ᠶᠢᠨ ᠱᠧᠩ ᠷᠦᠢ ᠨᠦᠬᠦᠷ ᠤᠨ ᠪᠦᠬᠦ ᠠᠶᠢᠮᠠᠭ ᠤᠨ ᠰᠤᠶᠤᠯ ︵ᠲᠡᠤᠭᠡ  ᠶᠢᠨ  ᠲᠤᠷᠠᠰᠬᠠᠯᠲᠤ ᠵᠦᠢᠯ︶ ᠰᠤᠨᠢᠨ ᠮᠡᠳᠡᠭᠡ ᠭᠡᠪᠯᠠᠯ ᠷᠠᠳᠢᠤ᠋ ᠨᠡᠪᠳᠡᠷᠡᠬᠦᠯᠭᠡ ᠺᠢᠨᠤ᠋ ᠲᠧᠯᠸᠢᠰ ᠤᠨ ᠠᠵᠢᠯ ᠤᠨ ᠬᠤᠷᠠᠯ ᠲᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2018/7/25
     ᠡᠨ᠋ᠨ ᠤᠳᠠᠭᠠᠨ ᠤ ᠬᠤᠷᠠᠯ ᠤᠨ ᠭᠤᠤᠯ ᠡᠬᠦᠷᠭᠡ ᠪᠤᠯ᠂  ᠪᠦᠬᠦ ᠤᠷᠤᠨ ᠤ ᠤᠬᠠᠭᠤᠯᠭ᠎ᠠ ᠦᠵᠠᠯ ᠰᠠᠨᠠᠭ᠎ᠠ ᠰᠤᠶᠤᠯ ᠤᠨ ᠠᠵᠢᠯ ᠤᠨ ᠬᠤᠷᠠᠯ᠂ ᠰᠤᠶᠤᠯ ︵ᠲᠡᠤᠭᠡ ᠶᠢᠨ ᠲᠤᠷᠠᠰᠬᠠᠯᠲᠤ ᠵᠦᠢᠯ︶  ᠤᠨ ᠠᠵᠢᠯ  ᠤᠨ ᠬᠤᠷᠠᠯ᠂ ᠰᠤᠨᠢᠨ ᠮᠡᠳᠡᠭᠡ ᠭᠡᠪᠯᠠᠯ ᠷᠠᠳᠢᠤ᠋ ᠨᠡᠪᠳᠡᠷᠡᠬᠦᠯᠭᠡ ᠺᠢᠨᠤ᠋ ᠲᠧᠯᠸᠢᠰ ᠤᠨ ᠠᠵᠢᠯ ᠤᠨ ᠬᠤᠷᠠᠯ ᠪᠤᠯᠤᠨ ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠭᠡᠭᠰᠡᠨ︶ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠵᠦ᠂ 2016 ᠤᠨ ᠤ ᠠᠵᠢᠯ ᠢᠶᠠᠨ ᠡᠷᠬᠢᠴᠠᠬᠦᠯᠦᠨ ᠳ᠋ᠦᠩᠨᠠᠵᠦ᠂ ᠨᠢᠲᠤᠨ ᠡᠮᠤᠨᠡᠬᠢ ᠲᠤᠯᠭᠠᠷᠠᠵᠦ ᠪᠠᠶᠢᠭ᠎ᠠ ᠪᠠᠶᠢᠳᠠᠯ ᠢ ᠵᠠᠳᠠᠯᠤᠨ᠂ 2017 ᠤᠨ ᠤ ᠪᠦᠬᠦ ᠠᠶᠢᠮᠠᠭ ᠤᠨ ᠰᠤᠶᠤᠯ ︵ᠲᠡᠤᠭᠡ ᠶᠢᠨ ᠲᠤᠷᠠᠰᠠᠬᠯᠲᠤ ᠵᠦᠢᠯ︶ ᠰᠤᠨᠢᠨ ᠮᠡᠳᠡᠭᠡ ᠭᠡᠪᠯᠠᠯ ᠷᠠᠳᠢᠤ᠋  ᠨᠡᠪᠳᠡᠷᠡᠬᠦᠯᠭᠡ ᠺᠢᠨᠤ᠋ ᠲᠧᠯᠸᠢᠰ ᠤᠨ ᠠᠵᠢᠯ ᠢ ᠰᠤᠲᠤᠯᠤᠨ ᠪᠠᠶᠢᠷᠢᠯᠠᠭᠤᠯᠤᠨ᠎ᠠ᠃      ᠦᠩᠭᠡᠷᠡᠭᠰᠡᠨ ᠨᠢᠭᠡ ᠵᠢᠯ ᠳᠤ᠂ ᠪᠦᠬᠦ ᠠᠶᠢᠮᠠᠭ ᠤᠨ ᠰᠤᠶᠤᠯ ᠷᠠᠳᠢᠤ᠋ ᠨᠡᠪᠳᠡᠷᠡᠬᠦᠯᠭᠡ ᠶᠢᠨ ᠰᠢᠰᠲ᠋ᠧᠮ ᠤᠨ ᠺᠠᠳ᠋ᠷ ᠠᠵᠢᠯᠳᠠᠨ ᠠᠶᠢᠮᠠᠭ ᠤᠨ ᠨᠠᠮ ᠤᠨ ᠬᠤᠷᠢᠶ᠎ᠡ᠂ ᠵᠠᠬᠢᠷᠭ᠎ᠠ ᠶᠢᠨ ᠭᠤᠤᠯ ᠠᠵᠢᠯ ᠤᠨ ᠲᠤᠭᠤᠷᠢᠨ ᠳᠤ᠂ ᠨᠡᠭᠡᠭᠡᠨ ᠤᠷᠤᠭᠰᠢᠯᠠᠵᠦ᠂ ᠪᠤᠳᠠᠲᠠᠢ ᠬᠢᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠭᠰᠠᠨ ᠠᠴᠠ ᠪᠦᠬᠦ ᠠᠶᠢᠮᠠᠭ  ᠤᠨ ᠰᠤᠶᠤᠯ  ᠤᠨ ᠠᠵᠢᠯ ᠦᠢᠯᠡᠰ ᠪᠠ ᠰᠤᠶᠤᠯ ᠤᠨ ᠠᠵᠤ ᠦᠢᠯᠡᠰ  ᠪᠠᠳᠠᠷᠠᠨ ᠬᠦᠭᠵᠢᠭᠰᠡᠨ ᠨᠠᠩ ᠰᠠᠶᠢᠨ ᠪᠠᠶᠢᠳᠠᠯ ᠢ ᠢᠯᠡᠷᠡᠬᠦᠯᠵᠦ᠂ ᠪᠦᠬᠦ ᠠᠶᠢᠮᠠᠭ ᠤᠨ ᠠᠵᠤ ᠠᠬᠤᠢ ᠨᠠᠶᠢᠭᠡᠮ‌‍ᠣᠨ ᠬᠦᠭᠵᠢᠯᠳᠡ ᠳᠤ ᠪᠠᠲᠤ ᠪᠠᠬᠢ ᠤᠶᠤᠨ ᠤ ᠬᠦᠳᠡᠯᠭᠡᠬᠦ ᠬᠦᠴᠦᠨ ᠪᠠ ᠰᠤᠶᠤᠯ ᠤᠨ ᠲᠤᠯᠭᠠᠭᠤᠷᠢᠯᠠᠯ ᠢ ᠬᠠᠩᠭᠠᠵᠦ ᠦᠭᠪᠡ᠃ ᠡᠳᠡᠭᠡᠷ ᠦᠷ᠎ᠠ ᠪᠦᠲᠤᠮᠵᠢ ᠨᠢ ᠪᠦᠬᠦ ᠠᠶᠢᠮᠠᠭ ᠤᠨ ᠰᠤᠶᠤᠯ ᠷᠠᠳᠢᠤ᠋ ᠨᠡᠪᠳᠡᠷᠡᠬᠦᠯᠭᠡ ᠶᠢᠨ ᠰᠢᠰᠲ᠋ᠧᠮ ᠤᠨ ᠲᠡᠭᠡᠲᠤ ᠲᠤᠤᠷᠠᠲᠤ ᠱᠠᠲᠤ ᠪᠦᠯᠬᠦᠮᠳᠡᠨ ᠤᠷᠤᠭᠰᠢᠯᠠᠭᠰᠠᠨ ᠪᠠ ᠬᠠᠮᠲᠤ ᠶᠢᠨ ᠴᠢᠷᠮᠠᠶᠢᠯᠭ᠎ᠠ ᠠᠴᠠ ᠰᠠᠯᠵᠦ ᠴᠢᠳᠠᠰᠢ ᠦᠭᠡᠢ ᠶᠤᠮ᠂ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠬᠤᠰᠢᠭᠤ ᠲᠤᠭᠤᠷᠢᠭ ᠤᠨ ᠬᠦᠴᠦᠲᠡᠢ ᠲᠡᠮᠵᠢᠯᠭᠡ ᠪᠠ ᠬᠠᠮᠲᠤ ᠶᠢᠨ ᠬᠦᠴᠦᠨ‌‍ᠣ ᠬᠠᠮᠵᠢᠯᠴᠠᠭ᠎ᠠ  ᠠᠴᠠ ᠰᠠᠯᠵᠦ ᠴᠢᠳᠠᠰᠢ ᠦᠭᠡᠢ ᠶᠤᠮ᠃ ᠠᠳᠡ ᠪᠢ ᠠᠶᠢᠮᠠᠭ ᠤᠨ ᠨᠠᠮ ᠤᠨ ᠬᠤᠷᠢᠶ᠎ᠡ᠂ ᠵᠠᠬᠢᠷᠭ᠎ᠠ ᠶᠢ ᠲᠦᠯᠦᠭᠡᠯᠡᠵᠦ ᠲᠠᠨᠠᠷ ᠪᠤᠯᠤᠨ ᠲᠡᠷᠡᠴᠢᠯᠠᠨ ᠲᠠᠨᠠᠷ ᠢᠶᠠᠷ ᠲᠠᠮᠵᠢᠭᠤᠯᠵᠦ ᠪᠦᠬᠦ ᠠᠶᠢᠮᠠᠭ ᠤᠨ ᠰᠤᠶᠤᠯ ᠷᠠᠳᠢᠤ᠋ ᠨᠡᠪᠳᠡᠷᠡᠬᠦᠯᠭᠡ ᠶᠢᠨ ᠰᠢᠰᠲ᠋ᠧᠮ ᠤᠨ ᠺᠠᠳ᠋ᠷ ᠠᠵᠢᠯᠳᠠᠨ ᠠᠵᠢᠯᠴᠢᠨ ᠵᠢᠴᠢ ᠰᠤᠶᠤᠯ ᠷᠠᠳᠢᠤ᠋ ᠨᠡᠪᠳᠡᠷᠡᠬᠦᠯᠭᠡ ᠶᠢ ᠲᠠᠮᠵᠢᠵᠦ ᠬᠠᠪᠰᠤᠷᠤᠭᠰᠠᠨ ᠨᠦᠬᠦᠳ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ  ︕ ᠲᠤᠤᠷ᠎ᠠ ᠪᠢ ᠭᠤᠷᠪᠠᠨ ᠲᠠᠯ᠎ᠠ  ᠪᠠᠷ ᠰᠠᠨᠠᠯ ᠢᠶᠠᠨ ᠶᠠᠷᠢᠶ᠎ᠠ᠃      ᠨᠢᠭᠡ᠂ ᠦᠵᠠᠯ ᠤᠬᠠᠮᠰᠠᠷ ᠢᠶᠠᠨ ᠲᠡᠭᠡᠭᠰᠢᠯᠡᠬᠦᠯᠵᠦ᠂ ᠰᠤᠶᠦᠯ ᠷᠠᠳᠢᠤ᠋ ᠨᠡᠪᠳᠡᠷᠡᠬᠦᠯᠭᠡ ᠶᠢᠨ ᠠᠵᠢᠯ ᠤᠨ ᠰᠢᠨ᠎ᠡ ᠡᠬᠦᠷᠭᠡ ᠰᠢᠨ᠎ᠡ ᠱᠠᠭᠠᠠᠷᠳᠠᠯᠭ᠎ᠠ ᠶᠢ ᠵᠦᠪ ᠤᠨᠤᠪᠴᠢᠲᠡᠢ ᠡᠵᠡᠮᠰᠢᠨ᠎ᠡ      ᠨᠢᠲᠤᠨ ᠡᠮᠤᠨ᠎ᠠ᠂ ᠪᠢᠳᠡ ᠶᠠᠭ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠤᠷᠢᠲᠤ ᠴᠠᠭ ᠦᠶ᠎ᠡ᠂ ᠮᠦᠨᠴᠦ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠭᠡᠪ ᠪᠠᠶᠢᠳᠠᠯ ᠳᠤ ᠲᠤᠬᠢᠷᠠᠬᠤ᠂ ᠬᠡᠯᠪᠡᠷᠢ ᠶᠢ ᠬᠤᠪᠢᠷᠠᠭᠤᠯᠬᠤ ᠬᠦᠭᠵᠢᠯᠲᠠ ᠶᠢ ᠲᠦᠷᠭᠡᠳᠭᠡᠬᠦ ᠵᠠᠩᠬᠢᠯᠠᠭ᠎ᠠ ᠶᠢᠨ ᠴᠠᠭ ᠦᠶ᠎ᠡ ᠳᠤ ᠪᠠᠶᠢᠨ᠎ᠠ᠂ ᠲᠦᠪ ᠬᠤᠷᠢᠶ᠎ᠡ᠂ ᠦᠪᠠᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠡ ᠵᠠᠬᠢᠷᠭ᠎ᠠ ᠠᠴᠠ ᠰᠤᠶᠤᠯ ᠤᠨ ᠠᠵᠢᠯ ᠳᠤ ᠰᠢᠨ᠎ᠡ ᠡᠬᠦᠷᠭᠡ ᠰᠢᠨ᠎ᠡ ᠱᠠᠭᠠᠷᠳᠠᠯᠭ᠎ᠠ ᠲᠤᠷᠠᠳᠪᠠ᠂ ᠰᠤᠶᠤᠯ ᠤᠨ ᠦᠭᠡᠷᠡᠴᠢᠯᠡᠯᠳᠡ ᠬᠦᠭᠵᠢᠬᠦᠯᠦᠯᠳᠡ ᠴᠤ ᠶᠠᠭ ᠴᠢᠬᠤᠯᠨ ᠠᠵᠠ ᠲᠤᠬᠢᠶᠠᠯ ᠤᠨ ᠬᠤᠭᠤᠴᠠᠭᠠᠨ ᠳᠤ ᠲᠤᠯᠭᠠᠷᠠᠵᠦ ᠪᠠᠶᠢᠨ᠎ᠠ᠃ ᠡᠬᠦᠨ ᠢ ᠪᠢᠳᠡ ᠵᠠᠪᠠᠯ ᠵᠦᠪ ᠤᠨᠤᠪᠴᠢᠲᠡᠢ ᠡᠵᠡᠮᠰᠢᠬᠦ ᠴᠢᠬᠤᠯᠨ ᠲᠠᠢ ᠪᠠᠶᠢᠵᠦ᠂ ᠭᠤᠤᠯ ᠠᠵᠢᠯ ᠤᠨ ᠲᠤᠭᠤᠷᠢᠨ ᠳᠤ᠂ ᠪᠦᠬᠦ ᠲᠠᠯ᠎ᠠ ᠳᠤ ᠦᠢᠯᠡᠴᠢᠯᠡᠬᠦ ᠪᠠᠷ ᠦᠨᠡᠨᠬᠦ ᠦᠨᠲᠤᠰᠤᠨ ᠲᠤᠰᠢᠶᠠᠯ ᠬᠠᠷᠢᠭᠤᠴᠠᠯᠭ᠎ᠠ ᠪᠠᠨ ᠪᠤᠯᠭᠠᠵᠦ᠂ ᠪᠦᠬᠦ ᠲᠠᠯ᠎ᠠ ᠶᠢ ᠪᠠᠭᠳᠠᠭᠠᠬᠤ᠂ ᠶᠡᠭᠡ ᠪᠠᠶᠢᠳᠠᠯ ᠢ ᠡᠵᠡᠮᠰᠢᠬᠦ ᠪᠠ ᠲᠤᠮᠤ ᠭᠡᠷᠡᠭ  ᠢ ᠴᠢᠬᠤᠯᠠᠴᠢᠯᠠᠵᠦ᠂ ᠠᠵᠢᠯ ᠤᠨ ᠭᠤᠤᠯ ᠴᠡᠭ ᠪᠠ ᠬᠦᠴᠦᠯᠠᠬᠦ ᠴᠡᠭ ᠢ ᠤᠨᠤᠪᠴᠢᠲᠡᠢ ᠡᠷᠢᠵᠦ᠂ ᠬᠠᠨᠲᠤᠰᠢ ᠳᠤᠨᠢ ᠲᠤᠬᠢᠷᠠᠭᠤᠯᠵᠦ ᠲᠦᠯᠦᠪᠯᠡᠬᠦ᠂ ᠪᠠᠶᠢᠳᠠᠯ ᠳᠤᠨᠢ ᠲᠤᠬᠢᠷᠠᠭᠤᠯᠵᠦ ᠬᠦᠳᠡᠯᠤᠯᠴᠠᠬᠦ ᠪᠠ  ᠡᠪ  ᠢ ᠨᠢ ᠲᠠᠭᠠᠷᠠᠭᠤᠯᠵᠦ ᠬᠢᠬᠦ ᠭᠡᠷᠡᠭᠲᠡᠢ᠃      ᠤᠯᠤᠰ ᠤᠨ ᠲᠠᠯ᠎ᠠ ᠠᠴᠠ ᠠᠪᠴᠦ ᠦᠵᠠᠪᠠᠯ᠂ ᠨᠠᠮ ᠤᠨ ᠠᠷᠪᠠᠨ ᠨᠠᠢᠮᠠᠲᠤᠭᠠᠷ ᠤᠳᠠᠭᠠᠨ ᠤ ᠶᠡᠭᠡ ᠬᠤᠷᠠᠯ  ᠠᠴᠠ ᠨᠠᠰᠢ᠂ ᠨᠠᠮ ᠤᠨ ᠲᠦᠪ ᠬᠤᠷᠢᠶ᠎ᠡ ᠠᠴᠠ ᠰᠤᠶᠤᠯ ᠤᠨ ᠪᠠᠶᠢᠭᠤᠯᠤᠯᠳᠠ ᠶᠢ ᠲᠡᠭᠡᠲᠤ ᠭᠡᠮᠵᠢᠶ᠎ᠡ ᠪᠠᠷ ᠴᠢᠬᠤᠯᠠᠴᠢᠯᠠᠨ ᠦᠵᠠᠵᠦ᠂ ᠠᠯᠢ ᠤᠯᠠᠨ ᠴᠢᠬᠤᠯᠨ ᠶᠡᠭᠡ ᠰᠢᠢᠳᠪᠤᠷᠢᠲᠤ ᠪᠤᠲᠤᠯᠭ᠎ᠠ ᠶᠢᠨ ᠪᠠᠶᠢᠷᠢᠯᠠᠭᠤᠯᠤᠯᠳᠠ ᠬᠢᠵᠦ᠂ ᠰᠤᠶᠤᠯ ᠢᠶᠠᠷ ᠤᠯᠤᠰ ᠢᠶᠠᠨ ᠬᠦᠴᠦᠷᠭᠡᠭᠵᠢᠬᠦᠯᠬᠦ ᠲᠦᠷᠪᠠᠨ ᠶᠡᠭᠡ ᠡᠬᠦᠷᠭᠡ ᠶᠢ ᠲᠤᠷᠠᠳᠴᠦ᠂ ᠰᠤᠶᠤᠯ ᠤᠨ ᠢᠳᠡᠭᠡᠯ  ᠳᠤ ᠲᠦᠰᠢᠭᠯᠡᠵᠦ ᠬᠦᠰᠡᠯᠠᠩ ᠵᠤᠷᠢᠭ ᠢᠶᠠᠨ ᠬᠦᠪᠴᠢᠯᠠᠵᠦ᠂ ᠰᠤᠶᠤᠯ ᠤᠨ ᠪᠠᠶᠢᠭᠤᠯᠤᠯᠳᠠ ᠶᠢᠨ ᠪᠠᠶᠢᠯᠲᠤᠬᠤ ᠪᠤᠲᠤᠯᠭ᠎ᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠲᠣᠪᠤᠶᠢᠯᠭᠠᠨ ᠢᠯᠡᠷᠡᠬᠦᠯᠵᠠᠢ᠃ ᠰᠢ ᠶᠢᠨ ᠫᠢᠩ ᠶᠠᠷᠤᠩᠭᠡᠢ ᠱᠦᠵᠢ ᠪᠦᠬᠦ ᠤᠯᠤᠰ ᠤᠨ ᠤᠬᠠᠭᠤᠯᠭ᠎ᠠ ᠦᠵᠠᠯ ᠰᠠᠨᠠᠭᠠᠨ ᠤ ᠠᠵᠢᠯ ᠤᠨ ᠬᠤᠷᠠᠯ᠂ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠪᠠ ᠲᠤᠮᠳᠠᠲᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠠᠷᠪᠠᠲᠤᠭᠠᠷ ᠤᠳᠠᠭᠠᠨ ᠤ ᠶᠡᠭᠡ ᠬᠤᠷᠠᠯ᠂ ᠲᠤᠮᠳᠠᠲᠤ ᠤᠯᠤᠰ ᠤᠨ ᠵᠤᠬᠢᠶᠠᠯᠴᠢᠳ ᠤᠨ ᠨᠠᠶᠢᠭᠡᠮᠯᠢᠭ  ᠤᠨ ᠶᠢᠰᠤᠲᠤᠭᠡᠷ ᠤᠳᠠᠭᠠᠨ ᠤ ᠶᠡᠭᠡ ᠬᠤᠷᠠᠯ ᠵᠡᠷᠭᠡ ᠴᠢᠬᠤᠯᠨ ᠬᠤᠷᠠᠯ ᠲᠡᠭᠡᠷ᠎ᠠ ᠰᠢᠷᠢᠰ ᠴᠢᠬᠤᠯᠨ ᠶᠠᠷᠢᠶ᠎ᠡ ᠲᠠᠯᠪᠢᠵᠦ᠂ ᠤᠯᠠᠨ ᠤᠯᠤᠰ ᠤᠨ ᠮᠦᠽᠸᠢ ᠶᠢᠨ ᠲᠡᠭᠡᠲᠤ ᠲᠡᠰ ᠤᠨ ᠦᠬᠦᠯᠠᠯ ᠤᠨ ᠲᠠᠪᠴᠠᠩ ᠤᠨ ᠪᠠᠶᠠᠷ ᠤᠨ ᠵᠠᠬᠢᠳᠠᠯ ᠳᠠᠭᠠᠨ᠂ ᠰᠢᠨ᠎ᠡ ᠪᠠᠶᠢᠳᠠᠯ ᠲᠤᠤᠷᠠᠬᠢ ᠰᠤᠶᠤᠯ ᠤᠨ ᠪᠠᠶᠢᠭᠤᠯᠤᠯᠳᠠ ᠶᠢᠨ ᠠᠯᠢ ᠤᠯᠠᠨ ᠴᠢᠭᠯᠡᠯᠲᠤ ᠴᠢᠨᠠᠷᠲᠡᠢ᠂ ᠦᠨᠲᠤᠰᠤᠨ ᠴᠢᠨᠠᠷᠲᠡᠢ ᠴᠢᠬᠤᠯᠨ ᠠᠰᠠᠭᠤᠳᠠᠯ ᠢ ᠪᠦᠬᠦ ᠲᠠᠯ᠎ᠠ ᠪᠠᠷ ᠰᠢᠰᠲ᠋ᠧᠮ ᠲᠠᠢ ᠪᠠᠷ ᠲᠤᠲᠤᠷᠬᠠᠶᠢᠯᠠᠨ ᠦᠬᠦᠯᠠᠵᠦ᠂           ︽ᠦᠭᠡᠷᠡᠴᠢᠯᠠᠯᠳᠠ ᠬᠢᠵᠦ ᠰᠢᠨ᠎ᠡ ᠶᠢ ᠡᠬᠦᠳᠬᠦ ᠵᠤᠷᠢᠭ ᠰᠠᠨᠠᠭ᠎ᠠ ᠪᠠᠷ ᠰᠤᠶᠤᠯ ᠤᠨ ᠠᠵᠢᠯ ᠦᠢᠯᠡᠰ ᠪᠠ ᠰᠤᠶᠤᠯ  ᠤᠨ ᠠᠵᠤ ᠦᠢᠯᠡᠰ ᠤᠨ ᠬᠦᠭᠵᠢᠯ ᠪᠠᠳᠠᠷᠠᠯ  ᠢ ᠲᠦᠯᠬᠢᠨ ᠠᠬᠢᠭᠤᠯᠵᠦ᠂ ᠲᠤᠮᠳᠠᠲᠤ ᠤᠯᠤᠰ ᠤᠨ ᠤᠨᠴᠠᠯᠢᠭ ᠪᠦᠬᠦᠢ ᠨᠠᠶᠢᠭᠡᠮ ᠵᠢᠷᠤᠮ ᠤᠨ ᠰᠤᠶᠤᠯ ᠤᠨ ᠬᠦᠭᠵᠢᠯᠳᠡ ᠶᠢᠨ ᠵᠠᠮ ᠢᠶᠠᠷ ᠴᠢᠷᠮᠠᠶᠢᠨ ᠵᠠᠮᠨᠠᠬᠤ︾ ᠵᠡᠷᠭᠡ ᠱᠠᠭᠠᠷᠳᠠᠯᠭ᠎ᠠ ᠶᠢ ᠲᠤᠷᠠᠳᠴᠦ᠂ ᠰᠢᠨ᠎ᠡ ᠴᠠᠭ ᠦᠶ᠎ᠡ ᠶᠢᠨ ᠰᠤᠶᠤᠯ ᠤᠨ ᠦᠭᠡᠷᠡᠴᠢᠯᠠᠯᠳᠠ ᠬᠦᠭᠵᠢᠬᠦᠯᠦᠯᠳᠡ ᠳᠤ ᠤᠷᠤᠭᠰᠢᠯᠠᠬᠤ ᠴᠢᠭᠯᠡᠯ ᠢ ᠲᠤᠲᠤᠷᠬᠠᠢ ᠵᠢᠭᠠᠵᠦ ᠭᠠᠷᠭᠠᠪᠠ᠃ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠰᠢᠨ᠎ᠡ ᠭᠡᠪ ᠪᠠᠶᠢᠳᠠᠯ ᠳᠤ ᠤᠷᠤᠵᠦ᠂ ᠬᠠᠩᠭᠠᠯᠭ᠎ᠠ ᠶᠢᠨ ᠲᠠᠯ᠎ᠠ ᠶᠢᠨ ᠪᠦᠲᠤᠴᠠ ᠶᠢᠨ ᠴᠢᠨᠠᠷᠲᠡᠢ ᠦᠭᠡᠷᠡᠴᠢᠯᠠᠯᠳᠠ ᠶᠢ ᠬᠦᠨᠵᠡᠭᠡᠢ ᠲᠦᠯᠬᠢᠨ ᠠᠬᠢᠭᠤᠯᠵᠦ᠂ ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠢ ᠲᠡᠭᠡᠭᠰᠢᠯᠡᠬᠦᠯᠵᠦ ᠦᠷ᠎ᠠ ᠠᠰᠢᠭ  ᠢ ᠨᠡᠮᠡᠭᠳᠡᠬᠦᠯᠬᠦ᠂ ᠭᠡᠯᠪᠠᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠱᠠᠭᠠᠷᠳᠠᠯᠭ᠎ᠠ ᠨᠠᠩ ᠪᠠᠴᠢᠮ ᠲᠤᠯᠭᠠᠮ᠎ᠠ  ᠪᠤᠯᠤᠭᠰᠠᠨ  ᠠᠴᠠ᠂ ᠰᠤᠶᠤᠯ  ᠤᠨ ᠠᠵᠤ ᠦᠢᠯᠡᠰ ᠨᠢ ᠠᠵᠤ ᠠᠬᠤᠢ ᠶᠢᠨ ᠪᠦᠲᠤᠴᠠ ᠶᠢᠨ ᠲᠤᠬᠢᠷᠠᠭᠤᠯᠤᠯᠳᠠ ᠶᠢᠨ ᠴᠢᠬᠤᠯᠨ ᠲᠤᠯᠤᠭᠴᠢ ᠴᠡᠭ ᠪᠠ ᠠᠵᠤ ᠠᠬᠤᠢ ᠶᠢᠨ ᠬᠦᠭᠵᠢᠯᠳᠡ ᠶᠢᠨ ᠭᠡᠯᠪᠠᠷᠢ ᠶᠢ ᠬᠤᠪᠢᠷᠠᠭᠤᠯᠬᠤ ᠴᠢᠬᠤᠯᠨ ᠬᠦᠴᠦᠯᠠᠬᠦ ᠴᠡᠭ ᠪᠤᠯᠵᠤ ᠪᠠᠶᠢᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠤᠭᠡᠨ ᠪᠠᠶᠢᠭᠤᠯᠤᠯᠳᠠ᠂ ᠪᠠᠷᠠᠭᠤᠨ ᠤᠷᠤᠨ ᠢ ᠶᠡᠭᠡᠪᠠᠷ ᠨᠡᠭᠡᠭᠡᠨ ᠬᠦᠭᠵᠢᠬᠦᠯᠬᠦ ᠵᠡᠷᠭᠡ ᠪᠠᠶᠢᠯᠲᠤᠬᠤ ᠪᠤᠲᠤᠯᠭ᠎ᠠ ᠶᠢ ᠬᠦᠨᠵᠡᠭᠡᠢ ᠭᠡᠷᠡᠭᠵᠢᠬᠦᠯᠵᠦ᠂ ᠭᠠᠳᠠᠭᠠᠲᠤ ᠲᠠᠢ ᠰᠤᠶᠤᠯ ᠤᠨ ᠰᠤᠯᠢᠯᠴᠠᠭ᠎ᠠ ᠨᠡᠭᠡᠭᠡᠨ ᠦᠷᠨᠢᠬᠦᠯᠬᠦ᠂ ᠭᠠᠳᠠᠭᠠᠲᠤ ᠲᠠᠢ ᠰᠤᠶᠤᠯ ᠤᠨ ᠠᠷᠠᠯᠵᠢᠶ᠎ᠠ ᠬᠦᠭᠵᠢᠬᠦᠯᠬᠦ ᠠᠯᠤᠰ ᠭᠡᠲᠤ ᠶᠢᠨ ᠢᠷᠡᠭᠡᠲᠤᠢ ᠨᠠᠩ ᠭᠡᠭᠡᠨ ᠰᠠᠷᠠᠭᠤᠯ ᠪᠠᠶᠢᠨ᠎ᠠ᠃      ᠪᠦᠬᠦ ᠤᠷᠤᠨ ᠤ ᠲᠠᠯ᠎ᠠ ᠠᠴᠠ ᠠᠪᠴᠦ ᠦᠵᠡᠪᠠᠯ᠂ ︽ᠠᠷᠪᠠᠨ ᠭᠤᠷᠪᠠᠲᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠴᠠᠭ ᠬᠤᠭᠤᠴᠠᠭ᠎ᠠ ᠪᠤᠯ ᠪᠦᠬᠦ ᠤᠷᠤᠨ ᠭᠡᠯᠪᠠᠷᠢ ᠪᠠᠨ ᠬᠤᠪᠢᠷᠠᠭᠤᠯᠵᠦ ᠲᠡᠰ ᠲᠡᠪᠰᠢᠬᠦᠯᠬᠦ ᠶᠢ ᠲᠦᠷᠭᠡᠳᠭᠡᠬᠦ᠂ ︽ᠲᠠᠪᠤᠵᠢᠭᠤᠯᠬᠤ︾ ᠶᠢ ᠬᠠᠮᠵᠢᠯᠴᠠᠨ ᠠᠬᠢᠭᠤᠯᠬᠤ᠂ ᠦᠭᠡᠷᠡᠴᠢᠯᠠᠯᠳᠠ ᠬᠢᠵᠦ ᠴᠢᠯᠤᠭᠡᠲᠡᠢ ᠶᠠᠪᠤᠯᠴᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ᠂ ᠬᠠᠤᠯᠢ ᠶᠤᠰᠤᠭᠠᠷ ᠤᠷᠤᠨ ᠢᠶᠠᠨ ᠵᠠᠰᠠᠬᠤ ᠶᠢ ᠬᠦᠨᠵᠡᠭᠡᠢ ᠲᠦᠯᠬᠢᠨ ᠠᠬᠢᠭᠤᠯᠬᠤ᠂ ᠨᠠᠮ ᠢᠶᠠᠨ ᠬᠠᠮᠢᠶᠠᠷᠬᠤ ᠨᠠᠮ ᠢᠶᠠᠨ ᠵᠠᠰᠠᠬᠤ ᠶᠢ ᠡᠷᠡᠰ ᠴᠢᠩᠭ᠎ᠠ ᠲᠦᠯᠬᠢᠨ ᠠᠬᠢᠭᠤᠯᠬᠤ᠂  ︽ᠲᠠᠪᠤᠨ ᠰᠢᠨ᠎ᠡ︾ ᠬᠠᠷᠠᠯᠳᠠ ᠶᠢ ᠴᠢᠷᠮᠠᠶᠢᠨ ᠪᠠᠶᠠᠯᠡᠬᠦᠯᠬᠦ᠂ ᠡᠭᠡ ᠤᠯᠤᠰ ᠤᠨ ᠤᠮᠠᠷᠠᠲᠤ ᠬᠢᠯᠢ ᠶᠢᠨ ᠦᠵᠡᠮᠵᠢ  ᠶᠢᠨ ᠱᠤᠭᠤᠮ ᠢ ᠨᠠᠩ ᠭᠤᠶᠤ ᠦᠵᠡᠰᠬᠦᠯᠡᠩᠲᠤ ᠪᠤᠯᠭᠠᠨ ᠪᠠᠶᠢᠭᠤᠯᠬᠤ ᠴᠢᠬᠤᠯᠨ ᠴᠠᠭ ᠦᠶ᠎ᠡ ᠪᠤᠯᠤᠨ᠎ᠠ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠲᠤᠨ ᠰᠤᠶᠤᠯ ᠤᠨ ᠦᠭᠡᠷᠡᠴᠢᠯᠡᠯᠳᠡ ᠬᠦᠭᠵᠢᠬᠦᠯᠦᠯᠳᠡ ᠶᠢ ᠲᠡᠭᠡᠲᠤ ᠭᠡᠮᠵᠢᠶ᠎ᠡ ᠪᠠᠷ ᠴᠢᠬᠤᠯᠠᠴᠢᠯᠠᠨ ᠦᠵᠠᠵᠦ᠂ ᠦᠪᠠᠷᠳᠡᠭᠡᠨ ᠵᠠᠰᠠᠬᠤ ᠤᠷᠤᠨ ᠤ ᠠᠷᠪᠠᠲᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠳᠤ ︽ᠤᠶᠤᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠦᠨᠲᠤᠰᠤᠳᠠᠨ ᠤ ᠰᠤᠶᠤᠯ ᠤᠨ ᠬᠦᠴᠦᠷᠭᠡᠭ ᠤᠷᠤᠨ ᠢ ᠲᠦᠷᠭᠡᠳᠭᠡᠨ ᠪᠠᠶᠢᠭᠤᠯᠵᠦ᠂ ᠨᠠᠶᠢᠭᠡᠮ ᠵᠢᠷᠤᠮ ᠤᠨ ᠰᠤᠶᠤᠯ ᠢ ᠶᠡᠭᠡᠪᠠᠷ ᠬᠦᠭᠵᠢᠬᠦᠯᠦᠨ ᠪᠠᠳᠠᠷᠠᠭᠤᠯᠬᠤ ᠶᠢ ᠠᠬᠢᠭᠤᠯᠬᠤ ᠭᠡᠷᠡᠭᠲᠡᠢ︾ ︽ᠰᠤᠶᠤᠯ ᠤᠨ ᠭᠠᠷᠴᠦ ᠶᠠᠪᠤᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠬᠦᠯᠵᠦ᠂ ᠤᠯᠠᠨ ᠤᠯᠤᠰ ᠲᠤ ᠲᠠᠮᠵᠢᠭᠤᠯᠤᠨ ᠲᠡᠯᠭᠡᠷᠡᠬᠦᠯᠬᠦ ᠴᠢᠳᠠᠮᠵᠢ ᠶᠢᠨ ᠪᠠᠶᠢᠭᠤᠯᠤᠯᠳᠠ ᠶᠢ ᠴᠢᠩᠭᠠᠳᠬᠠᠬᠤ ᠭᠡᠷᠡᠭᠲᠡᠢ︾ ︽ᠰᠤᠶᠤᠯ ᠪᠠ ᠬᠤᠯᠪᠤᠭᠳᠠᠯ ᠪᠦᠬᠦᠢ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠲᠦᠯᠬᠢᠨ ᠠᠬᠢᠭᠤᠯᠵᠦ᠂ ᠮᠠᠨ ᠤ ᠤᠷᠤᠨ ᠤ ᠰᠤᠶᠤᠯ ᠤᠨ ᠠᠵᠤ ᠦᠢᠯᠡᠰ ᠢ ᠠᠯᠢ ᠲᠦᠷᠭᠡᠨ ᠲᠤᠯᠭᠠᠭᠤᠷᠢ ᠠᠵᠤ ᠦᠢᠯᠡᠰ ᠪᠤᠯᠭᠠᠨ ᠪᠠᠶᠢᠭᠤᠯᠬᠤ ᠭᠡᠷᠡᠭᠲᠡᠢ︾ ᠭᠡᠵᠦ ᠨᠠᠩ ᠦᠨᠲᠤᠷ ᠪᠠᠷᠢᠮᠵᠢᠶ᠎ᠠ ᠪᠦᠬᠦᠢ ᠡᠬᠦᠷᠭᠡ ᠱᠠᠭᠠᠷᠳᠠᠯᠭ᠎ᠠ ᠶᠢ ᠲᠤᠷᠠᠳᠴᠦ ᠭᠠᠷᠭᠠᠪᠠ᠂ ᠰᠤᠶᠤᠯ ᠤᠨ ᠠᠵᠢᠯ ᠳᠤ ᠤᠷᠢᠳᠠ ᠡᠮᠤᠨ᠎ᠠ ᠪᠠᠶᠢᠭ᠎ᠠ ᠦᠭᠡᠢ ᠠᠵᠠ ᠲᠤᠬᠢᠶᠠᠯ ᠢᠷᠡᠵᠦ᠂ ᠰᠤᠶᠤᠯ ᠤᠨ ᠦᠭᠡᠷᠡᠴᠢᠯᠡᠯᠳᠠ ᠬᠦᠭᠵᠢᠬᠦᠯᠦᠯᠳᠡ ᠳᠤ ᠭᠡᠭᠡᠨ ᠰᠠᠷᠠᠭᠤᠯ ᠬᠦᠭᠵᠢᠯᠳᠡ ᠶᠢᠨ ᠤᠷᠤᠨ ᠵᠠᠢ ᠶᠢ ᠬᠠᠩᠭᠠᠵᠦ ᠦᠭᠪᠠ᠃      ᠠᠯᠠᠱᠨ ᠶᠢᠨ ᠪᠤᠳᠠᠲᠤ ᠪᠠᠶᠢᠳᠠᠯ ᠤᠨ ᠵᠤᠭᠰᠤᠴᠠ ᠠᠴᠠ ᠦᠵᠠᠪᠠᠯ᠂ ᠠᠯᠠᠱᠨ ᠪᠤᠯ ᠦᠨᠢ ᠤᠳᠠᠭᠠᠨ ᠲᠡᠤᠭᠡ  ᠲᠠᠢ᠂ ᠦᠪᠠᠷᠮᠢᠴᠠ ᠰᠤᠶᠤᠯ ᠤᠨ ᠤᠨᠴᠠᠯᠢᠭ ᠲᠠᠢ ᠶᠤᠮ᠂ ᠭᠡᠪᠠᠴᠦ ᠨᠢᠲᠤᠨ ᠡᠮᠤᠨ᠎ᠠ ᠰᠤᠶᠤᠯ  ᠤᠨ ᠦᠪ ᠢ ᠬᠠᠮᠠᠭᠠᠯᠠᠵᠦ ᠨᠡᠭᠡᠭᠡᠨ ᠬᠦᠭᠵᠢᠬᠦᠯᠬᠦ ᠬᠢᠷᠢ ᠲᠦᠪᠰᠢᠨ ᠬᠠᠰᠢ ᠯᠠ ᠲᠤᠩ ᠲᠤᠤᠷ᠎ᠠ ᠪᠠᠶᠢᠭᠰᠠᠭᠠᠷ᠂ ᠰᠤᠶᠤᠯ ᠤᠨ ᠠᠵᠤ ᠦᠢᠯᠡᠰ ᠤᠨ ᠭᠤᠤᠯ ᠴᠤᠭᠴᠠ ᠶᠢᠨ ᠬᠦᠷᠢᠶ᠎ᠡ ᠭᠡᠪᠴᠢᠶ᠎ᠠ ᠢᠪᠴᠤᠤ᠂ ᠰᠤᠶᠤᠯ ᠤᠨ ᠪᠦᠲᠤᠭᠡᠭᠳᠡᠬᠦᠨ ᠤ ᠲᠤᠭ᠎ᠠ ᠭᠡᠮᠵᠢᠶ᠎ᠡ᠂ ᠶᠠᠰᠤ ᠴᠢᠨᠠᠷ ᠨᠢ ᠤᠯᠠᠨ ᠤ ᠭᠡᠷᠡᠭᠴᠡᠭᠡ ᠱᠠᠭᠠᠷᠳᠠᠯᠭ᠎ᠠ ᠶᠢ ᠬᠠᠩᠭᠠᠵᠦ ᠴᠢᠳᠠᠬᠤ ᠦᠭᠡᠢ ᠪᠠᠶᠢᠭ᠎ᠠ ᠪᠤᠯᠪᠠᠴᠦ ᠰᠤᠶᠤᠯ ᠤᠨ ᠬᠦᠭᠵᠢᠯᠳᠡ ᠶᠢᠨ ᠤᠷᠤᠨ ᠵᠠᠢ ᠲᠤᠶᠢᠯ ᠤᠨ ᠶᠡᠭᠡ ᠪᠤᠢ᠃ ᠠᠶᠢᠮᠠᠭ ᠤᠨ ᠨᠠᠮ ᠤᠨ ᠬᠤᠷᠢᠶ᠎ᠡ ᠵᠠᠬᠢᠷᠭ᠎ᠠ  ᠠᠴᠠ ᠤᠯᠠᠨ ᠤᠯᠤᠰ ᠤᠨ ᠵᠢᠭᠤᠯᠴᠢᠯᠠᠯ ᠤᠨ ᠬᠠᠷᠠᠯᠳᠠᠳᠤ ᠤᠷᠤᠨ ᠢ ᠴᠤᠭᠴᠠᠯᠠᠨ ᠪᠠᠶᠢᠭᠤᠯᠬᠤ ᠬᠠᠷᠠᠯᠳᠠ ᠶᠢ ᠲᠤᠷᠠᠲᠤᠨ ᠭᠠᠷᠭᠠᠵᠦ᠂ ᠲᠡᠷᠡᠴᠢᠯᠠᠨ ᠡᠯᠡᠰᠤᠨ ᠤ ᠪᠠᠷᠠᠭᠤᠨ ᠲᠠᠯ᠎ᠠ ᠪᠠᠷ ᠬᠢ᠂ ᠡᠯᠡᠰᠤᠨ  ᠤ ᠬᠤᠶᠢᠲᠤ ᠲᠠᠯ᠎ᠠ ᠪᠠᠷ  ᠬᠢ᠂  ᠡᠯᠡᠰᠤᠨ  ᠤ ᠡᠮᠤᠨ᠎ᠠ ᠲᠠᠯ᠎ᠠ ᠪᠠᠷ ᠬᠢ ᠮᠤᠩᠭᠤᠯ ᠤᠨ ᠭᠤᠷᠪᠠᠨ ᠲᠤᠮᠤ ᠭᠡᠰᠡᠭ ᠤᠨ ᠰᠤᠶᠤᠯ  ᠤᠨ ᠠᠭᠤᠯᠵᠠᠷ ᠭᠠᠵᠠᠷ ᠪᠠ ᠱᠠᠰᠢᠨ ᠰᠤᠷᠳᠠᠬᠤᠨ ᠤ ᠰᠤᠶᠤᠯ᠂ ᠲᠠᠷᠢᠶᠠᠯᠠᠩ ᠤᠨ ᠰᠤᠶᠤᠯ᠂ ᠴᠢᠩ ᠤᠨ ᠲᠦᠷᠦ ᠶᠢᠨ ᠬᠠᠭᠠᠨ ᠤ ᠤᠷᠲᠤᠨ ᠤ ᠰᠤᠶᠤᠯ ᠳᠤ ᠲᠦᠰᠢᠭᠯᠡᠵᠦ᠂ ᠦᠨᠲᠤᠰᠦᠳᠠᠨ ᠤ ᠵᠠᠩ ᠲᠠᠳᠬᠠᠯ ᠤᠨ ᠤᠯᠠᠨ ᠤᠯᠤᠰ  ᠤᠨ ᠵᠢᠭᠤᠯᠴᠢᠯᠠᠯ  ᠤᠨ ᠬᠠᠷᠠᠯᠳᠠᠲᠤ ᠤᠷᠤᠨ ᠢ ᠪᠠᠶᠢᠭᠤᠯᠬᠤ ᠭᠡᠷᠡᠭᠲᠡᠢ ᠭᠡᠵᠦ ᠲᠤᠷᠠᠳᠴᠦ ᠭᠠᠷᠭᠠᠭᠰᠠᠨ ᠪᠠᠶᠢᠨ᠎ᠠ᠃ ᠪᠢᠳᠡ ᠰᠤᠶᠤᠯ ᠤᠨ ᠲᠦᠷᠦᠯ ᠲᠡᠮᠳᠡᠭ  ᠢ ᠰᠠᠶᠢᠲᠤᠷ ᠪᠠᠶᠢᠭᠤᠯᠵᠦ᠂ ᠵᠦᠭᠡᠯᠡᠨ ᠪᠤᠳᠠᠲᠤ ᠬᠦᠴᠦᠨ ᠢ ᠬᠦᠴᠦᠯᠠᠨ ᠲᠡᠭᠡᠭᠰᠢᠯᠡᠬᠦᠯᠵᠦ᠂ ᠭᠠᠳᠠᠭᠰᠢ ᠤᠬᠠᠭᠤᠯᠤᠨ ᠨᠦᠯᠦᠭᠡᠯᠡᠬᠦ ᠬᠦᠴᠦᠨ ᠪᠠ ᠠᠷᠠᠯᠵᠢᠶᠠᠴᠢᠨ ᠤᠷᠢᠵᠦ ᠪᠠᠯᠨ ᠤᠷᠤᠭᠤᠯᠬᠤ ᠲᠠᠳᠠᠬᠤ ᠬᠦᠴᠦᠨ  ᠢ ᠴᠢᠩᠭᠠᠳᠬᠠᠬᠤ ᠭᠡᠷᠡᠭᠲᠡᠢ︔ ᠭᠤᠤᠯ ᠬᠦᠭ ᠠᠶᠠᠰ ᠢ ᠴᠢᠪᠬᠠᠳᠠᠵᠦ᠂ ᠰᠠᠨᠠᠭᠠᠴᠢᠯᠠᠭ᠎ᠠ ᠠᠴᠠ ᠪᠠᠨ ︽ᠰᠤᠶᠤᠯ ᠤᠨ ᠠᠵᠤ ᠦᠢᠯᠡᠰ︾ ᠤᠨ ᠡᠨᠡᠬᠦ ᠶᠡᠭᠡ ᠦᠢᠯᠡᠰ ᠢ ᠰᠠᠶᠢᠲᠤᠷ ᠬᠢᠵᠦ᠂ ᠰᠤᠶᠤᠯ ᠤᠨ ᠠᠵᠢᠯ ᠲᠡᠭᠡᠷ᠎ᠠ ᠴᠢᠬᠤᠯᠨ ᠦᠢᠯᠡᠲᠤᠯ ᠦᠵᠠᠬᠦᠯᠬᠦ ᠶᠤᠰᠤᠲᠡᠢ︔ ᠰᠤᠶᠤᠯ ᠤᠨ ᠠᠵᠢᠯ ᠤᠨ ᠬᠠᠷᠢᠭᠤᠴᠠᠯᠭᠠᠲᠤ ᠤᠪᠤᠷ᠂ ᠪᠠᠴᠢᠮ ᠲᠤᠯᠭᠠᠮ᠎ᠠ ᠴᠢᠨᠠᠷ ᠢ ᠴᠢᠩᠭᠠᠳᠬᠠᠨ ᠰᠠᠶᠢᠲᠤᠷ ᠬᠢᠵᠦ᠂ ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠦᠷᠭᠡᠭ ᠶᠡᠭᠡ ᠠᠮᠢᠵᠢᠷᠠᠯ ᠤᠨ ᠬᠦᠴᠦᠨ ᠢ ᠤᠯᠭᠤᠵᠦ ᠦᠭᠬᠦ ᠶᠤᠰᠤᠲᠡᠢ᠃     ᠰᠤᠶᠤᠯ ᠤᠨ ᠮᠠᠨᠲᠤᠯ ᠬᠦᠭᠵᠢᠯ ᠪᠤᠯ ︽ᠲᠤᠮᠳᠠᠲᠤ ᠶᠢᠨ ᠬᠦᠰᠡᠯ︾ ᠢ ᠲᠡᠷᠭᠡᠯᠰᠢᠬᠦᠯᠬᠦ ᠬᠦᠴᠦᠲᠡᠢ ᠲᠤᠯᠭᠠᠭᠤᠷᠢ ᠮᠦᠨ᠃ ᠰᠤᠶᠤᠯ ᠤᠨ ᠪᠦᠲᠤᠭᠡᠨ ᠪᠠᠶᠢᠭᠤᠯᠤᠯᠳᠠ ᠶᠢᠨ ᠬᠠᠷᠢᠭᠤᠴᠠᠯᠭ᠎ᠠ ᠬᠢᠭᠡᠳ ᠡᠬᠦᠷᠭᠡ ᠲᠤᠰᠢᠶᠠᠯ ᠢ ᠡᠬᠦᠷᠭᠡᠯᠡᠬᠦ ᠨᠢ ᠰᠤᠶᠤᠯ ᠤᠨ ᠠᠵᠢᠯᠳᠠᠨ ᠠᠵᠢᠯᠴᠢᠳ ᠤᠨ ᠤᠬᠠᠮᠰᠠᠷᠲᠤ ᠦᠢᠯᠨ ᠠᠵᠢᠯᠯᠠᠭ᠎ᠠ ᠪᠤᠯᠤᠨ᠎ᠠ᠃ ᠨᠢᠲᠤᠨ ᠡᠮᠤᠨ᠎ᠠ ᠪᠠ ᠬᠤᠶᠢᠰᠢᠳᠠ ᠶᠢᠨ ᠨᠢᠬᠡ ᠬᠤᠭᠤᠴᠠᠭᠠᠨ ᠳᠤ᠂ ᠪᠢᠳᠡ ᠵᠠᠪᠠᠯ ᠰᠢ ᠶᠢᠨ ᠫᠢᠩ ᠶᠠᠷᠤᠩᠭᠡᠢ ᠱᠦᠵᠢ ᠶᠢᠨ ᠰᠤᠶᠤᠯ ᠤᠨ ᠠᠵᠢᠯ ᠤᠨ ᠰᠢᠷᠢᠰ ᠴᠢᠬᠤᠯᠨ ᠦᠬᠦᠯᠡᠮᠵᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ︽ᠲᠦᠷᠪᠠᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠷᠠᠭᠤᠯᠵᠦ᠂ ᠰᠤᠶᠤᠯ ᠤᠨ ᠢᠳᠡᠭᠡᠯ ᠢ ᠪᠠᠲᠤ ᠪᠠᠬᠢ ᠪᠤᠢ ᠪᠤᠯᠭᠠᠵᠦ᠂ ᠰᠤᠶᠤᠯ ᠤᠨ ᠤᠬᠠᠮᠠᠰᠠᠷ ᠢ ᠪᠠᠷᠢᠮᠳᠠᠯᠠᠵᠦ᠂ ᠲᠦᠪ᠂ ᠦᠪᠠᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠡ ᠵᠠᠬᠢᠷᠭ᠎ᠠ ᠶᠢᠨ ᠰᠢᠢᠳᠪᠤᠷᠢᠲᠤ ᠪᠤᠲᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠨᠠᠶᠢᠭᠡᠮ ᠤᠨ ᠲᠡᠷᠢᠬᠦᠨ ᠤ ᠰᠤᠶᠤᠯ ᠤᠨ ᠬᠦᠭᠵᠢᠯ ᠪᠠᠳᠠᠷᠠᠯ ᠢᠶᠠᠷ ᠨᠠᠶᠢᠭᠡᠮ  ᠤᠨ ᠲᠠᠪᠰᠢᠯᠳᠠ ᠶᠢ ᠬᠦᠲᠤᠯᠤᠨ ᠲᠠᠭᠠᠭᠤᠯᠬᠤ ᠬᠠᠷᠢᠭᠤᠴᠠᠯᠭ᠎ᠠ ᠶᠢ ᠦᠨ᠋ᠨᠨᠬᠦ ᠡᠬᠦᠷᠭᠡᠯᠡᠵᠦ᠂ ᠠᠷᠠᠳ ᠤᠯᠠᠨ ᠤ ᠤᠶᠤᠨ ᠰᠠᠨᠠᠭᠠᠨ ᠤ ᠰᠤᠶᠤᠯ ᠤᠨ ᠭᠡᠷᠡᠭᠴᠡᠭᠡ ᠶᠢ ᠬᠠᠩᠭᠠᠬᠤ ᠬᠠᠷᠢᠭᠤᠴᠠᠯᠭ᠎ᠠ ᠶᠢ ᠡᠬᠦᠷᠭᠡᠯᠡᠵᠦ᠂ ᠰᠤᠶᠤᠯ ᠤᠨ ᠠᠵᠢᠯ ᠦᠢᠯᠡᠰ ᠤᠨ ᠬᠦᠭᠵᠢᠯᠳᠡ ᠬᠢᠭᠡᠳ ᠰᠤᠶᠤᠯ ᠤᠨ ᠠᠵᠤ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠬᠤ ᠬᠠᠷᠢᠭᠤᠴᠠᠯᠭ᠎ᠠ ᠶᠢ ᠡᠬᠦᠷᠭᠡᠯᠡᠵᠦ᠂ ᠰᠤᠶᠤᠯ ᠤᠨ ᠵᠦᠭᠡᠯᠡᠨ ᠪᠤᠳᠠᠲᠤ ᠬᠦᠴᠦᠨ ᠢ ᠲᠡᠭᠡᠭᠰᠢᠯᠡᠬᠦᠯᠬᠦ ᠬᠠᠷᠢᠭᠤᠴᠠᠯᠭ᠎ᠠ ᠶᠢ ᠡᠬᠦᠷᠭᠡᠯᠡᠵᠦ᠂ ᠰᠢᠨᠳᠠᠷᠠᠰᠢ ᠦᠭᠡᠢ ᠴᠢᠷᠮᠠᠶᠢᠨ᠂ ᠠᠯᠠᠱᠨ ᠶᠢ ᠰᠤᠶᠤᠯ ᠤᠨ ᠠᠵᠢᠯ ᠦᠢᠯᠡᠰ ᠬᠦᠭᠵᠢᠨ ᠪᠠᠳᠠᠷᠠᠭᠰᠠᠨ᠂ ᠰᠤᠶᠤᠯ ᠤᠨ ᠠᠵᠤ ᠦᠢᠯᠡᠰ ᠬᠦᠭᠵᠢᠨ ᠮᠠᠨᠲᠤᠭᠰᠠᠨ᠂ ᠰᠤᠶᠤᠯ ᠤᠨ ᠴᠢᠳᠠᠪᠤᠷᠢᠳᠠᠨ ᠬᠤᠷᠠᠨ ᠴᠤᠭᠯᠠᠷᠠᠭᠰᠠᠨ᠂ ᠰᠤᠶᠤᠯ ᠤᠨ ᠪᠠᠶᠢᠭᠤᠯᠤᠯ ᠲᠡᠬᠦᠯᠳᠡᠷᠵᠢᠭᠰᠡᠨ᠂ ᠡᠯ᠎ᠠ ᠦᠨᠲᠤᠰᠤᠳᠠᠨ ᠨᠦᠭᠦᠳ ᠤᠨ ᠠᠷᠠᠳ ᠲᠦᠮᠠᠨ ᠤ ᠤᠶᠤᠨ ᠰᠠᠨᠠᠭᠠᠨ ᠤ ᠰᠤᠶᠤᠯ ᠤᠨ ᠠᠮᠢᠲᠤᠷᠠᠯ ᠡᠯᠪᠡᠭ ᠪᠠᠶᠠᠯᠢᠭᠵᠢᠭᠰᠠᠨ ᠰᠤᠶᠤᠯ ᠤᠨ ᠬᠦᠴᠦᠷᠭᠡᠭ ᠠᠶᠢᠮᠠᠭ ᠪᠤᠯᠭᠠᠨ ᠠᠯᠬᠤᠮ ᠠᠯᠬᠤᠮ ᠢᠶᠠᠷ ᠪᠦᠲᠤᠭᠡᠨ ᠪᠠᠶᠢᠭᠤᠯᠵᠦ᠂ ᠡᠭᠡ ᠤᠯᠤᠰ ᠤᠨ ᠤᠮᠠᠷᠠᠲᠤ ᠬᠢᠯᠢ ᠶᠢᠨ ᠦᠵᠠᠰᠬᠦᠯᠡᠩᠲᠤ ᠰᠠᠶᠢᠬᠠᠨ ᠦᠵᠡᠮᠵᠢ ᠶᠢᠨ ᠤᠷᠤᠨ ᠤ ᠭᠡᠷᠡᠯᠲᠤ ᠰᠤᠪᠤᠳ ᠪᠤᠯᠭᠠᠨ ᠴᠤᠭᠴᠠᠯᠠᠨ ᠪᠠᠶᠢᠭᠤᠯᠬᠤ ᠭᠡᠷᠡᠭᠲᠡᠢ᠃        ᠬᠤᠶᠠᠷ᠂ ᠠᠵᠢᠯ ᠤᠨ ᠭᠤᠤᠯᠳᠠᠯᠭ᠎ᠠ ᠶᠢ ᠲᠤᠪᠤᠶᠢᠯᠭᠠᠵᠦ᠂ ᠰᠤᠶᠤᠯ ᠷᠠᠳᠢᠤ᠋ ᠨᠠᠪᠳᠡᠷᠡᠬᠦᠯᠭᠡ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠨ ᠡᠬᠦᠲᠤᠨ᠎ᠠ      2017 ᠤᠨ ᠪᠤᠯ᠂ ᠦᠪᠠᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠂ ᠨᠠᠮ ᠤᠨ ᠠᠷᠪᠠᠨ ᠶᠢᠰᠤᠲᠤᠭᠡᠷ ᠶᠡᠭᠡ ᠬᠤᠷᠠᠯ  ᠤᠨ ᠠᠮᠵᠢᠯᠳᠠ ᠲᠠᠢ ᠬᠤᠷᠠᠯᠲᠤᠬᠤ ᠶᠢ ᠪᠠᠶᠠᠷᠯᠠᠨ ᠤᠭᠲᠤᠬᠤ ᠵᠢᠯ ᠮᠦᠨ᠂ ︽ᠠᠷᠪᠠᠨ ᠭᠤᠷᠪᠠᠲᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠭᠡᠷᠡᠭᠵᠢᠬᠦᠯᠬᠦ ᠴᠢᠬᠤᠯᠨ ᠨᠢᠭᠡ ᠵᠢᠯ ᠪᠤᠯᠤᠨ᠎ᠠ᠃ ᠪᠦᠬᠦ ᠠᠶᠢᠮᠠᠭ ᠤᠨ ᠰᠤᠶᠤᠯ ᠷᠠᠳᠢᠤ᠋ ᠨᠡᠪᠲᠡᠷᠡᠬᠦᠯᠭᠡ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠠᠷᠪᠠᠨ‌ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠶᠡᠭᠡ ᠬᠤᠷᠠᠯ ᠤᠨ ᠭᠤᠷᠪᠠᠳᠤᠭᠠᠷ ᠪᠦᠬᠦᠳᠡ ᠬᠤᠷᠠᠯ᠂ ᠲᠦᠷᠪᠡᠳᠦᠭᠡᠷ ᠪᠦᠬᠦᠳᠡ ᠬᠤᠷᠠᠯ᠂ ᠳᠠᠪᠤᠳᠤᠭᠠᠷ ᠪᠦᠬᠦᠳᠡ ᠬᠤᠷᠠᠯ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠦᠪᠦᠷ ᠮᠤᠩᠭᠤᠯ ᠢ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠠᠷᠪᠠᠨ ᠶᠢᠰᠦᠳᠦᠭᠡᠷ ᠶᠡᠭᠡ ᠬᠤᠷᠠᠯ ᠢ ᠤᠭᠳᠤᠬᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠭᠤᠤᠯ ᠱᠤᠭᠤᠮ ᠢ ᠪᠠᠲᠦ ᠪᠠᠬᠢ ᠡᠵᠡᠮᠰᠢᠨ᠂ ᠠᠯᠠᠱᠠ ᠶᠢ ᠡᠬᠡ ᠤᠷᠤᠨ ᠤ ᠤᠮᠠᠷᠠᠲᠦ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ   ᠤ ᠬᠡᠷᠡᠯᠳᠦ ᠰᠤᠪᠤᠳ ᠪᠤᠯᠭᠠᠨ ᠪᠦᠲᠦᠭᠡᠨ ᠪᠠᠶᠢᠭᠤᠯᠬᠤ ᠲᠡᠮᠡᠴᠡᠬᠦ ᠬᠠᠷᠠᠯᠲᠠ ᠶᠢᠨ ᠲᠤᠭᠤᠷᠢᠨ ᠳᠤ᠂ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠲᠠ ᠶᠢ ᠲᠦᠯᠬᠢᠨ ᠠᠬᠢᠭᠤᠯᠬᠤ᠂ ᠤᠯᠠᠨ ᠨᠡᠶᠢᠲᠠ ᠶᠢᠨ ᠰᠤᠶᠤᠯ ᠤᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ᠂ ᠰᠤᠶᠤᠯ ᠤᠷᠠᠯᠢᠭ ᠤᠨ ᠤᠬᠢ ᠪᠦᠲᠦᠭᠡᠯ ᠢ ᠡᠬᠦᠳᠦᠨ ᠪᠦᠲᠦᠭᠡᠵᠦ ᠦᠢᠯᠡᠳᠪᠦᠷᠢᠯᠡᠬᠦ᠂ ᠰᠤᠶᠤᠯ ᠤᠨ ᠠᠵᠦ ᠦᠢᠯᠡᠰ ᠢ ᠬᠦᠮᠦᠵᠢᠬᠦᠯᠦᠨ ᠪᠤᠵᠠᠭᠠᠶᠢᠷᠠᠭᠤᠯᠬᠤ᠂ ᠰᠤᠶᠤᠯ ᠤᠨ ᠦᠪ ᠬᠦᠷᠦᠩᠬᠡ ᠶᠢ ᠤᠯᠠᠮᠵᠢᠯᠠᠨ ᠬᠠᠮᠠᠭᠠᠯᠠᠬᠤ᠂ ᠷᠠᠳᠢᠤ᠋ ᠺᠢᠨᠤ᠋ ᠲᠧᠯᠸᠢᠰ ᠤᠨ ᠨᠡᠪᠲᠡᠷᠡᠬᠦᠯᠭᠡ ᠶᠢ ᠪᠠᠲᠤᠯᠠᠬᠤ ᠵᠡᠷᠭᠡ ᠵᠢᠷᠭᠤᠭᠠᠨ ᠲᠦᠷᠦᠯ ᠤᠨ ᠭᠤᠤᠯᠳᠠᠯᠭ᠎ᠠ ᠲᠠᠢ ᠠᠵᠢᠯ ᠢ ᠭᠤᠤᠯ ᠠᠳᠬᠤᠵᠦ᠂ ᠰᠤᠶᠤᠯ ᠤᠨ ᠪᠦᠬᠦ ᠠᠶᠢᠮᠠᠭ ᠤᠨ ᠠᠵᠦ ᠠᠬᠤᠢ ᠨᠡᠶᠢᠬᠡᠮ ᠤᠨ ᠬᠦᠭᠵᠢᠯᠲᠠ ᠶᠢᠨ ᠶᠡᠭᠡ ᠪᠠᠶᠢᠳᠠᠯ ᠤᠨ ᠳᠤᠮᠳᠠᠬᠢ ᠬᠤᠪᠢ ᠨᠡᠮᠡᠷᠢ ᠶᠢᠨ ᠬᠡᠮᠵᠢᠶ᠎ᠠ ᠶᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠪᠦᠬᠦ ᠠᠶᠢᠮᠠᠭ ᠤᠨ ᠰᠤᠶᠤᠯ ᠷᠠᠳᠢᠤ᠋ ᠨᠡᠪᠲᠡᠷᠡᠬᠦᠯᠭᠡ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠬᠦᠳᠦᠨ᠎ᠠ᠃     ︵ᠨᠢᠬᠡ︶ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠲᠠ ᠶᠢᠨ ᠠᠵᠢᠯ ᠢ ᠪᠦᠬᠦ ᠬᠦᠴᠦ ᠪᠠᠷ ᠰᠠᠶᠢᠳᠤᠷ ᠠᠳᠬᠤᠨ᠎ᠠ᠃ ᠡᠨᠡ ᠬᠡᠳᠦᠨ ᠵᠢᠯ ᠤᠨ ᠲᠠᠰᠤᠷᠠᠯᠲᠠ ᠦᠭᠡᠢ ᠲᠦᠯᠬᠢᠨ ᠠᠬᠢᠭᠤᠯᠤᠯᠲᠠ ᠪᠠᠷ ᠳᠠᠮᠵᠢᠨ᠂ ᠪᠦᠬᠦ ᠠᠶᠢᠮᠠᠭ  ᠤᠨ ᠰᠤᠶᠤᠯ ᠷᠠᠳᠢᠤ᠋ ᠨᠡᠪᠲᠡᠷᠡᠬᠦᠯᠭᠡ ᠶᠢᠨ ᠰᠢᠰᠲ᠋ᠧᠮᠵᠢ ᠨᠢ ᠲᠦᠪ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠ ᠠᠶᠢᠮᠠᠭ ᠤᠨ ᠨᠠᠮ ᠤᠨ ᠬᠤᠷᠢᠶᠠᠨ ᠤ ᠦᠭᠡᠷᠡᠴᠢᠯᠡᠯᠲᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠠᠯᠠᠭᠤᠯᠤᠨ ᠬᠡᠷᠡᠭᠵᠢᠬᠦᠯᠵᠦ᠂ ᠪᠤᠭᠤᠮᠳᠠ ᠰᠢᠪᠲᠤᠯᠤᠠ ᠬᠦᠴᠢᠷᠳᠡᠯ ᠢ ᠢᠯᠡᠨ᠂ ᠡᠷᠴᠢ ᠬᠦᠴᠦ ᠲᠠᠢ ᠴᠢᠷᠮᠠᠶᠢᠨ ᠲᠡᠮᠡᠴᠡᠵᠦ᠂ ᠰᠢᠷᠢᠰ ᠦᠭᠡᠷᠡᠴᠢᠯᠡᠯᠲᠠ ᠶᠢᠨ ᠲᠦᠰᠦᠪ ᠢ ᠲᠤᠭᠳᠠᠭᠠᠨ᠂ ᠰᠢᠷᠢᠰ ᠬᠦᠴᠦᠯᠡᠴᠡ ᠲᠠᠢ᠂ ᠬᠦᠨᠳᠦᠴᠡ ᠲᠠᠢ᠂ ᠦᠨ᠎ᠡ ᠦᠷᠳᠡᠭ ᠲᠠᠢ ᠦᠭᠡᠷᠡᠴᠢᠯᠡᠯᠲᠠ ᠶᠢᠨ ᠠᠷᠭ᠎ᠠ ᠪᠠᠷᠢᠯ ᠢ ᠬᠡᠷᠡᠭᠵᠢᠬᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠨᠠᠶᠢᠲᠠ ᠶᠢᠨ ᠦᠢᠯᠡᠴᠢᠯᠡᠭᠡᠨ ᠤ ᠪᠠᠷᠢᠮᠵᠢᠶᠠᠯᠠᠯ ᠲᠡᠩᠴᠡᠬᠦᠷᠢᠰᠢᠯ᠂ ᠰᠤᠶᠤᠯ ᠤᠨ ᠠᠵᠦ ᠦᠢᠯᠡᠰ ᠤᠨ ᠬᠦᠭᠵᠢᠯᠲᠠ᠂ ᠵᠢᠭᠤᠴᠢᠯᠠᠭᠤᠷ ᠤᠨ ᠰᠤᠷᠪᠤᠯᠵᠢᠯᠠᠭ᠎ᠠ ᠨᠠᠶᠢᠷᠠᠭᠤᠯᠭ᠎ᠠ ᠬᠢᠬᠡᠳ ︽ᠬᠤᠶᠠᠷ ᠢ ᠰᠠᠯᠭᠠᠬᠤ︾ ᠡᠵᠡᠩᠨᠡᠯᠲᠡ᠂ ᠰᠤᠶᠤᠯ ᠬᠢᠬᠡᠳ ᠵᠢᠭᠤᠯᠴᠢᠯᠠᠯ ᠤᠨ ᠠᠭᠤᠰᠤᠯᠳᠤᠯ᠂ ᠰᠤᠶᠤᠯ ᠤᠷᠠᠯᠢᠭ ᠤᠨ ᠬᠦᠭᠵᠢᠯᠲᠠ ᠶᠢ ᠴᠡᠴᠡᠭᠯᠡᠬᠦᠯᠦᠨ ᠬᠦᠭᠵᠢᠬᠦᠯᠬᠦ ᠲᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠲᠦᠯᠬᠢᠨ ᠠᠬᠢᠭᠤᠯᠬᠤ ᠵᠡᠷᠭᠡ ᠭᠤᠤᠯᠳᠠᠯᠭᠠᠲᠤ ᠬᠦᠷᠢᠶ᠎ᠠ ᠴᠠᠷ᠎ᠠ ᠪᠤᠯᠤᠨ ᠵᠠᠩᠬᠢᠯᠠᠭ᠎ᠠ ᠶᠢᠨ ᠭᠤᠭᠴᠤᠭ᠎ᠠ ᠲᠡᠭᠡᠷ᠎ᠡ ᠬᠦᠴᠦ ᠪᠠᠨ ᠳᠠᠯᠪᠢᠵᠦ᠂ ᠦᠪᠡᠷᠲᠡᠭᠡᠨ ᠵᠠᠰᠠᠬᠤ ᠤᠷᠤᠨ ᠪᠠ ᠠᠶᠢᠮᠠᠭ ᠤᠨ ᠦᠭᠡᠷᠡᠴᠢᠯᠡᠯᠲᠠ ᠶᠢ ᠬᠦᠨᠵᠡᠬᠡᠶᠢᠷᠡᠬᠦᠯᠬᠦ ᠵᠦᠪᠯᠡᠯ ᠠᠴᠠ ᠪᠠᠭᠤᠯᠭᠠᠭᠰᠠᠨ ᠦᠬᠡᠷᠡᠴᠢᠯᠡᠯᠲᠠ ᠶᠢᠨ ᠡᠬᠦᠷᠭᠡ ᠶᠢ ᠪᠠᠲᠤᠯᠠᠨ ᠪᠡᠶᠡᠯᠡᠬᠦᠯᠦᠨ᠎ᠠ᠃ ᠡᠯ᠎ᠠ ᠬᠤᠰᠢᠭᠤ ᠲᠤᠭᠤᠷᠢᠭ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠬᠦᠴᠦ ᠪᠠᠨ ᠨᠢᠬᠡᠳᠭᠡᠨ ᠬᠠᠮᠲᠤᠷᠠᠨ ᠠᠵᠢᠯᠠᠯᠵᠦ᠂  ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠭᠤᠤᠯᠳᠠᠯᠭ᠎ᠠ ᠪᠠᠨ ᠠᠳᠬᠤᠨ ᠤᠨᠤᠪᠴᠢᠲᠠᠢ ᠪᠠᠷ ᠬᠦᠴᠦᠯᠡᠬᠦ ᠬᠡᠷᠡᠭᠳᠡᠢ᠂ ᠤᠨᠴᠠᠭᠠᠶᠢᠯᠠᠨ ᠰᠤᠶᠤᠯ ᠷᠠᠳᠢᠤ᠋ ᠨᠡᠪᠲᠡᠷᠡᠬᠦᠯᠭᠡ ᠶᠢᠨ ᠠᠵᠢᠯ ᠤᠨ ᠰᠠᠯᠠᠭ᠎ᠠ ᠮᠦᠴᠢᠷ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠦ᠂ ᠬᠠᠷᠠᠯᠲᠠᠳᠤ ᠡᠬᠦᠷᠭᠡ ᠪᠠᠨ ᠲᠦᠪᠯᠡᠷᠡᠬᠦᠯᠦᠨ᠂ ᠰᠤᠶᠤᠯ ᠤᠨ ᠪᠠᠶᠢᠭᠤᠯᠤᠮᠵᠢ  ᠶᠢᠨ ᠦᠭᠡᠷᠡᠴᠢᠯᠡᠯᠲᠠ ᠶᠢᠨ ᠨᠠᠶᠢᠳᠠᠪᠦᠷᠢᠵᠢᠭᠤᠯᠤᠯᠲᠠ ᠶᠢ ᠴᠢᠩᠭ᠎ᠠ ᠠᠳᠬᠤᠵᠦ᠂ ᠦᠬᠡᠷᠡᠴᠢᠯᠡᠯᠲᠠ ᠶᠢᠨ ᠠᠷᠭ᠎ᠠ ᠬᠡᠮᠵᠢᠶ᠎ᠠ ᠶᠢ ᠪᠤᠳᠠᠳᠠᠶᠢᠵᠢᠭᠤᠯᠵᠦ᠂ ᠦᠭᠡᠷᠡᠴᠢᠯᠡᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠦᠨᠡᠨᠬᠦ ᠠᠳᠬᠤᠬᠤ ᠬᠡᠷᠡᠭᠳᠡᠢ᠃ ᠡᠬᠦᠷᠭᠡ ᠬᠠᠷᠢᠭᠤᠴᠠᠯᠭ᠎ᠠ ᠪᠠᠨ ᠲᠤᠪᠤᠶᠢᠯᠭᠠᠵᠦ᠂ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠬᠠᠷᠢᠭᠤᠴᠠᠯᠭ᠎ᠠ ᠪᠠᠨ ᠭᠡᠷᠡᠭᠵᠢᠬᠦᠯᠬᠦ ᠴᠢᠳᠠᠪᠬᠢ ᠶᠢ ᠲᠡᠭᠡᠭᠰᠢᠯᠡᠬᠦᠯᠵᠦ᠂ ᠬᠠᠷᠢᠭᠤᠴᠠᠯᠭ᠎ᠠ ᠶᠢ ᠲᠡᠷᠢᠬᠦᠨ ᠪᠠᠶᠢᠷᠢᠨ ᠳᠤ ᠲᠠᠯᠪᠢᠬᠤ ᠶᠢ ᠨᠡᠩ ᠢᠯᠡᠬᠦᠦ ᠴᠢᠬᠤᠯᠠᠴᠢᠯᠠᠨ᠂ ᠪᠤᠳᠠᠳᠠᠢ ᠠᠵᠢᠯᠯᠠᠨ ᠬᠤᠰᠢᠭᠤᠴᠢᠯᠠᠨ ᠤᠷᠤᠭᠰᠢᠯᠡᠵᠦ᠂ ᠪᠦᠬᠦ ᠤᠯᠤᠰ ᠤᠨ ᠦᠬᠡᠷᠡᠴᠢᠯᠡᠯᠲᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠰᠢᠪᠲᠤᠯᠤᠯᠲᠠ ᠶᠢᠨ ᠠᠵᠢᠯ ᠢ ᠰᠠᠶᠢᠲᠤᠷ ᠬᠢᠨ᠎ᠠ᠃      ︵ᠬᠤᠶᠠᠷ︶ ᠨᠡᠶᠢᠲᠠ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠬᠡᠳᠭᠡᠨ ᠠᠬᠢᠭᠤᠯᠤᠨ᠎ᠠ᠃ ︽ᠤᠯᠠᠨ ᠨᠡᠶᠢᠲᠠ ᠶᠢᠨ ᠰᠤᠶᠤᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠠᠤᠯᠢ︾ ᠶᠢ ᠲᠤᠤᠱᠯᠠᠭᠤᠯᠤᠨ ᠬᠡᠷᠡᠭᠵᠢᠬᠦᠯᠵᠦ᠂ ᠬᠤᠲᠠ ᠪᠠᠯᠭᠠᠰᠤᠨ ᠤ ᠤᠯᠠᠨ ᠨᠡᠶᠢᠲᠠ ᠶᠢᠨ ᠰᠤᠶᠤᠯ ᠤᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠠᠶᠢᠷᠢᠰᠢᠯ᠂ ᠦᠢᠯᠡᠴᠢᠯᠡᠭᠡ ᠬᠠᠩᠭᠠᠬᠤ᠂ ᠡᠩᠨᠡᠭᠡ ᠶᠢᠨ ᠪᠠᠶᠢᠭᠤᠯᠤᠯᠲᠠ᠂ ᠪᠡᠯᠡ ᠮᠦᠩᠬᠦᠨ ᠤ ᠪᠠᠲᠤᠯᠠᠭ᠎ᠠ ᠵᠡᠷᠭᠡ ᠲᠠᠯ᠎ᠠ ᠪᠠᠷ ᠡᠬᠢ ᠪᠠᠶᠠᠯᠢᠭ ᠤᠨ ᠲᠤᠬᠢᠷᠠᠭᠤᠯᠤᠯᠲᠠ ᠶᠢ ᠴᠢᠷᠮᠠᠶᠢᠨ ᠲᠡᠩᠴᠡᠬᠦᠷᠢᠰᠢᠬᠦᠯᠵᠦ᠂ ᠬᠤᠲᠠ ᠪᠠᠯᠭᠠᠰᠤᠨ ᠤ ᠦᠨᠳᠦᠰᠦᠨ ᠤᠯᠠᠨ ᠨᠡᠶᠢᠲᠠ ᠶᠢᠨ ᠰᠤᠶᠤᠯ ᠤᠨ ᠦᠢᠯᠡᠴᠢᠯᠡᠭᠡᠨ ᠤ ᠲᠡᠩᠴᠡᠬᠦᠷᠢᠰᠢᠯ ᠢ ᠠᠬᠢᠭᠤᠯᠵᠦ᠂ ︽ᠠᠯᠠᠱᠠ ᠠᠶᠢᠮᠠᠭ ᠤᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠤᠶᠤᠯ ᠦᠢᠯᠡᠴᠢᠯᠡᠭᠡᠨ ᠤ ᠲᠦᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠬᠡᠷᠡᠭᠵᠢᠬᠦᠯᠬᠦ ᠲᠦᠰᠦᠯ︾ ᠤᠨ ᠱᠠᠭᠠᠷᠳᠠᠯᠭ᠎ᠠ ᠪᠠᠷ᠂ ᠱᠠᠲᠤ ᠬᠤᠭᠤᠴᠠᠭ᠎ᠠ᠂ ᠠᠯᠬᠤᠮ ᠳᠠᠷᠠᠭ᠎ᠠ ᠬᠤᠪᠢᠶᠠᠨ᠂ ᠡᠯ᠎ᠠ ᠬᠤᠰᠢᠭᠤ ᠲᠤᠭᠤᠷᠢᠭ ᠤᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠤᠶᠤᠯ ᠤᠨ ᠦᠢᠯᠡᠴᠢᠯᠡᠭᠡᠨ ᠤ ᠲᠦᠪ ᠢ ᠲᠦᠯᠬᠢᠨ ᠠᠬᠢᠭᠤᠯᠵᠦ᠂ 2020 ᠤᠨ ᠳᠤ ᠪᠠᠷᠢᠮᠵᠢᠶ᠎ᠠ  ᠳᠤ ᠬᠦᠷᠦᠭᠰᠡᠨ ᠨᠤᠷᠮ᠎ᠠ ᠶᠢ 100% ᠳᠤ ᠬᠦᠷᠭᠡᠬᠦ ᠶᠢ ᠴᠢᠷᠮᠠᠶᠢᠨ ᠪᠡᠶᠡᠯᠡᠬᠦᠯᠦᠨ᠎ᠠ᠃ ᠤᠯᠠᠨ ᠨᠡᠶᠢᠲᠠ ᠶᠢᠨ ᠰᠤᠶᠤᠯ ᠤᠨ ᠦᠢᠯᠡᠴᠢᠯᠡᠭᠡᠨ ᠤ ᠪᠠᠷᠢᠮᠵᠢᠶᠠᠵᠢᠯ᠂ ᠰᠢᠯᠢᠳᠡᠭᠵᠢᠯ ᠤᠨ ᠬᠠᠷᠠᠯᠲᠠ ᠶᠢᠨ ᠲᠤᠭᠤᠷᠢᠨ ᠳᠤ᠂ ᠠᠶᠢᠮᠠᠭ ᠬᠤᠰᠢᠭᠤᠨ ᠤ ᠤᠯᠠᠨ ᠨᠡᠶᠢᠲᠠ ᠶᠢᠨ ᠰᠤᠶᠤᠯ ᠤᠷᠠᠯᠢᠭ ᠤᠨ ᠤᠷᠳᠤᠨ ︵ᠰᠤᠶᠤᠯ ᠤᠨ ᠤᠷᠳᠤᠨ︶᠂ ᠨᠤᠮ ᠤᠨ ᠰᠠᠩ᠂ ᠮᠦᠽᠸᠢ᠂ ᠤᠷᠠᠨ ᠵᠢᠷᠤᠭ ᠤᠨ ᠤᠷᠳᠤᠨ᠂ ᠤᠷᠠᠨ ᠰᠠᠶᠢᠬᠠᠨ ᠤ ᠲᠦᠪ᠂ ᠠᠯᠠᠱᠠ ᠶᠢᠨ ᠨᠤᠮ ᠤᠨ ᠬᠦᠷᠢᠶᠡᠯᠡᠩ ᠵᠡᠷᠭᠡ ᠤᠯᠠᠨ ᠨᠡᠶᠢᠲᠠ ᠶᠢᠨ ᠰᠤᠶᠤᠯ ᠤᠨ ᠲᠦᠬᠦᠭᠡᠷᠦᠮᠵᠢ ᠶᠢᠨ ᠪᠠᠶᠢᠭᠤᠯᠤᠯᠲᠠ ᠶᠢ ᠤᠯᠠᠮ ᠨᠢᠬᠡ ᠠᠯᠬᠤᠮ ᠴᠢᠩᠭᠠᠳᠬᠠᠵᠦ᠂ ᠤᠯᠠᠨ ᠨᠡᠶᠢᠲᠠ ᠶᠢᠨ ᠰᠤᠶᠤᠯ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠤᠯᠠᠨ ᠨᠡᠶᠢᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠬᠦᠯᠦᠨ᠎ᠠ᠃ ᠵᠠᠰᠠᠭ ᠤᠨ ᠤᠷᠳᠤᠨ ᠤ ᠤᠯᠠᠨ ᠨᠡᠶᠢᠲᠠ ᠶᠢᠨ ᠰᠤᠶᠤᠯ ᠤᠨ ᠦᠢᠯᠴᠢᠯᠡᠭᠡ ᠶᠢ ᠬᠤᠳᠠᠯᠳᠤᠨ ᠠᠪᠬᠤ ᠬᠦᠴᠦᠯᠡᠴᠡ ᠶᠢ ᠴᠢᠩᠭᠠᠳᠬᠠᠵᠦ᠂ ᠰᠢᠯᠢᠳᠡᠭ ᠰᠤᠶᠤᠯ ᠤᠨ ᠪᠦᠲᠦᠭᠡᠭᠳᠡᠬᠦᠨ  ᠤ ᠬᠠᠩᠭᠠᠯᠭ᠎ᠠ ᠲᠠᠷᠬᠠᠯᠲᠠ ᠶᠢ ᠠᠬᠢᠭᠤᠯᠤᠨ᠎ᠠ᠃     ︵ᠭᠤᠷᠪᠠ︶ ᠤᠳᠬ᠎ᠠ ᠤᠷᠠᠯᠢᠭ ᠤᠨ ᠡᠬᠦᠲᠤᠨ ᠪᠦᠲᠤᠭᠡᠯᠳᠡ ᠶᠢᠨ ᠲᠤᠭᠯᠠᠯᠳᠠ ᠶᠢ ᠶᠡᠭᠡᠪᠠᠷ ᠬᠦᠭᠵᠢᠬᠦᠯᠦᠨ ᠪᠠᠳᠠᠷᠠᠭᠤᠯᠤᠨ᠎ᠠ᠃ ᠦᠪᠠᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ  ᠤᠨ ᠤᠢ᠂ ᠨᠠᠮ ᠤᠨ ᠠᠷᠪᠠᠨ ᠶᠢᠰᠤᠲᠤᠭᠡᠷ ᠶᠡᠭᠡ ᠬᠤᠷᠠᠯ  ᠤᠨ ᠠᠮᠵᠢᠯᠳᠠ ᠲᠠᠢ ᠬᠤᠷᠠᠯᠲᠤᠬᠤ ᠵᠡᠷᠭᠡ ᠴᠢᠬᠤᠯᠨ ᠵᠠᠩᠬᠢᠯᠠᠭ᠎ᠠ ᠶᠢᠨ ᠲᠤᠭᠤᠷᠢᠨ ᠳᠤ᠂ ᠨᠢᠭᠡᠲᠤᠯᠲᠡᠢ ᠲᠦᠯᠦᠪᠯᠠᠨ ᠲᠦᠯᠦᠪᠵᠢᠬᠦᠯᠵᠦ᠂ ᠦᠨᠲᠤᠷ ᠶᠠᠰᠤ ᠴᠢᠨᠠᠷ᠂ ᠦᠨᠲᠤᠷ ᠬᠢᠷᠢ ᠲᠦᠪᠰᠢᠨ ᠲᠠᠢ ᠪᠠᠷ ᠦᠪᠠᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ  ᠤᠨ ᠤᠢ ᠶᠢ ᠪᠠᠯᠭᠡᠯᠡᠬᠦ ᠦᠷ᠎ᠠ ᠪᠦᠲᠤᠮᠵᠢ ᠶᠢᠨ ᠦᠵᠡᠬᠦᠯᠦᠯᠭᠡ᠂ ᠤᠳᠬ᠎ᠠ ᠤᠷᠠᠯᠢᠭ ᠤᠨ ᠰᠢᠷᠢᠰ ᠲᠡᠯᠭᠡᠨ ᠦᠵᠠᠬᠦᠯᠦᠯᠭᠡ᠂ ᠦᠵᠡᠬᠦᠯᠦᠭᠡ ᠶᠢᠨ ᠲᠤᠭᠯᠠᠯᠲᠠ ᠪᠠ ᠠᠷᠠᠳ ᠤᠯᠠᠨ ᠤ ᠤᠯᠠᠨ ᠵᠦᠢᠯ ᠤᠨ ᠰᠤᠶᠤᠯ ᠤᠨ ᠠᠵᠢᠯᠯᠠᠭ᠎ᠠ ᠶᠢ ᠰᠠᠶᠢᠲᠤᠷ ᠡᠷᠬᠢᠯᠠᠨ ᠬᠢᠵᠦ᠂ ᠨᠠᠢᠮᠠᠲᠤᠭᠠᠷ ᠬᠤᠭᠤᠴᠠᠭᠠᠨ ᠤ ᠲᠤᠮᠳᠠᠲᠤ ᠤᠯᠤᠰ · ᠠᠯᠠᠱᠨ ᠶᠢᠨ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠠᠵᠦ᠂ ᠶᠡᠭᠡ ᠪᠠᠶᠠᠷ ᠢ ᠦᠪᠡᠳᠡᠭᠰᠢ ᠶᠡᠭᠡ ᠪᠠᠷ ᠪᠡᠯᠭᠡᠯᠡᠬᠦ ᠠᠭᠤᠷ ᠠᠮᠢᠰᠬᠤᠯ  ᠢ ᠪᠤᠢ ᠪᠤᠯᠭᠠᠨ᠎ᠠ᠃ ᠤᠯᠠᠨ ᠲᠦᠮᠠᠨ ᠢᠶᠠᠷ ᠭᠤᠤᠯ ᠪᠤᠯᠭᠠᠭᠰᠠᠨ ᠡᠬᠦᠲᠤᠨ ᠪᠠᠶᠢᠭᠤᠯᠬᠤ ᠤᠲᠤᠷᠢᠲᠤᠮᠵᠢ ᠶᠢ ᠪᠠᠷᠢᠮᠳᠠᠯᠠᠵᠦ᠂ ︽ᠡᠵᠠᠨ᠎ᠠ ᠬᠤᠰᠢᠭᠤ ᠲᠦᠪ ᠢ ᠭᠤᠷᠪᠠᠨᠳᠠ ᠨᠡᠬᠦᠯᠭᠡᠭᠰᠡᠨ︾᠂ ︽ᠠᠯᠠᠱᠨ ᠢ ᠨᠠᠶᠢᠷᠠᠮᠳᠠᠯ ᠢᠶᠠᠷ ᠴᠢᠯᠦᠭᠡᠯᠡᠬᠦ︾᠂ ︽ᠰᠠᠬᠢᠨ ᠪᠠᠷᠠᠯᠠᠵᠦ ᠬᠠᠷᠢᠯᠴᠠᠨ ᠬᠠᠪᠰᠤᠷᠬᠤ᠂ ᠦᠨᠲᠤᠰᠤᠳᠠᠨ ᠤ ᠪᠦᠯᠬᠦᠮᠳᠠᠯ ᠨᠢᠭᠡ ᠭᠡᠷ ᠤᠨ ᠬᠠᠶᠢᠷ᠎ᠠ︾᠂ ︽ᠪᠤᠬᠢᠷᠲᠤᠯ ᠦᠭᠡᠢ ᠤᠷᠤᠨ ᠨᠤᠲᠤᠭ᠄ ᠨᠤᠲᠤᠭ ᠤᠰᠤ ᠪᠠᠨ ᠰᠠᠨᠠᠭᠠᠯᠵᠠᠬᠤ᠂ ᠨᠤᠲᠤᠭ ᠤᠰᠤ ᠪᠠᠨ ᠰᠠᠬᠢᠨ ᠬᠠᠶᠢᠷᠠᠯᠠᠬᠤ︾ ᠪᠠ ︽ᠦᠨᠲᠤᠰᠤᠳᠠᠨ ᠤ ᠤᠷᠤᠨ ᠤ ᠦᠪᠠᠷᠳᠡᠭᠡᠨ ᠵᠠᠰᠠᠬᠤ ᠲᠦᠷᠢᠮ ᠤᠨ ᠠᠯᠠᠱᠨ ᠳᠠᠬᠢ ᠪᠤᠳᠠᠲᠤ ᠦᠢᠯᠡᠲᠤᠯᠭᠡ︾ ᠵᠡᠷᠭᠡ ᠠᠯᠠᠱᠨ ᠶᠢᠨ ᠤᠨᠴᠠᠯᠢᠭ ᠪᠦᠬᠦᠢ ᠴᠢᠬᠤᠯᠨ ᠶᠡᠭᠡ ᠲᠡᠤᠭᠡ ᠪᠠ ᠪᠤᠳᠠᠲᠤ ᠭᠤᠤᠯ ᠰᠡᠲᠤᠪ ᠢ ᠲᠡᠯᠭᠡᠨ ᠦᠵᠡᠬᠦᠯᠵᠦ᠂ ᠨᠢᠭᠡ ᠪᠦᠯᠦᠭ ᠤᠬᠠᠮᠰᠠᠷᠬᠤᠢ᠂ ᠬᠠᠯᠠᠮᠰᠤᠷᠬᠤᠢ᠂ ᠭᠡᠪ ᠰᠤᠷᠳᠠᠯ ᠲᠠᠢ ᠪᠦᠬᠦ ᠤᠷᠤᠨ ᠳᠤ ᠪᠠᠨ ᠦᠷᠢᠰᠦᠯᠲᠤᠬᠦ ᠬᠦᠴᠦᠨ ᠲᠠᠢ᠂  ᠰᠤᠩᠭᠤᠳᠠᠭ ᠵᠤᠬᠢᠶᠠᠯ  ᠢ ᠰᠠᠶᠢᠯᠪᠤᠷᠢᠯᠠᠵᠦ ᠭᠠᠷᠭᠠᠬᠤ ᠭᠡᠷᠡᠭᠲᠡᠢ᠃ ᠮᠠᠨ ᠤ ᠠᠶᠢᠮᠠᠭ ᠤᠨ ᠰᠤᠶᠤᠯ ᠤᠷᠠᠯᠢᠭ ᠢ ᠴᠡᠴᠡᠭᠯᠡᠬᠦᠯᠦᠨ ᠬᠦᠭᠵᠢᠬᠦᠯᠬᠦ ︽ᠭᠡᠷᠡᠭᠵᠢᠬᠦᠯᠬᠦ ᠠᠷᠭ᠎ᠠ︾ ᠪᠠ ︽ᠤᠳᠬ᠎ᠠ ᠤᠷᠠᠯᠢᠭ ᠤᠨ ᠦᠨᠠᠯᠠᠯᠳᠠ ᠬᠢᠬᠦ ᠠᠵᠢᠯ ᠢ ᠴᠢᠩᠭᠠᠳᠬᠠᠨ ᠦᠭᠡᠷᠡᠴᠢᠯᠠᠬᠦ ᠲᠤᠬᠠᠢ ᠭᠡᠷᠡᠭᠵᠢᠬᠦᠯᠬᠦ ᠠᠷᠭ᠎ᠠ︾ ᠶᠢ ᠰᠤᠲᠤᠯᠤᠨ ᠲᠤᠭᠳᠠᠭᠠᠵᠦ᠂ ᠤᠳᠬ᠎ᠠ ᠤᠷᠠᠯᠢᠭ ᠤᠨ ᠰᠤᠲᠤᠨ ᠪᠦᠲᠤᠭᠡᠯ ᠤᠨ ᠡᠭᠦᠳᠦᠨ ᠪᠦᠲᠦᠭᠡᠯᠲᠠ ᠲᠡᠭᠡᠷ᠎ᠡ ᠰᠢᠨ᠎ᠡ ᠰᠢᠪᠲᠤᠯᠤᠯᠳᠠ ᠤᠯᠬᠤ ᠶᠢ ᠲᠦᠯᠬᠢᠨ ᠠᠬᠢᠭᠤᠯᠤᠨ᠎ᠠ᠃     ︵ᠲᠦᠷᠪᠡ︶ ᠰᠤᠶᠤᠯ ᠤᠨ ᠠᠵᠦ ᠦᠢᠯᠡᠰ ᠤᠨ ᠳᠠᠪᠠᠯᠲᠠ ᠶᠢᠨ ᠬᠡᠯᠪᠡᠷᠢ ᠶᠢᠨ ᠬᠦᠭᠵᠢᠯᠲᠠ ᠶᠢ ᠴᠢᠷᠮᠠᠶᠢᠨ ᠪᠡᠶᠡᠯᠡᠬᠦᠯᠦᠨ᠎ᠠ᠃ ︽ᠠᠯᠠᠱᠠ ᠠᠶᠢᠮᠠᠭ ᠤᠨ ᠰᠤᠶᠤᠯ ᠤᠨ ᠠᠵᠦ ᠦᠢᠯᠡᠰ ᠤᠨ ᠲᠤᠮᠳᠠ ᠤᠷᠳᠤ ᠬᠤᠭᠤᠴᠠᠭᠠᠨ ᠤ ᠬᠦᠭᠵᠢᠯᠲᠠ ᠶᠢᠨ ᠲᠦᠯᠦᠪᠵᠢᠬᠦᠯᠭᠡ︾ ᠶᠢ ᠲᠦᠷᠬᠡᠬᠡᠨ ᠲᠤᠭᠳᠠᠭᠠᠵᠦ᠂ ︽ᠠᠯᠠᠱᠠ ᠠᠶᠢᠮᠠᠭ ᠤᠨ ᠰᠤᠶᠤᠯ ᠤᠨ ᠠᠵᠦ ᠦᠢᠯᠡᠰ ᠢ ᠲᠦᠷᠬᠡᠨ ᠬᠦᠭᠵᠢᠬᠦᠯᠬᠦ ᠲᠤᠬᠠᠢ ᠬᠡᠷᠡᠭᠵᠢᠬᠦᠯᠬᠦ ᠰᠠᠨᠠᠯ︾ ᠢ ᠬᠢᠨᠠᠮᠠᠭᠠᠢ ᠬᠡᠷᠡᠭᠵᠢᠬᠦᠯᠦᠨ᠎ᠠ᠃ ᠰᠤᠶᠤᠯ ᠬᠢᠬᠡᠳ ᠵᠢᠭᠤᠯᠴᠢᠯᠠᠯ ᠤᠨ ᠠᠭᠤᠰᠤᠯᠴᠠᠯ ᠬᠦᠭᠵᠢᠯᠲᠠ ᠶᠢ ᠬᠦᠴᠦᠯᠡᠨ ᠠᠬᠢᠭᠤᠯᠵᠦ᠂ ᠨᠠᠢᠮᠠᠳᠤᠭᠠᠷ ᠬᠤᠭᠤᠴᠠᠭᠠᠨ ᠤ ᠲᠤᠮᠳᠠᠳᠤ ᠤᠯᠤᠰ · ᠠᠯᠠᠱᠠ ᠶᠢᠨ ᠰᠤᠶᠤᠯ ᠵᠢᠭᠤᠯᠴᠢᠯᠠᠯ ᠤᠨ ᠨᠠᠶᠢᠷ ᠤᠨ ᠰᠢᠷᠢᠰ ᠰᠢᠯᠢᠳᠡᠭ ᠬᠦᠳᠡᠯᠭᠡᠭᠡᠨ᠂ ︽ᠬᠠᠨ ᠲᠡᠭᠷᠢ ᠰᠢᠳᠢ ᠶᠢᠨ ᠤᠷᠤᠨ ᠠᠯᠠᠱᠠ︾ ᠵᠡᠷᠭᠡ ᠰᠤᠶᠤᠯ ᠵᠢᠭᠤᠯᠴᠢᠯᠠᠯ ᠤᠨ ᠷᠠᠳᠢᠤ᠋ ᠲᠧᠯᠸᠢᠰ ᠫᠷᠤᠭ᠍ᠷᠠᠮ ᠢ ᠦᠢᠯᠡᠳᠴᠦ ᠳᠡᠯᠭᠡᠷᠡᠬᠦᠯᠬᠦ᠂ ︽ᠮᠦᠩᠬᠡ ᠶᠢᠨ ᠮᠤᠷᠢᠨ ᠮᠠᠭᠳᠠᠭᠠᠯ︾ ᠵᠡᠷᠭᠡ ᠤᠨᠴᠠᠯᠢᠭᠲᠦ ᠰᠤᠶᠤᠯ  ᠤᠷᠠᠯᠢᠭ ᠤᠨ ᠢᠠᠵᠧᠨ᠋ᠷᠢᠩ ᠢ ᠬᠦᠮᠦᠵᠢᠬᠦᠯᠵᠦ ᠤᠷᠤᠭᠤᠯᠬᠤ᠂ ᠵᠢᠦᠢ ᠶᠠᠨ ᠰᠤᠶᠤᠯ ᠵᠢᠭᠤᠯᠴᠢᠯᠠᠯ ᠤᠨ ᠤᠷᠤᠨ ᠵᠡᠷᠭᠡ ᠤᠨᠴᠠᠯᠢᠭᠲᠦ ᠰᠤᠶᠤᠯ ᠵᠢᠭᠤᠯᠴᠢᠯᠠᠯ ᠤᠨ ᠦᠵᠡᠮᠵᠢ ᠶᠢᠨ ᠤᠷᠤᠨ ᠤ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠰᠤᠶᠤᠯ ᠬᠢᠬᠡᠳ ᠵᠢᠭᠤᠯᠴᠢᠯᠠᠯ ᠤᠨ ᠨᠡᠩ ᠳᠤᠮᠤ ᠬᠦᠷᠢᠶ᠎ᠡ ᠬᠡᠪᠴᠢᠶ᠎ᠠ᠂ ᠨᠡᠩ ᠦᠷᠭᠡᠨ ᠬᠦᠷᠢᠶ᠎ᠠ ᠴᠠᠷ᠎ᠠ᠂ ᠨᠡᠩ ᠦᠨᠳᠦᠷ ᠲᠠᠪᠬᠤᠷᠭ᠎ᠠ ᠳᠠᠬᠢ ᠬᠦᠨ ᠠᠭᠤᠰᠤᠯᠴᠠᠯ ᠢ ᠲᠦᠯᠬᠢᠨ ᠠᠬᠢᠭᠤᠯᠵᠦ᠂ ︽ᠬᠠᠨ ᠲᠡᠭᠷᠢ ᠰᠢᠳᠢ ᠶᠢᠨ ᠤᠷᠤᠨ︾ ᠰᠤᠶᠤᠯ ᠵᠢᠭᠤᠯᠴᠢᠯᠠᠯ ᠤᠨ ᠨᠡᠷᠡᠲᠦ ᠲᠡᠮᠳᠡᠭᠲᠦ ᠢ ᠤᠯᠠᠮ  ᠶᠡᠬᠡᠰᠬᠡᠨ ᠪᠤᠵᠠᠭᠠᠶᠢᠷᠠᠭᠤᠯᠵᠦ᠂ ᠰᠤᠶᠤᠯ ᠤᠨ ᠬᠦᠨᠴᠡ ᠬᠢᠭᠡᠳ ᠤᠷᠠᠯᠢᠭ ᠤᠨ ᠬᠠᠯᠠᠮᠰᠢᠯ ᠪᠦᠬᠦᠢ ᠪᠦᠬᠦ ᠬᠡᠪᠴᠢᠶᠠᠨ ᠤ ᠵᠢᠭᠤᠯᠴᠢᠯᠠᠯ᠂ ᠪᠦᠬᠦ ᠴᠠᠭ ᠤᠨ ᠵᠢᠭᠤᠯᠴᠢᠯᠠᠯ ᠪᠠ ᠪᠦᠬᠦ ᠠᠷᠠᠳ ᠤᠨ ᠵᠢᠭᠤᠯᠴᠢᠯᠠᠯ ᠢ ᠴᠤᠭᠴᠠᠯᠠᠨ ᠪᠠᠶᠢᠭᠤᠯᠤᠨ᠎ᠠ᠃ ᠬᠤᠯᠠ ᠲᠠᠬᠢᠨ ᠢ ᠲᠤᠭᠳᠠᠭᠠᠭᠴᠢ ᠬᠠᠭᠤᠴᠢᠨ ᠬᠤᠲᠠ ᠶᠢᠨ ᠦᠨᠳᠦᠰᠦᠲᠡᠨ ᠤ ᠰᠤᠶᠤᠯ ᠠᠷᠠᠨᠰᠢᠨ ᠤ ᠬᠦᠷᠢᠶᠡᠯᠡᠩ᠂ ᠶᠡᠭᠡ ᠵᠢᠦᠢ ᠶᠠᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠬᠦᠷᠢᠶᠡᠯᠡᠩ᠂ ᠳᠤᠮᠳᠠᠳᠤ ᠶᠢᠨ ︽ᠢᠷᠠᠭᠤ ᠨᠠᠶᠢᠷᠠᠭ ᠤᠨ ᠨᠡᠶᠢᠰᠯᠡᠯ ︵ᠬᠤᠲᠠ︶︾ ᠵᠡᠷᠭᠡ ᠴᠢᠬᠤᠯᠠ ᠳᠤᠮᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠵᠢᠱᠢᠶ᠎ᠠ ᠦᠵᠡᠬᠦᠯᠬᠦ ᠲᠦᠷᠦᠯ ᠵᠦᠢᠯ ᠢ ᠬᠦᠴᠦᠯᠡᠨ ᠴᠤᠭᠴᠠᠯᠠᠵᠦ᠂ ᠰᠤᠶᠤᠯ ᠤᠨ ᠠᠵᠦ ᠦᠢᠯᠡᠰ ᠤᠨ ᠬᠡᠪᠴᠢᠶᠡᠵᠢᠲᠦ᠂  ᠲᠦᠪᠯᠡᠷᠡᠯᠲᠦ ᠬᠦᠭᠵᠢᠯᠲᠠ ᠶᠢ ᠬᠦᠳᠦᠯᠦᠨ ᠳᠠᠭᠠᠭᠤᠯᠤᠨ᠎ᠠ᠃ ᠰᠤᠶᠤᠯ ᠤᠨ ᠠᠵᠦ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠠ ᠪᠠᠷ ᠭᠠᠷᠳᠠᠴᠠ ᠪᠤᠯᠭᠠᠨ᠂ ︽ᠰᠤᠶᠤᠯ +︾ ᠪᠠᠶᠢᠯᠳᠤᠬᠤ ᠪᠤᠳᠤᠯᠭ᠎ᠠ  ᠶᠢ ᠬᠡᠷᠡᠭᠵᠢᠬᠦᠯᠵᠦ᠂ ᠰᠤᠶᠤᠯ ᠤᠨ ᠠᠵᠦ ᠦᠢᠯᠡᠰ ᠬᠢᠬᠡᠳ ᠮᠠᠯ ᠠᠵᠦ ᠠᠬᠤᠢ ᠲᠠᠷᠢᠶᠠᠯᠠᠩ᠂ ᠠᠵᠦ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠬᠦᠨ ᠠᠭᠤᠰᠤᠯᠴᠠᠯ ᠢ ᠠᠬᠢᠭᠤᠯᠤᠨ᠂ ᠰᠢᠨ᠎ᠠ ᠮᠦᠷᠲᠡᠭᠡᠨ ᠵᠠᠬ᠎ᠠ ᠳᠡᠯᠭᠡᠬᠦᠷ ᠤᠨ ᠱᠠᠭᠠᠷᠳᠠᠯᠭ᠎ᠠ ᠶᠢ ᠬᠠᠩᠭᠠᠵᠦ ᠴᠢᠳᠠᠬᠤ ᠰᠤᠶᠤᠯ ᠤᠨ ᠠᠵᠦ ᠦᠢᠯᠡᠰ ᠤᠨ ᠬᠦᠭᠵᠢᠯᠲᠠ ᠶᠢᠨ ᠬᠡᠯᠪᠡᠷᠢ ᠶᠢ ᠡᠭᠦᠳᠦᠨ ᠪᠦᠲᠦᠭᠡᠨ᠎ᠠ᠃ ︽ᠳᠤᠳᠤᠨᠤ ᠦᠨᠡᠨᠴᠢ ᠠᠰᠢᠭᠲᠠᠢ ᠪᠠᠭᠳᠠᠭᠠᠮᠵᠢᠲᠠᠢ︾ ᠵᠤᠷᠢᠭ ᠰᠠᠨᠠᠭ᠎ᠠ ᠪᠠᠷ ᠰᠤᠶᠤᠯ ᠤᠨ ᠪᠦᠲᠦᠭᠡᠯᠴᠢ ᠠᠵᠦ ᠦᠢᠯᠡᠰ ᠤᠨ ᠭᠠᠳᠠᠭᠠᠲᠤ ᠨᠡᠬᠡᠬᠡᠯᠲᠠ ᠶᠢᠨ ᠬᠢᠷᠢ ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠰᠢᠯᠢᠳᠡᠭ ᠰᠤᠶᠤᠯ ᠤᠨ ᠠᠵᠦ ᠠᠬᠤᠶᠢᠯᠠᠯ᠂ ᠰᠤᠶᠤᠯ ᠤᠨ ᠡᠭᠦᠳᠦᠨ ᠪᠦᠲᠦᠭᠡᠯᠴᠢ ᠴᠢᠳᠠᠪᠤᠷᠢᠲᠠᠨ  ᠢ ᠢᠲᠡᠪᠬᠢᠳᠠᠢ ᠲᠠᠳᠠᠨ ᠤᠷᠤᠭᠤᠯᠵᠦ᠂ ᠠᠯᠠᠱᠠ ᠶᠢᠨ ᠰᠤᠶᠤᠯ ᠤᠨ ᠠᠵᠦ ᠦᠢᠯᠡᠰ ᠤᠨ ᠬᠦᠭᠵᠢᠯᠲᠠ ᠳᠤ ᠤᠷᠤᠯᠴᠠᠭᠤᠯᠤᠨ᠎ᠠ᠃     ︵ᠲᠠᠪᠤ︶ ᠰᠤᠶᠤᠯ ᠤᠨ ᠦᠪ ᠬᠦᠷᠦᠩᠭᠡ ᠶᠢ ᠤᠯᠠᠮᠵᠢᠯᠠᠨ ᠬᠠᠮᠠᠭᠠᠯᠠᠬᠤ ᠬᠢᠷᠢ ᠲᠦᠪᠰᠢᠨ ᠢ ᠬᠦᠴᠦᠯᠡᠨ ᠲᠡᠭᠡᠭᠰᠢᠯᠡᠬᠦᠯᠦᠨ᠎ᠠ᠃ ︽ᠬᠠᠮᠠᠭᠠᠯᠠᠬᠤ ᠪᠠᠷ ᠭᠤᠤᠯ ᠪᠤᠯᠭᠠᠨ᠂ ᠲᠦᠷᠭᠡᠨ ᠠᠪᠤᠷᠠᠬᠤ ᠶᠢ ᠨᠢᠬᠡᠳᠦᠭᠡᠷ ᠲᠤ ᠲᠠᠯᠪᠢᠵᠦ᠂ ᠵᠦᠢ ᠵᠤᠬᠢᠰᠳᠠᠢ ᠠᠰᠢᠭᠯᠠᠵᠦ᠂ ᠬᠠᠮᠢᠶᠠᠷᠤᠯᠲᠠ ᠪᠠᠨ ᠴᠢᠩᠭᠠᠳᠬᠠᠬᠤ︾ ᠠᠵᠢᠯ ᠤᠨ ᠴᠢᠭᠯᠡᠯᠲᠠ ᠶᠢ ᠪᠠᠷᠢᠮᠳᠠᠯᠠᠵᠦ᠂ ᠲᠡᠦᠬᠡᠨ ᠲᠤᠷᠠᠰᠬᠠᠯᠲᠦ ᠵᠦᠢᠯ ᠤᠨ ᠬᠠᠮᠠᠭᠠᠯᠠᠯᠲᠠ ᠶᠢᠨ ᠬᠦᠴᠦᠯᠡᠴᠠ ᠪᠠᠨ ᠦᠨᠡᠨᠬᠦ ᠴᠢᠩᠭᠠᠳᠬᠠᠨ᠎ᠠ᠃ ᠲᠡᠦᠬᠡ ᠶᠢᠨ ᠲᠤᠷᠠᠰᠬᠠᠯᠲᠤ ᠵᠦᠢᠯ ᠡᠷᠲᠡᠨ ᠤ ᠦᠯᠡᠳᠡᠭᠳᠡᠯ ᠤᠨ ᠤᠯᠠᠮᠵᠢᠯᠠᠯ ᠬᠠᠮᠠᠭᠠᠯᠠᠯᠲᠠ ᠶᠢᠨ ᠲᠠᠯ᠎ᠠ   ᠪᠠᠷ᠂ ᠲᠡᠦᠬᠡ ᠶᠢᠨ ᠲᠤᠷᠠᠰᠬᠠᠯᠲᠤ ᠵᠦᠢᠯ ᠡᠷᠲᠡᠨ ᠤ ᠦᠯᠡᠳᠡᠭᠳᠡᠯ ᠤᠨ ᠲᠡᠦᠬᠡᠨ ᠶᠠᠩᠵᠦ ᠪᠠᠶᠢᠳᠠᠯ ᠢ ᠤᠭ ᠴᠤᠭᠴᠠ ᠶᠢ ᠬᠠᠮᠠᠭᠠᠯᠠᠬᠤ  ᠲᠠᠢ ᠠᠳᠠᠯᠢ ᠪᠠᠷ ᠬᠠᠮᠠᠭᠠᠯᠠᠨ᠎ᠠ᠂ ᠲᠡᠦᠬᠡᠨ ᠶᠠᠩᠵᠦ ᠪᠠᠶᠢᠳᠠᠯ ᠪᠤᠯ ᠲᠡᠦᠬᠡ ᠶᠢᠨ ᠲᠤᠷᠠᠰᠬᠠᠯᠲᠤ ᠵᠦᠢᠯ ᠡᠷᠲᠡᠨ ᠤ ᠦᠯᠡᠳᠡᠭᠳᠡᠯ ᠤᠨ ᠴᠢᠬᠤᠯᠠ ᠪᠦᠷᠢᠯᠳᠦᠬᠦᠨ ᠬᠡᠰᠡᠭ ᠮᠦᠨ᠂ ᠬᠡᠷᠪᠡ ᠡᠪᠳᠡᠭᠳᠡᠯ ᠳᠤ ᠤᠴᠠᠷᠠᠪᠠᠯ᠂ ᠲᠡᠦᠬᠡ ᠶᠢᠨ ᠲᠤᠷᠠᠰᠬᠠᠯᠲᠤ ᠵᠦᠢᠯ ᠡᠷᠲᠡᠨ ᠤ ᠦᠯᠡᠳᠡᠭᠳᠡᠯ ᠤᠨ ᠲᠡᠦᠬᠡ ᠰᠤᠶᠤᠯ ᠤᠨ ᠠᠭᠤᠯᠤᠭᠳᠠᠬᠤᠨ ᠨᠢ ᠲᠤᠩ ᠶᠡᠭᠡ ᠬᠤᠬᠢᠷᠠᠯ ᠳᠤ ᠤᠴᠠᠷᠠᠨ᠎ᠠ᠂ ᠡᠯ᠎ᠠ ᠬᠤᠰᠢᠭᠤ ᠲᠤᠭᠤᠷᠢᠭ᠂ ᠬᠠᠮᠢᠶ᠎ᠠ ᠪᠦᠬᠦᠢ ᠰᠠᠯᠠᠭ᠎ᠠ ᠮᠦᠴᠢᠷ ᠡᠷᠭᠡᠪᠰᠢ ᠬᠠᠮᠠᠭᠠᠯᠠᠬᠤ ᠤᠬᠠᠮᠰᠠᠷ ᠢ ᠪᠠᠲᠤ ᠪᠠᠬᠢ ᠱᠤᠭᠤᠨ᠂ ᠲᠡᠦᠬᠡ ᠶᠢᠨ ᠲᠤᠷᠠᠰᠬᠠᠯᠲᠤ ᠵᠦᠢᠯ ᠡᠷᠲᠡᠨ ᠤ ᠦᠯᠡᠳᠡᠭᠳᠡᠯ ᠤᠨ ᠤᠭ ᠴᠤᠭᠴᠠ ᠶᠢ ᠬᠠᠮᠠᠭᠠᠯᠠᠬᠤ ᠪᠠᠷ ᠪᠠᠷᠠᠬᠤ ᠦᠭᠡᠢ ᠲᠡᠭᠦᠨ ᠤ ᠲᠡᠦᠬᠡᠨ ᠶᠠᠩᠵᠦ ᠪᠠᠶᠢᠳᠠᠯ ᠢ ᠴᠦ ᠬᠠᠮᠠᠭᠠᠯᠠᠬᠤ ᠬᠡᠷᠡᠭᠳᠡᠢ᠃ ᠦᠨᠦ ᠵᠢᠯ᠂ ᠪᠢᠳᠠ ᠤᠯᠤᠰ ᠤᠨ ︽ᠨᠢᠬᠡ ᠪᠦᠰᠡ ᠨᠢᠬᠡ ᠱᠤᠭᠤᠮ︾ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠵᠢᠦᠢ ᠶᠠᠨ ᠶᠡᠭᠡ ᠪᠠᠭᠤᠷᠢ ᠶᠢᠨ ᠳᠡᠯᠡᠬᠡᠢ ᠶᠢᠨ ᠰᠤᠶᠤᠯ ᠤᠨ ᠦᠪ ᠬᠦᠷᠦᠩᠬᠡ ᠶᠢᠨ ᠮᠡᠳᠡᠭᠦᠯᠦᠯᠲᠠ ᠪᠠ ᠬᠠᠮᠠᠭᠠᠯᠠᠯᠲᠠ ᠶᠢᠨ ᠢᠨᠵᠧᠨᠧᠷᠢᠩ ᠢ ᠡᠬᠢᠯᠡᠬᠦᠯᠵᠦ᠂ ᠠᠯᠠᠱᠠ ᠶᠢᠨ ᠣᠯᠤᠰ ᠤᠨ ᠬᠠᠳᠠᠨ ᠵᠢᠷᠤᠭ ᠤᠨ ᠮᠦᠽᠸᠢ ᠵᠡᠷᠭᠡ ᠨᠢᠬᠡ ᠪᠦᠯᠦᠭ ᠭᠤᠤᠯᠳᠠᠯᠭᠠᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠬᠦᠯᠦᠨ᠎ᠠ᠃ ᠡᠬᠦᠨ ᠤ ᠬᠠᠮᠲᠤ᠂ ᠲᠡᠦᠬᠡᠨ ᠲᠤᠷᠠᠰᠬᠠᠯᠲᠤ ᠵᠦᠢᠯ ᠢ ᠴᠤᠭᠯᠠᠭᠤᠯᠵᠦ ᠡᠮᠬᠢᠳᠭᠡᠬᠦ᠂ ᠲᠡᠯᠭᠡᠨ ᠦᠵᠡᠬᠦᠯᠬᠦ ᠪᠠ  ᠬᠠᠮᠠᠭᠠᠯᠠᠵᠦ ᠠᠰᠢᠭᠯᠠᠬᠤ ᠬᠦᠴᠦᠯᠡᠴᠡ ᠪᠠᠨ ᠦᠷᠭᠡᠳᠬᠡᠨ᠂ ᠤᠯᠠᠮᠵᠢᠯᠠᠬᠤ  ᠶᠢ ᠴᠢᠬᠤᠯᠠᠴᠢᠯᠠᠨ᠂ ᠬᠦᠨᠵᠡᠭᠡᠢ ᠰᠤᠳᠤᠯᠵᠦ᠂ ᠤᠯᠠᠮᠵᠢᠯᠠᠯᠲᠤ ᠰᠤᠶᠤᠯ ᠤᠨ ᠡᠬᠢ ᠪᠡᠶᠠᠯᠢᠭ ᠵᠢᠴᠢ ᠲᠡᠭᠦᠨ ᠤ ᠠᠭᠤᠯᠤᠭᠳᠠᠬᠤᠨ ᠢ ᠲᠠᠰᠤᠷᠠᠯᠲᠠ ᠦᠭᠡᠢ ᠨᠡᠬᠡᠬᠡᠨ ᠠᠭᠤᠳᠠᠯᠠᠵᠦ᠂ ᠤᠳᠤ ᠦᠶ᠎ᠡ ᠶᠢᠨ ᠦᠨ᠎ᠡ ᠦᠷᠳᠡᠭ ᠢ ᠨᠢ ᠭᠠᠷᠭᠠᠨ᠂ ᠡᠷᠳᠡᠨ ᠤ ᠬᠢ ᠶᠢ ᠤᠳᠤ ᠳᠤ ᠠᠰᠢᠭᠯᠠᠬᠤ᠂ ᠬᠠᠭᠤᠴᠢᠨ ᠢ ᠦᠭᠡᠷᠡᠴᠢᠯᠡᠵᠦ ᠰᠢᠨ᠎ᠠ ᠶᠢ ᠪᠦᠲᠦᠭᠡᠬᠦ᠂ ᠮᠡᠳᠡᠭᠳᠡᠬᠦ ᠦᠭᠡᠢ ᠪᠠᠷ ᠬᠤᠪᠢᠷᠠᠭᠤᠯᠬᠤ ᠬᠡᠯᠪᠡᠷᠢ ᠪᠠᠷ ᠳᠠᠮᠵᠢᠨ᠂ ᠦᠪᠡᠷᠮᠢᠴᠡ ᠤᠨᠴᠠᠯᠢᠭᠲᠤ ᠰᠤᠶᠤᠯ ᠤᠨ ᠨᠡᠷᠡᠲᠦ ᠳᠡᠮᠳᠡᠭᠲᠦ ᠶᠢ ᠴᠤᠭᠴᠠᠯᠠᠨ᠂ ᠰᠢᠯᠢᠳᠡᠭ ᠤᠯᠠᠮᠵᠢᠯᠠᠯᠲᠤ ᠰᠤᠶᠤᠯ ᠤᠨ ᠡᠭᠦᠳᠦᠨ ᠪᠦᠲᠦᠭᠡᠬᠦ ᠴᠢᠨᠠᠷ ᠤᠨ ᠬᠤᠪᠢᠷᠠᠯᠲᠠ ᠪᠤᠯᠤᠨ ᠰᠢᠨ᠎ᠡ ᠡᠬᠦᠳᠦᠯᠲᠠ ᠶᠢᠨ ᠬᠦᠭᠵᠢᠯᠲᠠ ᠶᠢ ᠲᠦᠯᠬᠢᠨ ᠠᠬᠢᠭᠤᠯᠤᠨ᠎ᠠ᠃ ᠪᠤᠳᠠᠰ ᠤᠨ ᠪᠤᠰᠤ ᠰᠤᠶᠤᠯ ᠤᠨ ᠦᠪ ᠬᠦᠷᠦᠩᠭᠡ ᠶᠢ ᠤᠯᠠᠮᠵᠢᠯᠠᠵᠦ ᠬᠠᠮᠠᠭᠠᠯᠠᠬᠤ ᠲᠠᠯ᠎ᠠ ᠪᠠᠷ᠂ ᠡᠷᠬᠡᠪᠰᠢ ᠲᠦᠷᠭᠡᠨ ᠠᠪᠤᠷᠠᠵᠦ ᠬᠠᠮᠠᠭᠠᠯᠠᠬᠤ ᠬᠢᠬᠡᠳ ᠠᠮᠢᠳᠤᠯᠢᠭ ᠢᠶᠠᠷ ᠤᠯᠠᠮᠵᠢᠯᠠᠬᠤ ᠶᠢ ᠵᠡᠷᠭᠡ ᠠᠳᠬᠤᠨ᠂ ᠪᠤᠳᠠᠰ ᠤᠨ ᠪᠤᠰᠤ ᠰᠤᠶᠤᠯ ᠤᠨ ᠦᠪ ᠬᠦᠷᠦᠩᠭᠡ ᠶᠢᠨ ᠤᠯᠠᠮᠵᠢᠯᠠᠯ ᠬᠢᠬᠡᠳ ᠠᠵᠦ ᠠᠬᠤᠢ ᠶᠢᠨ ᠬᠦᠭᠵᠢᠯᠲᠠ ᠶᠢ ᠬᠠᠷᠢᠯᠴᠠᠨ ᠤᠶᠠᠯᠳᠤᠭᠤᠯᠵᠦ᠂ ᠰᠤᠷᠭᠠᠨ ᠬᠦᠮᠦᠵᠢᠯ ᠤᠯᠠᠮᠵᠢᠯᠠᠯ ᠤᠨ ᠬᠦᠳᠡᠯᠭᠡᠭᠡᠨ ᠢ ᠶᠡᠬᠡᠪᠡᠷ ᠦᠷᠨᠢᠬᠦᠯᠦᠨ᠂ ᠪᠤᠳᠠᠰ ᠤᠨ ᠪᠤᠰᠤ ᠰᠤᠶᠤᠯ ᠤᠨ ᠦᠪ ᠬᠦᠷᠦᠩᠭᠡ ᠶᠢᠨ ᠮᠡᠳᠡᠯᠭᠡ ᠪᠠ ᠤᠷ᠎ᠠ ᠮᠡᠷᠭᠡᠵᠢᠯ ᠢ ᠤᠬᠠᠭᠤᠯᠤᠨ ᠲᠦᠬᠡᠮᠡᠯᠵᠢᠬᠦᠯᠵᠦ᠂ ᠪᠤᠳᠠᠰ ᠤᠨ ᠪᠤᠰᠤ ᠰᠤᠶᠤᠯ ᠤᠨ ᠦᠪ ᠬᠦᠷᠦᠩᠭᠡ ᠶᠢᠨ ᠬᠠᠮᠠᠭᠠᠯᠠᠯᠲᠠ ᠪᠠ ᠠᠮᠢᠳᠤᠯᠢᠭ ᠢᠶᠠᠷ ᠤᠯᠠᠮᠵᠢᠯᠠᠬᠤ ᠶᠢ ᠪᠦᠲᠦᠮᠵᠢᠳᠠᠢ ᠠᠬᠢᠭᠤᠯᠤᠨ᠎ᠠ᠃     ︵ᠵᠢᠷᠭᠤᠭ᠎ᠠ︶ ᠰᠤᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠤᠨ ᠠᠵᠢᠯ ᠦᠢᠯᠡᠰ ᠤᠨ ᠴᠡᠴᠡᠭᠯᠡᠨ ᠬᠦᠭᠵᠢᠯᠲᠠ ᠶᠢ ᠲᠤᠭᠳᠠᠭᠤᠨ ᠠᠬᠢᠭᠤᠯᠤᠨ᠎ᠠ᠃ ᠵᠦᠪ ᠤᠨᠤᠪᠴᠢᠲᠠᠢ ᠶᠡᠷᠢᠶ᠎ᠠ ᠬᠡᠯᠡᠯᠴᠡᠭᠡᠨ ᠤ ᠵᠢᠯᠤᠭᠤᠳᠤᠮᠵᠢ ᠶᠢ ᠪᠠᠷᠢᠮᠳᠠᠯᠠᠵᠦ᠂ ᠢᠮᠠᠭᠲᠠ ᠭᠤᠤᠯ ᠬᠦᠭ ᠠᠶᠠᠰ ᠢ ᠡᠷᠬᠦᠵᠦ᠂ ᠵᠦᠪ ᠡᠨᠧᠷᠬᠢ ᠶᠢ ᠬᠦᠭᠵᠢᠬᠡᠨ᠂ ︽ᠴᠠᠭ ᠬᠡᠮᠵᠢᠶ᠎ᠠ ᠪᠦᠲᠦᠮᠵᠢ︾ ᠶᠢ ᠰᠠᠶᠢᠳᠤᠷ ᠡᠵᠡᠮᠰᠢᠵᠦ᠂ ᠶᠠᠷᠢᠶ᠎ᠠ ᠬᠡᠯᠡᠯᠴᠡᠬᠡᠨ ᠤ ᠢᠲᠡᠪᠬᠢ ᠳᠠᠶᠢᠴᠢᠯᠠᠯᠲᠠ ᠶᠢ ᠰᠠᠶᠢᠳᠤᠷ ᠬᠢᠵᠦ᠂ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠪᠠᠬᠢᠯᠡᠯᠲᠠ ᠶᠢᠨ ᠭᠠᠵᠠᠷ ᠢ ᠪᠠᠬᠢᠯᠡᠨ ᠪᠤᠵᠠᠭᠠᠶᠢᠷᠠᠭᠤᠯᠵᠦ᠂ ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠭᠡᠭᠰᠡᠨ︶ ᠬᠤᠷᠠᠯ ᠠᠴᠠ ᠲᠤᠭᠳᠠᠭᠠᠭᠰᠠᠨ ᠲᠡᠮᠡᠴᠡᠬᠦ ᠬᠠᠷᠠᠯᠲᠠ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠤᠯᠭᠠᠬᠤ ᠶᠢ ᠪᠦᠬᠦ ᠲᠠᠯ᠎ᠠ ᠪᠠᠷ ᠪᠡᠶᠡᠯᠡᠬᠦᠯᠦᠨ᠎ᠠ᠃ ᠷᠠᠳᠢᠤ᠋ ᠲᠧᠯᠸᠢᠰ ᠲᠦᠬᠦᠬᠡᠷᠦᠮᠵᠢ ᠶᠢᠨ ᠲᠤᠤᠷ ᠰᠦᠯᠵᠢᠶᠠᠨ ᠤ ᠪᠠᠶᠢᠭᠤᠯᠤᠯᠳᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠦ᠂ ︽ᠰᠤᠶᠤᠯ ᠢᠶᠠᠷ ᠬᠢᠯᠢ ᠬᠢᠵᠠᠭᠠᠷ ᠢᠶᠠᠨ ᠪᠠᠬᠢᠵᠢᠬᠦᠯᠬᠦ ᠢᠨᠵᠧᠨᠧᠷᠢᠩ︾ ᠢ ᠦᠷᠬᠦᠯᠵᠢᠯᠡᠨ ᠬᠡᠷᠡᠭᠵᠢᠬᠦᠯᠵᠦ᠂ ᠪᠢᠴᠢᠯ ᠲᠤᠯᠬᠢᠶᠠᠨ ᠢᠶᠠᠷ ᠲᠠᠮᠵᠢᠭᠤᠯᠬᠤ ᠦᠢᠯᠡᠴᠢᠯᠡᠭᠡᠨ ᠤ ᠴᠢᠳᠠᠪᠬᠢ ᠶᠢ ᠬᠢᠯᠢ ᠶᠢᠨ ᠬᠠᠷᠠᠭᠤᠯ᠂ ᠬᠢᠯᠢ ᠶᠢᠨ ᠮᠠᠯᠴᠢᠳ ᠵᠦᠭ ᠲᠠᠰᠤᠷᠠᠯᠲᠠ ᠦᠭᠡᠢ ᠦᠷᠭᠡᠳᠭᠡᠵᠦ᠂ ᠷᠠᠳᠢᠤ᠋ ᠲᠧᠯᠸᠢᠰ ᠤᠨ ᠲᠤᠰᠬᠤᠨ ᠪᠦᠷᠢ ᠳᠤ ᠨᠡᠪᠲᠡᠷᠡᠬᠦ ᠶᠢ ᠡᠷᠦᠬᠡ ᠪᠦᠷᠢ ᠳᠤ ᠨᠡᠪᠲᠡᠷᠡᠬᠦ ᠪᠤᠯᠭᠠᠨ ᠲᠡᠰ ᠳᠡᠪᠰᠢᠬᠦᠯᠬᠦ ᠶᠢ ᠲᠦᠷᠭᠡᠳᠭᠡᠨ᠂ ᠮᠠᠯᠵᠢᠬᠤ ᠲᠠᠷᠢᠶᠠᠯᠠᠬᠤ ᠤᠷᠤᠨ ᠤ ᠺᠢᠨᠤ᠋ ᠲᠠᠯᠪᠢᠬᠤ ᠵᠡᠷᠭᠡ ᠢᠨᠵᠧᠨᠧᠷᠢᠩ ᠪᠠ ᠬᠤᠲᠠ ᠪᠠᠯᠭᠠᠰᠤᠨ ᠤ ᠲᠤᠭᠠᠴᠢᠯᠠᠭᠰᠠᠨ ᠺᠢᠨᠤ᠋ ᠶᠢᠨ ᠤᠷᠳᠤᠨ ᠤ ᠪᠠᠶᠢᠭᠤᠯᠤᠯᠲᠠ ᠶᠢ ᠦᠷᠬᠦᠯᠵᠢᠯᠡᠨ ᠲᠦᠯᠬᠢᠨ ᠠᠬᠢᠭᠤᠯᠤᠨ᠎ᠠ᠃ ᠷᠠᠳᠢᠤ᠋᠂ ᠤᠲᠠᠰᠦᠲᠦ ᠲᠧᠯᠸᠢᠰ᠂ ᠳᠠᠭᠠᠭᠤᠯᠢ ᠤᠳᠤ᠂ ᠨᠧᠲ ᠰᠦᠯᠵᠢᠶ᠎ᠠ ᠵᠡᠷᠭᠡ  ᠲᠠᠮᠵᠢᠭᠤᠯᠤᠨ ᠲᠡᠯᠭᠡᠷᠡᠬᠦᠯᠬᠦ ᠤᠯᠠᠨ ᠠᠷᠭ᠎ᠠ ᠪᠠᠷᠢᠯ ᠢ ᠨᠢᠬᠡᠳᠦᠯᠳᠡᠢ ᠲᠦᠯᠦᠪᠯᠡᠵᠦ᠂ ᠳᠠᠮᠵᠢᠭᠤᠯᠭ᠎ᠠ ᠬᠤᠷᠳᠤᠨ ᠪᠦᠭᠡᠳ ᠲᠦᠬᠦᠮ᠂ ᠪᠦᠷᠬᠦᠴᠡ ᠦᠷᠭᠡᠨ ᠳᠡᠯᠭᠡᠷ᠂ ᠠᠮᠤᠷ ᠲᠦᠪᠰᠢᠨ ᠨᠠᠶᠢᠳᠠᠪᠤᠷᠢᠲᠠᠢ ᠷᠠᠳᠢᠤ᠋ ᠺᠢᠨᠤ᠋ ᠲᠧᠯᠸᠢᠰ ᠳᠠᠮᠵᠢᠭᠤᠯᠭ᠎ᠠ ᠶᠢᠨ ᠪᠦᠷᠬᠦᠴᠡ ᠶᠢᠨ ᠲᠤᠤᠷ ᠢ ᠲᠦᠷᠬᠡᠨ ᠪᠠᠶᠢᠭᠤᠯᠵᠦ᠂ ᠠᠳᠠᠯᠢ ᠪᠤᠰᠤ ᠬᠡᠯᠪᠡᠷᠢ᠂ ᠠᠳᠠᠯᠢ ᠪᠤᠰᠤ ᠪᠠᠶᠢᠳᠠᠯ᠂ ᠠᠳᠠᠯᠢ ᠪᠤᠰᠤ ᠲᠠᠮᠵᠢᠭᠤᠯᠬᠤ ᠠᠷᠭ᠎ᠠ ᠪᠠᠷᠢᠯ ᠤᠨ ᠰᠤᠯᠪᠢᠴᠠᠭᠰᠠᠨ᠂ ᠬᠠᠷᠢᠯᠴᠠᠨ ᠨᠦᠬᠦᠪᠦᠷᠢᠯᠡᠭᠰᠡᠨ ᠷᠠᠳᠢᠤ᠋ ᠲᠧᠯᠸᠢᠰ ᠤᠨ ᠪᠡᠶᠡᠳᠦ ᠲᠠᠮᠵᠢᠭᠤᠯᠭ᠎ᠠ ᠶᠢᠨ ᠪᠦᠷᠬᠦᠴᠡ ᠶᠢ ᠪᠡᠶᠡᠯᠡᠬᠦᠯᠦᠨ᠎ᠠ᠃ ᠠᠮᠤᠷ ᠲᠦᠪᠰᠢᠨ ᠢ ᠰᠡᠷᠬᠡᠶᠢᠯᠡᠬᠦ ᠬᠢᠨᠠᠨ ᠬᠠᠮᠢᠶᠠᠷᠤᠯᠲᠠ ᠶᠢᠨ ᠰᠢᠰᠲ᠋ᠧᠮᠵᠢ ᠶᠢ ᠦᠷᠬᠦᠯᠵᠢᠯᠡᠨ ᠪᠦᠷᠢᠨᠰᠢᠬᠦᠯᠦᠨ ᠲᠡᠭᠦᠯᠳᠡᠷᠵᠢᠬᠦᠯᠵᠦ᠂ ᠷᠠᠳᠢᠤ᠋ ᠲᠧᠯᠸᠢᠰ ᠤᠨ ᠠᠮᠤᠷ ᠲᠦᠪᠰᠢᠨ ᠨᠡᠪᠲᠡᠷᠡᠬᠦᠯᠭᠡ ᠶᠢ ᠪᠠᠲᠤᠯᠠᠨ᠎ᠠ᠃ ᠪᠦᠬᠦ ᠠᠷᠠᠳ ᠤᠨ ᠨᠤᠮ ᠤᠩᠰᠢᠯᠭ᠎ᠠ ᠶᠢ ᠦᠷᠬᠦᠯᠵᠢᠯᠡᠨ ᠬᠦᠴᠦᠯᠡᠨ ᠳᠡᠯᠭᠡᠷᠡᠬᠦᠯᠵᠦ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠦᠬᠦ ᠠᠷᠠᠳ ᠤᠨ ᠨᠤᠮ ᠤᠩᠰᠢᠯᠭ᠎ᠠ ᠶᠢᠨ ᠲᠤᠮᠳᠠ ᠤᠷᠳᠤ ᠬᠤᠭᠤᠴᠠᠭᠠᠨ ᠤ ᠲᠦᠯᠦᠪᠵᠢᠬᠦᠯᠭᠡ ︵2016 —2025︶︾ ᠶᠢ ᠬᠢᠨᠠᠮᠠᠭᠠᠢ ᠬᠡᠷᠡᠭᠵᠢᠬᠦᠯᠵᠦ᠂ ︽ᠨᠤᠮ ᠤᠨ ᠰᠤᠷᠪᠤᠯᠵᠢᠲᠠᠨ ᠠᠯᠠᠱᠠ︾ ᠶᠢ ᠪᠦᠲᠦᠭᠡᠨ ᠪᠠᠶᠢᠭᠤᠯᠤᠨ᠎ᠠ᠃ ᠠᠵᠢᠯ ᠲᠦᠷᠦᠯ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠠᠵᠢᠯ ᠲᠦᠷᠦᠯ ᠤᠨ ᠰᠠᠬᠢᠯᠭ᠎ᠠ ᠪᠠᠲᠤ ᠶᠢ ᠴᠢᠩᠳᠠᠯᠠᠵᠦ᠂ ᠠᠵᠢᠯ ᠲᠦᠷᠦᠯ ᠤᠨ ᠡᠮᠬᠢ ᠲᠢᠭᠯᠢᠮ ᠢ ᠲᠦᠷᠢᠮᠵᠢᠬᠦᠯᠦᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠠᠵᠢᠯ ᠲᠦᠷᠦᠯ ᠤᠨ ᠪᠠᠶᠢᠭᠤᠯᠤᠯᠭ᠎ᠠ ᠶᠢᠨ ᠬᠦᠭᠵᠢᠯᠲᠠ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠡᠭᠦᠳᠦᠨ ᠪᠠᠶᠢᠭᠤᠯᠤᠨ᠎ᠠ᠃ ᠲᠤᠰᠬᠠᠢ ᠲᠦᠷᠦᠯ ᠤᠨ ᠴᠡᠭᠴᠡᠯᠡᠯᠲᠠ ᠶᠢᠨ ᠬᠦᠴᠦᠯᠡᠴᠡ ᠪᠠᠨ ᠴᠢᠩᠭᠠᠳᠬᠠᠵᠦ᠂ ᠶᠠᠷᠢᠶ᠎ᠠ ᠬᠡᠯᠡᠯᠴᠡᠭᠡᠨ ᠤ ᠤᠷᠴᠢᠨ ᠲᠤᠭᠤᠷᠢᠨ ᠢ ᠴᠡᠪᠡᠷᠰᠢᠬᠦᠯᠬᠦ ᠲᠤᠰᠬᠠᠢ ᠲᠦᠷᠦᠯ ᠤᠨ ᠴᠡᠭᠴᠡᠯᠡᠯᠲᠠ ᠶᠢᠨ ᠠᠵᠢᠯᠯᠠᠭ᠎ᠠ ᠶᠢ ᠬᠦᠨᠵᠡᠭᠡᠢ ᠦᠷᠨᠢᠬᠦᠯᠦᠨ᠂ ︽ᠰᠢᠷ᠎ᠠ ᠶᠢ ᠱᠦᠬᠦᠷᠳᠡᠨ ᠬᠠᠤᠯᠢ ᠪᠤᠰᠤ ᠬᠡᠪᠯᠡᠯ ᠢ ᠴᠡᠪᠡᠷᠯᠡᠨ ᠠᠷᠢᠯᠭᠠᠬᠤ︾ ᠲᠡᠮᠡᠴᠡᠯ ᠢ ᠭᠤᠶᠢᠪᠠᠰᠢ ᠦᠭᠡᠢ ᠲᠦᠯᠬᠢᠨ ᠠᠬᠢᠭᠤᠯᠵᠦ᠂ ᠬᠡᠪᠯᠡᠯ ᠤᠨ ᠡᠷᠬᠡ ᠶᠢᠨ ᠬᠠᠮᠠᠭᠠᠯᠠᠯᠠᠲᠠ ᠶᠢᠨ ᠠᠵᠢᠯ ᠢ ᠦᠷᠬᠦᠯᠵᠢᠯᠡᠨ ᠴᠢᠩᠭᠠᠳᠬᠠᠵᠦ᠂ ᠴᠡᠴᠡᠭᠯᠡᠨ ᠬᠦᠭᠵᠢᠭᠰᠡᠨ᠂ ᠲᠤᠭᠳᠠᠭᠤᠨ᠂ ᠴᠡᠪᠡᠷ ᠠᠷᠢᠭᠤᠨ ᠰᠤᠶᠤᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠴᠢᠷᠮᠠᠶᠢᠨ ᠪᠠᠶᠢᠭᠤᠯᠤᠨ᠎ᠠ᠃      ᠭᠤᠷᠪᠠ᠂ ᠤᠳᠤᠷᠢᠳᠤᠯᠭ᠎ᠠ ᠶᠢ ᠴᠢᠩᠭᠠᠳᠬᠠᠨ᠂ ᠬᠠᠮᠵᠢᠯᠴᠠᠨ ᠲᠠᠪᠰᠢᠵᠦ᠂ ᠰᠤᠶᠤᠯ  ︵ᠲᠡᠦᠬᠡᠨ ᠲᠤᠷᠠᠰᠬᠠᠯᠲᠤ ᠵᠦᠢᠯ︶ ᠰᠤᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠤᠨ ᠠᠵᠢᠯ ᠦᠢᠯᠡᠰ ᠴᠡᠴᠡᠭᠯᠡᠨ ᠬᠦᠭᠵᠢᠭᠰᠡᠨ ᠰᠢᠨ᠎ᠠ ᠬᠠᠮᠲᠤ ᠶᠢᠨ ᠬᠦᠴᠦᠨ ᠢ ᠪᠤᠢ ᠪᠤᠯᠭᠠᠨ᠎ᠠ      ︵ᠨᠢᠬᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠠ ᠱᠠᠲᠤᠨ ᠤ ᠨᠠᠮ  ᠤᠨ ᠡᠭᠦᠷ᠂ ᠵᠠᠰᠠᠭ ᠤᠨ ᠤᠷᠳᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠤᠯᠤᠨ ᠲᠦᠷᠦ ᠶᠢᠨ ᠪᠤᠳᠤᠯᠭ᠎ᠠ  ᠶᠢᠨ ᠲᠡᠮᠵᠢᠯᠭᠡ ᠶᠢ ᠴᠢᠩᠭᠠᠳᠬᠠᠵᠦ᠂ ᠤᠯᠤᠰ᠂ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠡᠯ᠎ᠠ ᠲᠦᠷᠦᠯ ᠤᠨ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠰᠤᠶᠤᠯ  ︵ᠲᠡᠦᠬᠡᠨ ᠲᠤᠷᠠᠰᠬᠠᠯᠲᠤ ᠵᠦᠢᠯ︶ ᠰᠤᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠤᠨ ᠠᠵᠢᠯ ᠢ ᠨᠡᠩ ᠳᠤᠪᠤᠶᠢᠮ᠎ᠠ ᠪᠠᠶᠢᠷᠢᠨ ᠳᠤ ᠦᠨᠨᠡᠬᠦ ᠲᠠᠯᠪᠢᠵᠦ᠂ ᠡᠳᠦᠷ ᠳᠤᠳᠤᠮ ᠤᠨ ᠴᠢᠬᠤᠯᠠ ᠵᠦᠪᠯᠡᠬᠦ ᠵᠦᠢᠯ ᠪᠠ ᠬᠢᠨᠠᠨ ᠰᠢᠯᠭᠠᠵᠦ ᠦᠨᠡᠯᠡᠬᠦ ᠰᠢᠰᠲ᠋ᠧᠮᠵᠢ ᠳᠤ ᠤᠷᠤᠭᠤᠯᠵᠦ᠂ ᠰᠢᠮᠳᠠᠭᠤᠯᠤᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠨ᠎ᠠ᠃ ᠠᠶᠢᠮᠠᠭ ᠤᠨ ᠰᠤᠶᠤᠯ ᠰᠤᠨᠢᠨ ᠮᠡᠳᠡᠭᠡ ᠬᠡᠪᠯᠡᠯ ᠷᠠᠳᠢᠤ᠋ ᠲᠧᠯᠸᠢᠰ ᠤᠨ ᠲᠤᠪᠴᠢᠶ᠎ᠠ ᠨᠢ ᠵᠠᠬᠢᠷᠭ᠎ᠠ  ᠶᠢᠨ ᠠᠵᠢᠯ ᠤᠨ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ᠂ ᠢᠲᠡᠪᠬᠢ ᠬᠦᠳᠡᠯᠦᠩᠭᠦᠢ ᠴᠢᠨᠠᠷ ᠢᠶᠠᠨ ᠪᠠᠳᠠᠷᠠᠭᠤᠯᠵᠦ᠂ ᠰᠠᠨᠠᠭᠠᠴᠢᠯᠠᠭ᠎ᠠ ᠠᠴᠠ ᠪᠠᠨ ᠰᠤᠶᠤᠯ ᠤᠨ ᠭᠠᠳᠠᠨ᠎ᠠ ᠠᠴᠠ ᠰᠤᠶᠤᠯ ᠢ ᠬᠠᠷᠠᠵᠦ᠂ ᠪᠦᠬᠦ ᠠᠶᠢᠮᠠᠭ ᠤᠨ ᠦᠨᠳᠦᠷᠴᠡ ᠠᠴᠠ ᠰᠤᠶᠤᠯ ᠤᠨ ᠪᠠᠶᠢᠭᠤᠯᠤᠯᠲᠠ ᠶᠢ ᠨᠢᠮᠪᠠᠶᠢᠯᠠᠨ ᠰᠦᠪᠡᠭᠴᠢᠯᠡᠵᠦ᠂ ᠵᠠᠬᠢᠷᠭ᠎ᠠ   ᠶᠢᠨ ᠰᠠᠶᠢᠨ ᠵᠦᠪᠯᠡᠭᠴᠢ ᠪᠤᠯᠵᠦ᠂ ᠰᠠᠨᠠᠯ ᠰᠠᠨᠠᠭᠤᠯᠭ᠎ᠠ ᠶᠢ ᠳᠤᠷᠠᠳᠤᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠴᠢᠯᠦᠭᠡᠳᠡᠢ ᠶᠠᠪᠤᠯᠴᠠᠬᠤ ᠤᠪᠤᠷ ᠪᠠᠶᠢᠳᠠᠯ᠂ ᠰᠢᠨ᠎ᠡ ᠶᠢ ᠡᠭᠦᠳᠬᠦ ᠰᠡᠳᠬᠢᠴᠡ᠂ ᠢᠲᠡᠪᠬᠢ ᠠᠵᠢᠯᠯᠠᠭ᠎ᠠ ᠪᠠᠷ ᠰᠤᠶᠤᠯ ᠰᠤᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠤᠨ ᠠᠵᠢᠯ ᠦᠢᠯᠡᠰ ᠤᠨ ᠬᠦᠭᠵᠢᠯᠲᠠ ᠶᠢ ᠰᠦᠪᠡᠭᠴᠢᠯᠡᠨ ᠠᠬᠢᠭᠤᠯᠬᠤ ᠬᠡᠷᠡᠭᠳᠡᠢ᠃ ︽ᠶᠡᠭᠡ ᠰᠤᠶᠤᠯ︾ ᠤᠨ ᠤᠶᠢᠯᠠᠭᠠᠭᠳᠠᠬᠤᠨ ᠢ ᠪᠠᠲᠤ ᠪᠠᠬᠢ ᠱᠤᠭᠤᠵᠦ᠂ ᠡᠬᠢ ᠪᠡᠶᠠᠯᠢᠭ ᠢ ᠡᠮᠬᠢᠯᠡᠨ ᠨᠢᠭᠡᠳᠭᠡᠵᠦ᠂ ᠠᠵᠢᠯ ᠤᠨ ᠲᠤᠭᠳᠠᠴᠠ ᠶᠢ ᠪᠦᠷᠢᠯᠳᠦᠭᠦᠯᠦᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ  ᠶᠢᠨ ᠨᠢᠬᠡᠳᠦᠯᠳᠡᠢ ᠤᠳᠤᠷᠢᠳᠤᠯᠭ᠎ᠠ᠂ ᠰᠤᠶᠤᠯ ᠤᠨ ᠰᠠᠯᠠᠭ᠎ᠠ ᠮᠦᠴᠢᠷ ᠵᠤᠬᠢᠶᠠᠨ ᠪᠠᠶᠢᠭᠤᠯᠵᠦ ᠵᠤᠬᠢᠴᠠᠭᠤᠯᠬᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯ ᠬᠤᠪᠢᠶᠠᠷᠢᠯᠠᠨ ᠬᠠᠷᠢᠭᠤᠴᠠᠬᠤ  ᠂ ᠠᠵᠦ ᠠᠬᠤᠢ ᠨᠡᠶᠢᠬᠡᠮ ᠤᠨ ᠨᠡᠶᠢᠲᠠ ᠶᠢᠨ ᠤᠷᠤᠯᠴᠠᠯᠭ᠎ᠠ᠂ ᠡᠯ᠎ᠠ ᠲᠠᠯ᠎ᠠ ᠢᠶᠠᠷ ᠢᠶᠠᠨ ᠴᠤᠭ ᠠᠳᠬᠤᠵᠦ ᠬᠠᠮᠳᠤ ᠳᠤᠨᠢ ᠬᠠᠮᠢᠶᠠᠷᠬᠤ ᠠᠵᠢᠯ ᠤᠨ ᠪᠠᠶᠢᠳᠠᠯ ᠢ ᠢᠲᠡᠪᠬᠢᠳᠠᠢ ᠪᠤᠢ ᠪᠤᠯᠭᠠᠵᠦ᠂ ᠪᠦᠬᠦ ᠨᠠᠶᠢᠬᠡᠮ ᠨᠡᠶᠢᠲᠠ ᠪᠠᠷ ᠢᠶᠠᠨ ᠰᠤᠶᠤᠯ ᠤᠨ ᠪᠠᠶᠢᠭᠤᠯᠤᠯᠳᠠ ᠳᠤ ᠤᠷᠤᠯᠴᠠᠬᠤ ᠬᠦᠴᠦᠷᠭᠡᠭ ᠶᠡᠭᠡ ᠨᠠᠶᠢᠲᠡ ᠶᠢᠨ ᠬᠦᠴᠦᠨ ᠢ ᠨᠢᠭᠲᠠᠷᠠᠭᠤᠯᠤᠨ᠎ᠠ᠃     ︵ᠬᠤᠶᠠᠷ︶ ᠡᠳ᠋ ᠤᠨ ᠵᠠᠰᠠᠭ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠠ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠡᠷᠭᠡᠪᠰᠢ ᠰᠤᠶᠤᠯ ᠤᠨ ᠪᠦᠲᠦᠭᠡᠨ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠡᠬᠦᠷᠭᠡᠯᠡᠵᠦ᠂ ᠵᠠᠰᠠᠭ ᠤᠨ ᠤᠷᠳᠤᠨ ᠤ ᠤᠷᠤᠯᠴᠠᠬᠤ ᠬᠦᠴᠦᠯᠡᠴᠡ ᠶᠢ ᠴᠢᠩᠭᠠᠳᠬᠠᠨ᠂ ᠦᠨᠳᠦᠰᠦᠨ ᠤᠯᠠᠨ ᠨᠡᠶᠢᠲᠠ ᠶᠢᠨ ᠰᠤᠶᠤᠯ ᠤᠨ ᠦᠢᠯᠡᠴᠢᠯᠡᠭᠡᠨ ᠤ ᠰᠠᠯᠪᠤᠷᠢ ᠶᠢᠨ ᠬᠡᠷᠡᠭᠰᠡᠬᠦ ᠪᠡᠯᠡ ᠮᠦᠩᠬᠦ ᠶᠢ ᠨᠠᠶᠢᠳᠠᠪᠤᠷᠢᠵᠢᠭᠤᠯᠵᠦ᠂ ᠲᠦᠷᠦ ᠶᠢᠨ ᠪᠤᠳᠤᠯᠭ᠎ᠠ᠂ ᠡᠳ᠋ ᠤᠨ ᠬᠦᠴᠦᠨ᠂ ᠪᠤᠳᠠᠰ ᠤᠨ ᠬᠦᠴᠦᠨ ᠵᠡᠷᠭᠡ ᠲᠠᠯ᠎ᠠ   ᠳᠤ ᠳᠡᠮᠵᠢᠯᠭᠡ ᠪᠠ ᠪᠠᠳᠤᠯᠠᠭ᠎ᠠ ᠶᠢ ᠢᠲᠡᠪᠬᠢᠳᠠᠢ ᠬᠠᠩᠭᠠᠨ᠎ᠠ᠃ ᠵᠠᠬ᠎ᠠ ᠳᠡᠯᠭᠡᠬᠦᠷ ᠤᠨ ᠠᠵᠦ ᠠᠬᠤᠢ ᠶᠢᠨ ᠵᠢᠮ᠎ᠡ ᠬᠠᠤᠯᠢ ᠶᠢ ᠵᠢᠷᠤᠮᠯᠠᠵᠦ᠂ ᠡᠯ᠎ᠠ ᠲᠠᠯ᠎ᠠ ᠶᠢᠨ ᠬᠦᠴᠦᠨ ᠢ ᠬᠠᠮᠤᠭ ᠶᠡᠭᠡ ᠬᠦᠴᠦᠨ ᠢᠶᠠᠷ ᠳᠠᠶᠢᠴᠢᠯᠠᠨ᠂ ᠨᠡᠶᠢᠬᠡᠮ ᠤᠨ ᠪᠡᠯᠡ ᠮᠦᠩᠬᠦ ᠶᠢ ᠰᠤᠶᠤᠯ  ᠤᠨ ᠪᠦᠲᠦᠭᠡᠨ ᠪᠠᠶᠢᠭᠤᠯᠤᠯᠲᠠ ᠳᠤ ᠤᠷᠤᠯᠴᠠᠭᠤᠯᠬᠤ ᠶᠢ ᠤᠷᠮᠠᠰᠢᠭᠤᠯᠤᠨ ᠳᠠᠳᠠᠵᠦ᠂ ᠰᠤᠶᠤᠯ ᠤᠨ ᠪᠠᠶᠢᠭᠤᠯᠤᠯᠲᠠ  ᠶᠢᠨ ᠨᠡᠶᠢᠬᠡᠮ ᠤᠨ ᠰᠠᠭᠤᠷᠢ ᠶᠢ ᠪᠠᠬᠢᠵᠢᠭᠦᠯᠦᠨ᠎ᠠ᠃ ᠦᠨᠦ ᠵᠢᠯ ᠳᠤ᠂ ᠵᠠᠬᠢᠷᠭ᠎ᠠ ᠠᠴᠠ ᠰᠤᠶᠤᠯ ᠤᠨ ᠠᠵᠦ ᠦᠢᠯᠡᠰ  ᠢ ᠬᠦᠭᠵᠢᠬᠦᠯᠦᠨ ᠵᠢᠯᠤᠭᠤᠳᠬᠤ ᠰᠠᠭᠤᠷᠢ ᠮᠦᠩᠬᠦ ᠶᠢ ᠪᠠᠶᠢᠭᠤᠯᠵᠦ᠂ ᠰᠤᠶᠤᠯ ᠤᠨ ᠠᠵᠦ ᠦᠢᠯᠡᠰ ᠢ ᠮᠠᠨ ᠤ ᠠᠶᠢᠮᠠᠭ ᠤᠨ ᠰᠢᠨ᠎ᠡ ᠠᠵᠦ ᠠᠬᠤᠢ ᠶᠢᠨ ᠨᠡᠮᠡᠯᠲᠠ ᠲᠤᠶᠢᠯ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠬᠤ ᠠᠵᠦ ᠦᠢᠯᠡᠰ ᠪᠤᠯᠭᠠᠨ ᠬᠦᠭᠵᠢᠬᠦᠯᠬᠦ ᠳᠤ ᠬᠦᠴᠦᠨ ᠨᠡᠮᠡᠷᠢᠯᠡᠨ᠎ᠡ᠃ ᠡᠯ᠎ᠠ ᠬᠤᠰᠢᠭᠤ ᠲᠤᠭᠤᠷᠢᠭ ᠴᠦ ᠰᠤᠶᠤᠯ ᠤᠨ ᠠᠵᠦ ᠦᠢᠯᠡᠰ ᠤᠨ ᠬᠦᠭᠵᠢᠯᠲᠠ ᠶᠢ ᠢᠲᠡᠪᠬᠢᠳᠠᠢ ᠲᠦᠯᠦᠪᠵᠢᠬᠦᠯᠵᠦ᠂ ᠪᠦᠷᠢᠨ ᠲᠦᠬᠦᠷ ᠪᠡᠯᠡ ᠮᠦᠩᠬᠦᠨ ᠤ ᠬᠠᠷᠠᠭᠠᠯᠵᠠᠯᠲᠦ ᠲᠦᠷᠦ ᠶᠢᠨ ᠪᠤᠳᠤᠯᠭ᠎ᠠ ᠶᠢ ᠤᠯᠭᠤᠨ᠂ ᠴᠢᠬᠤᠯᠠ ᠳᠤᠮᠤ ᠲᠦᠷᠦᠯ ᠵᠦᠢᠯ᠂ ᠭᠤᠤᠯᠳᠠᠯᠭᠠᠲᠤ ᠠᠵᠦ ᠠᠬᠤᠶᠢᠯᠠᠯ ᠤᠨ ᠡᠳ᠋ ᠤᠨ ᠵᠠᠰᠠᠭ᠂ ᠭᠠᠶᠢᠯᠢ ᠳᠠᠳᠠᠪᠤᠷᠢ᠂ ᠮᠦᠩᠬᠦᠨ ᠬᠦᠢᠯᠭᠡᠭᠡ᠂ ᠭᠡᠷᠡᠭᠯᠡᠭᠡᠨ  ᠤ ᠭᠠᠵᠠᠷ ᠵᠡᠷᠭᠡ ᠲᠠᠯ᠎ᠠ ᠶᠢᠨ ᠲᠡᠮᠵᠢᠯᠭᠡ ᠶᠢ ᠦᠷᠭᠡᠳᠭᠡᠨ᠎ᠡ᠃      ︵ᠭᠤᠷᠪᠠ︶ ᠰᠢᠯᠢᠳᠡᠭ ᠴᠢᠳᠠᠪᠤᠷᠢᠲᠠᠨ ᠤ ᠡᠩᠨᠡᠭᠡ ᠶᠢ ᠨᠢᠭᠲᠠᠷᠠᠭᠤᠯᠤᠨ ᠲᠦᠪᠯᠡᠷᠡᠬᠦᠯᠦᠨ᠎ᠠ᠃ ᠮᠠᠨ ᠤ ᠠᠶᠢᠮᠠᠭ ᠤᠨ ᠴᠢᠳᠠᠪᠤᠷᠢᠳᠠᠨ ᠲᠤᠳᠠᠭᠳᠠᠵᠦ ᠪᠠᠶᠢᠭ᠎ᠠ ᠪᠤᠳᠠᠳᠤ ᠪᠠᠶᠢᠳᠠᠯ ᠠᠴᠠ ᠡᠭᠦᠰᠦᠨ᠂ ᠵᠢᠯᠤᠭᠤᠳᠤᠮᠵᠢ ᠢᠯᠡ ᠳᠤᠳᠤ᠂ ᠬᠦᠬᠢᠬᠦᠯᠦᠯ ᠪᠦᠲᠦᠮᠵᠢᠳᠠᠢ᠂ ᠰᠢᠨᠵᠢᠯᠡᠬᠦ ᠤᠬᠠᠭᠠᠨ ᠲᠦᠷᠢᠮᠵᠢᠲᠦ ᠴᠢᠳᠠᠪᠤᠷᠢᠲᠠᠨ ᠢ ᠬᠦᠮᠦᠵᠢᠬᠦᠯᠬᠦ᠂ ᠤᠷᠤᠭᠤᠯᠬᠤ ᠪᠠ ᠬᠡᠷᠡᠭᠯᠡᠬᠦ  ᠬᠡᠯᠪᠡᠷᠢ ᠶᠢ ᠪᠦᠷᠢᠨᠰᠢᠬᠦᠯᠦᠨ ᠲᠡᠭᠦᠯᠳᠡᠷᠵᠢᠬᠦᠯᠦᠨ᠎ᠠ᠃ ᠨᠡᠶᠢᠲᠠ ᠶᠢᠨ ᠠᠰᠠᠷᠠᠮᠵᠢ ᠶᠢᠨ ᠴᠢᠨᠠᠷᠳᠠᠢ ᠰᠤᠶᠤᠯ ᠤᠨ ᠠᠵᠢᠯ ᠦᠢᠯᠡᠰ ᠤᠨ ᠪᠠᠶᠢᠭᠤᠯᠤᠯᠭ᠎ᠠ ᠶᠢᠨ ᠲᠤᠳᠤᠭᠠᠳᠤ ᠲᠤᠭᠳᠠᠴᠠ ᠶᠢᠨ ᠦᠬᠡᠷᠡᠴᠢᠯᠡᠯᠲᠠ  ᠶᠢ ᠬᠦᠨᠵᠡᠭᠡᠶᠢᠷᠡᠬᠦᠯᠵᠦ᠂ ᠤᠷᠮᠠᠰᠢᠭᠤᠯᠤᠯ ᠤᠨ ᠴᠢᠨᠠᠷᠲᠠᠢ ᠪᠤᠳᠠᠳᠤ ᠦᠷ᠎ᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠦᠭᠡᠷᠡᠴᠢᠯᠡᠯᠳᠠ ᠶᠢᠨ ᠬᠦᠴᠦᠯᠡᠴᠡ ᠶᠢ ᠴᠢᠩᠭᠠᠳᠬᠠᠵᠦ᠂ ᠤᠯᠤᠰ ᠤᠨ ᠦᠮᠴᠢᠯᠡᠯᠲᠦ ᠰᠤᠶᠤᠯ ᠤᠷᠠᠯᠢᠭ ᠤᠨ ᠬᠦᠷᠢᠶᠡᠯᠡᠩ ᠪᠦᠯᠬᠦᠮ ᠤᠨ ᠬᠦᠮᠦᠨ ᠬᠡᠷᠡᠭᠯᠡᠬᠦ ᠲᠤᠭᠳᠠᠴᠠ ᠶᠢ ᠲᠠᠰᠤᠷᠠᠯᠲᠠ ᠦᠭᠡᠢ ᠠᠮᠢᠳᠤᠯᠢᠭᠵᠢᠭᠤᠯᠬᠤ ᠶᠢ ᠲᠦᠯᠬᠢᠨ ᠠᠬᠢᠭᠤᠯᠤᠨ᠎ᠠ᠃ ᠰᠤᠶᠤᠯ ᠤᠨ ᠠᠵᠦ ᠦᠢᠯᠡᠰ ᠤᠨ ᠪᠠᠶᠢᠭᠤᠯᠭ᠎ᠠ ᠶᠢᠨ ᠬᠦᠮᠦᠨ  ᠤ ︽ᠤᠷᠤᠵᠦ ᠭᠠᠷᠬᠤ︾ ᠲᠤᠭᠳᠠᠴᠠ ᠶᠢ ᠰᠠᠭᠠᠳ ᠦᠭᠡᠢ ᠨᠡᠪᠲᠡᠷᠡᠭᠦᠯᠵᠦ᠂ ᠰᠤᠶᠤᠯ ᠤᠷᠠᠯᠢᠭ ᠤᠨ ᠴᠢᠳᠠᠪᠤᠷᠢᠲᠠᠨ  ᠢ ᠤᠷᠢᠨ ᠤᠷᠤᠭᠤᠯᠬᠤ ᠪᠠ ᠤᠬᠤᠷᠢᠭᠤᠯᠤᠨ ᠭᠠᠷᠬᠠᠭᠤ ᠤᠨᠴᠠᠭᠠᠢ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠦᠨ ᠨᠠᠶᠢᠳᠠᠪᠤᠷᠢᠵᠢᠭᠤᠯᠵᠦ᠂ ᠴᠢᠳᠠᠪᠤᠷᠢᠲᠠᠨ ᠤ ᠵᠦᠢ ᠵᠤᠬᠢᠰᠳᠠᠢ ᠰᠢᠯᠵᠢᠯᠲᠠ ᠶᠢ ᠠᠬᠢᠭᠤᠯᠤᠨ᠎ᠠ᠃ ᠰᠤᠶᠤᠯ ᠤᠨ ᠠᠵᠦ ᠦᠢᠯᠡᠰ ᠪᠤᠯᠤᠨ ᠠᠵᠢᠯ ᠦᠢᠯᠡᠰ ᠤᠨ ᠬᠦᠭᠵᠢᠯᠲᠠ ᠶᠢᠨ ᠱᠠᠭᠠᠷᠳᠠᠯᠭ᠎ᠠ ᠶᠢᠨ ᠲᠤᠭᠤᠷᠢᠨ ᠳᠤ᠂ ᠰᠤᠶᠤᠯ ᠤᠷᠠᠯᠢᠭ᠂ ᠰᠤᠶᠤᠯ ᠤᠨ ᠦᠵᠡᠰᠬᠦᠯᠡᠩ᠂ ᠷᠠᠳᠢᠤ᠋ ᠲᠧᠯᠸᠢᠰ᠂ ᠪᠤᠳᠠᠰ ᠤᠨ ᠪᠤᠰᠤ ᠰᠤᠶᠤᠯ ᠤᠨ ᠦᠪ ᠬᠦᠷᠦᠩᠬᠡ ᠵᠡᠷᠭᠡ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠬᠦᠯᠬᠦ ᠤᠷᠢᠨ ᠤᠷᠤᠭᠤᠯᠬᠤ ᠲᠦᠯᠦᠪᠯᠡᠭᠡ ᠶᠢ ᠲᠤᠭᠲᠠᠭᠠᠨ᠂ ᠨᠡᠷᠡᠲᠦ ᠬᠦᠮᠦᠵᠢᠯ ᠪᠤᠯᠪᠠᠰᠤᠷᠠᠯ ᠤᠨ ᠪᠠᠶᠢᠭᠤᠯᠤᠮᠵᠢ᠂ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠬᠠᠮᠳᠤᠷᠠᠯᠴᠠᠭ᠎ᠠ ᠪᠠᠨ ᠴᠢᠩᠭᠠᠳᠬᠠᠨ᠂ ᠤᠷᠤᠨ ᠨᠤᠲᠤᠭ ᠤᠨ ᠤᠷᠠᠯᠢᠭ ᠤᠨ ᠴᠢᠳᠠᠪᠤᠷᠢᠲᠠᠨ ᠢ ᠲᠦᠷᠬᠡᠬᠡᠨ ᠬᠦᠮᠦᠵᠢᠬᠦᠯᠵᠦ᠂ ᠤᠶᠤᠨ ᠢ ᠬᠤᠳᠠᠯᠳᠤᠨ ᠠᠪᠬᠤ᠂ ᠲᠤᠰᠬᠠᠢ ᠮᠡᠷᠭᠡᠵᠢᠯᠲᠠᠨ ᠤ ᠲᠠᠶᠢᠯᠤᠮᠵᠢ ᠰᠤᠷᠤᠯᠴᠠᠯᠭ᠎ᠠ᠂ ᠠᠰᠠᠭᠤᠨ ᠵᠦᠪᠯᠡᠭᠴᠢ ᠶᠢᠨ ᠦᠢᠯᠡᠴᠢᠯᠡᠭᠡ᠂ ᠲᠦᠷᠦᠯ ᠵᠦᠢᠯ ᠤᠨ ᠬᠠᠮᠳᠤᠷᠠᠯᠴᠠᠭ᠎ᠠ ᠵᠡᠷᠭᠡ ᠬᠡᠯᠪᠡᠷᠢ ᠶᠢᠨ ᠤᠶᠤᠨ ᠢ ᠳᠠᠳᠠᠨ ᠤᠷᠤᠭᠤᠯᠬᠤ ᠰᠢᠨ᠎ᠡ ᠬᠡᠯᠪᠡᠷᠢ ᠶᠢ ᠰᠦᠪᠡᠭᠴᠢᠯᠡᠨ ᠡᠭᠦᠳᠴᠦ᠂ ᠰᠤᠶᠤᠯ ᠤᠨ ᠤᠶᠤᠨᠯᠢᠭ ᠲᠤᠯᠭᠠᠭᠤᠷᠢᠯᠠᠯ ᠢ ᠴᠤᠭᠴᠠᠯᠠᠨ ᠪᠠᠶᠢᠭᠤᠯᠤᠨ᠎ᠠ᠃      ᠨᠦᠬᠦᠳ ᠡ᠂ ᠦᠨᠦ ᠵᠢᠯ ᠤᠨ ᠰᠤᠶᠤᠯ  ︵ᠲᠡᠦᠬᠡᠨ ᠲᠤᠷᠠᠰᠬᠠᠯᠲᠤ ᠵᠦᠢᠯ︶ ᠰᠤᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠤᠨ ᠠᠵᠢᠯ ᠤᠨ ᠡᠬᠦᠷᠭᠡ ᠶᠢ ᠨᠢᠬᠡᠨᠲᠡ  ᠳᠤᠳᠤᠷᠬᠠᠶᠢᠯᠠᠪᠠ᠂ ᠪᠢᠳᠠᠨ ᠤ ᠬᠠᠷᠢᠭᠤᠴᠠᠯᠭ᠎ᠠ ᠬᠦᠨᠳᠦ᠂ ᠡᠬᠦᠷᠭᠡ ᠲᠤᠰᠢᠶᠠᠯ ᠦᠩᠬᠡ ᠬᠡᠷᠡᠯᠳᠡᠢ᠃ ᠪᠢᠳᠠ ᠪᠦᠬᠦᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠬᠤᠷᠢᠨ ᠳᠤ ᠪᠦᠯᠬᠦᠮᠳᠠᠨ ᠨᠢᠭᠲᠠᠷᠠᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ︽ᠮᠤᠩᠭᠤᠯ ᠮᠤᠷᠢ︾ ᠶᠢᠨ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠦ᠂ ᠦᠨᠦ ᠵᠢᠯ ᠤᠨ ᠡᠯ᠎ᠠ ᠲᠦᠷᠦᠯ ᠤᠨ ᠰᠤᠶᠤᠯ ᠤᠨ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠦ᠂ ᠠᠯᠠᠱᠠ ᠪᠠᠨ ᠡᠬᠡ ᠤᠷᠤᠨ ᠤ ᠤᠮᠠᠷᠠᠲᠦ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ   ᠤ ᠬᠡᠷᠡᠯᠳᠦ ᠰᠤᠪᠤᠳ ᠪᠤᠯᠭᠠᠨ ᠪᠦᠲᠦᠭᠡᠨ ᠪᠠᠶᠢᠭᠤᠯᠬᠤ ᠶᠢᠨ ᠲᠦᠯᠦᠭᠡ ᠴᠢᠷᠮᠠᠶᠢᠨ ᠲᠡᠮᠡᠴᠡᠵᠦ᠂ ᠰᠢᠯᠢᠳᠡᠭ ᠠᠮᠵᠢᠯᠲᠠ ᠪᠠᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠳᠤᠶ᠎ᠠ︕    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号