ᠠᠯᠠᠱᠠ ᠠᠶᠢᠮᠠᠭ ᠤᠨ 4A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ
ᠨᠡᠶᠢᠲᠡᠯᠡᠭᠰᠡᠨ ᠴᠠᠭ᠄
2018/6/13
       1. ᠠᠯᠠᠱᠠ ᠠᠶᠢᠮᠠᠭ ᠤᠨ ᠱᠠᠰᠢᠨ ᠢ ᠪᠠᠳᠠᠷᠠᠭᠤᠯᠤᠭᠴᠢ ᠰᠦᠮ᠎ᠡ ︵ᠪᠠᠷᠠᠭᠤᠨ ᠭᠡᠶᠢᠳ︶ ᠠᠮᠢ ᠠᠬᠤᠢ ᠶᠢᠨ ᠵᠢᠭᠤᠯᠴᠢᠯᠠᠯ ᠤᠨ ᠣᠷᠣᠨ               ᠱᠠᠰᠢᠨ ᠢ ᠪᠠᠳᠠᠷᠠᠭᠤᠯᠤᠭᠴᠢ ᠰᠦᠮ᠎ᠡ ᠨᠢ ᠠᠯᠠᠱᠠ ᠠᠭᠤᠯᠠ ᠶᠢᠨ ᠪᠠᠷᠠᠭᠤᠨ ᠬᠤᠷᠮᠤᠢ᠂ ᠪᠠᠶᠠᠨᠬᠤᠳᠠ ᠪᠠᠯᠭᠠᠰᠣ ᠶᠢᠨ ᠡᠮᠣᠨ᠎ᠡ ᠳᠠᠯ᠎ᠠ ᠳᠤ ᠪᠠᠶᠢᠷᠢᠯᠠᠵᠤ ᠪᠠᠶᠢᠳᠠᠭ ᠳᠣᠯᠠ ᠪᠠᠷᠠᠭᠤᠨ ᠭᠡᠶᠢᠳ ᠭᠡᠮᠡᠨ᠂ ᠳᠦᠪᠡᠳ ᠢᠶᠠᠷ ︽ᠭᠠᠳᠠᠨᠵᠢᠯᠢᠩ︾ ᠭᠡᠵᠣ᠂ ᠳᠦᠪᠡᠳ ᠤᠨ ᠪᠣᠳ᠋ᠳ᠋ᠾᠡ ᠶᠢᠨ ᠱᠠᠰᠢᠨ ᠤ ᠰᠣᠶᠣᠯ ᠬᠢᠭᠡᠳ ᠠᠯᠠᠱᠠ ᠠᠭᠤᠯᠠ ᠶᠢᠨ ᠪᠠᠶᠢᠭᠠᠯᠢᠯᠢᠭ ᠦᠵᠡᠮᠵᠢ ᠪᠠᠷ ᠨᠢᠭᠡᠨ ᠴᠣᠭᠴᠠ ᠪᠤᠯᠭᠠᠭᠰᠠᠨ ᠨᠡᠷᠡᠳᠡᠢ ᠠᠶᠠᠯᠠᠯ ᠵᠢᠭᠤᠯᠴᠢᠯᠠᠯ ᠤᠨ ᠣᠷᠣᠨ ᠮᠥᠨ᠃ 2002 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠵᠣ᠂ 2006 ᠣᠨ ᠳᠤ ᠪᠦᠬᠦ ᠣᠷᠣᠨ ᠤ ᠠᠷᠪᠠᠨ ᠶᠡᠭᠡ ᠲᠡᠣᠭᠡ ᠶᠢᠨ ᠨᠡᠷᠡᠳᠣ ᠦᠵᠡᠮᠵᠢ ᠶᠢᠨ ᠣᠷᠣᠨ ᠤ ᠨᠢᠭᠡ ᠪᠤᠯᠵᠡᠢ᠃ ᠠᠶᠠᠯᠠᠯ ᠵᠢᠭᠤᠯᠴᠢᠯᠠᠯ ᠤᠨ ᠣᠷᠣᠨ ᠨᠢ ᠠᠭᠤᠯᠠ ᠪᠠᠷ ᠬᠦᠷᠢᠶᠡᠯᠡᠭᠳᠡᠨ᠂ ᠠᠭᠠᠷᠣ ᠽᠠᠨᠳᠠᠨ᠂ ᠨᠠᠷᠠᠰᠣ ᠮᠠᠶᠢᠯᠠᠰᠣ᠂ ᠣᠯᠢᠶᠠᠰᠣ ᠬᠠᠷᠭᠠᠢ ᠦᠪᠴᠢ ᠨᠣᠭᠤᠭᠠᠷᠠᠵᠣ᠂ ᠰᠦᠮ᠎ᠡ ᠭᠡᠶᠢᠳ ᠰᠦᠷ ᠵᠢᠪᠬᠤᠯᠠᠩ ᠲᠠᠢ᠂ ᠰᠦᠮ᠎ᠡ ᠨᠢ ᠠᠭᠤᠯᠠ ᠶᠢ ᠳᠦᠰᠢᠨ ᠪᠠᠶᠢᠭᠤᠯᠤᠭᠳᠠᠵᠣ᠂ ᠬᠠᠳᠠᠨ ᠬᠠᠨ᠎ᠠ ᠳᠡᠭᠡᠷᠡᠬᠢ ᠭᠠᠶᠢᠬᠠᠮᠰᠢᠭᠳᠣ ᠰᠠᠶᠢᠯᠣᠮᠠᠯ ᠪᠤᠷᠬᠠᠨ ᠨᠤᠭᠤᠳ ᠨᠢ ᠦᠩᠭᠡ ᠬᠢᠯᠪᠠᠭ᠎ᠠ ᠲᠠᠢ ᠬᠠᠷᠠᠭᠳᠠᠵᠣ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠬᠠᠮᠤᠭ ᠤᠨ ᠣᠯᠠᠨ ᠡᠷᠳᠡᠨ ᠤ ᠴᠢᠯᠠᠭᠤᠨ ᠰᠡᠶᠢᠯᠤᠮᠠᠯ ᠲᠠᠢ ᠤᠷᠤᠨ ᠪᠤᠯᠵᠡᠢ᠃ ᠡ᠊ᠨᠳᠡ ᠵᠢᠷᠭᠤᠳᠤᠭᠠᠷ ᠲᠠᠯᠠᠢ ᠯᠠᠮᠠ ᠼᠠᠩᠶᠠᠩᠵᠠᠮᠰᠤ ᠠᠯᠠᠱᠠ ᠳᠤ ᠢᠷᠡᠵᠦ ᠠᠪᠤᠤ ᠸᠠᠩ ᠤᠨ ᠲᠡᠮᠵᠢᠯᠭᠡ ᠲᠤᠤᠷ᠎ᠠ ᠭᠤᠴᠢ ᠭᠠᠷᠤᠢ ᠵᠢᠯ ᠱᠠᠰᠢᠨ ᠲᠡᠯᠭᠡᠷᠡᠬᠦᠯᠬᠦ ᠶᠠᠪᠤᠴᠠ ᠳᠤ ᠦᠨᠳᠦᠷ ᠤᠬᠠᠭᠠᠨ᠂ ᠬᠤᠪᠢᠯᠭᠠᠨ ᠡᠷᠳᠡᠮ ᠢᠶᠠᠨ ᠡᠷᠭᠦᠨ᠂ ᠱᠠᠰᠢᠨ ᠤ ᠦᠢᠯᠡᠰ ᠲᠤ ᠵᠢᠳᠭᠦᠵᠦ᠂ ᠠᠯᠳᠠᠨ ᠱᠠᠷᠢᠯ ᠢᠶᠠᠨ ᠦᠯᠡᠳᠡᠭᠡᠭᠰᠡᠨ ᠠᠷᠢᠭᠤᠨ ᠪᠤᠮᠪᠠ ᠶᠢᠨ ᠤᠷᠤᠨ ᠪᠠᠶᠢᠭ᠎ᠠ ᠶᠤᠮ᠃ ᠵᠢᠭᠤᠯᠴᠢᠯᠠᠯ ᠤᠨ ᠣᠷᠣᠨ ᠳᠤ ᠳᠡᠭᠡᠳᠣ ᠳᠣᠮᠳᠠ ᠲᠡᠰ ᠤᠨ ᠮᠤᠩᠭᠤᠯ ᠭᠡᠷ ᠤᠨ ᠭᠡᠯᠪᠡᠷᠢ ᠶᠢᠨ ᠵᠤᠴᠢᠳ ᠤᠨ ᠪᠠᠭᠤᠳᠠᠯ ᠲᠠᠢ᠂ ᠦᠨᠳᠦᠰᠦᠳᠡᠨ ᠤ ᠣᠨᠴᠠᠯᠢᠭ ᠢᠶᠠᠷ ᠳᠣᠪᠤᠶᠢᠮ᠎ᠠ᠂ ᠰᠢᠯᠢᠳᠡᠭ ᠴᠢᠨᠠᠷ ᠤᠨ ᠦᠢᠯᠡᠴᠢᠯᠡᠭᠡ ᠶᠢ ᠬᠠᠩᠭᠠᠳᠠᠭ᠃              2. ᠠᠯᠠᠱᠠ ᠠᠶᠢᠮᠠᠭ ᠤᠨ ᠬᠠᠯᠳᠠᠷ ᠨᠠᠭᠤᠷ ᠤᠨ ᠡᠯᠡᠰᠣ ᠮᠠᠩᠬᠠᠨ ᠤ ᠠᠮᠢ ᠠᠬᠤᠢ ᠶᠢᠨ ᠵᠢᠭᠤᠯᠴᠢᠯᠠᠯ ᠤᠨ ᠣᠷᠣᠨ               ᠬᠠᠯᠳᠠᠷ ᠨᠠᠭᠤᠷ ᠨᠢ ᠳᠡᠭᠷᠢ ᠡᠯᠡᠰᠣᠨ ᠤ ᠦᠷᠦᠴᠡᠨ ᠳᠤ ᠪᠠᠶᠢᠷᠢᠰᠢᠵᠤ᠂ ᠪᠠᠶᠠᠨᠬᠤᠳᠠ ᠠᠴᠠ 84 ᠺᠢᠯᠣᠮᠧᠲᠷ ᠵᠠᠶᠢᠳᠠᠢ᠂ ᠳᠣᠮᠳᠠᠳᠣ ᠣᠯᠣᠰ ᠤᠨ ᠨᠢᠭᠡᠳᠦᠭᠡᠷ ︽ᠠᠮᠢ ᠠᠬᠤᠢ ᠶᠢᠨ ᠠᠶᠠᠯᠠᠯ ᠵᠢᠭᠤᠯᠴᠢᠯᠠᠯ ᠪᠠ ᠣᠷᠴᠢᠨ ᠳᠣᠭᠤᠷᠢᠨ ᠤ ᠰᠣᠷᠭᠠᠨ ᠬᠦᠮᠦᠵᠢᠯ︾ ᠢᠶᠠᠷ ᠰᠡᠳᠦᠪᠯᠡᠭᠰᠡᠨ ᠡᠯᠡᠰᠣ ᠮᠠᠩᠬᠠᠨ ᠤ ᠪᠠᠷᠳᠠᠭ᠎ᠠ ᠰᠢᠨᠵᠢᠯᠡᠭᠡ ᠶᠢᠨ ᠣᠷᠣᠨ ᠪᠣᠯᠵᠡᠢ᠃ 2005 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃ ᠬᠠᠯᠳᠠᠷ ᠨᠠᠭᠤᠷ ᠨᠢ ᠬᠠᠴᠢᠨ ᠭᠠᠶᠢᠬᠠᠯᠳᠠᠢ ᠨᠠᠭᠤᠷ ᠪᠠᠶᠢᠵᠤ᠂ ᠳᠦᠷᠪᠡᠨ ᠳᠠᠯ᠎ᠠ ᠪᠠᠷ ᠨᠢ ᠡᠯᠡᠰᠣ ᠮᠠᠩᠬ᠎ᠠ ᠬᠦᠷᠢᠶᠡᠯᠡᠭᠰᠡᠨ ᠡᠨᠡ ᠬᠦ ᠨᠠᠭᠤᠷ ᠤᠨ ᠣᠰᠣᠨ ᠤ ᠳᠠᠯᠠᠪᠡᠢ ᠨᠢ 4.5 ᠳᠡᠭᠰᠢ ᠳᠦᠷᠪᠡᠯᠵᠢᠨ ᠺᠢᠯᠣᠮᠧᠲᠷ᠂ ᠬᠦᠨ ᠨᠢ 2-4 ᠮᠧᠲᠷ ᠪᠠᠶᠢᠵᠤ᠂ ᠨᠣᠮᠢᠨ ᠳᠣᠯᠬᠢᠶᠠᠨ ᠬᠠᠶᠠᠯᠠᠨ ᠬᠤᠯᠣᠰᠣ ᠨᠠᠶᠢᠭᠤᠯᠵᠠᠨ᠂ ᠨᠣᠭᠤᠰᠣ ᠰᠢᠪᠠᠭᠤ ᠴᠢᠯᠦᠭᠡᠳᠡᠢ ᠱᠣᠩᠪᠠᠨ᠎ᠠ᠃ ᠨᠠᠭᠤᠷ ᠤᠨ ᠬᠦᠪᠡᠭᠡ ᠪᠠᠷ ᠭᠡᠭᠡᠨᠴᠢᠷ ᠭᠤᠶᠤᠮᠰᠤᠭ ᠮᠤᠩᠭᠤᠯ ᠭᠡᠷ᠂ ᠣᠷᠣᠰ ᠮᠠᠶ᠋ᠢᠭ ᠤᠨ ᠠᠮᠠᠷᠠᠯᠳᠠ ᠶᠢᠨ ᠭᠠᠵᠠᠷ ᠲᠠᠢ᠂ ᠦᠢᠯᠡᠴᠢᠯᠡᠬᠦ ᠴᠢᠳᠠᠪᠤᠷᠢ ᠪᠠᠷ ᠪᠦᠷᠢᠨ ᠳᠡᠬᠦᠯᠳᠡᠷ᠂ ᠳᠦᠷᠦᠯ ᠵᠦᠢᠯ ᠢᠶᠠᠷ ᠠᠷᠪᠢᠨ᠃ ᠭᠤᠤᠯ ᠵᠤᠭᠠᠴᠠᠵᠤ ᠨᠠᠭᠠᠳᠬᠤ ᠵᠦᠢᠯ ᠭᠡᠪᠡᠯ ᠮᠠᠰᠢᠨ ᠳᠡᠷᠭᠡ ᠪᠠᠷ ᠡᠯᠡᠰᠣ ᠳᠣᠭᠤᠯᠬᠤ᠂ ᠡᠯᠡᠰᠣᠨ ᠣᠷᠭᠤᠮᠠᠯ ᠰᠣᠨᠢᠷᠬᠠᠬᠤ᠂ ᠱᠣᠩᠭᠤᠯ ᠣᠩᠭᠤᠴᠠ᠂ ᠡᠯᠡᠰᠣᠨ ᠣᠬᠢᠶᠠᠯᠭ᠎ᠠ᠂ ᠮᠤᠩᠭᠤᠯ ᠦᠨᠳᠦᠰᠦᠳᠡᠨ ᠤ ᠵᠠᠩ ᠵᠠᠩᠰᠢᠯ᠂ ᠳᠡᠮᠡᠭᠡ ᠮᠣᠷᠢ ᠣᠨᠣᠬᠤ᠂ ᠦᠨᠳᠦᠰᠦᠳᠡᠨ ᠤ ᠢᠳᠡᠭᠡᠨ ᠣᠮᠳᠠᠭᠠᠨ ᠢ ᠠᠮᠳᠠᠯᠠᠬᠤ ᠵᠡᠷᠭᠡ ᠪᠤᠢ᠃ ᠣᠳᠣ ᠨᠢᠭᠡᠨᠳᠡ ᠦᠪᠦᠷ ᠮᠤᠩᠭᠤᠯ ᠤᠨ ᠪᠠᠷᠠᠭᠤᠨ ᠭᠡᠰᠡᠭ ᠲᠠᠬᠢ ᠬᠠᠮᠤᠭ ᠳᠣᠪᠤᠶᠢᠮ᠎ᠠ ᠣᠨᠴᠠᠯᠢᠭ ᠲᠠᠢ᠂ ᠳᠠᠳᠠᠬᠤ ᠬᠦᠴᠦᠨ ᠢᠶᠠᠷ ᠶᠡᠭᠡ ᠡᠯᠡᠰᠣ ᠮᠠᠩᠬᠠᠨ ᠤ ᠪᠠᠷᠳᠠᠭᠠᠳᠣ ᠠᠶᠠᠯᠠᠯ ᠵᠢᠭᠤᠯᠴᠢᠯᠠᠯ ᠤᠨ ᠰᠠᠭᠤᠷᠢᠨ ᠭᠠᠵᠠᠷ ᠪᠤᠯᠵᠡᠢ᠃            3. ᠠᠯᠠᠱᠠ ᠠᠶᠢᠮᠠᠭ ᠤᠨ ᠳᠣᠩᠬᠤ ᠶᠢᠨ ᠳᠠᠯ᠎ᠠ ᠨᠣᠳᠤᠭ ᠤᠨ ᠵᠢᠭᠤᠯᠴᠢᠯᠠᠯ ᠤᠨ ᠣᠷᠣᠨ               ᠳᠡᠭᠷᠢ ᠡᠯᠡᠰᠣᠨ ᠤ ᠡᠮᠣᠨ᠎ᠡ ᠬᠦᠪᠡᠭᠡ ᠳᠤ ᠪᠠᠶᠢᠷᠢᠰᠢᠵᠤ ᠪᠠᠶᠢᠭ᠎ᠠ ᠳᠣᠩᠬᠤ ᠶᠢᠨ ᠨᠠᠭᠤᠷ ᠤᠨ ᠨᠤᠭᠤ ᠳᠠᠯ᠎ᠠ ᠶᠢᠨ ᠠᠶᠠᠯᠠᠯ ᠵᠢᠭᠤᠯᠴᠢᠯᠠᠯ ᠤᠨ ᠣᠷᠣᠨ ᠨᠢ ᠪᠠᠶᠠᠨᠬᠤᠳᠠ ᠠᠴᠠ 223 ᠭᠠᠷᠦᠢ ᠺᠢᠯᠣᠮᠧᠲᠷ ᠵᠠᠶᠢᠳᠠᠢ᠂ ᠡᠮᠣᠨ᠎ᠡ ᠳᠠᠯ᠎ᠠ ᠪᠠᠷ ᠨᠢ ᠨᠢᠩᠰᠢᠶᠠ ᠶᠢᠨ AAAA ᠣᠯᠣᠰ ᠤᠨ ᠳᠡᠰ ᠤᠨ ᠵᠢᠭᠤᠯᠴᠢᠯᠠᠯ ᠤᠨ ᠣᠷᠣᠨ ᠱᠠ ᠫᠦᠸᠧ ᠲᠧᠦ ᠲᠠᠢ  ᠵᠠᠯᠭᠠᠯᠳᠣᠨ᠂ ᠵᠦᠩ ᠸᠧᠢ ᠬᠤᠳᠠ ᠠᠴᠠ 30 ᠺᠢᠯᠣᠮᠧᠲᠷ ᠵᠠᠶᠢᠳᠠᠢ ᠪᠠᠶᠢᠳᠠᠭ᠃ 2012 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃ ᠳᠣᠩᠬᠤ ᠶᠢᠨ ᠨᠠᠭᠤᠷ ᠤᠨ ᠠᠶᠠᠯᠠᠯ ᠵᠢᠭᠤᠯᠴᠢᠯᠠᠯ ᠤᠨ ᠣᠷᠣᠨ ᠨᠢ ᠡᠯᠡᠰᠣ ᠮᠠᠩᠬ᠎ᠠ ᠪᠠᠷ ᠬᠦᠪᠡᠭᠡᠯᠡᠭᠳᠡᠵᠣ᠂ ᠳᠣᠮᠳᠠᠭᠤᠷᠬᠢ 4 ᠳᠡᠭᠰᠢ ᠳᠦᠷᠪᠡᠯᠵᠢᠨ ᠺᠢᠯᠣᠮᠧᠲᠷ ᠨᠦᠢᠳᠠᠨ ᠭᠠᠵᠠᠷ ᠲᠤ ᠡᠪᠡᠰᠣ ᠨᠤᠭᠤᠭᠠᠷᠠᠨ ᠠᠭᠤᠷ ᠠᠮᠢᠰᠬᠤᠯ ᠴᠡᠯᠮᠡᠭ ᠳᠣᠩᠭᠠᠯᠠᠭ᠂ ᠠᠳᠣᠭᠤ ᠮᠠᠯ ᠰᠦᠷᠦᠭᠯᠡᠨ ᠪᠡᠯᠴᠢᠵᠣ᠂ ᠨᠡᠬᠦᠳᠡᠯ ᠤᠨ ᠰᠢᠪᠠᠭᠤᠳ ᠳᠡᠷᠪᠢᠰ ᠳᠡᠷᠪᠢᠰ ᠨᠢᠰᠦᠯᠴᠡᠨ᠎ᠡ᠃ ᠴᠢᠨᠳᠠᠭᠠᠨ ᠴᠠᠭᠠᠨ ᠮᠤᠩᠭᠤᠯ ᠭᠡᠷ ᠤᠳ᠂ ᠳᠠᠪᠣᠨ ᠦᠩᠭᠡᠳᠣ ᠭᠡᠭᠡᠷ᠎ᠡ ᠬᠤᠨᠤᠭᠯᠠᠬᠤ ᠮᠠᠶᠢᠬᠠᠨ᠂ ᠰᠡᠯᠡᠬᠦᠴᠡᠨ ᠠᠮᠠᠷᠠᠬᠤ ᠭᠠᠵᠠᠷ᠂ ᠰᠠᠯᠬᠢᠨ ᠤ ᠠᠶ᠎ᠠ ᠪᠠᠷ ᠨᠠᠮᠢᠷᠠᠬᠤ ᠳᠤᠭ ᠤᠳ ᠨᠢ ᠪᠠᠰᠠ ᠨᠢᠭᠡ ᠣᠨᠴᠠᠭᠠᠢ ᠦᠵᠡᠮᠵᠢ ᠶᠢ ᠪᠦᠷᠢᠯᠳᠦᠬᠦᠯᠵᠡᠢ᠃ ᠳᠣᠰ ᠠᠶᠠᠯᠠᠯ ᠵᠢᠭᠤᠯᠴᠢᠯᠠᠯ ᠤᠨ ᠣᠷᠣᠨ ᠤ ᠵᠤᠭ᠎ᠠ ᠨᠠᠭᠠᠳᠣᠮ ᠤᠨ ᠵᠦᠢᠯ ᠭᠡᠪᠡᠯ ᠵᠢᠫ ᠳᠡᠷᠭᠡ᠂ ᠮᠣᠲ᠋ᠤᠷ ᠵᠢᠯᠤᠭᠤᠳᠬᠤ᠂ ᠮᠣᠲ᠋ᠣᠷᠳᠣ ᠳᠡᠷᠭᠡ ᠪᠠᠷ ᠡᠯᠡᠰᠣ ᠲᠤᠭᠤᠯᠬᠤ᠂ ᠮᠣᠷᠢ ᠳᠡᠮᠡᠭᠡ ᠣᠨᠣᠬᠤ᠂ ᠡᠯᠡᠰᠣ ᠶᠢ ᠳᠣᠭᠤᠯᠣᠨ ᠭᠠᠳᠣᠯᠬᠤ᠂ ᠡᠯᠡᠰᠣ ᠭᠤᠯᠭᠤᠬᠤ᠂ ᠦᠨᠳᠦᠰᠦᠳᠡᠨ ᠤ ᠣᠨᠴᠠᠯᠢᠭᠳᠣ ᠳᠥᠳᠡᠭ ᠭᠠᠯ ᠤᠨ ᠦᠳᠡᠰᠢᠯᠡᠭᠡ ᠵᠡᠷᠭᠡ ᠪᠤᠢ᠃              4. ᠡᠵᠡᠨ᠎ᠡ ᠬᠤᠰᠢᠭᠤᠨ ᠤ ᠳᠣᠣᠷᠡᠢ ᠶᠢᠨ ᠠᠮᠢ ᠠᠬᠤᠢ ᠶᠢᠨ ᠵᠢᠭᠤᠯᠴᠢᠯᠠᠯ ᠤᠨ ᠣᠷᠣᠨ               ᠡᠵᠡᠨ᠎ᠡ ᠭᠤᠤᠯ ᠤᠨ ᠬᠤᠶᠠᠷ ᠬᠦᠪᠡᠭᠡᠨ᠎ᠡ 30 ᠲᠦᠮᠡ ᠢᠯᠡᠬᠦᠣ ᠮᠣ᠋ ᠳᠣᠣᠷᠠᠶᠢᠳᠣ ᠣᠢ ᠶᠢᠨ ᠳᠣᠮᠳᠠ ᠠᠯᠭᠤᠷᠬᠠᠨ ᠠᠯᠬᠤᠬᠤ ᠳᠤ ᠶᠠᠭ ᠳᠣᠮᠤᠭ ᠳᠣᠮᠳᠠᠬᠢ ᠠᠷᠰᠢ ᠶᠢᠨ ᠣᠷᠣᠨ ᠳᠤ ᠣᠴᠢᠭᠰᠠᠨ ᠰᠢᠭ᠋ ᠰᠠᠨᠠᠭᠳᠠᠨ᠎ᠠ᠃ ᠢᠭ᠌ᠴᠢ ᠰᠠᠬᠤᠯᠢᠭ ᠳᠣᠣᠷᠠᠢ ᠨᠢ ᠡᠯᠳᠡᠪ ᠶᠠᠩᠵᠤ ᠶᠢᠨ ᠭᠡᠯᠪᠡᠷᠢ ᠳᠦᠷᠰᠣ ᠲᠠᠢ ᠪᠦᠭᠡᠳ ᠬᠤᠪᠢᠷᠠᠮᠠᠳᠠᠭᠠᠢ ᠪᠠᠶᠢᠳᠠᠭ᠃ ᠰᠢᠷᠭᠠᠯ ᠨᠠᠮᠤᠷ ᠤᠨ ᠳᠣᠣᠷᠡᠢ ᠶᠢᠨ ᠣᠢ ᠪᠤᠯ ᠡᠵᠡᠨ᠎ᠡ ᠶᠢᠨ ᠬᠠᠮᠤᠭ ᠠᠴᠠ ᠬᠦᠮᠦᠨ ᠤ ᠰᠡᠳᠬᠢᠯ ᠢ ᠳᠠᠳᠠᠬᠤ ᠬᠦᠴᠦᠨ ᠲᠠᠢ ᠦᠵᠡᠮᠵᠢ ᠮᠥᠨ᠃ ᠰᠢᠷᠭᠠᠯ ᠨᠠᠮᠤᠷ ᠤᠨ ᠠᠷᠪᠠᠳᠣᠭᠠᠷ ᠰᠠᠷ᠎ᠠ ᠶᠢᠨ ᠳᠣᠣᠷᠠᠶᠢᠳᠣ ᠣᠢ ᠨᠢ ᠨᠤᠮᠢᠨ ᠰᠢᠷᠭᠠᠯ ᠳᠣᠯᠬᠢᠶᠠᠨ ᠳᠠᠳᠠᠵᠣ ᠶᠠᠭ ᠯᠠ ᠳᠦᠷᠡᠯᠵᠡᠨ ᠨᠣᠴᠤᠬᠤ ᠭᠠᠯ ᠰᠢᠭ᠋ ᠭᠤᠸ᠎ᠠ ᠵᠢᠪᠬᠤᠯᠠᠩᠳᠠᠢ᠃ ᠰᠠᠬᠤᠯᠢᠭᠵᠢᠨ ᠣᠷᠭᠤᠭᠰᠠᠨ ᠠᠯᠳᠠᠨ ᠰᠢᠷᠭᠠᠯ ᠨᠠᠪᠴᠢ ᠶᠢ ᠨᠢ ᠨᠠᠷᠢᠨ ᠠᠵᠢᠭᠯᠠᠪᠠᠯ᠂ ᠨᠠᠪᠴᠢ ᠨᠠᠮᠠᠭ᠎ᠠ ᠨᠢ ᠨᠢᠭᠡ ᠯᠠ ᠦᠩᠭᠡ ᠲᠠᠢ ᠨᠢᠭᠳᠠ ᠰᠢᠬᠠᠭᠤ ᠬᠢᠯᠳᠠᠭᠠᠨᠠᠵᠤ᠂ ᠦᠨᠡᠭᠡᠷ ᠭᠤᠶᠣᠮᠰᠤᠭ ᠰᠠᠶᠢᠬᠠᠨ᠃ ᠦᠨᠳᠦᠷᠯᠢᠭ ᠠᠴᠠ ᠪᠠᠷᠠᠯᠠᠬᠤ ᠳᠤ ᠬᠦᠪᠡᠭᠡ ᠬᠢᠵᠠᠭᠠᠷ ᠨᠢ ᠦᠵᠡᠭᠳᠡᠬᠦ ᠦᠭᠡᠢ ᠰᠢᠷᠠᠯᠠᠨ ᠬᠠᠯᠢᠭᠤᠷᠠᠭᠰᠠᠨ ᠠᠯᠳᠠᠨ ᠰᠢᠷᠭᠠᠯ ᠦᠩᠭᠡ ᠨᠢ ᠰᠦᠷᠯᠢᠭ ᠰᠠᠶᠢᠬᠠᠨ᠂ ᠵᠢᠯ ᠪᠦᠷᠢ ᠶᠢᠨ ᠡᠨᠡ ᠦᠶ᠎ᠡ ᠳᠤ ᠣᠯᠣᠰ ᠤᠨ ᠳᠣᠳᠣᠭᠠᠳᠣ ᠭᠠᠳᠠᠭᠠᠳᠣ ᠶᠢᠨ ᠣᠯᠠᠨ ᠠᠷᠪᠢᠨ ᠵᠣᠭᠠᠴᠠᠭᠰᠠᠳ ᠴᠣᠭᠯᠠᠷᠠᠵᠣ ᠭᠡᠷᠡᠯ ᠵᠢᠷᠤᠭ ᠳᠠᠳᠠᠵᠣ ᠶᠠᠭᠠᠷᠠᠯᠳᠣᠨ᠎ᠠ᠃ 2014 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃              5. ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠡᠯᠡᠰᠣ ᠮᠠᠩᠬᠠᠨ ᠤ ᠵᠢᠭᠤᠯᠴᠢᠯᠠᠯ ᠤᠨ ᠣᠷᠣᠨ         ᠪᠠᠳᠠᠢ ᠶᠢᠨ ᠵᠢᠷᠠᠨ ᠤ ᠡᠯᠡᠰᠣᠨ ᠴᠦᠯ ᠤᠨ ᠶᠡᠷᠤᠩᠭᠡᠢ ᠳᠠᠯᠠᠪᠡᠢ ᠨᠢ 4.7 ᠳᠦᠮᠡᠨ ᠳᠡᠭᠰᠢ ᠳᠦᠷᠪᠡᠯᠵᠢᠨ ᠺᠢᠯᠣᠮᠧᠲᠷ᠂ ᠵᠡᠬᠦᠨᠰᠢ ᠪᠠᠷᠠᠭᠤᠨᠰᠢ ᠣᠷᠳᠣ ᠨᠢ 270 ᠺᠢᠯᠣᠮᠧᠲᠷ᠂ ᠡᠮᠣᠨᠡᠳᠣ ᠣᠮᠠᠷᠠᠳᠣ ᠦᠷᠭᠡᠨ ᠨᠢ 240 ᠺᠢᠯᠣᠮᠧᠲᠷ ᠪᠤᠯᠬᠤ ᠪᠦᠭᠡᠳ ᠳᠠᠯᠠᠢ ᠶᠢᠨ ᠳᠦᠪᠰᠢᠨ ᠠᠴᠠ 1100-1600 ᠮᠧᠲᠷ ᠡᠷᠬᠦᠭᠳᠡᠵᠤ᠂ ᠬᠠᠷᠢᠴᠠᠩᠭᠤᠢ ᠦᠨᠳᠦᠷ ᠨᠢ 200-500 ᠮᠧᠲᠷ ᠪᠠᠶᠢᠵᠤ᠂ ᠦᠨᠳᠦᠷᠯᠢᠭ ᠴᠣᠬᠢᠶ᠎ᠠ ᠨᠤᠭᠤᠳ ᠨᠢ ᠪᠦᠬᠦ ᠡᠯᠡᠰᠣᠨ ᠤ ᠳᠠᠯᠠᠪᠡᠢ ᠶᠢᠨ 61% ᠶᠢ ᠡᠵᠡᠯᠡᠵᠤ ᠪᠠᠶᠢᠭ᠎ᠠ ᠳᠠᠯᠠᠭᠡᠢ ᠶᠢᠨ ᠳᠦᠷᠪᠡᠳᠦᠭᠡᠷ ᠶᠡᠭᠡ ᠡᠯᠡᠰᠣ᠂ ᠮᠠᠨ ᠤ ᠣᠯᠣᠰ ᠤᠨ ᠭᠤᠷᠪᠠᠳᠣᠭᠠᠷ ᠶᠡᠭᠡ ᠡᠯᠡᠰᠣ ᠮᠥᠨ᠃ ᠡᠯᠡᠰᠣᠨ ᠴᠦᠯ ᠤᠨ ᠦᠷᠦᠴᠡᠨ ᠳᠤ ᠡᠮᠬᠢ ᠳᠢᠭᠯᠢᠮ ᠲᠠᠢ ᠪᠠᠶᠢᠷᠢᠰᠢᠭᠰᠠᠨ ᠳᠣᠮᠣ ᠳᠣᠮᠣ  ᠨᠢᠷᠤᠭᠤ ᠳᠣᠯᠣᠭᠠᠳ ᠬᠦᠨᠳᠡᠯᠢᠰᠣᠨ ᠦᠷᠬᠦᠯᠵᠢᠯᠡᠭᠰᠡᠨ ᠪᠠᠶᠢᠳᠠᠭ᠃ ᠪᠠᠳᠠᠢ ᠶᠢᠨ ᠵᠢᠷᠠᠨ ᠡᠯᠡᠰᠣ ᠨᠢ ︽ᠬᠠᠴᠢᠨ ᠣᠷᠬᠢᠯ᠂ ᠪᠦᠷᠢᠶ᠎ᠡ ᠮᠠᠩᠬ᠎ᠠ᠂ ᠨᠠᠭᠤᠷ ᠪᠦᠷᠢᠳᠣ᠂ ᠰᠠᠬᠢᠭᠤᠯᠰᠤᠨ ᠪᠣᠯᠠᠭ᠂ ᠰᠦᠮ᠎ᠡ ᠭᠡᠶᠢᠳ︾ ᠵᠡᠷᠭᠡ ᠳᠠᠪᠤᠨ ᠭᠠᠶᠢᠬᠠᠮᠰᠢᠭ ᠲᠠᠢ᠃ 2014 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃         6. ᠠᠯᠠᠱᠠ ᠵᠡᠬᠦᠨ ᠬᠤᠰᠢᠭᠤᠨ ᠤ ᠳᠡᠭᠷᠢ ᠡᠯᠡᠰᠣᠨ ᠤ ᠬᠤᠨᠳᠣ ᠨᠠᠭᠤᠷ ᠤᠨ ᠵᠢᠭᠤᠯᠴᠢᠯᠠᠯ ᠤᠨ ᠣᠷᠣᠨ         ᠬᠤᠨᠳᠣ ᠨᠠᠭᠤᠷ ᠪᠤᠯ ᠪᠠᠶᠠᠨᠬᠤᠳᠠ ᠠᠴᠠ 35 ᠺᠢᠯᠣᠮᠧᠲᠷ ᠵᠠᠶᠢᠳᠠᠢ ᠳᠡᠭᠷᠢ ᠡᠯᠡᠰᠣᠨ ᠤ ᠵᠠᠬᠦᠨ ᠵᠠᠬ᠎ᠠ ᠳᠤ ᠪᠠᠶᠢᠷᠢᠰᠢᠵᠤ ᠪᠠᠶᠢᠭ᠎ᠠ ᠨᠢᠭᠡᠨ 3.2 ᠳᠡᠭᠰᠢ ᠳᠦᠷᠪᠡᠯᠵᠢᠨ ᠺᠢᠯᠣᠮᠧᠲᠷ ᠳᠠᠯᠠᠪᠡᠢ ᠲᠠᠢ᠂ ᠳᠦᠷᠪᠡᠨ ᠳᠠᠯ᠎ᠠ ᠪᠠᠷ ᠨᠢ ᠨᠡᠯᠣᠭᠡᠷ ᠠᠭᠤᠳᠠᠮ ᠳᠡᠭᠷᠢ ᠡᠯᠡᠰᠣ ᠪᠠᠷ ᠬᠦᠷᠢᠶᠡᠯᠡᠭᠳᠡᠵᠤ᠂ ᠡᠯᠡᠰᠣᠨ ᠳᠣᠪᠣᠴᠠᠭ ᠦᠷᠬᠦᠯᠵᠢᠯᠡᠭᠰᠡᠨ ᠭᠤᠸ᠎ᠠ ᠰᠦᠷᠯᠢᠭ ᠦᠵᠡᠮᠵᠢ ᠪᠦᠷᠢᠯᠳᠦᠭᠰᠡᠨ ᠠᠶᠠᠯᠠᠯ ᠵᠢᠭᠤᠯᠴᠢᠯᠠᠯ ᠤᠨ ᠴᠡᠭ ᠪᠤᠯᠤᠨ᠎ᠠ᠃ 2015 ᠣᠨ ᠳᠤ ᠣᠯᠣᠰ ᠤᠨ  4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃ ᠵᠢᠯ ᠪᠦᠷᠢ ᠶᠢᠨ 3-4 ᠰᠠᠷ᠎ᠠ ᠪᠠ 9-10 ᠰᠠᠷ᠎ᠠ ᠪᠤᠯᠬᠤ ᠳᠤ ᠬᠤᠨ ᠭᠠᠯᠠᠭᠤ᠂ ᠨᠤᠭᠤᠰᠤ ᠵᠡᠷᠭᠡ 100 ᠭᠠᠷᠦᠢ ᠳᠦᠷᠦᠯ ᠤᠨ ᠨᠡᠬᠦᠳᠡᠯᠴᠢᠨ ᠰᠢᠪᠠᠭᠤ ᠡ᠊ᠨᠳᠡ ᠠᠮᠠᠷᠠᠵᠤ ᠬᠢᠵᠠᠭᠠᠯᠠᠰᠢ ᠦᠭᠡᠢ ᠠᠮᠢᠯᠠᠯ ᠤᠨ ᠬᠦᠴᠦᠨ ᠢ ᠨᠡᠮᠡᠭᠳᠡᠬᠦᠯᠳᠡᠭ᠃ ᠠᠳᠡ ︽ᠵᠠᠯᠠᠭᠤ ᠪᠠᠭᠠᠴᠣᠳ ᠤᠨ ᠵᠤᠰᠠᠯᠠᠩ︾᠂ ︽ᠡᠯᠡᠰᠣᠨ ᠤ ᠮᠣᠲ᠋ᠣᠷ ᠳᠡᠷᠭᠡ ᠪᠤᠯᠪᠠᠰᠣᠷᠠᠬᠤ ᠭᠠᠵᠠᠷ︾ ᠵᠡᠷᠭᠡ ᠪᠠᠶᠠᠯᠢᠭ ᠠᠭᠤᠯᠭ᠎ᠠ ᠲᠠᠢ ᠬᠦᠳᠡᠯᠭᠡᠭᠡᠨ ᠢ ᠦᠷᠨᠢᠬᠦᠯᠬᠦ ᠶᠢᠨ ᠵᠡᠷᠭᠡ ᠪᠠᠷ ᠪᠠᠰᠠ ᠡᠯᠡᠰᠣᠨ ᠤ ᠪᠠᠷᠳᠠᠭᠠᠳᠣ ᠠᠶᠠᠯᠠᠯ᠂ ᠨᠠᠭᠤᠷ ᠤᠨ ᠬᠦᠪᠡᠭᠡᠨ ᠤ ᠦᠵᠡᠮᠵᠢ᠂ ᠦᠨᠳᠦᠰᠦᠳᠡᠨ ᠤ ᠵᠠᠩ ᠦᠢᠯᠡ᠂ ᠡᠯᠡᠰᠣ ᠭᠤᠯᠭᠤᠬᠤ᠂ ᠳᠡᠮᠡᠭᠡ ᠣᠨᠣᠬᠤ᠂ ᠵᠠᠪᠢ ᠰᠠᠯᠢᠬᠦ ᠵᠡᠷᠭᠡ ᠠᠶᠠᠯᠠᠯ ᠵᠢᠭᠤᠯᠴᠢᠯᠠᠯ ᠤᠨ ᠵᠦᠢᠯ ᠪᠠᠶᠢᠳᠠᠭ᠃ ᠬᠤᠨᠳᠣ ᠨᠠᠭᠤᠷ ᠤᠨ ᠣᠷᠳᠣ ᠨᠢ 1500 ᠮᠧᠲᠷ᠂ ᠦᠷᠭᠡᠨ ᠨᠢ 500 ᠮᠧᠲᠷ ᠣᠷᠴᠢᠮ ᠪᠠᠶᠢᠵᠤ᠂ ᠬᠠᠯᠳᠠᠷ ᠨᠠᠭᠤᠷ ᠠᠴᠠ ᠪᠠᠷᠤᠭ 35 ᠺᠢᠯᠤᠮᠧᠲᠷ ᠵᠠᠶᠢᠳᠠᠢ᠃ ᠬᠠᠯᠳᠠᠷ ᠨᠠᠭᠤᠷ ᠪᠤᠯᠤᠨ ᠬᠤᠨᠳᠣ ᠨᠠᠭᠤᠷ ᠨᠢ ᠶᠡᠭᠡ ᠪᠠᠭ᠎ᠠ ᠬᠤᠶᠠᠷ ᠨᠠᠭᠤᠷ ᠪᠤᠯᠬᠤ ᠪᠠᠷ ᠪᠠᠷᠠᠬᠤ ᠦᠭᠡᠢ ᠳᠡᠭᠷᠢ ᠡᠯᠡᠰᠣᠨ ᠤ 190 ᠭᠠᠷᠦᠢ ᠨᠠᠭᠤᠷ ᠤᠨ ᠳᠣᠮᠳᠠᠬᠢ ᠣᠯᠠᠨ ᠠᠴᠠ ᠴᠣᠯᠭᠤᠷᠠᠭᠰᠠᠨ ᠢᠬᠢᠷ᠎ᠠ ᠨᠠᠭᠤᠷ ᠮᠥᠨ᠃ ᠳᠣᠪᠤᠶᠢᠮ᠎ᠠ ᠣᠨᠴᠠᠯᠢᠭ ᠢᠶᠠᠷ ᠢᠶᠠᠨ ᠢᠯᠤᠮ ᠵᠢᠯᠤᠮ ᠳᠡᠭᠷᠢ ᠡᠯᠡᠰᠣ ᠶᠢ ᠴᠡᠴᠡᠭᠯᠡᠬᠦᠯᠵᠤ ᠬᠦᠭᠵᠢᠶᠠᠨ ᠨᠠᠷᠬᠢᠶᠠᠨ ᠢᠶᠠᠷ ᠪᠢᠯᠬᠠᠭᠤᠯᠵᠡᠢ᠃         7. ᠠᠯᠠᠱᠠ ᠠᠶᠢᠮᠠᠭ ᠤᠨ ᠠᠯᠠᠱᠠ ᠠᠭᠤᠯᠠ ᠶᠢᠨ ᠪᠤᠶᠠᠨ ᠢ ᠦᠨᠳᠦᠰᠣᠯᠡᠭᠴᠢ ᠰᠦᠮ᠎ᠡ ︵ᠵᠡᠬᠦᠨ ᠭᠡᠶᠢᠳ︶ ᠵᠢᠭᠤᠯᠴᠢᠯᠠᠯ ᠤᠨ ᠣᠷᠣᠨ               ᠪᠠᠨᠴᠢᠨ ᠡᠷᠳᠡᠨᠢ ᠶᠢᠨ ᠨᠤᠮ ᠦᠢᠯᠡᠳᠴᠦ ᠮᠦᠷ ᠢᠶᠠᠨ ᠦᠯᠡᠳᠡᠭᠡᠨ ᠪᠤᠷᠬᠠᠨ ᠱᠠᠰᠢᠨ ᠤ ᠬᠡᠶᠢᠮᠦᠷᠢ ᠲᠡᠭᠳᠡᠭᠡᠵᠦ᠂ ᠭᠡᠰᠢᠭ ᠪᠤᠶᠠᠨ ᠲᠡᠯᠭᠡᠷᠡᠭᠰᠡᠨ᠂ ᠰᠢᠷ᠎ᠠ ᠶᠢᠨ ᠱᠠᠰᠢᠨ ᠤ ᠰᠦᠰᠦᠭ ᠪᠢᠰᠢᠷᠠᠯ ᠤᠨ ᠠᠷᠢᠭᠤᠨ ᠲᠠᠷᠬᠠᠨ ᠤᠷᠤᠨ ᠪᠣᠯᠣᠭᠰᠠᠨ ᠡᠨᠡ ᠭᠠᠵᠠᠷ ᠪᠤᠯ ᠲᠠᠷᠤᠢ ᠪᠤᠶᠠᠨ ᠢ ᠦᠨᠳᠦᠰᠦᠯᠡᠭᠴᠢ ᠰᠦᠮ᠎ᠡ ᠪᠠᠶᠢᠭ᠎ᠠ ᠶᠤᠮ᠃ 2016 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃ ᠲᠤᠰ ᠰᠦᠮ᠎ᠠ ᠨᠢ ᠰᠢᠷ᠎ᠠ ᠶᠢᠨ ᠱᠠᠰᠢᠨ ᠠᠯᠠᠱᠠ ᠨᠤᠳᠤᠭ ᠲᠤ ᠲᠡᠯᠭᠡᠷᠡᠭᠰᠡᠨ ᠴᠢᠬᠤᠯᠠ ᠤᠷᠤᠨ ᠪᠤᠯᠤᠬᠰᠠᠨ ᠢᠶᠠᠷ ᠪᠠᠷᠠᠬᠤ ᠦᠭᠡᠢ ᠤᠤᠭᠠᠨ ᠱᠠᠪᠢ ᠪᠤᠯᠬᠤ ᠪᠤᠳ᠋ᠳ᠋ᠾᠠ ᠶᠢᠨ ᠭᠦᠨ ᠤᠬᠠᠭᠠᠨᠳᠠᠨ᠂ ᠬᠡᠯᠡᠡ ᠤ ᠰᠢᠨᠵᠢᠯᠡᠭᠡᠳᠡᠨ᠂ ᠢᠷᠠᠭᠤ ᠨᠠᠶᠢᠷᠠᠭᠴᠢ᠂ ᠠᠪᠤᠷᠭᠤ ᠡᠷᠳᠡᠮᠳᠡᠨ ᠠᠭᠸᠠᠩᠳᠠᠨᠳᠠᠷ ᠯᠾᠠᠷᠠᠮᠪᠠ ᠶᠢᠨ ᠨᠠᠰᠤᠨ ᠲᠤᠷᠰᠢᠳᠠ ᠱᠠᠰᠢᠨ ᠲᠡᠯᠭᠡᠷᠡᠬᠦᠯᠬᠦ ᠶᠠᠪᠤᠴᠠ ᠳᠤ ᠦᠨᠳᠦᠷ ᠤᠬᠠᠭᠠᠨ᠂ ᠬᠤᠪᠢᠯᠭᠠᠨ ᠡᠷᠳᠡᠮ ᠢᠶᠠᠷ ᠢᠶᠠᠨ ᠱᠠᠰᠢᠨ ᠤ ᠶᠡᠭᠡ ᠦᠢᠯᠡᠰ ᠢ ᠪᠦᠳᠦᠭᠡᠭᠰᠡᠨ ᠤᠷᠤᠨ ᠪᠠᠶᠢᠭ᠎ᠠ ᠶᠤᠮ᠃ ᠪᠤᠶᠠᠨ ᠢ ᠦᠨᠳᠦᠰᠦᠯᠡᠭᠴᠢ ᠰᠦᠮ᠎ᠠ ᠨᠢ ᠠᠯᠠᠱᠠ ᠠᠭᠤᠯᠠ ᠶᠢᠨ ᠵᠡᠭᠦᠨ ᠡᠳᠡᠭᠡᠳ ᠤᠨ ︽ᠵᠢᠩᠰᠠᠳᠤ ᠬᠠᠳᠠ︾᠂ ︽ᠴᠠᠭᠠᠨ ᠱᠤᠷᠤᠩ︾᠂ ︽ᠲᠠᠪᠬᠤᠷ ᠬᠤᠷᠤᠭ᠎ᠠ︾ ᠵᠡᠷᠭᠡ ᠭᠤᠷᠪᠠᠨ ᠬᠡᠰᠡᠭ ᠬᠠᠳᠠᠳᠤ ᠠᠭᠤᠯᠠ ᠪᠠᠷ ᠬᠦᠷᠢᠶᠡᠯᠡᠭᠳᠡᠭᠰᠡᠨ ᠤ ᠲᠤᠮᠳᠠ ︽ᠪᠠᠶᠠᠨ ᠭᠤᠤᠯ︾᠂ ︽ᠵᠡᠭᠦᠨ ᠨᠠᠷᠢᠨ ᠤᠰᠤᠨ︾᠂ ︽ᠨᠠᠮᠤᠭ ᠤᠨ ᠭᠤᠤᠯ︾ ᠭᠡᠬᠦ ᠮᠠᠰᠢ ᠦᠵᠡᠮᠵᠢᠳᠦ ᠤᠢ ᠰᠢᠭᠤᠶᠢᠷᠠᠨ᠂ ᠨᠤᠳᠤᠭ ᠤᠨ ᠨᠡᠷ᠎ᠡ ᠪᠠᠷ ︽ᠵᠡᠭᠦᠨ ᠬᠡᠶᠢᠳ︾ ᠭᠡᠳᠡᠭ᠃ ᠤᠳᠤᠬᠠᠨ ᠳᠤ ᠲᠤᠰ ᠰᠦᠮ᠎ᠠ ᠨᠢ ᠰᠢᠷ᠎ᠠ ᠶᠢᠨ ᠱᠠᠰᠢᠨ ᠤ ᠰᠤᠶᠤᠯ ᠲᠡᠤᠬᠡ ᠶᠢ ᠬᠠᠷᠠᠭᠤᠯᠤᠬᠰᠠᠨ ᠠᠯᠠᠱᠠ ᠶᠢᠨ ᠰᠤᠶᠤᠯ ᠵᠢᠭᠤᠯᠴᠢᠯᠠᠯ ᠤᠨ ᠴᠢᠬᠤᠯᠠ ᠤᠷᠤᠨ ᠪᠤᠯᠵᠤ᠂ ᠬᠤᠯᠠ ᠦᠢᠷ᠎ᠡ ᠶᠢᠨ ᠵᠤᠴᠢᠨ ᠢᠶᠠᠨ ᠤᠬᠳᠤᠨ ᠠᠪᠴᠤ ᠪᠠᠶᠢᠨ᠎ᠠ᠃          8. ᠶᠡᠭᠡ ᠡᠯᠡᠰᠣᠨ ᠤ ᠳᠣᠣᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠣᠷᠣᠨ              ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠣᠨ ᠳᠤ ᠪᠠᠶᠢᠷᠢᠯᠠᠵᠤ᠂ ᠠᠯᠠᠱᠠ ᠴᠧᠩ ᠯᠥᠩ ᠰᠣᠶᠣᠯ ᠵᠢᠭᠤᠯᠴᠢᠯᠠᠯ ᠬᠦᠭᠵᠢᠬᠦᠯᠦᠯᠳᠠ ᠶᠢᠨ ᠬᠢᠵᠠᠭᠠᠷᠳᠣ ᠬᠠᠷᠢᠭᠤᠴᠠᠯᠭᠠᠳᠣ ᠺᠤᠮᠫᠠᠨᠢ ᠪᠡᠯᠡ ᠣᠷᠣᠭᠤᠯᠵᠣ᠂ ᠰᠣᠷᠭᠠᠨ ᠬᠦᠮᠦᠵᠢᠯ᠂ ᠠᠮᠢ ᠠᠬᠤᠢ ᠶᠢᠨ ᠦᠵᠡᠮᠵᠢ᠂ ᠰᠣᠶᠣᠯ ᠢ ᠳᠠᠨᠢᠭᠤᠯᠬᠤ᠂ ᠵᠢᠭᠤᠯᠴᠢᠯᠠᠯ᠂ ᠣᠨᠴᠠᠯᠢᠭᠳᠣ ᠬᠤᠳᠠᠯᠳᠤᠭ᠎ᠠ ᠵᠡᠷᠭᠡ ᠨᠢᠭᠡ ᠴᠣᠭᠴᠠᠵᠢᠭᠤᠯᠣᠭᠰᠠᠨ ᠵᠢᠭᠤᠯᠴᠢᠯᠠᠯ ᠤᠨ ᠶᠡᠷᠤᠩᠭᠡᠢ ᠳᠦᠷᠦᠯ ᠵᠦᠢᠯ ᠪᠤᠯᠤᠨ᠎ᠠ᠃ 2016 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃ ᠡᠵᠡᠨ᠎ᠡ ᠭᠤᠤᠯ ᠤᠨ ᠬᠤᠶᠠᠷ ᠡᠷᠬᠢ ᠳᠠᠭᠠᠣ ᠳᠠᠬᠢ ᠳᠣᠣᠷᠡᠢ ᠶᠢᠨ ᠭᠡᠰᠡᠭ ᠪᠤᠯ ᠶᠡᠭᠡ ᠡᠯᠡᠰᠣᠨ ᠤ ᠳᠣᠣᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠪᠤᠯᠤᠨ᠎ᠠ᠃ ᠵᠢᠭᠤᠯᠴᠢᠯᠠᠯ ᠤᠨ ᠣᠷᠣᠨ ᠤ ᠡᠵᠡᠯᠡᠭᠰᠡᠨ ᠳᠠᠯᠠᠪᠡᠢ ᠨᠢ 1500 ᠡᠾᠧᠺᠲ᠋ᠡᠷ᠂ ᠭᠤᠣᠯ ᠤᠨ ᠣᠷᠣᠰᠬᠠᠯ ᠨᠠᠮᠵᠢᠭᠤᠨ᠂ ᠡᠯᠡᠰᠣ᠂ ᠰᠣᠬᠠᠢ᠂ ᠳᠣᠣᠷᠡᠢ ᠪᠠᠷ ᠨᠢᠭᠡ ᠪᠡᠶ᠎ᠡ ᠴᠣᠭᠴᠠ ᠪᠤᠯᠵᠤ᠂ ᠭᠠᠶᠢᠬᠠᠮᠰᠢᠭᠳᠣ ᠪᠠᠶᠢᠭᠠᠯᠢ ᠶᠢᠨ ᠦᠵᠡᠮᠵᠢ ᠪᠠ ᠣᠨᠴᠠᠯᠢᠭᠳᠣ ᠰᠣᠶᠣᠯ ᠤᠨ ᠦᠨᠤᠷ ᠠᠮᠳᠠ ᠪᠢᠯᠬᠠᠮ᠎ᠠ ᠶᠤᠮ᠃        9. ᠶᠢᠨ ᠱᠠ ᠪᠣᠣ ᠳ᠋ᠢ ᠠᠮᠢ ᠠᠬᠤᠢ ᠶᠢᠨ ᠵᠢᠭᠤᠯᠴᠢᠯᠠᠯ ᠤᠨ ᠣᠷᠣᠨ              ᠦᠪᠦᠷ ᠮᠤᠩᠭᠤᠯ ᠤᠨ ᠶᠢᠨ ᠱᠠ ᠪᠤᠤ ᠳ᠋ᠢ ᠵᠢᠭᠤᠯᠴᠢᠯᠠᠯ ᠤᠨ ᠬᠢᠵᠠᠭᠠᠷᠳᠣ ᠺᠤᠮᠫᠠᠨᠢ ᠨᠢ 2012 ᠣᠨ ᠳᠤ ᠪᠠᠶᠢᠭᠤᠯᠤᠭᠳᠠᠵᠣ᠂ ᠲᠡᠷᠡ ᠨᠢ ᠠᠮᠢ ᠠᠬᠤᠢ᠂ ᠰᠡᠯᠡᠬᠦᠴᠡᠨ ᠵᠤᠭᠠᠴᠠᠬᠤ᠂ ᠪᠡᠶ᠎ᠡ ᠳᠠᠮᠢᠷ ᠢ ᠴᠣᠭᠴᠠᠵᠢᠭᠤᠯᠤᠭᠰᠠᠨ ᠰᠢᠨ᠎ᠡ ᠭᠡᠯᠪᠡᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠶᠤᠮ᠃ ᠲᠦᠷᠦᠯ ᠵᠦᠢᠯ ᠤᠨ ᠪᠡᠯᠡ ᠣᠷᠣᠭᠤᠯᠣᠯᠳᠠ ᠨᠢ 5.9 ᠳ᠋ᠦᠩᠰᠢᠭᠤᠷ ᠲᠦᠬᠦᠷᠢᠭ ᠲᠤ ᠬᠦᠷᠪᠡ᠃ ᠦᠵᠦᠮ ᠤᠨ ᠬᠦᠷᠢᠶᠡᠯᠡᠩ ᠤᠨ ᠰᠡᠳᠣᠪᠳᠣ ᠪᠡᠶᠡᠳᠡᠨ ᠣᠶᠢᠯᠠᠭᠠᠬᠤ ᠣᠷᠣᠨ᠂ ᠠᠮᠢ ᠠᠬᠤᠢ ᠶᠢᠨ ᠦᠵᠡᠬᠦᠯᠦᠯᠭᠡ ᠶᠢᠨ ᠣᠷᠣᠨ᠂ ᠰᠡᠯᠡᠬᠦᠴᠡᠨ ᠠᠮᠠᠷᠠᠬᠤ ᠣᠷᠣᠨ᠂ ᠡᠯᠡᠰᠣ ᠮᠠᠩᠬᠠᠨ ᠤ ᠪᠡᠶ᠎ᠡ ᠶᠢᠨ ᠳᠠᠮᠢᠷ ᠤᠨ ᠰᠡᠯᠡᠬᠦᠴᠡᠬᠦ ᠣᠷᠣᠨ ᠵᠢᠴᠢ ᠪᠠᠶᠢᠭᠠᠯᠢ ᠶᠢᠨ ᠦᠵᠡᠮᠵᠢ ᠶᠢ ᠰᠣᠨᠢᠷᠬᠠᠬᠤ ᠳᠣᠰ ᠳᠣᠰ ᠤᠨ ᠭᠠᠵᠠᠷ ᠲᠠᠢ᠃ 2016 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃             10. ᠳ᠋ᠦᠩᠹᠧᠩ ᠰᠠᠨᠰᠠᠷ ᠤᠨ ᠬᠤᠳᠠ              ᠳᠡᠯᠡᠭᠡᠢ ᠳ᠋ᠠᠬᠢᠨ ᠤ ᠠᠩᠬᠠᠷᠤᠯ ᠢ ᠳᠠᠳᠠᠭᠰᠠᠨ ᠳ᠋ᠦᠩᠹᠧᠩ ᠰᠠᠨᠰᠠᠷ ᠤᠨ ᠬᠤᠳᠠ ᠨᠢ ᠡᠵᠡᠨ᠎ᠡ ᠬᠤᠰᠢᠭᠤᠨ ᠤ ᠬᠢᠯᠢ ᠳᠣᠳᠣᠷᠠᠬᠢ ᠬᠠᠷ᠎ᠠ ᠭᠤᠤᠯ ᠤᠨ ᠬᠦᠪᠡᠭᠡ᠂ ᠳᠠᠯᠠᠶᠢᠬᠦ᠋ᠪ ᠪᠠᠯᠭᠠᠰᠣ ᠶᠢᠨ ᠪᠠᠷᠠᠭᠤᠨ ᠳᠠᠯ᠎ᠠ ᠳᠠᠬᠢ 150 ᠺᠢᠯᠣᠮᠧᠲᠷ ᠭᠠᠵᠠᠷ ᠲᠤ ᠨᠠᠮ ᠵᠢᠮ ᠢᠶᠠᠷ ᠰᠦᠨᠳᠡᠷᠯᠡᠨ ᠪᠤᠰᠴᠡᠢ᠃ 1958 ᠣᠨ ᠳᠤ ᠪᠠᠶᠢᠭᠤᠯᠤᠭᠳᠠᠵᠣ᠂ ᠡᠨᠡ ᠨᠢ ᠳᠠᠷᠦᠢ ᠳᠣᠮᠳᠠᠳᠣ ᠶᠢᠨ ᠦᠨᠳᠦᠰᠦᠳᠡᠨ ᠤ ᠭᠡᠳᠦᠨ ᠮᠢᠩᠭᠠᠨ ᠵᠢᠯ ᠤᠨ ᠳᠣᠷᠰᠢᠬᠢ ᠰᠠᠨᠰᠠᠷ ᠲᠤ ᠨᠢᠰᠣᠨ ᠭᠠᠷᠬᠤ ᠬᠥᠰᠡᠯ ᠢ ᠪᠡᠶᠡᠯᠡᠬᠦᠯᠦᠭᠰᠡᠨ ᠣᠷᠣᠨ ᠮᠥᠨ᠃ ᠶᠡᠭᠡ ᠡᠯᠡᠰᠣᠨ ᠴᠦᠯ ᠳᠠᠬᠢ ᠰᠠᠨᠰᠠᠷ ᠤᠨ ᠬᠤᠳᠠ ᠨᠢ ᠣᠨᠴᠠᠭᠠᠢ ᠦᠵᠡᠮᠵᠢ ᠪᠠᠷ ᠢᠶᠠᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠴᠡᠭ ᠢ ᠣᠯᠠᠨ ᠨᠡᠭᠡᠭᠡᠵᠣ᠂ ᠡᠵᠡᠨ᠎ᠡ ᠶᠢᠨ ᠪᠣᠰᠣᠳ ᠠᠶᠠᠯᠠᠯ ᠵᠢᠭᠤᠯᠴᠢᠯᠠᠯ ᠤᠨ ᠴᠡᠭ ᠲᠠᠢ ᠠᠳᠠᠯᠢ ᠣᠯᠠᠨ ᠠᠷᠪᠢᠨ ᠵᠣᠭᠠᠴᠠᠭᠰᠠᠳ ᠤᠨ ᠠᠩᠬᠠᠷᠤᠯ ᠢ ᠳᠠᠳᠠᠵᠣ ᠪᠠᠶᠢᠨ᠎ᠠ᠃ ᠳ᠋ᠦᠩᠹᠧᠩ ᠳᠠᠭᠠᠭᠤᠯᠢ ᠣᠳᠣᠨ ᠤ ᠬᠠᠷᠪᠤᠯᠳᠠ ᠶᠢᠨ ᠳᠦᠪ ᠤᠨ ᠮᠠᠨ ᠤ ᠣᠯᠣᠰ ᠤᠨ ᠰᠠᠨᠰᠠᠷ ᠤᠨ ᠳᠡᠣᠭᠡᠨ ᠳᠤ ᠠᠷᠪᠠᠨ ︽ᠨᠢᠭᠡᠳᠦᠭᠡᠷ︾ ᠢ ᠡᠬᠦᠳᠦᠭᠰᠡᠨ ᠠᠴᠠ ᠠᠪᠤᠭᠠᠳ ︽ᠬᠤᠪᠢᠯᠭᠠᠨ ᠣᠩᠭᠤᠴᠠ︾ ᠨᠤᠮᠧᠷᠳᠣ ᠬᠦᠮᠦᠨ ᠦᠭᠡᠢ ᠰᠠᠨᠰᠠᠷ ᠲᠤ ᠠᠶᠠᠯᠠᠬᠤ ᠳᠣᠷᠰᠢᠯᠳᠠ ᠶᠢᠨ ᠣᠩᠭᠤᠴᠠ ᠶᠢ ᠠᠮᠵᠢᠯᠳᠠ ᠲᠠᠢ ᠬᠠᠷᠪᠤᠭᠰᠠᠨ ᠪᠠ ᠠᠩᠬᠠᠳᠠᠭᠴᠢ ᠬᠦᠮᠦᠨ ᠳᠡᠭᠡᠭᠡᠭᠰᠡᠨ ᠰᠠᠨᠰᠠᠷ ᠲᠤ ᠠᠶᠠᠯᠠᠬᠤ ᠣᠩᠭᠤᠴᠠ ᠶᠢᠨ ᠨᠢᠰᠣᠨ ᠭᠠᠷᠤᠭᠰᠠᠨ ᠡᠳᠡᠭᠡᠷ ᠭᠡᠷᠡᠯ ᠰᠠᠴᠣᠷᠠᠩᠭᠤᠢ ᠪᠦᠳᠦᠭᠡᠯ ᠨᠦᠭᠦᠳ ᠨᠢ ᠮᠠᠨ ᠤ ᠣᠯᠣᠰ ᠤᠨ ᠰᠠᠨᠰᠠᠷ ᠤᠨ ᠮᠡᠷᠭᠡᠵᠢᠯ ᠳᠠᠬᠢ ᠠᠮᠵᠢᠯᠳᠠ ᠪᠦᠳᠦᠭᠡᠯ ᠢ ᠦᠵᠡᠬᠦᠯᠦᠭᠰᠡᠨ ᠢᠶᠠᠷ ᠪᠠᠷᠠᠬᠤ ᠦᠭᠡᠢ ᠳᠣᠮᠳᠠᠳᠣ ᠶᠢᠨ ᠦᠨᠳᠦᠰᠦᠳᠡᠨ ᠤ ᠰᠠᠨᠰᠠᠷ ᠲᠤ ᠭᠠᠷᠬᠤ ᠬᠦᠰᠡᠯ ᠢ ᠪᠡᠶᠡᠯᠡᠬᠦᠯᠦᠭᠰᠡᠨ ᠮᠦᠷᠳᠡᠭᠡᠨ ᠦᠪᠦᠷ ᠮᠤᠩᠭᠤᠯ ᠤᠨ ᠬᠠᠮᠤᠭ ᠪᠠᠷᠠᠭᠤᠨ ᠣᠷᠣᠨ ᠳᠤ ᠣᠷᠣᠰᠢᠵᠣ ᠪᠠᠶᠢᠭ᠎ᠠ ᠠᠯᠠᠱᠠ ᠠᠶᠢᠮᠠᠭ ᠤᠨ ᠡᠵᠡᠨ᠎ᠡ ᠬᠤᠰᠢᠭᠤ ᠴᠦ ᠬᠠᠮᠳᠣ ᠳᠠᠭᠠᠨ ᠣᠯᠣᠰ ᠤᠨ ᠰᠠᠨᠰᠠᠷ ᠤᠨ ᠣᠶᠢᠯᠡᠰ ᠤᠨ ᠬᠠᠭᠤᠳᠠᠰᠣ ᠳᠤ ᠳᠡᠮᠳᠡᠭᠯᠡᠭᠳᠡᠭᠰᠡᠨ ᠪᠠᠶᠢᠨ᠎ᠠ᠃ 2017 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃       11. ᠬᠦᠰᠡᠯᠡᠩᠳᠣ ᠡᠯᠡᠰᠣ ᠮᠠᠩᠬᠠᠨ ᠤ ᠮᠠᠰᠢᠨ ᠳᠡᠷᠭᠡ ᠰᠠᠨᠰᠠᠷ ᠤᠨ ᠠᠶᠠᠯᠠᠯ ᠤᠨ ᠴᠡᠴᠡᠷᠯᠢᠭ              ᠠᠯᠠᠱᠠ ᠠᠶᠢᠮᠠᠭ ᠤᠨ ᠬᠦᠰᠡᠯᠡᠩᠳᠣ ᠰᠣᠶᠣᠯ ᠤᠨ ᠬᠤᠪᠢ ᠣᠷᠣᠭᠤᠯᠣᠭᠰᠠᠨ ᠬᠢᠵᠠᠭᠠᠷᠳᠣ ᠺᠣᠮᠫᠠᠨᠢ ᠨᠢ ᠣᠯᠣᠰ ᠤᠨ 5A ᠳᠡᠰ ᠤᠨ ᠵᠢᠭᠤᠯᠴᠢᠯᠠᠯ ᠤᠨ ᠦᠵᠡᠮᠵᠢᠳᠣ ᠣᠷᠣᠨ ᠤ ᠪᠠᠷᠢᠮᠵᠢᠶ᠎ᠠ ᠪᠠᠷ᠂ ᠳᠦᠯᠦᠪᠯᠡᠭᠡ ᠪᠠᠷ ᠨᠢᠰᠭᠡᠯ ᠤᠨ ᠦᠢᠯᠡᠳᠪᠦᠷᠢᠯᠡᠯ᠂ ᠨᠢᠰᠭᠡᠯ ᠤᠨ ᠮᠠᠲ᠋ᠧᠷᠢᠶᠠᠯ ᠢ ᠦᠢᠯᠡᠳᠪᠦᠷᠢᠯᠡᠬᠦ᠂ ᠠᠭᠠᠷ ᠠᠶᠠᠯᠠᠯ ᠤᠨ ᠪᠤᠯᠪᠠᠰᠣᠷᠠᠯ᠂ ᠠᠭᠠᠷ ᠠᠶᠠᠯᠠᠯ ᠤᠨ ᠳᠡᠭᠡᠭᠡᠪᠤᠷᠢᠯᠡᠯᠳᠡ ᠶᠢ ᠨᠡᠪᠳᠡᠷᠡᠬᠦᠯᠬᠦ ᠵᠡᠷᠭᠡ ᠨᠢᠭᠡ ᠴᠣᠭᠴᠠᠵᠢᠭᠰᠠᠨ᠂ ᠨᠡᠯᠢᠶᠡᠳ ᠭᠡᠪᠴᠢᠶᠡᠵᠢᠭᠰᠡᠨ ᠠᠭᠠᠷ ᠠᠶᠠᠯᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠤᠢ ᠪᠤᠯᠭᠠᠵᠤ᠂ ᠣᠯᠠᠨ ᠣᠯᠣᠰᠵᠢᠬᠰᠡᠨ ᠬᠠᠮᠤᠭ ᠦᠨᠳᠦᠷ ᠪᠠᠷᠢᠮᠵᠢᠶ᠎ᠠ ᠪᠠᠷ ᠠᠽᠢᠶ᠎ᠠ ᠶᠢᠨ ᠬᠠᠮᠤᠭ ᠶᠡᠭᠡ ᠣᠯᠠᠨ ᠣᠯᠣᠰᠵᠢᠭᠰᠠᠨ ᠰᠢᠨᠵᠢ ᠲᠠᠢ ᠠᠭᠠᠷ ᠠᠶᠠᠯᠠᠯ ᠤᠨ ᠭᠤᠤᠯ ᠰᠡᠳᠣᠪᠳᠣ ᠴᠡᠴᠡᠷᠯᠢᠭ ᠢ ᠪᠦᠳᠦᠭᠡᠨ ᠪᠠᠶᠢᠭᠤᠯᠵᠤ ᠪᠤᠢ᠃ ᠠᠯᠠᠱᠠ ᠶᠢᠨ ᠬᠦᠰᠡᠯᠡᠩᠳᠣ ᠡᠯᠡᠰᠣ ᠮᠠᠩᠬᠠᠨ ᠤ ᠮᠠᠰᠢᠨ ᠳᠡᠷᠭᠡ ᠰᠠᠨᠰᠠᠷ ᠤᠨ ᠠᠶᠠᠯᠠᠯ ᠤᠨ ᠴᠡᠴᠡᠷᠯᠢᠭ ᠢ ᠪᠦᠳᠦᠭᠡᠨ ᠪᠠᠶᠢᠭᠤᠯᠤᠭᠰᠠᠨ ᠤ ᠲᠠᠷᠠᠭ᠋ ᠎ᠠ ᠳᠣᠯᠣᠭᠠᠨ ᠶᠡᠭᠡ ᠡᠵᠡᠩᠨᠡᠯᠳᠡ ᠶᠢᠨ ᠭᠡᠰᠡᠭ ᠢᠶᠠᠷ ᠪᠦᠷᠢᠯᠳᠦᠨ᠎ᠡ᠂ ᠡᠬᠦᠨ ᠳᠤ ᠨᠢᠰᠭᠡᠯ ᠦᠢᠯᠡᠳᠪᠦᠷᠢᠯᠡᠬᠦ᠂ ᠠᠭᠠᠷ ᠠᠶᠠᠯᠠᠯ ᠤᠨ ᠮᠦᠽᠸᠢ᠂ ᠨᠢᠰᠭᠡᠯ ᠤᠨ ᠳᠡᠭᠡᠳᠣ ᠰᠣᠷᠭᠠᠭᠤᠯᠢ᠂ FBO ᠰᠠᠭᠤᠷᠢᠨ ᠭᠠᠵᠠᠷ᠂ ᠨᠢᠰᠭᠡᠯ ᠢᠶᠠᠷ ᠵᠤᠭᠠᠴᠠᠬᠤ᠂ ᠪᠠᠶᠢᠰᠢᠩ ᠤᠨ ᠪᠠᠭᠤᠴᠠ ᠵᠢᠴᠢ ᠮᠣᠳᠣᠨ ᠭᠡᠷ ᠤᠨ ᠪᠠᠭᠤᠳᠠᠯ᠂ ᠪᠠᠰᠠ ᠦᠨᠳᠦᠰᠦᠳᠡᠨ ᠤ ᠣᠨᠴᠠᠯᠢᠭᠳᠣ ᠵᠡᠭᠡᠯᠢ ᠵᠡᠷᠭᠡ ᠪᠠᠷ ᠨᠢᠰᠭᠡᠯ ᠦᠢᠯᠡᠳᠪᠦᠷᠢᠯᠡᠬᠦ᠂ ᠬᠠᠮᠠᠭᠠᠯᠠᠬᠤ᠂ ᠪᠤᠯᠪᠠᠰᠣᠷᠠᠯᠳᠠ᠂ ᠵᠤᠭ᠎ᠠ ᠴᠡᠩᠭᠡᠯ ᠵᠡᠷᠭᠡ ᠶᠢ ᠳᠣᠭᠳᠠᠭᠰᠠᠨ ᠴᠠᠭ ᠲᠤ ᠪᠦᠬᠦ ᠳᠡᠯᠡᠭᠡᠢ ᠶᠢᠨ ᠴᠢᠨᠠᠷᠳᠠᠢ ᠬᠠᠮᠤᠭ ᠶᠡᠭᠡ ᠠᠭᠠᠷ ᠠᠶᠠᠯᠠᠯ ᠤᠨ ᠪᠡᠶ᠎ᠡ ᠶᠢᠨ ᠳᠠᠮᠢᠷ᠂ ᠰᠣᠶᠣᠯ ᠤᠨ ᠠᠵᠢᠯᠯᠠᠭ᠎ᠠ ᠶᠢ ᠶᠠᠪᠤᠭᠳᠠᠭᠤᠯᠵᠣ᠂ ᠣᠯᠠᠨ ᠣᠯᠣᠰ ᠤᠨ ᠶᠡᠷᠤᠩᠭᠡᠶᠢᠯᠡᠭᠰᠡᠨ ᠠᠭᠠᠷ ᠮᠠᠨᠳᠠᠯ ᠤᠨ ᠰᠣᠶᠣᠯ ᠵᠢᠭᠤᠯᠴᠢᠯᠠᠯ ᠤᠨ ᠨᠡᠷᠡᠳᠣ ᠳᠡᠮᠳᠡᠭ ᠢ ᠪᠠᠶᠢᠭᠤᠯᠬᠤ ᠪᠤᠯᠤᠨ᠎ᠠ᠃ 2017 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃             12. ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠵᠢᠭᠤᠯᠴᠢᠯᠠᠯ ᠤᠨ ᠣᠷᠣᠨ             1731 ᠤᠨ ᠳᠤ ᠪᠠᠶᠢᠭᠤᠯᠤᠭᠳᠠᠭᠰᠠᠨ ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠬᠠᠭᠤᠴᠢᠨ ᠬᠤᠳᠠ ᠪᠤᠯ ᠬᠤᠰᠢᠭᠤᠨ ᠳᠡᠰ ᠤᠨ ᠭᠤᠤᠯᠳᠠᠯᠭ᠎ᠠ ᠲᠠᠢ ᠳᠡᠣᠭᠡ ᠶᠢᠨ ᠳᠣᠷᠠᠰᠬᠠᠯᠳᠣ ᠵᠦᠢᠯ ᠢ ᠬᠠᠮᠠᠭᠠᠯᠠᠬᠤ ᠨᠢᠭᠡᠴᠡ ᠮᠥᠨ᠂ ᠣᠣᠯ ᠤᠨ ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠪᠠᠷᠠᠭᠤᠨ ᠳᠠᠯ᠎ᠠ ᠳᠤ ᠪᠠᠶᠢᠷᠢᠰᠢᠵᠤ ᠪᠠᠶᠢᠵᠡᠢ᠃ ᠲᠡᠷᠡ ᠨᠢ ᠳᠠᠷᠦᠢ ᠴᠢᠩ ᠣᠯᠣᠰ ᠤᠨ ᠸᠠᠩ ᠨᠤᠶᠠᠨ᠂ ᠢᠵᠠᠭᠤᠷᠳᠠᠨ᠂ ᠱᠠᠰᠢᠨ ᠰᠣᠷᠳᠠᠬᠤᠨ ᠤ ᠬᠦᠮᠦᠰ ᠵᠡᠷᠭᠡ ᠳᠡᠭᠡᠳᠣ ᠳᠠᠪᠬᠤᠷᠭᠠᠳᠠᠨ ᠪᠠ ᠭᠡᠰᠡᠭ ᠳᠣᠮᠳᠠ ᠳᠣᠣᠷ᠎ᠠ ᠵᠡᠷᠭᠡ ᠶᠢᠨ ᠡᠩ ᠤᠨ ᠠᠷᠠᠳ ᠤᠨ ᠣᠷᠣᠨ ᠰᠠᠭᠤᠴᠠ ᠪᠤᠯᠤᠨ᠎ᠠ᠃ ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠬᠠᠭᠤᠴᠢᠨ ᠣᠷᠣᠨ ᠰᠠᠭᠤᠴᠠ ᠬᠢᠭᠡᠳ ᠪᠤᠶᠠᠨ ᠠᠷᠪᠢᠳᠬᠠᠭᠴᠢ ᠰᠦᠮ᠎ᠡ᠂ ᠸᠠᠩ ᠤᠨ ᠣᠷᠳᠣᠨ ᠵᠡᠷᠭᠡ ᠨᠢ ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠬᠠᠭᠤᠴᠢᠨ ᠬᠤᠳᠠ ᠳᠣᠳᠣᠷᠠᠬᠢ ᠡᠷᠳᠡᠨ ᠤ ᠪᠠᠷᠢᠯᠭ᠎ᠠ ᠶᠢᠨ ᠭᠤᠤᠯ ᠴᠣᠭᠴᠠ ᠪᠤᠯᠵᠤ᠂ ᠬᠤᠱᠣᠳ ᠮᠤᠩᠭᠤᠯᠴᠣᠳ ᠤᠨ ᠨᠡᠬᠦᠳᠡᠯ ᠮᠠᠯᠵᠢᠯ ᠠᠴᠠ ᠪᠠᠨ ᠳᠣᠭᠳᠠᠪᠣᠷᠢᠵᠢᠨ ᠰᠠᠭᠤᠷᠢᠰᠢᠭᠰᠠᠨ ᠤ ᠴᠢᠬᠤᠯᠠ ᠢᠯᠡᠷᠡᠯ ᠪᠤᠯᠤᠨ᠎ᠠ᠂ ᠮᠥᠨ ᠴᠦ ᠴᠢᠩ ᠣᠯᠣᠰ ᠤᠨ ᠦᠶ᠎ᠡ ᠶᠢᠨ ᠠᠯᠠᠱᠠ ᠶᠢᠨ ᠬᠠᠭᠤᠴᠢᠨ ᠬᠤᠳᠠ ᠶᠢᠨ ᠪᠠᠷᠢᠯᠭ᠎ᠠ ᠶᠢᠨ ᠨᠡᠶᠢᠳᠡᠯᠢᠭ ᠳᠠᠭᠤᠷᠶ᠋ᠶᠠᠯ ᠪᠤᠯᠵᠤ᠂ ᠳᠠᠣᠭᠡ᠂ ᠦᠨᠳᠦᠰᠦᠳᠡᠨ᠂ ᠱᠠᠰᠢᠨ ᠰᠣᠷᠳᠠᠬᠤᠨ ᠪᠠ ᠬᠠᠭᠤᠴᠢᠨ ᠬᠤᠳᠠ ᠶᠢᠨ ᠪᠠᠷᠢᠯᠭ᠎ᠠ ᠶᠢ ᠰᠣᠳᠣᠯᠬᠤ ᠳᠤ ᠨᠡᠯᠢᠶᠡᠳ ᠦᠨ᠎ᠡ ᠦᠷᠳᠡᠭ ᠲᠠᠢ᠃ ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠬᠠᠭᠤᠴᠢᠨ ᠰᠠᠭᠤᠴᠠ ᠶᠢᠨ ᠶᠠᠷᠤᠩᠭᠡᠢ ᠪᠠᠶᠢᠷᠢᠯᠡᠯ᠂ ᠭᠤᠤᠯ ᠪᠠᠷᠢᠯᠭ᠎ᠠ ᠶᠢᠨ ᠳᠦᠷᠰᠣ ᠭᠡᠯᠪᠡᠷᠢ ᠶᠢᠨ ᠣᠨᠴᠠᠯᠢᠭ ᠢ ᠬᠠᠮᠠᠭᠠᠯᠠᠬᠤ ᠨᠢ ᠦᠨᠳᠦᠰᠦᠳᠡᠨ ᠤ ᠰᠢᠯᠢᠳᠡᠭ ᠰᠣᠶᠣᠯ ᠢ ᠪᠠᠳᠠᠷᠠᠭᠤᠯᠣᠨ ᠮᠠᠨᠳᠣᠭᠤᠯᠬᠤ ᠳᠤ ᠳᠦᠯᠬᠢᠴᠠ ᠦᠢᠯᠡᠳᠦᠯ ᠦᠵᠡᠬᠦᠯᠬᠦ ᠪᠦᠭᠡᠳ ᠲᠡᠷᠡ ᠨᠢ ᠠᠯᠠᠱᠠ ᠶᠢᠨ ᠰᠣᠶᠣᠯ᠂ ᠠᠶᠠᠯᠠᠯ ᠵᠢᠭᠤᠯᠴᠢᠯᠠᠯ ᠤᠨ ᠦᠢᠯᠡᠰ ᠤᠨ ᠨᠢᠭᠡᠨ ᠭᠡᠷᠡᠯᠳᠣ ᠴᠡᠭ ᠪᠤᠯᠵᠡᠢ᠃ 2017 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃                                                  ( ᠵᠣᠬᠢᠶᠠᠭᠴᠢ᠄ ᠨᠠᠷᠠᠨ᠎ᠠ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号