ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠳᠣᠬᠠᠢ ᠳᠠᠶᠢᠯᠣᠮᠵᠢ ᠭᠤᠷᠪᠠ
ᠨᠡᠶᠢᠲᠡᠯᠡᠭᠰᠡᠨ ᠴᠠᠭ᠄
2018/5/29
      ᠲᠠᠶᠢᠯᠦᠮᠵᠢ ③             ᠴᠢᠬᠤᠯᠠ ᠶᠡᠭᠡ ᠠᠷᠭ᠎ᠠ ᠠᠪᠴᠠᠯ ᠢᠶᠠᠷ ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ︾ ᠶᠢ ᠠᠬᠢᠭᠤᠯᠤᠨ᠎ᠠ             ᠪᠢᠴᠢᠭ ᠮᠠᠲ᠋ᠧᠷᠢᠶᠠᠯ ᠳᠤ ᠨᠢᠬᠡ ᠰᠢᠷᠢᠰ ᠴᠢᠬᠤᠯᠠ ᠠᠷᠭ᠎ᠠ ᠬᠡᠮᠵᠢᠶ᠎ᠠ ᠠᠪᠴᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠤᠬᠳᠠᠭᠠᠬᠤ ᠳᠤ ᠲᠤᠯᠭᠠᠭᠤᠷᠢ ᠲᠦᠰᠢᠭ ᠪᠤᠰᠬᠠᠨ ᠦᠭᠪᠠ᠃             ᠤᠯᠤᠰ ᠤᠨ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠬᠡ ᠲᠠᠭᠠᠭᠤᠯᠭ᠎ᠠ ᠲᠠᠢ ᠪᠢᠴᠢᠭ ᠮᠠᠲ᠋ᠧᠷᠢᠶᠠᠯ ᠳᠤ ︽ᠤᠯᠤᠰ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠬᠡ ︵2018 — 2022 ᠤᠨ︶︾ ᠶᠢ ᠲᠤᠬᠳᠠᠭᠠᠬᠤ ᠶᠢ ᠲᠤᠷᠠᠳᠴᠠᠢ             ︽ᠪᠠᠯᠠ ᠮᠦᠩᠬᠦ ᠬᠠᠮᠢᠭ᠎ᠠ ᠠᠴᠠ ᠢᠷᠡᠬᠦ︾ ᠠᠰᠠᠭᠤᠳᠠᠯ ᠢ ᠰᠢᠢᠳᠪᠤᠷᠢᠯᠡᠬᠦ ᠶᠢ ᠪᠦᠬᠦ ᠲᠠᠯ᠎ᠠ ᠪᠠᠷ ᠲᠦᠯᠦᠪᠯᠠᠪᠠ             ᠵᠢᠱᠢᠶᠠᠯᠠᠪᠠᠯ᠂ ᠤᠯᠤᠰ ᠤᠨ ᠶᠠᠰᠦ ᠴᠢᠨᠠᠷ ᠢᠶᠠᠷ ᠬᠦᠳᠡᠭᠡ ᠠᠵᠤ ᠠᠬᠤᠢ ᠶᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠬᠡ ᠶᠢ ᠲᠤᠬᠳᠠᠭᠠᠨ ᠬᠡᠷᠡᠭᠵᠢᠬᠦᠯᠬᠦ ᠵᠡᠷᠭᠡ             ᠪᠦᠬᠦ ᠲᠠᠯ᠎ᠠ ᠶᠢᠨ ᠲᠦᠷᠢᠮ ᠤᠨ ᠴᠢᠨᠠᠷᠳᠡᠢ ᠬᠠᠩᠭᠠᠯᠭ᠎ᠠ ᠶᠢᠨ ᠪᠠᠳᠤᠯᠠᠭ᠎ᠠ ᠲᠠᠢ ᠨᠢᠬᠡ ᠰᠢᠷᠢᠰ ᠴᠢᠬᠤᠯᠠ ᠶᠡᠭᠡ ᠦᠬᠡᠷᠡᠴᠢᠯᠡᠯᠳᠡ ᠶᠢᠨ ᠠᠷᠭ᠎ᠠ ᠪᠠ ᠲᠦᠷᠢᠮ ᠤᠨ ᠪᠠᠶᠢᠭᠤᠯᠤᠯᠳᠠ ᠶᠢ ᠪᠠᠶᠢᠷᠢᠯᠠᠭᠤᠯᠪᠠ             ᠨᠠᠮ ᠤᠨ ᠲᠤᠳᠤᠭᠠᠳᠤ ᠶᠢᠨ ᠬᠠᠤᠯᠢ ᠲᠦᠷᠢᠮ ᠤᠨ ᠪᠠᠳᠤᠯᠠᠭ᠎ᠠ ᠲᠠᠢ ᠪᠢᠴᠢᠭ ᠮᠠᠲ᠋ᠧᠷᠢᠶᠠᠯ ᠳᠤ᠂ ᠨᠠᠮ ᠤᠨ ᠬᠦᠳᠡᠭᠡ ᠲᠤᠰᠬᠤᠨ ᠤ ᠠᠵᠢᠯ ᠢ ᠤᠳᠤᠷᠢᠳᠬᠤ ᠤᠯᠠᠮᠵᠢᠯᠠᠯ᠂ ᠱᠠᠭᠠᠷᠳᠠᠯᠭ᠎ᠠ ᠵᠡᠷᠭᠡ ᠶᠢ ᠨᠠᠮ ᠤᠨ ᠲᠤᠳᠤᠭᠠᠳᠤ ᠶᠢᠨ ᠬᠠᠤᠯᠢ ᠲᠦᠷᠢᠮ ᠤᠨ ᠬᠡᠯᠪᠡᠷᠢ ᠪᠠᠷ ᠲᠤᠬᠳᠠᠭᠠᠨ᠂ ᠤᠳᠤᠷᠢᠳᠤᠯᠭ᠎ᠠ ᠶᠢᠨ ᠲᠤᠬᠳᠠᠯᠴᠠᠭ᠎ᠠ ᠶᠢ ᠲᠡᠬᠦᠯᠳᠡᠷᠵᠢᠬᠦᠯᠵᠠᠢ᠃       ᠪᠠᠭ᠎ᠠ ᠲᠠᠷᠢᠶᠠᠴᠢᠨ ᠡᠷᠦᠬᠡ ᠪᠤᠯᠤᠨ ᠤᠳᠤ ᠦᠶ᠎ᠡ ᠶᠢᠨ ᠲᠠᠷᠢᠶᠠᠯᠠᠩ ᠤᠨ ᠬᠦᠭᠵᠢᠯᠳᠡ ᠶᠢᠨ ᠬᠤᠭᠤᠷᠤᠨᠳᠤᠬᠢ ᠤᠷᠭᠠᠨᠢᠬ ᠵᠤᠯᠭᠠᠯᠴᠠᠭ᠎ᠠ ᠶᠢ ᠠᠬᠢᠭᠤᠯᠤᠨ᠎ᠠ             ● ᠲᠠᠷᠢᠶᠠᠯᠠᠩ ᠦᠢᠯᠡᠳᠪᠦᠷᠢᠯᠡᠯ ᠤᠨ ᠪᠦᠬᠦ ᠶᠠᠪᠤᠴᠠ ᠳᠤ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠶᠢ ᠠᠬᠢᠭᠤᠯᠵᠤ᠂ ᠲᠠᠷᠢᠶᠠᠴᠢᠨ ᠡᠷᠦᠬᠡ ᠶᠢᠨ ᠪᠠᠭ᠎ᠠ ᠦᠢᠯᠡᠤᠨᠪᠦᠷᠢᠯᠡᠯ ᠤᠨ ᠦᠪᠡᠷ ᠤᠨ ᠦᠷᠳᠡᠭ ᠢ ᠠᠷᠪᠢᠯᠠᠵᠤ ᠦᠷ᠎ᠡ ᠠᠰᠢᠬ ᠢ ᠨᠢ ᠨᠡᠮᠡᠭᠳᠡᠭᠦᠯᠬᠦ ᠶᠢ ᠬᠠᠪᠰᠤᠷᠤᠨ ᠲᠠᠮᠵᠢᠨ᠎ᠠ             ● ᠤᠯᠠᠨ ᠬᠡᠯᠪᠡᠷᠢ ᠮᠠᠶ᠋ᠢᠬ ᠢᠶᠠᠷ ᠬᠤᠯᠪᠤᠭᠠᠯᠠᠬᠤ ᠪᠠ ᠬᠠᠪᠰᠤᠷᠤᠯᠴᠠᠬᠤ ᠶᠢ ᠬᠦᠭᠵᠢᠭᠦᠯᠵᠦ᠂ ᠪᠠᠭ᠎ᠠ ᠲᠠᠷᠢᠶᠠᠴᠢᠨ ᠡᠷᠦᠬᠡ ᠶᠢᠨ ᠵᠤᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠲᠡᠭᠡᠭᠰᠢᠯᠡᠬᠦᠯᠥᠨ᠎ᠠ             ● ᠲᠠᠷᠢᠶᠠᠯᠠᠩ ᠪᠤᠯᠤᠨ ᠴᠢᠯᠦᠭᠡᠳᠦ ᠲᠡᠯᠭᠡᠭᠦᠷ ᠵᠣᠯᠭᠠᠯᠴᠠᠬᠤ᠂ ᠲᠠᠷᠢᠶᠠᠯᠠᠩ ᠪᠤᠯᠤᠨ ᠬᠤᠷᠰᠢᠶ᠎ᠠ  ᠵᠣᠯᠭᠠᠯᠴᠠᠬᠤ ᠠᠵᠢᠯᠯᠠᠭ᠎ᠠ ᠶᠢ ᠦᠷᠨᠢᠭᠦᠯᠵᠦ᠂ ᠪᠠᠭ᠎ᠠ ᠲᠠᠷᠢᠶᠠᠴᠢᠨ ᠡᠷᠦᠬᠡ ᠶᠢ ᠬᠠᠪᠰᠤᠷᠤᠨ ᠵᠠᠬ᠎ᠠ ᠲᠡᠯᠭᠡᠭᠦᠷ ᠲᠠᠢ ᠵᠤᠯᠭᠠᠯᠴᠠᠭᠤᠯᠤᠨ᠎ᠠ             ● ᠪᠠᠭ᠎ᠠ ᠲᠠᠷᠢᠶᠠᠴᠢᠨ ᠡᠷᠦᠬᠡ ᠶᠢ ᠲᠡᠮᠵᠢᠨ ᠲᠡᠤᠨᠭᠦᠵᠦ ᠠᠮᠢ ᠠᠬᠤᠢ ᠶᠢᠨ ᠲᠠᠷᠢᠶᠠᠯᠠᠩ᠂ ᠲᠦᠬᠦᠭᠡᠷᠦᠮᠵᠢᠳᠦ ᠲᠠᠷᠢᠶᠠᠯᠠᠩ᠂ ᠪᠡᠶᠡᠴᠢᠯᠡᠨ ᠤᠢᠢᠯᠠᠭᠠᠬᠤ ᠲᠠᠷᠢᠶᠠᠯᠠᠩ᠂ ᠵᠠᠬᠢᠶᠠᠯᠠᠨ ᠦᠢᠯᠡᠤᠨᠪᠦᠷᠢᠯᠡᠬᠦ ᠲᠠᠷᠢᠶᠠᠯᠠᠩ ᠢ ᠬᠦᠭᠵᠢᠬᠦᠯᠦᠨ᠎ᠠ             ● ᠪᠠᠭ᠎ᠠ ᠲᠠᠷᠢᠶᠠᠴᠢᠨ ᠡᠷᠦᠬᠡ ᠶᠢᠨ ᠦᠢᠯᠡᠤᠨᠪᠦᠷᠢᠯᠡᠯ ᠤᠨ ᠲᠤᠨᠤᠬ ᠲᠦᠬᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠵᠤ᠂ ᠪᠠᠭ᠎ᠠ ᠲᠠᠷᠢᠶᠠᠴᠢᠨ ᠡᠷᠦᠬᠡ ᠶᠢᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠲᠡᠭᠡᠭᠰᠢᠯᠡᠭᠦᠯᠤᠨ᠎ᠠ             ● ᠪᠠᠭ᠎ᠠ ᠲᠠᠷᠢᠶᠠᠴᠢᠨ ᠡᠷᠦᠬᠡ ᠶᠢᠨ ᠦᠢᠯᠡᠤᠨᠪᠦᠷᠢᠯᠡᠯ ᠢ ᠲᠡᠮᠵᠢᠨ ᠲᠡᠤᠨᠭᠦᠬᠦ ᠲᠦᠷᠦ ᠶᠢᠨ ᠪᠤᠳᠤᠯᠭ᠎ᠠ ᠶᠢᠨ ᠰᠠᠨᠠᠯ ᠢ ᠰᠤᠳᠤᠯᠤᠨ ᠲᠤᠬᠳᠠᠭᠠᠨ᠎ᠠ             ᠠᠩᠬ᠎ᠠ ᠤᠳᠠᠭ᠎ᠠ ᠬᠦᠳᠡᠭᠡ ᠲᠤᠰᠬᠤᠨ ᠤ ᠠᠵᠤ ᠠᠬᠤᠢ ᠶᠢᠨ ᠤᠯᠠᠨ ᠡᠰᠢᠵᠢᠭᠰᠡᠨ ᠬᠦᠭᠵᠢᠯᠳᠡ ᠶᠢ ᠲᠤᠷᠠᠳᠴᠠᠢ             ᠨᠢᠬᠡ ᠪᠦᠯᠦᠭ ᠬᠡᠷ ᠪᠦᠯᠢ ᠶᠢᠨ ᠦᠢᠯᠡᠳᠬᠡᠯ᠂ ᠭᠠᠷ ᠦᠢᠯᠡᠳᠬᠡᠯ᠂ ᠬᠦᠳᠡᠭᠡ ᠲᠤᠰᠬᠤᠨ ᠤ ᠦᠢᠯᠡᠳᠪᠤᠷᠢ ᠶᠢᠨ ᠲᠠᠰᠤᠭ ᠢ ᠬᠦᠮᠦᠵᠢᠬᠦᠯᠦᠨ᠂ ᠬᠦᠳᠡᠭᠡ ᠲᠤᠰᠬᠤᠨ ᠳᠤ ᠤᠷᠴᠢᠨ ᠲᠤᠭᠤᠷᠢᠨ ᠳᠤ ᠵᠤᠬᠢᠮᠵᠢᠳᠠᠢ ᠠᠵᠤ ᠠᠬᠤᠶᠢᠯᠠᠯ ᠪᠠᠶᠢᠭᠤᠯᠬᠤ ᠶᠢ ᠵᠤᠷᠢᠬᠵᠢᠭᠤᠯᠤᠨ᠂ ᠬᠦᠳᠡᠭᠡ ᠲᠤᠰᠬᠤᠨ ᠤ ᠠᠵᠤ ᠠᠬᠤᠢ ᠶᠢᠨ ᠤᠯᠠᠨ ᠡᠰᠢᠵᠢᠯᠳᠡ ᠶᠢ ᠪᠡᠶᠡᠯᠡᠬᠦᠯᠦᠨ᠂ ᠨᠡᠩ ᠤᠯᠠᠨ ᠠᠵᠢᠯ ᠤᠨ ᠪᠠᠶᠢᠷᠢ ᠬᠠᠩᠭᠠᠨ᠎ᠠ             ᠲᠠᠷᠢᠶᠠᠯᠠᠩ ᠠᠵᠤ ᠠᠬᠤᠢ ᠶᠢᠨ ᠠᠮᠢ ᠠᠬᠤᠢ ᠶᠢᠨ ᠴᠢᠳᠡᠪᠬᠢ ᠶᠢ ᠦᠷᠬᠡᠳᠬᠡᠨ᠎ᠠ            ● ᠤᠢ ᠰᠢᠭᠤᠢ ᠲᠠᠯ᠎ᠠ ᠨᠤᠳᠤᠭ ᠤᠨ ᠵᠢᠭᠤᠯᠴᠢᠯᠠᠯ᠂ ᠭᠤᠤᠯ ᠮᠦᠷᠡᠨ ᠨᠤᠭᠤ ᠭᠠᠵᠠᠷ ᠤᠨ ᠦᠵᠡᠮᠵᠢ ᠰᠤᠨᠢᠷᠬᠠᠬᠤ᠂ ᠮᠦᠰᠦ ᠴᠠᠰᠤ ᠲᠠᠯᠠᠢ ᠲᠡᠬᠡᠷᠡᠬᠢ ᠬᠦᠳᠡᠯᠭᠡᠭᠡᠨ᠂ ᠬᠡᠬᠡᠷ᠎ᠠ ᠶᠢᠨ ᠠᠮᠢᠳᠠᠨ ᠢ ᠲᠡᠵᠢᠬᠡᠵᠤ ᠰᠤᠨᠢᠷᠬᠠᠭᠤᠯᠬᠤ ᠠᠵᠤ ᠦᠢᠯᠡᠰ ᠢ ᠲᠦᠷᠬᠡᠳᠬᠡᠨ ᠬᠦᠭᠵᠢᠬᠦᠯᠦᠨ᠎ᠠ            ● ᠵᠢᠭᠤᠯᠴᠢᠯᠠᠯ ᠤᠨ ᠲᠠᠷᠢᠶᠠᠯᠠᠩ᠂ ᠰᠡᠯᠡᠬᠦᠴᠡᠨ ᠵᠤᠭᠠᠴᠠᠬᠤ᠂ ᠡᠷᠡᠬᠦᠯᠵᠢᠯ ᠰᠤᠪᠢᠯᠠᠯᠳᠠ᠂ ᠠᠮᠢ ᠠᠬᠤᠢ ᠶᠢᠨ ᠬᠦᠮᠦᠵᠢᠯ ᠵᠡᠷᠭᠡ ᠦᠢᠯᠡᠴᠢᠯᠡᠭᠡ ᠶᠢ ᠢᠳᠡᠪᠬᠢᠳᠡᠢ ᠨᠡᠬᠡᠬᠡᠨ ᠬᠦᠭᠵᠢᠬᠦᠯᠦᠨ᠎ᠠ            ● ᠤᠨᠴᠠᠯᠢᠬᠳᠤ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠠ ᠦᠵᠡᠬᠦᠯᠬᠦ ᠲᠤᠰᠬᠤᠨ ᠪᠠᠯᠭᠠᠰᠤ ᠪᠠ ᠰᠤᠳᠤᠨ ᠵᠢᠭᠤᠯᠴᠢᠯᠠᠯ ᠤᠨ ᠱᠤᠭᠤᠮ ᠢ ᠡᠬᠦᠳᠦᠨ ᠪᠠᠶᠢᠭᠤᠯᠤᠨ᠎ᠠ            ● ᠪᠤᠬᠢᠷᠳᠦᠯ ᠦᠬᠡᠢ ᠠᠮᠢ ᠠᠬᠤᠢ ᠶᠢᠨ ᠬᠦᠳᠡᠭᠡ ᠲᠤᠰᠬᠤᠨ ᠤ ᠠᠮᠢ ᠠᠬᠤᠢ ᠶᠢᠨ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠠ ᠶᠢ ᠪᠠᠶᠢᠭᠤᠯᠤᠨ᠎ᠠ            ᠦᠢᠯᠡᠳᠪᠤᠷᠢ ᠬᠤᠳᠠᠯᠳᠤᠭᠠᠨ ᠤ ᠬᠦᠷᠦᠩᠬᠡ ᠶᠢᠨ ᠬᠦᠳᠡᠭᠡ ᠪᠠᠭᠤᠬᠤ ᠶᠢ ᠵᠤᠷᠢᠬᠵᠢᠭᠤᠯᠤᠨ᠎ᠠ            ᠦᠢᠯᠡᠤᠡᠪᠤᠷᠢ ᠬᠤᠳᠠᠯᠳᠤᠭᠠᠨ ᠤ ᠬᠦᠷᠦᠩᠭᠡ ᠬᠦᠳᠡᠭᠡ ᠲᠤᠰᠬᠤᠨ ᠢ ᠬᠦᠭᠵᠢᠬᠦᠯᠦᠨ ᠮᠠᠠᠳᠤᠭᠤᠯᠬᠤ ᠪᠠᠶᠢᠯᠳᠤᠬᠤ ᠪᠤᠳᠤᠯᠭ᠎ᠠ ᠳᠤ ᠤᠷᠤᠯᠴᠠᠬᠤ ᠶᠢ ᠵᠤᠷᠢᠬᠵᠢᠭᠤᠯᠤᠨ ᠲᠠᠭᠠᠭᠤᠯᠬᠤ ᠲᠤᠬᠠᠢ ᠭᠡᠷᠡᠭᠵᠢᠬᠦᠯᠬᠦ ᠰᠠᠨᠠᠯ ᠢ ᠲᠤᠬᠳᠠᠭᠠᠵᠤ᠂ ᠪᠡᠯᠡ ᠬᠤᠷᠠᠮᠳᠤᠭᠤᠯᠤᠨ ᠵᠢᠭᠡᠯᠡᠯᠭᠡ ᠲᠠᠯᠪᠢᠬᠤ᠂ ᠢᠵᠢ ᠪᠦᠷᠢᠳᠦᠭᠰᠡᠨ ᠲᠤᠨᠤᠬ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠡ ᠳᠤ ᠨᠦᠬᠦᠪᠤᠷᠢ ᠤᠯᠭᠤᠬᠤ᠂ ᠭᠠᠶᠢᠯᠢ ᠰᠦᠢᠤᠡᠭᠡᠯ ᠢ ᠭᠡᠯᠳᠦᠷᠢᠬᠦᠯᠬᠦ ᠵᠡᠷᠭᠡ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠡᠶᠢᠳᠡᠪᠤᠷᠢᠵᠢᠭᠤᠯᠤᠨ ᠲᠡᠬᠦᠯᠳᠡᠷᠵᠢᠬᠦᠯᠦᠨ᠎ᠠ            ᠲᠠᠷᠢᠶᠠᠴᠢᠨ ᠤ ᠠᠰᠢᠭ ᠲᠤᠰᠠ ᠶᠢ ᠬᠠᠮᠠᠭᠠᠯᠠᠬᠤ ᠶᠢ ᠴᠢᠩᠭᠠᠳᠬᠠᠨ᠎ᠠ            ᠲᠦᠷᠦ ᠶᠢᠨ ᠪᠤᠳᠤᠯᠭ᠎ᠠ ᠶᠢᠨ ᠵᠠᠭᠠᠭ ᠢ ᠲᠤᠳᠤᠷᠬᠠᠢ ᠪᠤᠯᠭᠠᠵᠤ᠂ ᠲᠠᠷᠢᠶᠠᠴᠢᠨ ᠤ ᠠᠰᠢᠭ ᠲᠤᠰᠠ ᠶᠢ ᠬᠠᠮᠠᠭᠠᠯᠠᠨ᠎ᠠ            ᠨᠡᠶᠢᠬᠡᠮ ᠤᠨ ᠡᠯ᠎ᠠ ᠡᠳᠡᠬᠡᠳ ᠤᠨ ᠬᠢᠨ ᠤ ᠬᠦᠳᠡᠭᠡ ᠲᠤᠰᠬᠤᠨ ᠤ ᠪᠦᠳᠦᠬᠡᠨ ᠪᠠᠶᠢᠭᠤᠯᠤᠯᠳᠠ ᠳᠤ ᠤᠷᠤᠯᠴᠠᠬᠤ ᠶᠢ ᠵᠤᠷᠢᠬᠵᠢᠭᠤᠯᠤᠨ᠎ᠠ      ᠠᠵᠦ ᠠᠬᠤᠢᠢᠯᠠᠯᠳᠠᠨ᠂ ᠨᠠᠮ ᠵᠠᠰᠠᠭ ᠤᠨ ᠺᠠᠳ᠋ᠷ᠂ ᠲᠤᠰᠬᠠᠢ ᠮᠡᠷᠬᠡᠵᠢᠯᠳᠡᠨ ᠡᠷᠳᠡᠮᠳᠡᠳ᠂ ᠡᠮᠴᠢ ᠪᠠᠭᠰᠢ᠂ ᠲᠦᠯᠦᠪᠯᠡᠬᠡᠳᠡᠳ᠂ ᠪᠠᠷᠢᠯᠭᠠᠳᠠᠳ᠂ ᠬᠠᠦᠯᠢᠴᠢ᠂ ᠲᠤᠰᠬᠠᠢ ᠮᠡᠷᠬᠡᠵᠢᠯᠳᠠᠳ ᠤᠨ ᠬᠦᠳᠡᠭᠡ ᠪᠠᠭᠤᠬᠤ ᠰᠠᠶᠢᠨ ᠲᠤᠷᠠᠴᠤᠳ᠂ ᠪᠠᠯᠠ ᠤᠷᠤᠭᠤᠯᠤᠨ ᠦᠢᠯᠡᠰ ᠪᠤᠰᠬᠠᠬᠤ᠂ ᠲᠤᠰᠬᠤᠨ ᠳᠤ ᠲᠦᠷᠦᠯ ᠵᠦᠢᠯ ᠬᠡᠷᠡᠭᠵᠢᠬᠦᠯᠬᠦ᠂ ᠡᠪᠡᠳᠴᠢᠨ ᠦᠵᠡᠵᠤ ᠰᠤᠷᠭᠠᠭᠤᠯᠢ ᠡᠷᠬᠢᠯᠡᠬᠦ᠂ ᠡᠳ᠋ ᠪᠤᠳᠠᠰ ᠬᠠᠨᠳᠢᠪᠯᠡᠬᠤ᠂ ᠬᠠᠤᠯᠢ ᠶᠢᠨ ᠦᠢᠯᠡᠴᠢᠯᠡᠭᠡ ᠬᠢᠬᠦ ᠵᠡᠷᠭᠡ ᠬᠡᠯᠪᠡᠷᠢ ᠪᠠᠷ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠦᠢᠯᠡᠰ ᠲᠤ ᠦᠢᠯᠡᠴᠢᠯᠡᠬᠦ ᠶᠢ ᠵᠤᠷᠢᠬᠵᠢᠭᠤᠯᠤᠨ᠎ᠠ      ᠲᠠᠷᠢᠶᠠᠨ ᠭᠠᠵᠠᠷ ᠤᠨ ᠠᠰᠠᠭᠤᠳᠠᠯ ᠤᠨ ᠲᠤᠬᠠᠢ ᠦᠬᠡᠷᠡᠴᠢᠯᠡᠯᠳᠡ ᠶᠢᠨ ᠰᠢᠨ᠎ᠠ ᠠᠷᠭ᠎ᠠ ᠬᠡᠮᠵᠢᠶ᠎ᠠ ᠠᠪᠴᠠᠢ      ● ᠤᠷᠤᠨ ᠰᠠᠭᠤᠴᠠ ᠶᠢᠨ ᠭᠠᠵᠠᠷ ᠤᠨ ᠦᠮᠴᠢᠯᠠᠯ ᠤᠨ ᠡᠷᠭᠡ᠂ ᠬᠢᠷᠢ ᠬᠡᠮ ᠤᠨ ᠡᠷᠭᠡ᠂ ᠬᠡᠷᠡᠭᠯᠡᠬᠦ ᠡᠷᠭᠡ ︽ᠭᠤᠷᠪᠠᠨ ᠡᠷᠭᠡ ᠶᠢ ᠲᠤᠰᠠᠭᠠᠷᠯᠠᠬᠤ︾ ᠶᠢ ᠰᠦᠪᠡᠭᠴᠢᠯᠠᠪᠠ            ● ᠤᠷᠤᠨ ᠰᠠᠭᠤᠴᠠ ᠶᠢᠨ ᠭᠠᠵᠠᠷ ᠪᠤᠯᠤᠨ ᠮᠠᠯᠴᠢᠨ ᠳᠠᠷᠢᠶᠠᠴᠢᠨ ᠤ ᠬᠡᠷ ᠪᠠᠶᠢᠰᠢᠩ ᠤᠨ ᠬᠡᠷᠡᠭᠯᠡᠬᠦ ᠡᠷᠬᠡ ᠶᠢ ᠵᠤᠬᠢᠬᠤ ᠬᠡᠮᠵᠢᠶ᠎ᠠ ᠪᠠᠷ ᠠᠮᠢᠳᠤᠯᠢᠭᠵᠢᠭᠤᠯᠤᠨ᠎ᠠ            ● ᠬᠦᠳᠡᠭᠡ ᠳᠤᠰᠬᠤᠨ ᠳᠤ ᠤᠴᠢᠵᠤ ᠮᠠᠯᠵᠢᠬᠤ ᠳᠠᠷᠢᠶᠠᠯᠠᠬᠤ ᠤᠷᠤᠨ ᠤ ᠤᠷᠤᠨ ᠰᠠᠭᠤᠴᠠ ᠶᠢᠨ ᠭᠠᠵᠠᠷ ᠢ ᠠᠰᠢᠬᠯᠠᠨ ᠬᠡᠬᠡᠮᠰᠦᠭ ᠬᠡᠷ ᠬᠤᠷᠢᠶᠠᠯᠠᠯ ᠪᠤᠯᠤᠨ ᠬᠤᠪᠢ ᠶᠢᠨ ᠤᠷᠳᠤᠨ ᠳᠠᠭᠳᠤ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ            ᠲᠠᠷᠢᠶᠠᠴᠢᠨ ᠬᠤᠳᠠ ᠤᠷᠤᠬᠰᠠᠨ ᠤ ᠲᠠᠷᠠᠭ᠎ᠠ ᠬᠦᠳᠡᠭᠡ ᠶᠢᠨ ᠬᠡᠷ ᠪᠠ ᠭᠠᠵᠠᠷ ᠢᠶᠠᠨ ᠦᠯᠡᠳᠡᠭᠡᠵᠤ ᠪᠤᠯᠤᠨ᠎ᠠ      ● ᠬᠤᠳᠠ ᠤᠷᠤᠵᠤ ᠰᠠᠭᠤᠷᠢᠰᠢᠭᠰᠠᠨ ᠮᠠᠯᠴᠢᠨ ᠳᠠᠷᠢᠶᠠᠴᠢᠳ ᠤᠨ ᠭᠠᠵᠠᠷ ᠰᠢᠷᠤᠢ ᠶᠢ ᠳᠠᠭᠠᠭᠠᠴᠢᠯᠠᠬᠤ ᠡᠷᠬᠡ᠂ ᠰᠠᠭᠤᠷᠢᠰᠢᠯ ᠤᠷᠤᠨ ᠰᠠᠭᠤᠴᠠ ᠪᠠᠨ ᠬᠡᠷᠡᠭᠯᠡᠬᠦ ᠡᠷᠬᠡ ᠪᠠ ᠬᠠᠮᠳᠤ ᠶᠢᠨ ᠠᠰᠢᠭ ᠢ ᠬᠦᠷᠳᠡᠬᠦ ᠡᠷᠬᠡ ᠶᠢ ᠬᠠᠮᠠᠭᠠᠯᠠᠨ᠎ᠠ            ● ᠬᠤᠳᠠ ᠤᠷᠤᠵᠤ ᠰᠠᠭᠤᠷᠢᠰᠢᠭᠰᠠᠨ ᠳᠠᠷᠢᠶᠠᠴᠢᠳ ᠤᠨ ᠬᠠᠤᠯᠢ ᠶᠤᠰᠤᠭᠠᠷ ᠰᠠᠶᠢᠨ ᠳᠤᠷ᠎ᠠ ᠠᠴᠠ ᠪᠠᠨ ᠳᠡᠬᠡᠷ᠎ᠠ ᠲᠤᠷᠠᠳᠤᠬᠰᠠᠨ ᠡᠷᠬᠡ ᠠᠰᠢᠭ ᠢᠶᠠᠨ ᠰᠢᠯᠵᠢᠬᠦᠯᠬᠦ ᠶᠢ ᠬᠦᠳᠦᠯᠦᠨ ᠵᠢᠯᠤᠭᠤᠳᠤᠨ᠎ᠠ       ᠦᠨᠳᠦᠰᠦᠨ ᠱᠠᠳᠤᠨ ᠤ ᠺᠠᠳ᠋ᠷ ᠤᠨ ᠢᠯᠵᠠᠷᠠᠯ ᠤᠨ ᠠᠰᠠᠭᠤᠳᠠᠯ ᠢ ᠴᠢᠩᠭ᠎ᠠ ᠰᠢᠳᠬᠡᠨ᠎ᠠ            ● ᠭᠠᠴᠠᠭ᠎ᠠ ᠲᠤᠰᠬᠤᠨ ᠤ ᠲᠡᠰ ᠤᠨ ᠪᠠᠭ᠎ᠠ ᠵᠢᠵᠢᠭ ᠡᠷᠬᠡ ᠶᠢᠨ ᠨᠠᠷᠢᠨ ᠲᠠᠩᠰᠠ ᠶᠢᠨ ᠲᠦᠷᠢᠮ ᠢ ᠬᠡᠷᠡᠭᠵᠢᠬᠦᠯᠦᠨ᠂ ᠦᠨᠳᠦᠰᠦᠨ ᠱᠠᠳᠤᠨ ᠤ ᠪᠠᠭ᠎ᠠ ᠵᠢᠵᠢᠭ ᠡᠷᠬᠡ ᠶᠢᠨ ᠢᠯᠵᠠᠷᠠᠯ ᠢ ᠵᠠᠯᠬᠠᠭᠠᠨ ᠰᠢᠳᠬᠡᠬᠦ ᠬᠦᠴᠦᠯᠡᠴᠡ ᠶᠢ ᠨᠡᠮᠡᠭᠳᠡᠬᠦᠯᠦᠨ᠎ᠠ            ● ᠲᠠᠷᠢᠶᠠᠴᠢᠳ ᠢ ᠬᠠᠷᠠᠭᠠᠯᠵᠠᠬᠤ ᠨᠦᠬᠦᠪᠦᠷᠢ᠂ ᠬᠠᠮᠳᠤ ᠨᠠᠶᠢᠳᠠ ᠶᠢᠨ ᠡᠳ᠋ ᠬᠦᠷᠦᠩᠬᠡ ᠶᠢᠨ ᠬᠠᠮᠢᠶᠠᠷᠤᠯᠳᠠ᠂ ᠭᠠᠵᠠᠷ ᠰᠢᠷᠤᠢ ᠲᠠᠳᠠᠪᠤᠷᠢᠯᠠᠬᠤ ᠵᠡᠷᠭᠡ ᠬᠡᠪᠴᠢᠶᠠᠨ ᠳᠠᠬᠢ ᠲᠠᠷᠢᠶᠠᠴᠢᠨ ᠤ ᠠᠰᠢᠭ ᠲᠤᠰᠠ ᠶᠢ ᠬᠤᠬᠢᠷᠠᠭᠤᠯᠤᠬᠰᠠᠨ ᠲᠦᠪ ᠪᠤᠰᠤ ᠰᠤᠷᠳᠠᠯ ᠪᠠ ᠢᠯᠵᠡᠷᠡᠯ ᠤᠨ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ             ᠠᠯᠠᠱᠠ ᠠᠶᠢᠮᠠᠭ ᠤᠨ ᠨᠠᠮ ᠤᠨ ᠬᠤᠷᠢᠶ᠎ᠠ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠬᠡᠯᠳᠡᠰ ᠠᠴᠠ ᠤᠬᠠᠭᠤᠯᠪᠠ
 
ᠢᠷᠡᠯᠲᠡ᠄ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号