ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ
ᠨᠡᠶᠢᠲᠡᠯᠡᠭᠰᠡᠨ ᠴᠠᠭ᠄
2018/6/29
      ᠲᠠᠶᠢᠯᠦᠮᠵᠢ 12             3᠂ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠴᠡᠭᠴᠡᠯᠡᠬᠦ ᠭᠤᠷᠪᠠᠨ ᠵᠢᠯ ᠤᠨ ᠲᠦᠯᠦᠪᠯᠡᠯᠬᠡ ᠶᠢ ᠭᠡᠷᠡᠭᠵᠢᠬᠦᠯᠦᠨ᠎ᠡ             ᠠᠮᠢᠲᠤᠷᠠᠯ ᠤᠨ ᠬᠤᠭ ᠨᠤᠪᠰᠢ ᠶᠢ ᠰᠢᠢᠳᠪᠦᠷᠢᠯᠡᠨ᠎ᠡ᠃ ᠠᠮᠢᠲᠤᠷᠠᠯ ᠤᠨ ᠬᠤᠭ ᠨᠤᠪᠰᠢ ᠶᠢ ᠬᠤᠷᠢᠶᠠᠬᠤ᠂ ᠲᠠᠮᠵᠢᠭᠤᠯᠤᠨ ᠵᠦᠬᠡᠬᠡᠪᠦᠷᠢᠯᠡᠬᠦ ᠵᠢᠴᠢ ᠬᠤᠤᠷᠲᠠᠯ ᠦᠭᠡᠢ ᠪᠠᠷ ᠰᠢᠢᠳᠪᠦᠷᠢᠯᠡᠬᠦ ᠲᠦᠬᠦᠭᠡᠷᠦᠮᠵᠢ ᠶᠢᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠨ ᠭᠠᠴᠠᠭ᠎ᠠ ᠲᠤᠰᠬᠤᠨ ᠤ ᠠᠷᠢᠭᠤᠨ ᠴᠡᠪᠡᠷ ᠤᠨ ᠲᠦᠷᠢᠮ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠠᠮᠢᠲᠤᠷᠠᠯ ᠤᠨ ᠬᠤᠭ ᠨᠤᠪᠰᠢ ᠶᠢ ᠪᠠᠭᠠᠰᠬᠠᠨ᠂ ᠡᠬᠢ ᠪᠠᠶᠠᠯᠢᠭᠵᠢᠭᠤᠯᠵᠤ᠂ ᠬᠤᠤᠷᠲᠠᠯ ᠦᠭᠡᠢ ᠪᠤᠯᠭᠠᠨ ︽ᠮᠠᠯᠵᠢᠬᠤ ᠲᠠᠷᠢᠶᠠᠯᠠᠬᠤ ᠡᠷᠦᠬᠡ ᠶᠢᠨ ᠬᠤᠭ ᠨᠤᠪᠰᠢ ᠶᠢ ᠰᠠᠯᠭᠠᠬᠤ᠂ ᠭᠠᠴᠠᠭ᠎ᠠ ᠲᠤᠰᠬᠤᠨ ᠳᠤ ᠬᠤᠷᠢᠶᠠᠨ ᠴᠣᠭᠯᠠᠭᠤᠯᠬᠤ᠂ ᠰᠤᠮᠤ ᠪᠠᠯᠭᠠᠰᠤᠨ ᠳᠤ ᠲᠠᠮᠵᠢᠭᠤᠯᠤᠨ ᠵᠦᠬᠡᠬᠡᠪᠦᠷᠢᠯᠡᠬᠦ᠂ ᠬᠤᠰᠢᠭᠤᠨ ᠳᠤ ᠰᠢᠢᠳᠪᠦᠷᠢᠯᠡᠬᠦ︾ ᠪᠤᠯᠭᠠᠨ᠎ᠠ᠃             ᠠᠮᠢᠲᠤᠷᠠᠯ ᠤᠨ ᠪᠤᠬᠢᠷ ᠤᠰᠤ ᠶᠢ ᠰᠢᠢᠳᠪᠦᠷᠢᠯᠡᠨ᠎ᠡ᠃ ᠪᠤᠬᠢᠷ ᠤᠰᠤ ᠶᠢ ᠰᠢᠢᠳᠪᠦᠷᠢᠯᠡᠬᠦ ᠲᠦᠬᠦᠬᠡᠷᠦᠮᠵᠢ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠤᠷᠤᠨ ᠤ ︽ᠵᠤᠷᠯᠤᠩ ᠤᠨ ᠬᠤᠪᠢᠰᠬᠠᠯ︾ ᠢ ᠲᠦᠯᠬᠢᠨ ᠠᠬᠢᠭᠤᠯᠤᠨ᠎ᠠ᠃ ᠬᠤᠲᠠ ᠪᠠᠯᠭᠠᠰᠤᠨ ᠠᠴᠠ ᠦᠢᠷ᠎ᠡ ᠪᠠᠶᠢᠭ᠎ᠠ ᠭᠠᠴᠠᠭ᠎ᠠ ᠲᠤᠰᠬᠤᠨ ᠤ ᠪᠤᠬᠢᠷ ᠤᠰᠤ ᠶᠢ ᠬᠤᠲᠠ ᠪᠠᠯᠭᠠᠰᠤᠨ ᠤ ᠪᠤᠬᠢᠷ ᠤᠰᠤ ᠶᠢ ᠰᠢᠢᠳᠪᠦᠷᠢᠯᠡᠬᠦ ᠲᠦᠬᠦᠬᠡᠷᠦᠮᠵᠢ ᠪᠠᠷ ᠲᠠᠮᠵᠢᠨ ᠰᠢᠢᠳᠪᠦᠷᠢᠯᠡᠵᠦ᠂ ᠬᠤᠲᠠ ᠪᠠᠯᠭᠠᠰᠤᠨ ᠠᠴᠠ ᠬᠤᠯᠠ ᠪᠠᠶᠢᠭ᠎ᠠ ᠬᠦᠮᠦᠨ ᠠᠮᠠ ᠤᠯᠠᠨ ᠭᠠᠴᠠᠭ᠎ᠠ ᠲᠤᠰᠬᠤᠨ ᠨᠢ ᠪᠤᠬᠢᠷᠲᠤᠯ ᠢ ᠵᠠᠰᠠᠨ ᠴᠡᠭᠴᠡᠯᠡᠬᠦ ᠬᠢᠬᠡᠳ ᠡᠬᠢ ᠪᠠᠶᠠᠯᠢᠭ ᠢ ᠠᠰᠢᠭᠯᠠᠬᠤ ᠶᠢ ᠬᠠᠷᠢᠯᠴᠠᠨ ᠤᠶᠠᠯᠲᠤᠭᠤᠯᠬᠤ ᠪᠦᠲᠦᠬᠡᠨ ᠪᠠᠶᠢᠭᠤᠯᠤᠯᠲᠠ ᠶᠢᠨ ᠬᠡᠯᠪᠡᠷᠢ ᠶᠢ ᠠᠰᠢᠭᠯᠠᠵᠤ᠂ ᠦᠷᠲᠡᠭ ᠲᠤᠤᠷ᠎ᠠ᠂ ᠡᠨᠧᠷᠬᠢ ᠶᠢᠨ ᠬᠤᠷᠤᠬᠳᠠᠯ ᠪᠠᠭ᠎ᠠ᠂ ᠵᠠᠰᠠᠬᠤ ᠳᠤ ᠬᠢᠯᠪᠡᠷ ᠪᠤᠬᠢᠷ ᠤᠰᠤ ᠶᠢ ᠰᠢᠢᠳᠪᠦᠷᠢᠯᠡᠬᠦ ᠮᠡᠷᠬᠡᠵᠢᠯ ᠢ ᠲᠦᠬᠡᠮᠡᠯᠵᠢᠯᠡᠬᠦᠯᠦᠨ᠎ᠡ᠃ ᠬᠤᠭ ᠨᠤᠪᠰᠢ ᠪᠤᠬᠢᠷ ᠤᠰᠤ ᠶᠢ ᠲᠡᠰ ᠬᠤᠪᠢᠶᠠᠨ ᠲᠠᠭᠠᠭᠠᠴᠢᠯᠠᠵᠤ ᠰᠦᠢᠳᠬᠡᠯ ᠲᠤᠰᠢᠶᠠᠬᠤ ᠲᠦᠷᠢᠮ ᠢ ᠰᠦᠪᠡᠭᠴᠢᠯᠡᠨ ᠪᠤᠢ ᠪᠤᠯᠭᠠᠵᠤ᠂ ᠡᠳ᠋ ᠤᠨ ᠵᠠᠰᠠᠭ ᠤᠨ ᠨᠦᠬᠦᠪᠦᠷᠢ ᠪᠠ ᠮᠠᠯᠵᠢᠬᠤ ᠲᠠᠷᠢᠶᠠᠯᠠᠬᠤ ᠡᠷᠦᠬᠡ ᠶᠢᠨ ᠰᠦᠢᠳᠬᠡᠯ ᠢ ᠲᠤᠬᠢᠷᠠᠮᠵᠢᠲᠠᠢ ᠲᠠᠭᠠᠭᠠᠴᠢᠯᠠᠬᠤ ᠲᠤᠭᠲᠠᠯᠴᠠᠭ᠎ᠠ ᠶᠢ ᠲᠡᠬᠦᠯᠲᠡᠷᠵᠢᠬᠦᠯᠦᠨ᠎ᠡ᠃             ᠰᠠᠭᠤᠷᠢᠰᠢᠯ ᠤᠷᠴᠢᠨ ᠢ ᠰᠠᠶᠢᠵᠢᠷᠠᠭᠤᠯᠤᠨ᠎ᠠ᠃ ᠤᠯᠤᠰ ᠢᠶᠠᠨ ᠬᠠᠶᠢᠷᠠᠯᠠᠭᠴᠢ᠂ ᠡᠷᠡᠬᠦᠯ ᠡᠩᠬᠡ ᠰᠤᠮᠤ ᠪᠠᠯᠭᠠᠰᠤᠨ ᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠨᠡᠶᠢᠲᠡ ᠶᠢᠨ ᠤᠷᠴᠢᠨ ᠲᠤᠭᠤᠷᠢᠨ ᠪᠠ ᠭᠡᠷ ᠤᠨ ᠤᠷᠴᠢᠨ ᠲᠤᠭᠤᠷᠢᠨ ᠢ ᠵᠠᠰᠠᠨ ᠴᠡᠭᠴᠡᠯᠡᠵᠦ᠂ ᠤᠷᠴᠢᠨ ᠲᠤᠭᠤᠷᠢᠨ ᠢ ᠵᠠᠰᠠᠨ ᠴᠡᠭᠴᠡᠯᠡᠭᠰᠡᠨ ᠱᠠᠩᠨᠠᠯ ᠲᠤᠷᠭᠠᠭᠤᠯᠢ ᠶᠢᠨ ᠲᠦᠷᠢᠮ ᠢ ᠪᠠᠶᠢᠭᠤᠯᠵᠤ᠂ ᠲᠤᠷ᠎ᠠ ᠲᠠᠪᠠ ᠪᠠᠷ ᠬᠠᠰᠢᠶ᠎ᠠ ᠰᠠᠷᠠᠪᠴᠢ ᠪᠠᠶᠢᠭᠤᠯᠬᠤ ᠬᠤᠭ ᠨᠤᠪᠰᠢ ᠲᠤᠷ᠎ᠠ ᠲᠠᠪᠠ ᠪᠠᠷ ᠤᠪᠤᠭᠠᠯᠠᠬᠤ ᠦᠵᠡᠭᠲᠡᠯ ᠢ ᠦᠭᠡᠶᠢᠰᠬᠡᠵᠦ᠂ ᠵᠠᠮ ᠤᠨ ᠲᠡᠮᠲᠡᠭ᠂ ᠨᠡᠶᠢᠲᠡ ᠶᠢᠨ ᠳ᠋ᠧᠩ ᠬᠡᠷᠡᠯᠲᠦᠬᠦᠯᠬᠡ ᠶᠢ ᠲᠡᠬᠦᠯᠲᠡᠷᠵᠢᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠬᠡᠪ ᠨᠠᠮᠪᠠ ᠶᠢ ᠲᠡᠭᠡᠭᠰᠢᠯᠡᠬᠦᠯᠵᠦ᠂ ᠭᠠᠵᠠᠷ ᠤᠷᠤᠨ ᠤ ᠤᠨᠴᠠᠯᠢᠭ ᠪᠠ ᠦᠨᠲᠦᠰᠦᠲᠡᠨ ᠤ ᠤᠨᠴᠠᠯᠢᠭ ᠢ ᠲᠤᠪᠤᠶᠢᠯᠭᠠᠨ᠎ᠠ᠃ ᠭᠠᠵᠠᠷ ᠤᠷᠤᠨ ᠳᠤᠨᠢ ᠲᠤᠬᠢᠷᠠᠭᠤᠯᠤᠨ ᠮᠤᠲᠦ ᠲᠠᠷᠢᠵᠦ ᠦᠢᠵᠢᠭᠤᠯᠤᠨ᠂ ᠬᠤᠰᠢᠭᠤ᠂ ᠭᠤᠤᠯᠲᠠᠯᠭᠠᠲᠦ ᠰᠤᠮᠦ ᠪᠠᠯᠭᠠᠰᠤᠨ ᠤ ᠨᠤᠭᠤᠭᠠᠷᠠᠭᠤᠯᠤᠯᠲᠠ ᠶᠢᠨ ᠢᠨᠵᠧᠨᠧᠷᠢᠩ ᠢ ᠦᠷᠬᠦᠯᠵᠢᠯᠡᠨ ᠰᠠᠶᠢᠲᠦᠷ ᠬᠢᠵᠦ᠂ ᠭᠤᠸ᠎ᠠ ᠲᠤᠬᠢᠯᠢᠭ ᠬᠦᠲᠡᠭᠡ ᠲᠤᠰᠬᠤᠨ ᠢ ᠪᠦᠲᠦᠬᠡᠨ ᠪᠠᠶᠢᠭᠤᠯᠤᠨ᠎ᠠ᠃ ︽ᠪᠦᠬᠦᠲᠡ  ᠨᠠᠶᠢᠷᠠᠮᠳᠠᠬᠤ ᠲᠤᠮᠲᠠᠲᠦ ᠠᠷᠠᠳ ᠤᠯᠤᠰ ᠤᠨ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠬᠠᠤᠯᠢ ᠶᠢᠨ ᠬᠡᠷᠡᠭᠵᠢᠬᠦᠯᠦᠯᠲᠡ ᠶᠢᠨ ᠲᠦᠷᠢᠮ︾ ᠳᠤ ᠨᠡᠶᠢᠴᠡᠭᠰᠡᠨ ᠪᠠᠶᠢᠲᠠᠯ ᠳᠣᠣᠷ᠎ᠠ ᠬᠦᠲᠡᠭᠡ ᠲᠤᠰᠬᠤᠨ ᠤ ᠤᠷᠴᠢᠨ ᠲᠤᠭᠤᠷᠢᠨ ᠤ ᠪᠦᠲᠦᠬᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠦᠪᠰᠢᠶᠡᠷᠡᠬᠦ ᠪᠠ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠢᠨᠵᠧᠨᠧᠷᠢᠩ ᠢ ᠲᠦᠬᠦᠮᠴᠢᠯᠡᠨ᠂ ᠢᠨᠵᠧᠨᠧᠷᠢᠩ ᠤᠨ ᠬᠢᠨᠠᠨ ᠬᠠᠮᠢᠶᠠᠷᠤᠯᠲᠠ ᠶᠢ ᠲᠡᠬᠦᠯᠲᠡᠷᠵᠢᠬᠦᠯᠵᠦ᠂ ᠶᠠᠰᠦ ᠴᠢᠨᠠᠷ ᠢ ᠪᠠᠲᠤᠯᠠᠨ᠎ᠠ᠃             ᠠᠯᠠᠱᠠ ᠠᠶᠢᠮᠠᠭ ᠤᠨ ᠨᠠᠮ ᠤᠨ ᠬᠤᠷᠢᠶ᠎ᠠ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠬᠡᠯᠳᠡᠰ ᠠᠴᠠ ᠤᠬᠠᠭᠤᠯᠪᠠ  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号