ᠠᠯᠠᠱᠠ ᠠᠶᠢᠮᠠᠭ ᠤᠨ ᠡᠯ᠎ᠠ ᠲᠤᠮᠳᠠᠳᠤ ᠪᠠᠭ᠎ᠠ ᠰᠤᠷᠭᠠᠭᠤᠯᠢ ᠰᠤᠷᠤᠬᠴᠢ ᠶᠢᠨ ᠰᠤᠷᠭᠠᠭᠤᠯᠢ ᠳᠠᠭᠠᠨ ᠬᠦᠷᠬᠦ ᠴᠠᠭ ᠲᠤ ᠲᠤᠬᠢᠷᠠᠭᠤᠯᠤᠯᠳᠠ ᠬᠢᠬᠦ ᠠᠵᠢᠯ ᠢ ᠲᠤᠤᠱᠲᠠᠢ ᠨᠠᠶᠢᠳᠠᠪᠤᠷᠢᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018/5/23
         ᠲᠦᠷᠦᠬᠦᠭᠡᠨ᠂ ᠮᠠᠨ ᠤ ᠤᠷᠤᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢ ᠶᠢᠨ ᠰᠤᠷᠭᠠᠭᠤᠯᠢ ᠳᠠᠭᠠᠨ ᠬᠦᠷᠬᠦ ᠴᠠᠭ ᠲᠤ ᠲᠤᠬᠢᠷᠭᠠᠤᠯᠤᠯᠳᠠ ᠬᠢᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠰᠤᠷᠭᠠᠭᠤᠯᠢ ᠳᠠᠭᠠᠨ ᠬᠦᠷᠬᠦ ᠴᠠᠭ ᠢ ᠪᠠᠭ᠎ᠠ ᠰᠤᠷᠭᠠᠭᠤᠯᠢ 8᠄ 00 ᠴᠠᠭ ᠠᠴᠠ ᠡᠷᠳᠡ ᠪᠠᠶᠢᠵᠤ ᠪᠤᠯᠬᠤ ᠦᠬᠡᠢ᠂ ᠦᠨᠳᠦᠷ ᠲᠤᠮᠳᠠᠳᠤ 7᠄ 30 ᠠᠴᠠ ᠡᠷᠳᠡ ᠪᠠᠶᠢᠵᠤ ᠪᠤᠯᠬᠤ ᠦᠬᠡᠢ ᠭᠡᠵᠤ ᠲᠤᠬᠳᠠᠭᠠᠪᠠ᠃         ᠤᠢᠢᠷ᠎ᠠ ᠶᠢᠨ ᠡᠳᠦᠷ᠂ ᠰᠤᠷᠪᠤᠯᠵᠢᠯᠠᠬᠴᠢ ᠪᠠᠶᠠᠨᠬᠤᠳᠠ ᠳᠤ ᠪᠠᠶᠢᠭ᠎ᠠ ᠬᠡᠰᠡᠭ ᠲᠤᠮᠳᠠᠳᠤ ᠪᠠᠭ᠎ᠠ ᠰᠤᠷᠭᠠᠭᠤᠯᠢ ᠪᠠᠷ ᠬᠦᠷᠴᠦ ᠪᠠᠶᠢᠳᠠᠯ ᠤᠢᠢᠯᠠᠭᠠᠬᠰᠠᠨ ᠢᠶᠠᠷ᠂ ᠤᠯᠠᠩᠬᠢ ᠰᠤᠷᠭᠠᠭᠤᠯᠢ ᠨᠢ ᠴᠠᠭ ᠤᠨ ᠲᠠᠯ᠎ᠠ ᠪᠠᠷ ᠲᠤᠬᠢᠷᠠᠭᠤᠯᠤᠯᠳᠠ ᠬᠢᠵᠤ ᠡᠬᠢᠯᠡᠭᠰᠡᠨ ᠪᠠᠶᠢᠨ᠎ᠠ᠃ ᠪᠠᠶᠠᠨᠬᠤᠳᠠ ᠶᠢᠨ ᠰᠠᠭᠤᠭᠠᠯᠢ ᠠᠷᠠᠳ ᠰᠢᠤᠢ ᠠᠢ ᠬᠤᠸᠠ ᠦᠷᠯᠦᠭᠡ ᠶᠢᠨ 7᠄ 40 ᠶᠢᠨ ᠦᠶ᠎ᠡ ᠪᠠᠷ ᠬᠡᠤᠬᠡᠨ ᠢᠶᠠᠨ ᠰᠤᠷᠭᠠᠭᠤᠯᠢ ᠳᠤᠨᠢ ᠬᠦᠷᠭᠡᠭᠡᠳ ᠠᠵᠢᠯᠯᠠᠬᠤ ᠪᠠᠷ ᠶᠠᠪᠤᠨ᠎ᠠ᠃ ︽ᠮᠠᠨᠠᠶᠢᠬᠢᠨ ᠲᠤᠷᠭᠤᠳ ᠰᠠᠭᠤᠭᠠᠯᠢ ᠠᠷᠠᠳ ᠤᠨ ᠬᠤᠷᠢᠶᠠᠯᠠᠯ ᠳᠤ ᠰᠠᠭᠤᠳᠠᠭ᠂ ᠰᠤᠷᠤᠬᠴᠢ ᠶᠢᠨ ᠰᠤᠷᠭᠠᠭᠤᠯᠢ ᠳᠠᠭᠠᠨ ᠬᠦᠷᠬᠦ ᠴᠠᠭ ᠲᠤ ᠲᠤᠬᠢᠷᠠᠭᠤᠯᠤᠯᠳᠠ ᠬᠢᠬᠦ ᠠᠴᠠ ᠡᠮᠦᠨ᠎ᠠ ᠪᠢ 6 ᠴᠠᠭ ᠭᠠᠷᠤᠢ ᠳᠤ ᠬᠡᠤᠬᠡᠳ ᠢᠶᠠᠨ ᠰᠤᠷᠭᠠᠭᠤᠯᠢ ᠳᠤᠨᠢ ᠬᠦᠷᠭᠡᠵᠤ᠂ ᠠᠵᠢᠯᠯᠠᠬᠤ ᠴᠠᠭ ᠠᠴᠠ ᠪᠠᠰᠠ ᠵᠠᠶᠢᠳᠠᠢ ᠪᠠᠶᠢᠭ᠎ᠠ ᠪᠤᠯᠬᠤᠷ ᠲᠠᠬᠢᠨ ᠭᠡᠷ ᠲᠡᠭᠡᠨ ᠬᠠᠷᠢᠳᠠᠭ᠃ ᠤᠳᠤ ᠬᠡᠤᠬᠡᠨ ᠲᠠᠢ ᠪᠠᠨ ᠴᠤᠭ ᠦᠷᠯᠦᠭᠡᠨ ᠤ ᠬᠤᠭᠤᠯᠠ ᠪᠠᠨ ᠢᠳᠡᠭᠡᠳ ᠰᠤᠷᠭᠠᠭᠤᠯᠢ ᠳᠤᠨᠢ ᠬᠦᠷᠭᠡᠴᠢᠬᠡᠭᠡᠳ ᠰᠢᠭᠤᠳ ᠠᠵᠢᠯᠯᠠᠬᠤ ᠪᠠᠷ ᠶᠠᠪᠤᠳᠠᠭ ᠪᠤᠯᠤᠬᠰᠠᠨ᠂ ᠡᠨᠡ ᠨᠢ ᠶᠡᠭᠡ ᠲᠦᠬᠦᠮ ᠪᠤᠯᠵᠡᠢ︾ ᠭᠡᠵᠤ ᠪᠠᠶᠢᠪᠠ᠃  ᠠᠯᠠᠱᠠ ᠵᠡᠬᠦᠨ ᠬᠤᠰᠢᠭᠤᠨ ᠤ ᠲᠦᠷᠪᠡᠳᠦᠭᠡᠷ ᠲᠤᠮᠳᠠᠳᠤ ᠰᠤᠷᠭᠠᠭᠤᠯᠢ ᠶᠢᠨ ᠵᠠᠬᠢᠷᠤᠯ ᠬᠣ᠋ ᡁᠢ ᠳ᠋ᠧ᠄ ︽ᠮᠡᠳᠡᠭᠳᠡᠯ ᠢ ᠲᠤᠰᠤᠬᠰᠠᠨ ᠲᠠᠷᠦ᠋ᠢᠬᠠᠨ ᠰᠤᠷᠭᠠᠭᠤᠯᠢ ᠶᠢᠨ ᠬᠢᠴᠢᠶᠠᠯ ᠬᠦᠮᠦᠵᠢᠯ ᠤᠨ ᠰᠠᠯᠠᠭ᠎ᠠ᠂ ᠦᠪᠡᠷᠳᠡᠭᠡᠨ ᠵᠠᠰᠠᠬᠤ ᠤᠷᠤᠨ ᠤ ᠱᠠᠭᠠᠷᠳᠠᠯᠭ᠎ᠠ ᠶᠤᠰᠤᠭᠠᠷ ᠰᠤᠷᠤᠬᠴᠢ ᠶᠢᠨ ᠰᠤᠷᠭᠠᠭᠤᠯᠢ ᠳᠠᠭᠠᠨ ᠬᠦᠷᠴᠦ ᠪᠤᠴᠠᠬᠤ ᠴᠠᠭ ᠲᠤ ᠲᠤᠬᠢᠷᠠᠭᠤᠯᠤᠯᠳᠠ ᠬᠢᠵᠤ ᠰᠤᠷᠤᠬᠴᠢ ᠶᠢᠨ ᠦᠷᠯᠦᠭᠡ ᠳᠤᠨᠢ ᠰᠤᠷᠭᠠᠭᠤᠯᠢ ᠳᠠᠭᠠᠨ ᠬᠦᠷᠬᠦ ᠴᠠᠭ 6᠄ 50 ᠪᠠᠶᠢᠭᠰᠠᠨ ᠢ 7᠄ 50 ᠪᠤᠯᠭᠠᠵᠤ᠂ ᠦᠳᠡ ᠶᠢᠨ ᠬᠤᠶᠢᠨ᠎ᠠ ᠰᠤᠷᠭᠠᠭᠤᠯᠢ ᠠᠴᠠ ᠪᠤᠴᠠᠬᠤ ᠴᠠᠭ ᠢ 6᠄ 00 ᠪᠠᠶᠢᠭᠰᠠᠨ ᠢ 5᠄ 50 ᠪᠤᠯᠭᠠᠬᠰᠠᠨ ᠶᠤᠮ︾ ᠭᠡᠵᠤ ᠪᠠᠶᠢᠪᠠ᠃               ︽ᠲᠤᠰ ᠤᠳᠠᠭᠠᠨ ᠤ ᠴᠠᠭ ᠤᠨ ᠲᠤᠬᠢᠷᠠᠭᠤᠯᠤᠯᠳᠠ ᠨᠢ ᠬᠡᠳᠦ᠋ᠢᠪᠡᠷ ᠰᠤᠷᠤᠬᠴᠢ ᠶᠢᠨ ᠰᠤᠷᠭᠠᠭᠤᠯᠢ ᠳᠠᠭᠠᠨ ᠪᠠᠶᠢᠬᠤ ᠴᠠᠭ ᠢ ᠪᠤᠭᠤᠨᠢᠰᠬᠠᠬᠰᠠᠨ ᠪᠤᠯᠪᠠᠴᠤ᠂ ᠰᠤᠷᠤᠭᠴᠢ ᠶᠢᠨ ᠪᠠᠶ᠎ᠠ ᠪᠠᠨ ᠲᠠᠭᠠᠭᠠᠬᠤ ᠴᠢᠳᠠᠪᠤᠷᠢ᠂ ᠲᠠᠪᠳᠠᠯᠭ᠎ᠠ ᠶᠢᠨ ᠴᠠᠭ ᠢᠶᠠᠨ ᠵᠤᠬᠢᠰᠲᠠᠢ ᠲᠤᠬᠢᠷᠠᠭᠤᠯᠬᠤ ᠲᠠᠯ᠎ᠠ ᠪᠠᠷ ᠠᠰᠢᠬᠲᠠᠢ ᠨᠦᠬᠦᠴᠡᠯ ᠬᠠᠨᠭ᠍ᠭᠠᠵᠤ ᠪᠠᠶᠢᠨ᠎ᠠ᠃  ᠪᠠᠭᠰᠢᠨᠠᠷ ᠴᠤ ᠵᠢᠭᠠᠨ ᠰᠤᠷᠭᠠᠯᠳᠠ ᠶᠢᠨ ᠲᠠᠯ᠎ᠠ ᠪᠠᠷ ᠨᠠᠩ ᠬᠦᠴᠦ ᠤᠷᠤᠭᠤᠯᠬᠤ ᠪᠤᠯᠵᠤ᠂ ᠪᠠᠶᠠᠯᠢᠭ ᠠᠭᠤᠯᠭ᠎ᠠ ᠲᠠᠢ ᠬᠢᠴᠢᠶᠠᠯ ᠤᠨ ᠶᠠᠰᠤ ᠴᠢᠨᠠᠷ ᠢ ᠪᠠᠳᠤᠯᠠᠬᠤ ᠶᠢᠨ ᠬᠠᠮᠳᠤ ᠲᠠᠰᠬᠠᠯ ᠲᠠᠭᠠᠭᠠᠯᠭᠠᠪᠤᠷᠢ ᠶᠢ ᠨᠠᠷᠢᠯᠢᠭ ᠦᠵᠡᠬᠦ ᠶᠢ ᠱᠠᠭᠠᠷᠳᠠᠵᠤ ᠪᠠᠶᠢᠨ᠎ᠠ︾ ᠭᠡᠮᠡᠨ ᠠᠯᠠᠱᠠ ᠵᠡᠬᠦᠨ ᠬᠤᠰᠢᠭᠤᠨ ᠤ ᠲᠦᠷᠪᠡᠳᠦᠭᠡᠷ ᠲᠤᠮᠳᠠᠳᠤ ᠰᠣᠷᠭᠠᠭᠤᠯᠢ  ᠶᠢᠨ ᠬᠢᠴᠢᠶᠠᠯ ᠬᠦᠮᠦᠵᠢᠯ ᠤᠨ ᠰᠠᠯᠠᠭᠠᠨ ᠤ ᠡᠷᠬᠢᠯᠡᠭᠴᠢ ᠵᠸᠤ ᡁᠢ ᠴᠢᠶᠠᠩ ᠲᠠᠨᠢᠯᠴᠠᠭᠤᠯᠤᠨ᠎ᠠ᠃                ᠴᠠᠭ ᠤᠨ ᠲᠠᠯ᠎ᠠ ᠪᠠᠷ ᠬᠢ ᠲᠤᠬᠢᠷᠠᠭᠤᠯᠤᠯᠳᠠ ᠨᠢ ᠨᠡᠶᠢᠬᠡᠮ ᠤᠨ ᠡᠯ᠎ᠠ ᠡᠳᠡᠭᠡᠳ ᠤᠨ ᠠᠩᠬᠠᠷᠤᠯ ᠢ ᠲᠠᠳᠠᠵᠤ᠂ ᠰᠤᠷᠪᠤᠯᠵᠢᠯᠠᠭ᠎ᠠ ᠪᠠᠷ ᠲᠠᠮᠵᠢᠨ ᠤᠢᠢᠯᠠᠭᠠᠭᠬᠰᠠᠨ ᠢᠶᠠᠷ᠂ ᠭᠡᠷ ᠤᠨ ᠠᠬᠠᠮᠠᠳ ᠪᠤᠯᠤᠨ ᠰᠤᠷᠤᠬᠴᠢᠳ ᠤᠳᠤᠬᠠᠨ ᠶᠠᠭ ᠵᠤᠬᠢᠴᠠᠬᠤ ᠬᠤᠭᠤᠴᠠᠭᠠᠨ ᠳᠠᠭᠠᠨ ᠪᠠᠶᠢᠵᠤ᠂ ᠵᠠᠷᠢᠮ ᠭᠡᠷ ᠤᠨ ᠠᠬᠠᠮᠠᠳ ᠬᠢᠴᠢᠶᠠᠯ ᠤᠨ ᠭᠠᠳᠠᠨᠠᠬᠢ ᠴᠠᠭ ᠢ ᠬᠡᠷᠬᠢᠨ ᠲᠤᠬᠢᠷᠠᠭᠤᠯᠬᠤ ᠲᠤᠬᠠᠢ ᠰᠢᠨ᠎ᠠ ᠤᠢᠢᠯᠠᠭᠠᠯᠳᠠ ᠲᠠᠢ ᠪᠤᠯᠵᠤ᠂ ᠠᠵᠢᠯ ᠠᠯᠪᠠ ᠨᠢ ᠶᠠᠭᠠᠷᠠᠤ ᠭᠡᠷ ᠤᠨ ᠠᠬᠠᠮᠠᠳ ᠲᠤ ᠵᠤᠬᠢᠬᠤ ᠲᠠᠷᠤᠭᠠᠰᠤ ᠲᠠᠢ ᠪᠤᠯᠤᠬᠰᠠᠨ ᠪᠠᠶᠢᠨ᠎ᠠ᠃  ︽ᠰᠤᠷᠤᠬᠴᠢ ᠶᠢᠨ ᠰᠤᠷᠤᠯᠭ᠎ᠠ ᠵᠦᠪᠬᠡᠨ ᠰᠤᠷᠤᠯᠴᠠᠬᠤ ᠲᠡᠭᠡᠷ᠎ᠠ ᠪᠠᠶᠢᠭ᠎ᠠ ᠪᠢᠰᠢ᠂  ᠤᠳᠤ ᠤᠯᠤᠰ᠂ ᠦᠪᠡᠷᠳᠡᠭᠡᠨ ᠵᠠᠰᠠᠬᠤ ᠤᠷᠤᠨ ᠠᠴᠠ ᠰᠤᠷᠤᠬᠴᠢ ᠶᠢᠨ ᠤᠢᠢᠯᠡᠳᠦᠯᠭᠡ ᠶᠢᠨ ᠠᠵᠢᠯᠯᠠᠭ᠎ᠠ ᠳᠤ ᠤᠷᠤᠯᠴᠠᠬᠤ ᠶᠢ ᠤᠯᠠᠮ ᠵᠤᠷᠢᠬᠵᠢᠭᠤᠯᠵᠤ᠂ ᠵᠦᠪ ᠤᠨᠤᠪᠴᠢᠲᠠᠢ ᠰᠤᠷᠤᠯᠭ᠎ᠠ ᠶᠢᠨ ᠤᠷᠴᠢᠨ ᠲᠤᠭᠤᠷᠢᠨ ᠢ ᠪᠦᠷᠢᠯᠳᠦᠬᠦᠯᠬᠦ ᠨᠢ ᠨᠠᠩ ᠴᠢᠬᠤᠯᠠ ᠪᠤᠯᠤᠭᠠᠳ ᠪᠠᠶᠢᠨ᠎ᠠ︾ ᠭᠡᠮᠡᠨ ᠠᠯᠠᠱᠠ ᠵᠡᠬᠦᠨ ᠬᠤᠰᠢᠭᠤᠨ ᠤ ᠲᠦᠷᠪᠡᠳᠦᠭᠡᠷ ᠲᠤᠮᠳᠠᠳᠤ ᠶᠢᠨ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠵᠸᠤ ᠹᠠᠨᠭ᠌ ᠶᠠᠷᠢᠵᠤ ᠪᠠᠶᠢᠪᠠ᠃               ᠤᠳᠤᠬᠠᠨ ᠳᠤ᠂ ᠮᠠᠨ ᠤ ᠠᠶᠢᠮᠠᠭ ᠤᠨ ᠡᠯ᠎ᠡ ᠱᠠᠳᠤᠨ ᠤ ᠳᠤᠮᠳᠠᠳᠤ ᠪᠠᠭ᠎ᠠ ᠰᠤᠷᠭᠠᠭᠤᠯᠢ ᠪᠦᠬᠦᠨ ᠢᠶᠠᠷ ᠢᠶᠠᠨ ᠰᠤᠷᠤᠭᠴᠢᠳ ᠤᠨ ᠰᠤᠷᠭᠠᠭᠤᠯᠢ ᠳᠠᠭᠠᠨ ᠤᠴᠢᠬᠤ ᠴᠠᠭ ᠲᠤ ᠲᠤᠬᠢᠷᠠᠭᠤᠯᠤᠯᠳᠠ ᠬᠢᠵᠤ ᠨᠢᠭᠡᠨᠳᠠ ᠬᠡᠷᠡᠭᠵᠢᠬᠦᠯᠵᠤ ᠡᠬᠢᠯᠡᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号