ᠡᠷᠳᠡ ᠤᠵᠠᠭᠤᠷ ᠠᠴᠠ ᠠᠪᠤᠭᠠᠳ ᠮᠤᠩᠭᠤᠯᠴᠤᠳ ᠠᠷᠢᠭᠢ ᠤᠤᠭᠤᠬᠤ ᠳᠤ ᠤᠯᠠᠨ ᠶᠤᠰᠤ ᠵᠢᠷᠤᠮ ᠲᠠᠢ᠂ | ᠪᠤᠯᠪᠠᠰᠤᠨ ᠢ ᠡᠷᠭᠢᠮᠨᠡᠳᠡᠭ ᠵᠠᠩᠰᠢᠯ ᠲᠠᠢ ᠪᠠᠶᠢᠭᠰᠠᠨ᠃ ᠶᠠᠮᠠᠷ ᠪᠠᠶᠢᠳᠠᠯ᠂ ᠶᠠᠮᠠᠷ ᠠᠬᠤᠢ ᠤᠷᠴᠢᠨ ᠳᠤ ᠴᠤ ᠬᠤᠨᠳᠠᠭ᠎ᠠ | ᠲᠠᠢ ᠠᠷᠢᠭᠢ ᠶᠢ ᠠᠪᠤᠩᠭᠤᠳᠠ ᠠᠮᠠ ᠤᠷᠤᠭᠤ ᠪᠠᠨ ᠴᠢᠳᠬᠤᠨ ᠤᠤᠭᠤᠳᠠᠭ ᠦᠭᠡᠢ᠂ ᠬᠠᠷᠢᠨ ᠨᠠᠰᠤᠳᠠᠨ ᠪᠤᠭᠤᠷᠤᠯ᠂ | ᠠᠬᠠᠰ ᠵᠠᠬᠠᠰ ᠲᠠᠭᠠᠨ ᠤᠷᠢᠳᠠᠪᠠᠷ ᠳᠡᠭᠡᠵᠢᠯᠠᠨ ᠭᠡᠮᠨᠠᠵᠦ ᠶᠤᠰᠤ ᠤᠴᠢᠷ ᠢᠶᠠᠨ ᠭᠦᠢᠴᠡᠳᠭᠡᠨ᠂ ᠳᠠᠷᠠᠭ᠎ᠠ ᠨᠢ | ᠭᠤᠷᠪᠠᠨᠳᠠ ᠰᠡᠷᠵᠢᠮᠯᠠᠨ ᠰᠠᠴᠤᠯᠢ ᠡᠷᠭᠦᠵᠦ ᠠᠮᠰᠠᠭᠠᠳ ᠤᠤᠭᠤᠳᠠᠭ᠃ ᠡᠨᠡᠭᠦ ᠵᠠᠩ ᠵᠢᠷᠤᠮ ᠤᠨ ᠪᠦᠷᠢᠯᠳᠦᠯ ᠨᠢ | ᠳᠡᠦᠭᠡ ᠶᠢᠨ ᠡᠰᠢ ᠪᠠᠷᠢᠮᠳᠠ ᠲᠠᠢ ᠪᠦᠭᠡᠳ ᠤᠴᠢᠷ ᠤᠳᠬ᠎ᠠ ᠨᠢ ᠮᠠᠰᠢ ᠭᠦᠨ ᠪᠠᠶᠢᠳᠠᠭ᠃ ᠠᠷᠢᠭᠢ ᠶᠢ ᠭᠤᠷᠪᠠᠨᠳᠠ | ᠭᠡᠮᠨᠡᠨ ᠰᠠᠴᠤᠯᠢ ᠡᠷᠭᠦᠳᠡᠭ ᠮᠤᠩᠭᠤᠯᠴᠤᠳ ᠤᠨ ᠶᠤᠰᠤ ᠵᠠᠩᠰᠢᠯ ᠢ ᠲᠤᠷᠠᠳᠬᠤ ᠳᠤ ᠴᠢᠩᠭᠢᠰ ᠬᠠᠭᠠᠨ ᠤ ᠪᠢᠯᠢᠭ | ᠰᠤᠷᠭᠠᠯ ᠠᠴᠠ ᠡᠷᠢᠵᠦ ᠳᠤᠳᠤᠯᠠᠬᠤ ᠤᠴᠢᠷᠳᠠᠢ᠃ ᠳᠡᠦᠭᠡᠨ ᠳᠡᠮᠳᠡᠭᠯᠡᠯ ᠢ ᠦᠨᠳᠤᠰᠤᠯᠡᠪᠡᠯ᠂ ᠨᠠᠢᠮᠠᠨ ᠤ ᠳᠠᠶᠠᠨ ᠬᠠᠠ | ᠨᠠᠷᠠᠳᠤ ᠡᠯᠴᠢ ᠪᠠᠨ ᠴᠠᠭᠠᠨ ᠭᠡᠷᠡᠮ ᠤᠨ ᠠᠷᠤ ᠳᠤ ᠨᠤᠳᠤᠭᠰᠢᠭᠰᠠᠨ ᠤᠩᠭᠤᠳ ᠠᠶᠢᠮᠠᠭ ᠤᠨ ᠳᠦᠷᠦᠭᠦᠤ ᠠᠯᠬᠤᠰᠢ | ᠳᠠᠭᠢᠳᠬᠤᠷᠢ ᠳᠤ ᠢᠯᠡᠭᠡᠵᠦ᠂ ︽ ᠳᠤᠷᠤᠨ᠎ᠠ ᠵᠦᠭ ᠲᠤ ᠴᠦᠭᠡᠨ ᠮᠤᠩᠭᠤᠯᠴᠤᠳ ᠪᠤᠢ ᠭᠡᠳᠡᠭ᠂ ᠴᠢ ᠪᠠᠷᠠᠭᠤᠨ | ᠭᠠᠷ ᠪᠤᠯᠵᠦ ᠮᠤᠷᠳᠠ᠂ ᠪᠢ ᠠᠳᠡᠴᠠ ᠬᠠᠮᠰᠠᠵᠦ ᠳᠡᠳᠡᠭᠡᠷ ᠮᠤᠩᠭᠤᠯᠴᠤᠳ ᠤᠨ ᠬᠤᠷᠤᠮᠰᠠᠭ᠎ᠠ ᠰᠠᠭᠠᠳᠠᠭ ᠢ ᠪᠤᠯᠢᠶᠠᠨ | ᠠᠪᠤᠰᠤᠭᠠᠢ︾ ᠭᠡᠵᠡᠢ᠃ ᠠᠯᠬᠤᠰᠢ ᠳᠠᠭᠢᠳᠬᠤᠷᠢ ︽ᠪᠢ ᠪᠠᠷᠠᠭᠤᠨ ᠭᠠᠷ ᠴᠢᠨᠢ ᠪᠤᠯᠵᠦ ᠴᠢᠳᠠᠬᠤ ᠦᠭᠡᠢ︾ ᠭᠡᠵᠦ | ᠡᠯᠴᠢ ᠶᠢ ᠨᠢ ᠳᠠᠶᠠᠨ ᠬᠠᠭᠠᠨ ᠳᠤ ᠪᠤᠴᠠᠭᠠᠭᠠᠳ ᠦᠪᠠᠷ ᠤᠨ ᠵᠤᠬᠤᠨᠠᠭ ᠨᠠᠷᠠᠳᠤ ᠡᠯᠴᠢ ᠪᠠᠨ ᠳᠠᠶᠢᠽᠤ ᠪᠤᠭᠳᠠ | ᠴᠢᠩᠭᠢᠰ ᠬᠠᠭᠠᠨ ᠳᠤ ᠢᠯᠡᠭᠡᠵᠦ᠂ ᠵᠢᠷᠭᠤᠭᠠᠨ ᠪᠡᠯᠪᠡᠩ ︵ᠪᠤᠳᠤᠩ︶ ᠠᠷᠢᠭᠢ ᠪᠡᠯᠡᠭᠯᠡᠨ ᠳᠠᠶᠠᠨ ᠬᠠᠨ ᠤ | ᠳᠤᠪᠳᠤᠯᠤᠯᠳᠠ ᠶᠢ ᠰᠠᠷᠠᠮᠵᠢᠯᠡᠳᠤᠭᠡᠢ ᠭᠡᠰᠡᠠ ᠪᠠᠶᠢᠵᠠᠢ᠃ ︽ᠳᠠᠶᠢᠽᠤ ᠤᠷᠢᠳᠠᠪᠠᠷ ᠰᠠᠴᠤᠯᠢ ᠡᠷᠭᠦᠵᠦ ᠳᠠᠷᠠᠭ᠎ᠠ ᠪᠠᠷ | ᠵᠤᠭᠤᠭᠯᠠᠪᠠᠢ᠂ ᠭᠡᠮ ᠢ ᠭᠤᠷᠪᠠᠨᠳᠠ ᠡᠷᠭᠦᠵᠦ᠂ ᠡᠨᠡ ᠶᠠᠭᠤᠮ᠎ᠠ ᠶᠢ ᠪᠠᠭ᠎ᠠ ᠡᠳ᠋ᠯᠡᠪᠡᠰᠤ ᠴᠢᠨᠠᠷ ᠢ ᠭᠦᠭᠵᠢᠭᠡᠮᠤᠢ᠂ ᠶᠡᠭᠡ | ᠡᠳ᠋ᠯᠡᠪᠡᠰᠤ ᠴᠢᠨᠠᠷ ᠢ ᠦᠳᠡᠭᠡᠷᠡᠮᠦᠢ︾ ᠭᠡᠵᠡᠢ᠃ ᠠᠯᠬᠤᠰᠢ ᠳᠠᠭᠢᠳᠬᠤᠷᠢ ᠳᠤ ᠴᠢᠩᠭᠢᠰ ᠬᠠᠭᠠᠨ ᠠᠴᠠ ︽ᠨᠢᠭᠡᠨ | ᠡᠳᠦᠷ ᠳᠡᠯᠡᠭᠡᠢ ᠳ᠋ᠠᠭᠢᠨ ᠮᠢᠨᠦ ᠪᠤᠯᠪᠠᠰᠤ ᠴᠢᠨᠤ ᠠᠴᠢ ᠳᠤᠰᠠ ᠶᠢ ᠭᠡᠷᠭᠢᠨ ᠬᠠᠷᠢᠭᠤᠯᠬᠤ ᠶᠢ ᠮᠦᠩᠭᠡ ᠳᠡᠭᠷᠢ | ᠮᠡᠳᠡᠳᠦᠭᠡᠢ︾ ᠭᠡᠮᠡᠭᠰᠠᠨ ᠪᠦᠭᠡᠳ ᠳᠠᠶᠠᠨ ᠬᠠᠨ ᠢ ᠬᠠᠮᠳᠤᠪᠠᠷ ᠳᠠᠶᠢᠯᠠᠬᠤ ᠪᠠᠷ ᠪᠤᠯᠵᠤᠯᠳᠤᠭᠰᠠᠨ ᠠᠵᠢ᠃ ︽ | ᠰᠤᠳᠤᠷ ᠤᠨ ᠴᠢᠭᠤᠯᠭᠠᠨ︾᠂ ︽ᠮᠤᠩᠭᠤᠯ ᠤᠨ ᠨᠢᠭᠤᠴᠠ ᠳᠤᠪᠴᠢᠶᠡᠨ︾᠂ ︽ᠪᠤᠭᠳᠠ ᠪᠠᠭᠠᠳᠤᠷ ᠤᠨ ᠪᠠᠶ᠎ᠠ ᠪᠠᠷ | ᠳᠠᠶᠢᠯᠠᠭᠰᠠᠨ ᠳᠡᠮᠳᠡᠭᠯᠡᠯ︾ ᠵᠢᠴᠢ ︽ᠭᠤᠤ ᠳᠠᠩ ᠵᠦᠩ ᠰᠢᠶᠠᠨ ᠸᠠᠩ ᠤᠨ ᠭᠦᠰᠢᠶᠠᠨ ᠪᠢᠴᠢᠭ ︾ ᠵᠡᠷᠭᠡ ᠳᠡᠦᠭᠡ | ᠱᠠᠰᠳᠢᠷ ᠲᠤ ᠡᠨᠡ ᠳᠤᠬᠠᠢ ᠳᠡᠮᠳᠡᠭᠯᠡᠯ ᠴᠦᠮ ᠪᠤᠢ᠃ ᠴᠢᠩᠭᠢᠰ ᠬᠠᠭᠠᠨ ᠠᠯᠬᠤᠰᠢ ᠳᠠᠭᠢᠳᠬᠤᠷᠢ ᠶᠢᠨ ᠭᠦᠷᠭᠡᠭᠰᠠᠨ | ᠵᠢᠷᠭᠤᠭᠠᠨ ᠪᠠᠯᠪᠠᠩ ᠠᠷᠢᠭᠢ ᠶᠢ ᠰᠠᠴᠤᠯᠢ ᠡᠷᠭᠦᠨ ᠭᠤᠷᠪᠠᠨᠳᠠ ᠭᠡᠮ ᠡᠷᠭᠦᠵᠦ᠂ ᠨᠠᠢᠮᠠᠨ ᠠᠶᠢᠮᠠᠭ ᠢ ᠳᠠᠶᠢᠯᠠᠬᠤ ᠪᠠᠷ | ᠶᠡᠭᠡ ᠴᠡᠷᠢᠭ ᠢᠶᠠᠨ ᠳᠠᠶᠢᠴᠢᠯᠠᠨ ᠮᠤᠷᠳᠠᠭᠠᠳ ᠬᠠᠷᠪᠤᠭᠰᠠᠨ ᠰᠤᠮᠤ ᠮᠠᠳᠤ ᠬᠠᠷᠢᠯᠳᠠ ᠦᠭᠡᠢ ᠪᠠᠷ ᠨᠠᠢᠮᠠᠨ ᠠᠶᠢᠮᠠᠭ ᠢ | ᠬᠤᠷᠢᠶᠠᠮᠵᠢᠯᠠᠨ ᠳᠦᠪᠰᠢᠳᠭᠡᠵᠦ᠂ ᠮᠤᠩᠭᠤᠯ ᠤᠨ ᠶᠡᠭᠡ ᠬᠠᠭᠠᠨᠳᠤ ᠳᠤᠯᠭᠤᠷ ᠳᠦᠷᠦ ᠶᠢ ᠴᠤᠭᠴᠠᠯᠠᠭᠰᠠᠨ ᠪᠠᠶᠢᠨ᠎ᠠ᠃ | ᠮᠤᠩᠭᠤᠯᠴᠤᠳ ᠡᠨᠡᠭᠦ ᠢᠯᠡᠯᠳᠠ ᠪᠠᠨ ᠳᠡᠦᠭᠡᠨ ᠳᠤ ᠦᠨᠢ ᠤᠳᠠᠭᠠᠨ ᠳᠤᠷᠠᠰᠴᠤ ᠳᠡᠮᠳᠡᠭᠯᠡᠭᠦ ᠶᠢᠨ | ᠳᠦᠯᠦᠭᠡᠨᠠ ᠴᠢᠩᠭᠢᠰ ᠬᠠᠭᠠᠨ ᠤ ᠠᠷᠢᠭᠢ ᠶᠢ ᠭᠤᠷᠪᠠᠨᠳᠠ ᠭᠡᠮ ᠡᠷᠭᠦᠵᠦ ᠰᠠᠴᠤᠯᠢ ᠰᠠᠴᠤᠭᠰᠠᠨ ᠢᠶᠠᠷ ᠪᠡᠯᠭᠡᠳᠡᠯ | ᠪᠤᠯᠭᠠᠵᠦ᠂ ᠪᠠᠶᠠᠷ ᠳᠤᠷᠠᠰᠬᠠᠯ᠂ ᠨᠠᠶᠢᠷ ᠬᠤᠷᠢᠮ᠂ ᠳᠠᠶᠢᠯᠭ᠎ᠠ ᠳᠠᠭᠢᠯᠭ᠎ᠠ ᠵᠡᠷᠭᠡ ᠴᠤᠭᠯᠠᠭᠠᠨ ᠳᠤ ᠭᠦᠨᠳᠤᠳᠭᠡᠯ ᠤᠨ | ᠶᠤᠰᠤ ᠪᠤᠯᠭᠠᠨ ᠠᠷᠢᠭᠢ ᠶᠢ ᠤᠷᠢᠳᠠᠪᠠᠷ ᠭᠤᠷᠪᠠᠨᠳᠠ ᠰᠡᠷᠵᠢᠮᠯᠠᠨ ᠰᠠᠴᠤᠯᠢ ᠡᠷᠭᠦᠭᠦ ᠪᠤᠯᠵᠠᠢ᠃ ᠮᠦᠨ ᠠᠶᠠᠨ ᠵᠠᠮ ᠳᠤ | ᠭᠠᠷᠬᠤ ᠳᠠᠭᠠᠨ ᠮᠤᠷᠳᠠᠭᠤᠯ ᠤᠨ ᠠᠷᠢᠭᠢ — ︽ᠳᠦᠷᠦᠭᠡᠨ ᠠᠷᠢᠭᠢ︾ ᠭᠡᠵᠦ ᠠᠷᠢᠭᠢ ᠶᠢ ᠭᠤᠷᠪᠠᠨᠳᠠ ᠭᠡᠮᠨᠡᠨ | ᠰᠠᠴᠤᠯᠢ ᠡᠷᠭᠦᠵᠦ ᠮᠤᠷᠳᠠᠭᠤᠯᠬᠤ ᠵᠠᠩᠰᠢᠯ ᠪᠤᠢ ᠪᠤᠯᠵᠦ᠂ ᠡᠨᠡ ᠨᠢ ᠤᠳᠤ ᠪᠤᠯᠳᠠᠯ᠎ᠠ ᠤᠯᠠᠮᠵᠢᠯᠠᠭᠳᠠᠵᠦ ᠪᠠᠶᠢᠨ᠎ᠠ᠃ | ︽ᠮᠤᠩᠭᠤᠯ ᠤᠨ ᠰᠠᠴᠠᠨ ᠬᠠᠨ ᠠᠶᠢᠮᠠᠭ ᠤᠨ ᠵᠠᠷᠢᠮ ᠬᠤᠰᠢᠭᠤ ᠦᠨᠡᠭᠡ ᠳᠤ ᠬᠤᠶᠠᠷ ᠴᠢᠭᠢ ᠲᠠᠢ ᠶᠤᠮ᠂ | ᠦᠳᠡ ᠶᠢᠨ ᠬᠤᠨᠳᠠᠭ᠎ᠠ ᠭᠤᠷᠪᠠ ᠪᠠᠶᠢᠳᠠᠭ᠃ ᠮᠤᠷᠢᠨ ᠳᠤ ᠬᠤᠶᠠᠷ ᠴᠢᠭᠢ ᠲᠠᠢ ᠰᠢᠤ᠂ ᠮᠤᠷᠳᠠᠭᠤᠯᠬᠤ ᠬᠤᠨᠳᠠᠭ᠎ᠠ | ᠭᠤᠷᠪᠠ ᠶᠤᠮ ︾ ᠭᠡᠵᠦ ᠭᠤᠷᠪᠠᠨ ᠬᠤᠨᠳᠠᠭ᠎ᠠ ᠠᠷᠢᠭᠢ ᠪᠠᠷᠢᠵᠦ ᠮᠤᠷᠳᠠᠭᠤᠯᠬᠤ ︽ᠮᠤᠯᠤᠷ ᠤᠨ ᠠᠷᠢᠭᠢ︾ ᠪᠠᠷᠢᠳᠠᠭ | ᠵᠠᠩ ᠵᠢᠷᠤᠮ ᠢ ᠪᠠᠰᠠ ᠵᠠᠷᠢᠮ ᠮᠠᠲ᠋ᠧᠷᠢᠶᠠᠯ ᠳᠤ ᠳᠡᠮᠳᠡᠭᠯᠡᠵᠤ ᠪᠤᠢ᠃ ᠳᠡᠭᠡᠳᠤ ᠮᠤᠩᠭᠤᠯᠴᠤᠳ ︽ᠳᠤᠰᠠᠯᠠᠪᠠᠯ | ᠳᠤᠯᠤᠭ᠎ᠠ᠂ ᠠᠰᠠᠭᠠᠪᠠᠯ ᠠᠷᠪᠠᠨ ᠬᠤᠨᠳᠠᠭ᠎ᠠ︾ ᠭᠡᠵᠦ ᠠᠷᠢᠭᠢ ᠱᠠᠯᠠᠬᠤ ᠳᠤ ᠪᠠᠰᠠ ︽ᠴᠢᠩᠭᠢᠰ ᠬᠠᠭᠠᠨ ᠤ | ᠴᠢᠨᠳᠠᠮᠤᠨᠢ ᠶᠢᠨ ᠭᠤᠷᠪᠠ︾ ᠪᠠᠷ ᠭᠤᠷᠪᠠᠨ ᠬᠤᠨᠳᠠᠭ᠎ᠠ ᠭᠡᠮᠨᠡᠳᠡᠭ ᠪᠠᠶᠢᠨ᠎ᠠ᠃ ᠮᠤᠩᠭᠤᠯᠴᠤᠳ ᠤᠨ ᠠᠷᠢᠭᠢ ᠶᠢ | ᠭᠤᠷᠪᠠᠨᠳᠠ ᠰᠡᠷᠵᠢᠮᠯᠠᠨ ᠰᠠᠴᠤᠯᠢ ᠡᠷᠭᠦᠭᠦ ᠪᠤᠯᠪᠠᠰᠤᠨ ᠵᠠᠩᠰᠢᠯ ᠢ ᠬᠠᠷᠢ ᠤᠯᠤᠰ ᠤᠨ ᠵᠢᠭᠤᠯᠴᠢᠯᠠᠭᠴᠢ ᠸᠢᠯᠢᠶᠠᠮ | ᠷᠦᠪᠷᠦᠩ ᠬᠠᠮᠤᠭ ᠤᠨ ᠳᠦᠷᠦᠭᠦᠨ ᠳᠤ ᠳᠡᠯᠡᠭᠡᠢ ᠨᠠᠶᠢᠳᠠ ᠳᠤ ᠮᠡᠳᠡᠭᠡᠯᠡᠵᠦ ᠳᠠᠨᠢᠯᠴᠠᠭᠤᠯᠵᠠᠢ᠃ ︽ᠳᠠᠳᠠ ᠬᠤᠷᠢᠮ | ᠨᠠᠶᠢᠷ ᠭᠢᠵᠦ ᠳᠠᠷᠠᠰᠤ ᠤᠤᠭᠤᠬᠤ ᠳᠠᠭᠠᠨ ᠤᠷᠢᠳᠠᠪᠠᠷ ᠭᠡᠷ ᠤᠨ ᠡᠵᠡᠨ ᠤ ᠳᠡᠭᠡᠷ᠎ᠠ ᠳᠠᠯ᠎ᠠ ᠶᠢᠨ ᠤᠩᠭᠤᠳ ᠲᠤ | ᠠᠷᠢᠭᠢᠨ ᠤ ᠳᠡᠭᠡᠵᠢ ᠪᠠᠨ ᠡᠷᠭᠦᠵᠦ᠂ ᠪᠤᠰᠤᠳ ᠤᠩᠭᠤᠳ ᠲᠠᠭᠠᠨ ᠮᠦᠨ ᠳᠡᠰ ᠳᠠᠷᠠᠭᠠᠯᠠᠨ ᠰᠡᠷᠵᠢᠮ ᠡᠷᠭᠦᠨ᠎ᠠ᠃ | ᠳᠠᠷᠠᠭ᠎ᠠ ᠨᠢ ᠨᠢᠭᠡᠨ ᠵᠠᠷᠤᠴᠠ ᠮᠤᠳᠤᠨ ᠠᠶᠠᠭᠠᠨ ᠳᠤ ᠮᠡᠯᠮᠡᠯᠵᠠᠳᠠᠯᠠ ᠠᠷᠢᠭᠢ ᠰᠦᠩᠨᠡᠨ ᠭᠠᠳᠠᠨ᠎ᠠ ᠭᠠᠷᠴᠤ᠂ ᠡᠮᠦᠨ᠎ᠠ | ᠵᠦᠭ ᠲᠤ ᠬᠠᠨᠳᠤᠵᠦ ᠭᠠᠵᠠᠷ ᠰᠦᠭᠦᠳᠴᠤ ᠭᠤᠷᠪᠠᠨᠳᠠ ᠮᠦᠷᠭᠦᠭᠦ ᠶᠢᠨ ᠳᠠᠭᠠᠤ ᠠᠷᠢᠭᠢ ᠪᠠᠨ ᠭᠤᠷᠪᠠᠨᠳᠠ | ᠰᠠᠷᠵᠢᠮᠯᠠᠨ ᠡᠷᠭᠦᠨ᠎ᠠ︾ ᠭᠡᠵᠤ ︽ᠸᠢᠯᠢᠶᠡᠮ ᠷᠦᠪᠷᠦᠩ ᠤᠨ ᠠᠶᠠᠯᠠᠯ ᠤᠨ ᠳᠡᠮᠳᠡᠭᠯᠡᠯ︾ ᠳᠡᠭᠡᠨ ᠨᠠᠷᠢᠯᠢᠬ | ᠳᠡᠮᠳᠡᠭᠯᠡᠵᠡᠢ᠃ | 1999 ᠤᠨ ᠳᠤ ᠪᠢᠳᠠ ᠮᠤᠩᠭᠤᠯ ᠤᠯᠤᠰ ᠤᠨ ᠵᠤᠴᠢᠳ ᠢ ᠭᠦᠯᠢᠶᠡᠨ ᠠᠪᠴᠤ᠂ ᠠᠷᠢᠭᠢ ᠪᠠᠷᠢᠨ | ᠰᠠᠷᠵᠢᠮᠯᠡᠭᠦ ᠦᠶᠡᠰ ᠳᠠᠳᠠ ︽ᠮᠠᠨ ᠤ ᠮᠤᠩᠭᠤᠯ ᠤᠯᠤᠰ ᠤᠨ ᠬᠢᠨ ᠵᠠᠭᠦᠨ ᠭᠠᠷ ᠭᠭᠢᠷ ᠦᠭᠡᠢ᠂ ᠠᠷᠢᠭᠤᠨ ᠭᠡᠮᠡᠨ | ᠵᠡᠭᠦᠨ ᠭᠠᠷ ᠢᠶᠠᠷ ᠢᠶᠠᠨ ᠠᠷᠢᠭᠢ ᠰᠠᠷᠵᠢᠮᠯᠡᠨᠠ᠃ ᠰᠠᠷᠵᠢᠮᠯᠠᠨ ᠰᠠᠴᠤᠯᠢ ᠡᠷᠭᠦᠭᠦ ᠳᠤ ᠳᠡᠭᠡᠭᠰᠢ ᠭᠦᠭᠡ ᠮᠦᠩᠭᠡ | ᠳᠡᠭᠷᠢ ᠳᠤ᠂ ᠳᠤᠷᠤᠭᠰᠢ ᠭᠦᠷᠦᠰᠤᠳᠤ ᠠᠯᠳᠠᠨ ᠳᠡᠯᠡᠭᠡᠢ ᠳᠤ᠂ ᠳᠡᠷᠭᠡᠳᠡᠭᠢ ᠭᠠᠯ ᠭᠤᠯᠤᠮᠳᠠ ᠳᠠᠭᠠᠨ ᠭᠡᠵᠦ | ᠭᠤᠷᠪᠠᠨᠳᠠ ᠰᠡᠷᠵᠢᠮᠯᠡᠨᠠ︾ ᠭᠡᠵᠦ ᠶᠠᠷᠢᠭᠰᠠᠨ ᠪᠢᠯᠡ᠃ ᠬᠠᠯᠢᠮᠠᠭᠴᠤᠳ ᠴᠤ ᠠᠷᠢᠭᠢ ᠳᠠᠷᠠᠰᠤ ᠶᠢ ᠠᠪᠤᠮᠠᠭᠴᠠ | ᠤᠤᠭᠤᠬᠤ ᠶᠢ ᠠᠷᠢᠭᠢᠨ ᠴᠢᠳᠭᠦᠷ ᠭᠡᠮᠡᠨ ᠡᠯᠡᠭ ᠳᠤᠭᠤᠭᠢ ᠪᠤᠯᠭᠠᠨ ᠬᠤᠱᠤᠩᠨᠠᠨ ᠱᠤᠭᠯᠠᠳᠠᠭ ᠭᠡᠬᠦ ᠶᠤᠮ᠃ ᠳᠡᠳᠡ | ᠴᠤ ᠤᠷᠢᠳᠠᠪᠠᠷ ᠠᠵᠠᠢ ᠪᠤᠭᠤᠷᠤᠯᠴᠤᠳ ᠲᠠᠭᠠᠨ ᠠᠷᠢᠭᠢ ᠪᠠᠨ ᠭᠡᠮᠨᠠᠨ ᠪᠠᠷᠢᠵᠦ᠂ ᠳᠠᠷᠠᠭ᠎ᠠ ᠳᠤᠨᠢ ᠭᠤᠷᠪᠠᠨᠳᠠ | ᠰᠠᠴᠤᠯᠢ ᠡᠷᠭᠦᠨ ᠶᠤᠰᠤ ᠵᠢᠷᠤᠮ ᠢᠶᠠᠨ ᠭᠦᠢᠴᠡᠳᠭᠡᠭᠡᠳ ᠠᠮᠰᠠᠨ ᠵᠤᠭᠤᠭᠯᠠᠳᠠᠭ ᠭᠡᠵᠦ ᠵᠠᠭᠤᠴᠢᠯᠠᠭᠤᠷ ᠤᠨ ᠬᠢᠨ ᠳᠤ | ᠮᠡᠳᠡᠭᠡᠯᠡᠭᠰᠡᠨ ᠶᠤᠮ᠃ | (ᠵᠣᠬᠢᠶᠠᠭᠴᠢ᠄ ᠬᠤᠳᠤᠷᠠᠩᠭ᠎ᠠ) |