ ᠬᠤᠴᠤᠷᠤᠩᠭᠤᠢ ᠪᠠᠶᠢᠭ᠎ᠠ ᠶᠠᠳᠠᠭᠤ ᠬᠦᠴᠢᠷᠳᠠᠯᠳᠠᠢ ᠭᠠᠴᠠᠭ᠎ᠠ ᠳᠤᠰᠬᠤᠨ ᠳᠤ ᠳᠤᠮᠢᠯᠠᠵᠤ᠂ ᠴᠦᠭᠡᠨ ᠳᠤᠭᠠᠳᠤ ᠦᠨᠳᠦᠰᠦᠳᠡᠨ ᠤ ᠦᠭᠡ ᠬᠡᠯᠡ ᠶᠢ ᠰᠠᠶᠢᠨ ᠮᠡᠳᠡᠳᠡᠭ ᠺᠠᠳ᠋ᠷ ᠢ ᠴᠦᠭᠡᠨ ᠳᠤᠭᠠᠳᠤ ᠦᠨᠳᠦᠰᠤᠳᠠᠨ ᠤ ᠤᠯᠠᠨ ᠲᠦᠮᠡᠨ ᠲᠦᠪᠯᠡᠷᠡᠨ ᠰᠠᠭᠤᠭ᠎ᠠ ᠭᠠᠴᠠᠭ᠎ᠠ ᠳᠤᠰᠬᠤᠨ ᠳᠤ ᠳᠤᠮᠢᠯᠠᠠ᠂ ᠶᠠᠳᠠᠭᠤ ᠬᠦᠴᠢᠷᠳᠡᠯᠳᠠᠢ ᠭᠠᠴᠠᠭ᠎ᠠ ᠳᠤᠰᠬᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠳᠤᠯᠭᠠᠷᠠᠵᠤ ᠪᠠᠶᠢᠭ᠎ᠠ ᠳᠤᠪᠤᠶᠢᠮ᠎ᠠ ᠬᠦᠴᠢᠷᠳᠠᠯ ᠪᠤᠯᠤᠨ ᠠᠰᠠᠭᠤᠳᠠᠯ ᠢ ᠰᠢᠢᠳᠪᠦᠷᠢᠯᠡᠭᠦ ᠳᠤ ᠲᠤᠰᠠᠯᠠᠬᠤ ᠪᠤᠯᠤᠨ᠎ᠠ᠃               ᠡᠭᠦᠨ ᠤ ᠬᠠᠮᠳᠤ᠂ ᠡᠭᠦᠷᠭᠡ ᠳᠤᠰᠢᠶᠠᠯ ᠢ ᠨᠢ ᠦᠨᠳᠦᠰᠤᠯᠡᠨ ᠠᠵᠢᠯ ᠬᠤᠪᠢᠶᠠᠷᠢᠯᠠᠵᠤ᠂ ᠮᠠᠨ ᠤ ᠤᠷᠤᠨ ᠤ ᠬᠤᠰᠢᠭᠤ ᠰᠢᠶᠠᠨ ᠳᠤ ᠳᠤᠮᠢᠯᠠᠨ ᠰᠠᠭᠤᠭ᠎ᠠ ᠠᠵᠢᠯ ᠤᠨ ᠶᠡᠷᠦᠩᠬᠡᠢ ᠠᠩᠬᠢ ᠨᠢ ᠳᠤᠰᠬᠤᠨ ᠳᠤ ᠰᠠᠭᠤᠭ᠎ᠠ ᠠᠵᠢᠯ ᠤᠨ ᠠᠩᠬᠢ ᠶᠢᠨ ᠠᠵᠢᠯ ᠢ ᠬᠠᠷᠢᠭᠤᠴᠠᠨ ᠵᠢᠯᠤᠭᠤᠳᠬᠤ ᠶᠢᠨ ᠬᠠᠮᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤᠮᠳᠠᠬᠢ ᠬᠦᠴᠢᠷᠳᠠᠯ ᠪᠠ ᠠᠰᠠᠭᠤᠳᠠᠯ ᠢ ᠨᠢ ᠰᠢᠢᠳᠪᠦᠷᠢᠯᠡᠵᠤ ᠳᠤᠰᠠᠯᠠᠨ ᠵᠤᠬᠢᠴᠠᠭᠤᠯᠤᠨ᠎ᠠ᠃ ᠳᠤᠰᠬᠤᠨ ᠳᠤ ᠰᠠᠭᠤᠭ᠎ᠠ ᠠᠵᠢᠯ ᠤᠨ ᠠᠩᠬᠢ ᠨᠢ ᠭᠠᠴᠠᠭ᠎ᠠ ᠳᠤᠰᠬᠤᠨ ᠤ ᠬᠢᠨ ᠢ ᠬᠠᠮᠵᠢᠨ ᠶᠠᠳᠠᠭᠤ ᠬᠦᠴᠢᠷᠳᠠᠯᠳᠠᠢ ᠬᠦᠮᠦᠨ ᠠᠮᠠ ᠶᠢ ᠣᠨᠣᠪᠴᠢᠳᠠᠢ ᠪᠠᠷ ᠢᠯᠭᠠᠨ ᠳᠠᠨᠢᠬᠤ᠂ ᠶᠠᠳᠠᠭᠤ ᠶᠢ ᠳᠤᠰᠠᠯᠠᠬᠤ᠂ ᠶᠠᠳᠠᠭᠤ ᠠᠴᠠ ᠠᠩᠬᠢᠵᠢᠷᠠᠭᠤᠯᠬᠤ ᠠᠵᠢᠯ ᠢ ᠬᠠᠷᠢᠭᠤᠴᠠᠨ ᠵᠢᠯᠤᠭᠤᠳᠴᠦ᠂ ᠬᠠᠮᠳᠤ ᠶᠢᠨ ᠠᠵᠤ ᠠᠬᠤᠢ ᠶᠢ ᠠᠬᠢᠭᠤᠯᠤᠨ ᠬᠦᠭᠵᠢᠭᠦᠯᠵᠤ᠂ ᠶᠠᠳᠠᠭᠤ ᠶᠢ ᠳᠡᠳᠭᠦᠭᠦ ᠪᠡᠯᠡ ᠮᠦᠩᠭᠦᠨ ᠤ ᠲᠦᠷᠦᠯ ᠵᠦᠢᠯ ᠢ ᠬᠢᠨᠠᠨ ᠬᠠᠮᠢᠶᠠᠷᠴᠦ᠂ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠲᠠ ᠶᠢ ᠴᠢᠩᠭᠠᠳᠬᠠᠬᠤ ᠪᠤᠯᠤᠨ᠎ᠠ᠃         ᠮᠠᠨ ᠤ ᠤᠷᠤᠨ ᠠᠴᠠ ᠬᠤᠰᠢᠭᠤ ᠰᠢᠶᠠᠨ ᠳᠤ ᠰᠠᠭᠤᠭ᠎ᠠ ᠠᠵᠢᠯ ᠤᠨ ᠶᠡᠷᠦᠩᠬᠡᠢ ᠠᠩᠬᠢ ᠪᠤᠯᠤᠨ ᠳᠤᠰᠬᠤᠨ ᠳᠤ ᠰᠠᠭᠤᠭ᠎ᠠ ᠠᠵᠢᠯ ᠤᠨ ᠠᠩᠬᠢ ᠶᠢᠨ ᠬᠢᠨ ᠤ ᠶᠠᠳᠠᠭᠤ ᠶᠢ ᠳᠡᠳᠬᠦᠬᠦ ᠴᠠᠭ ᠬᠤᠭᠤᠴᠠᠭ᠎ᠠ ᠶᠢ 2020 ᠤᠨ ᠤ ᠡᠴᠦᠰ ᠪᠤᠯᠳᠠᠯ᠎ᠠ ᠠᠵᠢᠯᠯᠠᠬᠤ ᠪᠠᠷ ᠲᠤᠭᠳᠠᠵᠦ᠂ ᠳᠤᠮᠢᠯᠠᠨ ᠰᠠᠭᠤᠭ᠎ᠠ ᠺᠠᠳ᠋ᠷ ᠶᠠᠳᠠᠭᠤ ᠶᠢ ᠲᠡᠳᠬᠦᠬᠦ ᠬᠤᠭᠤᠴᠠᠭᠠᠨ ᠳᠠᠭᠠᠨ ᠤᠤᠯ ᠪᠠᠶᠢᠭᠤᠯᠭ᠎ᠠ ᠨᠢᠭᠡᠴᠡ ᠶᠢᠨ ᠢᠶᠠᠨ ᠠᠵᠢᠯ ᠢ ᠬᠠᠷᠢᠭᠤᠴᠠᠬᠤ ᠦᠭᠡᠢ᠂ ᠨᠠᠮ ᠤᠨ ᠭᠡᠰᠢᠭᠦᠨ ᠤ ᠵᠤᠬᠢᠶᠠᠨ ᠪᠠᠶᠢᠭᠤᠯᠤᠯᠳᠠ ᠶᠢᠨ ᠬᠠᠷᠢᠴᠠᠭ᠎ᠠ ᠪᠠᠨ ᠳᠤᠮᠢᠯᠠᠨ ᠰᠠᠭᠤᠭ᠎ᠠ ᠭᠠᠵᠠᠷ ᠲᠤ ᠰᠢᠯᠵᠢᠭᠦᠯᠵᠤ᠂ ᠪᠦᠬᠦ ᠰᠡᠳᠬᠢᠯ ᠢᠶᠠᠷ ᠢᠶᠠᠨ ᠶᠠᠳᠠᠭᠤ ᠶᠢ ᠲᠡᠳᠬᠦᠬᠦ ᠠᠵᠢᠯ ᠦᠷᠨᠢᠭᠦᠯᠬᠦ ᠶᠢ ᠪᠠᠳᠤᠯᠠᠨ᠎ᠠ ᠭᠡᠵᠤ ᠳᠤᠳᠤᠷᠬᠠᠢ ᠲᠤᠭᠳᠠᠭᠠᠵᠠᠢ᠃         ᠵᠢᠯ ᠪᠤᠯᠭᠠᠨ ᠳᠤ ᠬᠤᠰᠢᠭᠤ ᠰᠢᠶᠠᠨ ᠤ ᠠᠵᠢᠯ ᠤᠨ ᠶᠡᠷᠦᠩᠬᠡᠢ ᠠᠩᠬᠢ ᠪᠤᠯᠤᠨ ᠳᠤᠰᠬᠤᠨ ᠳᠤ ᠰᠠᠭᠤᠭ᠎ᠠ ᠠᠵᠢᠯ ᠤᠨ ᠠᠩᠬᠢ ᠳᠤ ᠰᠢᠯᠭᠠᠨ ᠦᠨᠡᠯᠡᠭᠦ ᠪᠠᠶᠢᠴᠠᠭᠠᠯᠳᠠ ᠬᠢᠵᠤ᠂ ᠠᠵᠢᠯ ᠤᠨ ᠬᠢᠷᠢ ᠪᠦᠳᠦᠮᠵᠢ ᠳᠤᠪᠤᠶᠢᠮ᠎ᠠ᠂ ᠤᠯᠠᠨ ᠲᠦᠮᠡᠨ ᠳᠤ ᠳᠠᠭᠠᠰᠢᠶᠠᠭᠳᠠᠭᠰᠠᠨ ᠺᠠᠳ᠋ᠷ ᠢ ᠬᠠᠮᠢᠶ᠎ᠠ ᠪᠦᠬᠦᠢ ᠳᠤᠭᠳᠠᠭᠠᠯ ᠶᠤᠰᠤᠭᠠᠷ ᠰᠠᠶᠢᠰᠢᠶᠠᠨ ᠬᠦᠬᠢᠭᠦᠯᠤᠨ᠎ᠡ︔ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ ᠳᠤᠮᠢᠯᠠᠨ ᠰᠠᠭᠤᠭ᠎ᠠ ᠺᠠᠳ᠋ᠷ ᠢ ᠪᠤᠴᠠᠭᠠᠬᠤ ᠪᠤᠶᠤ ᠪᠤᠯᠵᠤᠨ ᠶᠠᠷᠢᠯᠴᠠᠵᠤ᠂ ᠳᠤᠰᠢᠶᠠᠯ ᠳᠠᠭᠠᠨ ᠤᠰᠤᠯᠳᠠᠭᠰᠠᠨ ᠬᠠᠷᠢᠭᠤᠴᠠᠯᠭ᠎ᠠ ᠳᠠᠭᠠᠨ ᠤᠰᠤᠯᠳᠠᠭᠰᠠᠳ ᠢ ᠴᠢᠩᠭ᠎ᠠ ᠰᠢᠢᠳᠪᠦᠷᠢᠯᠡᠭᠦ ᠪᠤᠯᠤᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号