| ᠹᠧᠩ ᠢᠤᠢ ᠵᠧᠨ᠂ ᠰᠢᠤᠢ ᠵᠢᠩ ᠴᠦᠨ ᠨᠦᠬᠦᠷ ᠤᠨ ᠪᠦᠬᠦ ᠠᠶᠢᠮᠠᠭ ᠤᠨ | ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠲᠡᠭᠡᠷᠡᠬᠢ ᠶᠠᠷᠢᠶ᠎ᠠ | | | ᠹᠧᠩ ᠢᠤᠢ ᠵᠧᠨ ᠨᠦᠬᠦᠷ ᠤᠨ ᠶᠠᠷᠢᠶ᠎ᠠ | | ᠡᠨ᠋ᠨ ᠤᠳᠠᠭᠠᠨ ᠤ ᠬᠤᠷᠠᠯ ᠤᠨ ᠭᠤᠤᠯ ᠡᠬᠦᠷᠭᠡ ᠪᠤᠯ᠂ ᠲᠦᠪ ᠬᠤᠷᠢᠶ᠎ᠡ ᠶᠢᠨ ᠲᠠᠷᠢᠶᠠᠯᠠᠬᠤ ᠤᠷᠤᠨ ᠤ | ᠠᠵᠢᠯ ᠤᠨ ᠬᠤᠷᠠᠯ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠤᠷᠤᠨ ᠤ | ᠠᠵᠢᠯ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠭᠡᠭᠰᠡᠨ︶ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠨᠢᠲᠤᠨ ᠡᠮᠤᠨᠡᠬᠢ ︽ᠭᠤᠷᠪᠠᠨ ᠲᠠᠷᠢᠶᠠᠯᠠᠩ | ᠭᠤᠷᠪᠠᠨ ᠮᠠᠯᠵᠢᠯ︾ ᠤᠨ ᠠᠵᠢᠯ ᠤᠨ ᠪᠠᠶᠢᠳᠠᠯ ᠢ ᠵᠠᠳᠠᠯᠤᠨ ᠰᠤᠲᠤᠯᠵᠦ᠂ ᠰᠢᠨ᠎ᠡ ᠬᠡᠪ ᠪᠠᠶᠢᠳᠠᠯ ᠲᠤᠤᠷᠠᠬᠢ ᠪᠦᠬᠦ | ᠠᠶᠢᠮᠠᠭ ᠤᠨ ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠠᠯᠳᠠ ᠬᠦᠭᠵᠢᠬᠦᠯᠦᠯᠳᠡ ᠶᠢᠨ ᠠᠵᠢᠯ ᠢ ᠪᠠᠶᠢᠷᠢᠯᠠᠭᠤᠯᠤᠨ | ᠲᠤᠬᠢᠷᠠᠭᠤᠯᠬᠤ ᠪᠤᠯᠤᠨ᠎ᠠ᠃ ᠲᠤᠤᠷ᠎ᠠ ᠪᠢ ᠭᠤᠷᠪᠠᠨ ᠲᠠᠯ᠎ᠠ ᠶᠢᠨ ᠰᠠᠨᠠᠯ ᠶᠠᠷᠢᠶ᠎ᠠ᠃ | ᠨᠢᠭᠡ᠂ 2016 ᠤᠨ ᠤ ᠠᠵᠢᠯ ᠤᠨ ᠡᠷᠬᠢᠴᠡᠬᠦᠯᠦᠯ | ᠦᠩᠭᠡᠷᠡᠭᠰᠡᠨ ᠨᠢᠭᠡ ᠵᠢᠯ ᠳᠤ᠂ ᠪᠦᠬᠦ ᠠᠶᠢᠮᠠᠭ ᠤᠨ ᠲᠡᠭᠡᠲᠤ ᠲᠤᠤᠷᠠᠲᠤ ᠱᠠᠲᠤ ᠲᠦᠪ ᠬᠤᠷᠢᠶ᠎ᠡ᠂ | ᠦᠪᠠᠷᠳᠡᠭᠡᠨ ᠵᠠᠰᠠᠬᠤ ᠤᠷᠤᠨ ᠤ ᠡᠯ᠎ᠡ ᠲᠦᠷᠦᠯ ᠤᠨ ᠰᠢᠢᠳᠪᠤᠷᠢᠲᠤ ᠪᠤᠲᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ | ᠬᠢᠨᠠᠮᠠᠭᠠᠢ ᠲᠤᠤᠱᠯᠠᠭᠤᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠤᠴᠠ ᠶᠢᠨ ᠴᠢᠨᠠᠷᠲᠡᠢ ᠦᠭᠡᠷᠡᠴᠢᠯᠡᠯᠳᠡ ᠶᠢᠨ ᠡᠨᠡᠬᠦ | ᠭᠤᠤᠯ ᠱᠤᠭᠤᠮ ᠤᠨ ᠲᠤᠭᠤᠷᠢᠨ ᠳᠤ᠂ ︽ᠲᠠᠷᠢᠶᠠᠯᠠᠩ ᠢ ᠠᠪᠴᠢᠭᠤᠯᠬᠤ᠂ ᠲᠠᠷᠢᠶᠠᠯᠠᠬᠤ ᠤᠷᠤᠨ ᠢ ᠡᠮᠬᠢᠯᠡᠨ | ᠨᠡᠶᠢᠯᠡᠬᠦᠯᠬᠦ᠂ ᠲᠠᠷᠢᠶᠠᠴᠢᠨ ᠢ ᠲᠦᠪᠯᠡᠷᠡᠬᠦᠯᠬᠦ︾ ᠪᠠ ︽ᠮᠠᠯ ᠠᠵᠤ ᠠᠬᠤᠢ ᠶᠢ ᠵᠤᠬᠢᠰᠲᠡᠢ ᠬᠦᠭᠵᠢᠬᠦᠯᠬᠦ᠂ ᠮᠠᠯᠵᠢᠬᠤ | ᠤᠷᠤᠨ ᠢ ᠲᠤᠬᠢᠷᠠᠮᠵᠢᠲᠡᠢ ᠪᠠᠶᠢᠷᠢᠯᠠᠭᠤᠯᠬᠤ᠂ ᠮᠠᠯᠴᠢᠳ ᠦᠢᠯᠡᠰ ᠬᠦᠭᠵᠢᠬᠦᠯᠦᠨ ᠬᠢᠯᠢ ᠬᠢᠵᠠᠭᠠᠷ ᠢᠶᠠᠨ ᠬᠠᠮᠠᠭᠠᠯᠠᠬᠤ︾ | ᠶᠠᠷᠤᠩᠭᠡᠢ ᠱᠠᠭᠠᠷᠳᠠᠯᠭ᠎ᠠ ᠶᠤᠰᠤᠭᠠᠷ᠂ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠪᠦᠲᠤᠴᠠ ᠶᠢ ᠤᠯᠠᠮ | ᠨᠢᠭᠡ ᠠᠯᠬᠤᠮ ᠲᠤᠬᠢᠷᠠᠭᠤᠯᠤᠨ ᠰᠢᠯᠢᠳᠡᠭᠵᠢᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠠᠷᠭ᠎ᠠ | ᠪᠠᠨ ᠬᠤᠪᠢᠷᠠᠭᠤᠯᠵᠦ᠂ ᠠᠵᠤ ᠦᠢᠯᠡᠰ ᠤᠨ ᠲᠡᠳᠬᠦᠨ ᠲᠡᠮᠵᠢᠬᠦ ᠲᠤᠭᠳᠠᠴᠠ ᠶᠢ ᠰᠢᠨ᠎ᠡ ᠪᠠᠷ ᠡᠬᠦᠳᠴᠦ᠂ | ᠲᠠᠷᠢᠶᠠᠯᠠᠩ ᠮᠠᠯ ᠠᠵᠤ ᠠᠬᠤᠢ ᠶᠢᠨ ᠲᠠᠪᠠᠭᠤᠯᠢᠭ ᠤᠨᠴᠠᠯᠢᠭᠲᠤ ᠠᠵᠤ ᠦᠢᠯᠡᠰ ᠤᠨ ᠬᠦᠭᠵᠢᠯᠳᠡ ᠶᠢ ᠲᠦᠷᠭᠡᠳᠭᠡᠨ | ᠠᠬᠢᠭᠤᠯᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠲᠤᠭᠳᠠᠭᠤᠨ ᠦᠰᠦᠯᠳᠡ ᠶᠢ ᠠᠬᠢᠭᠤᠯᠤᠭᠰᠠᠨ ᠠᠴᠠ᠂ | ᠮᠠᠯᠵᠢᠬᠤ ᠲᠠᠷᠢᠶᠠᠯᠠᠬᠤ ᠤᠷᠤᠨ ᠤ ᠲᠤᠭᠳᠠᠭᠤᠨ ᠢᠶᠠᠷ ᠬᠦᠭᠵᠢᠬᠦ ᠨᠠᠩ ᠰᠠᠶᠢᠨ ᠪᠠᠶᠢᠳᠠᠯ ᠢ ᠪᠠᠲᠤᠯᠠᠪᠠ᠃ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢ ᠲᠤᠭᠳᠠᠭᠤᠨ ᠢᠶᠠᠷ ᠲᠦᠯᠬᠢᠨ ᠠᠬᠢᠭᠤᠯᠪᠠ | 1. ᠭᠤᠤᠯᠳᠠᠯᠭ᠎ᠠ ᠲᠠᠢ ᠠᠵᠤ ᠦᠢᠯᠡᠰ ᠢ ᠲᠦᠷᠭᠡᠳᠭᠡᠨ ᠬᠦᠭᠵᠢᠬᠦᠯᠪᠠ᠃ ᠨᠢᠭᠡ ᠳᠤ ᠲᠠᠷᠢᠮᠠᠯ ᠤᠨ ᠪᠦᠲᠤᠴᠠ | ᠶᠢᠨ ᠲᠤᠬᠢᠷᠠᠭᠤᠯᠤᠯᠳᠠ ᠶᠢᠨ ᠠᠯᠬᠤᠴᠠ ᠲᠦᠷᠭᠡᠳᠪᠠ᠃ ᠲᠠᠷᠢᠮᠠᠯ ᠤᠨ ᠵᠦᠢᠯ ᠤᠨ ᠲᠠᠷᠢᠬᠤ ᠲᠠᠯᠠᠪᠠᠢ ᠶᠢ 48.9 | ᠲᠦᠮᠠᠨ ᠮᠤ᠋ ᠪᠠᠶᠠᠯᠡᠬᠦᠯᠵᠦ᠂ ᠡᠬᠦᠨ ᠳᠤ ᠠᠮᠤ ᠪᠤᠳᠠᠭᠠᠨ ᠤ ᠲᠠᠷᠢᠮᠠᠯ ᠤᠨ ᠵᠦᠢᠯ ᠤᠨ ᠲᠠᠯᠠᠪᠠᠢ 23.4 ᠲᠦᠮᠠᠨ ᠮᠤ᠋᠂ | ᠠᠵᠤ ᠠᠬᠤᠢ ᠶᠢᠨ ᠲᠠᠷᠢᠮᠠᠯ ᠤᠨ ᠵᠦᠢᠯ ᠤᠨ ᠲᠠᠯᠠᠪᠠᠢ 21.3 ᠲᠦᠮᠠᠨ ᠮᠤ᠋᠂ ᠲᠡᠵᠢᠭᠡᠯ ᠡᠪᠠᠰᠤ ᠶᠢᠨ ᠲᠠᠯᠠᠪᠠᠢ | 4.2 ᠲᠦᠮᠠᠨ ᠮᠤ᠋ ᠪᠠᠶᠢᠵᠦ᠂ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ ᠲᠡᠵᠢᠭᠡᠯ ᠡᠪᠠᠰᠤᠨ ᠤ | ᠲᠠᠷᠢᠮᠠᠯ ᠤᠨ ᠬᠠᠷᠢᠴᠠᠯ ᠢ 2015 ᠤᠨ ᠤ 5.7᠄ 3.9᠄ 0.4 ᠠᠴᠠ ᠲᠤᠬᠢᠷᠠᠭᠤᠯᠤᠭᠠᠳ | 4.8᠄ 4.4᠄ 0.8 ᠪᠤᠯᠭᠠᠪᠠ᠃ ᠬᠤᠶᠠᠷ ᠲᠤ ᠲᠡᠭᠡᠲᠤ ᠲᠡᠰ ᠤᠨ ᠮᠠᠯ ᠠᠵᠤ ᠠᠬᠤᠢ ᠶᠢᠨ ᠬᠦᠭᠵᠢᠯᠳᠡ | ᠲᠦᠷᠭᠡᠳᠪᠠ᠃ ᠪᠦᠬᠦ ᠠᠶᠢᠮᠠᠭ ᠤᠨ ᠬᠤᠤᠰ ᠪᠦᠬᠦᠲᠤ ᠲᠡᠮᠡᠭᠡᠨ ᠤ ᠲᠤᠭ᠎ᠠ 11.5 ᠲᠦᠮᠠᠨ ᠲᠤᠯᠤᠭᠠᠢ ᠳᠤ ᠬᠦᠷᠴᠦ᠂ | ᠲᠡᠮᠡᠭᠡᠨ ᠤ ᠭᠠᠷᠤᠯᠳᠠ ᠶᠢ ᠡᠳ᠋ᠰᠢᠬᠦᠯᠬᠦ ᠠᠵᠤ ᠠᠬᠤᠶᠢᠯᠠᠯ ᠬᠦᠭᠵᠢᠨ10 ᠡᠷᠤᠭᠡ ᠳᠤ ᠬᠦᠷᠴᠦ᠂ ᠲᠡᠮᠡᠭᠡᠨ ᠠᠷᠠᠰᠤᠨ | ᠴᠠᠪᠠᠤ᠂ ᠪᠤᠳᠤᠭᠤᠨᠨᠤᠯᠤᠤᠷᠲᠤ ᠬᠦᠨᠵᠢᠯᠨ᠂ ᠲᠡᠮᠡᠭᠡᠨ ᠴᠢᠰᠤᠨ ᠤ ᠤᠯᠠᠨ ᠫᠫᠧᠲ᠋ᠢᠳ᠋᠂ ᠲᠡᠮᠡᠭᠡᠨ ᠨᠤᠯᠤᠤᠷᠲᠤ | ᠨᠠᠷᠢᠯᠢᠭ ᠰᠡᠮᠡᠳᠡᠰᠤ᠂ ᠲᠡᠮᠡᠭᠡᠨ ᠰᠦ ᠪᠠᠷ ᠬᠢᠭᠰᠡᠨ ᠰᠠᠪᠤᠩ ᠵᠡᠷᠭᠡ ᠰᠢᠨ᠎ᠡ ᠭᠡᠯᠪᠡᠷᠢ ᠶᠢᠨ ᠪᠦᠲᠤᠭᠡᠭᠳᠡᠬᠦᠨ ᠵᠠᠬ᠎ᠠ | ᠲᠡᠯᠭᠡᠬᠦᠷ ᠲᠤ ᠤᠷᠤᠪᠠ᠃ ᠴᠠᠭᠠᠨ ᠨᠤᠯᠤᠤᠷᠲᠤ ᠢᠮᠠᠭᠠᠨ ᠤ ᠬᠠᠮᠠᠭᠠᠯᠠᠯᠳᠠ ᠶᠢᠨ ᠵᠢᠷᠤᠵᠦ ᠲᠤᠭᠳᠠᠭᠠᠭᠰᠠᠨ ᠤᠷᠤᠨ | 7.4 ᠲᠦᠮᠠᠨ ᠲᠡᠭᠰᠢ ᠲᠦᠷᠪᠠᠯᠵᠢᠨ ᠺᠢᠯᠤᠮᠧᠲᠷ ᠲᠤ ᠬᠦᠷᠪᠠ᠃ ᠱᠧᠩ ᠮᠤ᠋ ᠲᠡᠭᠡᠲᠤ ᠰᠢᠨᠵᠢᠯᠡᠭᠡ ᠮᠠᠷᠭᠡᠵᠢᠯ ᠤᠨ | ᠮᠠᠯ ᠠᠵᠤ ᠠᠬᠤᠢ ᠶᠢᠨ ᠺᠤᠮᠫᠠᠨᠢ ᠪᠠᠷ ᠭᠤᠤᠯ ᠴᠤᠭᠴᠠ ᠪᠤᠯᠭᠠᠭᠰᠠᠨ ᠤᠷᠭᠠᠨᠢᠭ ᠦᠨᠢᠶᠠᠨ ᠰᠦ᠂ ︽ᠠ ᠳ᠋ᠦ᠋︾ | ᠮᠢᠬᠠᠨ ᠤ ᠬᠤᠨᠢᠨ ᠤ ᠠᠵᠤ ᠦᠢᠯᠡᠰ ᠤᠨ ᠭᠡᠪᠴᠢᠶᠠᠵᠢᠯ ᠲᠠᠰᠤᠷᠠᠯᠳᠠ ᠦᠭᠡᠢ ᠦᠷᠭᠡᠳᠴᠦ᠂ ᠤᠯᠠᠭᠠᠠᠪᠤᠬ᠎ᠠ ᠡᠯᠡᠰᠤᠨ | ᠠᠵᠤ ᠦᠢᠯᠡᠰ ᠤᠨ ᠵᠢᠱᠢᠶ᠎ᠠ ᠦᠵᠡᠬᠦᠯᠬᠦ ᠤᠷᠤᠨ ᠤ ᠤᠲᠤᠬᠢᠴᠢᠯᠠᠭᠰᠠᠨ ᠮᠠᠯ ᠠᠵᠤ ᠠᠬᠤᠢ ᠶᠢᠨ ᠲᠠᠷᠢᠬᠤ ᠲᠡᠵᠢᠬᠡᠬᠦ | ᠵᠢᠭᠤᠯᠴᠢᠯᠠᠬᠤ ᠶᠢ ᠨᠢᠭᠡ ᠴᠤᠭᠴᠠᠵᠢᠭᠤᠯᠤᠭᠰᠠᠨ ᠠᠮᠢ ᠠᠬᠤᠢ ᠶᠢᠨ ᠰᠠᠭᠤᠷᠢᠨ ᠭᠠᠵᠠᠷ ᠤᠨ ᠪᠦᠲᠤᠭᠡᠨ | ᠪᠠᠶᠢᠭᠤᠯᠤᠯᠳᠠ ᠤᠷᠤᠭᠰᠢᠲᠡᠢ ᠶᠠᠪᠤᠭᠳᠠᠪᠠ᠃ ᠭᠤᠷᠪᠠ ᠳᠤ ᠤᠬᠢ ᠪᠦᠲᠤᠭᠡᠭᠳᠡᠬᠦᠨ ᠤ ᠤᠢ ᠰᠢᠭᠤᠢ ᠵᠢᠮᠢᠰ ᠤᠨ | ᠠᠵᠤ ᠦᠢᠯᠡᠰ ᠠᠩᠬ᠎ᠠ ᠭᠡᠪᠴᠢᠶᠠᠵᠢᠪᠠ᠃ 3.6 ᠲᠦᠮᠠᠨ ᠮᠤ᠋ ᠪᠠᠶᠢᠭᠠᠯᠢ ᠶᠢᠨ ᠬᠠᠷ᠎ᠠ ᠴᠢᠨ᠋ᠸ᠎ᠠ ᠶᠢᠨ ᠬᠠᠷᠮᠠᠭ ᠢ | ᠪᠢᠳᠡᠬᠦᠮᠵᠢᠯᠠᠠ ᠬᠦᠷᠢᠶᠠᠯᠠᠵᠦ᠂ 1.82 ᠲᠦᠮᠠᠨ ᠮᠤ᠋ ᠤᠬᠢ ᠪᠦᠲᠤᠭᠡᠭᠳᠡᠬᠦᠨ ᠤ ᠤᠢ ᠰᠢᠭᠤᠢ ᠵᠢᠮᠢᠰ ᠤᠨ ᠲᠠᠷᠢᠮᠠᠯ | ᠢ ᠰᠢᠨ᠎ᠡ ᠪᠠᠷ ᠨᠡᠮᠡᠭᠳᠡᠬᠦᠯᠵᠦ᠂ ᠡᠬᠦᠨ ᠳᠤ 0.5 ᠲᠦᠮᠠᠨ ᠮᠤ᠋ ᠦᠵᠦᠮ᠂ 1.1 ᠲᠦᠮᠠᠨ ᠮᠤ᠋ ᠴᠢᠨ᠋ᠸ᠎ᠠ ᠶᠢᠨ ᠬᠠᠷᠮᠠᠭ᠂ | 0.42 ᠲᠦᠮᠠᠨ ᠮᠤ᠋ ᠤᠯᠠᠭᠠᠨ ᠴᠢᠪᠠᠭ᠎ᠠ ᠲᠠᠷᠢᠪᠠ᠃ ᠲᠦᠷᠪᠠ ᠳᠤ ᠵᠤᠭ᠎ᠠ ᠴᠡᠩᠭᠡᠯ ᠤᠨ ᠲᠠᠷᠢᠶᠠᠯᠠᠩ ᠮᠠᠯ ᠠᠵᠤ | ᠦᠢᠯᠡᠰ ᠪᠤᠳᠠᠳᠠᠢ ᠦᠷ᠎ᠡ ᠪᠦᠲᠦᠮᠵᠢ ᠤᠯᠪᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠬᠦᠯᠢᠶᠠᠨ ᠵᠤᠴᠢᠯᠠᠬᠤ | 32 ᠡᠷᠤᠭᠡ ᠶᠢ ᠰᠢᠨ᠎ᠡ ᠪᠠᠷ ᠨᠡᠮᠡᠭᠳᠡᠬᠦᠯᠵᠦ᠂ 2 ᠵᠢᠭᠤᠯᠴᠢᠯᠠᠯ ᠤᠨ ᠲᠤᠰᠬᠠᠢ ᠲᠤᠰᠬᠤᠨ ᠢ ᠰᠢᠨ᠎ᠡ ᠪᠠᠷ | ᠪᠠᠶᠢᠭᠤᠯᠪᠠ᠃ ᠮᠠᠯᠵᠢᠬᠤ ᠲᠠᠷᠢᠶᠠᠯᠠᠬᠤ ᠤᠷᠤᠨ ᠤ ᠵᠢᠭᠤᠯᠴᠢᠯᠠᠯ ᠤᠨ ᠬᠦᠯᠢᠶᠠᠨ ᠠᠪᠬᠤ ᠡᠷᠤᠭᠡ ᠨᠠᠶᠢᠳᠠ 97 | ᠲᠦᠮᠠᠨ ᠬᠦᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠠᠨ ᠠᠪᠴᠦ᠂ ᠵᠢᠭᠤᠯᠴᠢᠯᠠᠯ ᠤᠨ ᠤᠷᠤᠯᠭ᠎ᠠ 1.3 | ᠳ᠋ᠦᠩᠰᠢᠭᠤᠷ ᠲᠦᠬᠦᠷᠢᠭ ᠲᠤ ᠬᠦᠷᠴᠦ᠂ ᠲᠤᠰ ᠲᠤᠰ 21.3% ᠂ 33.3% ᠪᠠᠷ ᠨᠡᠮᠡᠭᠳᠡᠪᠠ᠃ | 2. ᠰᠢᠨ᠎ᠡ ᠭᠡᠯᠪᠠᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠬᠦᠭᠵᠢᠯᠳᠡ ᠪᠤᠵᠠᠭᠠᠶᠢᠷᠠᠪᠠ᠃ ᠪᠦᠬᠦ | ᠠᠶᠢᠮᠠᠭ ᠤᠨ ᠲᠠᠩᠰᠠᠯᠠᠭᠤᠯᠤᠭᠰᠠᠨ ᠡᠷᠬᠢᠯᠳᠡᠲᠤ ᠨᠤᠲᠤᠭ ᠪᠠᠯᠴᠢᠭᠡᠷ 45 ᠲᠦᠮᠠᠨ ᠮᠤ᠋᠂ ᠲᠠᠷᠢᠶᠠᠨ ᠭᠠᠵᠠᠷ 7.4 | ᠲᠦᠮᠠᠨ ᠮᠤ᠋ ᠪᠠᠶᠢᠵᠦ᠂ ᠨᠠᠶᠢᠳᠠ ᠲᠠᠩᠰᠠᠯᠠᠭᠤᠯᠤᠭᠰᠠᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ 637 | ᠡᠷᠤᠭᠡ᠂ ᠦᠨᠡᠯᠡᠯᠳᠡ ᠬᠢᠵᠦ ᠭᠡᠪᠴᠢᠶᠠᠵᠢᠭ᠍ᠰᠡᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ 102 ᠡᠷᠤᠭᠡ᠂ | ᠪᠠᠲᠤᠯᠠᠨ ᠲᠤᠭᠳᠠᠭᠠᠵᠦ ᠲᠠᠩᠰᠠᠯᠠᠭᠤᠯᠤᠭᠰᠠᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 692 ᠡᠷᠤᠭᠡ᠂ | ᠲᠤᠰᠬᠠᠢ ᠲᠤᠮᠤ ᠡᠷᠤᠭᠡ 81 ᠡᠷᠤᠭᠡ᠂ ᠪᠤᠶᠢᠵᠢᠭᠤᠯᠬᠤ ᠶᠢ ᠲᠤᠯᠤᠭᠠᠶᠢᠯᠠᠵᠦ ᠬᠦᠭᠵᠢᠬᠦᠯᠦᠭᠰᠡᠨ ᠦᠪᠠᠷᠮᠢᠴᠠ | ᠤᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠠ ᠦᠵᠠᠬᠦᠯᠬᠦ ᠡᠷᠤᠭᠡ 2034 ᠪᠠᠶᠢᠵᠦ᠂ ︽ᠪᠠᠢ ᠵᠢᠶᠠ | ᠬᠤᠢ︾ ᠠᠯᠠᠱᠨ ᠶᠢᠨ ᠪᠤᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠪᠦᠲᠤᠭᠡᠭᠳᠡᠬᠦᠨ ᠤ ᠤᠷᠲᠤᠨ ᠤ | ᠬᠤᠯᠪᠤᠭᠠᠯᠠᠭᠰᠠᠨ ᠲᠡᠯᠭᠡᠬᠦᠷ 3 ᠡᠷᠤᠭᠡ᠂ ᠲᠠᠷᠢᠶᠠᠯᠠᠩ ᠳᠤ ᠬᠤᠯᠪᠤᠭᠳᠠᠬᠤ ᠠᠵᠤ ᠠᠬᠤᠶᠢᠯᠠᠯ ᠤᠨ ᠡᠯᠧᠺᠲᠷᠤᠨ | ᠬᠤᠳᠠᠯᠲᠤᠭᠠᠨ ᠤ ᠲᠠᠪᠴᠠᠩ 5 ᠡᠷᠤᠭᠡ ᠶᠢ ᠪᠠᠶᠢᠭᠤᠯᠵᠦ᠂ ᠠᠶᠢᠮᠠᠭ ᠤᠨ ᠲᠡᠰ ᠤᠨ ᠲᠠᠷᠢᠶᠠᠯᠠᠩ ᠮᠠᠯ ᠠᠵᠤ ᠠᠬᠤᠢ | ᠶᠢᠨ ᠠᠵᠤ ᠦᠢᠯᠡᠰᠵᠢᠭᠰᠡᠨ ᠲᠤᠯᠤᠭᠠᠶᠢᠯᠠᠬᠤ ᠠᠵᠤ ᠠᠬᠤᠶᠢᠯᠠᠯ 5 ᠡᠷᠤᠭᠡ᠂ ᠦᠪᠠᠷᠳᠡᠭᠡᠨ ᠵᠠᠰᠠᠬᠤ ᠤᠷᠤᠨ ᠤ | ᠲᠤᠯᠤᠭᠠᠶᠢᠯᠠᠬᠤ ᠠᠵᠤ ᠠᠬᠤᠶᠢᠯᠠᠯ 3 ᠡᠷᠤᠭᠡ ᠶᠢ ᠰᠢᠨ᠎ᠡ ᠪᠠᠷ ᠨᠡᠮᠡᠭᠳᠡᠬᠦᠯᠪᠠ᠃ ᠪᠦᠬᠦ ᠠᠶᠢᠮᠠᠭ ᠤᠨ ᠭᠡᠪᠴᠢᠶᠠᠵᠢᠯ | ᠠᠴᠠ ᠲᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠳ᠋ᠰᠢᠬᠦᠯᠬᠦ ᠠᠵᠤ ᠠᠬᠤᠶᠢᠯᠠᠯ ᠤᠨ | ᠪᠤᠷᠤᠯᠠᠭᠤᠯᠤᠭᠰᠠᠨ ᠤᠷᠤᠯᠭ᠎ᠠ 6.8 ᠳ᠋ᠦᠩᠰᠢᠭᠤᠷ ᠲᠦᠬᠦᠷᠢᠭ ᠢ ᠪᠠᠶᠡᠯᠡᠬᠦᠯᠵᠦ᠂ 17.9% ᠪᠠᠷ ᠨᠡᠮᠡᠭᠳᠡᠪᠠ᠃ | 3. ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠤᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠠᠲᠤᠯᠠᠭ᠎ᠠ ᠲᠠᠢ ᠪᠤᠯᠪᠠ᠃ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠤᠭᠡᠭᠳᠡᠬᠦᠨ ᠤ ᠶᠠᠰᠤ ᠴᠢᠨᠠᠷ ᠢ ᠮᠦᠷᠳᠡᠬᠦ ᠲᠠᠪᠴᠠᠩ ᠢ ᠪᠠᠶᠢᠭᠤᠯᠵᠦ᠂ ᠪᠦᠬᠦ ᠠᠶᠢᠮᠠᠭ ᠤᠨ | 198 ᠭᠠᠴᠠᠭ᠎ᠠ ᠲᠤᠰᠬᠤᠨ ᠪᠦᠬᠦᠨ ᠳᠤ ᠲᠠᠷᠢᠶᠠᠯᠠᠩ ᠤᠨ ᠪᠦᠲᠤᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ | ᠤ ᠬᠢᠨᠠᠯᠳᠠ ᠬᠠᠮᠢᠶᠠᠷᠤᠯᠥᠳᠠ ᠶᠢᠨ ᠵᠤᠬᠢᠴᠠᠭᠤᠯᠤᠨ ᠬᠠᠮᠢᠶᠠᠷᠬᠤ ᠠᠵᠢᠯᠳᠠᠨ ᠲᠤᠬᠢᠷᠠᠭᠤᠯᠪᠠ᠃ ᠪᠦᠬᠦ ᠵᠢᠯ ᠳᠤ | ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠠᠳᠡᠯ ᠭᠡᠷᠡᠭ ᠪᠠ ᠠᠮᠢᠳᠠᠨ ᠤ ᠬᠦᠨᠲᠤ ᠭᠡᠴᠡᠬᠦᠦ ᠬᠢᠵᠢᠭ ᠤᠨ | ᠪᠠᠶᠢᠳᠠᠯ ᠡᠬᠦᠰᠦᠭᠰᠡᠨ ᠦᠭᠡᠢ᠃ ᠢᠳᠡᠰᠢᠨ ᠨᠤᠭᠤᠭ᠎ᠠ᠂ ᠮᠠᠯ ᠤᠨ ᠠᠰᠢᠭ ᠰᠢᠮ᠎ᠡ᠂ ︽ᠭᠤᠷᠪᠠᠨ ᠪᠦᠲᠤᠭᠡᠭᠳᠡᠬᠦᠨ | ᠨᠢᠭᠡ ᠪᠠᠷᠢᠮᠵᠢᠶ᠎ᠠ︾ ᠶᠢ ᠪᠠᠲᠤᠯᠠᠭᠰᠠᠨ ᠪᠦᠲᠤᠭᠡᠭᠳᠡᠬᠦᠨ ᠤ ᠰᠢᠯᠭᠠᠨ ᠭᠡᠮᠵᠢᠵᠦ ᠬᠢᠷᠢ ᠲᠡᠩᠴᠡᠭᠰᠡᠨ ᠨᠤᠷᠮ᠎ᠠ ᠲᠤᠰ | ᠲᠤᠰ 98.3%᠂100%᠂ 100% ᠳᠤ ᠬᠦᠷᠪᠠ᠃ | ︵ᠬᠤᠶᠠᠷ︶ ᠮᠠᠯᠵᠢᠬᠤ ᠲᠠᠷᠢᠶᠠᠯᠠᠬᠤ ᠤᠷᠤᠨ ᠤ ᠤᠰᠤᠨ ᠠᠰᠢᠭᠯᠠᠯᠳᠠ ᠶᠢᠨ ᠲᠤᠨᠤᠭ ᠲᠦᠬᠦᠭᠡᠷᠤᠮᠵᠢ ᠡᠲᠤᠷ | ᠢᠷᠡᠬᠦᠶ᠎ᠡ ᠲᠡᠬᠦᠯᠳᠡᠷᠵᠢᠪᠠ | ᠨᠢᠭᠡ ᠳᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ 95 ᠭᠠᠵᠠᠷ ᠲᠤ ᠪᠠᠶᠢᠭᠤᠯᠵᠦ᠂ | 8924 ᠬᠦᠮᠦᠨ᠂ 6.63 ᠲᠦᠮᠠᠨ ︵ᠲᠤᠯᠤᠭᠠᠢ︶ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠤ | ᠠᠰᠠᠭᠤᠳᠠᠯ ᠢ ᠰᠢᠢᠳᠪᠤᠷᠢᠯᠠᠪᠠ᠃ ᠬᠤᠶᠠᠷ ᠲᠤ ᠰᠠᠶᠢᠷᠢ ᠴᠤᠨᠵᠢ — ᠲᠡᠭᠷᠢ ᠠᠵᠤ ᠦᠢᠯᠡᠳᠪᠤᠷᠢ ᠶᠢᠨ ᠬᠦᠷᠢᠶᠡᠯᠡᠩ | ᠲᠤᠭᠤᠷᠢᠭ ᠤᠨ ᠢᠨᠵᠧᠨᠧᠷᠢᠩ ᠤᠰᠤ ᠬᠠᠩᠭᠠᠭᠳᠠᠬᠤ ᠨᠦᠬᠦᠴᠡᠯ ᠳᠤ ᠬᠦᠷᠴᠦ᠂ ᠪᠠᠳᠠᠢ ᠶᠢᠨ ᠵᠢᠷᠠᠨ ᠪᠠᠯᠭᠠᠰᠤ ᠶᠢᠨ | ᠤᠰᠤᠨ ᠤ ᠰᠢᠨ᠎ᠡ ᠡᠭᠢ ᠰᠤᠷᠪᠤᠯᠵᠢ ᠶᠢᠨ ᠤᠰᠤ ᠬᠠᠩᠭᠠᠬᠤ ᠢᠨᠵᠧᠨᠧᠷᠢᠩ᠂ ᠤᠰᠤᠨ ᠤ ᠰᠢᠨ᠎ᠡ ᠡᠭᠢ ᠰᠤᠷᠪᠤᠯᠵᠢ | ᠶᠢᠨ ᠤᠰᠤ ᠬᠠᠩᠭᠠᠬᠤ ᠬᠤᠭᠤᠯᠠᠢ ᠶᠢ ᠤᠷᠲᠤᠳᠬᠠᠬᠤ ᠢᠨᠵᠧᠨᠧᠷᠢᠩ ᠢ ᠪᠠᠶᠢᠭᠤᠯᠵᠦ ᠡᠵᠡᠩᠨᠡᠯᠳᠡ ᠳᠤ ᠤᠷᠤᠭᠤᠯᠪᠠ᠃ | ᠭᠤᠷᠪᠠ ᠳᠤ ᠬᠦᠷᠤᠰᠤᠨ ᠲᠤᠤᠷᠠᠬᠢ ᠤᠰᠤᠨ ᠤ ᠲᠤᠷᠤᠭᠰᠢᠯᠠᠬᠤ ᠪᠠᠶᠢᠳᠠᠯ ᠢ ᠪᠦᠲᠤᠮᠵᠢᠲᠡᠢ ᠵᠤᠭᠰᠤᠭᠠᠵᠦ᠂ | ᠭᠡᠲᠤᠷᠭᠡᠢ ᠤᠰᠤ ᠭᠡᠷᠡᠭᠯᠡᠭᠰᠡᠨ ᠤᠷᠤᠨ ᠢ ᠵᠠᠰᠠᠨ ᠬᠠᠮᠢᠶᠠᠷᠬᠤ ᠠᠵᠢᠯ ᠢᠯᠡᠳᠳᠡ ᠦᠷ᠎ᠡ ᠪᠦᠲᠤᠮᠵᠢ ᠤᠯᠵᠦ᠂ | ᠪᠠᠷᠠᠭᠤᠨ ᠪᠠᠯ ᠪᠠᠯᠭᠠᠰᠤ ᠶᠢᠨ ᠲᠦᠷᠭᠡᠨ ᠤ ᠬᠦᠳᠡᠭᠡ ᠶᠢᠨ ᠬᠤᠳᠲᠤᠭ ᠢᠶᠠᠷ ᠤᠰᠤᠯᠠᠬᠤ ᠤᠷᠤᠨ ᠳᠤ ᠤᠰᠤᠨ ᠤ | ᠡᠷᠭᠡ ᠶᠢᠨ ᠰᠤᠯᠢᠯᠴᠠᠭᠠᠨ ᠤ ᠲᠠᠪᠴᠠᠩ ᠪᠠᠶᠢᠭᠤᠯᠵᠦ᠂ ᠪᠦᠬᠦ ᠠᠶᠢᠮᠠᠭ ᠤᠨ ᠪᠠᠭ᠎ᠠ ᠭᠡᠯᠪᠡᠷᠢ ᠶᠢᠨ ᠤᠰᠤᠨ | ᠠᠰᠢᠭᠯᠠᠯᠳᠠ ᠶᠢᠨ ᠢᠨᠵᠧᠨᠧᠷᠢᠩ ᠤᠨ ᠬᠠᠮᠢᠶᠠᠷᠤᠯᠳᠠ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠲᠤᠷᠰᠢᠯᠳᠠ ᠶᠢᠨ | ᠴᠡᠭ ᠤᠨ ᠠᠵᠢᠯ ᠢ ᠪᠠᠶᠡᠯᠡᠬᠦᠯᠪᠠ᠃ | ︵ᠭᠤᠷᠪᠠ︶ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠦᠲᠤᠭᠡᠨ ᠪᠠᠶᠢᠭᠤᠯᠤᠯᠳᠠ | ᠢᠯᠡᠳᠳᠡ ᠦᠷ᠎ᠡ ᠪᠦᠲᠤᠮᠵᠢ ᠤᠯᠪᠠ | ᠨᠢᠭᠡ ᠳᠤ ᠰᠢᠨ᠎ᠡ ᠨᠢᠭᠡᠨ ᠡᠭᠡᠯᠵᠢᠶᠡᠨ ᠤ ᠨᠤᠲᠤᠭ ᠪᠠᠯᠴᠢᠭᠡᠷ ᠤᠨ ᠨᠦᠬᠦᠪᠤᠷᠢ ᠮᠦᠩᠬᠦ ᠶᠢᠨ ᠱᠠᠩᠨᠠᠯ ᠤᠨ | ᠲᠦᠷᠦ ᠶᠢᠨ ᠪᠤᠲᠤᠯᠭ᠎ᠠ ᠰᠢᠨ᠎ᠡ ᠶᠢ ᠡᠬᠦᠲᠤᠨ ᠨᠠᠶᠢᠳᠠᠪᠤᠷᠢᠵᠢᠭᠤᠯᠤᠭᠳᠠᠪᠠ᠃ ᠲᠦᠷᠦ ᠶᠢᠨ ᠪᠤᠲᠤᠯᠭ᠎ᠠ ᠶᠢᠨ | ᠪᠦᠷᠬᠦᠴᠡ ᠶᠢᠨ ᠭᠡᠮᠵᠢᠶ᠎ᠡ ᠤᠯᠠᠮ ᠨᠢᠭᠡ ᠠᠯᠬᠤᠮ ᠦᠷᠭᠡᠳᠴᠦ᠂ ᠨᠦᠬᠦᠪᠤᠷᠢ ᠮᠦᠩᠬᠦ ᠶᠢᠨ ᠱᠠᠩᠨᠠᠯ ᠤᠨ ᠪᠠᠷᠢᠮᠵᠢᠶ᠎ᠡ | ᠤᠯᠠᠮ ᠨᠢᠭᠡ ᠠᠯᠬᠤᠮ ᠲᠡᠭᠡᠭᠰᠢᠯᠡᠵᠦ᠂ ᠲᠡᠷᠡᠴᠢᠯᠠᠨ ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠳᠤ ᠦᠭᠬᠦ | ᠨᠦᠬᠦᠪᠤᠷᠢ ᠮᠦᠩᠬᠦ ᠶᠢᠨ ᠱᠠᠨᠩᠨᠠᠯ ᠢ ᠵᠤᠬᠢᠬᠤ ᠭᠡᠮᠵᠢᠶ᠎ᠡ ᠪᠠᠷ ᠭᠡᠯᠪᠡᠶᠢᠯᠭᠡᠪᠠ᠃ ᠵᠢᠯ ᠪᠦᠷᠢ ᠶᠢᠨ ᠰᠢᠨ᠎ᠡ ᠪᠠᠷ ᠨᠡᠮᠡᠭᠳᠡᠬᠦ | ᠨᠦᠬᠦᠪᠤᠷᠢ ᠱᠠᠩᠨᠠᠯ ᠤᠨ ᠪᠠᠯᠨ ᠮᠦᠩᠬᠦ 4403 ᠲᠦᠮᠠᠨ ᠲᠦᠬᠦᠷᠢᠭ ᠪᠠᠶᠢᠵᠦ᠂ ᠮᠠᠯᠴᠢᠨ ᠲᠠᠷᠢᠶᠠᠴᠢᠳ ᠤᠨ | 20543 ᠡᠷᠤᠭᠡ 63193 ᠬᠦᠮᠦᠨ ᠢ ᠪᠦᠷᠬᠦᠪᠠ᠃ ᠮᠠᠯᠵᠢᠬᠤ ᠶᠢ ᠵᠤᠭᠰᠤᠭᠠᠬᠤ᠂ ᠡᠪᠠᠰᠤ ᠪᠠᠯᠴᠢᠭᠡᠷ ᠪᠠ | ᠮᠠᠯ ᠤᠨ ᠲᠡᠩᠴᠡᠬᠦᠷᠢᠰᠢᠯ ᠢ ᠬᠦᠮᠦᠨ ᠪᠦᠷᠢ ᠵᠢᠯ ᠳᠤ ᠲᠤᠰ ᠲᠤᠰ 2000 ᠲᠦᠬᠦᠷᠢᠭ ᠂ 1000 ᠲᠦᠬᠦᠷᠢᠭ | ᠲᠡᠭᠡᠭᠰᠢᠯᠡᠭᠳᠡᠪᠠ᠃ 1998 ᠤᠨ ᠠᠴᠠ ᠡᠮᠤᠨ᠎ᠠ ᠬᠤᠶᠠᠷᠬᠤᠳᠲᠤᠭ ᠤᠨ ᠬᠦᠳᠡᠭᠡ ᠳᠤ ᠨᠡᠬᠦᠵᠦ ᠬᠦᠷᠦᠭᠰᠡᠨ | 2404 ᠨᠠᠷᠡᠰ ᠮᠠᠯᠴᠢᠨ ᠪᠦᠬᠦᠨ ᠢᠶᠠᠷ ᠢᠶᠠᠨ ᠲᠦᠷᠦ ᠶᠢᠨ ᠪᠤᠲᠤᠯᠭ᠎ᠠ ᠶᠢᠨ ᠬᠦᠷᠢᠶ᠎ᠡ ᠭᠡᠪᠡᠴᠢᠶᠠᠨ ᠳᠤ ᠤᠷᠤᠪᠠ᠃ | ᠬᠤᠶᠠᠷ ᠲᠤ ᠪᠦᠬᠦ ᠵᠢᠯ ᠤᠨ ᠤᠢ ᠮᠤᠲᠤ ᠲᠠᠷᠢᠬᠤ ᠪᠦᠲᠤᠭᠡᠨ ᠪᠠᠶᠢᠭᠤᠯᠤᠯᠳᠠ ᠶᠢᠨ ᠡᠬᠦᠷᠭᠡ ᠪᠠᠨ ᠲᠠᠪᠠᠭᠤᠯᠤᠨ | ᠪᠠᠶᠡᠯᠡᠬᠦᠯᠪᠠ᠃ ᠲᠢᠶᠠᠨ ᠪᠤᠤ᠂ ᠰᠠᠨ ᠪᠸᠢ ᠵᠡᠷᠭᠡ ᠤᠢ ᠰᠢᠭᠤᠢ ᠶᠢᠨ ᠭᠤᠤᠯᠳᠠᠯᠭ᠎ᠠ ᠲᠠᠢ ᠢᠨᠵᠧᠨᠧᠷᠢᠩ ᠨᠠᠶᠢᠳᠠ | 121.7 ᠲᠦᠮᠠᠨ ᠮᠤ᠋ ᠤᠢ ᠮᠤᠲᠤ ᠲᠠᠷᠢᠵᠦ᠂ ᠲᠡᠷᠡᠴᠢᠯᠠᠨ ᠠᠯᠠᠱᠨ ᠠᠭᠤᠯᠨ᠂ ᠲᠤᠤᠷᠠᠢ ᠶᠢᠨ ᠤᠢ ᠬᠤᠶᠠᠷ ᠶᠡᠭᠡ | ᠤᠶᠢᠲᠤ ᠤᠷᠤᠨ ᠵᠢᠴᠢ ᠭᠤᠤᠯᠳᠠᠯᠭ᠎ᠠ ᠲᠠᠢ ᠠᠮᠢ ᠠᠬᠤᠢ ᠶᠢ ᠵᠠᠰᠠᠬᠤ ᠤᠷᠤᠨ ᠳᠤ ᠬᠦᠨᠲᠤ ᠶᠡᠭᠡ ᠤᠢ ᠰᠢᠭᠤᠢ | ᠨᠤᠲᠤᠭ ᠪᠠᠯᠴᠢᠭᠡᠷ ᠤᠨ ᠭᠠᠯ ᠤᠨ ᠠᠶᠤᠯ ᠡᠬᠦᠰᠦᠭᠰᠡᠨ ᠦᠭᠡᠢ ᠰᠠᠶᠢᠨ ᠦᠷ᠎ᠡ ᠪᠦᠲᠤᠮᠵᠢ ᠶᠢ ᠪᠠᠲᠤᠯᠠᠪᠠ᠃ ᠭᠤᠷᠪᠠ | ᠳᠤ ᠬᠠᠷ᠎ᠠ ᠭᠤᠤᠯ ᠠᠴᠠ ᠤᠰᠤ ᠲᠠᠳᠠᠬᠤ ᠠᠵᠢᠯ ᠲᠡᠤᠭᠡᠲᠤ ᠴᠢᠨᠠᠷ ᠤᠨ ᠰᠢᠪᠲᠤᠯᠤᠯᠳᠠ ᠲᠠᠢ ᠪᠤᠯᠪᠠ᠃ ᠲᠤᠤᠷᠠᠲᠤ | ᠤᠷᠤᠰᠬᠠᠯ ᠤᠨ ᠤᠰᠤ ᠢᠷᠡᠬᠦ ᠭᠡᠮᠵᠢᠶ᠎ᠡ 108 ᠲᠦᠮᠠᠨ ᠮᠤ᠋ ᠳᠤ ᠬᠦᠷᠴᠦ᠂ ᠲᠡᠭᠡᠷ᠎ᠡ ᠵᠢᠯ ᠤᠨ ᠬᠢ ᠠᠴᠠ 18 | ᠲᠦᠮᠠᠨ ᠮᠤ᠋ ᠨᠡᠮᠡᠭᠳᠡᠪᠠ︔ ᠵᠡᠬᠦᠨ ᠵᠢᠤᠢ ᠶᠠᠨ ᠨᠠᠭᠤᠷ ᠦᠷᠬᠦᠯᠵᠢᠯᠡᠨ 12 ᠵᠢᠯ ᠬᠠᠳᠠᠭᠠᠲᠤᠢ᠂ ᠪᠠᠷᠤᠭ 40 ᠵᠢᠯ | ᠬᠠᠳᠠᠭᠰᠠᠨ ᠨᠠᠢᠮᠠᠲᠤᠭᠠᠷ ᠬᠦᠬᠦᠷᠭᠡ ᠤᠰᠤ ᠪᠠᠷ ᠲᠦᠬᠦᠷᠴᠦ᠂ ᠤᠰᠤ ᠬᠠᠳᠠᠭᠠᠯᠠᠬᠤ ᠲᠠᠯᠠᠪᠠᠢ 2 ᠲᠡᠭᠰᠢ | ᠲᠦᠷᠪᠠᠯᠵᠢᠨ ᠺᠢᠯᠤᠮᠧᠲᠷ ᠲᠤ ᠬᠦᠷᠴᠦ᠂ ᠬᠠᠷ᠎ᠠ ᠭᠤᠤᠯ ᠤᠨ ᠲᠤᠤᠷᠠᠲᠤ ᠤᠷᠤᠰᠬᠠᠯ ᠤᠨ ᠠᠮᠢ ᠠᠬᠤᠢ ᠶᠢᠨ | ᠤᠷᠴᠢᠨ ᠲᠤᠭᠤᠷᠢᠨ ᠰᠠᠶᠢᠵᠢᠷᠠᠯᠳᠠ ᠲᠠᠢ ᠪᠤᠯᠪᠠ᠃ ᠲᠦᠷᠪᠠ ᠳᠤ ᠤᠢ ᠰᠢᠭᠤᠢ ᠶᠢᠨ ᠲᠠᠭᠠᠳᠬᠠᠯ ᠤᠨ ᠠᠵᠢᠯ | ᠦᠪᠠᠷᠳᠡᠭᠡᠨ ᠵᠠᠰᠠᠬᠤ ᠤᠷᠤᠨ ᠤ ᠡᠮᠤᠨ᠎ᠠ ᠨᠠᠷ᠎ᠡ ᠳᠤ ᠤᠷᠤᠪᠠ᠃ ᠪᠦᠬᠦ ᠠᠶᠢᠮᠠᠭ ᠤᠨ ᠤᠢ ᠰᠢᠭᠤᠢ ᠶᠢᠨ ᠲᠠᠭᠠᠳᠬᠠᠯ | ᠤᠨ ᠲᠠᠯᠠᠪᠠᠢ 4048.3 ᠲᠦᠮᠠᠨ ᠮᠤ᠋ ᠳᠤ ᠬᠦᠷᠴᠦ᠂ ᠪᠦᠬᠦ ᠵᠢᠯ ᠤᠨ ᠬᠦᠯᠢᠶᠠᠨ ᠠᠪᠴᠦ ᠲᠦᠯᠦᠪᠤᠷᠢ ᠬᠢᠬᠦ | ᠶᠠᠷᠤᠩᠭᠡᠢ ᠭᠡᠮᠵᠢᠶ᠎ᠡ 2817 ᠲᠦᠮᠠᠨ ᠲᠦᠬᠦᠷᠢᠭ ᠲᠤ ᠬᠦᠷᠴᠦ᠂ ᠭᠠᠮᠰᠢᠭ ᠤᠨ ᠲᠠᠷᠠᠭᠠᠬᠢ ᠪᠤᠳᠠᠲᠠᠢ | ᠭᠡᠷᠡᠭᠵᠢᠬᠦᠯᠦᠭᠰᠡᠨ ᠠᠮᠢ ᠠᠬᠤᠢ ᠶᠢ ᠰᠡᠷᠬᠦᠭᠡᠨ ᠵᠠᠰᠠᠬᠤ ᠲᠠᠯᠠᠪᠠᠢ 50.2 ᠲᠦᠮᠠᠨ ᠮᠤ᠋ ᠳᠤ ᠬᠦᠷᠪᠠ᠃ | ︵ᠲᠦᠷᠪᠠ︶ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠳᠠ ᠶᠢᠨ ᠠᠵᠢᠯ ᠲᠤᠪᠤᠶᠢᠮ᠎ᠠ ᠦᠷ᠎ᠠ ᠪᠦᠲᠤᠮᠵᠢ | ᠤᠯᠪᠠ | ᠨᠢᠭᠡ ᠳᠤ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ᠂ ᠤᠨᠢᠨ ᠲᠡᠭᠡᠷ᠎ᠠ ᠨᠢ ᠶᠠᠳᠠᠭᠤ ᠠᠴᠠ | ᠠᠩᠬᠢᠵᠢᠷᠠᠭᠤᠯᠬᠤ ᠦᠨᠲᠤᠰᠤᠨ ᠠᠷᠭ᠎ᠠ ᠪᠤᠲᠤᠯᠭ᠎ᠠ ᠶᠢᠨ ᠱᠠᠭᠠᠷᠳᠠᠯᠭ᠎ᠠ ᠶᠤᠰᠤᠭᠠᠷ᠂ ᠪᠦᠬᠦ ᠠᠶᠢᠮᠠᠭ ᠤᠨ 39 | ᠭᠤᠤᠯᠳᠠᠯᠭ᠎ᠠ ᠲᠠᠢ ᠭᠠᠴᠠᠭ᠎ᠠ ᠲᠤᠰᠬᠤᠨ ᠤ ︽ᠭᠤᠷᠪᠠ ᠶᠢ ᠲᠤᠰᠬᠤᠨ ᠳᠤ ᠬᠦᠷᠭᠡᠬᠦ ᠭᠤᠷᠪᠠ ᠶᠢ ᠡᠷᠤᠭᠡ ᠳᠤ | ᠬᠦᠷᠭᠡᠬᠦ︾ ᠲᠦᠷᠦᠯ ᠵᠦᠢᠯ ᠤᠨ ᠪᠠᠯᠨ ᠮᠦᠩᠬᠦ ᠶᠢ ᠡᠮᠬᠢᠯᠠᠨ ᠨᠡᠶᠢᠯᠡᠬᠦᠯᠵᠦ᠂ ᠠᠶᠢᠮᠠᠭ ᠤᠨ ᠱᠠᠲᠤᠨ ᠤ | ᠤᠲᠤᠷᠢᠲᠤᠯᠭ᠎ᠠ ᠵᠢᠴᠢ ᠠᠶᠢᠮᠠᠭ ᠤᠨ ᠰᠢᠭᠤᠳ ᠬᠠᠷᠢᠶ᠎ᠡ᠂ ᠬᠤᠰᠢᠭᠤ ᠤᠷᠤᠨ ᠲᠤᠭᠤᠷᠢᠭ ᠤᠨ ᠭᠠᠵᠠᠷ ᠤᠨ ᠲᠡᠰ ᠤᠨ | ᠺᠠᠳ᠋ᠷ ᠪᠤᠯᠤᠨ ᠬᠤᠰᠢᠭᠤ ᠤᠷᠤᠨ ᠲᠤᠭᠤᠷᠢᠭ ᠤᠨ ᠰᠠᠯᠠᠭᠠᠨ ᠲᠡᠰ ᠤᠨ ᠺᠠᠳ᠋ᠷ ᠶᠠᠳᠠᠭᠤ ᠬᠦᠴᠢᠷᠳᠡᠯᠲᠡᠢ ᠬᠦᠮᠦᠨ ᠠᠮᠨ | ᠪᠦᠬᠦᠨ ᠳᠤ ᠲᠠᠩᠰᠠ ᠪᠠᠶᠢᠭᠤᠯᠬᠤ ᠪᠠ ᠺᠠᠷᠲ ᠪᠠᠶᠢᠭᠤᠯᠤᠨ ᠬᠤᠤᠰᠯᠠᠨ ᠬᠠᠪᠰᠤᠷᠤᠨ ᠲᠡᠳᠬᠦᠵᠦ᠂ ᠨᠢᠭᠡ ᠡᠷᠤᠭᠡ ᠳᠤ | ᠨᠢᠭᠡ ᠲᠡᠪᠳᠡᠷ ᠡᠭᠡ ᠲᠠᠩᠰᠠ᠂ ᠨᠢᠭᠡ ᠡᠷᠤᠭᠡ ᠳᠤ ᠨᠢᠭᠡ ᠶᠠᠳᠠᠭᠤ ᠠᠴᠠ ᠠᠩᠬᠢᠵᠢᠷᠠᠭᠤᠯᠬᠤ ᠲᠦᠯᠦᠪᠯᠡᠭᠡ᠂ ᠨᠢᠭᠡ | ᠡᠷᠤᠭᠡ ᠳᠤ ᠨᠢᠭᠡ ᠢᠵᠢ ᠬᠠᠪᠰᠤᠷᠤᠨ ᠲᠡᠳᠬᠦᠬᠦ ᠠᠷᠭ᠎ᠠ ᠪᠠᠷᠢᠯ ᠢ ᠲᠤᠭᠳᠠᠭᠠᠵᠦ᠂ ᠪᠦᠬᠦ ᠠᠶᠢᠮᠠᠭ ᠤᠨ 5866 | ᠨᠠᠷᠡᠰ ᠶᠠᠳᠠᠭᠤ ᠬᠦᠴᠢᠷᠳᠡᠯᠲᠡᠢ ᠬᠦᠮᠦᠨ ᠠᠮᠨ ᠳᠤ ᠲᠠᠩᠰᠠ ᠪᠠᠶᠢᠭᠤᠯᠬᠤ ᠪᠠ ᠺᠠᠷᠲ ᠪᠠᠶᠢᠭᠤᠯᠤᠨ ᠤᠨᠢᠨ ᠲᠡᠭᠡᠷ᠎ᠠ | ᠨᠢ ᠲᠡᠳᠬᠦᠨ ᠲᠡᠮᠵᠢᠵᠦ᠂ 614 ᠡᠷᠤᠭᠡ 1311 ᠬᠦᠮᠦᠨ ᠢ ᠨᠡᠬᠦᠯᠭᠡᠨ ᠰᠢᠯᠵᠢᠬᠦᠯᠵᠦ ᠶᠠᠳᠠᠭᠤ ᠶᠢ ᠲᠡᠳᠬᠦᠵᠦ᠂ | ᠮᠦᠩᠬᠦᠨ ᠬᠦᠢᠯᠭᠡᠭᠡᠨ ᠤ ᠶᠠᠳᠠᠭᠤ ᠶᠢ ᠲᠡᠳᠬᠦᠬᠦ ︽ᠲᠠᠷᠢᠶᠠᠴᠢᠨ ᠢ ᠪᠠᠶᠠᠵᠢᠭᠤᠯᠬᠤ ᠵᠢᠭᠡᠯᠡᠯᠭᠡ︾ 3.96 | ᠳ᠋ᠦᠩᠰᠢᠭᠤᠷ ᠲᠦᠬᠦᠷᠢᠭ ᠢ ᠲᠠᠷᠬᠠᠭᠠᠵᠦ᠂ ᠶᠠᠳᠠᠭᠤ ᠶᠢ ᠲᠡᠳᠬᠦᠬᠦ ᠪᠠᠭ᠎ᠠ ᠲᠤᠭᠠᠨ ᠤ ᠵᠢᠭᠡᠯᠡᠯᠭᠡ 4581 ᠲᠦᠮᠠᠨ | ᠲᠦᠬᠦᠷᠢᠭ ᠢ ᠲᠠᠷᠬᠠᠭᠠᠪᠠ᠃ ᠬᠤᠶᠠᠷ ᠲᠤ ᠰᠤᠷᠭᠠᠨ ᠬᠦᠮᠦᠵᠢᠯ ᠤᠨ ᠶᠠᠳᠠᠭᠤ ᠶᠢ ᠲᠡᠳᠬᠦᠬᠦ᠂ ᠡᠷᠡᠬᠦᠯ ᠮᠠᠨᠲᠤ ᠶᠢᠨ | ᠶᠠᠳᠠᠭᠤ ᠶᠢ ᠲᠡᠳᠬᠦᠬᠦ᠂ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠲᠦᠷᠦᠯ ᠤᠨ ᠶᠠᠳᠠᠭᠤ ᠶᠢ ᠲᠡᠳᠬᠦᠬᠦ ᠠᠵᠢᠯ | ᠰᠢᠨ᠎ᠡ ᠰᠢᠪᠲᠤᠯᠤᠯᠳᠠ ᠶᠢ ᠪᠠᠶᠠᠯᠡᠬᠦᠯᠵᠦ᠂ ᠪᠦᠬᠦ ᠠᠶᠢᠮᠠᠭ ᠤᠨ ᠶᠠᠳᠠᠭᠤ ᠶᠢ ᠲᠡᠳᠬᠦᠬᠦ ᠮᠠᠯᠴᠢᠨ ᠲᠠᠷᠢᠶᠠᠴᠢᠨ ᠤ | ᠬᠦᠮᠦᠨ ᠲᠤᠮᠳᠠᠴᠢ ᠶᠢᠨ ᠲᠡᠭᠰᠢᠳᠭᠡᠭᠰᠡᠨ ᠤᠷᠤᠯᠭ᠎ᠠ ᠲᠡᠭᠰᠢᠳᠭᠡᠭᠡᠳ 4000 ᠲᠦᠬᠦᠷᠢᠭ ᠢ ᠲᠠᠪᠠᠵᠦ᠂ ᠡᠮᠤᠰᠴᠦ | ᠢᠳᠡᠬᠦ ︽ᠬᠤᠶᠠᠷ ᠢ ᠵᠤᠪᠠᠭ᠋ᠤ ᠦᠭᠡᠢ︾ ᠪᠠᠶᠢᠬᠤ ᠪᠠ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠲᠤᠰᠤᠨ ᠡᠮ | ᠡᠮᠨᠡᠯᠭᠡ᠂ ᠤᠷᠤᠨ ᠰᠠᠭᠤᠴᠠ ᠶᠢᠨ ᠠᠮᠤᠷ ᠲᠦᠪᠰᠢᠨ ᠤ ︽ᠭᠤᠷᠪᠠᠨ ᠪᠠᠲᠤᠯᠠᠭ᠎ᠠ︾ ᠶᠢ ᠪᠠᠶᠡᠯᠡᠬᠦᠯᠵᠦ᠂ ᠶᠠᠳᠠᠭᠤ | ᠠᠴᠠ ᠠᠩᠬᠢᠵᠢᠷᠠᠭᠤᠯᠬᠤ ᠠᠶᠢᠮᠠᠭ ᠤᠨ ᠲᠡᠰ ᠤᠨ ᠠᠩᠬᠠᠨ ᠤ ᠬᠢᠨᠠᠯᠳᠠ᠂ ᠦᠪᠠᠷᠳᠡᠭᠡᠨ ᠵᠠᠰᠠᠬᠤ ᠤᠷᠤᠨ ᠤ ᠠᠵᠢᠯ | ᠤᠨ ᠦᠷ᠎ᠡ ᠪᠦᠲᠤᠮᠵᠢ ᠶᠢᠨ ᠰᠢᠯᠭᠠᠨ ᠬᠢᠨᠠᠯᠳᠠ᠂ ᠭᠤᠷᠪᠠᠲᠤᠭᠠᠷ ᠲᠠᠯ᠎ᠠ ᠶᠢᠨ ᠦᠨᠡᠯᠡᠯᠳᠡ ᠪᠠ ᠠᠶᠢᠮᠠᠭ ᠬᠤᠳᠠ ᠶᠢᠨ | ᠬᠠᠷᠢᠯᠴᠠᠨ ᠪᠠᠶᠢᠴᠠᠭᠠᠬᠤ ᠠᠵᠢᠯ ᠢ ᠤᠷᠤᠭᠰᠢᠲᠡᠢ ᠪᠠᠶᠡᠯᠡᠬᠦᠯᠪᠠ᠃ | ︵ᠲᠠᠪᠤ︶ ᠡᠯᠡᠰᠤᠨ ᠠᠵᠤ ᠦᠢᠯᠡᠰ ᠡᠷᠡᠬᠦᠯ ᠢᠶᠠᠷ ᠬᠦᠭᠵᠢᠪᠠ | ᠨᠢᠭᠡ ᠳᠤ ᠬᠦᠮᠦᠨ ᠤ ᠬᠦᠴᠦ ᠪᠠᠷ 49 ᠲᠦᠮᠠᠨ ᠮᠤ᠋ ᠵᠠᠭ ᠮᠤᠲᠤ ᠤᠶᠢᠵᠢᠭᠤᠯᠵᠦ᠂ ᠨᠠᠶᠢᠳᠠ 270 ᠲᠦᠮᠠᠨ | ᠮᠤ᠋ ᠳᠤ ᠬᠦᠷᠴᠦ᠂ ᠰᠡᠷᠬᠦᠭᠡᠨ ᠤᠶᠢᠵᠢᠭᠤᠯᠤᠭᠰᠠᠨ ᠪᠠᠶᠢᠭᠠᠯᠢ ᠶᠢᠨ ᠵᠠᠭ ᠤᠨ ᠤᠢ 40 ᠲᠦᠮᠠᠨ ᠮᠤ᠋ ᠪᠠᠶᠢᠵᠦ᠂ 18. | 5 ᠲᠦᠮᠠᠨ ᠮᠤ᠋ ᠴᠠᠭᠠᠨ ᠭᠤᠶᠤᠤ ᠲᠠᠷᠢᠵᠦ᠂ ᠨᠠᠶᠢᠳᠠ 54 ᠲᠦᠮᠠᠨ ᠮᠤ᠋ ᠳᠤ ᠬᠦᠷᠪᠠ︔ 33 ᠲᠦᠮᠠᠨ ᠮᠤ᠋ | ᠪᠠᠶᠢᠭᠠᠯᠢ ᠶᠢᠨ ᠪᠦᠭᠡᠷᠡᠭ ᠤᠨ ᠤᠢ ᠶᠢ ᠰᠡᠷᠬᠦᠭᠡᠨ ᠤᠶᠢᠵᠢᠭᠤᠯᠵᠦ᠂ 9 ᠲᠦᠮᠠᠨ ᠮᠤ᠋ ᠤᠯᠠᠭᠠᠨ ᠭᠤᠶᠤᠤ ᠲᠠᠷᠢᠵᠦ᠂ | ᠨᠠᠶᠢᠳᠠ 19.5 ᠲᠦᠮᠠᠨ ᠮᠤ᠋ ᠳᠤ ᠬᠦᠷᠪᠠ᠃ ᠬᠤᠶᠠᠷ ᠲᠤ ᠡᠯᠡᠰᠤᠨ ᠠᠵᠤ ᠦᠢᠯᠡᠰ ᠤᠨ ᠰᠢᠨᠵᠢᠯᠡᠭᠡ ᠮᠡᠷᠭᠡᠵᠢᠯ | ᠤᠨ ᠰᠤᠲᠤᠯᠤᠨ ᠨᠡᠭᠡᠭᠡᠬᠦ 36 ᠲᠦᠷᠦᠯ ᠵᠦᠢᠯ ᠢ ᠭᠡᠷᠡᠭᠵᠢᠬᠦᠯᠵᠦ᠂ ᠰᠤᠲᠤᠯᠤᠨ ᠨᠡᠭᠡᠭᠡᠭᠰᠡᠨ ᠰᠢᠨ᠎ᠡ | ᠪᠦᠲᠤᠭᠡᠭᠳᠡᠬᠦᠨ᠂ ᠰᠢᠨ᠎ᠡ ᠰᠢᠨᠵᠢᠯᠡᠭᠡ ᠮᠡᠷᠭᠡᠵᠢᠯ 40 ᠭᠠᠷᠤᠢ ᠲᠦᠷᠦᠯ ᠪᠠᠶᠢᠵᠦ᠂ ᠭᠤᠶᠤᠴᠢᠯᠠᠨ ᠮᠡᠳᠡᠬᠦᠯᠵᠦ | ᠡᠬᠦᠲᠤᠨ ᠪᠦᠲᠤᠭᠡᠭᠰᠡᠨ ᠲᠤᠰᠬᠠᠢ ᠠᠰᠢᠭ 19 ᠲᠦᠷᠦᠯ ᠪᠠᠶᠢᠵᠦ᠂ ᠴᠦᠯ ᠤᠨ ᠴᠠᠭᠠᠨ ᠭᠤᠶᠤᠤ ᠶᠢᠨ ᠭᠤᠶᠤᠴᠢᠯᠠᠨ | ᠮᠡᠳᠡᠬᠦᠯᠥᠭᠰᠡᠨ ᠰᠢᠨ᠎ᠡ ᠢᠳᠡᠭᠡᠨ ᠤ ᠵᠦᠢᠯ ᠤᠨ ᠤᠤᠯ ᠮᠠᠲ᠋ᠧᠷᠢᠶᠠᠯ ᠤᠨ ᠲᠦᠷᠦᠯ ᠵᠦᠢᠯ ᠰᠢᠪᠲᠤᠯᠤᠯᠳᠠ ᠶᠢᠨ | ᠴᠢᠨᠠᠷᠲᠡᠢ ᠠᠬᠢᠴᠠ ᠲᠠᠢ ᠪᠤᠯᠪᠠ᠃ 2016 ᠤᠨ ᠳᠤ ᠤᠯᠤᠰ ᠤᠨ ᠪᠠ ᠦᠪᠠᠷᠳᠡᠭᠡᠨ ᠵᠠᠰᠠᠬᠤ ᠤᠷᠤᠨ ᠤ 15 | ᠲᠦᠷᠦᠯ ᠵᠦᠢᠯ ᠢ ᠲᠡᠮᠡᠴᠠᠨ ᠤᠯᠵᠦ᠂ ᠡᠬᠦᠨ ᠳᠤ 1 ᠲᠦᠷᠦᠯ ᠵᠦᠢᠯ ᠢ ᠤᠯᠤᠰ ᠤᠨ ᠭᠤᠤᠯᠳᠠᠯᠭ᠎ᠠ ᠲᠠᠢ | ᠰᠤᠲᠤᠯᠤᠨ ᠨᠡᠭᠡᠭᠡᠬᠦ ᠲᠦᠯᠦᠪᠯᠡᠭᠡ ᠶᠢᠨ 3000 ᠲᠦᠮᠠᠨ ᠲᠦᠬᠦᠷᠢᠭ ᠤᠨ ᠲᠦᠷᠦᠯ ᠵᠦᠢᠯ ᠪᠠᠶᠢᠭᠤᠯᠬᠤ | ᠲᠠᠮᠵᠢᠯᠭᠡ ᠶᠢ ᠬᠦᠷᠳᠡᠵᠦ᠂ 4 ᠲᠦᠷᠦᠯ ᠵᠦᠢᠯ ᠢ ᠦᠪᠠᠷᠳᠡᠭᠡᠨ ᠵᠠᠰᠠᠬᠤ ᠤᠷᠤᠨ ᠤ ᠰᠢᠨᠵᠢᠯᠡᠭᠡ ᠮᠠᠷᠭᠡᠵᠢᠯ ᠤᠨ | ᠴᠢᠬᠤᠯᠨ ᠶᠡᠭᠡ ᠲᠤᠰᠬᠠᠢ ᠲᠦᠷᠦᠯ ᠤᠨ 1500 ᠲᠦᠮᠠᠨ ᠲᠦᠬᠦᠷᠢᠭ ᠤᠨ ᠲᠦᠷᠦᠯ ᠵᠦᠢᠯ ᠪᠠᠶᠢᠭᠤᠯᠬᠤ ᠲᠡᠮᠵᠢᠯᠭᠡ | ᠶᠢ ᠬᠦᠷᠳᠡᠪᠠ᠃ ᠭᠤᠷᠪᠠ ᠳᠤ ᠮᠧᠩ ᠼᠤᠤ᠂ ᠢ ᠯᠢ᠂ ᠱᠧᠩ ᠮᠤ᠋ ᠲᠡᠭᠡᠲᠤ ᠰᠢᠨᠵᠢᠯᠡᠭᠡ ᠮᠡᠷᠭᠡᠵᠢᠯ ᠵᠡᠷᠭᠡ ᠠᠵᠤ | ᠠᠬᠤᠶᠢᠯᠠᠯ ᠢ ᠤᠷᠢᠨ ᠤᠷᠤᠭᠤᠯᠵᠦ᠂ ᠴᠠᠭᠠᠨ ᠭᠤᠶᠤᠤ ᠶᠢᠨ ᠪᠦᠯᠦᠭᠯᠠᠯ᠂ ᠮᠠᠨᠲᠤᠯ᠂ ᠶᠢᠨ ᠱᠠ ᠶᠤᠸᠠᠨ ᠵᠡᠷᠭᠡ ᠨᠢᠭᠡ | ᠪᠦᠯᠦᠭ ᠠᠵᠤ ᠠᠬᠤᠶᠢᠯᠠᠯ ᠢ ᠲᠡᠮᠵᠢᠨ ᠬᠦᠭᠵᠢᠨ ᠪᠤᠵᠠᠭᠠᠶᠢᠷᠠᠭᠤᠯᠵᠦ᠂ ︽ᠺᠤᠮᠫᠠᠨᠢ + ᠰᠠᠭᠤᠷᠢᠨ ᠭᠠᠵᠠᠷ + | ᠰᠢᠨᠵᠢᠯᠡᠭᠡ ᠰᠤᠲᠤᠯᠤᠯ + ᠬᠤᠷᠰᠢᠶᠠᠵᠢᠯ︾ ᠢᠶᠠᠷ ᠭᠦᠭᠵᠢᠬᠦᠯᠬᠦ ᠭᠡᠪ ᠮᠠᠶ᠋ᠢᠭ ᠢ ᠢᠳᠡᠪᠬᠢᠲᠡᠢ ᠲᠦᠯᠬᠢᠨ ᠠᠬᠢᠭᠤᠯᠵᠦ᠂ | 48 ᠡᠷᠤᠭᠡ ᠡᠯᠡᠰᠤᠨ ᠠᠵᠤ ᠠᠬᠤᠶᠢᠯᠠᠯ ᠢ ᠬᠦᠭᠵᠢᠬᠦᠯᠪᠠ᠃ | ᠦᠩᠭᠡᠷᠡᠭᠰᠡᠨ ᠨᠢᠭᠡ ᠵᠢᠯ ᠳᠤ᠂ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠢᠢᠮᠤ | ᠰᠠᠶᠢᠨ ᠦᠷ᠎ᠠ ᠪᠦᠲᠤᠮᠵᠢ ᠤᠯᠵᠦ ᠴᠢᠳᠠᠭᠰᠠᠨ ᠨᠢ ᠦᠨ᠋ᠨᠨ ᠬᠢᠯᠪᠠᠷ ᠪᠢᠰᠢ ᠶᠤᠮ᠃ ᠡᠨ᠋ᠨ ᠪᠤᠯ ᠠᠶᠢᠮᠠᠭ ᠤᠨ ᠨᠠᠮ ᠤᠨ | ᠬᠤᠷᠢᠶ᠎ᠡ᠂ ᠵᠠᠬᠢᠷᠭ᠎ᠠ ︽ᠭᠤᠷᠪᠠᠨ ᠲᠠᠷᠢᠶᠠᠯᠠᠩ ᠭᠤᠷᠪᠠᠨ ᠮᠠᠯᠵᠢᠯ︾ ᠤᠨ ᠠᠵᠢᠯ ᠢ ᠢᠮᠠᠭᠳᠠ ᠴᠢᠬᠤᠯᠠᠴᠢᠯᠠᠨ | ᠦᠵᠡᠭᠰᠡᠨ ᠪᠠ ᠴᠢᠩᠭᠠᠳᠬᠠᠭᠰᠠᠨ ᠤ ᠦᠷ᠎ᠡ ᠳ᠋ᠦᠩ ᠮᠦᠨ᠂ ᠮᠦᠨᠴᠦ ᠪᠦᠬᠦ ᠠᠶᠢᠮᠠᠭ ᠤᠨ ᠲᠡᠭᠡᠲᠤ ᠲᠤᠤᠷᠠᠲᠤ | ᠱᠠᠲᠤᠨ ᠤ ᠰᠢᠨᠳᠠᠷᠠᠰᠢ ᠦᠭᠡᠢ᠂ ᠬᠠᠮᠲᠤ ᠪᠠᠷ ᠲᠡᠮᠡᠭᠴᠡᠭᠰᠡᠨ ᠤ ᠦᠷ᠎ᠠ ᠳ᠋ᠦᠩ ᠮᠦᠨ᠂ ᠡᠯ᠎ᠠ ᠬᠤᠰᠢᠭᠤ ᠤᠷᠤᠨ | ᠲᠤᠭᠤᠷᠢᠭ᠂ ᠡᠯ᠎ᠠ ᠰᠠᠯᠠᠭ᠎ᠠ ᠮᠦᠴᠢᠷ ᠤᠨᠴᠠᠭᠠᠶᠢᠯᠠᠨ ᠦᠷᠭᠡᠨ ᠤᠯᠠᠨ ᠦᠨᠲᠤᠰᠤᠨ ᠱᠠᠲᠤᠨᠣ ᠺᠠᠳ᠋ᠷ᠂ ᠲᠠᠷᠢᠶᠠᠯᠠᠩ | ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠠᠵᠢᠯᠳᠠᠨ ᠪᠠ ᠮᠠᠯᠴᠢᠨ ᠲᠠᠷᠢᠶᠠᠴᠢᠨ ᠤᠯᠠᠨ ᠲᠦᠮᠠᠨ ᠤ | ᠬᠠᠳᠠᠭᠤ ᠰᠢᠷᠭᠠᠭᠤ ᠴᠢᠷᠮᠠᠶᠢᠯᠳᠠ ᠶᠢᠨ ᠨᠢᠭᠳᠠᠷᠠᠯ ᠮᠦᠨ᠃ ᠠᠳᠡ᠂ ᠪᠢ ᠠᠶᠢᠮᠠᠭ ᠤᠨ ᠨᠠᠮ ᠤᠨ ᠬᠤᠷᠢᠶ᠎ᠡ᠂ | ᠵᠠᠬᠢᠷᠭ᠎ᠠ ᠶᠢ ᠲᠦᠯᠦᠭᠡᠯᠡᠵᠦ᠂ ᠪᠦᠬᠦ ᠠᠶᠢᠮᠠᠭ ᠤᠨ ︽ᠭᠤᠷᠪᠠᠨ ᠲᠠᠷᠢᠶᠠᠯᠠᠩ ᠭᠤᠷᠪᠠᠨ ᠮᠠᠯᠵᠢᠯ︾ ᠤᠨ ᠠᠵᠢᠯ ᠤᠨ | ᠹᠷᠤᠨᠲ ᠲᠡᠭᠡᠷ᠎ᠠ ᠠᠵᠢᠯᠯᠠᠵᠦ ᠪᠠᠶᠢᠭ᠎ᠠ ᠨᠦᠬᠦᠳ ᠲᠤ ᠴᠢᠩ ᠰᠡᠳᠬᠢᠯ ᠠᠴᠠ ᠪᠠᠨ ᠲᠠᠯᠠᠷᠬᠠᠵᠦ ᠪᠠᠶᠢᠬᠤ ᠪᠠᠨ | ᠢᠯᠡᠳᠭᠡᠶ᠎ᠡ︕ | ᠬᠤᠶᠠᠷ᠂ ᠮᠠᠯᠵᠢᠬᠤ ᠲᠠᠷᠢᠶᠠᠯᠠᠬᠤ ᠤᠷᠤᠨ ᠤ ᠠᠵᠢᠯ ᠳᠤ ᠲᠤᠯᠭᠠᠷᠠᠵᠦ ᠪᠠᠶᠢᠭ᠎ᠠ ᠠᠵᠠ ᠲᠤᠬᠢᠶᠠᠯ ᠪᠠ | ᠦᠷᠢᠰᠦᠯᠲᠤᠭᠡᠨ ᠢ ᠤᠨᠤᠪᠴᠢᠲᠡᠢ ᠡᠵᠡᠮᠰᠢᠬᠦ ᠭᠡᠷᠡᠭᠲᠡᠢ | ᠦᠨᠦ ᠵᠢᠯ᠂ ᠲᠦᠪ ᠬᠤᠷᠢᠶ᠎ᠡ ᠠᠴᠠ ᠠᠷᠪᠠᠨ ᠲᠦᠷᠪᠠᠳᠡᠬᠢ ︽ᠭᠤᠷᠪᠠᠨ ᠲᠠᠷᠢᠶᠠᠯᠠᠩ︾ ᠤᠨ ᠠᠵᠢᠯ ᠢ | ᠵᠢᠯᠤᠭᠤᠳᠬᠤ ︽1 ᠳ᠋ᠤᠭᠡᠷ ᠲᠤᠭᠠᠲᠤ ᠪᠢᠴᠢᠭ ᠮᠠᠲ᠋ᠧᠷᠢᠶᠠᠯ︾ ᠢ ᠦᠷᠬᠦᠯᠵᠢᠯᠠᠨ ᠲᠠᠷᠬᠠᠭᠠᠪᠠ᠂ ᠡᠨ᠋ᠨ ᠨᠢ ᠨᠠᠮ ᠤᠨ | ᠲᠦᠪ ᠬᠤᠷᠢᠶ᠎ᠡ ᠠᠴᠠ ᠮᠠᠯᠵᠢᠬᠤ ᠲᠠᠷᠢᠶᠠᠯᠠᠬᠤ ᠤᠷᠤᠨ ᠤ ᠠᠵᠢᠯ ᠢ ᠲᠡᠭᠡᠲᠤ ᠭᠡᠮᠵᠢᠶ᠎ᠡ ᠪᠠᠷ ᠴᠢᠬᠤᠯᠠᠴᠢᠯᠠᠨ ᠦᠵᠠᠵᠦ | ᠪᠠᠶᠢᠬᠤ ᠶᠢ ᠬᠦᠢᠴᠡᠳ ᠢᠯᠡᠷᠡᠬᠦᠯᠵᠠᠢ᠃ ᠰᠢᠨ᠎ᠡ ᠪᠠᠶᠢᠳᠠᠯ ᠰᠢᠨ᠎ᠡ ᠡᠬᠦᠷᠭᠡ ᠳᠤ ᠴᠢᠭᠯᠡᠬᠦᠯᠵᠦ᠂ ᠪᠢᠳᠡ ᠵᠠᠪᠠᠯ | ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠴᠢᠭᠯᠡᠯ ᠢ ᠤᠨᠤᠪᠴᠢᠲᠡᠢ ᠡᠵᠡᠮᠳᠡᠵᠦ᠂ ᠤᠷᠤᠰᠢᠵᠦ ᠪᠠᠶᠢᠭ᠎ᠠ | ᠬᠦᠴᠢᠷᠳᠡᠯ ᠪᠠ ᠦᠷᠢᠰᠦᠯᠲᠤᠭᠡᠨ ᠢ ᠨᠠᠷᠢᠨ ᠬᠢᠨᠠᠮᠠᠭᠠᠢ ᠰᠤᠲᠤᠯᠵᠦ᠂ ᠰᠢᠨ᠎ᠡ ᠪᠠᠶᠢᠳᠠᠯ ᠲᠤᠤᠷᠠᠬᠢ ᠮᠠᠯᠵᠢᠬᠤ | ᠲᠠᠷᠢᠶᠠᠯᠠᠬᠤ ᠤᠷᠤᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠭᠡᠷᠡᠭᠲᠡᠢ᠃ | ᠨᠢᠲᠤᠨ ᠡᠮᠤᠨᠠᠬᠢ ᠪᠠᠶᠢᠳᠠᠯ ᠠᠴᠠ ᠠᠪᠴᠦ ᠦᠵᠠᠪᠠᠯ᠂ ᠪᠢᠳᠠᠨ ᠳᠤ ᠨᠠᠩ ᠤᠯᠠᠨ ᠬᠦᠭᠵᠢᠯᠳᠡ ᠶᠢᠨ ᠠᠵᠠ | ᠲᠤᠬᠢᠶᠠᠯ ᠲᠤᠯᠭᠠᠷᠠᠵᠦ ᠪᠠᠶᠢᠨ᠎ᠠ᠂ ᠨᠢᠭᠡ ᠳᠤ ᠲᠦᠪ ᠬᠤᠷᠢᠶ᠎ᠡ ᠠᠴᠠ ︽ᠲᠠᠷᠢᠶᠠᠯᠠᠩ ᠠᠵᠤ ᠠᠬᠤᠢ ᠶᠢᠨ ᠬᠠᠩᠭᠠᠯᠭ᠎ᠠ | ᠶᠢᠨ ᠲᠠᠯ᠎ᠠ ᠶᠢᠨ ᠪᠦᠲᠤᠴᠠ ᠶᠢᠨ ᠴᠢᠨᠠᠷᠲᠡᠢ ᠦᠭᠡᠷᠡᠴᠢᠯᠡᠯᠳᠡ ᠶᠢ ᠠᠬᠢᠭᠤᠯᠵᠦ ᠲᠠᠷᠢᠶᠠᠯᠠᠩ ᠬᠦᠳᠡᠭᠡ ᠲᠤᠰᠬᠤᠨ ᠤ | ᠬᠦᠭᠵᠢᠯᠳᠡ ᠶᠢᠨ ᠰᠢᠨ᠎ᠡ ᠬᠦᠳᠡᠯᠤᠩᠬᠦᠢ ᠴᠢᠳᠠᠪᠤᠷᠢ ᠶᠢ ᠲᠦᠷᠭᠡᠳᠭᠡᠨ ᠪᠤᠶᠢᠵᠢᠭᠤᠯᠬᠤ ᠲᠤᠬᠠᠢ ᠰᠠᠨᠠᠯ ᠤᠳ︾ ᠢ | ᠲᠤᠷᠠᠲᠤᠨ ᠭᠠᠷᠭᠠᠪᠠ᠂ ᠡᠨ᠋ᠨ ᠪᠤᠯ ︽ᠭᠤᠷᠪᠠᠨ ᠲᠠᠷᠢᠶᠠᠯᠠᠩ ᠭᠤᠷᠪᠠᠨ ᠮᠠᠯᠵᠢᠯ︾ ᠤᠨ ᠬᠦᠷᠢᠶ᠎ᠡ ᠭᠡᠪᠴᠢᠶᠠᠨ ᠳᠠᠬᠢ | ᠨᠢᠭᠡᠨ ᠤᠳᠠᠭᠠᠨ ᠤ ᠬᠦᠨᠵᠡᠭᠡᠢ ᠬᠤᠪᠢᠰᠤᠯ ᠪᠤᠯᠤᠨ᠎ᠠ᠂ ᠤᠯᠠᠮᠵᠢᠯᠠᠨ ᠤᠷᠲᠤᠳᠬᠠᠵᠦ ᠪᠤᠯᠬᠤ ᠮᠦᠷᠳᠡᠭᠡᠨ ᠨᠠᠩ ᠴᠤ | ᠰᠢᠨ᠎ᠡ ᠶᠢ ᠡᠬᠦᠲᠤᠨ ᠬᠦᠭᠵᠢᠬᠦᠯᠵᠦ ᠪᠤᠯᠤᠨ᠎ᠠ᠂ ᠡᠨ᠋ᠨ ᠨᠢ ᠰᠢᠨ᠎ᠡ ᠪᠠᠶᠢᠳᠠᠯ ᠲᠤᠤᠷᠠᠬᠢ ᠲᠠᠷᠢᠶᠠᠯᠠᠩ ᠮᠠᠯ ᠠᠵᠤ ᠠᠬᠤᠢ | ᠶᠢᠨ ᠦᠭᠡᠷᠡᠴᠢᠯᠡᠯᠳᠡ ᠬᠦᠭᠵᠢᠬᠦᠯᠦᠯᠳᠡ ᠶᠢᠨ ᠭᠤᠤᠯᠳᠠᠯᠭ᠎ᠠ ᠪᠠ ᠴᠢᠭᠯᠡᠯ ᠢ ᠵᠢᠭᠠᠨ ᠲᠤᠲᠤᠷᠬᠠᠶᠢᠯᠠᠪᠠ᠃ ᠬᠤᠶᠠᠷ ᠲᠤ | ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠠᠴᠠ ︽ᠲᠠᠷᠢᠶᠠᠯᠠᠩ ᠠᠵᠤ ᠠᠬᠤᠢ ᠶᠢᠨ ᠬᠠᠩᠭᠠᠯᠭ᠎ᠠ ᠶᠢᠨ | ᠲᠠᠯ᠎ᠠ ᠶᠢᠨ ᠪᠦᠲᠤᠴᠠ ᠶᠢᠨ ᠴᠢᠨᠠᠷᠲᠡᠢ ᠦᠭᠡᠷᠡᠴᠢᠯᠡᠯᠳᠡ ᠶᠢ ᠲᠦᠯᠬᠢᠨ ᠠᠬᠢᠭᠤᠯᠵᠦ ᠲᠠᠷᠢᠶᠠᠯᠠᠩ ᠬᠦᠳᠡᠭᠡ ᠲᠤᠰᠬᠤᠨ | ᠤ ᠬᠦᠭᠵᠢᠯᠳᠡ ᠶᠢᠨ ᠰᠢᠨ᠎ᠡ ᠬᠦᠳᠡᠯᠤᠩᠬᠦᠢ ᠴᠢᠳᠠᠪᠤᠷᠢ ᠶᠢ ᠲᠦᠷᠭᠡᠳᠭᠡᠨ ᠪᠤᠶᠢᠵᠢᠭᠤᠯᠬᠤ ᠲᠤᠬᠠᠢ ᠭᠡᠷᠡᠭᠵᠢᠬᠦᠯᠬᠦ | ᠰᠠᠨᠠᠯ︾ ᠢ ᠲᠠᠷᠤᠮᠠᠯᠯᠠᠨ ᠲᠠᠷᠬᠠᠭᠠᠵᠦ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠮᠠᠯᠵᠢᠬᠤ | ᠲᠠᠷᠢᠶᠠᠯᠠᠬᠤ ᠤᠷᠤᠨ ᠤ ᠠᠵᠢᠯ ᠤᠨ ᠬᠤᠷᠠᠯ ᠠᠴᠠ ᠶᠠᠷᠤᠩᠭᠡᠢ ᠱᠠᠭᠠᠷᠳᠠᠯᠭ᠎ᠠ ᠶᠢ ᠲᠤᠲᠤᠷᠬᠠᠢ ᠲᠤᠷᠠᠳᠴᠦ ᠭᠠᠷᠭᠠᠪᠠ᠂ | ᠡᠨ᠋ᠨ ᠪᠤᠯ ᠪᠦᠬᠦ ᠠᠶᠢᠮᠠᠭ ᠤᠨ ᠨᠢᠲᠤᠨ ᠡᠮᠤᠨᠡᠬᠢ ᠪᠠ ᠬᠤᠶᠢᠰᠢᠳᠠ ᠶᠢᠨ ᠨᠢᠭᠡᠨ ᠬᠤᠭᠤᠴᠠᠭᠠᠨ ᠤ ︽ᠭᠤᠷᠪᠠᠨ | ᠲᠠᠷᠢᠶᠠᠯᠠᠩ ᠭᠤᠷᠪᠠᠨ ᠮᠠᠯᠵᠢᠯ︾ ᠤᠨ ᠠᠵᠢᠯ ᠢ ᠰᠠᠶᠢᠲᠤᠷ ᠬᠢᠬᠦ ᠶᠢᠨ ᠦᠨᠲᠤᠰᠤᠨ ᠵᠢᠷᠤᠮᠵᠢᠯ ᠮᠦᠨ᠃ ᠭᠤᠷᠪᠠ ᠳᠤ | ᠮᠠᠨ ᠤ ᠠᠶᠢᠮᠠᠭ ᠤᠨ ᠨᠢᠭᠡᠨᠳᠡ ᠪᠤᠢ ᠪᠤᠯᠤᠭᠰᠠᠨ ᠦᠢᠯᠡᠳᠪᠤᠷᠢᠯᠠᠯ᠂ ᠠᠮᠢᠲᠤᠷᠠᠯ᠂ ᠠᠮᠢ ᠠᠬᠤᠢ ᠶᠢᠨ ᠤᠷᠤᠨ ᠵᠠᠢ | ᠶᠢᠨ ᠪᠠᠶᠢᠷᠢᠯᠠᠭᠤᠯᠤᠯᠳᠠ᠂ ᠪᠤᠬᠢᠷᠲᠤᠯ ᠦᠭᠡᠢ᠂ ᠤᠬᠢ ᠪᠦᠲᠤᠭᠡᠭᠳᠡᠬᠦᠨ᠂ ᠲᠡᠭᠡᠲᠤ ᠲᠡᠰ ᠤᠨ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠤᠭᠡᠭᠳᠡᠬᠦᠨ ᠤ ᠤᠨᠴᠠᠯᠢᠭ᠂ ᠪᠤᠳᠠᠲᠠᠢ ᠳᠤ ᠲᠤᠬᠢᠷᠠᠭᠰᠠᠨ ︽ᠲᠠᠪᠤᠨ ᠶᠡᠭᠡ | ᠦᠪᠠᠷᠮᠢᠴᠡ ᠤᠨᠴᠠᠯᠢᠭ︾ ᠤᠨ ᠲᠠᠪᠠᠭᠤᠯᠢᠭ ᠠᠵᠤ ᠦᠢᠯᠡᠰ ᠨᠢ ᠲᠠᠷᠢᠶᠠᠯᠠᠩ ᠠᠵᠤ ᠦᠢᠯᠡᠰ ᠤᠨ ᠬᠠᠩᠭᠠᠯᠭ᠎ᠠ ᠶᠢᠨ | ᠲᠠᠯ᠎ᠠ ᠶᠢᠨ ᠪᠦᠲᠤᠴᠠ ᠶᠢᠨ ᠴᠢᠨᠠᠷᠲᠡᠢ ᠦᠭᠡᠷᠡᠴᠢᠯᠡᠯᠳᠡ ᠶᠢᠨ ᠱᠠᠭᠠᠷᠳᠠᠯᠭ᠎ᠠ ᠪᠤᠯᠤᠨ ᠭᠡᠷᠡᠭᠯᠡᠭᠴᠢᠳ ᠤᠨ ᠭᠡᠷᠡᠭᠴᠡᠭᠡ | ᠱᠠᠭᠠᠷᠳᠠᠯᠭ᠎ᠠ ᠳᠤ ᠨᠠᠶᠢᠴᠡᠬᠦ ᠪᠠᠷ ᠪᠠᠷᠠᠬᠤ ᠦᠭᠡᠢ᠂ ᠮᠦᠨᠴᠦ ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠰ ᠤᠨ | ᠪᠦᠲᠤᠴᠠ ᠶᠢᠨ ᠲᠤᠬᠢᠷᠠᠭᠤᠯᠤᠯᠳᠠ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠬᠦᠭᠵᠢᠯᠳᠡ | ᠳᠤ ᠠᠰᠢᠭ ᠲᠠᠢ ᠶᠤᠮ᠃ ᠡᠳᠡᠭᠡᠷ ᠨᠢ ᠪᠦᠷ ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠡᠯᠳᠡ ᠬᠦᠭᠵᠢᠬᠦᠯᠦᠯᠳᠡ | ᠶᠢ ᠲᠦᠷᠭᠡᠳᠭᠡᠬᠦ ᠳᠤ ᠪᠠᠲᠤ ᠪᠠᠬᠢ ᠰᠠᠭᠤᠷᠢ ᠶᠢ ᠬᠠᠩᠭᠠᠭᠰᠠᠨ ᠪᠠ ᠴᠢᠬᠤᠯᠨ ᠪᠠᠲᠤᠯᠠᠭ᠎ᠠ ᠬᠠᠩᠭᠠᠵᠠᠢ᠃ | ᠭᠡᠪᠠᠴᠦ᠂ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠡᠯᠳᠡ ᠬᠦᠭᠵᠢᠬᠦᠯᠦᠯᠳᠡ ᠶᠢᠨ | ᠠᠬᠢᠴᠠ ᠲᠤᠮᠳᠠ ᠬᠠᠰᠢᠯᠨ ᠨᠢᠭᠡ ᠭᠡᠰᠡᠭ ᠬᠦᠴᠢᠷᠳᠡᠯ ᠪᠠ ᠠᠰᠠᠭᠤᠳᠠᠯ ᠤᠷᠤᠰᠢᠵᠦ ᠪᠠᠶᠢᠨ᠎ᠠ ᠭᠡᠰᠡᠨ ᠢ ᠪᠢᠳᠡ | ᠡᠷᠭᠡᠪᠰᠢ ᠤᠯᠵᠦ ᠬᠠᠷᠠᠬᠤ ᠭᠡᠷᠡᠭᠲᠡᠢ᠂ ᠭᠤᠤᠯᠳᠠᠭᠤ᠂ ᠨᠢᠭᠡ ᠳᠤ ᠮᠠᠯᠵᠢᠬᠤ ᠲᠠᠷᠢᠶᠠᠯᠠᠬᠤ ᠤᠷᠤᠨ ᠤ | ᠭᠡᠪᠴᠢᠶᠠᠵᠢᠬᠦᠯᠦᠨ ᠡᠵᠡᠩᠨᠡᠬᠦ ᠬᠢᠷᠢ ᠲᠦᠪᠰᠢᠨ ᠲᠤᠤᠷ᠎ᠠ᠂ ᠬᠦᠳᠡᠯᠮᠤᠷᠢ ᠦᠢᠯᠡᠳᠪᠤᠷᠢᠯᠠᠯ ᠤᠨ ᠨᠤᠷᠮ᠎ᠠ ᠲᠤᠤᠷ᠎ᠠ᠂ | ᠦᠢᠯᠡᠳᠪᠤᠷᠢᠯᠠᠯ ᠤᠨ ᠦᠪᠠᠷ ᠤᠨ ᠦᠷᠳᠡᠭ ᠦᠨᠲᠤᠷ᠂ ᠲᠠᠷᠢᠶᠠᠯᠠᠩ ᠮᠠᠯ ᠠᠵᠤ ᠠᠬᠤᠢ ᠶᠢᠨ ᠪᠦᠲᠤᠴᠠ ᠶᠢ | ᠲᠤᠬᠢᠷᠠᠭᠤᠯᠬᠤ᠂ ᠦᠢᠯᠡᠳᠪᠤᠷᠢᠯᠠᠯ ᠡᠵᠡᠩᠨᠡᠯᠳᠡ ᠶᠢᠨ ᠠᠷᠭ᠎ᠠ ᠭᠡᠯᠪᠠᠷᠢ ᠶᠢ ᠬᠤᠪᠢᠷᠠᠭᠤᠯᠬᠤ᠂ ᠮᠠᠯᠴᠢᠨ ᠲᠠᠷᠢᠶᠠᠴᠢᠨ ᠤ | ᠤᠷᠤᠯᠭ᠎ᠠ ᠶᠢ ᠦᠷᠬᠦᠯᠵᠢᠯᠠᠨ ᠲᠤᠭᠳᠠᠭᠤᠨ ᠢᠶᠠᠷ ᠦᠰᠭᠡᠬᠦ ᠡᠬᠦᠷᠭᠡ ᠲᠤᠶᠢᠯ ᠤᠨ ᠬᠠᠳᠠᠭᠤ ᠪᠡᠷᠭᠡ ᠪᠠᠶᠢᠨ᠎ᠠ︔ ᠬᠤᠶᠠᠷ | ᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠤᠭᠡᠭᠳᠡᠬᠦᠨ ᠤ ᠬᠠᠩᠭᠠᠯᠭ᠎ᠠ ᠶᠢᠨ ᠱᠠᠭᠠᠷᠳᠠᠯᠭ᠎ᠠ ᠶᠢᠨ ᠪᠦᠲᠤᠴᠠ | ᠪᠠ ᠡᠯᠧᠮᠧᠨ᠋ᠲ ᠶᠢᠨ ᠲᠤᠬᠢᠷᠠᠭᠤᠯᠤᠯᠳᠠ ᠵᠦᠢ ᠵᠤᠬᠢᠰ ᠦᠭᠡᠢ᠂ ᠮᠠᠯᠴᠢᠨ ᠲᠠᠷᠢᠶᠠᠴᠢᠨ ᠤ ᠤᠷᠤᠯᠭ᠎ᠠ ᠶᠢ ᠦᠷᠬᠦᠯᠵᠢᠯᠡᠨ | ᠨᠡᠮᠡᠭᠳᠡᠬᠦᠯᠬᠦ ᠬᠦᠴᠦᠨ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠲᠤᠪᠤᠶᠢᠮ᠎ᠠ ᠪᠠᠶᠢᠨ᠎ᠠ︔ᠭᠤᠷᠪᠠ ᠳᠤ | ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠭᠡᠷᠤᠮᠵᠢ ᠪᠠᠭᠤᠷᠠᠢ᠂ ᠰᠤᠷᠭᠠᠨ ᠬᠦᠮᠦᠵᠢᠯ᠂ ᠡᠮ ᠡᠮᠨᠡᠯᠭᠡ ᠵᠡᠷᠭᠡ | ᠦᠨᠲᠤᠰᠤᠨ ᠤᠯᠠᠨ ᠨᠠᠶᠢᠳᠠ ᠶᠢᠨ ᠦᠢᠯᠡᠴᠢᠯᠡᠭᠡ ᠲᠡᠩᠴᠡᠬᠦᠷᠢ ᠦᠭᠡᠢ ᠪᠠᠶᠢᠨ᠎ᠠ᠃ᠮᠠᠨ ᠤ ᠠᠶᠢᠮᠠᠭ ᠤᠨ ᠲᠠᠷᠢᠶᠠᠯᠠᠩ | ᠮᠠᠯ ᠠᠵᠤ ᠠᠬᠤᠢ ᠶᠢᠨ ᠬᠦᠭᠵᠢᠯᠳᠡ ᠲᠤᠮᠳᠠᠬᠢ ᠡᠳᠡᠭᠡᠷ ᠠᠰᠠᠭᠤᠳᠠᠯ ᠢ ᠡᠷᠭᠡᠪᠰᠢ ᠲᠠᠨᠢᠪᠠᠯ ᠵᠤᠬᠢᠨ᠎ᠠ᠂ ᠬᠠᠩᠭᠠᠯᠭ᠎ᠠ | ᠶᠢᠨ ᠲᠠᠯ᠎ᠠ ᠪᠠ ᠭᠡᠷᠡᠭᠴᠡᠭᠡ ᠱᠠᠭᠠᠷᠳᠠᠯᠭ᠎ᠠ ᠶᠢᠨ ᠠᠰᠠᠭᠤᠳᠠᠯ ᠪᠦᠷ ᠤᠷᠤᠰᠢᠵᠦ ᠪᠠᠶᠢᠨ᠎ᠠ᠂ ᠭᠡᠪᠠᠴᠦ ᠵᠦᠷᠢᠴᠠᠯ ᠤᠨ | ᠭᠤᠤᠯ ᠲᠠᠯ᠎ᠠ ᠨᠢ ᠬᠠᠩᠭᠠᠯᠭ᠎ᠠ ᠶᠢᠨ ᠲᠠᠯ᠎ᠠ ᠳᠤ ᠪᠤᠢ᠂ ᠲᠡᠷᠡᠴᠢᠯᠠᠨ ᠭᠤᠤᠯᠳᠠᠭᠤ ᠪᠦᠲᠤᠴᠠ ᠶᠢᠨ ᠴᠢᠨᠠᠷᠲᠡᠢ ᠪᠠ | ᠪᠠᠶᠢᠭᠤᠯᠤᠯ ᠤᠨ ᠲᠤᠭᠳᠠᠴᠠ ᠶᠢᠨ ᠴᠢᠨᠠᠷᠲᠡᠢ ᠠᠰᠠᠭᠤᠳᠠᠯ ᠪᠤᠯᠤᠨ᠎ᠠ᠃ ᠢᠢᠮᠤ ᠠᠴᠠ᠂ ᠪᠢᠳᠡ ᠲᠠᠷᠢᠶᠠᠯᠠᠩ ᠮᠠᠯ ᠠᠵᠤ | ᠠᠬᠤᠢ ᠶᠢ ᠦᠷᠬᠦᠯᠵᠢᠯᠠᠨ ᠲᠤᠭᠳᠠᠭᠤᠨ ᠢᠶᠠᠷ ᠬᠦᠭᠵᠢᠬᠦᠯᠬᠦ ᠶᠢ ᠲᠦᠯᠬᠢᠨ ᠠᠬᠢᠭᠤᠯᠬᠤ᠂ ᠲᠠᠷᠢᠶᠠᠯᠠᠩ ᠮᠠᠯ ᠠᠵᠤ | ᠠᠬᠤᠢ ᠶᠢᠨ ᠤᠲᠤᠬᠢᠴᠢᠯᠠᠯᠳᠠ ᠶᠢᠨ ᠪᠦᠲᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠳᠤ᠂ ᠡᠷᠭᠡᠪᠰᠢ | ᠬᠠᠩᠭᠠᠯᠭ᠎ᠠ ᠶᠢᠨ ᠲᠠᠯ᠎ᠠ ᠠᠴᠠ ᠭᠠᠷᠳᠠᠵᠦ᠂ ᠪᠠᠶᠢᠭᠤᠯᠤᠯ ᠤᠨ ᠲᠤᠭᠳᠠᠴᠠ ᠶᠢᠨ ᠰᠢᠨ᠎ᠡ ᠶᠢ ᠡᠬᠦᠳᠬᠦ ᠲᠡᠭᠡᠷ᠎ᠡ ᠬᠦᠴᠦ | ᠪᠠᠨ ᠲᠠᠯᠪᠢᠵᠦ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠠᠷᠭ᠎ᠠ | ᠭᠡᠯᠪᠠᠷᠢ ᠪᠠᠨ ᠲᠦᠷᠭᠡᠳᠭᠡᠨ ᠬᠤᠪᠢᠷᠠᠭᠤᠯᠬᠤ ᠭᠡᠷᠡᠭᠲᠡᠢ᠃ | ᠶᠡᠷᠤᠩᠭᠡᠶᠢᠯᠡᠪᠠᠯ᠂ ᠪᠢᠳᠡ ᠵᠠᠪᠠᠯ ᠨᠢᠲᠤᠨ ᠡᠮᠤᠨᠡᠬᠢ ᠬᠦᠭᠵᠢᠯᠳᠡ ᠶᠢᠨ ᠠᠵᠠ ᠲᠤᠬᠢᠶᠠᠯ ᠢ ᠪᠠᠲᠤ ᠪᠠᠬᠢ | ᠡᠵᠡᠮᠳᠡᠵᠦ᠂ ᠤᠷᠤᠰᠢᠵᠦ ᠪᠠᠶᠢᠭ᠎ᠠ ᠬᠦᠴᠢᠷᠳᠡᠯ ᠪᠠ ᠠᠰᠠᠭᠤᠳᠠᠯ ᠢ ᠪᠤᠰᠤᠳᠴᠢ ᠪᠠᠷ ᠵᠠᠳᠠᠯᠵᠦ᠂ ᠲᠦᠪ᠂ | ᠦᠪᠠᠷᠳᠡᠭᠡᠨ ᠵᠠᠰᠠᠬᠤ ᠤᠷᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠤᠨᠴᠠᠭᠠᠶᠢᠯᠠᠨ ᠲᠦᠪ ᠤᠨ 1 ᠳ᠋ᠤᠭᠡᠷ | ᠲᠤᠭᠠᠲᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠶᠢᠯᠠᠭᠠᠵᠦ᠂ ᠲᠠᠷᠢᠶᠠᠯᠠᠩ ᠮᠠᠯ | ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠤᠴᠡ ᠶᠢᠨ ᠴᠢᠨᠠᠷᠲᠡᠢ ᠦᠭᠡᠷᠡᠴᠢᠯᠡᠯᠳᠡ ᠶᠢ ᠲᠦᠯᠬᠢᠨ | ᠠᠬᠢᠭᠤᠯᠬᠤ ᠶᠢᠨ ᠴᠢᠬᠤᠯᠨ ᠶᠡᠭᠡ ᠠᠴᠢ ᠬᠤᠯᠪᠤᠭᠳᠠᠯ ᠢ ᠬᠦᠢᠴᠡᠳ ᠲᠠᠨᠢᠵᠦ᠂ ᠬᠠᠷᠢᠭᠤᠴᠠᠯᠭᠠᠲᠤ ᠤᠪᠤᠷ᠂ ᠪᠠᠴᠢᠮ | ᠲᠤᠯᠭᠠᠮ᠎ᠠ ᠴᠢᠨᠠᠷ ᠢ ᠦᠨ᠋ᠨᠨᠬᠦ ᠴᠢᠩᠭᠠᠳᠬᠠᠵᠦ᠂ ᠬᠦᠭᠵᠢᠯᠳᠡ ᠶᠢᠨ ᠲᠤᠮᠳᠠ ᠤᠷᠤᠰᠢᠵᠦ ᠪᠠᠶᠢᠭ᠎ᠠ ᠠᠰᠠᠭᠤᠳᠠᠯ ᠢ ᠵᠦᠢ | ᠵᠤᠬᠢᠰᠲᠡᠢ ᠰᠢᠢᠳᠪᠤᠷᠢᠯᠠᠵᠦ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠤᠷᠤᠨ ᠤ ᠠᠵᠢᠯ ᠡᠷᠡᠬᠦᠯ | ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠠ᠃ | ᠭᠤᠷᠪᠠ᠂ 2017 ᠤᠨ ᠤ ᠮᠠᠯᠵᠢᠬᠤ ᠲᠠᠷᠢᠶᠠᠯᠠᠬᠤ ᠤᠷᠤᠨ ᠤ ᠠᠵᠢᠯ ᠢ ᠪᠦᠬᠦ ᠬᠦᠴᠦᠨ ᠢᠶᠠᠷ ᠰᠠᠶᠢᠲᠤᠷ | ᠬᠢᠨ᠎ᠠ | ᠦᠨᠦ ᠵᠢᠯ᠂ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠤᠷᠤᠨ ᠤ ᠠᠵᠢᠯ ᠡᠷᠭᠡᠪᠰᠢ ᠦᠪᠠᠷᠳᠡᠭᠡᠨ ᠵᠠᠰᠠᠬᠤ | ᠤᠷᠤᠨ ᠤ ᠠᠷᠪᠠᠲᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ᠂ ᠠᠷᠪᠠᠲᠤᠭᠠᠷ ᠬᠤᠭᠤᠴᠠᠭᠠᠨ ᠤ | ᠬᠤᠶᠠᠲᠤᠭᠠᠷ ᠤᠳᠠᠭᠠᠨ ᠤ ᠪᠦᠬᠦᠳᠡ ᠬᠤᠷᠠᠯ ᠪᠠ ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ | ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨᠭᠡᠷᠡᠭᠵᠢᠬᠦᠯᠵᠦ᠂ ᠠᠶᠢᠮᠠᠭ ᠤᠨ ᠨᠠᠮ ᠤᠨ ᠬᠤᠷᠢᠶᠠᠨ ᠤ | ︵ᠦᠷᠭᠡᠳᠭᠡᠭᠰᠡᠨ︶ ᠬᠤᠷᠠᠯ ᠤᠨ ᠰᠢᠨ᠎ᠡ ᠰᠡᠳᠬᠢᠴᠡ ᠰᠢᠨ᠎ᠡ ᠪᠠᠶᠢᠷᠢᠯᠠᠭᠤᠯᠤᠯᠳᠠ ᠰᠢᠨ᠎ᠡ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠤᠴᠠ | ᠶᠢᠨ ᠴᠢᠨᠠᠷᠲᠡᠢ ᠦᠭᠡᠷᠡᠴᠢᠯᠡᠯᠳᠡ ᠪᠠᠷ ᠭᠤᠤᠯ ᠱᠤᠭᠤᠮ ᠪᠤᠯᠭᠠᠬᠤ ᠶᠢ ᠬᠦᠨᠵᠡᠭᠡᠢ ᠲᠦᠯᠬᠢᠨ ᠠᠬᠢᠭᠤᠯᠵᠦ᠂ | ᠲᠠᠷᠢᠶᠠᠯᠠᠩ ᠮᠠᠯ ᠠᠵᠤ ᠠᠬᠤᠢ ᠶᠢᠨ ᠦᠷ᠎ᠠ ᠠᠰᠢᠭ ᠨᠡᠮᠡᠭᠳᠡᠬᠦ᠂ ᠮᠠᠯᠴᠢᠨ ᠲᠠᠷᠢᠶᠠᠴᠢᠨ ᠤ ᠤᠷᠤᠯᠭ᠎ᠠ ᠨᠡᠮᠡᠭᠳᠡᠬᠦ᠂ | ᠮᠠᠯᠵᠢᠬᠤ ᠲᠠᠷᠢᠶᠠᠯᠠᠬᠤ ᠤᠷᠤᠨ ᠤ ᠨᠤᠭᠤᠭᠠᠷᠠᠯᠵᠢᠯ ᠨᠡᠮᠡᠭᠳᠡᠬᠦ ᠬᠦᠭᠵᠢᠯᠳᠡ ᠶᠢᠨ ᠬᠠᠷᠠᠯᠳᠠ ᠶᠢᠨ ᠲᠤᠭᠤᠷᠢᠨ ᠳᠤ᠂ | ᠪᠦᠲᠤᠴᠠ ᠶᠢᠨ ᠲᠤᠬᠢᠷᠠᠭᠤᠯᠤᠯᠳᠠ ᠶᠢᠨ ᠠᠯᠬᠤᠴᠠ ᠪᠠᠨ ᠲᠦᠷᠭᠡᠳᠭᠡᠵᠦ᠂ ᠮᠠᠯᠵᠢᠬᠤ ᠲᠠᠷᠢᠶᠠᠯᠠᠬᠤ ᠤᠷᠤᠨ ᠤ | ᠦᠭᠡᠷᠡᠴᠢᠯᠡᠯᠳᠡ ᠶᠢᠨ ᠬᠦᠴᠦᠯᠠᠴᠠ ᠶᠢ ᠨᠡᠮᠡᠭᠳᠡᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠠᠷᠤᠩᠭᠡᠢ ᠦᠷ᠎ᠡ | ᠠᠰᠢᠭ ᠪᠠ ᠵᠠᠬ᠎ᠠ ᠲᠡᠯᠭᠡᠬᠦᠷ ᠤᠨ ᠦᠷᠢᠰᠦᠯᠲᠤᠬᠦ ᠬᠦᠴᠦᠨ ᠢ ᠲᠡᠭᠡᠭᠰᠢᠯᠡᠬᠦᠯᠵᠦ᠂ ᠰᠢᠨ᠎ᠡ ᠮᠠᠯᠵᠢᠬᠤ ᠲᠠᠷᠢᠶᠠᠯᠠᠬᠤ | ᠤᠷᠤᠨ ᠤ ᠪᠦᠲᠤᠭᠡᠨ ᠪᠠᠶᠢᠭᠤᠯᠤᠯᠳᠠ ᠪᠠ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠡᠯ᠎ᠠ ᠲᠦᠷᠦᠯ ᠤᠨ ᠲᠦᠷᠦ | ᠶᠢᠨ ᠪᠤᠲᠤᠯᠭ᠎ᠠ ᠶᠢᠨ ᠠᠷᠭ᠎ᠠ ᠪᠠᠷᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠮᠠᠨ ᠤ ᠠᠶᠢᠮᠠᠭ ᠤᠨ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠬᠢᠴᠠ ᠶᠢ ᠲᠦᠷᠭᠡᠳᠭᠡᠵᠦ᠂ ᠰᠢᠯᠢᠳᠡᠭ ᠦᠷ᠎ᠠ ᠪᠦᠲᠤᠮᠵᠢ ᠪᠠᠷ ᠨᠠᠮ ᠤᠨ | ᠠᠷᠪᠠᠨ ᠶᠢᠰᠤᠲᠤᠭᠡᠷ ᠤᠳᠠᠭᠠᠨ ᠤ ᠶᠡᠭᠡ ᠬᠤᠷᠠᠯ ᠤᠨ ᠠᠮᠵᠢᠯᠳᠠ ᠲᠠᠢ ᠬᠤᠷᠠᠯᠲᠤᠬᠤ ᠪᠠ ᠦᠪᠠᠷᠳᠡᠭᠡᠨ ᠵᠠᠰᠠᠬᠤ | ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠨ᠎ᠠ᠃ | ᠲᠤᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠨ᠎ᠠ᠃ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠠ ᠠᠰᠢᠭ ᠢ | ᠶᠡᠭᠡᠪᠠᠷ ᠲᠡᠭᠡᠭᠰᠢᠯᠡᠬᠦᠯᠦᠨ᠎ᠠ | 2016 ᠤᠨ ᠳᠤ᠂ ᠪᠦᠬᠦ ᠠᠶᠢᠮᠠᠭ ︽ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠪᠦᠲᠤᠴᠠ | ᠶᠢᠨ ᠲᠤᠬᠢᠷᠠᠭᠤᠯᠤᠯᠳᠠ ᠪᠠᠷ ᠲᠠᠷᠢᠶᠠᠯᠠᠩ ᠮᠠᠯ ᠠᠵᠤ ᠠᠬᠤᠢ ᠶᠢᠨ ᠲᠠᠪᠠᠭᠤᠯᠢᠭ ᠤᠨᠴᠠᠯᠢᠭᠲᠤ ᠠᠵᠤ ᠦᠢᠯᠡᠰᠵᠢᠯᠳᠡ | ᠶᠢᠨ ᠬᠦᠭᠵᠢᠯᠳᠡ ᠶᠢ ᠲᠦᠷᠭᠡᠳᠭᠡᠬᠦ ᠶᠢ ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠵᠢᠴᠢ 6 ᠢᠵᠢ | ᠪᠦᠷᠢᠲᠤᠭ᠍ᠰᠡᠨ ᠲᠡᠳᠬᠦᠮᠵᠢ ᠶᠢᠨ ᠲᠤᠬᠠᠢ ᠪᠢᠴᠢᠭ ᠮᠠᠲ᠋ᠧᠷᠢᠶᠠᠯ ᠭᠠᠷᠭᠠᠪᠠ᠂ ᠡᠨ᠋ᠨ ᠨᠢ ᠲᠠᠷᠢᠶᠠᠯᠠᠩ ᠮᠠᠯ ᠠᠵᠤ ᠠᠬᠤᠢ | ᠶᠢᠨ ᠠᠵᠤ ᠦᠢᠯᠡᠰᠵᠢᠯᠳᠡ ᠶᠢᠨ ᠬᠦᠭᠵᠢᠯᠳᠡ ᠶᠢ ᠠᠬᠢᠭᠤᠯᠬᠤ ᠳᠤ ᠲᠤᠶᠢᠯ ᠤᠨ ᠢᠯᠡᠳᠳᠡ ᠦᠷ᠎ᠠ ᠪᠦᠲᠤᠮᠵᠢ ᠲᠠᠢ | ᠪᠠᠶᠢᠵᠦ᠂ ᠵᠢᠱᠢᠶ᠎ᠠ ᠦᠵᠡᠬᠦᠯᠵᠦ ᠲᠠᠶᠢᠴᠢᠯᠠᠬᠤ ᠦᠢᠯᠡᠲᠤᠯ ᠢᠶᠠᠷ ᠴᠤ ᠶᠡᠭᠡ ᠴᠢᠩᠭ᠎ᠠ ᠪᠠᠶᠢᠪᠠ᠃ ᠦᠨᠦ ᠵᠢᠯ | ᠪᠤᠬᠢᠷᠲᠤᠯ ᠦᠭᠡᠢ ᠰᠢᠯᠢᠳᠡᠭ ᠴᠢᠨᠠᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠤᠭᠡᠭᠳᠡᠬᠦᠨ ᠢ | ᠨᠡᠮᠡᠭᠳᠡᠬᠦᠯᠬᠦ ᠬᠠᠩᠭᠠᠯᠭ᠎ᠠ ᠶᠢ ᠲᠤᠪᠤᠶᠢᠮ᠎ᠠ ᠪᠠᠶᠢᠷᠢᠨ ᠳᠤ ᠲᠠᠯᠪᠢᠵᠦ᠂ ᠪᠠᠯᠨ ᠮᠦᠩᠬᠦ ᠶᠢ ᠨᠡᠮᠡᠭᠳᠡᠬᠦᠯᠬᠦ᠂ ᠲᠦᠷᠦ ᠶᠢᠨ | ᠪᠤᠲᠤᠯᠭ᠎ᠠ ᠶᠢᠨ ᠲᠠᠮᠵᠢᠬᠦ ᠬᠦᠴᠦᠯᠠᠴᠠ ᠶᠢ ᠤᠯᠠᠮ ᠨᠢᠭᠡ ᠠᠯᠬᠤᠮ ᠶᠡᠭᠡᠰᠭᠡᠵᠦ᠂ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠭᠡᠯᠬᠢᠶᠠᠵᠢᠯ ᠤᠨ ᠦᠨ᠎ᠡ ᠦᠷᠳᠡᠭ ᠤᠨ ᠭᠡᠯᠬᠢᠶᠠᠵᠢᠯ ᠢ ᠦᠷᠭᠡᠳᠭᠡᠨ ᠲᠡᠯᠭᠡᠷᠡᠬᠦᠯᠦᠨ᠎ᠡ᠃ | 1. ᠪᠤᠬᠢᠷᠲᠤᠯ ᠦᠭᠡᠢ ᠤᠷᠭᠠᠨᠢᠭ ᠲᠠᠷᠢᠶᠠᠯᠠᠩ ᠢ ᠰᠢᠯᠢᠳᠡᠭ ᠢᠶᠠᠷ ᠬᠢᠨ᠎ᠠ᠃ ᠮᠠᠨ ᠤ ᠠᠶᠢᠮᠠᠭ ᠪᠤᠬᠢᠷᠲᠤᠯ ᠦᠭᠡᠢ | ᠤᠷᠭᠠᠨᠢᠭ ᠲᠠᠷᠢᠶᠠᠯᠠᠩ ᠢ ᠬᠦᠭᠵᠢᠬᠦᠯᠬᠦ ᠳᠤ ᠵᠠᠪᠠᠯ ᠤᠰᠤ ᠠᠷᠪᠢᠯᠠᠬᠤ ᠪᠠᠷ ᠬᠠᠷᠠᠯᠳᠠ ᠪᠤᠯᠭᠠᠵᠦ᠂ ᠵᠠᠬ᠎ᠠ ᠲᠡᠯᠭᠡᠬᠦᠷ | ᠤᠨ ᠭᠡᠷᠡᠭᠴᠡᠭᠡ ᠱᠠᠭᠠᠷᠳᠠᠯᠭ᠎ᠠ ᠪᠠᠷ ᠤᠲᠤᠷᠢᠲᠤᠮᠵᠢ ᠪᠤᠯᠭᠠᠵᠦ᠂ ᠪᠤᠬᠢᠷᠲᠤᠯ ᠦᠭᠡᠢ ᠦᠢᠯᠡᠳᠪᠤᠷᠢᠯᠠᠯ ᠤᠨ ᠤᠷᠴᠢᠨ | ᠲᠤᠭᠤᠷᠢᠨ ᠢ ᠪᠠᠶᠢᠭᠤᠯᠬᠤ ᠠᠴᠠ ᠭᠠᠷᠳᠠᠵᠦ᠂ ︽ᠲᠠᠷᠢᠶᠠᠯᠠᠬᠤ ᠪᠠᠨ ᠪᠠᠭᠠᠰᠬᠠᠬᠤ᠂ ᠡᠵᠡᠩᠨᠡᠯᠳᠡ ᠶᠢ ᠶᠡᠭᠡᠰᠭᠡᠬᠦ᠂ | ᠡᠪᠠᠰᠤ ᠪᠠᠯᠴᠢᠭᠡᠷ ᠪᠠ ᠮᠠᠯᠵᠢᠯ ᠢ ᠨᠡᠮᠡᠭᠳᠡᠬᠦᠯᠬᠦ︾ ᠠᠵᠢᠯᠯᠠᠭ᠎ᠠ ᠶᠢ ᠦᠷᠬᠦᠯᠵᠢᠯᠠᠨ ᠲᠦᠯᠬᠢᠨ ᠠᠬᠢᠭᠤᠯᠵᠦ᠂ ᠤᠷᠭᠠᠨᠢᠭ | ᠲᠠᠷᠢᠶᠠᠯᠠᠩ ᠤᠨ ᠪᠦᠲᠤᠭᠡᠭᠳᠡᠬᠦᠨᠣ ᠬᠠᠩᠭᠠᠯᠭ᠎ᠠ ᠶᠢᠨ ᠴᠢᠳᠠᠪᠤᠷᠢ ᠶᠢ ᠴᠢᠩᠭᠠᠳᠬᠠᠵᠦ᠂ ᠬᠢᠮᠢ ᠶᠢᠨ ᠪᠤᠷᠲᠤᠭᠤᠷ᠂ | ᠲᠠᠷᠢᠶᠠᠯᠠᠩ ᠤᠨ ᠡᠮ ᠤᠨ ᠭᠡᠷᠡᠭᠯᠡᠭᠡᠨ ᠤ ᠲᠢᠭ ᠦᠰᠦᠯᠳᠡ ᠶᠢ ᠴᠢᠷᠮᠠᠶᠢᠨ ᠪᠠᠶᠠᠯᠡᠬᠦᠯᠤᠨᠠ᠃ ᠨᠢᠭᠡ ᠳᠤ ᠡᠷᠳᠡᠨᠢ | ᠰᠢᠰᠢ ᠲᠠᠷᠢᠬᠤ ᠲᠠᠯᠠᠪᠠᠢ ᠶᠢ 2 ᠲᠦᠮᠠᠨ ᠮᠤ᠋ ᠠᠪᠴᠢᠭᠤᠯᠤᠨ᠎ᠠ᠃ ᠬᠤᠳᠲᠤᠭ ᠤᠨ ᠤᠰᠤᠯᠠᠯᠳᠠᠵᠢᠨ ᠤᠷᠤᠨ ᠪᠤᠯ | ᠪᠦᠬᠦ ᠠᠶᠢᠮᠠᠭ ᠤᠨ ᠤᠰᠤ ᠠᠷᠪᠢᠯᠠᠬᠤ ᠦᠷ᠎ᠠ ᠠᠰᠢᠭ ᠢ ᠨᠡᠮᠡᠭᠳᠡᠬᠦᠯᠬᠦ᠂ ᠲᠠᠷᠢᠯᠭ᠎ᠠ ᠶᠢᠨ ᠪᠦᠲᠤᠴᠠ ᠶᠢ | ᠰᠢᠯᠢᠳᠡᠭᠵᠢᠬᠦᠯᠬᠦ ᠭᠤᠤᠯᠳᠠᠯᠭ᠎ᠠ ᠲᠠᠢ ᠤᠷᠤᠨ ᠪᠦᠰᠡ ᠮᠦᠨ᠂ ᠦᠨᠦ ᠵᠢᠯ ᠤᠨ ᠬᠢᠮᠢ ᠶᠢᠨ ᠪᠤᠷᠲᠤᠭᠤᠷ ᠤᠨ ᠦᠨ᠎ᠡ | ᠬᠠᠩᠰᠢ ᠦᠨᠲᠤᠷ ᠪᠠᠶᠢᠵᠦ᠂ ᠦᠪᠠᠷᠳᠡᠭᠡᠨ ᠵᠠᠰᠠᠬᠤ ᠤᠷᠤᠨ ᠨᠦᠬᠦᠪᠤᠷᠢ ᠦᠭᠬᠦ ᠠᠷᠭ᠎ᠠ ᠪᠠᠷᠢᠯ ᠠᠪᠴᠦ᠂ ᠡᠷᠳᠡᠨᠢ | ᠰᠢᠰᠢ ᠲᠠᠷᠢᠬᠤ ᠨᠦᠬᠦᠪᠤᠷᠢ ᠮᠦᠩᠬᠦ ᠶᠢᠨ ᠲᠦᠷᠦ ᠶᠢᠨ ᠪᠤᠲᠤᠯᠭ᠎ᠠ ᠶᠢ ᠵᠤᠬᠢᠰᠲᠡᠢ ᠲᠤᠬᠢᠷᠠᠭᠤᠯᠤᠨ᠎ᠠ᠃ ᠡᠯ᠎ᠠ ᠭᠠᠵᠠᠷ | ᠤᠷᠤᠨ ᠲᠦᠷᠦ ᠶᠢᠨ ᠪᠤᠲᠤᠯᠭ᠎ᠠ ᠶᠢ ᠡᠷᠭᠡᠪᠰᠢ ᠨᠠᠷᠢᠨ ᠬᠢᠨᠠᠮᠠᠭᠠᠢ ᠤᠬᠠᠭᠤᠯᠵᠦ᠂ ᠮᠦᠬᠦᠯᠢᠭ ᠡᠷᠳᠡᠨᠢ ᠰᠢᠰᠢ ᠲᠠᠷᠢᠬᠤ | ᠲᠠᠯᠠᠪᠠᠢ ᠭᠡᠳᠡᠷᠬᠦ ᠨᠡᠮᠡᠭᠳᠡᠬᠦ ᠶᠢ ᠰᠡᠷᠭᠡᠶᠢᠯᠠᠨ ᠬᠤᠷᠢᠭᠯᠠᠨ᠎ᠠ᠃ ᠬᠤᠶᠠᠷ ᠲᠤ ᠠᠵᠤ ᠠᠬᠤᠢ ᠶᠢᠨ ᠲᠠᠷᠢᠮᠠᠯ ᠤᠨ ᠪᠤᠳᠠᠰ | ᠢ ᠦᠷᠭᠡᠳᠭᠡᠬᠦ ᠳᠤ ᠡᠷᠭᠡᠪᠰᠢ ᠪᠦᠲᠤᠭᠡᠭᠳᠡᠬᠦᠨ ᠨᠢ ᠦᠷᠭᠡᠨ ᠲᠡᠯᠭᠡᠷ ᠵᠠᠬ᠎ᠠ ᠲᠡᠯᠭᠡᠬᠦᠷ ᠲᠠᠢ᠂ ᠦᠢᠯᠡᠳᠪᠤᠷᠢᠯᠠᠯ ᠨᠢ | ᠢᠯᠡᠳᠳᠡ ᠦᠷ᠎ᠠ ᠠᠰᠢᠭ ᠤᠨ ᠵᠤᠭᠰᠤᠴᠠ ᠲᠠᠢ ᠪᠠᠶᠢᠬᠤ ᠭᠡᠷᠡᠭᠲᠡᠢ᠃ ᠡᠯ᠎ᠠ ᠭᠠᠵᠠᠷ ᠤᠷᠤᠨ ᠵᠠᠪᠠᠯ ᠦᠪᠠᠷ ᠦᠪᠠᠷ | ᠤᠨ ᠢᠶᠠᠨ ᠦᠢᠯᠡᠳᠪᠤᠷᠢᠯᠠᠯ ᠤᠨ ᠲᠠᠪᠠᠭᠤᠯᠢᠭ ᠲᠠᠯ᠎ᠠ ᠪᠠᠨ ᠬᠦᠢᠴᠡᠳ ᠲᠠᠨᠢᠵᠦ᠂ ᠤᠷᠲᠤ ᠬᠤᠭᠤᠴᠠᠭ᠎ᠠ ᠬᠢᠭᠡᠳ | ᠨᠢᠲᠤᠨ ᠡᠮᠤᠨᠡᠬᠢ ᠠᠰᠢᠭ ᠲᠤᠰᠠ᠂ ᠤᠤᠯ ᠮᠠᠲ᠋ᠧᠷᠢᠶᠠᠯ ᠤᠨ ᠦᠢᠯᠡᠳᠪᠤᠷᠢᠯᠠᠯ ᠪᠠ ᠡᠳ᠋ᠰᠢᠬᠦᠯᠬᠦ ᠦᠷᠳᠡᠭ ᠤᠨ | ᠨᠡᠮᠡᠭᠳᠡᠯ ᠤᠨ ᠬᠠᠷᠢᠴᠠᠭ᠎ᠠ ᠶᠢ ᠰᠠᠶᠢᠲᠤᠷ ᠰᠢᠢᠳᠪᠤᠷᠢᠯᠠᠵᠦ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠤᠨ | ᠦᠢᠯᠡᠲᠤᠯ ᠢ ᠭᠤᠤᠯ ᠪᠠᠳᠠᠷᠠᠭᠤᠯᠵᠦ᠂ ᠰᠠᠨᠠᠭᠠᠴᠢᠯᠠᠭ᠎ᠠ ᠠᠴᠠ ᠪᠠᠨ ᠵᠠᠬ᠎ᠠ ᠲᠡᠯᠭᠡᠬᠦᠷ ᠡᠷᠢᠵᠦ᠂ ᠡᠩ ᠲᠡᠷᠢᠬᠦᠨ ᠳᠤ | ᠤᠷᠤᠨ ᠨᠤᠲᠤᠭ ᠤᠨ ᠤᠨᠴᠠᠯᠢᠭ ᠲᠠᠢ ︽ᠵᠢᠵᠢᠭ ᠠᠵᠤ ᠦᠢᠯᠡᠰ︾ ᠢᠶᠠᠷ ᠮᠠᠯᠴᠢᠨ ᠲᠠᠷᠢᠶᠠᠴᠢᠨ ᠢ ᠲᠠᠶᠢᠴᠢᠯᠠᠨ | ᠤᠷᠤᠯᠭ᠎ᠠ ᠶᠢ ᠨᠡᠮᠡᠭᠳᠡᠬᠦᠯᠬᠦ ︽ᠲᠤᠮᠤ ᠠᠵᠤ ᠦᠢᠯᠡᠰ︾ ᠪᠤᠯᠭᠠᠨ᠎ᠠ᠃ ᠭᠤᠷᠪᠠ ᠳᠤ ᠡᠪᠠᠰᠤ ᠪᠠᠯᠴᠢᠭᠡᠷ ᠮᠠᠯᠵᠢᠯ ᠢ | ᠨᠡᠮᠡᠭᠳᠡᠬᠦᠯᠬᠦ᠂ ᠲᠠᠷᠢᠶᠠᠯᠠᠩ ᠢᠶᠠᠨ ᠪᠤᠷᠲᠤᠭᠤᠷ ᠢᠶᠠᠷ ᠰᠤᠯᠢᠬᠤ᠂ ᠪᠦᠷᠬᠦᠬᠦᠯ ᠤᠨ ᠲᠤᠤᠷ᠎ᠠ ᠲᠤᠰᠤᠯᠭᠠᠨ ᠤᠰᠤᠯᠠᠬᠤ᠂ | ᠲᠠᠷᠢᠶᠠᠯᠠᠩ ᠤᠨ ᠲᠠᠷᠢᠮᠠᠯ ᠢ ᠡᠭᠡᠯᠵᠢᠯᠠᠬᠦᠯᠦᠨ ᠲᠠᠷᠢᠬᠤ ᠪᠠ ᠬᠢᠮᠢ ᠶᠢᠨ ᠪᠤᠷᠲᠤᠭᠤᠷ ᠲᠠᠷᠢᠶᠠᠯᠠᠩ ᠤᠨ ᠡᠮ ᠢ ᠬᠠᠰᠤᠵᠦ | ᠬᠢᠵᠠᠭᠠᠷᠯᠠᠬᠤ ᠵᠡᠷᠭᠡ ᠦᠢᠯᠡᠳᠪᠤᠷᠢᠯᠠᠯ ᠤᠨ ᠮᠡᠷᠭᠡᠵᠢᠯ ᠢ ᠶᠡᠭᠡᠪᠠᠷ ᠲᠡᠯᠭᠡᠷᠡᠬᠦᠯᠦᠨ᠎ᠡ᠃ ᠭᠤᠤᠯᠳᠠᠯᠭ᠎ᠠ ᠨᠢ ᠠᠯᠠᠱᠨ | ᠵᠡᠬᠦᠨ ᠬᠤᠰᠢᠭᠤᠨ ᠤ ᠪᠠᠷᠠᠭᠤᠨ ᠪᠠᠯ ᠤᠨ ᠬᠦᠳᠡᠭᠡ᠂ ᠪᠠᠷᠠᠭᠤᠨ ᠬᠦᠳᠡᠭᠡ᠂ ᠮᠠᠨ ᠱᠦᠢ ᠲᠠᠨ ᠵᠢᠴᠢ ᠠᠯᠠᠱᠨ | ᠪᠠᠷᠠᠭᠤᠨ ᠬᠤᠰᠢᠭᠤᠨ ᠤ ᠴᠧᠨ ᠵᠢᠶ᠋ᠨ ᠵᠢᠩ᠂ ᠡᠵᠡᠨ᠎ᠠ ᠬᠤᠰᠢᠭᠤᠨ ᠤ ᠪᠠᠶᠠᠠᠲᠤᠤᠷᠠᠢ ᠶᠢᠨ ᠪᠦᠲᠤᠭᠡᠨ ᠪᠠᠶᠢᠭᠤᠯᠤᠯᠳᠠ | ᠶᠢᠨ ᠤᠰᠤ ᠠᠷᠪᠢᠯᠠᠬᠤ ᠦᠨᠲᠤᠷ ᠪᠦᠲᠤᠮᠵᠢᠲᠤ ᠭᠡᠯᠪᠠᠷᠢ ᠶᠢᠨ ᠤᠷᠭᠠᠨᠢᠭ ᠲᠠᠷᠢᠶᠠᠯᠠᠩ ᠤᠨ ᠦᠢᠯᠡᠳᠪᠤᠷᠢᠯᠠᠯ ᠤᠨ | ᠵᠢᠱᠢᠶ᠎ᠠ ᠦᠵᠡᠬᠦᠯᠬᠦ ᠰᠠᠭᠤᠷᠢᠨ ᠭᠠᠵᠠᠷ ᠲᠤ ᠪᠠᠶᠢᠵᠦ᠂ ᠴᠢᠨᠠᠷᠯᠢᠭ ᠠᠮᠤ ᠪᠤᠳᠠᠭ᠎ᠠ ᠲᠤᠰᠤ᠂ ᠢᠳᠡᠰᠢᠨ ᠨᠤᠭᠤᠭ᠎ᠠ | ᠵᠢᠮᠢᠰ᠂ ᠡᠮ ᠤᠨ ᠮᠠᠲ᠋ᠧᠷᠢᠶᠠᠯ ᠵᠡᠷᠭᠡ ᠪᠤᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠤᠭᠡᠭᠳᠡᠬᠦᠨ ᠢ | ᠬᠦᠭᠵᠢᠬᠦᠯᠵᠦ᠂ ᠰᠢᠶᠠᠩ ᠲᠤᠰᠬᠤᠨ ᠤ ᠵᠢᠭᠤᠯᠴᠢᠯᠠᠯ ᠤᠨ ᠡᠭᠢ ᠪᠠᠶᠠᠯᠢᠭ ᠢ ᠨᠡᠭᠡᠭᠡᠨ ᠬᠦᠭᠵᠢᠬᠦᠯᠬᠦ ᠲᠠᠢ ᠬᠦᠨᠵᠡᠭᠡᠢ | ᠠᠭᠤᠰᠤᠯᠴᠠᠭᠤᠯᠵᠦ᠂ ᠬᠠᠮᠲᠤ ᠪᠠᠷ ᠲᠤᠷᠰᠢᠨ ᠰᠢᠯᠭᠠᠬᠤ ᠪᠠ ᠲᠡᠬᠦᠬᠦ ᠵᠡᠷᠭᠡ ᠤᠯᠠᠨ ᠴᠢᠳᠠᠪᠬᠢᠲᠤ ᠲᠤᠭᠤᠷᠢᠨ ᠦᠵᠡᠬᠦ | ᠲᠠᠷᠢᠶᠠᠯᠠᠩ ᠤᠨ ᠰᠠᠭᠤᠷᠢᠨ ᠭᠠᠵᠠᠷ ᠢ ᠪᠠᠶᠢᠭᠤᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠤᠭᠡᠭᠳᠡᠬᠦᠨ ᠤ | ᠴᠢᠨᠠᠷ ᠴᠢᠨᠰᠠᠭ᠎ᠠ ᠪᠠ ᠵᠠᠬ᠎ᠠ ᠲᠡᠯᠭᠡᠬᠦᠷ ᠤᠨ ᠦᠷᠢᠰᠦᠯᠲᠤᠬᠦ ᠬᠦᠴᠦᠨ ᠢ ᠲᠡᠭᠡᠭᠰᠢᠯᠡᠬᠦᠯᠦᠨ᠎ᠠ᠃ | 2. ᠲᠡᠭᠡᠲᠤ ᠲᠡᠰ ᠤᠨ ᠮᠠᠯᠵᠢᠯ ᠤᠨ ᠦᠢᠯᠡᠰ ᠢ ᠬᠦᠭᠵᠢᠬᠦᠯᠦᠨ᠎ᠠ᠃ ᠨᠢᠭᠡ ᠳᠤ ᠮᠠᠯ ᠤᠨ ︽ᠦᠷ᠎ᠠ︾ ᠶᠢᠨ | ᠢᠨᠵᠧᠨᠧᠷᠢᠩ ᠢ ᠶᠡᠭᠡ ᠬᠦᠴᠦᠨ ᠢᠶᠠᠷ ᠲᠦᠯᠬᠢᠨ ᠠᠬᠢᠭᠤᠯᠵᠦ᠂ ᠠᠯᠠᠱᠨ ᠶᠢᠨ ᠬᠤᠤᠰ ᠪᠦᠬᠦᠲᠤ ᠲᠡᠮᠡᠭᠡᠨ ᠤ | ᠡᠬᠦᠯᠳᠡᠷ ᠢ ᠬᠠᠮᠠᠭᠠᠯᠠᠨ᠂ ︽1396︾ ᠲᠡᠰ ᠠᠴᠠ ᠲᠠᠪᠠᠭᠰᠠᠨ ᠴᠠᠭᠠᠨ ᠨᠤᠯᠤᠤᠷᠲᠤ ᠢᠮᠠᠭᠠᠨ ᠤ ᠡᠬᠦᠯᠳᠡᠷ | ᠰᠤᠩᠭᠤᠬᠤ᠂ ︽ᠠ ᠳ᠋ᠦ᠋︾ ᠮᠢᠬᠠᠨ ᠤ ᠬᠤᠨᠢᠨ ᠤ ᠰᠢᠨ᠎ᠡ ᠠᠰᠢᠭ ᠰᠢᠮ᠎ᠡ ᠶᠢᠨ ᠡᠬᠦᠯᠳᠡᠷ ᠪᠤᠶᠢᠵᠢᠭᠤᠯᠬᠤ ᠶᠢ | ᠲᠦᠷᠭᠡᠳᠭᠡᠵᠦ᠂ ᠠᠯᠠᠱᠨ ᠶᠢᠨ ᠲᠡᠭᠡᠲᠤ ᠵᠡᠷᠭᠡ ᠶᠢᠨ ᠴᠢᠨᠠᠷ ᠴᠢᠨᠰᠠᠭ᠎ᠠ ᠲᠠᠢ ᠰᠢᠯᠢᠳᠡᠭ ᠮᠠᠯ ᠤᠨ ᠡᠬᠦᠯᠳᠡᠷ ᠤᠨ | ᠭᠤᠤᠯ ᠬᠤᠳᠠ ᠪᠠ ᠦᠷ᠎ᠠ ᠶᠢᠨ ᠮᠠᠯ ᠤᠨ ᠲᠠᠯᠠᠪᠠᠢ ᠶᠢ ᠪᠦᠲᠤᠭᠡᠨ ᠪᠠᠶᠢᠭᠤᠯᠤᠨ᠎ᠠ᠃ ᠬᠤᠶᠠᠷ ᠲᠤ ᠲᠡᠳᠬᠦᠮᠵᠢ ᠶᠢᠨ | ᠪᠠᠯᠨ ᠮᠦᠩᠬᠦ ᠶᠢ ᠢᠳᠡᠪᠬᠢᠲᠡᠢ ᠨᠠᠶᠢᠳᠠᠪᠤᠷᠢᠵᠢᠭᠤᠯᠵᠦ᠂ ︽ᠤᠷᠢᠳᠠᠪᠠᠷ ᠪᠠᠶᠢᠭᠤᠯᠵᠦ ᠰᠡᠬᠦᠯᠠᠷ ᠨᠢ ᠨᠦᠬᠦᠬᠦ︾ ᠠᠷᠭ᠎ᠠ | ᠪᠠᠷᠢᠯ ᠢ ᠭᠡᠷᠡᠭᠯᠡᠵᠦ᠂ ᠰᠢᠨ᠎ᠡ ᠭᠡᠯᠪᠠᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ | ᠶᠢᠨ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠤᠨ ᠪᠦᠲᠤᠭᠡᠨ ᠪᠠᠶᠢᠭᠤᠯᠤᠯᠳᠠ ᠶᠢ ᠲᠦᠷᠭᠡᠳᠭᠡᠵᠦ᠂ ᠴᠠᠭᠠᠨ | ᠨᠤᠯᠤᠤᠷᠲᠤ ᠢᠮᠠᠭᠠᠨ ᠤ ᠲᠡᠵᠢᠭᠡᠨ ᠦᠷᠡᠵᠢᠬᠦᠯᠬᠦ 4 ᠵᠢᠱᠢᠶ᠎ᠠ ᠦᠵᠡᠬᠦᠯᠬᠦ ᠲᠤᠭᠤᠷᠢᠭ᠂ ᠴᠠᠭᠠᠨ ᠨᠤᠯᠤᠤᠷᠲᠤ | ᠢᠮᠠᠭᠠᠨ ᠤ ᠠᠮᠢ ᠠᠬᠤᠢ ᠶᠢᠨ 450 ᠮᠠᠯᠵᠢᠯ ᠤᠨ ᠲᠠᠯᠠᠪᠠᠢ᠂ ᠬᠤᠤᠰ ᠪᠦᠬᠦᠲᠤ ᠲᠡᠮᠡᠭᠡᠨ ᠤ ᠠᠮᠢ ᠠᠬᠤᠢ ᠶᠢᠨ | 160 ᠮᠠᠯᠵᠢᠯ ᠤᠨ ᠲᠠᠯᠠᠪᠠᠢ ᠂ ︽ᠠ ᠳ᠋ᠦ᠋︾ ᠮᠢᠬᠠᠨ ᠤ ᠬᠤᠨᠢᠨ ᠤ ᠲᠡᠵᠢᠭᠡᠨ ᠦᠷᠡᠵᠢᠬᠦᠯᠬᠦ 180 ᠡᠷᠤᠭᠡ ᠶᠢ | ᠰᠢᠨ᠎ᠡ ᠪᠠᠷ ᠪᠠᠶᠢᠭᠤᠯᠵᠦ᠂ ᠭᠡᠪᠴᠢᠶᠠᠵᠢᠭ᠍ᠰᠡᠨ ᠲᠡᠵᠢᠭᠡᠨ ᠦᠷᠡᠵᠢᠬᠦᠯᠬᠦ 21 ᠲᠠᠯᠠᠪᠠᠢ ᠶᠢ ᠪᠦᠲᠤᠭᠡᠨ ᠪᠠᠶᠢᠭᠤᠯᠤᠨ᠎ᠠ᠃ | ᠭᠤᠷᠪᠠ ᠳᠤ ᠱᠧᠩ ᠮᠤ᠋ ᠲᠡᠭᠡᠲᠤ ᠰᠢᠨᠵᠢᠯᠡᠭᠡ ᠮᠡᠷᠭᠡᠵᠢᠯ ᠤᠨ ᠤᠷᠭᠠᠨᠢᠭ ᠰᠠᠭᠠᠯᠢ ᠶᠢᠨ ᠦᠨᠢᠶ᠎ᠠ ᠶᠢᠨ ᠪᠦᠬᠦ ᠠᠵᠤ | ᠦᠢᠯᠡᠰ ᠤᠨ ᠭᠡᠯᠬᠢᠶᠠᠵᠢᠯ ᠢ ᠲᠠᠮᠵᠢᠨ ᠠᠵᠤ ᠦᠢᠯᠡᠰ ᠤᠨ ᠦᠷ᠎ᠠ ᠠᠰᠢᠭ ᠤᠨ ᠪᠠᠷᠢᠮᠵᠢᠶ᠎ᠠ ᠳᠤ ᠬᠦᠷᠭᠡᠵᠦ᠂ | ᠤᠷᠭᠠᠨᠢᠭ ᠮᠢᠬᠠᠨ ᠤ ᠦᠭᠡᠷ ᠢ ᠭᠡᠪᠴᠢᠶᠠᠵᠢᠬᠦᠯᠦᠨ ᠲᠡᠵᠢᠭᠡᠨ ᠦᠷᠡᠵᠢᠬᠦᠯᠵᠦ ᠡᠳ᠋ᠰᠢᠬᠦᠯᠬᠦ ᠰᠠᠭᠤᠷᠢᠨ ᠭᠠᠵᠠᠷ ᠢ | ᠮᠠᠨ ᠤ ᠠᠶᠢᠮᠠᠭ ᠲᠤ ᠪᠠᠶᠢᠭᠤᠯᠬᠤ ᠪᠠᠷ ᠴᠢᠷᠮᠠᠶᠢᠨ ᠲᠠᠮᠠᠴᠠᠵᠦ᠂ ᠦᠨᠲᠤᠷ ᠬᠢᠷᠢ ᠲᠦᠪᠰᠢᠨ ᠲᠠᠢ ᠤᠲᠤ ᠶᠢᠨ ᠠᠮᠢ | ᠠᠬᠤᠢ ᠶᠢᠨ ᠮᠠᠯᠵᠢᠯ ᠤᠨ ᠠᠵᠤ ᠦᠢᠯᠡᠰ ᠤᠨ ᠵᠢᠱᠢᠶ᠎ᠠ ᠦᠵᠡᠬᠦᠯᠬᠦ ᠰᠠᠭᠤᠷᠢᠨ ᠭᠠᠵᠠᠷ ᠢ ᠪᠦᠬᠦᠨ ᠬᠦᠴᠦᠨ ᠢᠶᠠᠷ | ᠢᠶᠠᠨ ᠪᠠᠶᠢᠭᠤᠯᠤᠨ᠎ᠠ᠃ ᠲᠦᠷᠪᠠ ᠳᠤ ᠨᠤᠲᠤᠭ ᠪᠠᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠬᠢᠭᠡᠳ ᠪᠦᠲᠤᠭᠡᠨ | ᠪᠠᠶᠢᠭᠤᠯᠤᠯᠳᠠ ᠶᠢ ᠶᠡᠭᠡᠰᠭᠡᠵᠦ᠂ ᠡᠪᠠᠰᠤ ᠪᠠᠯᠴᠢᠭᠡᠷ ᠮᠠᠯᠵᠢᠯ ᠤᠨ ᠦᠢᠯᠡᠰ ᠢ ᠲᠦᠷᠭᠡᠳᠭᠡᠨ ᠬᠦᠭᠵᠢᠬᠦᠯᠬᠦ ᠶᠢ | ᠲᠦᠯᠬᠢᠨ ᠠᠬᠢᠭᠤᠯᠵᠦ᠂ ᠰᠢᠯᠢᠳᠡᠭ ᠴᠢᠨᠠᠷ ᠤᠨ ᠪᠤᠷᠲᠤᠭᠤᠷ ᠡᠪᠠᠰᠤᠨ ᠤ ᠲᠠᠷᠢᠵᠦ ᠡᠳ᠋ᠰᠢᠬᠦᠯᠬᠦ ᠶᠠᠷᠤᠩᠭᠡᠢ | ᠠᠰᠢᠭᠯᠠᠯᠳᠠ ᠶᠢ ᠦᠷᠨᠢᠬᠦᠯᠵᠦ᠂ ᠲᠠᠷᠢᠬᠤ ᠲᠡᠵᠢᠭᠡᠬᠦ ᠦᠷᠡᠵᠢᠬᠦᠯᠬᠦ ᠶᠠᠷᠤᠩᠭᠡᠶᠢᠯᠡᠭᠰᠡᠨ ᠦᠷ᠎ᠠ ᠠᠰᠢᠭ ᠢ | ᠲᠡᠭᠡᠭᠰᠢᠯᠡᠬᠦᠯᠦᠨ᠎ᠠ᠃ ᠲᠠᠪᠤ ᠳᠤ ᠬᠠᠰᠢᠶᠠᠯᠠᠨ ᠲᠡᠵᠢᠭᠡᠬᠦ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠪᠠᠷᠢᠮᠵᠢᠶ᠎ᠠ | ᠳᠤ ᠬᠦᠷᠬᠦ ᠶᠢ ᠪᠠᠲᠤᠯᠠᠵᠦ᠂ ᠰᠤᠮᠤ ᠪᠠᠯᠭᠠᠰᠤ᠂ ᠭᠠᠴᠠᠭ᠎ᠠ ᠲᠤᠰᠬᠤᠨ ᠬᠤᠶᠠᠷ ᠱᠠᠲᠤᠨ ᠤ ᠠᠮᠢᠳᠠᠨ ᠤ ᠬᠢᠵᠢᠭ | ᠡᠪᠠᠳᠴᠢᠨ ᠰᠡᠷᠭᠡᠶᠢᠯᠠᠬᠦ ᠰᠢᠰᠲ᠋ᠧᠮᠵᠢ ᠶᠢ ᠲᠡᠬᠦᠯᠳᠡᠷᠵᠢᠬᠦᠯᠵᠦ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ | ᠠᠮᠤᠷ ᠲᠦᠪᠰᠢᠨ ᠢ ᠦᠨ᠋ᠨᠨᠬᠦ ᠪᠠᠲᠤᠯᠠᠬᠤ ᠭᠡᠷᠡᠭᠲᠡᠢ ᠃ | 3. ᠦᠪᠠᠷᠮᠢᠴᠠ ᠤᠨᠴᠠᠯᠢᠭᠲᠤ ᠡᠯᠡᠰᠤᠨ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠨᠢᠭᠡ ᠳᠤ ᠤᠯᠤᠰ ᠤᠨ | ᠭᠤᠤᠯᠳᠠᠯᠭ᠎ᠠ ᠲᠠᠢ ᠡᠯᠡᠰᠤᠨ ᠠᠵᠤ ᠦᠢᠯᠡᠰ ᠤᠨ ᠵᠢᠱᠢᠶ᠎ᠠ ᠦᠵᠡᠬᠦᠯᠬᠦ ᠰᠠᠭᠤᠷᠢᠨ ᠭᠠᠵᠠᠷ ᠪᠠᠶᠢᠭᠤᠯᠬᠤ ᠪᠠᠷ ᠬᠠᠷᠠᠯᠳᠠ | ᠪᠤᠯᠭᠠᠵᠦ᠂ ᠠᠵᠤ ᠠᠬᠤᠶᠢᠯᠠᠯ᠂ ᠬᠤᠷᠰᠢᠶᠠᠵᠢᠯ ᠪᠠ ᠮᠠᠯᠴᠢᠨ ᠲᠠᠷᠢᠶᠠᠴᠢᠨ ᠢ ᠲᠠᠶᠢᠴᠢᠯᠠᠨ ᠡᠯᠡᠰᠤᠨ ᠤᠷᠭᠤᠮᠠᠯ ᠤᠨ | ᠡᠬᠢ ᠪᠠᠶᠠᠯᠢᠭ ᠢ ᠬᠠᠮᠠᠭᠠᠯᠠᠬᠤ ᠪᠠ ᠠᠵᠤ ᠦᠢᠯᠡᠰᠵᠢᠬᠦᠯᠦᠨ ᠨᠡᠭᠡᠭᠡᠨ ᠠᠰᠢᠭᠯᠠᠬᠤ ᠶᠢ ᠴᠢᠩᠭᠠᠳᠬᠠᠵᠦ᠂ ᠡᠯᠡᠰᠤᠨ | ᠠᠵᠤ ᠦᠢᠯᠡᠰ ᠢᠶᠠᠷ ᠭᠤᠤᠯ ᠪᠤᠯᠭᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠡᠬᠦᠲᠤᠨ ᠪᠠᠶᠢᠭᠤᠯᠵᠦ᠂ | ᠮᠠᠯᠴᠢᠨ ᠲᠠᠷᠢᠶᠠᠴᠢᠨ ᠢ ᠰᠢᠯᠵᠢᠬᠦᠯᠦᠨ ᠠᠵᠤ ᠦᠢᠯᠡᠰ ᠢ ᠰᠢᠯᠵᠢᠬᠦᠯᠦᠨ ᠤᠷᠤᠯᠭ᠎ᠠ ᠶᠢ ᠨᠡᠮᠡᠭᠳᠡᠬᠦᠯᠬᠦ ᠶᠢ | ᠠᠬᠢᠭᠤᠯᠤᠨ᠎ᠠ᠃ ᠬᠤᠶᠠᠷ ᠲᠤ ᠤᠯᠤᠰ᠂ ᠦᠪᠠᠷᠳᠡᠭᠡᠨ ᠵᠠᠰᠠᠬᠤ ᠤᠷᠤᠨ ᠤ ᠰᠢᠨᠵᠢᠯᠡᠬᠦ ᠮᠠᠷᠭᠡᠵᠢᠯ ᠤᠨ ᠴᠢᠬᠤᠯᠨ | ᠶᠡᠭᠡ ᠲᠤᠰᠬᠠᠢ ᠲᠦᠷᠤᠯ ᠵᠦᠢᠯ ᠢ ᠲᠡᠮᠡᠴᠠᠨ ᠤᠯᠵᠦ᠂ ᠦᠪᠤᠷ ᠮᠤᠩᠭᠤᠯ ᠤᠨ ᠭᠠᠩ ᠬᠠᠭᠤᠷᠠᠢ ᠴᠦᠯᠡᠷᠭᠡᠭ | ᠤᠷᠤᠨ ᠤ ᠡᠯᠡᠰᠤᠷᠭᠡᠭᠵᠢᠭᠰᠡᠨ ᠭᠠᠵᠠᠷ ᠰᠢᠷᠤᠢ ᠶᠢ ᠵᠠᠰᠠᠬᠤ ᠬᠢᠭᠡᠳ ᠡᠯᠡᠰᠤᠨ ᠠᠵᠤ ᠦᠢᠯᠡᠰ ᠤᠨ ᠮᠡᠷᠭᠡᠵᠢᠯ ᠢ | ᠨᠡᠭᠡᠭᠡᠨ ᠬᠦᠭᠵᠢᠬᠦᠯᠬᠦ ᠵᠢᠱᠢᠶ᠎ᠠ ᠦᠵᠡᠬᠦᠯᠬᠦ ᠲᠦᠷᠦᠯ ᠵᠦᠢᠯ᠂ 7S ᠦᠢᠯᠡᠳᠪᠤᠷᠢᠯᠠᠯ ᠤᠨ ᠭᠠᠵᠠᠷ ᠤᠨ ᠤᠭ | ᠦᠨᠲᠤᠰᠤ ᠶᠢ ᠨᠢ ᠡᠷᠢᠬᠦ ᠮᠡᠷᠭᠡᠵᠢᠯ ᠤᠨ ᠴᠠᠭᠠᠨ ᠭᠤᠶᠤᠤ ᠪᠠ ᠤᠯᠠᠭᠠᠨ ᠭᠤᠶᠤᠤ ᠶᠢᠨ ᠠᠵᠤ ᠦᠢᠯᠡᠰ ᠤᠨ ᠵᠢᠱᠢᠶ᠎ᠠ | ᠦᠵᠡᠬᠦᠯᠬᠦ ᠭᠡᠷᠡᠭᠯᠡᠭᠡᠨ ᠤ ᠲᠦᠷᠦᠯ ᠵᠦᠢᠯ᠂ ᠴᠠᠭᠠᠨ ᠭᠤᠶᠤᠤ ᠪᠠ ᠤᠯᠠᠭᠠᠨ ᠭᠤᠶᠤᠤ ᠶᠢᠨ ᠰᠢᠨ᠎ᠡ ᠢᠳᠡᠭᠡᠨ ᠤ | ᠤᠤᠯ ᠮᠠᠲ᠋ᠧᠷᠢᠶᠠᠯ ᠢ ᠭᠤᠶᠤᠴᠢᠯᠠᠨ ᠮᠡᠳᠡᠬᠦᠯᠬᠦ ᠠᠵᠢᠯ ᠰᠢᠨ᠎ᠡ ᠰᠢᠪᠲᠤᠯᠤᠯᠳᠠ ᠲᠠᠢ ᠪᠤᠯᠬᠤ ᠶᠢ ᠢᠳᠡᠪᠬᠢᠲᠡᠢ | ᠲᠦᠯᠬᠢᠨ ᠠᠬᠢᠭᠤᠯᠤᠨ᠎ᠠ᠃ ᠭᠤᠷᠪᠠ ᠳᠤ ᠰᠢᠨᠵᠢᠯᠡᠬᠦ ᠤᠬᠠᠭᠠᠨ ᠤ ᠰᠤᠲᠤᠯᠤᠯ ᠤᠨ ᠪᠠᠶᠢᠭᠤᠯᠤᠮᠵᠢ᠂ ᠲᠡᠭᠡᠲᠤ | ᠰᠤᠷᠭᠠᠭᠤᠯᠢ᠂ ᠲᠠᠷᠢᠶᠠᠯᠠᠩ ᠤᠨ ᠮᠡᠷᠭᠡᠵᠢᠯ ᠢ ᠲᠡᠯᠭᠡᠷᠡᠬᠦᠯᠬᠦ ᠵᠡᠷᠭᠡ ᠨᠢᠭᠡᠴᠠ ᠲᠠᠢ ᠰᠢᠨᠵᠢᠯᠡᠭᠡ ᠮᠠᠷᠭᠡᠵᠢᠯ ᠤᠨ | ᠬᠠᠮᠲᠤᠷᠠᠯᠴᠠᠭ᠎ᠠ ᠪᠠᠨ ᠴᠢᠩᠭᠠᠳᠬᠠᠵᠦ᠂ ᠨᠢᠭᠡ ᠪᠦᠯᠦᠭ ᠭᠤᠤᠯᠳᠠᠯᠭ᠎ᠠ ᠲᠠᠢ ᠡᠯᠡᠰᠤᠨ ᠠᠵᠤ ᠦᠢᠯᠡᠰ ᠤᠨ ᠠᠵᠤ | ᠠᠬᠤᠶᠢᠯᠠᠯ ᠢ ᠲᠡᠳᠬᠦᠵᠦ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠶᠢ ᠦᠷᠨᠢᠬᠦᠯᠵᠦ᠂ ᠡᠯᠡᠰᠤᠨ | ᠤᠷᠭᠤᠮᠠᠯ ᠤᠨ ᠦᠨᠲᠤᠷ ᠨᠡᠮᠡᠯᠳᠡ ᠦᠷᠳᠡᠭ ᠤᠨ ᠪᠦᠲᠤᠭᠡᠭᠳᠡᠬᠦᠨ ᠢ ᠬᠦᠨᠵᠡᠭᠡᠢ ᠨᠡᠭᠡᠭᠡᠨ ᠬᠦᠭᠵᠢᠬᠦᠯᠬᠦ ᠪᠠ ᠦᠷ᠎ᠠ | ᠪᠦᠲᠤᠮᠵᠢ ᠶᠢ ᠰᠢᠯᠵᠢᠬᠦᠯᠬᠦ ᠵᠢᠴᠢ ᠠᠵᠤ ᠦᠢᠯᠡᠰᠵᠢᠬᠦᠯᠬᠦ ᠠᠬᠢᠴᠠ ᠶᠢ ᠲᠦᠷᠭᠡᠳᠭᠡᠨ ᠠᠬᠢᠭᠤᠯᠤᠨ᠎ᠠ᠃ ᠲᠦᠷᠪᠠ ᠳᠤ | ︽ᠬᠠᠲᠤᠨ ᠭᠤᠤᠯ ᠤᠨ ᠵᠡᠬᠦᠨ ᠬᠦᠪᠡᠭᠡ᠂ ᠡᠯᠡᠰᠤᠨ ᠲᠠᠯᠠᠢ ᠶᠢᠨ ᠲᠠᠭᠠᠤ︾ ᠤᠯᠠᠭᠠᠨᠪᠤᠬ᠎ᠠ ᠡᠯᠡᠰᠤ ᠮᠠᠩᠬᠠᠨ ᠤ | ᠦᠵᠦᠮ ᠤᠨ ᠠᠵᠤ ᠦᠢᠯᠡᠰ ᠤᠨ ᠬᠤᠩᠬᠢᠯ ᠤᠨ ᠪᠦᠲᠤᠭᠡᠨ ᠪᠠᠶᠢᠭᠤᠯᠤᠯᠳᠠ ᠶᠢ ᠶᠡᠭᠡᠪᠠᠷ ᠲᠦᠯᠬᠢᠨ ᠠᠬᠢᠭᠤᠯᠵᠤ᠂ | ᠦᠵᠤᠮ ᠤᠨ ᠲᠠᠷᠢᠮᠠᠯ ᠤᠨ ᠰᠠᠭᠤᠷᠢᠨ ᠭᠠᠵᠠᠷ ᠢ ᠰᠢᠨᠵᠢᠯᠡᠬᠦ ᠤᠬᠠᠭᠠᠨᠴᠢ ᠪᠠᠷ ᠲᠦᠯᠦᠪᠯᠡᠬᠦ᠂ ᠲᠤᠬᠠᠢ ᠶᠢᠨ ᠭᠠᠵᠠᠷ | ᠲᠤᠨᠢ ᠲᠤᠬᠢᠷᠠᠭᠤᠯᠬᠤ ᠪᠠ ᠴᠡᠭ ᠭᠡᠯᠪᠠᠷᠢ ᠪᠠᠷ ᠪᠠᠶᠢᠷᠢᠯᠠᠭᠤᠯᠵᠦ᠂ ᠡᠯᠡᠰᠤ ᠮᠠᠩᠬᠠᠨ ᠤ ᠤᠬᠢ ᠪᠦᠲᠤᠭᠡᠭᠳᠡᠬᠦᠨ ᠤ | ᠠᠷᠢᠬᠢ ᠦᠢᠯᠡᠳᠪᠤᠷᠢᠯᠠᠬᠦ ᠪᠦᠯᠦᠭᠯᠡᠯ ᠢ ᠪᠠᠶᠢᠭᠤᠯᠵᠦ᠂ ᠦᠵᠦᠮ ᠤᠨ ᠲᠤᠭᠤᠷᠢᠨ ᠦᠵᠠᠵᠦ ᠲᠡᠬᠦᠬᠦ᠂ ᠦᠵᠦᠮ ᠤᠨ | ᠠᠷᠢᠬᠢᠨ ᠤ ᠪᠦᠲᠤᠭᠡᠭᠳᠡᠬᠦᠨ ᠤ ᠴᠢᠨᠠᠷ ᠴᠢᠨᠰᠠᠭ᠎ᠠ ᠶᠢ ᠬᠢᠨ᠋ᠨᠨ ᠲᠤᠭᠳᠠᠭᠠᠬᠤ᠂ ᠡᠯᠡᠰᠤ ᠮᠠᠩᠬᠠᠨ ᠤ ᠠᠷᠢᠬᠢᠨ | ᠦᠢᠯᠡᠳᠪᠤᠷᠢᠯᠠᠯ ᠤᠨ ᠰᠤᠯᠨ ᠰᠡᠯᠡᠬᠦᠴᠠᠯ ᠤᠨ ᠠᠮᠠᠷᠠᠯᠳᠠ ᠶᠢᠨ ᠵᠤᠭᠠᠴᠠᠯ ᠢ ᠬᠦᠭᠵᠢᠬᠦᠯᠤᠨ᠎ᠠ᠃ ᠦᠵᠤᠮ ᠤᠨ | ᠪᠠᠷᠢᠮᠵᠢᠶᠠᠯᠠᠭᠰᠠᠨ ᠠᠵᠤ ᠦᠢᠯᠡᠰᠵᠢᠯᠳᠡ ᠶᠢ ᠠᠭᠤᠰᠤᠯᠴᠠᠭᠤᠯᠬᠤ᠂ ᠤᠯᠠᠭᠠᠨᠰᠤᠬᠠᠢ ᠭᠠᠴᠠᠭ᠎ᠠ ᠶᠢᠨ ᠨᠡᠬᠦᠳᠡᠯ | ᠠᠷᠠᠳ ᠢ ᠲᠤᠬᠢᠷᠠᠭᠤᠯᠵᠦ ᠲᠡᠳᠬᠦᠬᠦ ᠵᠡᠷᠭᠡ ᠲᠦᠷᠦᠯ ᠵᠦᠢᠯ ᠢ ᠭᠤᠤᠯᠳᠠᠯᠭ᠎ᠠ ᠲᠠᠢ ᠭᠡᠷᠡᠭᠵᠢᠬᠦᠯᠵᠦ᠂ ᠦᠵᠦᠮ ᠤᠨ | ᠲᠠᠷᠢᠮᠠᠯ ᠤᠨ ᠶᠠᠷᠤᠩᠭᠡᠢ ᠲᠠᠯᠠᠪᠠᠢ ᠶᠢ 4 ᠲᠦᠮᠠᠨ ᠮᠤ᠋ ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ ᠲᠡᠮᠡᠴᠠᠨᠠ᠃ | ︽ᠨᠢᠭᠡ ᠠᠵᠤ ᠠᠬᠤᠶᠢᠯᠠᠯ ᠨᠢᠭᠡ ᠦᠵᠠᠮᠤᠷᠢ ᠶᠢᠨ ᠤᠷᠤᠨ︾ ᠤ ᠰᠡᠳᠬᠢᠴᠠ ᠶᠤᠰᠤᠭᠠᠷ᠂ ᠡᠯᠡᠰᠤᠨ ᠤᠷᠭᠤᠮᠠᠯ | ᠤᠨ ᠤᠢ ᠰᠢᠭᠤᠢ ᠡᠪᠠᠰᠤ ᠪᠠᠯᠴᠢᠭᠡᠷ ᠲᠠᠷᠢᠮᠠᠯ ᠤᠨ ᠦᠢᠯᠡᠰ᠂ ᠤᠰᠤ ᠠᠷᠪᠢᠯᠠᠬᠤ ᠭᠡᠯᠪᠠᠷᠢ ᠶᠢᠨ ᠲᠤᠨᠤᠭ | ᠲᠦᠬᠦᠭᠡᠷᠤᠮᠵᠢᠲᠤ ᠲᠠᠷᠢᠶᠠᠯᠠᠩ᠂ ᠪᠤᠬᠢᠷᠲᠤᠯ ᠦᠭᠡᠢ ᠲᠡᠵᠢᠭᠡᠨ ᠦᠷᠡᠵᠢᠬᠦᠯᠬᠦ ᠦᠢᠯᠡᠰ᠂ ᠦᠪᠠᠷᠮᠢᠴᠠ ᠤᠨᠴᠠᠯᠢᠭᠲᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠤᠭᠡᠭᠳᠡᠬᠦᠨ ᠢ ᠨᠠᠷᠢᠯᠢᠭ ᠡᠳ᠋ᠰᠢᠬᠦᠯᠬᠦ ᠠᠵᠤ ᠦᠢᠯᠡᠰ ᠵᠡᠷᠭᠡ ᠡᠯᠡᠰᠤᠨ | ᠠᠵᠤ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠬᠤ ᠦᠶ᠎ᠡ ᠳᠤ᠂ ︽ᠵᠢᠭᠤᠯᠴᠢᠯᠠᠯ + ︾ ᠰᠡᠳᠬᠢᠬᠦᠢ ᠶᠢ | ᠬᠦᠢᠴᠡᠳ ᠭᠡᠷᠡᠭᠯᠡᠵᠦ᠂ ᠠᠵᠤ ᠠᠬᠤᠶᠢᠯᠠᠯ ᠪᠤᠯᠭᠠᠨ ᠲᠦᠷᠦᠯ ᠵᠦᠢᠯ ᠪᠤᠯᠭᠠᠨ ᠢ ᠪᠦᠷ ᠦᠪᠠᠷᠮᠢᠴᠠ ᠤᠨᠴᠠᠯᠢᠭ ᠢᠶᠠᠷ | ᠢᠯᠨ ᠲᠤᠲᠤ᠂ ᠬᠢᠯᠠᠰ ᠴᠢᠭ ᠲᠤᠪᠤᠶᠢᠮ᠎ᠠ ᠪᠠᠶᠢᠬᠤ ᠠᠮᠢ ᠠᠬᠤᠢ ᠶᠢᠨ ᠵᠢᠭᠤᠯᠴᠢᠯᠠᠯ ᠤᠨ ᠦᠵᠠᠮᠤᠷᠢ ᠶᠢᠨ ᠤᠷᠤᠨ ᠢ | ᠪᠠᠶᠢᠭᠤᠯᠤᠨ᠎ᠠ᠃ ︽ᠦᠵᠤᠮ ᠤᠨ ᠠᠶᠢᠯ ︵ᠨᠢᠭᠡᠲᠤᠭᠡᠷ ᠬᠤᠭᠤᠴᠠᠭ᠎ᠠ︶︾ ︽ᠱᠧᠩ ᠮᠤ᠋ ᠲᠡᠭᠡᠲᠤ ᠰᠢᠨᠵᠢᠯᠡᠭᠡ | ᠮᠠᠷᠭᠡᠵᠢᠯ ᠤᠨ ᠠᠮᠢ ᠠᠬᠤᠢ ᠶᠢᠨ ᠲᠤᠭᠤᠷᠢᠨ ᠦᠵᠡᠬᠦ ᠮᠠᠯᠵᠢᠯ ᠤᠨ ᠲᠠᠯᠠᠪᠠᠢ︾ ︽ᠢ ᠯᠢ ᠡᠯᠡᠰᠤ ᠮᠠᠩᠬᠠᠨ ᠤ | ᠤᠷᠭᠤᠮᠠᠯ ᠤᠨ ᠦᠵᠡᠬᠦᠯᠦᠯᠭᠡ ᠶᠢᠨ ᠬᠦᠷᠢᠶᠠᠯᠠᠩ︾ ᠪᠠ ︽ᠶᠦᠸᠧ ᠡᠾᠧ ᠠᠮᠢ ᠠᠬᠤᠢ ᠶᠢᠨ ᠡᠷᠡᠬᠦᠯ ᠮᠠᠨᠲᠤ ᠶᠢᠨ | ᠰᠤᠪᠢᠯᠠᠬᠤ ᠲᠦᠪ︾ ᠵᠡᠷᠭᠡ ᠶᠢ ᠭᠤᠤᠯᠳᠠᠯᠭ᠎ᠠ ᠲᠠᠢ ᠪᠠᠶᠢᠭᠤᠯᠤᠨ᠎ᠠ᠃ ᠲᠠᠪᠤ ᠳᠤ᠂ ᠡᠯᠡᠰᠦᠨ ᠠᠵᠦ ᠦᠢᠯᠡᠰ ᠤᠨ | ᠲᠡᠭᠡᠳᠦ ᠰᠢᠨ᠎ᠠ ᠮᠡᠷᠭᠡᠵᠢᠯ ᠢ ᠨᠡᠬᠡᠬᠡᠨ ᠬᠦᠭᠵᠢᠬᠦᠯᠬᠦ ᠤᠷᠤᠨ ᠤ ᠬᠦᠲᠦᠯᠦᠨ ᠲᠦᠪᠯᠡᠷᠡᠬᠦᠯᠬᠦ ᠦᠢᠯᠡᠳᠦᠯ ᠢ | ᠪᠠᠳᠠᠷᠠᠭᠤᠯᠵᠦ᠂ ᠠᠯᠠᠱᠠ ᠶᠢᠨ ᠡᠯᠡᠰᠦ ᠮᠠᠩᠬᠠᠨ ᠤ ᠠᠮᠢ ᠠᠬᠤᠢ ᠶᠢᠨ ᠰᠢᠰᠲ᠋ᠧᠮ ᠤᠨ ᠰᠤᠳᠤᠯᠭᠠᠨ ᠤ ᠲᠦᠪ ᠤᠨ | ᠴᠢᠳᠠᠪᠬᠢ ᠶᠢ ᠴᠢᠩᠭᠠᠳᠬᠠᠨ᠂ ᠲᠤᠮᠳᠠᠳᠤ ᠤᠯᠤᠰ ᠤᠨ ᠤᠯᠠᠭᠠᠨᠪᠤᠬ᠎ᠠ ︽ᠡᠯᠡᠰᠦᠨ ᠬᠠᠪᠴᠢᠯ︾ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠵᠦ᠂ ᠴᠦᠩᠴᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ︽ᠡᠯᠡᠰᠦᠨ | ᠤ ᠬᠦᠷᠦᠰᠦᠵᠢᠯ︾ ᠰᠢᠨᠵᠢᠯᠡᠭᠡ ᠮᠡᠷᠭᠡᠵᠢᠯ ᠰᠤᠳᠤᠯᠭᠠᠨ ᠤ ᠲᠤᠷᠰᠢᠯᠲᠠ ᠶᠢᠨ ᠵᠢᠱᠢᠶ᠎ᠠ ᠦᠵᠡᠬᠦᠯᠬᠦ ᠰᠠᠭᠤᠷᠢᠨ ᠭᠠᠵᠠᠷ | ᠤᠨ ᠲᠦᠷᠦᠯ ᠵᠦᠢᠯ ᠢ ᠰᠠᠶᠢᠳᠤᠷ ᠠᠳᠬᠤᠨ᠂ ︽ᠳᠤᠮᠳᠠᠳᠤ ᠤᠯᠤᠰ ᠤᠨ ᠡᠯᠡᠰᠦᠨ ᠬᠠᠪᠴᠢᠯ︾ ᠤᠯᠠᠭᠠᠨᠪᠤᠬ᠎ᠠ | ᠲᠡᠭᠡᠳᠦ ᠰᠢᠨ᠎ᠡ ᠮᠡᠷᠭᠡᠵᠢᠯ ᠤᠨ ᠨᠡᠪᠴᠢᠬᠦᠯᠦᠯᠲᠠ ᠶᠢᠨ ᠬᠦᠷᠢᠶᠡᠯᠡᠩ ᠢ ᠡᠬᠢᠯᠡᠨ ᠪᠠᠶᠢᠭᠤᠯᠤᠨ᠎ᠠ᠃ ᠰᠢᠨᠵᠢᠯᠡᠬᠦ | ᠤᠬᠠᠭᠠᠨ ᠤ ᠰᠤᠲᠤᠯᠤᠯ ᠤᠨ ᠦᠷ᠎ᠠ ᠪᠦᠲᠦᠮᠵᠢ ᠶᠢᠨ ᠲᠡᠯᠭᠡᠨ ᠦᠵᠡᠬᠦᠯᠦᠭᠡ᠂ ᠡᠯᠡᠰᠦᠨ ᠤᠷᠭᠤᠮᠠᠯ ᠢ | ᠪᠤᠶᠢᠵᠢᠭᠤᠯᠤᠨᠰᠤᠨᠢᠷᠬᠠᠬᠤ᠂ ᠡᠯᠡᠰᠦᠨ ᠤᠷᠭᠤᠮᠠᠯ ᠤᠨ ᠦᠷ᠎ᠠ ᠡᠳ᠋ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠬᠦᠯᠬᠦ᠂ ᠡᠯᠡᠰᠦᠨ ᠠᠮᠢ ᠠᠬᠤᠢ ᠢ ᠵᠠᠰᠠᠨ ᠰᠠᠶᠢᠵᠢᠷᠠᠭᠤᠯᠬᠤ ᠰᠤᠶᠤᠯ ᠤᠨ ᠤᠬᠠᠭᠤᠯᠭ᠎ᠠ | ᠵᠡᠷᠭᠡ ᠠᠭᠤᠯᠭ᠎ᠠ ᠶᠢᠨ ᠲᠤᠭᠤᠷᠢᠨ ᠳᠤ᠂ ︽ᠡᠯᠡᠰᠦᠨ ᠠᠵᠦ ᠦᠢᠯᠡᠰ ᠤᠨ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ | ᠡᠭᠦᠳᠬᠦ︾ ᠭᠤᠤᠯ ᠰᠡᠳᠦᠪᠲᠦ ᠲᠤᠭᠤᠷᠢᠨ ᠦᠵᠡᠬᠦ ᠬᠦᠳᠡᠯᠭᠡᠭᠡᠨ ᠢ ᠵᠤᠬᠢᠶᠠᠨ ᠪᠠᠶᠢᠭᠤᠯᠤᠨ ᠦᠷᠨᠢᠬᠦᠯᠵᠦ᠂ | ᠰᠢᠨᠵᠢᠯᠡᠭᠡ ᠮᠡᠷᠭᠡᠵᠢᠯ ᠢᠶᠠᠷ ᠵᠢᠭᠤᠯᠴᠢᠯᠠᠯ ᠤᠨ ᠦᠢᠯᠡᠰ ᠤᠨ ᠬᠦᠭᠵᠢᠯᠲᠠ ᠶᠢᠨ ᠳᠠᠯᠳᠠ ᠴᠢᠳᠠᠪᠤᠷᠢ ᠶᠢ ᠳᠠᠶᠢᠴᠢᠯᠠᠬᠤ | ᠶᠢ ᠠᠭᠤᠳᠠᠯᠠᠵᠦ᠂ ᠰᠢᠨᠵᠢᠯᠡᠭᠡ ᠮᠡᠷᠭᠡᠵᠢᠯ᠂ ᠵᠢᠭᠤᠯᠴᠢᠯᠠᠯ ᠤᠨ ᠠᠭᠤᠰᠤᠯᠴᠠᠯ ᠬᠦᠭᠵᠢᠯᠲᠠ ᠶᠢ ᠠᠬᠢᠭᠤᠯᠤᠨ᠎ᠠ᠃ | ᠵᠢᠷᠭᠤᠭ᠎ᠠ ᠳᠤ᠂ ᠤᠯᠠᠭᠠᠨᠪᠤᠬ᠎ᠠ ᠶᠢᠨ ᠡᠯᠪᠡᠭ ᠪᠠᠶᠠᠯᠢᠭ ᠬᠡᠷᠡᠯ ᠢᠯᠴᠢ ᠶᠢᠨ ᠡᠬᠢ ᠪᠠᠶᠠᠯᠢᠭ ᠪᠠ ᠪᠤᠬᠢᠷᠳᠠᠯ ᠦᠭᠡᠢ | ᠭᠠᠵᠠᠷ ᠰᠢᠷᠦᠢ ᠶᠢᠨ ᠲᠠᠪᠠᠭᠤᠯᠢᠭ ᠲᠤ ᠰᠠᠭᠤᠷᠢᠯᠠᠨ᠂ ᠲᠡᠭᠡᠳᠦ ᠰᠢᠨ᠎ᠡ ᠮᠡᠷᠭᠡᠵᠢᠯ ᠢ ᠠᠰᠢᠭᠯᠠᠨ᠂ ᠦᠨᠳᠦᠷ ᠨᠡᠮᠡᠯᠲᠠ | ᠦᠷᠲᠡᠭ ᠪᠦᠬᠦᠢ ᠵᠢᠩᠬᠢᠨᠢ ᠡᠮ ᠤᠨ ᠮᠠᠲ᠋ᠧᠷᠢᠶᠠᠯ ᠤᠨ ᠦᠢᠯᠡᠰ ᠢ ᠬᠦᠭᠵᠢᠬᠦᠯᠵᠦ᠂ ᠪᠠᠷᠠᠭᠤᠨ ᠬᠤᠶᠢᠲᠦ ᠤᠷᠤᠨ ᠤ | ᠮᠤᠩᠭᠤᠯ ᠬᠢᠲᠠᠳ ᠡᠮ ᠤᠨ ᠲᠠᠷᠢᠮᠠᠯ ᠤᠨ ᠰᠠᠭᠤᠷᠢᠨ ᠭᠠᠵᠠᠷ ᠪᠠ ᠪᠦᠬᠦ ᠤᠯᠤᠰ ᠤᠨ ᠵᠢᠩᠬᠢᠨᠢ ᠡᠮ ᠤᠨ ᠮᠠᠲ᠋ᠧᠷᠢᠶᠠᠯ | ᠤᠨ ᠬᠤᠳᠠᠯᠳᠤᠭᠠᠨ ᠤ ᠰᠠᠭᠤᠷᠢᠨ ᠢ ᠴᠤᠭᠴᠠᠯᠠᠨ ᠪᠠᠶᠢᠭᠤᠯᠵᠦ᠂ ᠵᠢᠩᠬᠢᠨᠢ ᠡᠮ ᠤᠨ ᠮᠠᠲ᠋ᠧᠷᠢᠶᠠᠯ ᠤᠨ ᠲᠠᠷᠢᠮᠠᠯ᠂ | ᠬᠢᠲᠠᠳ ᠡᠮ ᠤᠨ ᠡᠷᠡᠬᠦᠯᠵᠢᠯ᠂ ᠬᠢᠲᠠᠳ ᠡᠮᠨᠡᠯᠭᠡ ᠶᠢᠨ ᠰᠤᠶᠤᠯ ᠵᠢᠭᠤᠯᠴᠢᠯᠠᠯ ᠵᠡᠷᠭᠡ ᠬᠠᠮᠢᠶ᠎ᠠ ᠪᠦᠬᠦᠢ ᠠᠵᠦ | ᠦᠢᠯᠡᠰ ᠤᠨ ᠬᠦᠭᠵᠢᠯᠲᠠ ᠶᠢ ᠳᠠᠶᠢᠴᠢᠯᠠᠨ᠂ ᠵᠢᠱᠢᠶ᠎ᠠ ᠦᠵᠡᠬᠦᠯᠬᠦ ᠤᠷᠤᠨ ᠤ ᠡᠯᠡᠰᠦᠨ ᠠᠵᠦ ᠦᠢᠯᠡᠰ ᠤᠨ | ᠪᠦᠲᠦᠴᠡ ᠶᠢᠨ ᠲᠤᠬᠢᠷᠠᠭᠤᠯᠤᠯᠲᠠ ᠪᠠ ᠪᠦᠲᠦᠭᠡᠭᠳᠡᠬᠦᠨ ᠤ ᠪᠦᠲᠦᠴᠡ ᠶᠢ ᠰᠢᠯᠢᠳᠡᠭᠵᠢᠬᠦᠯᠦᠨ ᠲᠡᠰ ᠳᠡᠪᠰᠢᠬᠦᠯᠬᠦ ᠶᠢ | ᠲᠦᠯᠬᠢᠨ ᠠᠬᠢᠭᠤᠯᠵᠦ᠂ ︽ᠤᠯᠠᠭᠠᠨᠪᠤᠬ᠎ᠠ︾ ᠵᠢᠩᠬᠢᠨᠢ ᠡᠮ ᠤᠨ ᠮᠠᠲ᠋ᠧᠷᠢᠶᠠᠯ ᠤᠨ ᠤᠨᠴᠠᠯᠢᠭᠲᠦ ᠲᠠᠸᠠᠷ ᠤᠨ | ᠳᠡᠮᠳᠡᠭᠲᠦ ᠶᠢ ᠠᠯᠳᠠᠷᠰᠢᠭᠤᠯᠤᠨ᠎ᠠ᠃ ᠲᠤᠯᠤᠭ᠎ᠠ ᠳᠤ᠂ ᠠᠯᠠᠱᠠ ᠵᠡᠬᠦᠨ ᠬᠤᠰᠢᠭᠤᠨ ᠤ ᠦᠷᠬᠦᠯᠵᠢᠯᠡᠬᠦᠢ ᠬᠦᠭᠵᠢᠯᠲᠠ | ᠶᠢᠨ ᠲᠤᠷᠰᠢᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠵᠦ᠂ ᠡᠯᠡᠰᠦᠨ ᠠᠵᠦ | ᠦᠢᠯᠡᠰ ᠤᠨ ᠡᠷᠡᠬᠦᠯ ᠠᠵᠦ ᠦᠢᠯᠡᠰ ᠤᠨ ᠬᠦᠷᠢᠶᠡᠯᠡᠩ ᠤᠨ ᠤᠷᠤᠨ ᠢ ᠪᠦᠲᠦᠭᠡᠨ ᠪᠠᠶᠢᠭᠤᠯᠤᠨ᠎ᠠ᠃ ᠪᠦᠬᠦ ᠤᠯᠤᠰ | ᠤᠨ ᠡᠯᠡᠰᠦᠨ ᠠᠵᠦ ᠦᠢᠯᠡᠰ ᠤᠨ ᠰᠢᠨ᠎ᠡ ᠶᠢ ᠡᠭᠦᠳᠴᠦ ᠦᠢᠯᠡᠰ ᠪᠦᠲᠦᠭᠡᠬᠦ ᠤᠷᠤᠯᠳᠤᠭᠠᠨ ᠢ ᠦᠷᠨᠢᠬᠦᠯᠵᠦ᠂ | ᠤᠯᠤᠰ ᠤᠨ ᠳᠤᠳᠤᠭᠠᠳᠤᠬᠢ ᠨᠡᠩ ᠠᠷᠪᠢᠨ ᠠᠷᠠᠳ ᠤᠨ ᠬᠦᠷᠦᠩᠭᠡ᠂ ᠲᠡᠷᠢᠬᠦᠨ ᠤ ᠮᠡᠷᠭᠡᠵᠢᠯ᠂ ᠳᠡᠭᠡᠲᠦ ᠵᠡᠷᠭᠡ ᠶᠢᠨ | ᠴᠢᠳᠠᠪᠤᠷᠢᠳᠠᠨ ᠢ ᠠᠯᠠᠱᠠ ᠶᠢᠨ ᠡᠯᠡᠰᠦᠨ ᠠᠵᠦ ᠦᠢᠯᠡᠰ ᠤᠨ ᠬᠦᠭᠵᠢᠯᠲᠠ ᠳᠤ ᠨᠢᠬᠡᠳᠭᠡᠨ ᠲᠦᠪᠯᠡᠷᠡᠬᠦᠯᠬᠦ ᠪᠠᠷ | ᠴᠢᠷᠮᠠᠶᠢᠨ᠎ᠠ᠃ | 4. ᠤᠬᠢ ᠰᠢᠯᠢᠳᠡᠭ ᠤᠢ ᠰᠢᠭᠤᠢ ᠵᠢᠮᠢᠰ ᠤᠨ ᠦᠢᠯᠡᠰ ᠢ ᠰᠠᠶᠢᠳᠤᠷ ᠬᠢᠨ᠎ᠠ᠃ ᠲᠤᠬᠢᠷᠠᠮᠵᠢᠲᠠᠢ ᠤᠢ ᠰᠢᠭᠤᠢ | ᠵᠢᠮᠢᠰ ᠤᠨ ᠰᠢᠨ᠎ᠡ ᠲᠦᠷᠦᠯ ᠵᠦᠢᠯ ᠰᠢᠨ᠎ᠠ ᠮᠡᠷᠭᠡᠵᠢᠯ ᠤᠨ ᠲᠦᠭᠡᠮᠡᠯᠵᠢᠬᠦᠯᠦᠯᠲᠠ᠂ ᠵᠢᠱᠢᠶ᠎ᠠ ᠦᠵᠡᠬᠦᠯᠦᠯᠲᠠ ᠪᠠ | ᠮᠡᠷᠭᠡᠵᠢᠯ ᠤᠨ ᠨᠢᠭᠡᠳᠭᠡᠯ ᠢ ᠴᠢᠩᠭᠠᠳᠬᠠᠵᠦ᠂ ᠭᠤᠤᠯᠳᠠᠯᠭ᠎ᠠ ᠲᠠᠢ ᠪᠠᠷ ᠠᠵᠦ ᠠᠬᠤᠶᠢᠯᠠᠯ᠂ ᠬᠤᠷᠰᠢᠶᠠᠵᠢᠯ ᠪᠠ | ᠮᠠᠯᠴᠢᠨ ᠲᠠᠷᠢᠶᠠᠴᠢᠨ ᠢ ᠵᠢᠯᠤᠭᠤᠳᠤᠨ ᠲᠠᠷᠢᠶᠠᠨ ᠭᠠᠵᠠᠷ ᠵᠢᠴᠢ ᠬᠦᠷᠢᠶ᠎ᠠ ᠬᠠᠰᠢᠶ᠎ᠠ ᠶᠢ ᠠᠰᠢᠭᠯᠠᠨ ᠠᠵᠦ ᠠᠬᠤᠢ ᠶᠢᠨ | ᠤᠢ ᠶᠢ ᠬᠦᠭᠵᠢᠬᠦᠯᠵᠦ᠂ ᠰᠢᠨ᠎ᠠ ᠪᠠᠷ 0.5 ᠲᠦᠮᠡᠨ ᠮᠤ᠋ ᠦᠵᠦᠮ᠂ 0.47 ᠲᠦᠮᠡᠨ ᠮᠤ᠋ ᠴᠢᠪᠠᠭ᠎ᠠ ᠶᠢᠨ ᠮᠤᠳᠤ᠂ | ᠬᠦᠮᠦᠨ ᠤ ᠬᠦᠴᠦ ᠪᠠᠷ 0.6 ᠲᠦᠮᠡᠨ ᠮᠤ᠋ ᠬᠠᠷ᠎ᠠ ᠴᠢᠨ᠋ᠸ᠎ᠠ ᠶᠢᠨ ᠬᠠᠷᠮᠠᠭ ᠢ ᠤᠶᠢᠵᠢᠭᠤᠯᠤᠨ᠂ ᠪᠠᠶᠢᠭᠠᠯᠢᠯᠢᠭ ᠬᠠᠷ᠎ᠠ | ᠴᠢᠨ᠋ᠸ᠎ᠠ ᠶᠢᠨ ᠬᠠᠷᠮᠠᠭ ᠤᠨ ᠡᠬᠢ ᠪᠠᠶᠠᠯᠢᠭ ᠬᠠᠷᠢᠴᠠᠩᠭᠤᠢ ᠲᠦᠪᠯᠡᠷᠡᠩᠭᠦᠢ ᠭᠠᠵᠠᠷ ᠤᠷᠤᠨ ᠳᠤ 3.6 ᠲᠦᠮᠡᠨ ᠮᠤ᠋ | ᠬᠠᠷ᠎ᠠ ᠴᠢᠨ᠋ᠸ᠎ᠠ ᠶᠢᠨ ᠬᠠᠷᠮᠠᠭ ᠢ ᠪᠢᠳᠡᠬᠦᠮᠵᠢᠯᠡᠨ ᠬᠠᠮᠠᠭᠠᠯᠠᠨ᠎ᠠ᠃ ᠭᠠᠵᠠᠷ ᠤᠷᠤᠨ ᠤ ᠤᠨᠴᠠᠯᠢᠭᠲᠤ ᠵᠢᠭᠤᠯᠴᠢᠯᠠᠯ ᠤᠨ | ᠵᠢᠮᠢᠰ ᠤᠨ ᠪᠦᠲᠦᠭᠡᠭᠳᠡᠭᠦᠨ ᠢ ᠬᠦᠴᠦᠯᠡᠨ ᠨᠡᠭᠡᠭᠡᠵᠦ᠂ ᠡᠯᠡᠰᠦᠨ ᠤ ᠠᠮᠢ ᠠᠬᠤᠢ ᠶᠢᠨ ᠨᠤᠲᠤᠭ ᠤᠨ ᠭᠠᠷᠤᠯᠲᠠ ᠶᠢᠨ | ᠲᠠᠸᠠᠷ ᠤᠨ ᠲᠡᠮᠳᠡᠭᠲᠦ ᠶᠢ ᠴᠤᠭᠴᠠᠯᠠᠨ ᠪᠠᠶᠢᠭᠤᠯᠤᠨ᠎ᠠ᠃ | 5. ᠵᠤᠭ᠎ᠠ ᠴᠡᠩᠬᠡᠯ ᠤᠨ ᠮᠠᠯ ᠠᠵᠦ ᠠᠬᠤᠢ ᠲᠠᠷᠢᠶᠠᠯᠠᠩ ᠤᠨ ᠦᠢᠯᠡᠰ ᠢ ᠠᠮᠢᠵᠢᠷᠠᠭᠤᠯᠤᠨᠠ᠃ ᠲᠡᠯᠡᠬᠡᠢ ᠶᠢᠨ | ᠵᠤᠭᠠᠴᠠᠯ ᠤᠨ ᠬᠠᠷᠠᠯᠳᠠᠳᠤ ᠤᠷᠤᠨ ᠢ ᠴᠤᠭᠴᠠᠯᠠᠨ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ | ︽ᠦᠵᠡᠰᠭᠦᠯᠡᠩᠲᠦ ᠰᠠᠶᠢᠬᠠᠨ ᠬᠦᠳᠡᠭᠡ ᠲᠤᠰᠬᠤᠨ︾ ᠤ ᠪᠦᠲᠦᠭᠡᠨ ᠪᠠᠶᠢᠭᠤᠯᠤᠯᠲᠠ ᠪᠤᠯᠤᠨ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠲᠠᠢ ᠤᠶᠠᠯᠳᠤᠭᠤᠯᠤᠨ᠂ ︽ᠮᠠᠩᠬᠠᠨ ᠨᠤᠲᠤᠭ ᠤᠨ ᠠᠶᠢᠯ᠂ | ᠲᠤᠤᠷᠠᠢ ᠶᠢᠨ ᠠᠶᠢᠯ᠂ ᠦᠵᠦᠮ ᠤᠨ ᠠᠶᠢᠯ︾ ᠵᠡᠷᠭᠡ ᠵᠤᠭ᠎ᠠ ᠴᠡᠩᠭᠡᠯ ᠤᠨ ᠮᠠᠯ ᠠᠵᠦ ᠠᠬᠤᠢ ᠲᠠᠷᠢᠶᠠᠯᠠᠩ ᠤᠨ | ᠦᠢᠯᠡᠰ ᠤᠨ ᠨᠡᠷᠡᠲᠦ ᠳᠡᠮᠳᠡᠭ ᠤᠨ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠦᠨᠳᠦᠰᠦᠲᠡᠨ ᠤ ᠰᠤᠶᠤᠯ ᠪᠠ | ᠭᠠᠵᠠᠷ ᠤᠷᠤᠨ ᠤ ᠵᠠᠩ ᠵᠠᠩᠰᠢᠯ ᠤᠨ ᠤᠨᠴᠠᠯᠢᠭ ᠢ ᠬᠦᠨ ᠠᠭᠤᠰᠤᠯᠴᠠᠭᠤᠯᠤᠨ᠂ ᠲᠤᠬᠢᠷᠠᠮᠵᠢᠲᠠᠢ ᠭᠠᠵᠠᠷ ᠤᠷᠤᠨ | ᠳᠤ ᠨᠢᠭᠡᠳᠦᠯᠳᠡᠢ ᠲᠦᠰᠦᠪᠯᠡᠵᠦ᠂ ᠵᠤᠭ᠎ᠠ ᠴᠡᠩᠬᠡᠯ ᠤᠨ ᠮᠠᠯ ᠠᠵᠦ ᠠᠬᠤᠢ ᠲᠠᠷᠢᠶᠠᠯᠠᠩ ᠤᠨ ᠦᠢᠯᠡᠰ ᠤᠨ ᠵᠢᠱᠢᠶ᠎ᠠ | ᠦᠵᠡᠬᠦᠯᠬᠦ ᠴᠡᠭ ᠢ ᠨᠡᠮᠡᠭᠳᠡᠬᠦᠯᠵᠦ᠂ ᠡᠵᠡᠩᠨᠡᠯᠲᠠ ᠦᠢᠯᠡᠴᠢᠯᠡᠭᠡᠨ ᠤ ᠠᠭᠤᠯᠭ᠎ᠠ ᠪᠠᠨ ᠦᠷᠭᠡᠳᠭᠡᠨ᠂ ᠬᠦᠯᠢᠶᠠᠨ | ᠵᠤᠴᠢᠯᠠᠬᠤ ᠬᠢᠷᠢ ᠲᠦᠪᠰᠢᠨ ᠪᠠᠨ ᠳᠡᠭᠡᠭᠰᠢᠯᠡᠬᠦᠯᠦᠨ᠎ᠠ᠃ ᠦᠪᠡᠷᠲᠡᠭᠡᠨ ᠵᠠᠰᠠᠬᠤ ᠤᠷᠤᠨ ᠤ ᠲᠡᠰ ᠤᠨ ᠵᠤᠭ᠎ᠠ ᠴᠡᠩᠬᠡᠯ | ᠤᠨ ᠮᠠᠯ ᠠᠵᠦ ᠠᠬᠤᠢ ᠲᠠᠷᠢᠶᠠᠯᠠᠩ ᠤᠨ ᠦᠢᠯᠡᠰ ᠤᠨ 1 ᠨᠡᠷ᠎ᠡ ᠵᠢᠱᠢᠶ᠎ᠠ ᠦᠵᠡᠬᠦᠯᠬᠦ ᠬᠤᠰᠢᠭᠤ ᠶᠢ ᠴᠤᠭᠴᠠᠯᠠᠨ | ᠪᠠᠶᠢᠭᠤᠯᠵᠦ᠂ ᠦᠪᠡᠷᠲᠡᠭᠡᠨ ᠵᠠᠰᠠᠬᠤ ᠤᠷᠤᠨ ᠤ ᠵᠤᠭ᠎ᠠ ᠴᠡᠩᠬᠡᠯ ᠤᠨ ᠮᠠᠯ ᠠᠵᠦ ᠠᠬᠤᠢ ᠲᠠᠷᠢᠶᠠᠯᠠᠩ ᠤᠨ ᠦᠢᠯᠡᠰ | ᠤᠨ 1 ᠨᠡᠷ᠎ᠡ ᠵᠢᠱᠢᠶ᠎ᠠ ᠦᠵᠡᠬᠦᠯᠬᠦ ᠴᠡᠭ ᠂ 14 ᠦᠪᠡᠷᠲᠡᠭᠡᠨ ᠵᠠᠰᠠᠬᠤ ᠤᠷᠤᠨ ᠤ ᠤᠳᠤᠨ ᠳᠡᠰ ᠤᠨ ᠬᠦᠳᠡᠭᠡ | ᠲᠤᠰᠬᠤᠨ ᠤ ᠵᠢᠭᠤᠯᠴᠢᠯᠠᠯ ᠤᠨ ᠬᠦᠯᠢᠶᠠᠨ ᠵᠤᠴᠢᠯᠠᠬᠤ ᠡᠷᠦᠬᠡ᠂ 31 ᠮᠠᠯᠴᠢᠨ ᠲᠠᠷᠢᠶᠠᠴᠢᠨ ᠠᠶᠢᠯ ᠤᠨ ᠵᠤᠭᠠᠴᠠᠯ | ᠤᠨ ᠴᠡᠭ᠂ 5 ᠵᠤᠭᠠᠴᠠᠯ ᠤᠨ ᠲᠤᠰᠬᠠᠢ ᠲᠤᠰᠬᠤᠨ ᠢ ᠰᠢᠨ᠎ᠠ ᠪᠠᠷ ᠨᠡᠮᠡᠭᠳᠡᠬᠦᠯᠵᠦ᠂ ᠮᠠᠯᠵᠢᠬᠤ ᠲᠠᠷᠢᠶᠠᠯᠠᠬᠤ ᠤᠷᠤᠨ | ᠤ ᠵᠢᠭᠤᠯᠴᠢᠭᠰᠠᠳ ᠢ ᠬᠦᠯᠢᠶᠠᠨ ᠵᠤᠴᠢᠯᠠᠬᠤ ᠲᠤᠭ᠎ᠠ ᠶᠢ 110 ᠲᠦᠮᠡᠨ ᠬᠦᠮᠦᠨ ᠤᠳᠠᠭ᠎ᠠ ᠳᠤ ᠬᠦᠷᠭᠡᠨ᠎ᠠ᠃ | ︵ᠬᠤᠶᠠᠷ︶ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ ᠤᠨ ᠬᠦᠭᠵᠢᠯᠲᠠ ᠶᠢᠨ ︽ᠳᠤᠳᠠᠭᠤᠳᠠᠯ︾ | ᠢ ᠳᠠᠰᠤᠷᠠᠯᠲᠠ ᠦᠭᠡᠢ ᠨᠦᠬᠦᠪᠦᠷᠢᠯᠡᠨ᠎ᠡ | ᠨᠢᠬᠡ ᠳᠤ᠂ ᠲᠤᠯᠤᠭᠠᠶᠢᠯᠠᠭᠴᠢ ᠠᠵᠦ ᠠᠬᠤᠶᠢᠯᠠᠯ ᠤᠨ ᠲᠦᠷᠭᠡᠨ ᠬᠦᠭᠵᠢᠯᠲᠠ ᠶᠢ ᠳᠡᠮᠵᠢᠨ᠎ᠡ᠃ ᠮᠠᠯ ᠠᠵᠦ | ᠠᠬᠤᠢ ᠲᠠᠷᠢᠶᠠᠯᠠᠩ ᠤᠨ ᠠᠵᠦ ᠦᠢᠯᠡᠰᠵᠢᠯᠡᠭᠰᠡᠨ ᠡᠵᠡᠩᠨᠡᠯᠲᠠ ᠶᠢ ᠪᠡᠶᠡᠯᠡᠬᠦᠯᠬᠦ ᠶᠢᠨ ᠵᠠᠩᠬᠢᠯᠠᠭ᠎ᠠ ᠨᠢ | ᠲᠤᠯᠤᠭᠠᠶᠢᠯᠠᠭᠴᠢ ᠠᠵᠦ ᠠᠬᠤᠶᠢᠯᠠᠯ ᠳᠤ ᠪᠠᠶᠢᠵᠦ᠂ ᠬᠠᠮᠤᠭ ᠡᠴᠦᠰ ᠲᠤ ᠪᠠᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠪᠠᠷ ᠰᠢᠢᠳᠪᠦᠷᠢᠯᠡᠭᠳᠡᠳᠡᠭ᠃ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰᠵᠢᠯᠡᠭᠰᠡᠨ ᠲᠦᠷᠦᠯ | ᠵᠦᠢᠯ ᠤᠨ ᠬᠦᠮᠦᠷᠬᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠳᠤᠷ ᠬᠢᠵᠦ᠂ ᠠᠷᠠᠯᠵᠢᠶᠠᠴᠢᠨ ᠤᠷᠢᠵᠦ ᠪᠡᠯᠡ | ᠤᠷᠤᠭᠤᠯᠬᠤ ᠬᠦᠴᠦᠯᠡᠴᠡ ᠪᠠᠨ ᠨᠡᠮᠡᠭᠳᠡᠬᠦᠯᠤᠨ᠂ ᠴᠢᠬᠤᠯᠠ ᠳᠤᠮᠤ ᠲᠦᠷᠦᠯ ᠵᠦᠢᠯ᠂ ᠭᠤᠤᠯᠳᠠᠯᠭᠠᠳᠤ ᠢᠨᠵᠧᠨᠧᠷᠢᠩ | ᠤᠨ ᠪᠤᠳᠠᠳᠠᠢ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠶᠢᠮᠠᠭ ᠤᠨ ᠲᠡᠰ ᠠᠴᠠ ᠳᠡᠭᠡᠭᠰᠢᠬᠢ | ᠲᠤᠯᠤᠭᠠᠶᠢᠯᠠᠭᠴᠢ ᠠᠵᠦ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠵᠤᠷᠢᠭᠵᠢᠭᠤᠯᠤᠨ᠂ | ᠲᠦᠬᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠲᠡᠮᠡᠭᠡ᠂ | ᠴᠠᠭᠠᠨ ᠨᠤᠤᠯᠤᠷᠲᠦ ᠢᠮᠠᠭᠠᠨ ᠤ ᠠᠵᠦ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠢ | ᠲᠦᠷᠭᠡᠳᠭᠡᠨ ᠪᠠᠶᠢᠭᠤᠯᠵᠦ᠂ ᠳᠠᠪᠠᠭᠤᠯᠢᠭ ᠠᠵᠦ ᠦᠢᠯᠡᠰ ᠤᠨ ᠴᠤᠭᠯᠠᠨ ᠲᠦᠪᠯᠡᠷᠡᠭᠰᠡᠨ ᠬᠦᠭᠵᠢᠯᠲᠠ ᠶᠢ | ᠠᠬᠢᠭᠤᠯᠤᠨ᠎ᠠ᠃ ᠲᠤᠯᠤᠭᠠᠶᠢᠯᠠᠭᠴᠢ ᠠᠵᠦ ᠠᠬᠤᠶᠢᠯᠠᠯ ᠤᠨ ᠡᠷᠬᠢᠯᠲᠠ ᠶᠢᠨ ᠬᠢᠨᠠᠨ ᠬᠡᠮᠵᠢᠯᠲᠠ ᠶᠢ ᠴᠢᠩᠭᠠᠳᠬᠠᠵᠦ᠂ | ᠬᠦᠳᠡᠯᠦᠩᠬᠦᠢ ᠪᠠᠷ ᠬᠠᠮᠢᠶᠠᠷᠤᠨ᠂ ᠲᠤᠯᠤᠭᠠᠶᠢᠯᠠᠭᠴᠢ ᠠᠵᠦ ᠠᠬᠤᠶᠢᠯᠠᠯ ᠤᠨ ᠬᠦᠷᠢᠶ᠎ᠠ ᠬᠡᠪᠴᠢᠶᠠᠨ ᠳᠤ ᠤᠷᠤᠵᠦ | ᠭᠠᠷᠬᠤ ᠶᠢ ᠨᠢ ᠠᠮᠢᠳᠤᠯᠢᠭᠵᠢᠭᠤᠯᠤᠨ᠂ ᠰᠢᠯᠢᠳᠡᠭ ᠢ ᠨᠢ ᠠᠪᠴᠦ ᠰᠢᠭᠠᠷᠠᠤ ᠶᠢ ᠨᠢ ᠲᠠᠶᠠᠭᠳᠠᠨ᠎ᠠ᠃ 2 ᠤᠯᠤᠰ ᠤᠨ | ᠲᠡᠰ ᠤᠨ᠂ 4 ᠦᠪᠡᠷᠲᠡᠭᠡᠨ ᠵᠠᠰᠠᠬᠤ ᠤᠷᠤᠨ ᠤ ᠳᠡᠰ ᠤᠨ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ ᠤᠨ | ᠲᠤᠯᠤᠭᠠᠶᠢᠯᠠᠭᠴᠢ ᠠᠵᠦ ᠠᠬᠤᠶᠢᠯᠠᠯ ᠢ ᠲᠠᠨᠢᠯᠴᠠᠭᠤᠯᠤᠨ ᠰᠤᠩᠭᠤᠬᠤ ᠠᠵᠢᠯ ᠢ ᠤᠷᠢᠳᠴᠢᠯᠠᠨ ᠰᠠᠶᠢᠨ ᠵᠤᠬᠢᠶᠠᠨ | ᠪᠠᠶᠢᠭᠤᠯᠵᠦ᠂ 4 ᠠᠶᠢᠮᠠᠭ ᠤᠨ ᠳᠡᠰ ᠤᠨ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ ᠤᠨ | ᠲᠤᠯᠤᠭᠠᠶᠢᠯᠠᠭᠴᠢ ᠠᠵᠦ ᠠᠬᠤᠶᠢᠯᠠᠯ ᠢ ᠰᠢᠨ᠎ᠡ ᠪᠠᠷ ᠨᠡᠮᠡᠭᠳᠡᠬᠦᠯᠦᠨ᠎ᠠ᠃ ᠦᠨᠦ ᠵᠢᠯ᠂ ᠪᠦᠬᠦ ᠠᠶᠢᠮᠠᠭ ᠤᠨ ᠬᠡᠪᠴᠢᠶᠠᠨ | ᠠᠴᠠ ᠳᠡᠭᠡᠭᠰᠢᠬᠢ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰᠵᠢᠭᠰᠡᠨ ᠡᠳ᠋ᠰᠢᠬᠦᠯᠦᠨ ᠪᠤᠯᠪᠠᠰᠤᠷᠠᠭᠤᠯᠬᠤ ᠠᠵᠦ | ᠠᠬᠤᠶᠢᠯᠠᠯ ᠤᠨ ᠪᠤᠷᠤᠯᠠᠭᠤᠯᠭ᠎ᠠ ᠶᠢᠨ ᠤᠷᠤᠯᠭ᠎ᠠ᠂ ᠨᠡᠮᠡᠯᠳᠡ ᠦᠷᠳᠡᠭ ᠶᠢ ᠲᠡᠭᠡᠷ᠎ᠡ ᠵᠢᠯ ᠤᠨ ᠬᠢ ᠠᠴᠠ 10% | ᠠᠴᠠ ᠳᠡᠭᠡᠭᠰᠢ ᠨᠡᠮᠡᠭᠳᠡᠬᠦᠯᠬᠦ ᠶᠢ ᠪᠡᠶᠡᠯᠡᠬᠦᠯᠦᠨ᠎ᠠ᠃ | ᠬᠤᠶᠠᠷ ᠲᠤ᠂ ᠰᠢᠨ᠎ᠡ ᠬᠡᠯᠪᠡᠷᠢ ᠶᠢᠨ ᠮᠠᠯ ᠠᠵᠦ ᠠᠬᠤᠢ ᠲᠠᠷᠢᠶᠠᠯᠠᠩ ᠤᠨ ᠦᠢᠯᠡᠰ ᠤᠨ ᠡᠵᠡᠩᠨᠡᠯᠲᠠ ᠶᠢᠨ | ᠭᠤᠤᠯ ᠴᠤᠭᠴᠠ ᠶᠢ ᠬᠦᠮᠦᠵᠢᠬᠦᠯᠦᠨ᠎ᠠ᠃ ᠬᠠᠤᠯᠢ ᠶᠤᠰᠤᠨ ᠤ᠂ ᠲᠦᠯᠦᠪᠦᠷᠢ ᠲᠠᠢ᠂ ᠰᠠᠶᠢᠨ ᠳᠤᠷ᠎ᠠ ᠶᠢᠨ ᠵᠠᠷᠴᠢᠮ ᠢ | ᠪᠠᠷᠢᠮᠳᠠᠯᠠᠵᠦ᠂ ᠭᠠᠵᠠᠷ ᠲᠠᠷᠢᠶ᠎ᠠ ᠨᠤᠲᠤᠭ ᠪᠡᠯᠴᠢᠭᠡᠷ ᠤᠨ ᠲᠠᠭᠠᠭᠠᠴᠢᠯᠠᠯᠳᠠ ᠡᠵᠡᠩᠨᠡᠯᠲᠠ ᠶᠢᠨ ᠡᠷᠬᠡ ᠶᠢᠨ ᠰᠤᠶᠤᠯ | ᠲᠠᠢ᠂ ᠮᠠᠷᠭᠡᠵᠢᠯ ᠲᠠᠢ᠂ ᠡᠵᠡᠩᠨᠡᠯᠲᠠ ᠶᠢᠨ ᠴᠢᠳᠠᠪᠤᠷᠢ ᠪᠦᠬᠦᠢ ᠮᠠᠯᠴᠢᠨ ᠲᠠᠷᠢᠶᠠᠴᠢᠨ ᠳᠤ ᠰᠢᠯᠵᠢᠬᠦ ᠶᠢ | ᠵᠤᠷᠢᠭᠵᠢᠭᠤᠯᠵᠦ᠂ ᠤᠨᠴᠠᠯᠢᠭᠲᠤ ᠠᠵᠦ ᠦᠢᠯᠡᠰ ᠢ ᠬᠦᠭᠵᠢᠬᠦᠯᠦᠨ᠂ ᠭᠡᠷ ᠪᠦᠯᠢ ᠶᠢᠨ ᠮᠠᠯᠵᠢᠯ ᠲᠠᠷᠢᠶᠠᠯᠠᠩ ᠤᠨ | ᠳᠠᠯᠠᠪᠤᠷ ᠢ ᠬᠦᠮᠦᠵᠢᠬᠦᠯᠵᠦ᠂ ᠪᠠᠷᠢᠮᠵᠢᠶᠠᠵᠢᠭᠰᠠᠨ ᠦᠢᠯᠡᠳᠪᠦᠷᠢᠯᠡᠯ᠂ ᠬᠡᠪᠴᠢᠶᠡᠵᠢᠭᠰᠡᠨ ᠡᠵᠡᠩᠨᠡᠯᠲᠠ ᠶᠢ ᠬᠦᠲᠦᠯᠦᠨ | ᠳᠠᠭᠠᠭᠤᠯᠤᠨ᠎ᠠ᠃ 100 ᠮᠠᠯᠴᠢᠨ ᠲᠠᠷᠢᠶᠠᠴᠢᠨ ᠤ ᠬᠤᠷᠰᠢᠶᠠᠵᠢᠯ ᠢ ᠦᠷᠬᠦᠯᠵᠢᠯᠡᠨ ᠦᠨᠡᠯᠡᠨ ᠵᠢᠱᠢᠵᠦ | ᠲᠦᠷᠢᠮᠵᠢᠬᠦᠯᠦᠨ᠂ 810 ᠡᠷᠦᠬᠡ ᠭᠡᠷ ᠪᠦᠯᠢ ᠶᠢᠨ ᠮᠠᠯᠵᠢᠯ ᠲᠠᠷᠢᠶᠠᠯᠠᠩ ᠤᠨ ᠳᠠᠯᠠᠪᠤᠷ ᠪᠤᠯᠤᠨ 60 ᠲᠤᠰᠬᠠᠢ ᠶᠡᠭᠡ | ᠡᠷᠦᠬᠡ ᠶᠢ ᠲᠤᠭᠳᠠᠭᠠᠨ ᠲᠠᠩᠰᠠᠯᠠᠵᠦ᠂ ᠬᠠᠮᠢᠶ᠎ᠠ ᠪᠦᠬᠦᠢ ᠲᠡᠳᠬᠦᠮᠵᠢᠲᠦ ᠱᠠᠩᠨᠠᠨ ᠬᠦᠬᠢᠬᠦᠯᠬᠦ ᠲᠦᠷᠦ ᠶᠢᠨ ᠪᠤᠳᠤᠯᠭ᠎ᠠ | ᠶᠢ ᠪᠡᠶᠡᠯᠡᠬᠦᠯᠦᠨ᠎ᠠ᠃ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰᠵᠢᠭᠰᠡᠨ ᠬᠡᠪᠴᠢᠶᠡᠲᠦ ᠲᠠᠷᠢᠮᠠᠯ᠂ ᠲᠡᠵᠢᠬᠡᠨ | ᠦᠷᠡᠵᠢᠬᠦᠯᠦᠯᠲᠠ ᠶᠢᠨ ᠲᠦᠷᠦᠯ ᠵᠦᠢᠯ ᠢ ᠪᠦᠷ ᠲᠠᠷᠢᠶᠠᠯᠠᠩ ᠦᠢᠯᠡᠳᠪᠦᠷᠢᠯᠡᠯ ᠤᠨ ᠬᠡᠷᠡᠭᠯᠡᠭᠡᠨ ᠤ ᠭᠠᠵᠠᠷ ᠢᠶᠠᠷ | ᠦᠵᠡᠵᠦ᠂ ᠭᠠᠵᠠᠷ ᠲᠠᠷᠢᠶ᠎ᠠ ᠶᠢ ᠠᠰᠢᠭᠯᠠᠨ ᠬᠡᠷᠡᠭᠯᠡᠬᠦ ᠲᠦᠯᠦᠪᠵᠢᠬᠦᠯᠭᠡ᠂ ᠬᠤᠲᠠ ᠶᠢᠨ ᠪᠦᠲᠦᠬᠡᠨ ᠪᠠᠶᠢᠭᠤᠯᠤᠯᠲᠠ | ᠶᠢᠨ ᠲᠦᠯᠦᠪᠵᠢᠬᠦᠯᠭᠡ ᠪᠤᠯᠤᠨ ᠮᠠᠯ ᠠᠵᠦ ᠠᠬᠤᠢ ᠲᠠᠷᠢᠶᠠᠯᠠᠩ ᠤᠨ ᠦᠢᠯᠡᠰ ᠤᠨ ᠬᠠᠮᠢᠶ᠎ᠠ ᠪᠦᠬᠦᠢ | ᠲᠦᠯᠦᠪᠵᠢᠬᠦᠯᠭᠡ ᠳᠤ ᠨᠡᠶᠢᠴᠡᠭᠰᠡᠨ ᠤᠷᠢᠳᠠᠯ ᠳᠤᠤᠷ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ | ᠢ ᠪᠤᠯᠪᠠᠰᠤᠷᠠᠭᠤᠯᠬᠤ ᠠᠵᠦ ᠠᠬᠤᠶᠢᠯᠠᠯ ᠤᠨ ᠡᠵᠡᠯᠡᠬᠦ ᠭᠠᠵᠠᠷ ᠢ ᠡᠩ ᠲᠡᠷᠢᠬᠦᠨ ᠳᠤ ᠤᠯᠠᠨ ᠨᠡᠶᠢᠲᠠ ᠶᠢᠨ ᠪᠦᠲᠦᠭᠡᠨ | ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠠᠴᠠ ᠤᠷᠢᠳᠴᠢᠯᠠᠨ ᠲᠤᠬᠢᠷᠠᠭᠤᠯᠤᠨ᠎ᠠ᠃ | ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶ᠎ᠠ ᠪᠠᠨ ᠳᠠᠭᠠᠭᠠᠵᠦ ᠰᠢᠨ᠎ᠡ ᠶᠢ ᠡᠭᠦᠳᠬᠦ ᠶᠢ | ᠲᠦᠯᠬᠢᠨ ᠠᠬᠢᠭᠤᠯᠤᠨ᠎ᠠ᠃ ᠮᠠᠨ ᠤ ᠠᠶᠢᠮᠠᠭ ᠤᠨ ᠤᠨᠴᠠᠯᠢᠭᠲᠦ ᠳᠠᠪᠠᠭᠤᠯᠢᠭ ᠠᠵᠦ ᠦᠢᠯᠡᠰ ᠤᠨ ᠬᠦᠭᠵᠢᠯᠲᠠ | ᠶᠢᠨ ᠵᠠᠩᠬᠢᠯᠠᠭᠠᠲᠤ ᠮᠡᠷᠭᠡᠵᠢᠯ ᠤᠨ ᠪᠤᠭᠤᠮᠢᠯᠠᠯ ᠳᠤ ᠬᠠᠨᠳᠤᠨ᠂ ᠲᠤᠰᠬᠠᠢ ᠮᠡᠷᠭᠡᠵᠢᠯᠲᠠᠳ ᠤᠨ ᠦᠢᠯᠡᠴᠢᠯᠡᠬᠡᠨ ᠤ | ᠪᠦᠯᠬᠦᠮ ᠢ ᠰᠤᠩᠭᠤᠨ ᠲᠤᠭᠳᠠᠭᠠᠵᠦ᠂ ᠬᠠᠮᠢᠶ᠎ᠠ ᠪᠦᠬᠦᠢ ᠠᠵᠦ ᠤᠶᠢᠯᠡᠰ ᠤᠨ ᠬᠦᠭᠵᠢᠯᠲᠠ ᠶᠢᠨ ᠮᠡᠷᠭᠡᠵᠢᠯ ᠤᠨ | ᠲᠦᠯᠦᠪᠵᠢᠬᠦᠯᠭᠡ ᠶᠢ ᠲᠤᠭᠳᠠᠭᠠᠨ᠂ ᠠᠵᠦ ᠦᠢᠯᠡᠰ ᠤᠨ ᠭᠤᠤᠯ ᠳᠡᠯᠭᠡᠷᠡᠬᠦᠯᠬᠦ ᠮᠡᠷᠭᠡᠵᠢᠯ᠂ ᠲᠡᠷᠢᠬᠦᠯᠡᠬᠦ ᠲᠦᠷᠦᠯ | ᠵᠦᠢᠯ ᠢ ᠰᠢᠭᠰᠢᠨ ᠰᠤᠩᠭᠤᠵᠦ᠂ ᠲᠤᠯᠤᠭᠠᠶᠢᠯᠠᠭᠴᠢ ᠠᠵᠦ ᠠᠬᠤᠶᠢᠯᠠᠯ᠂ ᠵᠢᠱᠢᠶ᠎ᠠ ᠦᠵᠡᠬᠦᠯᠬᠦ ᠰᠠᠭᠤᠷᠢᠨ ᠤ | ᠦᠢᠯᠡᠳᠪᠦᠷᠢᠯᠡᠯ ᠤᠨ ᠡᠮᠦᠨ᠎ᠠ᠂ ᠲᠤᠮᠳᠠ᠂ ᠡᠴᠦᠰ ᠤᠨ ᠬᠤᠭᠤᠴᠠᠭᠠᠨ ᠳᠤ ᠵᠠᠩᠬᠢᠯᠠᠭᠠᠲᠤ ᠮᠡᠷᠭᠡᠵᠢᠯ ᠤᠨ | ᠨᠢᠬᠡᠳᠭᠡᠭᠰᠡᠨ ᠲᠡᠯᠭᠡᠷᠡᠬᠦᠯᠦᠯᠲᠠ ᠶᠢ ᠦᠷᠨᠢᠬᠦᠯᠬᠦ ᠶᠢ ᠵᠢᠭᠠᠨ ᠵᠢᠯᠤᠭᠤᠳᠴᠦ᠂ ᠲᠤᠯᠤᠭᠠᠶᠢᠯᠠᠭᠴᠢ ᠠᠵᠦ ᠠᠬᠤᠶᠢᠯᠠᠯ | ᠪᠤᠯᠤᠨ ᠶᠡᠭᠡ ᠳᠡᠬᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠤᠨ ᠨᠢᠭᠳᠠ ᠬᠠᠷᠢᠯᠴᠠᠭ᠎ᠠ | ᠶᠢ ᠬᠦᠲᠦᠯᠦᠨ ᠵᠢᠯᠤᠭᠤᠳᠴᠦ᠂ ᠲᠠᠷᠢᠶᠠᠯᠠᠩ ᠰᠢᠨᠵᠢᠯᠡᠭᠡ ᠮᠡᠷᠭᠡᠵᠢᠯ ᠰᠤᠷᠭᠠᠨ ᠬᠦᠮᠦᠵᠢᠯ᠂ ᠦᠢᠯᠡᠳᠪᠦᠷᠢᠯᠡᠬᠦ | ᠰᠤᠷᠤᠯᠴᠠᠬᠤ ᠰᠤᠳᠤᠯᠬᠤ ᠶᠢ ᠤᠶᠠᠯᠳᠤᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠰᠢᠨ᠎ᠡ ᠶᠢ ᠡᠭᠦᠳᠬᠦ ᠰᠢᠰᠲ᠋ᠧᠮᠵᠢ | ᠶᠢ ᠪᠠᠶᠢᠭᠤᠯᠵᠦ᠂ ᠳᠡᠭᠡᠲᠦ ᠳᠡᠰ ᠤᠨ ᠲᠤᠰᠬᠠᠢ ᠮᠡᠷᠭᠡᠵᠢᠯᠲᠠᠨ ᠴᠢᠳᠠᠪᠤᠷᠢᠲᠠᠨ ᠢ ᠬᠦᠮᠦᠵᠢᠬᠦᠯᠦᠨ ᠬᠡᠷᠡᠭᠯᠡᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠴᠢᠳᠠᠪᠤᠷᠢ ᠶᠢ ᠲᠡᠭᠡᠭᠰᠢᠯᠡᠬᠦᠯᠦᠨ᠎ᠠ᠃ ᠰᠢᠨᠵᠢᠯᠡᠬᠦ ᠤᠬᠠᠭᠠᠨ | ᠰᠤᠳᠤᠯᠭᠠᠨ ᠤ ᠬᠦᠷᠢᠶᠡᠯᠠᠩ ᠪᠠ ᠰᠢᠨᠵᠢᠯᠡᠬᠦ ᠤᠬᠠᠭᠠᠨ ᠰᠤᠳᠤᠯᠭᠠᠨ ᠤ ᠪᠦᠯᠬᠦᠮ ᠲᠠᠢ ᠢᠲᠡᠪᠬᠢᠳᠠᠢ ᠵᠤᠯᠭᠠᠯᠳᠤᠵᠦ᠂ | ᠮᠠᠨ ᠤ ᠠᠶᠢᠮᠠᠭ ᠤᠨ ᠬᠦᠭᠵᠢᠯᠲᠠ ᠳᠤ ᠲᠤᠬᠢᠷᠠᠬᠤ ᠰᠢᠨ᠎ᠠ ᠰᠡᠳᠬᠢᠴᠡ᠂ ᠰᠢᠨ᠎ᠡ ᠮᠡᠷᠬᠡᠵᠢᠯ᠂ ᠰᠢᠨ᠎ᠡ ᠲᠤᠨᠤᠭᠯᠠᠯ ᠢ | ᠤᠷᠤᠭᠤᠯᠤᠨ ᠠᠪᠴᠢᠷᠠᠵᠦ᠂ ᠦᠢᠯᠡᠴᠢᠯᠡᠬᠡᠨ ᠤ ᠪᠠᠳᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠦᠨ᠂ ᠵᠤᠬᠢᠬᠤ | ᠬᠡᠪᠴᠢᠶᠡᠵᠢᠭᠰᠡᠨ ᠮᠦᠷᠲᠡᠭᠡᠨ ᠤᠯᠠᠨ ᠪᠦᠯᠬᠦᠮ ᠢ ᠵᠡᠷᠭᠡ ᠪᠠᠷ ᠪᠠᠭᠳᠠᠭᠠᠭᠰᠠᠨ ᠲᠤᠷᠰᠢᠯᠲᠠ ᠪᠠ ᠰᠢᠨᠵᠢᠯᠡᠬᠦ ᠤᠬᠠᠭᠠᠨ | ᠮᠡᠷᠬᠡᠵᠢᠯ ᠤᠨ ᠦᠷ᠎ᠡ ᠪᠦᠲᠦᠮᠵᠢ ᠶᠢ ᠬᠤᠪᠢᠷᠠᠭᠤᠯᠬᠤ ᠲᠡᠪᠴᠠᠩ ᠢ ᠴᠤᠭᠴᠠᠯᠠᠨ ᠪᠠᠶᠢᠭᠤᠯᠤᠨ᠎ᠠ᠃ ᠡᠯᠡᠰᠦᠨ | ᠤᠷᠭᠤᠮᠠᠯ ᠤᠨ ᠠᠵᠦ ᠦᠢᠯᠡᠰᠵᠢᠯᠲᠠ ᠶᠢᠨ ᠲᠦᠷᠦᠯ ᠵᠦᠢᠯ ᠤᠨ ᠰᠤᠳᠤᠯᠭᠠᠨ ᠢ ᠬᠦᠴᠦᠯᠡᠨ ᠳᠡᠮᠵᠢᠵᠦ᠂ ᠰᠠᠯᠬᠢ | ᠬᠤᠷᠢᠭᠯᠠᠬᠤ᠂ ᠡᠯᠡᠰᠦ ᠶᠢ ᠲᠤᠭᠳᠠᠪᠤᠷᠢᠵᠢᠭᠤᠯᠬᠤ᠂ ᠤᠰᠤ ᠠᠷᠪᠢᠯᠠᠬᠤ᠂ ᠭᠠᠩ ᠬᠠᠭᠤᠷᠠᠢ ᠶᠢ ᠰᠡᠷᠬᠡᠶᠢᠯᠡᠬᠦ ᠵᠡᠷᠭᠡ | ᠨᠢᠬᠡᠳᠭᠡᠭᠰᠡᠨ ᠮᠡᠷᠭᠡᠵᠢᠯ ᠤᠨ ᠨᠡᠬᠡᠬᠡᠯᠲᠠ ᠶᠢ ᠭᠤᠤᠯᠳᠠᠯᠭ᠎ᠠ ᠲᠠᠢ ᠦᠷᠨᠢᠬᠦᠯᠵᠦ᠂ ᠰᠢᠨᠵᠢᠯᠡᠬᠦ ᠤᠬᠠᠭᠠᠨ ᠰᠤᠳᠤᠯᠭᠠᠨ | ᠤ ᠲᠦᠷᠦᠯ ᠵᠦᠢᠯ ᠤᠨ ᠨᠡᠪᠴᠢᠬᠦᠯᠦᠯᠲᠠ ᠳᠤ ᠤᠷᠤᠬᠤ ᠨᠡᠪᠴᠢᠬᠦᠯᠦᠯᠳᠠ ᠠᠴᠠ ᠭᠠᠷᠬᠤ ᠳᠠᠪᠠᠭ᠎ᠠ ᠶᠢ ᠰᠠᠶᠢᠳᠤᠷ | ᠠᠳᠬᠤᠵᠦ᠂ ᠮᠡᠷᠭᠡᠵᠢᠯ ᠤᠨ ᠪᠤᠭᠤᠮᠳᠠ ᠰᠢᠪᠲᠤᠯᠬᠤ᠂ ᠲᠤᠷᠰᠢᠯᠲᠠ ᠶᠢᠨ ᠲᠠᠰᠤᠭ ᠲᠤ ᠪᠠᠭ᠎ᠠ ᠲᠤᠷᠰᠢᠯᠲᠠ ᠬᠢᠬᠦ᠂ | ᠨᠡᠪᠴᠢᠬᠦᠯᠦᠯᠲᠠ ᠶᠢᠨ ᠬᠦᠷᠢᠶᠡᠯᠠᠩ ᠳᠤ ᠳᠤᠮᠳᠠ ᠬᠡᠮᠵᠢᠶ᠎ᠠ ᠪᠠᠷ ᠲᠤᠷᠰᠢᠬᠤ᠂ ᠠᠵᠦ ᠦᠢᠯᠡᠰᠵᠢᠬᠦᠯᠦᠯᠲᠠ ᠶᠢ | ᠲᠡᠯᠭᠡᠷᠡᠬᠦᠯᠬᠦ ᠬᠡᠯᠬᠢᠶᠡᠵᠢᠭᠰᠡᠨ ᠬᠡᠪ ᠵᠠᠭᠪᠤᠷ ᠢ ᠴᠤᠭᠴᠠᠯᠠᠨ ᠪᠠᠶᠢᠭᠤᠯᠵᠦ᠂ ᠪᠦᠬᠦ ᠤᠯᠤᠰ ᠤᠨ ᠡᠯᠡᠰᠦᠨ ᠤ ᠠᠮᠢ | ᠠᠬᠤᠢ ᠶᠢᠨ ᠵᠠᠰᠠᠨ ᠬᠠᠮᠢᠶᠠᠷᠦᠯᠳᠠ ᠳᠤ ᠺᠤᠫᠢᠳᠠᠨ ᠠᠰᠢᠭᠯᠠᠵᠦ ᠪᠤᠯᠬᠤ᠂ ᠲᠤᠯᠢ ᠪᠤᠯᠬᠤᠶᠢᠴᠠ ᠠᠮᠵᠢᠯᠲᠠ ᠲᠠᠢ | ᠲᠤᠷᠰᠢᠯᠭ᠎ᠠ ᠶᠢ ᠬᠠᠩᠭᠠᠨ᠎ᠠ᠃ ᠮᠠᠯ ᠠᠵᠦ ᠠᠬᠤᠢ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠬᠦᠯᠦᠨ | ᠪᠤᠯᠪᠠᠰᠤᠷᠠᠭᠤᠯᠬᠤ ᠱᠠᠭᠠᠷᠳᠠᠯᠭ᠎ᠠ ᠶᠢᠨ ᠲᠤᠭᠤᠷᠢᠨ ᠳᠤ᠂ ᠮᠠᠯ ᠠᠵᠦ ᠠᠬᠤᠢ ᠲᠠᠷᠢᠶᠠᠯᠠᠩ ᠤᠨ ᠦᠢᠯᠡᠰ ᠤᠨ | ᠰᠢᠨᠵᠢᠯᠡᠭᠡ ᠮᠡᠷᠭᠡᠵᠢᠯ ᠤᠨ ᠰᠢᠨ᠎ᠠ ᠶᠢ ᠡᠭᠦᠳᠬᠦ ᠲᠠᠪᠴᠠᠩ ᠪᠤᠯᠤᠨ ᠰᠤᠷᠠᠭ ᠵᠠᠩᠬᠢ ᠶᠢᠨ ᠦᠢᠯᠡᠴᠢᠯᠡᠬᠡᠨ ᠤ ᠲᠠᠪᠴᠠᠩ | ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠠᠩᠬᠢᠯᠠᠭᠠᠲᠤ ᠡᠳ᠋ᠰᠢᠬᠦᠯᠦᠨ ᠪᠤᠯᠪᠠᠰᠤᠷᠠᠭᠤᠯᠬᠤ ᠮᠡᠷᠭᠡᠵᠢᠯ ᠤᠨ | ᠰᠤᠳᠤᠯᠭᠠᠨ ᠪᠠ ᠪᠤᠭᠤᠮᠳᠠ ᠰᠢᠪᠲᠤᠯᠤᠯᠲᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠪᠠᠶ᠎ᠠ ᠪᠠᠨ ᠲᠠᠭᠠᠭᠠᠵᠦ ᠡᠵᠡᠨ | ᠮᠡᠳᠡᠬᠦ ᠮᠡᠳᠡᠯᠬᠡ ᠶᠢᠨ ᠦᠮᠴᠢᠯᠡᠯ ᠤᠨ ᠡᠷᠬᠡ᠂ ᠪᠤᠬᠢᠷᠳᠠᠯ ᠦᠭᠡᠢ᠂ ᠲᠤᠤᠷ᠎ᠠ ᠡᠨᠧᠷᠬᠢ ᠶᠢᠨ ᠬᠤᠷᠤᠭᠳᠠᠯ ᠲᠠᠢ᠂ | ᠶᠡᠷᠦᠩᠬᠡᠶᠢᠯᠡᠭᠰᠡᠨ ᠠᠰᠢᠭᠯᠠᠯᠲᠠ ᠪᠠ ᠡᠷᠬᠢᠯᠲᠡᠳᠦ ᠠᠵᠦ ᠠᠬᠤᠢ ᠶᠢᠨ ᠱᠠᠭᠠᠷᠳᠠᠯᠭ᠎ᠠ ᠳᠤ ᠨᠡᠶᠢᠴᠡᠭᠰᠡᠨ ᠲᠠᠪᠠᠭᠤᠯᠢᠭ | ᠪᠦᠲᠦᠭᠡᠭᠳᠡᠬᠦᠨ ᠢ ᠭᠤᠤᠯᠳᠠᠯᠭ᠎ᠠ ᠲᠠᠢ ᠨᠡᠬᠡᠬᠡᠨ ᠬᠦᠭᠵᠢᠬᠦᠯᠦᠨ᠎ᠠ᠃ | ᠲᠦᠷᠪᠠ ᠳᠤ᠂ ᠮᠦᠩᠬᠦᠨ ᠬᠦᠢᠯᠭᠡᠭᠡᠨ ᠤ ᠳᠠᠭᠠᠳᠬᠠᠯ ᠤᠨ ᠲᠡᠳᠬᠦᠮᠵᠢᠲᠦ ᠲᠦᠷᠦ ᠶᠢᠨ ᠪᠤᠳᠤᠯᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠮᠠᠯ ᠠᠵᠦ ᠠᠬᠤᠢ ᠲᠠᠷᠢᠶᠠᠯᠠᠩ ᠤᠨ ᠦᠢᠯᠡᠰ ᠤᠨ ᠲᠠᠪᠠᠭᠤᠯᠢᠭ ᠤᠨᠴᠠᠯᠢᠭᠲᠦ | ᠠᠵᠦ ᠦᠢᠯᠡᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ | ᠯᠠᠪᠳᠠᠭᠤᠨ ᠦᠷᠨᠢᠬᠦᠯᠵᠦ᠂ ᠤᠢ ᠰᠢᠭᠤᠢ ᠶᠢᠨ ᠳᠠᠭᠠᠳᠬᠠᠯ ᠤᠨ ᠡᠯ᠎ᠠ ᠲᠦᠷᠦᠯ ᠤᠨ ᠠᠵᠢᠯ ᠢ ᠦᠷᠬᠦᠯᠵᠢᠯᠡᠨ ᠰᠠᠶᠢᠨ | ᠬᠢᠵᠦ᠂ ᠤᠷᠤᠨ ᠨᠤᠲᠤᠭ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠳᠠᠭᠠᠳᠬᠠᠯ ᠪᠠ ︽ᠵᠠᠰᠠᠭ ᠤᠨ ᠤᠷᠳᠤᠨ | ᠪᠠᠩᠬᠢ ᠳᠠᠭᠠᠳᠬᠠᠯ ᠤᠨ ᠺᠤᠮᠫᠠᠨᠢ︾ ᠬᠠᠮᠳᠤᠷᠠᠭᠰᠠᠨ ᠮᠠᠯ ᠠᠵᠦ ᠠᠬᠤᠢ ᠲᠠᠷᠢᠶᠠᠯᠠᠩ ᠦᠢᠯᠡᠰ ᠤᠨ ᠵᠢᠬᠡᠯᠡᠯᠭᠡ ᠶᠢᠨ | ᠲᠤᠷᠰᠢᠯᠲᠠ ᠶᠢᠨ ᠴᠡᠭ ᠤᠨ ᠠᠵᠢᠯ ᠢ ᠪᠦᠬᠦ ᠲᠠᠯ᠎ᠠ ᠪᠠᠷ ᠦᠷᠨᠢᠬᠦᠯᠦᠨ᠂ ᠢᠮᠠᠭᠠᠨ ᠨᠤᠤᠯᠤᠷ ᠤᠨ ᠠᠵᠦ ᠦᠢᠯᠡᠰ ᠤᠨ | ᠬᠦᠭᠵᠢᠯᠲᠠ ᠶᠢᠨ ᠰᠠᠭᠤᠷᠢ ᠮᠦᠩᠬᠦ ᠶᠢ ᠲᠦᠷᠭᠡᠨ ᠪᠠᠶᠢᠭᠤᠯᠵᠦ᠂ ᠪᠡᠯᠡ ᠨᠡᠶᠢᠯᠡᠬᠦᠯᠦᠯᠲᠠ ᠶᠢᠨ ᠬᠦᠷᠢᠶ᠎ᠡ ᠬᠡᠪᠴᠢᠶ᠎ᠠ | ᠪᠠᠨ ᠦᠷᠭᠡᠳᠭᠡᠨ᠂ ᠨᠡᠶᠢᠬᠡᠮ ᠤᠨ ᠪᠡᠯᠡ ᠬᠦᠷᠦᠩᠭᠡ ᠶᠢᠨ ᠮᠠᠯ ᠠᠵᠦ ᠠᠬᠤᠢ ᠲᠠᠷᠢᠶᠠᠯᠠᠩ ᠤᠨ ᠤᠨᠴᠠᠯᠢᠭᠲᠤ ᠠᠵᠦ | ᠦᠢᠯᠡᠰᠵᠢᠭᠰᠡᠨ ᠬᠦᠭᠵᠢᠯᠲᠠ ᠳᠤ ᠪᠡᠯᠡ ᠤᠷᠤᠭᠤᠯᠬᠤ ᠶᠢ ᠵᠤᠷᠢᠭᠵᠢᠭᠤᠯᠵᠦ᠂ ᠲᠤᠯᠤᠭᠠᠶᠢᠯᠠᠭᠴᠢ ᠠᠵᠦ ᠠᠬᠤᠶᠢᠯᠠᠯ | ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠴᠠᠭ ᠲᠤᠬᠠᠢ ᠳᠤᠨᠢ ᠬᠤᠷᠢᠶᠠᠨ ᠠᠪᠴᠦ | ᠡᠳ᠋ᠰᠢᠬᠦᠯᠦᠨ ᠪᠤᠯᠪᠠᠰᠤᠷᠠᠭᠤᠯᠵᠦ ᠡᠵᠡᠩᠨᠡᠬᠦ ᠶᠢ ᠵᠤᠷᠢᠭᠵᠢᠭᠤᠯᠤᠨ᠂ ︽ᠭᠤᠷᠪᠠᠨ ᠲᠠᠷᠢᠶᠠᠯᠠᠩ ᠭᠤᠷᠪᠠᠨ ᠮᠠᠯᠵᠢᠯ︾ ᠤᠨ | ᠪᠡᠯᠡ ᠨᠡᠶᠢᠯᠡᠬᠦᠯᠦᠯᠲᠠ ᠬᠦᠴᠢᠷ᠂ ᠪᠡᠯᠡ ᠨᠡᠶᠢᠯᠡᠬᠦᠯᠦᠯᠲᠠ ᠦᠨᠡᠳᠡᠢ ᠠᠰᠠᠭᠤᠳᠠᠯ ᠢ ᠪᠦᠲᠦᠮᠵᠢᠳᠠᠢ ᠨᠠᠮᠳᠠᠭᠤᠯᠤᠨ᠎ᠠ᠃ | ᠲᠠᠪᠤ ᠳᠤ᠂ ᠮᠠᠯ ᠠᠵᠦ ᠠᠬᠤᠢ ᠲᠠᠷᠢᠶᠠᠯᠠᠩ ᠤᠨ ᠦᠢᠯᠡᠰ ᠤᠨ ᠲᠠᠪᠠᠭᠤᠯᠢᠭ ᠤᠨᠴᠠᠯᠢᠭᠲᠤ ᠠᠵᠦ ᠦᠢᠯᠡᠰ ᠤᠨ | ᠦᠷᠢᠰᠦᠯᠳᠦᠭᠡᠨ ᠤ ᠬᠦᠴᠦᠨ ᠢ ᠪᠦᠬᠦ ᠳᠠᠯ᠎ᠠ ᠪᠠᠷ ᠲᠡᠭᠡᠭᠰᠢᠯᠡᠬᠦᠯᠦᠨ᠎ᠠ᠃ ᠮᠠᠯ ᠠᠵᠦ ᠠᠬᠤᠢ ᠲᠠᠷᠢᠶᠠᠯᠠᠩ ᠤᠨ | ᠦᠢᠯᠡᠰ ᠤᠨ ᠪᠠᠷᠢᠮᠵᠢᠶᠠᠲᠦ ᠬᠠᠮᠢᠶᠠᠷᠤᠯᠳᠠ ᠶᠢ ᠴᠢᠩᠭᠠᠳᠬᠠᠵᠦ᠂ ᠤᠯᠤᠰ ᠤᠨ ᠲᠡᠰ ᠤᠨ ᠲᠠᠷᠢᠶᠠᠯᠠᠩ ᠤᠨ ᠦᠢᠯᠡᠰ | ᠤᠨ ᠪᠠᠷᠢᠮᠵᠢᠶᠠᠲᠦ ᠵᠢᠱᠢᠶ᠎ᠠ ᠦᠵᠡᠬᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ | ᠠᠯᠠᠱᠠ ᠶᠢᠨ ᠴᠠᠭᠠᠨ ᠨᠤᠤᠯᠤᠷᠲᠦ ᠢᠮᠠᠭ᠎ᠠ ᠵᠢᠴᠢ ᠢᠮᠠᠭᠠᠨ ᠨᠤᠤᠯᠤᠷ ᠪᠠ ᠠᠯᠠᠱᠠ ᠶᠢᠨ ᠬᠤᠤᠰ ᠪᠦᠬᠦᠲᠦ ᠳᠡᠮᠡᠭᠡ᠂ | ᠲᠡᠮᠡᠭᠡᠨ ᠨᠤᠤᠯᠤᠷ ᠵᠢᠴᠢ ᠬᠠᠮᠢᠶ᠎ᠠ ᠪᠦᠬᠦᠢ ᠪᠦᠲᠦᠭᠡᠭᠳᠡᠬᠦᠨ ᠤ ᠶᠠᠰᠦ ᠴᠢᠨᠠᠷ ᠢ ᠰᠢᠯᠭᠠᠨ ᠪᠠᠶᠢᠴᠠᠭᠠᠬᠤ ᠪᠠᠷᠢᠮᠵᠢᠶ᠎ᠠ ᠪᠠ | ᠮᠡᠷᠭᠡᠵᠢᠯ ᠤᠨ ᠶᠠᠪᠤᠴᠠ ᠶᠢ ᠲᠤᠭᠳᠠᠭᠠᠨ᠎ᠠ᠃ ︽ᠠᠯᠠᠱᠠ ᠠᠶᠢᠮᠠᠭ ᠤᠨ ᠬᠡᠷᠡᠭᠵᠢᠬᠦᠯᠬᠦ ᠲᠠᠸᠠᠷ ᠤᠨ ᠳᠡᠮᠳᠡᠭ ᠤᠨ | ᠪᠠᠶᠢᠯᠳᠤᠬᠤ ᠪᠤᠳᠤᠯᠭ᠎ᠠ ᠶᠢᠨ ᠱᠠᠩᠨᠠᠯ ᠬᠦᠬᠢᠬᠦᠯᠦᠯ ᠤᠨ ᠠᠷᠭ᠎ᠠ︾ ᠶᠢ ᠢᠲᠡᠪᠬᠢᠳᠠᠢ ᠨᠠᠶᠢᠳᠠᠪᠤᠷᠢᠵᠢᠭᠤᠯᠵᠦ᠂ | ᠦᠪᠡᠷᠲᠡᠭᠡᠨ ᠵᠠᠰᠠᠬᠤ ᠤᠷᠤᠨ ᠤ ᠳᠡᠰ ᠤᠨ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰᠵᠢᠭᠰᠡᠨ | ᠲᠤᠯᠤᠭᠠᠶᠢᠯᠠᠭᠴᠢ ᠠᠵᠦ ᠠᠬᠤᠶᠢᠯᠠᠯ ᠤᠨ ᠪᠦᠲᠦᠭᠡᠭᠳᠡᠬᠦᠨ ᠢ ᠡᠷᠬᠡᠪᠰᠢ ᠳᠠᠩᠰᠠᠯᠠᠬᠤ ᠶᠢᠨ ᠬᠠᠮᠲᠤ ᠪᠦᠬᠦᠨ ᠢ ᠠᠶᠢᠮᠠᠭ | ᠤᠨ ᠨᠡᠷᠡᠲᠦ ᠲᠠᠸᠠᠷ ᠤᠨ ᠳᠡᠮᠳᠡᠭ ᠪᠤᠯᠭᠠᠨ ᠦᠢᠯᠡᠳᠴᠦ᠂ ᠤᠨ ᠤ ᠳᠤᠳᠤᠷ᠎ᠠ 2 ᠤᠯᠤᠰ ᠤᠨ ᠨᠡᠷᠡᠲᠦ ᠳᠡᠮᠳᠡᠭᠲᠦ᠂ | 4 ᠦᠪᠡᠷᠲᠡᠭᠡᠨ ᠵᠠᠰᠠᠬᠤ ᠤᠷᠤᠨ ᠤ ᠨᠡᠷᠡᠲᠦ ᠲᠡᠮᠳᠡᠭᠲᠦ ᠶᠢ ᠴᠢᠷᠮᠠᠶᠢᠨ ᠦᠢᠯᠡᠳᠦᠨ᠎ᠠ᠃ ᠠᠵᠦ ᠠᠬᠤᠶᠢᠯᠠᠯ ᠢ | ᠢᠲᠡᠪᠬᠢᠳᠠᠢ ᠵᠤᠬᠢᠶᠠᠨ ᠪᠠᠶᠢᠭᠤᠯᠵᠦ᠂ ᠡᠯ᠎ᠠ ᠱᠠᠲᠤᠨ ᠤ ᠡᠯ᠎ᠠ ᠭᠠᠵᠠᠷ ᠤᠷᠤᠨ ᠳᠤ ᠦᠷᠨᠢᠬᠦᠯᠵᠦ ᠪᠠᠶᠢᠭ᠎ᠠ ᠪᠤᠬᠢᠷᠳᠠᠯ | ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠳᠤ ᠤᠷᠤᠯᠴᠠᠭᠤᠯᠤᠨ᠂ | ︽ᠢᠨᠲ᠋ᠧᠷ ᠰᠦᠯᠵᠢᠶ᠎ᠠ +︾ ᠰᠡᠳᠬᠢᠬᠦᠢ ᠶᠢ ᠠᠰᠢᠭᠯᠠᠨ᠂ ︽ᠡᠯᠧᠺᠲᠷᠦᠨ ᠬᠤᠳᠠᠯᠳᠤᠭᠠᠨ ᠤ ᠲᠠᠪᠴᠠᠩ + | ᠨᠠᠷᠢᠯᠢᠭ ᠲᠠᠸᠠᠷ ᠤᠨ ᠭᠠᠵᠠᠷ + ᠰᠤᠯᠠ ᠪᠤᠷᠤᠯᠠᠭᠤᠯᠭ᠎ᠠ ᠶᠢ ᠤᠶᠢᠯᠠᠭᠠᠨ ᠮᠡᠳᠡᠷᠡᠬᠦ ᠳᠡᠯᠭᠡᠬᠦᠷ︾ ᠨᠢᠬᠡ | ᠴᠤᠭᠴᠠᠵᠢᠯᠠᠭᠰᠠᠨ ᠬᠤᠳᠠᠯᠳᠤᠨ ᠪᠤᠷᠤᠯᠠᠭᠤᠯᠬᠤ ᠲᠠᠪᠴᠠᠩ ᠢ ᠪᠦᠲᠦᠭᠡᠨ ᠪᠠᠶᠢᠭᠤᠯᠤᠨ᠎ᠠ᠃ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠠᠵᠦ ᠦᠢᠯᠡᠰ ᠤᠨ ᠡᠯᠧᠺᠲᠷᠦᠨ ᠬᠤᠳᠠᠯᠳᠤᠭᠠᠨ ᠤ ᠲᠠᠪᠴᠠᠩ ᠪᠠ ᠬᠦᠳᠡᠭᠡ | ᠲᠤᠰᠬᠤᠨ ᠤ ᠡᠯᠧᠺᠲᠷᠦᠨ ᠬᠤᠳᠠᠯᠳᠤᠭᠠᠨ ᠤ ᠦᠢᠯᠡᠴᠢᠯᠡᠭᠡᠨ ᠤ ᠴᠡᠭ ᠤᠨ ᠪᠦᠲᠦᠭᠡᠨ ᠪᠠᠶᠢᠭᠤᠯᠤᠯᠲᠠ ᠶᠢ | ᠵᠤᠷᠢᠭᠵᠢᠭᠤᠯᠤᠨ᠂ ᠠᠷᠠᠯᠵᠢᠶ᠎ᠠ ᠮᠠᠶᠢᠮᠠᠢ᠂ ᠬᠠᠩᠭᠠᠨ ᠪᠤᠷᠤᠯᠠᠭᠤᠯᠭ᠎ᠠ᠂ ᠰᠢᠤᠳᠠᠨ᠂ ᠡᠯᠧᠺᠲᠷᠦᠨ ᠬᠤᠳᠠᠯᠳᠤᠭᠠᠨ ᠤ | ᠬᠠᠷᠢᠯᠴᠠᠨ ᠬᠤᠯᠪᠤᠯᠳᠤᠨ ᠬᠠᠷᠢᠯᠴᠠᠨ ᠨᠡᠪᠲᠡᠷᠡᠬᠦ ᠶᠢ ᠠᠬᠢᠭᠤᠯᠤᠨ᠎ᠠ᠃ ᠦᠨᠳᠦᠰᠦᠨ ᠱᠠᠲᠤᠨ ᠤ ᠪᠤᠳᠠᠰ ᠤᠨ | ᠬᠦᠢᠯᠬᠡᠬᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠲᠦᠷᠭᠡᠨ ᠰᠢᠤᠳᠠᠨ ᠢ ᠬᠦᠳᠡᠭᠡ | ᠲᠤᠰᠬᠤᠨ ᠳᠤ ᠤᠷᠤᠭᠤᠯᠬᠤ ᠢᠨᠵᠧᠨᠧᠷᠢᠩ ᠢ ᠬᠡᠷᠡᠭᠵᠢᠬᠦᠯᠦᠨ᠎ᠠ᠃ ᠠᠶᠢᠮᠠᠭ ᠤᠨ ᠬᠠᠩᠭᠠᠨ ᠪᠤᠷᠤᠯᠠᠭᠤᠯᠭ᠎ᠠ ᠶᠢᠨ | ᠬᠤᠷᠰᠢᠶᠠᠨ ᠠᠴᠠ ᠬᠠᠩᠭᠠᠨ ᠪᠤᠷᠤᠯᠠᠭᠤᠯᠭ᠎ᠠ ᠶᠢᠨ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠡᠷᠬᠢᠯᠲᠠ ᠶᠢᠨ | ᠲᠦᠪ ᠢ ᠪᠠᠶᠢᠭᠤᠯᠵᠦ᠂ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ︽ᠤᠯᠤᠰ ᠤᠨ ᠡᠩᠨᠡᠭᠡ︾ ᠶᠢ ᠴᠢᠷᠮᠠᠶᠢᠨ | ᠪᠠᠶᠢᠭᠤᠯᠤᠨ᠎ᠠ᠃ | ᠵᠢᠷᠭᠤᠭ᠎ᠠ ᠳᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠨ ᠬᠠᠮᠢᠶᠠᠷᠦᠯᠳᠠ ᠶᠢ ᠦᠨᠡᠨᠬᠦ ᠴᠢᠩᠭᠠᠳᠬᠠᠨ᠎ᠠ᠃ ᠠᠮᠢᠳᠠᠨ ᠤ ᠬᠢᠵᠢᠭ ᠡᠪᠡᠳᠴᠢᠨ ᠢ ᠰᠡᠷᠬᠡᠶᠢᠯᠡᠨ | ᠡᠵᠡᠮᠳᠡᠬᠦ ᠠᠵᠢᠯ ᠤᠨ ᠬᠦᠴᠦᠯᠡᠴᠡ ᠪᠠᠨ ᠴᠢᠩᠭᠠᠳᠬᠠᠵᠦ᠂ ᠮᠠᠯ ᠠᠵᠦ ᠠᠬᠤᠢ ᠲᠠᠷᠢᠶᠠᠯᠠᠩ ᠤᠨ ᠦᠢᠯᠡᠰ ᠤᠨ | ᠦᠢᠯᠡᠳᠪᠦᠷᠢᠯᠡᠯ ᠢ ᠦᠢᠯᠡᠳᠪᠦᠷᠢᠯᠡᠯ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠲᠤ ᠤᠷᠤᠬᠤ ᠶᠢ ᠴᠢᠩᠭᠠᠳᠠ | ᠬᠠᠮᠢᠶᠠᠷᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠡᠬᠢ ᠢᠷᠡᠯᠳᠠ ᠶᠢ | ᠬᠢᠨᠠᠨ ᠬᠠᠮᠢᠶᠠᠷᠬᠤ ᠠᠷᠭ᠎ᠠ ᠶᠢ ᠨᠠᠶᠢᠳᠠᠪᠤᠷᠢᠵᠢᠭᠤᠯᠵᠦ᠂ ᠮᠠᠯ ᠵᠢᠬᠦᠷᠲᠡᠨ ᠤ ᠨᠢᠳᠤᠯᠠᠯᠲᠠ ᠶᠢ ᠬᠢᠨᠠᠨ ᠬᠠᠮᠢᠶᠠᠷᠬᠤ | ᠪᠠᠶᠢᠭᠤᠯᠤᠮᠵᠢ ᠶᠢ ᠲᠡᠭᠦᠯᠳᠡᠷᠵᠢᠬᠦᠯᠦᠨ᠂ ᠮᠠᠯ ᠵᠢᠬᠦᠷᠲᠡᠨ ᠢ ᠨᠢᠳᠤᠯᠠᠬᠤ᠂ ᠢᠳᠡᠰᠢᠨ ᠮᠢᠬᠠᠨ ᠤ ᠵᠠᠬ᠎ᠠ ᠲᠡᠯᠬᠡᠬᠦᠷ ᠤᠨ | ᠡᠮᠬᠢ ᠲᠢᠭᠯᠢᠮ ᠢ ᠲᠤᠰᠬᠠᠢ ᠲᠦᠷᠦᠯ ᠢᠶᠠᠷ ᠵᠠᠰᠠᠨ ᠴᠡᠭᠴᠡᠯᠡᠬᠦ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠦᠯᠳᠠ ᠶᠢᠨ ᠵᠢᠱᠢᠶ᠎ᠠ ᠦᠵᠡᠬᠦᠯᠬᠦ ᠰᠢᠶᠠᠨ | ᠢ ᠴᠤᠭᠴᠠᠯᠠᠨ ᠪᠠᠶᠢᠭᠤᠯᠬᠤ ᠬᠦᠳᠡᠯᠭᠡᠭᠡᠨ ᠢ ᠪᠦᠬᠦ ᠲᠠᠯ᠎ᠠ ᠪᠠᠷ ᠦᠷᠨᠢᠬᠦᠯᠦᠨ᠎ᠠ᠃ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠡᠷᠬᠢᠨ ᠨᠡᠬᠡᠮᠵᠢᠯᠡᠬᠦ ᠬᠠᠮᠢᠶᠠᠷᠤᠯᠳᠠ ᠶᠢ ᠴᠢᠩᠭᠠᠳᠬᠠᠨ᠂ | ︽ᠭᠤᠷᠪᠠᠨ ᠪᠦᠲᠦᠭᠡᠭᠳᠡᠬᠦᠨ ᠨᠢᠬᠡ ᠳᠡᠮᠳᠡᠭ︾ ᠬᠡᠷᠡᠴᠢᠯᠠᠯ ᠬᠦᠬᠢᠬᠦᠯᠦᠯ ᠤᠨ ᠠᠷᠭ᠎ᠠ ᠶᠢ ᠨᠠᠶᠢᠳᠠᠪᠤᠷᠢᠵᠢᠭᠤᠯᠵᠦ᠂ | ᠰᠢᠨ᠎ᠠ ᠪᠠᠷ ᠬᠡᠷᠡᠴᠢᠯᠡᠭᠰᠡᠨ ᠪᠦᠲᠦᠭᠡᠭᠳᠡᠬᠦᠨ ᠤ ᠲᠤᠭ᠎ᠠ ᠶᠢ ᠲᠡᠭᠡᠷ᠎ᠡ ᠵᠢᠯ ᠲᠠᠢ ᠬᠠᠷᠢᠴᠠᠭᠤᠯᠪᠠᠯ 10% ᠠᠴᠠ | ᠳᠡᠭᠡᠭᠰᠢ ᠨᠡᠮᠡᠭᠳᠡᠬᠦᠯᠦᠨ᠎ᠠ᠃ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠡᠯ᠎ᠠ ᠲᠦᠷᠦᠯ ᠤᠨ ᠰᠤᠩᠭᠤᠨ ᠪᠠᠶᠢᠴᠠᠭᠠᠬᠤ ᠡᠬᠦᠷᠭᠡ ᠶᠢ ᠪᠦᠬᠦ ᠲᠠᠯ᠎ᠠ | ᠪᠠᠷ ᠪᠡᠶᠡᠯᠡᠬᠦᠯᠦᠨ᠂ ᠰᠢᠯᠭᠠᠨ ᠪᠠᠶᠢᠴᠠᠭᠠᠯᠲᠠ ᠪᠠᠷ ᠳᠠᠮᠵᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠨᠢ ᠬᠢᠷᠢ ᠲᠡᠩᠴᠡᠭᠰᠡᠨ ᠦᠭᠡᠢ ᠠᠵᠦ ᠠᠬᠤᠶᠢᠯᠠᠯ ᠢ ᠡᠷᠬᠡᠪᠰᠢ ᠴᠢᠩᠭ᠎ᠠ ᠪᠠᠷ ᠰᠢᠢᠳᠪᠦᠷᠢᠯᠡᠨ᠎ᠠ᠃ | ︵ᠭᠤᠷᠪᠠ︶ ᠮᠠᠯᠵᠢᠬᠤ ᠲᠠᠷᠢᠶᠠᠯᠠᠬᠤ ᠤᠷᠤᠨ ᠤ ᠪᠤᠬᠢᠷᠳᠠᠯ ᠦᠭᠡᠢ ᠬᠦᠭᠵᠢᠯᠲᠠ ᠶᠢ ᠬᠦᠴᠦᠯᠡᠨ | ᠠᠬᠢᠭᠤᠯᠤᠨ᠎ᠠ | ᠨᠢᠬᠡ ᠳᠤ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠤᠳᠤ ᠪᠠᠶᠢᠭ᠎ᠠ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠦᠨᠡᠨᠬᠦ ᠬᠠᠮᠠᠭᠠᠯᠠᠨ᠎ᠠ᠃ | ᠰᠢᠨ᠎ᠠ ᠨᠢᠬᠡ ᠡᠬᠡᠯᠵᠢ ᠶᠢᠨ ᠨᠤᠲᠤᠭ ᠪᠡᠯᠴᠢᠭᠡᠷ ᠤᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠪᠠ ᠨᠡᠶᠢᠲᠠ | ᠶᠢᠨ ᠬᠠᠯᠠᠮᠵᠢ ᠶᠢᠨ ᠤᠢ ᠶᠢᠨ ᠠᠮᠢ ᠠᠬᠤᠢ ᠶᠢᠨ ᠦᠷ᠎ᠠ ᠠᠰᠢᠭ ᠤᠨ ᠨᠦᠬᠦᠪᠦᠷᠢ ᠶᠢᠨ ᠲᠦᠷᠢᠮ ᠢ ᠰᠠᠶᠢᠳᠤᠷ | ᠬᠡᠷᠡᠭᠵᠢᠬᠦᠯᠵᠦ᠂ ᠡᠵᠡᠨ᠎ᠡ ᠲᠤᠤᠷᠠᠢ ᠶᠢᠨ ᠤᠢ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠤᠷᠤᠨ ᠤ ᠳᠤᠳᠤᠷᠠᠬᠢ ᠭᠤᠤᠯ ᠤᠷᠤᠨ ᠪᠠ ᠨᠠᠮᠳᠠᠭᠤᠨ ᠤᠷᠤᠨ ᠤ ᠲᠠᠷᠢᠶᠠᠨ ᠭᠠᠵᠠᠷ ᠪᠠ ᠮᠠᠯ ᠤᠨ ᠡᠮᠬᠢ ᠵᠢᠷᠤᠮ | ᠲᠠᠢ ᠮᠠᠯᠵᠢᠬᠤ ᠲᠠᠷᠢᠶᠠᠯᠠᠬᠤ ᠶᠢ ᠵᠤᠭᠰᠤᠭᠠᠬᠤ ᠶᠢ ᠬᠦᠲᠦᠯᠦᠨ ᠵᠢᠯᠤᠭᠤᠳᠴᠦ᠂ ᠨᠤᠲᠤᠭ ᠪᠡᠯᠴᠢᠭᠡᠷ ᠤᠨ | ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠳᠠ ᠶᠢᠨ ᠶᠡᠷᠦᠩᠬᠡᠢ ᠬᠡᠪᠴᠢᠶ᠎ᠠ ᠶᠢ 1500 ᠲᠦᠮᠡᠨ ᠮᠤ᠋ ᠠᠴᠠ ᠲᠡᠭᠡᠭᠰᠢ | ᠪᠠᠶᠢᠯᠭᠠᠬᠤ ᠶᠢ ᠪᠡᠶᠡᠯᠡᠬᠦᠯᠵᠦ᠂ 2000 ᠮᠤ᠋ ᠴᠠᠷᠭᠠᠰᠦ ᠶᠢᠨ ᠲᠡᠵᠢᠬᠡᠯ ᠡᠪᠡᠰᠦ ᠪᠤᠯᠤᠨ ᠦᠷ᠎ᠠ ᠶᠢᠨ ᠰᠠᠭᠤᠷᠢᠨ | ᠭᠠᠵᠠᠷ ᠢ ᠰᠢᠨ᠎ᠡ ᠪᠠᠷ ᠪᠠᠶᠢᠭᠤᠯᠤᠨ᠎ᠠ︔ ᠠᠭᠠᠷ ᠤᠨ ᠤᠢ ᠰᠢᠭᠤᠢ ᠶᠢ ᠬᠠᠮᠠᠭᠠᠯᠠᠬᠤ ᠦᠷᠲᠡᠭᠡ ᠶᠢᠨ ᠪᠦᠲᠦᠭᠡᠨ | ᠪᠠᠶᠢᠭᠤᠯᠤᠯᠲᠠ᠂ ᠠᠯᠠᠱᠠ ᠠᠭᠤᠯᠠ ᠶᠢᠨ ᠦᠨᠳᠦᠷ ᠲᠦᠭᠰᠢᠬᠦᠷᠢᠲᠦ ᠭᠠᠯ ᠤᠨ ᠠᠶᠤᠯ ᠤᠨ ᠤᠷᠤᠨ ᠤ | ᠶᠡᠷᠦᠩᠬᠡᠶᠢᠯᠡᠭᠰᠡᠨ ᠵᠠᠰᠠᠯᠲᠠ᠂ ᠡᠵᠡᠨ᠎ᠡ ᠬᠤᠰᠢᠭᠤᠨ ᠤ ᠭᠤᠤᠯᠳᠠᠯᠭᠠᠲᠦ ᠭᠠᠯ ᠤᠨ ᠠᠶᠤᠯ ᠤᠨ ᠤᠷᠤᠨ ᠤ | ᠶᠡᠷᠦᠩᠬᠡᠶᠢᠯᠡᠭᠰᠡᠨ ᠵᠠᠰᠠᠯᠳᠠ ᠵᠡᠷᠭᠡ ᠲᠦᠷᠦᠯ ᠵᠦᠢᠯ ᠢ ᠲᠡᠮᠡᠴᠡᠨ ᠡᠬᠢᠯᠡᠬᠦᠯᠦᠨ᠎ᠠ᠃ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠠᠵᠦ ᠦᠢᠯᠡᠰᠵᠢᠭᠰᠡᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠲᠡᠭᠡᠳᠦ | ᠱᠠᠲᠤᠨ ᠤ ᠤᠢ ᠰᠢᠭᠤᠢ ᠡᠯᠡᠰᠦᠨ ᠠᠵᠦ ᠦᠢᠯᠡᠰ ᠤᠨ ᠲᠡᠮᠵᠢᠯᠭᠡ ᠶᠢ ᠲᠡᠮᠡᠴᠡᠨ ᠤᠯᠵᠦ᠂ ᠵᠠᠭ ᠴᠠᠭᠠᠨ ᠭᠤᠶᠤᠤ᠂ | ᠪᠦᠬᠡᠷᠡᠭ ᠤᠯᠠᠭᠠᠨ ᠭᠤᠶᠤᠤ᠂ ᠬᠠᠷ᠎ᠠ ᠴᠢᠨ᠋ᠸ᠎ᠠ ᠶᠢᠨ ᠬᠠᠷᠮᠠᠭ ᠤᠨ ︽ᠭᠤᠷᠪᠠᠨ ᠵᠠᠭᠤᠨ ᠲᠦᠮᠡᠨ ᠮᠤ᠋︾ ᠶᠢᠨ ᠤᠢ | ᠡᠯᠡᠰᠦᠨ ᠤ ᠠᠵᠦ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ | ᠲᠦᠯᠬᠢᠨ ᠠᠬᠢᠭᠤᠯᠵᠦ᠂ ᠬᠦᠮᠦᠨ ᠤ ᠬᠦᠴᠦᠨ ᠤ ᠵᠠᠭ ᠤᠨ ᠤᠢ ᠶᠢᠨ ᠤᠶᠢᠵᠢᠭᠤᠯᠤᠯᠲᠠ ᠶᠢᠨ ᠳᠠᠯᠠᠪᠠᠢ ᠶᠢ 40 | ᠲᠦᠮᠡᠨ ᠮᠤ᠋ ᠠᠴᠠ ᠳᠡᠭᠡᠭᠰᠢ ᠬᠦᠷᠭᠡᠬᠦ ᠶᠢ ᠬᠦᠴᠦᠯᠡᠨ ᠴᠢᠷᠮᠠᠶᠢᠵᠦ᠂ 20 ᠲᠦᠮᠡᠨ ᠮᠤ᠋ ᠴᠠᠭᠠᠨ ᠭᠤᠶᠤᠤ᠂10 | ᠲᠦᠮᠡᠨ ᠮᠤ᠋ ᠤᠯᠠᠭᠠᠨ ᠭᠤᠶᠤᠤ ᠶᠢ ᠬᠦᠮᠦᠨ ᠤ ᠬᠦᠴᠦ ᠪᠠᠷ ᠤᠷᠭᠤᠭᠤᠯᠤᠨ᠎ᠠ᠃ ᠭᠤᠤᠯᠳᠠᠯᠭᠠᠲᠤ ᠤᠷᠤᠨ ᠤ | ᠨᠤᠭᠤᠭᠠᠷᠠᠭᠤᠯᠤᠯᠲᠠ ᠶᠢ ᠲᠦᠷᠭᠡᠳᠭᠡᠨ᠎ᠠ᠃ ᠤᠯᠤᠰ ᠤᠨ ᠭᠤᠤᠯᠳᠠᠯᠭᠠᠲᠤ ᠢᠨᠵᠧᠨᠧᠷᠢᠩ ᠢ ᠯᠠᠪᠳᠠᠭᠤᠨ ᠪᠠᠳᠤᠳᠠᠢ | ᠲᠦᠯᠬᠢᠨ ᠠᠬᠢᠭᠤᠯᠬᠤ ᠶᠢ ᠪᠠᠲᠤᠯᠠᠬᠤ ᠰᠠᠭᠤᠷᠢᠨ ᠳᠡᠭᠡᠷ᠎ᠡ᠂ ᠤᠯᠤᠰ᠂ ᠦᠪᠡᠷᠲᠡᠭᠡᠨ ᠵᠠᠰᠠᠬᠤ ᠤᠷᠤᠨ ᠤ ᠬᠠᠲᠤᠨ | ᠭᠤᠤᠯ ᠤᠨ ᠪᠠᠷᠠᠭᠤᠨ ᠡᠷᠬᠢ ᠶᠢᠨ1000 ᠲᠡᠭᠰᠢ ᠲᠦᠷᠪᠡᠯᠵᠢᠨ ᠺᠢᠯᠤᠮᠧᠲᠷ ᠤᠨ ᠶᠠᠷᠦᠩᠬᠡᠶᠢᠯᠡᠨ ᠵᠠᠰᠠᠬᠤ | ᠢᠨᠵᠧᠨᠧᠷᠢᠩ᠂ ᠠᠯᠠᠱᠠ ᠠᠭᠤᠯᠠ ᠶᠢᠨ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ | ᠵᠡᠷᠭᠡ ᠲᠦᠷᠦᠯ ᠵᠦᠢᠯ ᠤᠨ ᠪᠡᠯᠡ ᠮᠦᠩᠬᠦᠨ ᠤ ᠲᠡᠮᠵᠢᠯᠭᠡ ᠶᠢ ᠲᠡᠮᠡᠴᠡᠨ ᠠᠪᠴᠢᠷᠠᠨ᠎ᠠ᠃ ᠠᠩᠬᠠᠨ ᠤ PPP ᠪᠡᠯᠡ | ᠤᠷᠤᠭᠤᠯᠤᠯᠲᠠ ᠶᠢᠨ ᠭᠡᠪ ᠢᠶᠠᠷ ᠪᠦᠲᠦᠭᠡᠨ ᠪᠠᠶᠢᠭᠤᠯᠤᠭᠰᠠᠨ ︽ᠠᠯᠠᠱᠠ ᠠᠶᠢᠮᠠᠭ ᠤᠨ ᠵᠠᠰᠠᠨ ᠰᠡᠷᠬᠦᠯᠳᠡ ᠶᠢᠨ | ᠲᠦᠷᠦᠯ ᠵᠦᠢᠯ︾ ᠤᠨ ᠬᠡᠷᠡᠭᠵᠢᠬᠦᠯᠦᠯᠲᠠ ᠶᠢᠨ ᠠᠬᠢᠴᠠ ᠶᠢ ᠢᠲᠡᠪᠬᠢᠳᠠᠢ ᠲᠦᠯᠬᠢᠨ ᠠᠬᠢᠭᠤᠯᠵᠦ᠂ ᠲᠡᠭᠡᠷ᠎ᠡ ᠬᠠᠭᠠᠰ | ᠵᠢᠯ ᠳᠤ ᠨᠡᠶᠢᠬᠡᠮ ᠤᠨ ᠪᠡᠯᠡ ᠤᠷᠤᠭᠤᠯᠤᠯᠲᠠ ᠶᠢᠨ ᠳᠠᠯ᠎ᠠ ᠶᠢ ᠲᠤᠭᠳᠠᠭᠠᠬᠤ ᠵᠢᠴᠢ ᠲᠦᠷᠦᠯ ᠵᠦᠢᠯ ᠤᠨ ᠺᠤᠮᠫᠠᠨᠢ | ᠶᠢᠨ ᠬᠤᠷᠰᠢᠨ ᠪᠠᠶᠢᠭᠤᠯᠬᠤ ᠠᠵᠢᠯ ᠢ ᠬᠦᠴᠦᠯᠡᠨ ᠪᠡᠶᠡᠯᠡᠬᠦᠯᠬᠦ ᠶᠢᠨ ᠬᠠᠮᠳᠤ ᠡᠬᠢᠯᠡᠨ ᠪᠡᠯᠡ ᠤᠷᠤᠭᠤᠯᠤᠨ ᠪᠦᠲᠦᠭᠡᠨ | ᠪᠠᠶᠢᠭᠤᠯᠤᠨ᠎ᠠ᠃ | ᠬᠤᠶᠠᠷ ᠲᠤ᠂ ᠮᠠᠯᠵᠢᠬᠤ ᠲᠠᠷᠢᠶᠠᠯᠠᠬᠤ ᠤᠷᠤᠨ ᠤ ᠤᠰᠤᠨ ᠠᠰᠢᠭᠯᠠᠯᠲᠠ ᠶᠢᠨ ᠠᠵᠢᠯ ᠢ ᠦᠨᠡᠨᠬᠦ ᠰᠠᠶᠢᠳᠤᠷ | ᠬᠢᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠳᠬᠠᠨ | ᠲᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠦ᠂ 3000 ᠬᠦᠮᠦᠨ᠂ 4 ᠲᠦᠮᠡᠨ ︵ᠳᠤᠯᠤᠭᠠᠢ︶ ᠮᠠᠯ ᠤᠨ | ᠠᠶᠤᠯᠭᠦᠢ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠨ᠎ᠡ᠃ ︽ᠠᠯᠠᠱᠠ ᠠᠶᠢᠮᠠᠭ ᠤᠨ ᠲᠠᠷᠢᠶᠠᠯᠠᠩ ᠤᠨ | ᠤᠰᠤ ᠠᠷᠪᠢᠯᠠᠬᠤ ᠬᠡᠷᠡᠭᠵᠢᠬᠦᠯᠦᠯᠲᠠ ᠶᠢᠨ ᠲᠦᠰᠦᠪ︾ ᠢ ᠤᠯᠠᠮ ᠨᠢᠬᠡ ᠠᠯᠬᠤᠮ ᠲᠡᠭᠦᠯᠳᠡᠷᠵᠢᠬᠦᠯᠵᠦ᠂ ︽ᠠᠯᠠᠱᠠ | ᠠᠶᠢᠮᠠᠭ ᠤᠨ ᠲᠠᠷᠢᠶᠠᠯᠠᠩ ᠤᠨ ᠤᠰᠤᠨ ᠤ ᠦᠨ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠠ ᠶᠢᠨ ᠬᠡᠷᠡᠭᠵᠢᠬᠦᠯᠬᠦ | ᠲᠦᠰᠦᠪ︾ ᠢ ᠲᠤᠭᠳᠠᠭᠠᠨ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠡᠷᠬᠡ ᠶᠢᠨ ᠰᠤᠯᠢᠯᠴᠠᠭ᠎ᠠ ᠶᠢ | ᠲᠦᠯᠬᠢᠨ ᠠᠬᠢᠭᠤᠯᠵᠦ᠂ ᠤᠰᠤ ᠶᠢ ᠠᠷᠪᠢᠯᠠᠬᠤ᠂ ᠤᠰᠤᠨ ᠤ ᠡᠬᠢ ᠰᠤᠷᠪᠤᠯᠵᠢ ᠶᠢ ᠦᠷᠬᠦᠯᠵᠢᠯᠡᠨ ᠠᠰᠢᠭᠯᠠᠬᠤ ᠳᠤ | ᠲᠤᠰᠠᠳᠠᠢ ᠤᠰᠤᠨ ᠤ ᠦᠨ᠎ᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃ ᠤᠰᠤᠯᠠᠯᠲᠠ ᠶᠢᠨ ᠤᠷᠤᠨ ᠤ ᠤᠰᠤ | ᠠᠷᠪᠢᠯᠠᠬᠤ ᠦᠭᠡᠷᠡᠴᠢᠯᠡᠯᠲᠠ ᠶᠢᠨ ᠠᠯᠬᠤᠴᠠ ᠶᠢ ᠲᠦᠷᠭᠡᠳᠭᠡᠨ᠂ ︽ᠲᠦᠷᠪᠡᠨ ᠮᠢᠩᠭᠠᠨ ᠲᠦᠮᠡᠨ ᠮᠤ᠋︾ ᠪᠠ | ᠪᠠᠷᠠᠭᠤᠨ ᠤᠷᠤᠨ ᠤ ᠤᠰᠤ ᠠᠷᠪᠢᠯᠠᠨ ᠦᠷ᠎ᠡ ᠠᠰᠢᠭ ᠢ ᠳᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠦ᠂ ᠠᠯᠠᠱᠠ | ᠵᠡᠬᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ᠂ ᠬᠤᠶᠠᠷᠬᠤᠤᠠᠳᠤᠭ ᠤᠨ ᠬᠦᠳᠡᠭᠡ ᠶᠢᠨ | ᠤᠰᠤᠯᠠᠯᠲᠠ ᠶᠢᠨ ᠤᠷᠤᠨ ᠳᠤ ᠤᠰᠤ ᠠᠷᠪᠢᠯᠠᠨ ᠦᠷ᠎ᠡ ᠠᠰᠢᠭ ᠢ ᠳᠡᠭᠡᠭᠰᠢᠯᠡᠬᠦᠯᠬᠦ ᠲᠠᠯᠠᠪᠠᠢ 5.1 ᠲᠦᠮᠡᠨ ᠮᠤ᠋ ᠶᠢ | ᠰᠢᠨ᠎ᠡ ᠪᠠᠷ ᠨᠡᠮᠡᠭᠳᠡᠬᠦᠯᠦᠨ᠎ᠠ᠃ ᠵᠠᠰᠠᠭ ᠵᠠᠬᠢᠷᠭᠠᠨ ᠤ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠪᠠᠷ ᠭᠤᠤᠯ | ᠪᠤᠯᠭᠠᠭᠰᠠᠨ ᠦᠶᠡᠷ ᠢ ᠰᠡᠷᠬᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ ᠭᠠᠩ | ᠬᠠᠭᠤᠷᠠᠢ ᠤᠰᠤᠨ ᠤ ᠡᠬᠢ ᠰᠤᠷᠪᠤᠯᠵᠢ ᠶᠢᠨ ᠨᠢᠬᠡᠳᠦᠯᠳᠡᠢ ᠬᠠᠮᠢᠶᠠᠷᠤᠯᠳᠠ ᠪᠠ ᠰᠢᠨᠵᠢᠯᠡᠬᠦ ᠤᠬᠠᠭᠠᠨᠴᠢ | ᠲᠤᠬᠢᠷᠠᠭᠤᠯᠤᠯᠲᠠ ᠶᠢ ᠴᠢᠩᠭᠠᠳᠬᠠᠨ᠂ ᠬᠠᠲᠤᠨ ᠭᠤᠤᠯ ᠤᠨ ᠠᠯᠠᠱᠠ ᠶᠢᠨ ᠬᠡᠰᠡᠭ ᠲᠠᠬᠢ ᠬᠤᠶᠠᠳᠤᠭᠠᠷ | ᠬᠤᠭᠤᠴᠠᠭᠠᠨ ᠤ ᠦᠶᠡᠷ ᠢ ᠰᠡᠷᠬᠡᠶᠢᠯᠡᠬᠦ ᠢᠨᠵᠧᠨᠧᠷᠢᠩ ᠪᠠ ᠡᠵᠡᠨ᠎ᠠ ᠬᠤᠰᠢᠭᠤᠨ ᠤ ᠭᠤᠷᠪᠠᠨ ᠲᠤᠮᠳᠠ ᠬᠡᠯᠪᠡᠷᠢ ᠶᠢᠨ | ᠠᠶᠤᠯ ᠲᠠᠢ ᠤᠰᠤᠨ ᠤ ᠬᠠᠭᠠᠯᠲᠠ ᠶᠢ ᠵᠠᠰᠠᠨ ᠪᠠᠬᠢᠯᠡᠬᠦ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠦ᠂ | ᠪᠡᠯᠡ ᠤᠷᠤᠭᠤᠯᠬᠤ ᠲᠦᠯᠦᠪᠯᠡᠭᠡ ᠶᠢᠨ 90% ᠠᠴᠠ ᠲᠡᠭᠡᠭᠰᠢ ᠬᠦᠷᠭᠡᠬᠦ ᠶᠢ ᠪᠡᠶᠡᠯᠡᠬᠦᠯᠦᠨ᠂ ᠬᠠᠲᠤᠨ ᠭᠤᠤᠯ᠂ | ᠬᠠᠷ᠎ᠠ ᠭᠤᠤᠯ᠂ ᠶᠡᠭᠡ ᠳᠤᠮᠳᠠ ᠬᠡᠯᠪᠡᠷᠢ ᠶᠢᠨ ᠤᠰᠤᠨ ᠴᠦᠬᠦᠷᠠᠮ ᠤᠨ ᠦᠶᠡᠷ ᠢ ᠰᠡᠷᠬᠡᠶᠢᠯᠡᠬᠦ ᠠᠮᠤᠷ ᠲᠦᠪᠰᠢᠨ ᠢ | ᠪᠠᠲᠤᠯᠠᠨ᠎ᠠ᠃ ᠬᠠᠷ᠎ᠠ ᠭᠤᠤᠯ ᠤᠨ ᠶᠡᠷᠦᠩᠬᠡᠶᠢᠯᠡᠨ ᠵᠠᠰᠠᠬᠤ ᠲᠦᠯᠦᠪᠵᠢᠬᠦᠯᠭᠡ ᠶᠢᠨ ᠬᠢᠨᠠᠨ ᠴᠤᠬᠤᠯᠠᠪᠤᠷᠢᠯᠠᠯ ᠢ | ᠲᠦᠷᠭᠡᠳᠭᠡᠨ ᠠᠬᠢᠭᠤᠯᠵᠦ᠂ ᠬᠠᠷ᠎ᠠ ᠭᠤᠤᠯ ᠤᠨ ᠳᠤᠤᠷᠠᠳᠤ ᠤᠷᠤᠰᠬᠠᠯ ᠤᠨ ᠤᠰᠤᠨ ᠤ ᠡᠬᠢ ᠰᠤᠷᠪᠤᠯᠵᠢ ᠶᠢᠨ | ᠬᠠᠮᠢᠶᠠᠷᠤᠯᠳᠠ ᠪᠠ ᠬᠡᠷᠡᠭᠯᠡᠯᠲᠠ ᠶᠢ ᠬᠢᠨᠠᠮᠠᠭᠠᠢ ᠰᠤᠳᠤᠯᠵᠦ᠂ ᠵᠤᠬᠢᠴᠠᠭᠤᠯᠬᠤ ᠬᠦᠴᠦᠯᠡᠴᠡ ᠪᠠᠨ ᠴᠢᠩᠭᠠᠳᠬᠠᠨ᠂ | ᠪᠠᠷᠠᠭᠤᠨ ᠵᠢᠦᠢ ᠶᠠᠨ ᠨᠠᠭᠤᠷ ᠲᠤ ᠤᠰᠤ ᠶᠡᠬᠦᠯᠡᠬᠦ ᠢᠨᠵᠧᠨᠧᠷᠢᠩ ᠢ ᠴᠢᠷᠮᠠᠶᠢᠨ ᠡᠬᠢᠯᠡᠬᠦᠯᠦᠨ᠎ᠠ᠃ ᠬᠠᠲᠤᠨ ᠭᠤᠤᠯ | ᠤᠨ ᠤᠯᠤᠰ ᠤᠨ ᠲᠡᠰ ᠤᠨ ᠬᠦᠢᠪᠡᠷᠢ ᠶᠢᠨ ᠬᠦᠳᠡᠭᠡ ᠶᠢᠨ ᠡᠯᠡᠰᠦᠨ ᠤ ᠦᠶᠡᠷ ᠢ ᠵᠤᠭᠰᠤᠭᠠᠬᠤ ᠤᠷᠤᠨ ᠤ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠬᠦᠴᠦᠯᠡᠴᠡ ᠶᠢ ᠶᠡᠬᠡᠰᠭᠡᠨᠠ᠃ ᠠᠯᠠᠱᠠ ᠵᠠᠬᠦᠨ ᠬᠤᠰᠢᠭᠤᠨ ᠤ | ᠵᠠᠰᠠᠭ ᠤᠨ ᠤᠷᠳᠤᠨ ᠵᠠᠰᠠᠨ ᠰᠡᠯᠪᠢᠵᠦ ᠬᠠᠮᠢᠶᠠᠷᠬᠤ ᠵᠡᠷᠭᠡ ᠪᠠᠶᠢᠭᠤᠯᠤᠮᠵᠢ ᠶᠢ ᠢᠲᠡᠪᠬᠢᠳᠠᠢ ᠰᠦᠪᠡᠭᠴᠢᠯᠡᠨ | ᠪᠠᠶᠢᠭᠤᠯᠵᠦ᠂ ᠦᠵᠡᠬᠦᠯᠪᠡᠰᠦ ᠵᠤᠬᠢᠬᠤ ᠦᠢᠯᠡᠳᠦᠯ ᠢᠶᠠᠨ ᠬᠦᠢᠴᠡᠳ ᠪᠠᠳᠠᠷᠠᠭᠤᠯᠬᠤ ᠬᠡᠷᠡᠭᠳᠡᠢ᠃ ᠤᠰᠤᠨ ᠤ ᠡᠬᠢ | ᠰᠤᠷᠪᠤᠯᠵᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠶᠢᠨ | ᠬᠠᠳᠠᠭᠤ ᠴᠢᠩᠭ᠎ᠠ ᠲᠦᠷᠢᠮ ᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠂ ᠤᠰᠤᠨ ᠤ ᠡᠬᠢ ᠪᠠᠶᠠᠯᠢᠭ ᠤᠨ ᠬᠢᠨᠠᠨ | ᠡᠵᠡᠮᠰᠢᠬᠦ ᠰᠢᠰᠲ᠋ᠧᠮᠵᠢ ᠶᠢ ᠪᠠᠶᠢᠭᠤᠯᠵᠦ᠂ ᠭᠠᠵᠠᠷ ᠲᠤᠤᠷᠠᠬᠢ ᠤᠰᠤᠨ ᠤ ᠨᠡᠬᠡᠬᠡᠨ ᠠᠰᠢᠭᠯᠠᠯᠲᠠ ᠶᠢ ᠴᠠᠭᠠᠵᠠᠯᠠᠬᠤ | ᠡᠰᠡᠬᠦᠯ᠎ᠠ ᠬᠢᠵᠠᠭᠠᠷᠯᠠᠬᠤ ᠨᠡᠬᠡᠬᠡᠨ ᠠᠰᠢᠭᠯᠠᠯᠲᠠ ᠶᠢᠨ ᠤᠷᠤᠨ ᠢ ᠬᠠᠤᠯᠢ ᠶᠤᠰᠤᠭᠠᠷ ᠵᠢᠷᠤᠨ ᠲᠤᠭᠳᠠᠭᠠᠵᠦ᠂ ᠭᠠᠵᠠᠷ | ᠳᠤᠤᠷᠠᠬᠢ ᠤᠰᠤᠨ ᠤ ᠠᠰᠢᠭᠯᠠᠬᠤ ᠨᠦᠬᠦᠪᠦᠷᠢᠯᠡᠬᠦ ᠲᠡᠩᠴᠡᠪᠦᠷᠢ ᠶᠢ ᠴᠢᠷᠮᠠᠶᠢᠨ ᠪᠡᠶᠡᠯᠡᠬᠦᠯᠦᠨ᠎ᠠ᠃ | ᠭᠤᠷᠪᠠ ᠳᠤ᠂ ᠲᠠᠷᠢᠶᠠᠯᠠᠩ ᠤᠨ ᠭᠠᠳᠠᠷᠭᠤ ᠠᠴᠠ ᠡᠬᠢ ᠲᠠᠢ ᠪᠤᠵᠠᠷᠳᠠᠯ ᠤᠨ ᠵᠠᠰᠠᠯᠲᠠ ᠶᠢ ᠴᠢᠩᠭᠠᠳᠬᠠᠨ᠎ᠠ | ᠲᠠᠷᠢᠶᠠᠨ ᠬᠦᠷᠦᠰᠦ ᠶᠢ ᠬᠡᠮᠵᠢᠨ ᠲᠤᠬᠢᠷᠠᠮᠵᠢᠲᠠᠢ ᠪᠠᠷ ᠪᠤᠷᠳᠤᠭᠤᠷ ᠤᠷᠤᠭᠤᠯᠵᠦ᠂ ᠦᠨᠳᠦᠷ ᠪᠦᠲᠦᠮᠵᠢᠲᠠᠢ᠂ | ᠬᠤᠤᠷᠳᠠᠯ ᠲᠤᠤᠷ᠎ᠠ᠂ ᠦᠯᠡᠳᠡᠭᠳᠡᠯ ᠲᠤᠤᠷ᠎ᠠ ᠲᠠᠷᠢᠶᠠᠯᠠᠩ ᠤᠨ ᠡᠮ ᠢ ᠲᠡᠯᠭᠡᠷᠡᠬᠦᠯᠵᠦ᠂ ᠬᠢᠮᠢ ᠶᠢᠨ ᠪᠤᠷᠳᠤᠭᠤᠷ ᠤᠨ | ᠬᠡᠮᠵᠢᠶ᠎ᠠ ᠶᠢ ᠪᠠᠭᠠᠰᠬᠠᠨ᠂ ᠲᠠᠷᠢᠶᠠᠯᠠᠩ ᠤᠨ ᠡᠮ ᠤᠨ ᠬᠡᠷᠡᠭᠯᠡᠯᠲᠠ ᠶᠢ ᠪᠠᠭᠠᠰᠬᠠᠬᠤ ᠢᠨᠵᠧᠨᠧᠷᠢᠩ ᠢ ᠬᠡᠷᠡᠭᠵᠢᠬᠦᠯᠦᠨ᠂ | ᠲᠡᠷᠢᠶᠠᠯᠠᠩ ᠤᠨ ᠴᠠᠭᠠᠨ ᠦᠩᠬᠡᠲᠦ ᠪᠤᠬᠢᠷᠳᠤᠯ ᠢ ᠦᠨᠡᠨᠬᠦ ᠵᠠᠰᠠᠨ᠎ᠠ᠃ ᠬᠤᠲᠠ ᠪᠠᠯᠭᠠᠰᠤ᠂ ᠭᠤᠤᠯᠳᠠᠯᠭᠠᠲᠠᠢ ᠨᠠᠭᠤᠷ᠂ | ᠤᠰᠤᠨ ᠤ ᠡᠬᠢ ᠰᠤᠷᠪᠤᠯᠵᠢ ᠶᠢᠨ ᠭᠠᠵᠠᠷ᠂ ᠬᠠᠮᠠᠭᠠᠯᠠᠯᠲᠠ ᠶᠢᠨ ᠤᠷᠤᠨ ᠢ ᠲᠡᠵᠢᠬᠡᠨ ᠦᠷᠡᠵᠢᠬᠦᠯᠦᠯᠲᠠ ᠶᠢ | ᠬᠢᠵᠠᠭᠠᠷᠯᠠᠬᠤ ᠤᠷᠤᠨ ᠢᠶᠠᠷ ᠲᠤᠭᠳᠠᠭᠠᠨ ᠬᠠᠮᠢᠶᠠᠷᠴᠦ᠂ ᠮᠠᠯ ᠵᠢᠬᠦᠷᠲᠡᠨ ᠢ ᠲᠡᠵᠢᠬᠡᠨ ᠦᠷᠡᠵᠢᠬᠦᠯᠬᠦ ᠲᠠᠯᠠᠪᠠᠢ ᠶᠢᠨ | ᠦᠢᠯᠡᠳᠪᠦᠷᠢᠯᠡᠯ ᠤᠨ ᠬᠡᠪᠴᠢᠶ᠎ᠠ ᠪᠠ ᠰᠠᠭᠤᠷᠢ ᠲᠦᠬᠦᠬᠡᠷᠦᠮᠵᠢ ᠶᠢᠨ ᠨᠦᠬᠦᠴᠡᠯ ᠢ ᠦᠨᠳᠦᠰᠦᠯᠡᠨ᠂ ᠲᠦᠷᠦᠯ | ᠬᠤᠪᠢᠶᠠᠨ ᠲᠦᠷᠦ ᠶᠢᠨ ᠪᠤᠳᠤᠯᠭ᠎ᠠ ᠬᠡᠷᠡᠭᠵᠢᠬᠦᠯᠵᠦ᠂ ᠡᠪᠡᠳᠴᠢᠨ ᠤ ᠬᠤᠤᠷ ᠬᠦᠨᠦᠬᠡᠯ ᠲᠠᠢ ᠲᠡᠵᠢᠬᠡᠨ | ᠦᠷᠡᠵᠢᠬᠦᠯᠦᠯᠲᠠ ᠶᠢᠨ ᠬᠠᠶᠠᠭᠳᠠᠮᠠᠯ ᠪᠤᠳᠠᠰ ᠲᠤ ᠬᠠᠮᠢᠶ᠎ᠠ ᠪᠦᠬᠦᠢ ᠬᠠᠤᠯᠢ ᠲᠦᠷᠢᠮ ᠤᠨ ᠲᠤᠭᠳᠠᠭᠠᠯ ᠢᠶᠠᠷ ᠬᠦᠨ | ᠪᠤᠯᠠᠬᠤ᠂ ᠬᠠᠶᠢᠯᠠᠭᠤᠯᠬᠤ᠂ ᠲᠦᠯᠡᠬᠦ ᠵᠡᠷᠭᠡ ᠪᠤᠬᠢᠷᠳᠤᠯ ᠦᠭᠡᠢ ᠰᠢᠢᠳᠪᠦᠷᠢᠯᠡᠯᠲᠠ ᠶᠢᠨ ᠠᠷᠭ᠎ᠠ ᠬᠡᠮᠵᠢᠶ᠎ᠠ ᠠᠪᠴᠦ᠂ | ᠨᠦᠬᠦᠴᠡᠯ ᠮᠠᠭᠤ᠂ ᠰᠠᠭᠤᠷᠢ ᠲᠦᠬᠦᠬᠡᠷᠦᠮᠵᠢ ᠠᠨᠠᠢ ᠲᠡᠵᠢᠬᠡᠨ ᠦᠷᠡᠵᠢᠬᠦᠯᠬᠦ ᠲᠠᠯᠠᠪᠤᠷ ᠢ ᠪᠢᠳᠡᠬᠦᠮᠵᠢᠯᠡᠨ ᠬᠠᠭᠠᠨ᠎ᠠ᠃ | ᠡᠰᠢ ᠰᠦᠷᠡᠯ ᠢ ᠲᠠᠷᠢᠶᠠᠨ ᠳᠤ ᠪᠤᠴᠠᠭᠠᠬᠤ ᠮᠡᠷᠭᠡᠵᠢᠯ ᠢ ᠬᠦᠴᠦᠯᠡᠨ ᠲᠡᠯᠭᠡᠷᠡᠬᠦᠯᠵᠦ᠂ ᠰᠢᠨ᠎ᠠ ᠮᠡᠷᠭᠡᠵᠢᠯ ᠢ ᠤᠷᠢᠨ | ᠤᠷᠤᠭᠤᠯᠬᠤ᠂ ᠰᠢᠨ᠎ᠡ ᠲᠦᠬᠦᠬᠡᠷᠦᠮᠵᠢ ᠪᠠᠷ ᠡᠷᠳᠡᠨᠢ ᠰᠢᠰᠢ ᠡᠰᠢ ᠰᠦᠷᠡᠯ ᠢ ᠬᠤᠷᠢᠶᠠᠬᠤ᠂ ᠪᠤᠭᠤᠳᠠᠯᠯᠠᠬᠤ᠂ | ᠰᠢᠪᠲᠤᠷᠵᠢᠭᠤᠯᠬᠤ᠂ ᠮᠦᠬᠦᠯᠢᠭᠵᠢᠬᠦᠯᠬᠦ ᠵᠡᠷᠭᠡ ᠠᠰᠢᠭᠯᠠᠯᠲᠠ ᠶᠢᠨ ᠠᠷᠭ᠎ᠠ ᠶᠢ ᠨᠡᠬᠡᠬᠡᠵᠦ᠂ ᠡᠰᠢ ᠰᠦᠷᠡᠯ ᠤᠨ | ᠶᠡᠷᠦᠩᠬᠡᠶᠢᠯᠡᠭᠰᠡᠨ ᠠᠰᠢᠭᠯᠠᠯᠲᠠ ᠶᠢᠨ ᠨᠤᠷᠮ᠎ᠠ ᠶᠢ 90 % ᠠᠴᠠ ᠲᠡᠭᠡᠭᠰᠢ ᠪᠠᠶᠢᠯᠭᠠᠵᠦ᠂ ᠭᠤᠤᠯᠳᠠᠯᠭᠠᠲᠠᠢ ᠨᠠᠭᠤᠷ | ᠲᠤ ᠬᠢᠨᠠᠨ ᠬᠡᠮᠵᠢᠬᠦ ᠴᠡᠭ ᠢ ᠪᠠᠶᠢᠭᠤᠯᠤᠨ᠂ ᠴᠠᠭ ᠲᠤᠬᠠᠢ ᠳᠤᠨᠢ ᠬᠢᠨᠠᠨ ᠡᠵᠡᠮᠰᠢᠵᠦ᠂ ᠤᠰᠤᠨ ᠤ ᠤᠷᠴᠢᠨ ᠤ | ᠤᠷᠴᠢᠨ ᠲᠤᠭᠤᠷᠢᠨ ᠤ ᠠᠮᠤᠷ ᠲᠦᠪᠰᠢᠨ ᠢ ᠪᠠᠲᠤᠯᠠᠨ᠎ᠠ᠃ | ᠲᠦᠷᠪᠠ ᠳᠤ᠂ ᠶᠠᠳᠠᠭᠤ ᠠᠴᠠ ᠠᠩᠬᠢᠵᠢᠷᠠᠭᠤᠯᠬᠤ ᠢᠨᠵᠧᠨᠧᠷᠢᠩ ᠢ ᠬᠦᠴᠦᠯᠡᠨ ᠠᠬᠢᠭᠤᠯᠤᠨ᠎ᠠ | ᠨᠢᠬᠡ ᠳᠤ᠂ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠲᠤᠯᠬᠤ ᠲᠡᠭᠡᠷ᠎ᠡ ᠦᠷᠬᠦᠯᠵᠢᠯᠡᠨ ᠬᠦᠴᠦᠯᠡᠵᠦ᠂ | ᠤᠨᠤᠪᠴᠢᠲᠠᠢ ᠪᠠᠷ ᠶᠠᠳᠠᠭᠤ ᠶᠢ ᠲᠡᠳᠬᠦᠬᠦ᠂ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠤᠨ | ᠤᠷᠳᠤ ᠬᠤᠭᠤᠴᠠᠭᠠᠲᠤ ᠴᠢᠨᠠᠷ ᠢ ᠲᠦᠯᠬᠢᠨ ᠠᠬᠢᠭᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠱᠠᠭᠠᠷᠳᠠᠯᠭ᠎ᠠ | ᠶᠤᠰᠤᠭᠠᠷ᠂ ᠶᠠᠳᠠᠭᠤ ᠶᠢ ᠲᠡᠳᠬᠦᠬᠦ ᠠᠵᠢᠯ ᠤᠨ ᠲᠤᠭᠳᠠᠴᠠ ᠬᠤᠪᠢᠷᠠᠬᠤ ᠦᠭᠡᠢ᠂ ᠡᠯ᠎ᠠ ᠱᠠᠲᠤᠨ ᠤ ᠶᠠᠳᠠᠭᠤ ᠶᠢ | ᠲᠡᠳᠬᠦᠬᠦ ᠬᠠᠷᠢᠭᠤᠴᠠᠯᠭ᠎ᠠ ᠬᠤᠪᠢᠷᠠᠬᠤ ᠦᠭᠡᠢ᠂ ᠠᠵᠢᠯ ᠲᠦᠷᠦᠯ ᠰᠠᠯᠠᠭ᠎ᠠ ᠮᠦᠴᠢᠷ ᠤᠨ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠲᠤᠯᠬᠤ ᠬᠠᠷᠢᠭᠤᠴᠠᠯᠭ᠎ᠠ ᠬᠤᠪᠢᠷᠠᠬᠤ ᠦᠭᠡᠢ ᠪᠠᠶᠢᠬᠤ ᠶᠢ ᠪᠠᠲᠤᠯᠠᠵᠦ᠂ ᠶᠠᠳᠠᠭᠤ | ᠶᠢ ᠲᠡᠳᠬᠦᠬᠦ ᠲᠤᠭᠲᠠᠴᠠ ᠪᠠ ᠬᠦᠴᠦᠨ ᠴᠢᠳᠠᠯ ᠢ ᠴᠢᠩᠭᠠᠳᠬᠠᠵᠦ᠂ ᠶᠠᠳᠠᠭᠤ ᠬᠦᠴᠢᠷᠳᠡᠯᠳᠡᠢ ᠬᠤᠰᠢᠭᠤᠨ ᠤ | ᠶᠠᠳᠠᠭᠤ ᠶᠢ ᠳᠡᠳᠬᠦᠬᠦ ᠠᠯᠪᠠᠨ ᠭᠡᠷ ᠢ ᠲᠤᠰ ᠳᠤᠨᠢ ᠲᠤᠬᠢᠷᠠᠭᠤᠯᠤᠨ᠎ᠠ᠃ ᠬᠤᠶᠠᠷ ᠲᠤ᠂ ᠲᠠᠩᠰᠠ ᠺᠠᠷᠲ ᠲᠠᠢ | ᠶᠠᠳᠠᠭᠤ ᠬᠦᠴᠢᠷᠳᠡᠯᠳᠡᠢ ᠡᠷᠦᠬᠡ ᠶᠢᠨ ᠶᠠᠳᠠᠭᠤ ᠠᠴᠠ ᠠᠩᠬᠢᠵᠢᠷᠠᠭᠤᠯᠬᠤ ︽ᠡᠷᠬᠢᠨ ᠬᠠᠷᠠᠬᠤ︾ ᠠᠵᠢᠯ ᠢ | ᠴᠢᠩᠭᠠᠳᠬᠠᠵᠦ᠂ ᠡᠷᠬᠢᠨ ᠶᠠᠳᠠᠭᠤᠷᠠᠬᠤ ᠪᠤᠯᠤᠨ ᠰᠢᠨ᠎ᠡ ᠪᠠᠷ ᠨᠡᠮᠡᠭᠳᠡᠭᠰᠡᠨ ᠶᠠᠳᠠᠭᠤ ᠬᠦᠴᠢᠷᠳᠡᠯᠳᠠᠢ ᠬᠦᠮᠦᠰ ᠢ | ᠢᠯᠭᠠᠨ ᠲᠠᠨᠢᠬᠤ᠂ ᠬᠠᠮᠢᠶᠠᠷᠬᠤ ᠪᠠ ᠲᠤᠰᠠᠯᠠᠨ ᠳᠡᠮᠵᠢᠬᠦ ᠠᠵᠢᠯ ᠢ ᠰᠠᠶᠢᠳᠤᠷ ᠬᠢᠨ᠎ᠠ᠃ ︽ᠵᠢᠷᠭᠤᠭᠠᠨ ᠤᠨᠤᠪᠴᠢᠲᠠᠢ︾ | ᠪᠠ ︽ᠲᠠᠪᠤᠨ ᠨᠢᠬᠡ ᠪᠦᠯᠦᠭ︾ ᠤᠨ ᠱᠠᠭᠠᠷᠳᠠᠯᠭ᠎ᠠ ᠶᠤᠰᠤᠭᠠᠷ᠂ ᠰᠢᠨ᠎ᠡ ᠪᠠᠷ ᠨᠡᠮᠡᠭᠳᠡᠭᠰᠡᠨ ᠶᠠᠳᠠᠭᠤ ᠬᠦᠴᠢᠷᠳᠡᠯᠳᠠᠢ | ᠡᠷᠦᠬᠡ ᠶᠢ ᠭᠤᠤᠯᠳᠠᠯᠭ᠎ᠠ ᠲᠠᠢ ᠲᠡᠳᠬᠦᠵᠦ᠂ ᠨᠢᠬᠡᠨᠳᠡ ᠶᠠᠳᠠᠭᠤ ᠠᠴᠠ ᠠᠩᠬᠢᠵᠢᠷᠠᠭᠰᠠᠨ ᠡᠷᠦᠬᠡ ᠶᠢᠨ ᠬᠤᠶᠢᠰᠢᠲᠠ | ᠶᠢᠨ ᠲᠡᠳᠬᠦᠯᠲᠠ ᠶᠢᠨ ᠲᠦᠷᠦ ᠶᠢᠨ ᠪᠤᠳᠤᠯᠭ᠎ᠠ ᠶᠢ ᠬᠤᠪᠢᠷᠠᠭᠤᠯᠬᠤ ᠦᠭᠡᠢ ᠮᠦᠷᠲᠡᠭᠡᠨ ᠮᠦᠷᠳᠡᠨ ᠪᠠᠶᠢᠴᠠᠭᠠᠬᠤ ᠪᠠ | ᠶᠠᠳᠠᠭᠤ ᠠᠴᠠ ᠠᠩᠬᠢᠵᠢᠷᠠᠭᠤᠯᠬᠤ ᠳᠤ ᠬᠢᠨᠠᠯᠲᠠ ᠲᠠᠯᠪᠢᠬᠤ ᠠᠵᠢᠯ ᠢ ᠰᠠᠶᠢᠳᠤᠷ ᠬᠢᠵᠦ᠂ ᠤᠨᠤᠪᠴᠢᠲᠠᠢ ᠪᠠᠷ ᠲᠦᠷᠦ | ᠶᠢᠨ ᠪᠤᠳᠤᠯᠭ᠎ᠠ ᠶᠢ ᠬᠡᠷᠡᠭᠵᠢᠬᠦᠯᠬᠦ᠂ ᠤᠨᠤᠪᠴᠢᠲᠠᠢ ᠪᠠᠷ ᠲᠦᠯᠬᠢᠨ ᠠᠬᠢᠭᠤᠯᠬᠤ᠂ ᠤᠨᠤᠪᠴᠢᠲᠠᠢ ᠪᠠᠷ | ᠨᠠᠶᠢᠳᠠᠪᠤᠷᠢᠵᠢᠭᠤᠯᠬᠤ ᠶᠢ ᠦᠨᠨᠡᠬᠦ ᠪᠡᠶᠡᠯᠡᠬᠦᠯᠵᠦ᠂ ︽ᠲᠠᠬᠢᠨ ᠶᠠᠳᠠᠭᠤᠷᠠᠬᠤ︾ ᠦᠵᠡᠭᠳᠡᠯ ᠤᠨ ᠭᠠᠷᠬᠤ ᠶᠢ | ᠬᠤᠷᠢᠭᠯᠠᠨ᠂ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠦᠨ᠎ᠠ᠃ ᠭᠤᠷᠪᠠ ᠳᠤ᠂ ᠠᠶᠢᠮᠠᠭ | ᠬᠤᠰᠢᠭᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠦᠩᠬᠦᠨ ᠤ ᠤᠷᠤᠭᠤᠯᠤᠯᠲᠠ ᠪᠠ ᠮᠠᠯᠵᠢᠬᠤ | ᠲᠠᠷᠢᠶᠠᠯᠠᠬᠤ ᠳᠤ ᠬᠤᠯᠪᠤᠭᠳᠠᠭᠰᠠᠨ ᠪᠡᠯᠡ ᠮᠦᠩᠬᠦᠨ ᠤ ᠨᠡᠶᠢᠯᠡᠬᠦᠯᠦᠯᠲᠠ ᠬᠡᠷᠡᠭᠯᠡᠯᠲᠠ ᠶᠢᠨ ᠬᠦᠴᠦᠯᠡᠴᠡ ᠪᠠᠨ | ᠴᠢᠩᠭᠠᠳᠬᠠᠵᠦ᠂ ᠠᠶᠢᠮᠠᠭ ᠤᠨ ᠲᠡᠰ ᠤᠨ ᠡᠳ᠋ ᠤᠨ ᠵᠠᠰᠠᠭ ᠤᠨ ᠶᠠᠳᠠᠭᠤ ᠶᠢ ᠳᠡᠳᠬᠦᠬᠦ ᠪᠡᠯᠡ ᠮᠦᠩᠬᠦᠨ ᠤ | ᠤᠷᠤᠭᠤᠯᠤᠯᠲᠠ ᠶᠢ ᠦᠪᠡᠷᠲᠡᠭᠡᠨ ᠵᠠᠰᠠᠬᠤ ᠤᠷᠤᠨ ᠤ ᠤᠷᠤᠭᠤᠯᠤᠯᠲᠠ ᠶᠢᠨ 30% ᠠᠴᠠ ᠲᠤᠤᠷ᠎ᠠ ᠪᠠᠶᠢᠯᠭᠠᠬᠤ | ᠦᠭᠡᠢ ᠶᠢ ᠬᠦᠴᠦᠯᠡᠨ ᠪᠡᠶᠡᠯᠡᠬᠦᠯᠵᠦ᠂ ᠲᠡᠭᠡᠭᠰᠢᠯᠡᠯᠲᠠ ᠶᠢ 50 % ᠠᠴᠠ ᠲᠡᠭᠡᠭᠰᠢ ᠪᠠᠶᠢᠯᠭᠠᠨ᠂ ᠬᠤᠰᠢᠭᠤ | ᠤᠷᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠤᠷᠤᠭᠤᠯᠤᠯᠲᠠ ᠶᠢᠨ ᠲᠦᠰᠦᠪ ᠢ ᠴᠦ ᠶᠡᠭᠡ ᠬᠡᠮᠵᠢᠶ᠎ᠠ ᠪᠠᠷ | ᠨᠡᠮᠡᠭᠳᠡᠬᠦᠯᠦᠨ᠎ᠠ᠃ ᠲᠦᠷᠪᠠ ᠳᠤ᠂ ᠭᠤᠤᠯᠳᠠᠯᠭᠠᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠳᠤᠷ | ᠠᠳᠬᠤᠨ᠎ᠠ᠃ ︽ᠭᠤᠷᠪᠠ ᠶᠢ ᠬᠦᠳᠡᠭᠡ ᠲᠤᠰᠬᠤᠨ ᠳᠤ ᠬᠦᠷᠭᠡᠨ ᠭᠤᠷᠪᠠ ᠶᠢ ᠡᠷᠦᠬᠡ ᠳᠤ ᠬᠦᠷᠭᠡᠬᠦ︾ | ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠵᠦ᠂ ᠠᠵᠦ ᠦᠢᠯᠡᠰ ᠪᠠᠷ ᠶᠠᠳᠠᠭᠤ ᠶᠢ ᠳᠡᠳᠬᠦᠬᠦ᠂ ᠮᠦᠩᠬᠦᠨ | ᠬᠦᠢᠯᠭᠡᠭᠡ ᠪᠠᠷ ᠶᠠᠳᠠᠭᠤ ᠶᠢ ᠳᠡᠳᠬᠦᠬᠦ ᠠᠵᠢᠯ ᠤᠨ ᠬᠦᠴᠦᠯᠡᠴᠡ ᠪᠠᠨ ᠦᠷᠭᠡᠳᠭᠡᠨ᠂ ᠮᠠᠯ ᠠᠵᠦ ᠠᠬᠤᠢ | ᠲᠠᠷᠢᠶᠠᠯᠠᠩ ᠤᠨ ᠦᠢᠯᠡᠰ ᠤᠨ ︽ᠲᠠᠪᠤᠨ ᠶᠡᠭᠡ ᠠᠵᠦ ᠦᠢᠯᠡᠰ︾ ᠤᠨ ᠬᠦᠭᠵᠢᠯᠲᠠ ᠶᠢᠨ ᠲᠤᠭᠤᠷᠢᠨ ᠳᠤ᠂ ᠦᠨᠦ | ᠵᠢᠯ 1.5 ᠳ᠋ᠦᠩᠰᠢᠭᠤᠷ ᠲᠦᠬᠦᠷᠢᠭ ᠤᠨ ᠮᠦᠩᠬᠦᠨ ᠬᠦᠢᠯᠭᠡᠭᠡᠨ ᠤ ᠵᠢᠭᠡᠯᠡᠯᠭᠡ ᠶᠢ ᠰᠢᠨ᠎ᠡ ᠪᠠᠷ ᠨᠡᠮᠡᠭᠳᠡᠬᠦᠯᠬᠦ ᠶᠢᠨ | ᠬᠠᠮᠲᠤ ᠬᠤᠭᠤᠴᠠᠭ᠎ᠠ ᠨᠢ ᠬᠦᠢᠴᠡᠭᠰᠡᠨ ᠵᠢᠬᠡᠯᠡᠯᠭᠡ ᠶᠢᠨ ᠬᠦᠦ ᠮᠦᠩᠬᠦ ᠶᠢᠨ ᠠᠵᠢᠯ ᠢ ᠰᠠᠶᠢᠳᠤᠷ | ᠨᠠᠶᠢᠳᠠᠪᠤᠷᠢᠵᠢᠭᠤᠯᠤᠨ᠎ᠠ᠃ ᠶᠠᠳᠠᠭᠤ ᠶᠢ ᠲᠡᠳᠬᠦᠨ ᠲᠠᠬᠢᠨ ᠵᠢᠭᠡᠯᠡᠯᠭᠡ ᠤᠯᠭᠤᠬᠤ ᠵᠢᠴᠢ ᠵᠦᠩ ᠾᠧ ᠬᠦᠳᠡᠭᠡ | ᠲᠤᠰᠬᠤᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠲᠦᠯᠬᠢᠨ ᠠᠬᠢᠭᠤᠯᠵᠦ᠂ ᠢᠦᠢ ᠯᠤ᠋ ᠲᠦᠯᠦᠪᠯᠡᠭᠡ ᠶᠢᠨ | ᠭᠤᠶᠤᠴᠢᠯᠠᠯᠲᠠ ᠮᠡᠳᠡᠭᠦᠯᠦᠯᠲᠠ ᠪᠠ ᠬᠠᠷᠢᠯᠴᠠᠨ ᠬᠠᠪᠰᠤᠷᠬᠤ ᠪᠡᠯᠡ ᠮᠦᠩᠬᠦᠨ ᠤ ᠬᠢᠨᠠᠨ ᠬᠠᠮᠢᠶᠠᠷᠦᠯᠳᠠ ᠶᠢ | ᠴᠢᠩᠭᠠᠳᠬᠠᠨ᠂ ᠶᠠᠳᠠᠭᠤ ᠶᠢ ᠳᠡᠳᠬᠦᠬᠦ ᠪᠡᠯᠡ ᠮᠦᠩᠬᠦᠨ ᠤ ᠦᠷ᠎ᠡ ᠠᠰᠢᠭ ᠤᠨ ᠬᠠᠮᠤᠭ ᠶᠡᠬᠡᠴᠢᠯᠡᠯᠲᠠ ᠶᠢ | ᠪᠠᠳᠠᠷᠠᠭᠤᠯᠵᠦ᠂ ᠨᠡᠩ ᠤᠯᠠᠨ ᠶᠠᠳᠠᠭᠤ ᠬᠦᠴᠢᠷᠳᠡᠯᠳᠦ ᠡᠷᠦᠬᠡ ᠳᠤ ᠠᠰᠢᠭ ᠬᠦᠷᠲᠡᠭᠡᠨ᠎ᠠ᠃ ᠲᠠᠪᠤ ᠳᠤ᠂ ᠦᠨᠡᠯᠡᠨ | ᠵᠢᠱᠢᠵᠦ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠠ ᠲᠦᠷᠦᠯ ᠤᠨ ᠦᠨᠡᠯᠡᠨ ᠵᠢᠱᠢᠵᠦ ᠰᠢᠯᠭᠠᠨ | ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠦ᠂ ᠪᠠᠶᠢᠴᠠᠭᠠᠯᠲᠠ ᠶᠢᠨ ᠦᠷ᠎ᠡ ᠳ᠋ᠦᠩ ᠢ ᠢᠳᠡᠪᠬᠢᠳᠠᠢ | ᠪᠠᠷ ᠬᠦᠯᠢᠶᠠᠨ ᠠᠪᠬᠤ ᠶᠢᠨ ᠬᠠᠮᠲᠤ ᠡᠯ᠎ᠡ ᠲᠦᠷᠦᠯ ᠤᠨ ᠦᠷ᠎ᠠ ᠪᠦᠲᠦᠮᠵᠢ ᠶᠢ ᠰᠠᠶᠢᠳᠤᠷ ᠠᠰᠢᠭᠯᠠᠨ᠂ ᠶᠠᠳᠠᠭᠤ | ᠠᠴᠠ ᠠᠩᠬᠢᠵᠢᠷᠠᠭᠤᠯᠬᠤ ᠠᠵᠢᠯ ᠢ ᠯᠠᠪᠳᠠᠭᠤᠨ ᠰᠠᠶᠢᠨ ᠬᠢᠨ᠎ᠠ᠃ | ︵ᠲᠠᠪᠤ︶ ᠮᠠᠯᠵᠢᠬᠤ ᠲᠠᠷᠢᠶᠠᠯᠠᠬᠤ ᠤᠷᠤᠨ ᠤ ᠡᠯ᠎ᠠ ᠬᠦᠷᠢᠶᠠᠨ ᠤ ᠦᠭᠡᠷᠡᠴᠢᠯᠡᠯᠲᠠ ᠶᠢ ᠬᠦᠴᠦᠯᠡᠨ | ᠬᠦᠨᠵᠡᠭᠡᠶᠢᠷᠠᠬᠦᠯᠦᠨᠠ | ᠨᠢᠬᠡ ᠳᠤ᠂ ᠮᠠᠯᠵᠢᠬᠤ ᠲᠠᠷᠢᠶᠠᠯᠠᠬᠤ ᠤᠷᠤᠨ ᠤ ᠦᠮᠴᠢᠯᠡᠯ ᠤᠨ ᠡᠷᠬᠡ ᠶᠢᠨ ᠲᠦᠷᠢᠮ ᠤᠨ ᠦᠭᠡᠷᠡᠴᠢᠯᠡᠯᠲᠠ ᠶᠢ | ᠬᠦᠨᠵᠡᠭᠡᠶᠢᠷᠡᠬᠦᠯᠦᠨᠠ᠃ ᠭᠠᠵᠠᠷ ᠲᠠᠷᠢᠶ᠎ᠠ ᠨᠤᠲᠤᠭ ᠪᠡᠯᠴᠢᠭᠡᠷ ᠤᠨ ᠡᠷᠬᠡ ᠶᠢ ᠨᠤᠲᠠᠯᠠᠬᠤ ᠠᠵᠢᠯ ᠢ ᠲᠦᠷᠭᠡᠳᠬᠡᠨ | ᠠᠬᠢᠭᠤᠯᠵᠦ᠂ ︽ᠭᠤᠷᠪᠠᠨ ᠡᠷᠬᠡ ᠶᠢᠨ ᠬᠤᠪᠢᠶᠠᠷᠢᠯᠠᠯᠲᠠ︾ ᠶᠢ ᠲᠦᠯᠬᠢᠨ ᠬᠡᠷᠡᠭᠵᠢᠬᠦᠯᠵᠦ᠂ ᠡᠵᠡᠩᠨᠡᠯᠲᠠ ᠶᠢᠨ | ᠡᠷᠬᠡ ᠶᠢᠨ ᠡᠮᠬᠢ ᠲᠢᠭᠯᠡᠮᠲᠦ ᠡᠷᠬᠢᠯᠲᠠ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠠᠵᠠᠷ ᠲᠠᠷᠢᠶᠠᠨ ᠤ | ᠲᠠᠳᠠᠪᠤᠷᠢᠯᠠᠬᠤ ᠲᠦᠷᠢᠮ ᠢ ᠦᠭᠡᠷᠡᠴᠢᠯᠡᠵᠦ᠂ ᠤᠯᠠᠨ ᠨᠡᠶᠢᠲᠠ ᠶᠢᠨ ᠡᠵᠡᠩᠨᠡᠯᠲᠠ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠲᠤ ᠤᠷᠤᠬᠤ᠂ ᠬᠡᠷ ᠪᠠᠶᠢᠰᠢᠩ ᠤᠨ ᠰᠠᠭᠤᠷᠢ ᠶᠢᠨ | ᠲᠦᠷᠢᠮ ᠤᠨ ᠦᠭᠡᠷᠡᠴᠢᠯᠡᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠨᠢᠬᠦᠯᠵᠦ᠂ ︽ᠬᠤᠶᠠᠷ ᠡᠷᠬᠡ︾ | ᠶᠢᠨ ᠪᠠᠷᠢᠴᠠᠭᠠᠲᠤ ᠵᠢᠬᠡᠯᠡᠯᠭᠡ ᠶᠢᠨ ᠲᠤᠷᠰᠢᠯᠲᠠ ᠶᠢᠨ ᠴᠡᠭ ᠤᠨ ᠠᠵᠢᠯ ᠢ ᠰᠠᠶᠢᠳᠤᠷ ᠬᠢᠨ᠎ᠠ᠃ ᠬᠤᠶᠠᠷ ᠲᠤ᠂ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠭᠡᠨ᠂ ᠤᠯᠤᠰ ᠤᠨ ᠦᠮᠴᠢᠯᠡᠯᠲᠦ ᠤᠢ ᠰᠢᠭᠤᠢ ᠶᠢᠨ | ᠲᠠᠯᠠᠪᠠᠢ ᠶᠢᠨ ᠦᠷᠳᠡᠭᠡ᠂ ᠲᠠᠷᠢᠶᠠᠯᠠᠩ ᠤᠨ ᠠᠳᠠᠷ ᠬᠠᠭᠠᠯᠪᠤᠷᠢᠯᠠᠯᠲᠠ ᠪᠠ ᠬᠠᠩᠭᠠᠨ ᠪᠤᠷᠤᠯᠠᠭᠤᠯᠬᠤ ᠬᠤᠷᠰᠢᠶᠠᠵᠢᠯ | ᠤᠨ ᠶᠡᠷᠦᠩᠬᠡᠶᠢᠯᠡᠭᠰᠡᠨ ᠦᠭᠡᠷᠡᠴᠢᠯᠡᠯᠲᠠ ᠶᠢ ᠲᠠᠰᠤᠷᠠᠯᠲᠠ ᠦᠭᠡᠢ ᠬᠦᠨᠵᠡᠭᠡᠶᠢᠷᠡᠬᠦᠯᠦᠨᠠ᠃ ᠭᠤᠷᠪᠠ ᠳᠤ᠂ ᠭᠤᠤᠯ | ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠶᠠᠪᠤᠭᠳᠠᠭᠤᠯᠵᠦ᠂ ᠵᠢᠯ ᠤᠨ ᠳᠤᠳᠤᠷ᠎ᠠ ᠭᠤᠤᠯ ᠤᠨ ᠳᠠᠷᠤᠭ᠎ᠠ ᠶᠢᠨ | ᠲᠦᠷᠢᠮ ᠤᠨ ᠵᠤᠬᠢᠶᠠᠨ ᠪᠠᠶᠢᠭᠤᠯᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠲᠦᠷᠢᠮ ᠤᠨ | ᠲᠤᠭᠳᠠᠭᠠᠯᠲᠠ ᠶᠢᠨ ᠠᠵᠢᠯ ᠢ ᠪᠡᠶᠡᠯᠡᠬᠦᠯᠦᠨ᠂ ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠲᠦᠰᠦᠪ ᠢ | ᠨᠠᠶᠢᠳᠠᠪᠤᠷᠢᠵᠢᠭᠤᠯᠵᠦ᠂ ᠭᠤᠤᠯ ᠨᠠᠭᠤᠷ ᠤᠨ ᠲᠡᠰ ᠬᠤᠪᠢᠶᠠᠭᠰᠠᠨ ᠨᠡᠷᠡᠯᠡᠯᠲᠠ ᠶᠢ ᠲᠤᠭᠳᠠᠭᠠᠨ᠂ 2018 ᠤᠨ ᠤ | ᠡᠴᠦᠰ ᠠᠴᠠ ᠡᠮᠦᠨ᠎ᠠ ᠦᠪᠡᠷᠲᠡᠭᠡᠨ ᠵᠠᠰᠠᠬᠤ ᠤᠷᠤᠨ᠂ ᠠᠶᠢᠮᠠᠭ᠂ ᠬᠤᠰᠢᠭᠤ᠂ ᠰᠤᠮᠤ ᠪᠠᠯᠭᠠᠰᠤ ᠶᠢᠨ ᠲᠦᠷᠪᠠᠨ | ᠲᠡᠰ ᠤᠨ ᠭᠤᠤᠯ ᠤᠨ ᠲᠠᠷᠤᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | ︵ᠵᠢᠷᠭᠤᠭ᠎ᠠ︶ ᠮᠠᠯᠵᠢᠬᠤ ᠲᠠᠷᠢᠶᠠᠯᠠᠬᠤ ᠦᠢᠯᠡᠰ ᠲᠤ ᠬᠤᠯᠪᠤᠭᠳᠠᠬᠤ ᠲᠦᠷᠦᠯ ᠵᠦᠢᠯ ᠤᠨ ᠬᠠᠮᠢᠶᠠᠷᠤᠯᠳᠠ | ᠪᠤᠯᠤᠨ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ | ᠤᠷᠴᠢᠮ ᠤᠨ ᠵᠢᠯ ᠳᠤ᠂ ᠤᠯᠤᠰ᠂ ᠦᠪᠡᠷᠲᠡᠭᠡᠨ ᠵᠠᠰᠠᠬᠤ ᠤᠷᠤᠨ ᠤ ᠮᠠᠯ ᠠᠵᠦ ᠠᠬᠤᠢ ᠲᠠᠷᠢᠶᠠᠯᠠᠩ ᠤᠨ ᠦᠢᠯᠡᠰ | ᠲᠠᠬᠢ ᠪᠡᠯᠡ ᠤᠷᠤᠭᠤᠯᠤᠯᠲᠠ ᠵᠢᠯ ᠠᠴᠠ ᠵᠢᠯ ᠨᠡᠮᠡᠭᠳᠡᠵᠦ ᠪᠤᠢ᠃ ᠮᠠᠯᠵᠢᠬᠤ ᠲᠠᠷᠢᠶᠠᠯᠠᠬᠤ ᠦᠢᠯᠡᠰ ᠲᠤ | ᠬᠤᠯᠪᠤᠭᠳᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ᠂ ᠡᠯ᠎ᠠ ᠬᠤᠰᠢᠭᠤ ᠲᠤᠭᠤᠷᠢᠭ᠂ ᠡᠯ᠎ᠠ | ᠰᠠᠯᠠᠭ᠎ᠠ ᠮᠦᠴᠢᠷ ᠦᠨᠳᠦᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠲᠠᠭᠠᠭᠠᠴᠢᠯᠠᠯᠲᠠ ᠵᠠᠷᠯᠠᠬᠤ᠂ ᠢᠨᠵᠧᠨᠧᠷᠢᠩ ᠤᠨ | ᠠᠬᠢᠴᠠ᠂ ᠢᠨᠵᠧᠨᠧᠷᠢᠩ ᠤᠨ ᠶᠠᠰᠦ ᠴᠢᠨᠠᠷ᠂ ᠪᠦᠲᠦᠬᠡᠨ ᠪᠠᠶᠢᠭᠤᠯᠤᠯᠲᠠ ᠶᠢᠨ ᠪᠡᠯᠡ ᠮᠦᠩᠬᠦᠨ ᠤ ᠬᠠᠮᠢᠶᠠᠷᠦᠯᠳᠠ | ᠵᠡᠷᠭᠡ ᠲᠠᠯ᠎ᠠ ᠶᠢᠨ ᠠᠵᠢᠯ ᠢ ᠦᠨᠨᠡᠬᠦ ᠰᠠᠶᠢᠨ ᠠᠳᠬᠤᠵᠦ᠂ ᠢᠨᠵᠧᠨᠧᠷᠢᠩ ᠤᠨ ᠶᠠᠰᠤ ᠴᠢᠨᠠᠷ ᠪᠤᠯᠤᠨ ᠪᠡᠯᠡ ᠮᠦᠩᠬᠦᠨ | ᠤ ᠬᠡᠷᠡᠭᠯᠡᠯᠲᠠ ᠶᠢᠨ ᠠᠮᠤᠷ ᠲᠦᠪᠰᠢᠨ ᠢ ᠪᠠᠲᠤᠯᠠᠨ᠎ᠠ᠃ ᠡᠯ᠎ᠠ ᠲᠦᠷᠦᠯ ᠤᠨ ᠮᠠᠯᠴᠢᠨ ᠲᠠᠷᠢᠶᠠᠴᠢᠨ ᠳᠤ ᠠᠰᠢᠭ | ᠬᠦᠷᠲᠡᠭᠡᠬᠦ ᠪᠡᠯᠡ ᠮᠦᠩᠬᠦ ᠶᠢ ᠲᠠᠷᠬᠠᠭᠠᠬᠤ ᠦᠶᠡᠰ᠂ ᠡᠯ᠎ᠠ ᠬᠤᠰᠢᠭᠤ ᠲᠤᠭᠤᠷᠢᠭ᠂ ᠡᠯ᠎ᠠ ᠰᠠᠯᠠᠭ᠎ᠠ ᠮᠦᠴᠢᠷ ᠠᠴᠠ | ᠴᠢᠩᠭ᠎ᠠ ᠡᠵᠡᠮᠰᠢᠵᠦ᠂ ᠪᠡᠯᠡ ᠮᠦᠩᠬᠦ ᠶᠢ ᠴᠠᠭ ᠲᠤᠬᠠᠢ ᠳᠤᠨᠢ ᠬᠦᠢᠴᠡᠳ ᠲᠤᠭ᠎ᠠ ᠪᠠᠷ ᠲᠠᠷᠬᠠᠭᠠᠨ᠂ ᠰᠢᠬᠠᠨ | ᠡᠵᠡᠯᠡᠬᠦ᠂ ᠰᠢᠯᠵᠢᠬᠦᠯᠦᠨ ᠬᠡᠷᠡᠭᠯᠡᠬᠦ ᠵᠡᠷᠭᠡ ᠦᠵᠡᠭᠳᠡᠯ ᠡᠬᠦᠰᠬᠦ ᠶᠢ ᠡᠷᠡᠰ ᠵᠦᠪᠰᠢᠶᠡᠷᠡᠬᠦ ᠦᠭᠡᠢ᠂ ᠦᠷᠭᠡᠨ ᠤᠯᠠᠨ | ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠦᠴᠦᠯᠡᠨ ᠬᠠᠮᠠᠭᠠᠯᠠᠨ᠎ᠠ᠃ | ︵ᠳᠤᠯᠤᠭ᠎ᠠ︶ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠨᠠᠮ ᠤᠨ ᠵᠤᠬᠢᠶᠠᠨ | ᠪᠠᠶᠢᠭᠤᠯᠤᠯᠲᠠ ᠶᠢᠨ ᠨᠢᠭᠳᠠᠷᠠᠯ ᠤᠨ ᠬᠦᠴᠦᠨ᠂ ᠲᠦᠪᠯᠡᠷᠠᠯ ᠤᠨ ᠬᠦᠴᠦᠨ᠂ ᠢᠲᠡᠭᠡᠮᠵᠢ ᠶᠢᠨ ᠬᠦᠴᠦᠨ ᠢ | ᠴᠢᠩᠭᠠᠳᠬᠠᠬᠤ ᠲᠤᠭᠤᠷᠢᠨ ᠳᠤ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ | ᠪᠠᠶᠢᠭᠤᠯᠤᠯᠲᠠ ᠪᠤᠯᠤᠨ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠦᠷᠬᠦᠴᠡ ᠶᠢᠨ ᠬᠡᠮᠵᠢᠶ᠎ᠠ ᠶᠢ | ᠲᠠᠰᠤᠷᠠᠯᠲᠠ ᠦᠭᠡᠢ ᠦᠷᠭᠡᠳᠭᠡᠨ᠂ ᠦᠢᠯᠡᠴᠢᠯᠡᠬᠡᠨ ᠤ ᠬᠡᠯᠪᠡᠷᠢ ᠶᠢᠨ ᠨᠠᠮ ᠤᠨ ᠪᠠᠶᠢᠭᠤᠯᠤᠯᠲᠠ ᠶᠢᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ | ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠮᠠᠯᠴᠢᠨ ᠲᠠᠷᠢᠶᠠᠴᠢᠨ ᠢ ᠳᠠᠶᠢᠴᠢᠯᠠᠨ ᠪᠠᠶᠠᠵᠢᠭᠤᠯᠬᠤ᠂ ᠤᠯᠠᠨ | ᠲᠦᠮᠡᠨ ᠲᠠᠢ ᠨᠢᠭᠲᠠ ᠬᠠᠷᠢᠯᠴᠠᠬᠤ᠂ ᠮᠠᠯᠵᠢᠬᠤ ᠲᠠᠷᠢᠶᠠᠯᠠᠬᠤ ᠤᠷᠤᠨ ᠤ ᠠᠮᠤᠷ ᠲᠤᠭᠳᠠᠭᠤᠨ ᠢ ᠬᠠᠮᠠᠭᠠᠯᠠᠬᠤ ᠡᠷᠡᠰ | ᠴᠢᠩᠭ᠎ᠠ ᠪᠠᠶᠢᠯᠳᠤᠬᠤ ᠪᠠᠬᠢᠯᠡᠯᠲᠠ ᠪᠤᠯᠭᠠᠨ ᠴᠤᠭᠴᠠᠯᠠᠨ ᠪᠠᠶᠢᠭᠤᠯᠤᠨ᠎ᠠ᠃ ᠨᠢᠬᠡ ᠪᠦᠯᠦᠭ ᠮᠠᠯᠵᠢᠬᠤ ᠲᠠᠷᠢᠶᠠᠯᠠᠬᠤ | ᠤᠷᠤᠨ ᠳᠤ ᠳᠠᠳᠮᠠᠭᠠᠢ᠂ ᠮᠠᠯ ᠠᠵᠦ ᠠᠬᠤᠢ ᠲᠠᠷᠢᠶᠠᠯᠠᠩ᠂ ᠮᠠᠯᠴᠢᠨ ᠲᠠᠷᠢᠶᠠᠴᠢᠨ ᠢ ᠤᠶᠢᠯᠠᠭᠠᠨ ᠮᠡᠳᠡᠷᠡᠳᠡᠭ | ᠦᠨᠳᠦᠰᠦᠨ ᠱᠠᠲᠤᠨ ᠤ ᠺᠠᠳ᠋ᠷ ᠢ ᠬᠦᠮᠦᠵᠢᠬᠦᠯᠦᠨ᠂ ᠰᠤᠮᠤ ᠪᠠᠯᠭᠠᠰᠤᠨ ᠤ ᠤᠳᠤᠷᠢᠳᠬᠤ ᠪᠠᠭ ᠢ ᠰᠠᠶᠢᠳᠤᠷ | ᠰᠤᠩᠭᠤᠨ ᠲᠤᠬᠢᠷᠠᠭᠤᠯᠵᠦ᠂ ᠨᠢᠬᠡ ᠪᠦᠯᠦᠭ ᠨᠦᠯᠦᠬᠡᠯᠡᠬᠦ ᠬᠦᠴᠦᠨ᠂ ᠳᠠᠶᠢᠴᠢᠯᠠᠬᠤ ᠬᠦᠴᠦᠨ ᠪᠦᠬᠦᠢ ᠪᠠᠶᠠᠵᠢᠯ ᠤᠨ | ᠲᠤᠯᠤᠭᠠᠶᠢᠯᠬᠤ ᠬᠦᠮᠦᠨ ᠢ ᠰᠤᠩᠭᠤᠨ ᠱᠤᠭᠤᠵᠦ᠂ ᠤᠯᠤᠰ ᠲᠦᠷᠦ ᠶᠢᠨ ᠬᠡᠪ ᠴᠢᠨᠠᠷ ᠦᠨᠳᠦᠷ᠂ ᠪᠠᠶᠠᠵᠢᠯ ᠤᠨ | ᠴᠢᠳᠠᠪᠤᠷᠢ ᠪᠠᠷ ᠴᠢᠩᠭ᠎ᠠ ᠴᠢᠳᠠᠪᠤᠷᠢᠲᠠᠨ ᠢ ᠭᠠᠴᠠᠭ᠎ᠠ ᠲᠤᠰᠬᠤᠨ ᠤ ᠳᠡᠰ ᠤᠨ ᠨᠠᠮ ᠤᠨ ᠵᠤᠬᠢᠶᠠᠨ ᠪᠠᠶᠢᠭᠤᠯᠤᠯᠲᠠ | ᠳᠤ ᠰᠤᠩᠭᠤᠨ ᠤᠷᠤᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠨᠠᠮ ᠤᠨ ᠬᠡᠰᠢᠬᠦᠨ᠂ ᠺᠠᠳ᠋ᠷ ᠢ ᠪᠠᠶᠠᠵᠢᠯ ᠤᠨ | ᠶᠡᠭᠡ ᠡᠷᠦᠬᠡ᠂ ᠬᠦᠭᠵᠢᠬᠦᠯᠬᠦ ᠴᠢᠳᠠᠪᠤᠷᠢᠳᠠᠨ ᠪᠤᠯᠭᠠᠨ ᠬᠦᠮᠦᠵᠢᠬᠦᠯᠵᠦ᠂ ᠦᠨᠳᠦᠰᠦᠨ ᠱᠠᠲᠤᠨ ᠤ ᠨᠠᠮ ᠤᠨ | ᠵᠤᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠪᠠ ᠢᠲᠡᠪᠬᠢ ᠬᠦᠴᠦᠨ ᠢ ᠴᠢᠩᠭᠠᠷᠠᠭᠤᠯᠤᠨ᠂ ᠦᠨᠳᠦᠰᠦᠨ | ᠱᠠᠲᠤᠨ ᠤ ᠨᠠᠮ ᠤᠨ ᠬᠡᠰᠢᠬᠦᠨ᠂ ᠺᠠᠳ᠋ᠷ ᠤᠨ ᠮᠠᠯᠴᠢᠨ ᠲᠠᠷᠢᠶᠠᠴᠢᠨ ᠢ ᠳᠠᠶᠢᠴᠢᠯᠠᠨ ᠪᠠᠶᠠᠵᠢᠨ ᠴᠢᠨᠡᠭᠡᠯᠢᠭᠵᠢᠬᠦ | ᠴᠢᠳᠠᠪᠤᠷᠢ ᠶᠢ ᠨᠢ ᠲᠡᠭᠡᠭᠰᠢᠯᠡᠬᠦᠯᠦᠨ᠎ᠠ᠃ ᠡᠯ᠎ᠠ ᠰᠠᠯᠠᠭ᠎ᠠ ᠮᠦᠴᠢᠷ ᠤᠨ ︽ᠭᠤᠷᠪᠠᠨ ᠲᠠᠷᠢᠶᠠᠯᠠᠩ ᠭᠤᠷᠪᠠᠨ ᠮᠠᠯᠵᠢᠯ︾ | ᠤᠨ ᠠᠵᠢᠯ ᠢ ᠠᠳᠬᠤᠬᠤ ᠪᠤᠯ ᠪᠦᠬᠦ ᠲᠠᠯ᠎ᠠ ᠶᠢ ᠠᠳᠬᠤᠬᠤ᠂ ᠰᠠᠭᠤᠷᠢ ᠶᠢ ᠠᠳᠬᠤᠬᠤ᠂ ᠠᠯᠤᠰ ᠬᠡᠲᠦ ᠶᠢ | ᠠᠳᠬᠤᠬᠤ ᠤᠶᠢᠯᠠᠭᠠᠭᠳᠠᠬᠤᠨ ᠭᠡᠰᠡᠨ ᠢ ᠪᠠᠲᠤ ᠪᠠᠬᠢ ᠱᠤᠭᠤᠵᠦ᠂ ︽ᠭᠤᠷᠪᠠᠨ ᠲᠠᠷᠢᠶᠠᠯᠠᠩ ᠭᠤᠷᠪᠠᠨ ᠮᠠᠯᠵᠢᠯ︾ | ᠳᠤ ᠦᠢᠯᠡᠴᠢᠯᠡᠬᠦ ᠰᠢᠪᠲᠤᠯᠤᠯᠲᠠ ᠶᠢᠨ ᠴᠡᠭ ᠪᠤᠯᠤᠨ ᠵᠤᠭᠰᠤᠴᠠ ᠶᠢ ᠤᠨᠤᠪᠴᠢᠲᠠᠢ ᠡᠵᠡᠮᠰᠢᠨ᠂ ᠨᠡᠩ ᠢᠲᠡᠪᠬᠢᠳᠠᠢ | ᠪᠠᠷ᠂ ᠨᠡᠩ ᠬᠠᠷᠢᠭᠤᠴᠠᠯᠭ᠎ᠠ ᠲᠠᠢ ᠪᠠᠷ ᠠᠬᠢᠭᠤᠯᠤᠨ ᠨᠠᠶᠢᠳᠠᠪᠤᠷᠢᠵᠢᠭᠤᠯᠤᠨ᠎ᠠ᠃ ᠲᠦᠪ᠂ ᠦᠪᠡᠷᠲᠡᠭᠡᠨ ᠵᠠᠰᠠᠬᠤ | ᠤᠷᠤᠨ ᠪᠠ ᠠᠶᠢᠮᠠᠭ ᠤᠨ ᠨᠠᠮ ᠤᠨ ᠬᠤᠷᠢᠶ᠎ᠠ ᠵᠠᠰᠠᠭ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠵᠤᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠦ᠂ ᠠᠵᠢᠯ ᠤᠨ ᠠᠷᠭ᠎ᠠ ᠬᠡᠮᠵᠢᠶ᠎ᠠ ᠪᠠᠨ ᠰᠢᠨᠡᠴᠢᠯᠡᠨ᠂ ᠠᠷᠭ᠎ᠠ | ᠠᠪᠴᠠᠯ ᠤᠨ ᠱᠠᠭᠠᠷᠳᠠᠯᠭ᠎ᠠ ᠪᠠᠨ ᠨᠠᠷᠢᠯᠢᠭᠵᠢᠭᠤᠯᠤᠨ᠂ ᠰᠢᠮᠳᠠᠭᠤᠯᠤᠨ ᠪᠠᠶᠢᠴᠠᠭᠠᠵᠦ ᠬᠢᠨᠠᠨ ᠰᠢᠯᠭᠠᠬᠤ ᠶᠢ | ᠴᠢᠩᠭᠠᠳᠬᠠᠵᠦ᠂ ᠵᠤᠬᠢᠴᠠᠩᠭᠤᠢ ᠬᠠᠮᠵᠢᠯᠴᠠᠭ᠎ᠠ ᠶᠢ ᠴᠢᠬᠤᠯᠠᠴᠢᠯᠠᠨ᠂ ᠮᠠᠯᠵᠢᠬᠤ ᠲᠠᠷᠢᠶᠠᠯᠠᠬᠤ ᠤᠷᠤᠨ ᠤ ᠡᠯ᠎ᠠ | ᠲᠦᠷᠦᠯ ᠤᠨ ᠠᠵᠢᠯ ᠤᠨ ᠲᠦᠷᠭᠡᠨ ᠡᠷᠡᠬᠦᠯ ᠢᠶᠠᠷ ᠬᠦᠭᠵᠢᠬᠦ ᠶᠢ ᠦᠨᠡᠨᠬᠦ ᠲᠦᠯᠬᠢᠨ ᠠᠬᠢᠭᠤᠯᠤᠨ᠎ᠠ᠃ | ᠨᠦᠬᠦᠳ ᠡ᠂ ᠰᠢᠨ᠎ᠠ ᠪᠠᠶᠢᠳᠠᠯ ᠳᠤᠤᠷᠠᠬᠢ ︽ᠭᠤᠷᠪᠠᠨ ᠲᠠᠷᠢᠶᠠᠯᠠᠩ ᠭᠤᠷᠪᠠᠨ ᠮᠠᠯᠵᠢᠯ︾ ᠤᠨ ᠠᠵᠢᠯ ᠢ | ᠰᠠᠶᠢᠳᠤᠷ ᠬᠢᠬᠦ ᠳᠤ᠂ ᠡᠬᠦᠷᠭᠡ ᠪᠡᠷᠬᠡ᠂ ᠬᠠᠷᠢᠭᠤᠴᠠᠯᠭ᠎ᠠ ᠬᠦᠨᠳᠦ ᠪᠤᠢ᠃ ᠪᠢᠳᠠᠡᠷᠬᠡᠪᠰᠢ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠠᠷᠢᠭᠤᠴᠠᠯᠭᠠᠲᠤ | ᠤᠪᠤᠷ᠂ ᠪᠠᠴᠢᠮ ᠲᠤᠯᠭᠠᠮ᠎ᠠ ᠰᠡᠳᠬᠢᠯᠬᠡ ᠪᠠ ᠡᠬᠦᠷᠭᠡᠲᠦ ᠴᠢᠨᠠᠷ ᠢᠶᠠᠨ ᠤᠯᠠᠮ ᠨᠢᠬᠡ ᠠᠯᠬᠤᠮ ᠴᠢᠩᠭᠠᠳᠬᠠᠵᠦ᠂ | ᠦᠬᠡᠷᠡᠴᠢᠯᠡᠯᠲᠠ ᠶᠢ ᠬᠦᠨᠵᠡᠭᠡᠶᠢᠷᠡᠬᠦᠯᠦᠨ᠂ ᠬᠦᠴᠢᠷ ᠪᠡᠷᠬᠡ ᠶᠢ ᠢᠯᠠᠨ ᠳᠠᠪᠠᠵᠦ᠂ ᠯᠠᠪᠳᠠᠭᠤᠨ ᠠᠵᠢᠯᠯᠠᠨ᠂ ᠪᠦᠬᠦ | ᠠᠶᠢᠮᠠᠭ ᠤᠨ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠰᠢᠨ᠎ᠡ ᠨᠢᠬᠡᠨ ᠲᠡᠭᠳᠡᠷ ᠲᠤ ᠭᠠᠷᠬᠤ ᠶᠢ ᠬᠦᠴᠦᠯᠡᠨ | ᠠᠬᠢᠭᠤᠯᠵᠦ᠂ ᠠᠯᠠᠱᠠ ᠶᠢ ᠡᠬᠡ ᠤᠷᠤᠨ ᠤ ᠤᠮᠠᠷᠠᠲᠦ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ ᠤ | ᠬᠡᠷᠡᠯᠳᠦ ᠰᠤᠪᠤᠳ ᠪᠤᠯᠭᠠᠨ ᠪᠦᠲᠦᠭᠡᠨ ᠪᠠᠶᠢᠭᠤᠯᠬᠤ ᠳᠤ ᠰᠢᠨ᠎ᠠ ᠨᠡᠩ ᠶᠡᠭᠡ ᠬᠤᠪᠢ ᠨᠡᠮᠡᠷᠢ ᠶᠢ ᠦᠵᠡᠬᠦᠯᠬᠦ ᠬᠡᠷᠡᠭᠳᠡᠢ᠃ | | | ᠰᠢᠦᠢ ᠵᠢᠩ ᠴᠦᠨ ᠨᠦᠬᠦᠷ ᠤᠨ ᠳ᠋ᠦᠩᠨᠡᠯᠲᠠ ᠶᠢᠨ ᠶᠠᠷᠢᠶ᠎ᠠ | | ︵2017 ᠤᠨ ᠤ 2 ᠰᠠᠷᠠᠶᠢᠨ 22 ᠤ ᠡᠳᠦᠷ︶ | | ᠰᠠᠶ᠋ᠢ ᠹᠧᠩ ᠳᠠᠷᠤᠭ᠎ᠠ ᠠᠴᠠ ᠴᠢᠬᠤᠯᠠ ᠶᠠᠷᠢᠶ᠎ᠠ ᠲᠠᠯᠪᠢᠵᠦ᠂ ᠯᠢ ᠭᠠᠩ ᠱᠦᠵᠢ ᠬᠦᠬᠢᠬᠦᠯᠦᠯ ᠤᠨ ᠰᠢᠢᠳᠪᠦᠷᠢ | ᠶᠢ ᠤᠩᠰᠢᠨ᠂ ᠠᠯᠠᠱᠠ ᠵᠡᠬᠦᠨ ᠬᠤᠰᠢᠭᠤ ᠨᠠᠶᠢᠳᠡᠯᠢᠭ ᠵᠢᠱᠢᠶᠠᠨ ᠤ ᠢᠯᠡᠳᠬᠡᠯ ᠬᠢᠵᠦ᠂ ᠠᠶᠢᠮᠠᠭ ᠤᠨ ᠵᠠᠬᠢᠷᠭ᠎ᠠ ᠨᠢ | ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠬᠤᠰᠢᠭᠤ ᠲᠤᠭᠤᠷᠢᠭ ᠲᠠᠢ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ | ᠦᠰᠦᠭ ᠵᠢᠷᠤᠭᠰᠠᠨ ᠪᠠᠶᠢᠨ᠎ᠠ᠃ ᠹᠧᠩ ᠳᠠᠷᠤᠭ᠎ᠠ ᠶᠢᠨ ᠶᠠᠷᠢᠶ᠎ᠠ ᠨᠢ 2016 ᠤᠨ ᠤ ᠮᠠᠯᠵᠢᠬᠤ ᠲᠠᠷᠢᠶᠠᠯᠠᠬᠤ ᠤᠷᠤᠨ | ᠤ ᠠᠵᠢᠯ ᠤᠨ ᠤᠯᠤᠭᠰᠠᠨ ᠠᠮᠵᠢᠯᠲᠠ ᠶᠢ ᠬᠦᠢᠴᠡᠳ ᠨᠤᠳᠠᠯᠠᠵᠦ᠂ ᠤᠳᠤᠬᠠᠨ ᠤ ᠮᠠᠯ ᠠᠵᠦ ᠠᠬᠤᠢ ᠲᠠᠷᠢᠶᠠᠯᠠᠩ | ᠤᠨ ᠦᠢᠯᠡᠰ ᠪᠠ ᠮᠠᠯᠵᠢᠬᠤ ᠲᠠᠷᠢᠶᠠᠯᠠᠬᠤ ᠤᠷᠤᠨ ᠤ ᠠᠵᠢᠯ ᠳᠤ ᠲᠤᠯᠭᠠᠷᠠᠵᠦ ᠪᠤᠢ ᠪᠠᠶᠢᠳᠠᠯ ᠢ ᠤᠨᠤᠪᠴᠢᠲᠠᠢ | ᠵᠠᠳᠠᠯᠤᠨ᠂ ᠮᠠᠯ ᠠᠵᠦ ᠠᠬᠤᠢ ᠲᠠᠷᠢᠶᠠᠯᠠᠩ ᠤᠨ ᠦᠢᠯᠡᠰ ᠤᠨ ᠬᠦᠭᠵᠢᠯᠲᠠ ᠶᠢᠨ ᠴᠢᠨᠠᠷ ᠴᠢᠨᠰᠠᠭ᠎ᠠ ᠪᠤᠯᠤᠨ ᠦᠷ᠎ᠡ | ᠠᠰᠢᠭ ᠢ ᠬᠦᠴᠦᠯᠡᠨ ᠳᠡᠭᠡᠭᠰᠢᠯᠡᠬᠦᠯᠬᠦ᠂ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰᠵᠢᠭᠰᠡᠨ ᠬᠦᠭᠵᠢᠯᠲᠠ | ᠶᠢᠨ ︽ᠳᠤᠳᠠᠭᠤᠳᠠᠯ︾ ᠢ ᠳᠠᠰᠤᠷᠠᠯᠳᠠ ᠦᠭᠡᠢ ᠨᠦᠬᠦᠪᠦᠷᠢᠯᠡᠬᠦ᠂ ᠮᠠᠯᠵᠢᠬᠤ ᠲᠠᠷᠢᠶᠠᠯᠠᠬᠤ ᠤᠷᠤᠨ ᠤ ᠪᠤᠬᠢᠷᠳᠠᠯ | ᠦᠭᠡᠢ ᠬᠦᠭᠵᠢᠯᠲᠠ ᠶᠢ ᠬᠦᠴᠦᠯᠡᠨ ᠠᠬᠢᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠠ ᠰᠢᠪᠲᠤᠯᠬᠤ | ᠢᠨᠵᠧᠨᠧᠷᠢᠩ ᠢ ᠬᠦᠴᠦᠯᠡᠨ ᠠᠬᠢᠭᠤᠯᠬᠤ᠂ ᠮᠠᠯᠵᠢᠬᠤ ᠲᠠᠷᠢᠶᠠᠯᠠᠬᠤ ᠤᠷᠤᠨ ᠤ ᠡᠯ᠎ᠠ ᠬᠦᠷᠢᠶᠠᠨ ᠤ ᠦᠬᠡᠷᠡᠴᠢᠯᠡᠯᠲᠠ | ᠶᠢ ᠬᠦᠴᠦᠯᠡᠨ ᠬᠦᠨᠵᠡᠭᠡᠶᠢᠷᠡᠬᠦᠯᠬᠦ᠂ ᠮᠠᠯᠵᠢᠬᠤ ᠲᠠᠷᠢᠶᠠᠯᠠᠬᠤ ᠦᠢᠯᠡᠰ ᠲᠤ ᠬᠤᠯᠪᠤᠭᠳᠠᠭᠰᠠᠨ ᠲᠦᠷᠦᠯ ᠵᠦᠢᠯ ᠤᠨ | ᠬᠠᠮᠢᠶᠠᠷᠦᠯᠳᠠ ᠶᠢ ᠲᠠᠰᠤᠷᠠᠯᠳᠠ ᠦᠭᠡᠢ ᠴᠢᠩᠭᠠᠳᠬᠠᠬᠤ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠪᠦᠲᠦᠭᠡᠨ | ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠦᠨᠡᠨᠬᠦ | ᠴᠢᠩᠭᠠᠳᠬᠠᠬᠤ ᠵᠡᠷᠭᠡ ᠲᠤᠯᠤᠭᠠᠨ ᠲᠠᠯ᠎ᠠ ᠪᠠᠷ 2017 ᠤᠨ ᠤ ᠮᠠᠯᠵᠢᠬᠤ ᠲᠠᠷᠢᠶᠠᠯᠠᠬᠤ ᠤᠷᠤᠨ ᠤ ᠭᠤᠤᠯᠳᠠᠯᠭᠠᠲᠤ | ᠠᠵᠢᠯ ᠢ ᠪᠠᠶᠢᠷᠢᠯᠠᠭᠤᠯᠤᠨ ᠲᠤᠬᠢᠷᠠᠭᠤᠯᠤᠭᠰᠠᠨ ᠪᠠᠶᠢᠨ᠎ᠠ᠃ ᠹᠧᠩ ᠳᠠᠷᠤᠭ᠎ᠠ ᠶᠢᠨ ᠶᠠᠷᠢᠶ᠎ᠠ ᠨᠢ ᠦᠩᠭᠡᠷᠡᠭᠰᠡᠨ ᠠᠵᠢᠯ | ᠢᠶᠠᠨ ᠦᠨᠡᠨ ᠪᠤᠳᠠᠳᠠᠢ ᠳ᠋ᠦᠩᠨᠠᠨ᠂ ᠠᠰᠠᠭᠤᠳᠠᠯ ᠤᠨ ᠭᠤᠤᠯᠳᠠᠯᠭ᠎ᠠ ᠶᠢ ᠨᠢ ᠤᠨᠤᠭᠠᠨ ᠵᠠᠳᠠᠯᠤᠯᠲᠠ ᠬᠢᠵᠦ᠂ ᠠᠵᠢᠯ | ᠤᠨ ᠪᠠᠶᠢᠷᠢᠯᠠᠭᠤᠯᠤᠯᠲᠠ ᠶᠢᠨ ᠰᠡᠳᠬᠢᠴᠡ ᠲᠤᠳᠤᠷᠬᠠᠢ᠂ ᠬᠠᠷᠠᠯᠲᠠ ᠤᠨᠤᠪᠴᠢᠲᠠᠢ᠂ ᠠᠷᠭ᠎ᠠ ᠠᠪᠴᠠᠯ ᠲᠤᠰᠠᠳᠠᠢ᠂ | ᠲᠤᠩ ᠴᠢᠩᠭ᠎ᠠ ᠬᠠᠨᠳᠤᠯᠭᠠᠲᠤ ᠴᠢᠨᠠᠷ ᠲᠠᠢ ᠪᠠᠶᠢᠵᠦ᠂ ᠮᠠᠨ ᠤ ᠠᠶᠢᠮᠠᠭ ᠤᠨ ᠦᠨᠦ ᠵᠢᠯ ᠴᠢᠨᠠᠭᠰᠢᠯᠠᠨ ᠬᠤᠶᠢᠰᠢᠲᠠ | ᠶᠢᠨ ᠨᠢᠬᠡᠨ ᠬᠤᠭᠤᠴᠠᠭᠠᠨ ᠤ ᠮᠠᠯᠵᠢᠬᠤ ᠲᠠᠷᠢᠶᠠᠯᠠᠬᠤ ᠤᠷᠤᠨ ᠤ ᠠᠵᠢᠯ ᠳᠤ ᠮᠠᠰᠢ ᠴᠢᠬᠤᠯᠠ ᠵᠢᠯᠤᠭᠤᠳᠬᠤ ᠠᠴᠢ | ᠬᠤᠯᠪᠤᠭᠳᠠᠯ ᠲᠠᠢ᠃ ᠤᠯᠠᠨ ᠢᠶᠠᠷ ᠢᠶᠠᠨ ᠲᠤᠰ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠡᠳᠬᠢᠴᠠ ᠪᠠᠨ ᠲᠤᠩᠭᠠᠭᠠᠨ ᠴᠡᠭᠴᠡᠯᠡᠵᠦ᠂ ᠡᠬᠦᠷᠭᠡ ᠪᠠᠨ | ᠳᠤᠳᠤᠷᠬᠠᠶᠢᠯᠠᠨ᠂ ᠠᠷᠭ᠎ᠠ ᠠᠪᠴᠠᠯ ᠢᠶᠠᠨ ᠨᠠᠷᠢᠯᠢᠭᠵᠢᠭᠤᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠨ᠂ ᠪᠦᠬᠦ ᠵᠢᠯ | ᠤᠨ ᠡᠯ᠎ᠠ ᠲᠦᠷᠦᠯ ᠤᠨ ᠬᠠᠷᠠᠯᠳᠠᠳᠤ ᠡᠬᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠬᠦ ᠶᠢ ᠪᠠᠲᠤᠯᠠᠬᠤ ᠬᠡᠷᠡᠭᠳᠡᠢ᠃ | ᠤᠳᠤᠬᠠᠨ ᠤ ᠠᠵᠢᠯ ᠤᠨ ᠲᠤᠭᠤᠷᠢᠨ ᠳᠤ᠂ ᠪᠢ ᠬᠡᠳᠦᠨ ᠲᠠᠯ᠎ᠠ ᠶᠢ ᠲᠠᠬᠢᠨ ᠴᠢᠬᠤᠯᠠᠴᠢᠯᠠᠶ᠎ᠠ᠃ | ᠨᠢᠬᠡ ᠳᠤ᠂ ᠬᠠᠪᠤᠷ ᠤᠨ ᠲᠠᠷᠢᠶᠠᠯᠠᠭ᠎ᠠ᠂ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠦᠨᠡᠨᠬᠦ ᠰᠠᠶᠢᠨ ᠬᠢᠬᠦ | ᠬᠡᠷᠡᠭᠳᠡᠢ᠃ ᠬᠠᠪᠤᠷ ᠤᠨ ᠲᠠᠷᠢᠶᠠᠯᠠᠭ᠎ᠠ᠂ ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠵᠢᠯᠤᠭᠤᠳᠤᠯᠭ᠎ᠠ ᠶᠢ | ᠴᠢᠩᠭᠠᠳᠬᠠᠵᠦ᠂ ᠡᠷᠳᠡ ᠬᠦᠳᠡᠯᠦᠨ᠂ ᠡᠷᠲᠡ ᠵᠤᠬᠢᠶᠠᠨ ᠪᠠᠶᠢᠭᠤᠯᠵᠦ᠂ ᠡᠷᠲᠡ ᠨᠠᠶᠢᠳᠠᠪᠤᠷᠢᠵᠢᠭᠤᠯᠬᠤ ᠬᠡᠷᠡᠭᠳᠡᠢ᠃ | ᠴᠠᠶᠢᠶ᠋ᠢᠦ ᠲᠤᠰᠤ᠂ ᠬᠢᠮᠢ ᠶᠢᠨ ᠪᠤᠷᠳᠤᠭᠤᠷ᠂ ᠲᠠᠷᠢᠶᠠᠯᠠᠩ ᠤᠨ ᠡᠮ᠂ ᠦᠷ᠎ᠡ ᠵᠡᠷᠭᠡ ᠦᠢᠯᠡᠳᠪᠦᠷᠢᠯᠡᠯ ᠤᠨ | ᠮᠠᠲ᠋ᠧᠷᠢᠶᠠᠯ ᠤᠨ ᠵᠦᠬᠡᠬᠡᠨ ᠰᠢᠯᠵᠢᠬᠦᠯᠦᠯᠲᠠ ᠪᠠ ᠬᠡᠷᠡᠭᠴᠡᠭᠡᠲᠦ ᠨᠦᠬᠡᠴᠡᠯᠡᠯ ᠢ ᠰᠠᠶᠢᠳᠤᠷ ᠠᠳᠬᠤᠵᠦ᠂ | ᠦᠢᠯᠡᠳᠪᠦᠷᠢᠯᠡᠯ ᠤᠨ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠬᠤ ᠬᠡᠷᠡᠭᠳᠡᠢ᠃ ᠰᠢᠨ᠎ᠡ ᠬᠡᠯᠪᠡᠷᠢ ᠶᠢᠨ ᠦᠨᠳᠦᠷ | ᠦᠷ᠎ᠠ ᠠᠰᠢᠭᠲᠦ ᠲᠦᠬᠦᠭᠡᠢ ᠮᠠᠲ᠋ᠧᠷᠢᠶᠠᠯ ᠪᠤᠯᠤᠨ ᠤᠷᠭᠠᠨᠢᠭ ᠪᠤᠷᠳᠤᠭᠤᠷ ᠤᠨ ᠬᠡᠷᠡᠭᠯᠡᠯᠲᠠ ᠶᠢ ᠢᠲᠡᠪᠬᠢᠳᠠᠢ ᠲᠦᠯᠬᠢᠨ | ᠠᠬᠢᠭᠤᠯᠵᠦ᠂ ᠬᠢᠮᠢ ᠶᠢᠨ ᠪᠤᠷᠳᠤᠭᠤᠷ᠂ ᠲᠠᠷᠢᠶᠠᠯᠠᠩ ᠤᠨ ᠡᠮ ᠤᠨ ᠲᠢᠭ ᠦᠰᠦᠯᠲᠠ ᠶᠢᠨ ᠲᠦᠷᠦ ᠶᠢᠨ ᠪᠤᠳᠤᠯᠭ᠎ᠠ | ᠶᠢ ᠨᠠᠶᠢᠳᠠᠪᠤᠷᠢᠵᠢᠭᠤᠯᠬᠤ ᠬᠡᠷᠡᠭᠳᠡᠢ᠃ ᠲᠠᠷᠢᠶᠠᠯᠠᠩ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ | ᠶᠢ ᠰᠠᠶᠢᠳᠤᠷ ᠠᠳᠬᠤᠵᠦ᠂ ᠤᠨᠴᠠᠭᠠᠶᠢᠯᠠᠨ ᠭᠤᠤᠯᠳᠠᠯᠭᠠᠲᠤ ᠲᠠᠷᠢᠶᠠᠯᠠᠩ ᠤᠨ ᠮᠠᠲ᠋ᠧᠷᠢᠶᠠᠯ ᠤᠨ ᠦᠢᠯᠡᠳᠬᠦᠨ ᠤ | ᠵᠠᠬ᠎ᠠ ᠲᠡᠯᠭᠡᠭᠦᠷ ᠤᠨ ᠪᠠᠶᠢᠴᠠᠭᠠᠯᠲᠠ ᠶᠢᠨ ᠬᠦᠴᠦᠯᠡᠴᠡ ᠶᠢ ᠴᠢᠩᠭᠠᠷᠠᠭᠤᠯᠵᠦ᠂ ᠬᠠᠭᠤᠷᠮᠠᠭ ᠦᠢᠯᠡᠳᠬᠦᠨ ᠤ ᠵᠠᠬ᠎ᠠ | ᠳᠡᠯᠭᠡᠭᠦᠷ ᠲᠤ ᠤᠷᠤᠵᠦ ᠲᠠᠷᠢᠶᠠᠴᠢᠨ ᠢ ᠬᠢᠬᠠᠨ ᠬᠤᠤᠷᠯᠠᠬᠤ ᠶᠢ ᠰᠡᠷᠬᠡᠶᠢᠯᠡᠬᠦ ᠬᠡᠷᠡᠭᠳᠡᠢ᠃ ᠭᠠᠵᠠᠷ ᠲᠠᠷᠢᠶ᠎ᠠ ᠨᠤᠲᠤᠭ | ᠪᠡᠯᠴᠢᠭᠡᠷ ᠤᠨ ᠲᠤᠬᠢᠷᠠᠮᠵᠢᠲᠠᠢ ᠰᠢᠯᠵᠢᠯᠲᠠ ᠪᠠ ᠬᠡᠪᠴᠢᠶᠡᠵᠢᠭᠰᠡᠨ ᠡᠵᠡᠩᠨᠡᠯᠲᠠ ᠶᠢ ᠦᠷᠬᠦᠯᠵᠢᠯᠡᠨ ᠬᠦᠬᠢᠬᠦᠯᠦᠨ᠎ᠠ᠃ | ᠮᠠᠯ ᠠᠵᠦ ᠠᠬᠤᠢ ᠲᠠᠷᠢᠶᠠᠯᠠᠩ ᠤᠨ ᠦᠢᠯᠡᠰ ᠤᠨ ᠢᠲᠡᠭᠡᠮᠵᠢᠲᠦ ᠵᠢᠭᠡᠯᠡᠯᠭᠡ ᠶᠢᠨ ᠠᠵᠢᠯ ᠢ ᠬᠢᠨᠠᠮᠠᠭᠠᠢ | ᠵᠤᠬᠢᠴᠠᠭᠤᠯᠤᠨ᠂ ᠮᠠᠯᠴᠢᠨ ᠲᠠᠷᠢᠶᠠᠴᠢᠳ ᠤᠨ ᠬᠠᠪᠤᠷ ᠤᠨ ᠲᠠᠷᠢᠶᠠᠯᠠᠯᠭ᠎ᠠ ᠶᠢᠨ ᠦᠢᠯᠡᠳᠪᠦᠷᠢᠯᠡᠯ ᠤᠨ ᠪᠡᠯᠡ | ᠮᠦᠩᠬᠦᠨ ᠤ ᠱᠠᠭᠠᠷᠳᠠᠯᠭ᠎ᠠ ᠶᠢ ᠪᠠᠲᠤᠯᠠᠬᠤ ᠬᠡᠷᠡᠭᠳᠡᠢ᠃ | ᠬᠤᠶᠠᠷ ᠲᠤ᠂ ᠬᠠᠲᠤᠨ ᠭᠤᠤᠯ ᠤᠨ ᠮᠦᠰᠦ ᠬᠠᠶᠢᠯ ᠢ ᠰᠡᠷᠬᠡᠶᠢᠯᠡᠬᠦ ᠠᠵᠢᠯ ᠢ ᠦᠨᠡᠨᠬᠦ ᠰᠠᠶᠢᠨ ᠬᠢᠬᠦ | ᠬᠡᠷᠡᠭᠳᠡᠢ᠃ ᠮᠦᠰᠦ ᠬᠠᠶᠢᠯ ᠢ ᠰᠡᠷᠬᠡᠶᠢᠯᠡᠬᠦ ᠠᠵᠢᠯ ᠤᠨ ᠤᠳᠤᠷᠢᠳᠤᠯᠭ᠎ᠠ ᠶᠢ ᠤᠯᠠᠮ ᠨᠢᠬᠡ ᠠᠯᠬᠤᠮ | ᠴᠢᠩᠭᠠᠳᠬᠠᠵᠦ᠂ ᠡᠯ᠎ᠠ ᠲᠦᠷᠦᠯ ᠤᠨ ᠠᠵᠢᠯ ᠤᠨ ᠲᠦᠷᠢᠮ ᠢ ᠴᠢᠩᠳᠠᠯᠠᠵᠦ᠂ ᠮᠦᠰᠦ ᠬᠠᠶᠢᠯ ᠢ ᠰᠡᠷᠬᠡᠶᠢᠯᠡᠬᠦ | ᠲᠦᠰᠦᠪ ᠢ ᠵᠠᠰᠠᠨ ᠲᠡᠭᠦᠯᠳᠡᠷᠵᠢᠬᠦᠯᠬᠦ ᠬᠡᠷᠡᠭᠳᠡᠢ᠃ ᠠᠶᠤᠯ ᠠᠴᠠ ᠠᠪᠤᠷᠠᠬᠤ ᠡᠩᠨᠡᠭᠡ᠂ ᠡᠳ᠋ ᠪᠤᠳᠠᠰ ᠪᠡᠯᠡ ᠮᠦᠩᠬᠦᠨ | ᠤ ᠨᠦᠬᠡᠴᠡᠯᠡᠯ ᠵᠡᠷᠭᠡ ᠡᠯ᠎ᠠ ᠲᠦᠷᠦᠯ ᠤᠨ ᠮᠦᠰᠦ ᠬᠠᠶᠢᠯ ᠢ ᠰᠡᠷᠬᠡᠶᠢᠯᠡᠵᠦ ᠠᠶᠤᠯ ᠠᠴᠠ ᠠᠪᠤᠷᠠᠬᠤ ᠠᠷᠭ᠎ᠠ ᠠᠪᠴᠠᠯ | ᠢ ᠰᠠᠶᠢᠳᠤᠷ ᠨᠠᠶᠢᠳᠠᠪᠤᠷᠢᠵᠢᠭᠤᠯᠵᠦ᠂ ᠬᠠᠲᠤᠨ ᠭᠤᠤᠯ ᠤᠨ ᠰᠡᠷᠬᠡᠶᠢᠯᠡᠯ ᠤᠨ ᠪᠠᠷᠢᠮᠵᠢᠶ᠎ᠠ ᠲᠤᠳᠤᠷ᠎ᠠ ᠦᠶᠡᠷ ᠤᠨ | ᠤᠰᠤ ᠬᠠᠰᠢᠯᠭ᠎ᠠ ᠰᠡᠳᠡᠯᠬᠦ ᠦᠭᠡᠢ᠂ ᠬᠠᠮᠠᠭᠠᠯᠠᠯᠲᠠ ᠶᠢᠨ ᠬᠦᠷᠢᠶ᠎ᠠ ᠬᠡᠪᠴᠢᠶ᠎ᠠ ᠨᠢ ᠤᠰᠤᠨ ᠳᠤ ᠠᠪᠳᠠᠬᠤ ᠦᠭᠡᠢ᠂ | ᠡᠷᠬᠢ ᠳᠠᠭᠠᠤ ᠤᠯᠠᠨ ᠲᠦᠮᠡᠨ ᠤ ᠠᠮᠢ ᠨᠠᠰᠤ ᠡᠳ᠋ ᠬᠦᠷᠦᠩᠬᠡ ᠬᠤᠬᠢᠷᠠᠯ ᠳᠤ ᠤᠴᠠᠷᠠᠬᠤ ᠦᠭᠡᠢ ᠪᠠᠶᠢᠬᠤ ᠶᠢ | ᠪᠠᠲᠤᠯᠠᠬᠤ ᠬᠡᠷᠡᠭᠳᠡᠢ᠃ | ᠭᠤᠷᠪᠠ ᠳᠤ᠂ ᠬᠠᠪᠤᠷ ᠤᠨ ᠤᠯᠠᠷᠢᠯ ᠤᠨ ᠤᠶᠢᠵᠢᠭᠤᠯᠤᠯᠲᠠ ᠨᠤᠭᠤᠭᠠᠷᠠᠭᠤᠯᠤᠯᠲᠠ ᠶᠢᠨ ᠠᠵᠢᠯ ᠢ ᠦᠨᠡᠨᠬᠦ | ᠰᠠᠶᠢᠨ ᠬᠢᠬᠦ ᠬᠡᠷᠡᠭᠳᠡᠢ᠃ ᠬᠠᠪᠤᠷ ᠤᠨ ᠤᠯᠠᠷᠢᠯ ᠤᠨ ᠤᠶᠢᠵᠢᠭᠤᠯᠤᠯᠲᠠ ᠶᠢᠨ ᠠᠰᠢᠭᠲᠠᠢ ᠴᠠᠭ ᠮᠦᠴᠡ ᠶᠢ | ᠠᠰᠢᠭᠯᠠᠨ᠂ ᠴᠢᠬᠢ ᠰᠠᠭᠤᠯᠭᠠᠬᠤ᠂ ᠭᠠᠵᠠᠷ ᠲᠠᠷᠢᠶ᠎ᠠ ᠪᠠᠨ ᠳᠡᠭᠰᠢᠯᠡᠬᠦ ᠵᠡᠷᠭᠡ ᠬᠠᠮᠢᠶ᠎ᠠ ᠪᠦᠬᠦᠢ ᠪᠡᠯᠡᠳᠭᠡᠯ ᠠᠵᠢᠯ ᠢᠶᠠᠨ | ᠰᠠᠶᠢᠳᠤᠷ ᠬᠢᠵᠦ᠂ ᠬᠤᠷ᠎ᠠ ᠳᠤᠨᠤᠳᠠᠰᠦ ᠪᠤᠯᠤᠨ ᠬᠦᠷᠦᠰᠦᠨ ᠤ ᠴᠢᠬᠢᠭ ᠤᠨ ᠪᠠᠶᠢᠳᠠᠯ ᠢ ᠦᠨᠳᠦᠰᠦᠯᠡᠨ᠂ ᠪᠦᠬᠦ ᠵᠢᠯ | ᠤᠨ ᠤᠢ ᠰᠢᠭᠤᠢ ᠶᠢᠨ ᠪᠦᠲᠦᠭᠡᠨ ᠪᠠᠶᠢᠭᠤᠯᠤᠯᠲᠠ ᠪᠠ ᠭᠤᠤᠯᠳᠠᠯᠭᠠᠲᠦ ᠬᠦᠷᠢᠶᠠᠨ ᠤ ᠨᠤᠭᠤᠭᠠᠷᠠᠭᠤᠯᠤᠯᠲᠠ ᠶᠢᠨ | ᠡᠬᠦᠷᠭᠡ ᠶᠢ ᠨᠢᠬᠡᠳᠦᠯᠳᠡᠢ ᠲᠤᠬᠢᠷᠠᠭᠤᠯᠵᠦ᠂ ᠤᠶᠢᠵᠢᠭᠤᠯᠤᠯᠳᠠ ᠶᠢᠨ ᠴᠢᠨᠠᠷ ᠴᠢᠨᠰᠠᠭ᠎ᠠ ᠪᠤᠯᠤᠨ ᠦᠷ᠎ᠠ ᠠᠰᠢᠭ ᠢ | ᠳᠡᠭᠡᠭᠰᠢᠯᠡᠬᠦᠯᠬᠦ ᠬᠡᠷᠡᠭᠳᠡᠢ᠃ | ᠲᠦᠷᠪᠠ ᠳᠤ᠂ ᠤᠢ ᠰᠢᠭᠤᠢ ᠨᠤᠲᠤᠭ ᠪᠡᠯᠴᠢᠬᠡᠷ ᠤᠨ ᠭᠠᠯ ᠤᠨ ᠠᠶᠤᠯ ᠢ ᠰᠡᠷᠬᠡᠶᠢᠯᠡᠬᠦ ᠠᠵᠢᠯ ᠢ ᠦᠨᠨᠡᠬᠦ | ᠰᠠᠶᠢᠨ ᠬᠢᠬᠦ ᠬᠡᠷᠡᠭᠳᠡᠢ᠃ ᠵᠠᠰᠠᠭ ᠵᠠᠬᠢᠷᠭᠠᠨ ᠤ ᠨᠢᠬᠡᠳᠦᠭᠡᠷ ᠲᠠᠷᠤᠭ᠎ᠠ ᠶᠢᠨ ᠬᠠᠷᠢᠭᠤᠴᠠᠬᠤ ᠲᠦᠷᠢᠮ ᠪᠠᠷ ᠭᠤᠤᠯ | ᠪᠤᠯᠭᠠᠭᠰᠠᠨ ᠡᠯ᠎ᠠ ᠲᠦᠷᠦᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠦ᠂ ᠭᠠᠯ ᠤᠨ | ᠠᠶᠤᠯ ᠢ ᠰᠡᠷᠬᠡᠶᠢᠯᠡᠬᠦ ᠵᠤᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠭᠡᠷᠡᠭᠳᠡᠢ᠃ ᠮᠠᠰᠢᠨ | ᠲᠦᠬᠦᠭᠡᠷᠦᠮᠵᠢ ᠪᠠᠨ ᠬᠢᠨᠠᠮᠠᠭᠠᠢ ᠪᠠᠶᠢᠴᠠᠭᠠᠨ ᠵᠠᠰᠠᠵᠦ᠂ ᠡᠳ᠋ ᠪᠤᠳᠠᠰ ᠪᠡᠯᠡ ᠮᠦᠩᠬᠦ ᠪᠠᠨ ᠨᠦᠬᠡᠴᠡᠯᠡᠨ᠂ ᠲᠦᠰᠦᠪ ᠢ | ᠵᠠᠰᠠᠨ ᠲᠡᠬᠦᠯᠳᠡᠷᠵᠢᠬᠦᠯᠬᠦ ᠪᠠ ᠭᠠᠯ ᠤᠨᠳᠠᠷᠠᠭᠠᠬᠤ ᠪᠤᠯᠪᠠᠰᠤᠷᠠᠯ ᠢ ᠴᠢᠩᠭᠠᠳᠬᠠᠵᠦ᠂ ᠡᠯ᠎ᠠ ᠲᠦᠷᠦᠯ ᠤᠨ ᠪᠡᠯᠡᠳᠭᠡᠯ | ᠠᠵᠢᠯ ᠢᠶᠠᠨ ᠰᠠᠶᠢᠳᠤᠷ ᠬᠢᠬᠦ ᠬᠡᠷᠡᠭᠳᠡᠢ᠃ ᠤᠬᠠᠭᠤᠯᠭ᠎ᠠ ᠰᠤᠷᠭᠠᠨ ᠬᠦᠮᠦᠵᠢᠯ᠂ ᠤᠷᠢᠳᠴᠢᠯᠠᠨ ᠰᠡᠷᠡᠮᠵᠢᠯᠠᠬᠦᠯᠵᠦ | ᠤᠷᠢᠳᠴᠢᠯᠠᠨ ᠮᠡᠳᠡᠬᠦᠯᠬᠦ᠂ ᠠᠶᠤᠯ ᠲᠦᠭᠰᠢᠬᠦᠷᠢ ᠶᠢ ᠰᠢᠭᠰᠢᠨ ᠪᠠᠶᠢᠴᠠᠭᠠᠬᠤ᠂ ᠭᠠᠯ ᠤᠨ ᠡᠬᠢ ᠡᠬᠦᠰᠦᠯ ᠤᠨ | ᠬᠠᠮᠢᠶᠠᠷᠦᠯᠳᠠ ᠵᠡᠷᠭᠡ ᠭᠤᠤᠯᠳᠠᠯᠭᠠᠲᠤ ᠠᠵᠢᠯ ᠢ ᠰᠠᠶᠢᠳᠤᠷ ᠠᠳᠬᠤᠨ᠂ ᠡᠯ᠎ᠠ ᠲᠦᠷᠦᠯ ᠤᠨ ᠠᠷᠭ᠎ᠠ ᠠᠪᠴᠠᠯ ᠢ | ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠡᠢ᠃ | ᠲᠠᠪᠤ ᠳᠤ᠂ ᠠᠮᠢᠳᠠᠨ ᠤ ᠬᠢᠵᠢᠭ ᠢ ᠰᠡᠷᠬᠡᠶᠢᠯᠡᠨ ᠡᠵᠡᠮᠰᠢᠬᠦ ᠠᠵᠢᠯ ᠢ ᠦᠨᠨᠡᠬᠦ ᠰᠠᠶᠢᠨ ᠬᠢᠬᠦ ᠬᠡᠷᠡᠭᠳᠡᠢ᠃ ᠬᠠᠪᠤᠷ | ᠤᠨ ᠤᠯᠠᠷᠢᠯ ᠪᠤᠯ ᠠᠮᠢᠲᠠᠨ ᠤ ᠬᠢᠵᠢᠭ ᠤᠨ ᠲᠡᠯᠭᠡᠷᠡᠯᠲᠠ ᠶᠢᠨ ᠦᠨᠳᠦᠷ ᠡᠭᠦᠰᠦᠯᠲᠠ ᠶᠢᠨ ᠬᠤᠭᠤᠴᠠᠭ᠎ᠠ ᠪᠤᠯᠤᠨ᠎ᠠ᠂ | ᠴᠢᠬᠤᠯᠠ ᠳᠤᠮᠤ ᠠᠮᠢᠳᠠᠨ ᠤ ᠬᠢᠵᠢᠭ ᠢ ᠰᠡᠷᠬᠡᠶᠢᠯᠡᠨ ᠡᠵᠡᠮᠰᠢᠬᠦ ᠠᠵᠢᠯ ᠢ ᠳᠡᠭᠡᠲᠦ ᠬᠡᠮᠵᠢᠶ᠎ᠠ ᠪᠠᠷ ᠴᠢᠬᠤᠯᠠᠴᠢᠯᠠᠨ | ᠦᠵᠡᠵᠦ᠂ ᠦᠴᠦᠬᠡᠨ ᠴᠦ ᠰᠡᠷᠡᠮᠵᠢ ᠠᠯᠳᠠᠵᠦ ᠪᠤᠯᠬᠤ ᠦᠭᠡᠢ᠃ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠬᠡ | ᠠᠯᠬᠤᠮ ᠨᠠᠶᠢᠳᠠᠪᠤᠷᠢᠵᠢᠭᠤᠯᠵᠦ᠂ ᠵᠢᠵᠢᠬᠦᠷ ᠤᠨ ᠲᠦᠷᠢᠮ ᠢ ᠴᠢᠩᠳᠠᠯᠠᠨ᠂ ᠡᠯ᠎ᠠ ᠲᠦᠷᠦᠯ ᠤᠨ ᠰᠡᠷᠬᠡᠶᠢᠯᠡᠨ ᠡᠵᠡᠮᠳᠡᠬᠦ | ᠠᠷᠭ᠎ᠠ ᠠᠪᠴᠠᠯ ᠢᠶᠠᠨ ᠲᠡᠬᠦᠯᠳᠡᠷᠵᠢᠬᠦᠯᠦᠨ ᠴᠢᠩᠭᠠᠳᠬᠠᠵᠦ᠂ ᠬᠠᠪᠤᠷ ᠤᠨ ᠤᠯᠠᠷᠢᠯ ᠤᠨ ᠠᠮᠢᠳᠠᠨ ᠤ ᠬᠢᠵᠢᠭ | ᠡᠪᠡᠳᠴᠢᠨ ᠢ ᠰᠡᠷᠬᠡᠶᠢᠯᠡᠨ ᠡᠵᠡᠮᠳᠡᠬᠦ ᠠᠵᠢᠯ ᠢ ᠯᠠᠪᠳᠠᠭᠤᠨ ᠰᠠᠶᠢᠨ ᠬᠢᠬᠦ ᠬᠡᠷᠡᠭᠳᠡᠢ᠃ ᠤᠨᠴᠠᠭᠠᠶᠢᠯᠠᠨ ᠤᠶᠢᠷ᠎ᠠ ᠶᠢᠨ | ᠬᠤᠭᠤᠴᠠᠭᠠᠨ ᠳᠤ᠂ H7N9 ᠵᠢᠬᠦᠷᠲᠡᠨ ᠤ ᠬᠢᠵᠢᠭ ᠤᠨ ᠪᠠᠶᠢᠳᠠᠯ ᠬᠦᠨᠳᠦ ᠨᠤᠴᠢᠲᠠᠢ ᠪᠤᠢ᠂ ᠡᠷᠬᠡᠪᠰᠢ ᠦᠯᠦ | ᠬᠠᠯᠳᠠᠭᠠᠬᠤ ᠪᠠ ᠰᠡᠷᠬᠡᠶᠢᠯᠡᠨ ᠡᠵᠡᠮᠳᠡᠬᠦ ᠠᠵᠢᠯ ᠢ ᠬᠢᠨᠠᠮᠠᠭᠠᠢ ᠰᠠᠶᠢᠨ ᠬᠢᠵᠦ᠂ ᠭᠠᠳᠠᠨᠠᠬᠢ ᠬᠢᠵᠢᠭ ᠤᠨ ᠤᠷᠤᠬᠤ | ᠦᠭᠡᠢ ᠬᠠᠯᠳᠠᠪᠤᠷᠢᠯᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠳᠡᠢ᠃ ᠠᠮᠢᠳᠤ ᠵᠢᠬᠦᠷᠲᠡᠨ ᠢ ᠲᠤᠭᠳᠠᠭᠰᠠᠨ ᠭᠠᠵᠠᠷ | ᠲᠤ ᠨᠢᠳᠤᠯᠠᠬᠤ ᠲᠦᠷᠢᠮ ᠢ ᠲᠦᠷᠢᠮᠵᠢᠬᠦᠯᠵᠦ᠂ ᠴᠢᠬᠤᠯᠠᠳᠠᠢ ᠦᠶ᠎ᠡ ᠳᠤ ᠠᠮᠢᠳᠤ ᠵᠢᠬᠦᠷᠲᠡᠨ ᠤ ᠵᠠᠬ᠎ᠠ ᠳᠡᠯᠭᠡᠭᠦᠷ ᠢ | ᠬᠠᠭᠠᠵᠦ᠂ ᠲᠡᠵᠢᠬᠡᠨ ᠦᠷᠡᠵᠢᠬᠦᠯᠦᠯᠲᠠ ᠶᠢᠨ ᠳᠠᠯᠠᠪᠤᠷ ᠢ ᠪᠢᠳᠡᠬᠦᠮᠵᠢᠯᠡᠬᠦ ᠬᠡᠷᠡᠭᠳᠡᠢ᠃ | ᠵᠢᠷᠭᠤᠭ᠎ᠠ ᠳᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠬᠢᠨᠠᠨ | ᠬᠠᠮᠢᠶᠠᠷᠬᠤ ᠠᠵᠢᠯ ᠢ ᠦᠨᠡᠨᠬᠦ ᠰᠠᠶᠢᠨ ᠬᠢᠬᠦ ᠬᠡᠷᠡᠭᠳᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ | ᠤ ᠶᠠᠰᠤ ᠴᠢᠨᠠᠷ ᠢ ᠬᠢᠨᠠᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠬᠦᠯᠵᠦ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠲᠡᠭᠡᠭᠰᠢᠯᠡᠬᠦᠯᠬᠦ ᠬᠡᠷᠡᠭᠳᠡᠢ᠃ ᠪᠠᠷᠢᠮᠵᠢᠶᠠᠵᠢᠭᠰᠠᠨ | ᠦᠢᠯᠡᠳᠪᠦᠷᠢᠯᠡᠯ ᠢ ᠬᠡᠷᠡᠭᠵᠢᠬᠦᠯᠵᠦ᠂ ᠦᠢᠯᠡᠳᠪᠦᠷᠢᠯᠡᠯ ᠤᠨ ᠭᠠᠵᠠᠷ ᠤᠨ ᠤᠷᠴᠢᠨ ᠲᠤᠭᠤᠷᠢᠨ ᠤ ᠬᠠᠮᠠᠭᠠᠯᠠᠯᠲᠠ | ᠪᠤᠯᠤᠨ ᠮᠠᠯ ᠠᠵᠦ ᠠᠬᠤᠢ ᠲᠠᠷᠢᠶᠠᠯᠠᠩ ᠤᠨ ᠦᠢᠯᠡᠰ ᠤᠨ ᠦᠢᠯᠡᠳᠪᠦᠷᠢᠯᠡᠯ ᠤᠨ ᠮᠠᠲ᠋ᠧᠷᠢᠶᠠᠯ ᠢ ᠬᠢᠨᠠᠨ ᠬᠠᠮᠢᠶᠠᠷᠬᠤ | ᠬᠦᠴᠦᠯᠡᠴᠡ ᠪᠠᠨ ᠴᠢᠩᠭᠠᠳᠬᠠᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ | ᠲᠤ ᠵᠦᠪᠰᠢᠶᠡᠷᠡᠭᠳᠡᠨ ᠤᠷᠤᠬᠤ ᠲᠦᠷᠢᠮ ᠢ ᠪᠠᠶᠢᠭᠤᠯᠬᠤ ᠬᠡᠷᠡᠭᠳᠡᠢ᠃ ᠲᠠᠷᠢᠶᠠᠯᠠᠩ ᠤᠨ ᠳᠡᠳ᠋ ᠪᠦᠲᠦᠭᠡᠭᠳᠡᠬᠦᠨ ᠤ | ᠬᠠᠩᠭᠠᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠲᠠᠷᠢᠶᠠᠯᠠᠩ ᠤᠨ ᠳᠡᠳ᠋ ᠪᠦᠲᠦᠭᠡᠭᠳᠡᠬᠦᠨ ᠤ ᠶᠠᠰᠤ ᠴᠢᠨᠠᠷ ᠤᠨ | ᠬᠢᠨᠠᠨ ᠬᠠᠮᠢᠶᠠᠷᠤᠯᠲᠠ ᠶᠢ ᠴᠢᠩᠭᠠᠳᠬᠠᠵᠦ᠂ ᠬᠦᠨᠳᠦ ᠳᠤᠮᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠶᠠᠪᠤᠳᠠᠯ ᠡᠭᠦᠰᠬᠦ ᠦᠭᠡᠢ ᠪᠠᠶᠢᠬᠤ ᠶᠢ ᠪᠠᠲᠤᠯᠠᠬᠤ | ᠬᠡᠷᠡᠭᠳᠡᠢ᠃ | | | |