ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠨᠦᠭᠦᠪᠦᠷᠢ ᠶᠢᠨ ᠲᠤᠬᠠᠢ
ᠨᠡᠶᠢᠲᠡᠯᠡᠭᠰᠡᠨ ᠴᠠᠭ᠄
2018/8/21
     ᠤᠢᠢᠷ᠎ᠠ ᠳᠤ ᠲᠦᠪ ᠤᠨ ᠡᠳ᠋ ᠤᠨ ᠵᠠᠰᠠᠭ ᠤᠨ ᠶᠠᠮᠤᠨ ᠠᠴᠠ ᠨᠡᠶᠢᠳᠡᠯᠡᠭᠰᠡᠨ ︽2018 ᠤᠨ ᠤ ᠤᠯᠤᠰ ᠤᠨ ᠲᠡᠷᠢᠶᠠᠯᠠᠩ ᠤᠨ ᠶᠡᠷᠦᠩᠬᠡᠶᠢᠯᠡᠨ ᠨᠡᠭᠡᠭᠡᠨ ᠠᠰᠢᠬᠯᠠᠬᠤ ᠠᠵᠢᠯ ᠤᠨ ᠦᠨᠳᠦᠰᠦᠨ ᠵᠦᠢᠯ︾ ᠢ ᠦᠨᠳᠦᠰᠦᠯᠡᠪᠡᠯ᠂ 2018 ᠤᠨ ᠳᠤ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠬᠤ ᠶᠢ ᠦᠷᠭᠦᠯᠵᠢᠯᠡᠨ ᠲᠠᠷᠢᠭᠦᠨ ᠴᠢᠬᠤᠯᠠ ᠡᠭᠦᠷᠭᠡ ᠪᠤᠯᠭᠠᠨ᠎ᠠ ᠭᠡᠵᠦ ᠲᠤᠷᠠᠳᠤᠬᠰᠠᠨ ᠪᠠᠶᠢᠨ᠎ᠠ᠃ ᠲᠡᠭᠡᠪᠡᠯ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠨᠦᠭᠦᠪᠦᠷᠢ ᠭᠡᠵᠦ ᠶᠠᠭᠤ ᠪᠤᠢ︖ ᠨᠦᠭᠦᠪᠦᠷᠢ ᠶᠢᠨ ᠪᠠᠷᠢᠮᠵᠢᠶ ᠎ᠠ ᠨᠢ ᠭᠡᠳᠦᠢ ᠪᠤᠢ︖ ᠭᠡᠨ ᠳᠤ ᠨᠦᠭᠦᠪᠦᠷᠢ ᠤᠯᠭᠤᠳᠠᠭ ᠪᠤᠢ︖ ᠬᠡᠷᠬᠢᠨ ᠭᠤᠶᠤᠴᠢᠯᠠᠬᠤ ᠪᠤᠢ︖ ᠵᠡᠷᠭᠡ ᠠᠰᠠᠭᠤᠳᠠᠯ ᠳᠤ ᠲᠠᠷᠢᠶᠠᠴᠢᠳ ᠠᠩᠬᠠᠷᠤᠯ ᠢᠶᠠᠨ ᠲᠦᠪᠯᠡᠷᠡᠭᠦᠯᠵᠤ ᠪᠤᠢ᠃ ᠲᠤᠤᠷᠠᠬᠢ ᠠᠭᠤᠯᠭ᠎ᠠ ᠠᠴᠠ ᠯᠠᠪᠯᠠᠯᠳᠠ ᠪᠤᠯᠭᠠᠭᠠᠷᠠᠢ᠃          ᠦᠨᠳᠦᠷ ᠪᠠᠷᠢᠮᠵᠢᠶᠡᠳᠦ ᠲᠠᠷᠢᠶᠠᠨ ᠭᠠᠵᠠᠷ ᠭᠡᠵᠦ ᠶᠠᠭᠤ ᠪᠤᠢ︖      ᠦᠨᠳᠦᠷ ᠪᠠᠷᠢᠮᠵᠢᠶᠠᠳᠤ ᠲᠠᠷᠢᠶᠠᠨ ᠭᠠᠵᠠᠷ ᠭᠡᠵᠦ ᠨᠤᠳᠠᠯᠡᠨ ᠲᠤᠬᠳᠠᠬᠰᠠᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠬᠦᠷᠢᠶ᠎ᠠ ᠴᠠᠷᠠᠭ᠎ᠠ ᠳᠠᠬᠢ ᠲᠦᠪᠯᠡᠷᠡᠬᠦᠯᠦᠨ ᠭᠡᠪᠴᠢᠶᠠᠵᠢᠭᠦᠯᠦᠭᠰᠡᠨ᠂ ᠮᠠᠰᠢᠨ ᠲᠦᠭᠦᠭᠡᠷᠦᠮᠵᠢ ᠢᠵᠢ ᠲᠦᠭᠦᠷᠵᠢᠭᠰᠡᠨ᠂ ᠤᠨᠠᠯᠳᠠ ᠦᠨᠳᠦᠷ ᠪᠦᠭᠡᠳ ᠲᠤᠬᠳᠠᠭᠤᠨ᠂ ᠠᠮᠢ ᠠᠬᠤᠢ ᠰᠠᠶᠢᠨ᠂ ᠭᠠᠮᠰᠢᠭ ᠢ ᠡᠰᠡᠷᠭᠦᠴᠡᠭᠦ ᠴᠢᠳᠠᠪᠤᠷᠢ ᠪᠠᠷ ᠴᠢᠩᠭ᠎ᠠ᠂ ᠤᠳᠤ ᠦᠶ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠪᠡ ᠡᠵᠡᠩᠨᠡᠯᠳᠡ ᠶᠢᠨ ᠠᠷᠭ᠎ᠠ ᠬᠡᠯᠪᠡᠷᠢ ᠲᠠᠢ ᠨᠡᠶᠢᠴᠡᠭᠰᠡᠨ ᠦᠨᠳᠦᠷ ᠪᠠᠷᠢᠮᠵᠢᠶᠠᠳᠤ ᠦᠨᠳᠦᠰᠦᠨ ᠲᠠᠷᠢᠶᠠᠨ ᠭᠠᠵᠠᠷ ᠢ ᠵᠢᠭᠠᠨ᠎ᠠ᠃      ᠭᠡᠳᠦᠢ ᠨᠦᠭᠦᠪᠦᠷᠢᠯᠡᠭᠦ ᠪᠤᠢ︖      ᠤᠯᠤᠰ ᠤᠨ ᠲᠠᠷᠢᠶᠠᠯᠠᠩ ᠢ ᠶᠡᠷᠦᠩᠭᠡᠶᠢᠯᠡᠨ ᠨᠡᠭᠡᠭᠡᠨ ᠠᠰᠢᠬᠯᠠᠬᠤ ᠠᠯᠪᠠᠨ ᠭᠡᠷ ᠤᠨ ᠮᠡᠳᠡᠭᠳᠡᠯ ᠢ ᠦᠨᠳᠦᠰᠦᠯᠡᠪᠡᠯ᠂ ᠤᠯᠤᠰ ᠠᠴᠠ ᠲᠤᠰ ᠲᠦᠷᠦᠯ ᠵᠦᠢᠯ ᠤᠨ ᠨᠦᠭᠦᠪᠦᠷᠢᠯᠡᠭᠦ ᠪᠡᠯᠡ ᠮᠦᠡᠭᠭᠦᠨ ᠤ ᠭᠡᠮᠵᠢᠶ᠎ᠠ ᠶᠢ ᠮᠤᠵᠢ ᠤᠷᠤᠨ ᠢᠶᠠᠷ ᠨᠢᠭᠡᠴᠡ ᠪᠤᠯᠭᠠᠨ ᠭᠡᠮᠵᠢᠶᠡᠯᠡᠨ ᠪᠤᠳᠤᠵᠤ᠂ ᠮᠦ ᠪᠦᠷᠢ ᠶᠢᠨ ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢ 1500 ᠲᠦᠭᠦᠷᠢᠭ ᠠᠴᠠ ᠬᠡᠳᠦᠷᠡᠭᠦᠯᠬᠦ ᠦᠭᠡᠢ ᠭᠡᠵᠦ ᠲᠤᠬᠳᠠᠭᠠᠪᠠ᠃ ᠭᠡᠭᠦ ᠳᠡᠭᠡᠨ ᠪᠡᠭᠡᠵᠢᠩ᠂ ᠲᠢᠶᠠᠨᠵᠢᠨ᠂ ᠱᠠᠩᠬᠠᠢ᠂ ᠳ᠋ᠠᠯᠢᠶᠠᠨ᠂ ᠴᠢᠩᠳᠤᠤ᠂ ᠨᠢᠩᠪᠤᠸᠧ᠂ ᠰᠢᠶᠠ ᠮᠸᠠ᠂ ᠵᠧᠵᠢᠶᠠᠩ᠂ ᠹᠦᠵᠢᠶᠠᠨ᠂ ᠬᠠᠶᠢᠨᠠᠨ᠂ ᠲᠦᠪᠡᠳ ᠵᠡᠷᠭᠡ ᠮᠤᠵᠢ ᠬᠤᠳᠠ ᠦᠪᠡᠷᠳᠡᠭᠡᠨ ᠵᠠᠰᠠᠬᠤ ᠤᠷᠤᠨ ᠨᠢ ᠲᠤᠬᠠᠢ ᠶᠢᠨ ᠭᠠᠵᠠᠷ ᠤᠨ ᠠᠵᠤ ᠠᠬᠤᠢ ᠶᠢᠨ ᠪᠤᠳᠠᠳᠠᠢ ᠪᠠᠶᠢᠳᠠᠯ ᠢᠶᠠᠨ ᠦᠨᠳᠦᠰᠦᠯᠡᠵᠦ ᠵᠤᠬᠢᠬᠤ ᠬᠡᠮᠵᠢᠶ᠎ᠡ ᠪᠠᠷ ᠨᠦᠭᠦᠪᠦᠷᠢ ᠶᠢᠨ ᠪᠠᠷᠢᠮᠵᠢᠶ᠎ᠠ ᠶᠢ ᠨᠡᠮᠡᠭᠳᠡᠭᠦᠯᠵᠤ ᠪᠤᠯᠤᠨ᠎ᠠ︔ ᠰᠢᠨᠵᠢᠶᠠᠩ ᠤᠨ ᠪᠦᠳᠦᠭᠡᠨ ᠪᠠᠶᠢᠭᠤᠯᠤᠯᠳᠠ ᠶᠢᠨ ᠪᠢᠡᠭᠲ᠋ᠤᠸᠠᠨ᠂ ᠬᠠᠷᠠᠮᠦ᠋ᠷᠡᠨ ᠮᠤᠵᠢ ᠶᠢᠨ ᠲᠠᠷᠢᠶᠠᠯᠠᠩ ᠤᠨ ᠠᠳᠠᠷ ᠬᠠᠭᠠᠯᠪᠤᠷᠢᠯᠠᠯᠳᠠ ᠶᠢᠨ ᠲᠤᠪᠴᠢᠶ᠎ᠠ᠂ ᠭᠤᠸᠠᠩᠳᠦ᠋ᠩ ᠮᠤᠵᠢ ᠶᠢᠨ ᠲᠠᠷᠢᠶᠠᠯᠠᠩ ᠤᠨ ᠠᠳᠠᠷ ᠬᠠᠭᠠᠯᠪᠤᠷᠢᠯᠠᠯᠳᠠ ᠶᠢᠨ ᠲᠤᠪᠴᠢᠶ᠎ᠠ ᠶᠢᠨ ᠮᠦ ᠪᠦᠷᠢ ᠶᠢᠨ ᠡᠳ᠋ ᠤᠨ ᠵᠠᠰᠠᠭ ᠤᠨ ᠨᠦᠭᠦᠪᠦᠷᠢ ᠮᠦᠩᠬᠦ ᠶᠢ 1100 ᠲᠦᠭᠦᠷᠢᠭ ᠠᠴᠠ ᠬᠡᠳᠦᠷᠡᠭᠦᠯᠵᠤ ᠪᠤᠯᠬᠤ ᠦᠭᠡᠢ᠃      ᠭᠡᠨ ᠳᠤ ᠨᠦᠭᠦᠪᠦᠷᠢ ᠤᠯᠭᠤᠬᠤ ᠪᠤᠢ︖      1. ᠲᠠᠷᠢᠮᠠᠯ ᠤᠨ ᠲᠤᠮᠤ ᠡᠷᠦᠭᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠄ ᠡᠷᠭᠡᠪᠰᠢ ᠲᠤᠬᠠᠢ ᠶᠢᠨ ᠭᠠᠵᠠᠷ ᠤᠨ ᠢᠶᠠᠨ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠨᠤᠳᠠᠯᠠᠨ ᠬᠡᠷᠡᠴᠢᠯᠡᠭᠦᠯᠦᠭᠰᠡᠨ ᠪᠤᠶᠤ ᠲᠠᠩᠰᠠᠯᠠᠭᠤᠯᠤᠬᠰᠡᠨ ᠪᠠᠶᠢᠬᠤ ᠬᠡᠷᠡᠭᠳᠡᠢ᠃ 2. ᠲᠠᠷᠢᠶᠠᠯᠠᠩ ᠳᠤ ᠬᠤᠯᠪᠤᠬᠳᠠᠬᠰᠠᠨ ᠠᠵᠤ ᠠᠬᠤᠢᠢᠯᠠᠯ᠂ ᠲᠠᠷᠢᠶᠠᠴᠢᠨ ᠤ ᠲᠤᠰᠬᠠᠢ ᠬᠤᠷᠰᠢᠶ᠎ᠠ ᠵᠡᠷᠭᠡ ᠵᠤᠬᠢᠶᠠᠨ ᠪᠠᠶᠢᠭᠤᠯᠤᠯᠳᠠ᠄ ᠡᠷᠭᠡᠪᠰᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠠᠩᠰᠠᠯᠠᠭᠤᠯᠤᠬᠰᠡᠨ ᠪᠦᠭᠡᠳ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠨᠢ ᠰᠠᠶᠢᠨ ᠪᠠᠶᠢᠵᠤ᠂ ᠵᠤᠬᠢᠬᠤ ᠡᠵᠡᠩᠨᠡᠯᠳᠡ ᠶᠢᠨ ᠬᠦᠷᠢᠶ᠎ᠡ ᠭᠡᠪᠴᠢᠶ᠎ᠠ ᠲᠠᠢ᠂ ᠦᠷᠭᠦᠯᠵᠢᠯᠡᠨ ᠡᠵᠡᠩᠨᠡᠬᠦ ᠴᠢᠳᠠᠪᠤᠷᠢ ᠲᠠᠢ ᠪᠠ ᠬᠤᠪᠢ ᠪᠠᠷ ᠢᠶᠠᠨ ᠪᠡᠯᠡ ᠮᠦᠩᠬᠦ ᠬᠤᠷᠠᠮᠳᠤᠭᠤᠯᠬᠤ ᠴᠢᠳᠠᠪᠤᠷᠢ ᠲᠠᠢ᠂ ᠡᠷᠡᠭᠦᠯ ᠪᠤᠰᠤ ᠢᠳᠡᠭᠡᠮᠵᠢ ᠶᠢᠨ ᠲᠠᠩᠰᠠ ᠦᠭᠡᠢ ᠪᠠᠶᠢᠬᠤ ᠬᠡᠷᠡᠭᠳᠡᠢ᠃ ᠲᠤᠬᠠᠢᠢᠯᠠᠪᠠᠯ᠂ ᠲᠤᠰ ᠨᠦᠭᠦᠪᠦᠷᠢ ᠨᠢ ᠠᠯᠢ ᠨᠢᠭᠡ ᠲᠠᠷᠢᠶᠠᠴᠢᠨ ᠳᠤ ᠤᠯᠭᠤᠬᠤ ᠬᠡᠰᠡᠨ ᠪᠢᠰᠢ᠂ ᠬᠠᠷᠢᠨ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠲᠤ ᠪᠦᠳᠦᠭᠡᠨ ᠪᠠᠶᠢᠭᠤᠯᠤᠯᠳᠠ ᠬᠢᠭᠰᠡᠨ ᠲᠠᠷᠢᠶᠠᠯᠠᠩ ᠤᠨ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠬᠴᠠ ᠳᠤ ᠤᠯᠭᠤᠬᠤ ᠨᠦᠭᠦᠪᠦᠷᠢ ᠪᠤᠯᠤᠨ᠎ᠠ᠃ ᠨᠦᠭᠦᠪᠦᠷᠢ ᠭᠤᠶᠤᠴᠢᠯᠠᠬᠤ ᠨᠦᠭᠦᠴᠡᠯ ᠵᠠᠷᠴᠢᠮ ᠲᠡᠭᠡᠷ᠎ᠡ ᠪᠠᠨ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠨᠦᠭᠦᠪᠦᠷᠢ ᠤᠯᠭᠤᠬᠤ ᠲᠠᠯᠠᠪᠠᠢ ᠨᠢ ᠲᠠᠯ᠎ᠠ ᠭᠠᠵᠠᠷ ᠤᠨ ᠲᠠᠷᠢᠶ᠎ᠠ 5000 ᠮᠦ ᠠᠴᠠ ᠲᠤᠷᠤᠬᠰᠢ ᠪᠠᠶᠢᠵᠤ ᠪᠤᠯᠬᠤ ᠦᠭᠡᠢ ᠪᠠᠶᠢᠵᠤ᠂ ᠲᠤᠪᠤᠷᠴᠠᠭ ᠤᠷᠤᠨ ᠤ ᠲᠠᠷᠢᠶ᠎ᠠ 2000 ᠮᠦ ᠠᠴᠠ ᠲᠤᠷᠤᠬᠰᠢ ᠪᠠᠶᠢᠵᠤ ᠪᠤᠯᠬᠤ ᠦᠭᠡᠢ ᠭᠡᠵᠦ ᠲᠤᠬᠳᠠᠭᠠᠪᠠ᠃ ᠭᠡᠭᠦ ᠳᠡᠭᠡᠨ ᠲᠠᠷᠢᠶᠠᠯᠠᠩ ᠤᠨ ᠰᠢᠨ᠎ᠡ ᠭᠡᠯᠪᠡᠷᠢ ᠶᠢᠨ ᠡᠵᠡᠩᠨᠡᠯᠳᠡ ᠶᠢᠨ ᠭᠤᠤᠯ ᠴᠤᠬᠴᠠ ᠶᠢ ᠲᠡᠳᠬᠦᠨ ᠲᠡᠮᠵᠢᠬᠦ ᠶᠢᠨ ᠲᠤᠰᠠᠳᠠ ᠪᠤᠳᠠᠳᠠᠢ ᠲᠠᠯᠠᠪᠠᠢ ᠶᠢ ᠨᠢ ᠡᠯ᠎ᠡ ᠮᠤᠵᠢ ᠤᠷᠤᠨ ᠤ ᠨᠠᠷᠢᠨ ᠲᠦᠷᠢᠮ ᠢᠶᠠᠷ ᠦᠨᠳᠦᠰᠦᠯᠡᠯ ᠪᠤᠯᠭᠠᠨ᠎ᠠ᠃      ᠭᠤᠶᠤᠴᠢᠯᠠᠬᠤ ᠠᠷᠭ᠎ᠠ ᠲᠡᠮ      1. ᠬᠦᠳᠡᠯᠦᠩᠭᠦᠢ ᠪᠠᠷ ᠨᠡᠶᠢᠳᠭᠡᠭᠦ + ᠪᠠᠷᠢᠮᠵᠢᠶ᠎ᠡ ᠠᠴᠠ 10% ᠢᠶᠠᠷ ᠲᠠᠪᠠᠭᠤᠯᠤᠨ ᠪᠡᠶᠡᠯᠡᠭᠦᠯᠭᠦ ᠬᠡᠷᠪᠡ ᠭᠠᠵᠠᠷ ᠰᠢᠷᠤᠢ ᠶᠢᠨ ᠭᠡᠪᠴᠢᠶᠠᠵᠢᠯ᠂ ᠲᠠᠶᠢᠴᠢᠯᠡᠨ ᠳᠠᠭᠠᠭᠤᠯᠤᠬᠰᠡᠨ ᠲᠠᠷᠢᠶᠠᠯᠠᠬᠤ ᠡᠷᠦᠭᠡ ᠶᠢᠨ ᠭᠡᠪᠴᠢᠶᠠᠵᠢᠯ ᠤᠨ ᠲᠠᠯ᠎ᠠ ᠪᠠᠷ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠦᠭᠡᠢ ᠪᠤᠯ᠂ ᠲᠠᠷᠢᠶᠠᠴᠢᠨ ᠤ ᠲᠤᠰᠬᠠᠢ ᠬᠤᠷᠰᠢᠶ᠎ᠠ ᠪᠤᠶᠤ ᠲᠠᠷᠢᠶᠠᠯᠠᠩ ᠳᠤ ᠬᠤᠯᠪᠤᠬᠳᠠᠬᠰᠠᠨ ᠠᠵᠤ ᠠᠬᠤᠢᠢᠯᠠᠯ ᠠᠴᠠ ᠭᠠᠵᠠᠷ ᠰᠢᠷᠤᠢ ᠶᠢᠨ ᠡᠬᠢ ᠪᠠᠶᠠᠯᠢᠭ ᠪᠠ ᠲᠠᠷᠢᠶᠠᠴᠢᠳ ᠢ ᠲᠠᠶᠢᠴᠢᠯᠠᠬᠤ ᠬᠡᠮᠵᠢᠶ᠎ᠡ ᠶᠢ ᠨᠡᠶᠢᠳᠭᠡᠬᠦ ᠪᠠᠷ ᠲᠠᠮᠵᠢᠨ ᠬᠠᠮᠤᠭ ᠤᠨ ᠰᠠᠶᠢᠨ ᠨᠢ ᠲᠦᠷᠦ ᠶᠢᠨ ᠪᠤᠳᠤᠯᠭ᠎ᠠ ᠶᠢᠨ ᠲᠤᠬᠳᠠᠬᠰᠠᠨ ᠪᠠᠷᠢᠮᠵᠢᠶ᠎ᠠ ᠠᠴᠠ 10% ᠢᠶᠠᠷ ᠲᠠᠪᠠᠭᠤᠯᠤᠨ ᠪᠠᠶᠠᠯᠠᠭᠦᠯᠪᠠᠯ ᠨᠦᠭᠦᠪᠦᠷᠢ ᠭᠤᠶᠤᠴᠢᠯᠠᠬᠤ ᠳᠤ ᠠᠰᠢᠭᠳᠠᠢ᠃ ᠵᠢᠱᠢᠶᠠᠯᠠᠪᠠᠯ᠂ ᠲᠦᠷᠦ ᠶᠢᠨ ᠪᠤᠳᠤᠯᠭ᠎ᠠ ᠶᠢᠨ ᠲᠤᠬᠳᠠᠭᠠᠯ ᠶᠤᠰᠤᠭᠠᠷ ᠪᠤᠯ 5000 ᠮᠦ ᠭᠠᠵᠠᠷ ᠰᠢᠷᠤᠢ ᠶᠢᠨ ᠲᠠᠯᠠᠪᠠᠢ ᠲᠠᠢ ᠪᠠᠶᠢᠬᠤ ᠬᠡᠷᠡᠭᠳᠡᠢ ᠭᠡᠵᠦ ᠱᠠᠭᠠᠷᠳᠠᠵᠤ ᠪᠠᠶᠢᠬᠤ ᠳᠤ ᠬᠦᠷᠪᠡᠯ᠂ 5500 ᠮᠦ ᠶᠢᠨ ᠲᠡᠯᠡᠪᠡᠢ ᠶᠢ ᠨᠡᠶᠢᠳᠭᠡᠵᠦ ᠲᠡᠶᠢᠯᠬᠦ ᠳᠤ ᠬᠦᠷᠪᠡᠯ ᠭᠤᠶᠤᠴᠢᠯᠡᠵᠤ ᠪᠤᠯᠤᠨ᠎ᠠ᠃ 2. ᠴᠠᠭ + ᠭᠤᠤᠯ ᠴᠤᠬᠴᠠ + ᠱᠠᠳᠤ ᠦᠶ᠎ᠡ + ᠤᠳᠤᠷᠢᠳᠬᠤ ᠰᠠᠨᠠᠯ ᠪᠤᠳᠠᠳᠠᠢ ᠲᠦᠷᠦᠯ ᠵᠦᠢᠯ ᠢ ᠭᠤᠶᠤᠴᠢᠯᠠᠬᠤ ᠦᠶ ᠎ᠠ ᠳᠤ᠂ ᠡᠷᠭᠡᠪᠰᠢ ᠡᠳᠡᠭᠡᠷ ᠡᠯᠧᠮᠧᠨ᠋ᠲ ᠢ ᠬᠦᠢᠴᠡᠳ ᠪᠤᠳᠤᠯᠬᠢᠯᠠᠬᠤ ᠬᠡᠷᠡᠭᠳᠡᠢ᠄ ᠲᠦᠷᠦ ᠶᠢᠨ ᠪᠤᠳᠤᠯᠭ᠎ᠠ ᠶᠢᠨ ᠭᠤᠶᠤᠴᠢᠯᠠᠬᠤ ᠬᠤᠭᠤᠴᠠᠭ᠎ᠠ᠂ ᠲᠡᠳᠭᠦᠨ ᠲᠡᠮᠵᠢᠭᠦ ᠭᠤᠤᠯ ᠴᠤᠬᠴᠠ︔ ᠲᠦᠷᠦᠯ ᠵᠦᠢᠯ ᠤᠨ ᠬᠦᠭᠵᠢᠯᠳᠠ ᠶᠢᠨ ᠱᠠᠳᠤ ᠪᠠ ᠭᠠᠵᠠᠷ ᠤᠷᠤᠨ ᠤ ᠵᠢᠯᠤᠭᠤᠳᠬᠤ ᠰᠠᠨᠠᠯ ᠵᠡᠷᠭᠡ ᠪᠤᠯᠤᠨ᠎ᠠ᠃ ᠲᠠᠷᠢᠶᠠᠯᠠᠩ ᠤᠨ ᠨᠦᠭᠦᠪᠦᠷᠢ ᠶᠢᠨ ᠲᠦᠷᠦ ᠶᠢᠨ ᠪᠤᠳᠤᠯᠭ᠎ᠠ ᠪᠤᠯ ᠲᠤᠬᠠᠢ ᠶᠢᠨ ᠭᠠᠵᠠᠷ ᠤᠨ ᠪᠠᠶᠢᠳᠠᠯ ᠳᠤ ᠨᠡᠶᠢᠴᠡᠭᠦᠯᠭᠦ ᠪᠠᠷ ᠭᠤᠤᠯ ᠪᠤᠯᠭᠠᠳᠠᠭ᠃ ᠡᠶᠢᠮᠦ ᠠᠴᠠ ᠨᠦᠭᠦᠪᠦᠷᠢ ᠭᠤᠶᠤᠴᠢᠯᠠᠬᠤ ᠳᠤ ᠡᠳᠡᠭᠡᠷ ᠡᠯᠧᠮᠧᠨ᠋ᠲ ᠲᠤᠳᠠᠬᠳᠠᠵᠤ ᠪᠤᠯᠬᠤ ᠦᠭᠡᠢ᠃      ▲ ᠠᠩᠬᠠᠷᠤᠭᠤᠰᠢᠳᠠᠢ ᠨᠢ ᠲᠤᠤᠷᠠᠬᠢ ᠬᠡᠳᠦᠨ ᠭᠠᠵᠠᠷ ᠤᠷᠤᠨ ᠳᠤ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠬᠢᠵᠦ ᠪᠤᠯᠬᠤ ᠦᠭᠡᠢ᠃ ᠲᠤᠬᠠᠢᠢᠯᠠᠪᠠᠯ᠄ 1. 25 ᠭᠷᠠᠳᠦ᠋ᠰ ᠤᠨ ᠨᠠᠯᠠᠤ ᠲᠤᠪᠤᠷᠴᠠᠭ ᠤᠨ ᠲᠠᠷᠢᠶᠠᠨ ᠭᠠᠵᠠᠷ 2. ᠲᠠᠷᠢᠶᠠᠯᠠᠬᠤ ᠶᠢ ᠵᠤᠬᠰᠤᠭᠠᠵᠤ ᠤᠢᠢᠵᠢᠭᠤᠯᠤᠬᠰᠠᠨ ᠭᠠᠵᠠᠷ ᠤᠷᠤᠨ 3. ᠭᠠᠵᠠᠷ ᠰᠢᠷᠤᠢ ᠶᠢᠨ ᠪᠤᠬᠢᠷᠳᠤᠯ ᠬᠦᠨᠳᠦ ᠨᠤᠴᠢᠳᠠᠢ ᠭᠠᠵᠠᠷ ᠤᠷᠤᠨ 4. ᠭᠠᠵᠠᠷ ᠲᠤᠤᠷᠠᠬᠢ ᠤᠰᠤ ᠶᠢ ᠭᠡᠳᠦᠷᠡᠳᠡᠯ᠎ᠠ ᠠᠰᠢᠬᠯᠠᠬᠰᠠᠨ ᠭᠠᠵᠠᠷ ᠤᠷᠤᠨ 5. ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠤᠤᠯ ᠪᠤᠯᠬᠤ ᠤᠷᠤᠨ ᠪᠠ ᠨᠠᠮᠵᠢᠭᠤᠯᠬᠤ ᠤᠷᠤᠨ 6. ᠨᠠᠭᠤᠷ ᠳᠠᠭᠠᠬᠰᠡᠨ ᠲᠠᠷᠢᠶᠠᠨ ᠭᠠᠵᠠᠷ᠂ ᠲᠠᠯᠠᠢ ᠶᠢ ᠲᠡᠭᠰᠢᠯᠡᠵᠦ ᠭᠠᠷᠭᠠᠭᠰᠡᠨ ᠲᠠᠷᠢᠶᠠᠨ ᠭᠠᠵᠠᠷ ᠵᠡᠷᠭᠡ᠃                       ︵︽ᠲᠤᠮᠳᠠᠳᠤ ᠤᠯᠤᠰ ᠤᠨ ᠰᠢᠩ ᠨᠥᠩ ᠰᠥᠯᠵᠢᠶ᠎ᠠ︾ ᠠᠴᠠ ᠤᠷᠴᠢᠭᠤᠯᠪᠠ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠡ ᠠᠴᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号