ᠠᠩᠬᠠᠳᠤᠭᠠᠷ ᠬᠤᠭᠤᠴᠠᠭᠠᠨ ᠤ ᠱᠠᠭ᠎ᠠ ᠰᠤᠶᠤᠯ ᠤᠨ ᠤᠯᠠᠨ ᠤᠯᠤᠰ ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠬᠤᠷᠠᠯ ᠠᠯᠠᠱᠠ ᠪᠠᠷᠠᠭᠤᠨ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2018/8/2
      7 ᠰᠠᠷ᠎ᠠ ᠶᠢᠨ 27 — 28 ᠤ ᠡᠳᠦᠷ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠪᠠᠷᠠᠭᠤᠨ ᠬᠤᠶᠢᠳᠤ ᠶᠢᠨ ᠦᠨᠳᠦᠰᠦᠳᠡᠨ ᠤ ᠶᠡᠭᠡ ᠰᠤᠷᠭᠠᠭᠤᠯᠢ ᠭᠤᠤᠯᠯᠠᠨ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ᠱᠠᠭ᠎ᠠ ᠰᠤᠶᠤᠯ ᠤᠨ ᠤᠯᠠᠨ ᠤᠯᠤᠰ ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠬᠤᠷᠠᠯ ᠠᠯᠠᠱᠠ ᠪᠠᠷᠠᠭᠤᠨ ᠬᠤᠰᠢᠭᠤᠨ ᠳᠤ ᠬᠤᠷᠠᠯᠳᠤᠪᠠ᠃             ᠬᠤᠷᠠᠯ ᠳᠤ ᠮᠤᠩᠭᠤᠯ ᠤᠯᠤᠰ ᠵᠢᠴᠢ ᠰᠢᠨᠵᠢᠶᠠᠩ᠂ ᠬᠦᠬᠡᠨᠠᠭᠤᠷ᠂ ᠭᠠᠨᠰᠦ ᠵᠡᠷᠭᠡ ᠤᠯᠤᠰ ᠤᠨ ᠲᠤᠳᠤᠭᠠᠳᠤ ᠭᠠᠳᠠᠭᠠᠳᠤ ᠶᠢᠨ 50 ᠭᠠᠷᠤᠢ ᠫᠷᠣᠹᠧᠰᠰᠣᠷ᠂ ᠲᠤᠰᠬᠠᠢ ᠮᠡᠷᠭᠡᠵᠢᠯᠳᠡᠨ᠂ ᠡᠷᠳᠡᠮᠳᠡᠨ ᠠᠯᠠᠱᠠ ᠪᠠᠷᠠᠭᠤᠨ ᠬᠤᠰᠢᠭᠤᠨ ᠳᠤ ᠴᠤᠬᠯᠠᠷᠠᠵᠤ᠂ ᠲᠡᠯᠡᠬᠡᠢ ᠶᠢᠨ ᠱᠠᠭ᠎ᠠ ᠰᠤᠶᠤᠯ ᠤᠨ ᠬᠦᠭᠵᠢᠯᠳᠡ ᠶᠢᠨ ᠤᠳᠤᠬᠠᠨ ᠤ ᠪᠠᠶᠢᠳᠠᠯ ᠪᠠ ᠱᠠᠭ᠎ᠠ ᠰᠤᠶᠤᠯ ᠤᠨ ᠡᠬᠦᠰᠦᠯ᠂ ᠠᠭᠤᠯᠬᠤᠨ᠂ ᠤᠯᠠᠮᠵᠢᠯᠠᠨ ᠵᠠᠯᠭᠠᠮᠵᠢᠯᠠᠬᠤ᠂ ᠬᠦᠭᠵᠢᠬᠦᠯᠬᠦ ᠬᠢᠬᠡᠳ ᠬᠠᠮᠠᠭᠠᠯᠠᠬᠤ ᠵᠡᠷᠭᠡ ᠲᠠᠯ᠎ᠠ ᠪᠠᠷ ᠰᠤᠳᠤᠯᠤᠨ ᠶᠠᠷᠢᠯᠴᠠᠪᠠ᠃             ︽ᠱᠠᠭ᠎ᠠ ᠨᠠᠭᠠᠳᠤᠮ ᠪᠤᠯ ᠮᠤᠩᠭᠤᠯ ᠦᠨᠳᠦᠰᠦᠳᠡᠨ ᠤ ᠠᠷᠠᠳ ᠤᠨ ᠤᠯᠠᠮᠵᠢᠯᠠᠯᠳᠤ ᠰᠤᠶᠤᠯ ᠤᠨ ᠲᠠᠯᠡᠰᠳᠤ ᠪᠤᠯᠤᠨ᠎ᠠ᠂ ᠠᠯᠠᠱᠠ ᠤᠷᠤᠨ ᠳᠤ ᠬᠠᠳᠠᠭᠠᠯᠠᠬᠳᠠᠨ ᠦᠯᠡᠳᠡᠵᠤ ᠪᠠᠶᠢᠭ᠎ᠠ ᠱᠠᠭ᠎ᠠ ᠨᠠᠭᠠᠳᠤᠮ ᠤᠨ ᠲᠦᠷᠦᠯ ᠵᠦᠢᠯ 100 ᠭᠠᠷᠤᠢ ᠪᠠᠶᠢᠳᠠᠭ᠂ ᠲᠤᠰ ᠤᠳᠠᠭᠠᠨ ᠤ ᠱᠠᠭ᠎ᠠ ᠰᠤᠶᠤᠯ ᠤᠨ ᠤᠯᠠᠨ ᠤᠯᠤᠰ ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠬᠤᠷᠠᠯ ᠠᠯᠠᠱᠠ ᠪᠠᠷᠠᠭᠤᠨ ᠬᠤᠰᠢᠭᠤᠨ ᠳᠤ ᠬᠤᠷᠠᠯᠳᠤᠬᠰᠠᠨ ᠨᠢ ᠠᠯᠠᠱᠠ ᠪᠠᠷᠠᠭᠤᠨ ᠬᠤᠰᠢᠭᠤᠨ ᠤ ᠱᠠᠭ᠎ᠠ ᠰᠤᠶᠤᠯ ᠤᠨ ᠨᠠᠷ᠎ᠠ ᠠᠯᠳᠠᠷᠰᠢᠯ ᠢ ᠦᠷᠬᠡᠳᠭᠡᠵᠤ᠂ ᠱᠠᠭ᠎ᠠ ᠰᠤᠶᠤᠯ ᠢ ᠬᠠᠮᠠᠭᠠᠯᠠᠵᠤ᠂ ᠤᠯᠠᠮᠵᠢᠯᠠᠨ ᠵᠠᠯᠭᠠᠮᠵᠢᠯᠠᠬᠤ ᠪᠠ ᠬᠦᠭᠵᠢᠬᠦᠯᠬᠦ ᠳᠤ ᠢᠳᠡᠪᠬᠢ ᠦᠢᠯᠡᠳᠦᠯ ᠦᠵᠡᠬᠦᠯᠬᠦ ᠨᠢ ᠯᠠᠪᠳᠠᠢ︾ ᠬᠡᠵᠤ ᠠᠯᠠᠱᠠ ᠪᠠᠷᠠᠭᠤᠨ ᠬᠤᠰᠢᠭᠤᠨ ᠤ ᠱᠠᠭ᠎ᠠ ᠰᠤᠶᠤᠯ ᠤᠨ ᠨᠡᠶᠢᠬᠡᠮᠯᠢᠭ ᠤᠨ ᠲᠠᠷᠤᠭ᠎ᠠ ᠴᠤᠬᠪᠤᠶᠠᠨ ᠬᠡᠯᠡᠨ᠎ᠠ᠃
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号