ᠭᠠᠳᠠᠭᠠᠳᠤ ᠶᠢᠨ ᠬᠢᠨ ᠡᠰᠢ ᠰᠦᠷᠡᠯ ᠢ ᠶᠠᠭᠠᠬᠢᠵᠤ ᠠᠰᠢᠭᠯᠠᠳᠠᠭ ᠪᠣᠢ︖
ᠨᠡᠶᠢᠲᠡᠯᠡᠭᠰᠡᠨ ᠴᠠᠭ᠄
2018/8/21
     ᠶᠠᠫᠤᠨ᠄ ᠦᠩᠬᠡᠷᠡᠭᠰᠡᠨ ᠳᠤ ᠶᠠᠫᠤᠨᠴᠤᠳ ᠠᠦ᠋ᠰᠲᠷᠠᠯᠢᠶ᠎ᠠ ᠠᠴᠠ ᠡᠰᠢ ᠰᠦᠷᠡᠯ ᠤᠨ ᠣᠷᠢᠶᠠᠮᠠᠯ ᠣᠷᠣᠭᠤᠯᠵᠣ ᠪᠠᠶᠢᠵᠠᠢ᠃ ᠣᠢᠢᠷ᠎ᠠ ᠶᠢᠨ ᠵᠢᠯ ᠳᠤ ᠦᠪᠡᠰᠤᠪᠠᠨ ᠡᠰᠢ ᠰᠦᠷᠡᠯ ᠤᠨ ᠣᠷᠢᠶᠠᠮᠠᠯ ᠦᠢᠯᠡᠳᠪᠦᠷᠢᠯᠡᠨ ᠮᠠᠯ ᠳᠠᠭᠠᠨ ᠲᠡᠪᠢᠰᠤᠨ ᠦᠭᠴᠤ ᠪᠤᠢ᠃ ᠨᠠᠮᠣᠷ ᠤᠨ ᠬᠤᠷᠢᠶᠠᠯᠳᠠ ᠪᠣᠯᠪᠠᠯ ᠶᠠᠫᠤᠨᠴᠤᠳ ᠡᠰᠢ ᠰᠦᠷᠡᠯ ᠤᠨ ᠣᠷᠢᠶᠠᠮᠠᠯ ᠢᠶᠠᠨ ᠲᠠᠷᠢᠶᠠᠴᠢᠨ ᠳᠤ ᠬᠤᠳᠠᠯᠳᠣᠨ ᠦᠭᠴᠤ᠂ ᠰᠠᠭᠠᠯᠢ ᠶᠢᠨ ᠦᠨᠢᠶ᠎ᠠ ᠪᠣᠯᠣᠨ ᠮᠢᠬᠠᠨ ᠤ ᠦᠬᠡᠷ ᠤᠨ ᠲᠡᠪᠢᠰᠬᠡᠷ ᠪᠤᠯᠭᠠᠨ ᠬᠡᠷᠡᠭᠯᠡᠬᠦᠯᠳᠡᠭ᠃ ᠶᠠᠫᠣᠨ ᠤ ᠣᠯᠠᠩᠬᠢ ᠭᠠᠵᠠᠷ ᠤᠨ ᠵᠠᠰᠠᠭ ᠤᠨ ᠣᠷᠳᠣᠨ ᠠᠴᠠ ᠪᠣᠭᠤᠳᠠᠢ ᠶᠢᠨ ᠡᠰᠢ ᠰᠦᠷᠡᠯ ᠢ ᠠᠰᠢᠬᠯᠠᠬᠤ ᠲᠣᠬᠠᠢ ᠲᠣᠳᠣᠷᠬᠠᠢ ᠲᠣᠭᠳᠠᠭᠠᠯ ᠭᠠᠷᠭᠠᠭᠰᠠᠨ ᠦᠬᠡᠢ ᠪᠤᠯᠪᠠᠴᠦ ᠲᠣᠷ᠎ᠠ ᠪᠠᠷ ᠢᠶᠠᠨ ᠭᠠᠯᠳᠠᠨ ᠰᠢᠳᠠᠭᠠᠬᠤ ᠦᠵᠡᠭᠳᠡᠯ ᠲᠡᠮᠡᠢ ᠬᠠᠷᠠᠬᠳᠠᠳᠠᠬ ᠦᠬᠡᠢ ᠶᠤᠮ᠃ ᠣᠯᠠᠩᠬᠢ ᠨᠢ ᠡᠳ᠋ᠰᠢᠬᠦᠯᠦᠨ ᠪᠣᠯᠪᠠᠰᠣᠷᠠᠭᠤᠯᠣᠭᠠᠳ ᠪᠣᠷᠳᠣᠭᠤᠷ ᠪᠣᠯᠭᠠᠵᠦ᠂ ᠦᠯᠡᠳᠡᠭᠰᠡᠨ ᠢ ᠨᠢ ᠬᠤᠬ ᠰᠢᠳᠠᠭᠠᠬᠤ ᠭᠠᠵᠠᠷ ᠬᠦᠷᠭᠡᠵᠦ ᠰᠢᠳᠠᠭᠠᠳᠠᠭ᠃       ᠠᠦ᠋ᠰᠲᠷᠠᠯᠢᠶ᠎ᠠ᠄ ᠠᠦ᠋ᠰᠲᠷᠠᠯᠢᠶ᠎ᠠ ᠳᠤ ᠡᠰᠢ ᠰᠦᠷᠡᠯ ᠢ ᠡᠷᠳᠡᠨᠢ ᠬᠡᠮᠡᠨ ᠦᠵᠡᠵᠤ᠂ ᠰᠠᠭᠠᠯᠢ ᠶᠢᠨ ᠦᠨᠢᠶ᠎ᠡ ᠪᠠᠨ ᠲᠡᠵᠢᠬᠡᠳᠡᠭ ᠶᠤᠮ᠃ ᠵᠢᠯ ᠪᠦᠷᠢ ᠶᠢᠨ ᠬᠠᠪᠣᠷ ᠨᠠᠮᠣᠷ ᠤᠨ ᠣᠯᠠᠷᠢᠯ ᠪᠤᠯᠤᠭᠰᠠᠭᠠᠷ ᠲᠠᠷᠢᠶᠠᠴᠢᠳ ᠨᠢ ᠡᠰᠢ ᠰᠦᠷᠡᠯ ᠢᠶᠠᠨ ᠲᠡᠯᠬᠡᠨ ᠬᠠᠳᠠᠭᠠᠳᠠᠭ᠃ ᠠᠦ᠋ᠰᠲᠷᠠᠯᠢᠶᠠᠴᠤᠳ ᠤᠨ ᠬᠡᠯᠡᠬᠦ ᠪᠠᠷ᠂ ᠪᠣᠭᠤᠳᠠᠢ ᠶᠢᠨ ᠡᠰᠢ ᠰᠦᠷᠡᠯ ᠳᠤ ᠣᠭᠤᠷᠠᠭ ᠪᠡ ᠰᠢᠷᠭᠡᠭᠯᠢᠭ ᠡᠳ᠋ ᠡᠯᠪᠡᠭ ᠠᠭᠤᠯᠤᠭᠳᠠᠵᠤ ᠪᠠᠶᠢᠳᠠᠭ ᠠᠴᠠ ᠰᠠᠭᠠᠯᠢ ᠶᠢᠨ ᠦᠨᠢᠶ᠎ᠠ ᠶᠢᠨ ᠰᠢᠮ᠎ᠠ ᠰᠠᠶᠢᠳᠠᠢ ᠲᠡᠵᠢᠬᠡᠯ ᠪᠤᠯᠵᠤ᠂ ᠡᠰᠢ ᠰᠦᠷᠡᠯ ᠢᠶᠠᠷ ᠰᠠᠭᠠᠯᠢ ᠶᠢᠨ ᠦᠨᠢᠶ᠎ᠡ ᠲᠡᠵᠢᠬᠡᠪᠡᠯ ᠰᠦ ᠶᠢᠨ ᠭᠠᠷᠣᠯᠳᠠ ᠶᠢ ᠨᠡᠮᠡᠭᠳᠡᠬᠦᠯᠳᠡᠭ ᠠᠵᠢ᠃ ᠠᠦ᠋ᠰᠲᠷᠠᠯᠢᠶ᠎ᠠ ᠶᠢᠨ ᠬᠢᠨ ᠰᠠᠭᠠᠯᠢ ᠶᠢᠨ ᠦᠨᠢᠶ᠎ᠡ ᠲᠡᠵᠢᠬᠡᠬᠦ ᠠᠴᠠ ᠭᠠᠳᠠᠨ᠎ᠠ ᠪᠠᠰᠠ ᠲᠠᠷᠢᠮᠠᠯ ᠤᠨ ᠡᠰᠢ ᠰᠦᠷᠡᠯ ᠢᠶᠠᠨ ᠭᠠᠳᠠᠭᠠᠳᠣ ᠳᠤ ᠭᠠᠷᠭᠠᠵᠤ ᠪᠤᠢ᠃      ᠠᠮᠧᠷᠢᠺᠠ᠄ ᠠᠮᠧᠷᠢᠺᠡᠴᠤᠳ ᠪᠣᠭᠤᠳᠠᠢ ᠶᠢᠨ ᠡᠰᠢ ᠰᠦᠷᠡᠯ ᠢ ᠲᠠᠬᠢᠨ ᠠᠰᠢᠬᠯᠠᠬᠤ ᠶᠢ ᠲᠦᠢᠯ ᠢᠶᠠᠷ ᠴᠢᠬᠤᠯᠠᠴᠢᠯᠠᠵᠤ᠂ ᠬᠠᠰᠢᠶ᠎ᠠ ᠰᠠᠷᠠᠪᠴᠢ ᠪᠠᠷᠢᠬᠤ ᠳᠤ ᠬᠡᠷᠡᠭᠯᠡᠬᠦ ᠪᠣᠶᠣ ᠮᠠᠯ ᠳᠤ ᠲᠡᠪᠢᠰᠬᠡᠷ ᠪᠣᠯᠭᠠᠵᠦ ᠦᠭᠳᠡᠭ᠃ ᠠᠷᠢᠽᠣᠨᠠ ᠵᠸᠦ ᠳᠤ ᠭᠠᠵᠠᠷ ᠵᠦᠢ ᠠᠭᠤᠷ ᠠᠮᠢᠰᠬᠤᠯ ᠤᠨ ᠣᠨᠴᠠᠭᠠᠢ ᠴᠢᠨᠠᠷ ᠠᠴᠠ ᠪᠣᠯᠵᠦ ᠮᠣᠳᠣᠨ ᠮᠠᠲ᠋ᠧᠷᠢᠶᠡᠯ ᠶᠡᠭᠡ ᠲᠤᠳᠠᠭᠳᠠᠬᠤ ᠪᠤᠯᠬᠤᠷ ᠵᠠᠷᠢᠮ ᠬᠦᠮᠦᠰ ᠪᠦᠳᠦᠬᠦᠯᠢᠭ ᠡᠳ᠋ᠰᠢᠬᠦᠯᠦᠭᠰᠡᠨ ᠡᠰᠢ ᠰᠦᠷᠡᠯ ᠢᠶᠠᠷ ᠭᠤᠣᠯ ᠪᠠᠷᠢᠯᠭ᠎ᠠ ᠶᠢᠨ ᠮᠠᠲ᠋ᠧᠷᠢᠶᠡᠯ ᠢᠶᠠᠨ ᠪᠣᠯᠭᠠᠳᠠᠭ ᠶᠤᠮ᠃ 2007 ᠣᠨ ᠤ 6 ᠰᠠᠷ᠎ᠠ ᠳᠤ᠂ ᠠᠮᠧᠷᠢᠺᠡ ᠶᠢᠨ ᠬᠦᠳᠡᠭᠡ ᠠᠵᠦ ᠠᠬᠤᠢ ᠶᠢᠨ ᠶᠠᠮᠣᠨ ᠪᠣᠯᠣᠨ ᠡᠨᠧᠷᠬᠢ ᠶᠢᠨ ᠶᠠᠮᠣᠨ ᠲᠣᠰ ᠲᠣᠰ 1400 ᠲᠦᠮᠡᠨ ᠳ᠋ᠣᠯᠯᠠᠷ ᠪᠣᠯᠣᠨ 400 ᠲᠦᠮᠡᠨ ᠳ᠋ᠣᠯᠯᠠᠷ ᠤᠨ ᠪᠡᠯᠡ ᠭᠠᠷᠭᠠᠨ ᠰᠠᠭᠤᠷᠢ ᠮᠦᠩᠬᠦ ᠪᠠᠶᠢᠭᠤᠯᠵᠦ᠂ ᠬᠠᠮᠢᠶ᠎ᠠ ᠪᠦᠬᠦᠢ ᠠᠮᠢᠳᠣ ᠪᠣᠳᠠᠰ ᠤᠨ ᠰᠢᠳᠠᠭᠠᠯᠭ᠎ᠠ᠂ ᠠᠮᠢᠳᠣ ᠪᠣᠳᠠᠰ ᠤᠨ ᠡᠳ᠋ ᠤᠨ ᠡᠨᠧᠷᠬᠢ ᠪᠣᠯᠣᠨ ᠬᠠᠮᠢᠶ᠎ᠠ ᠪᠦᠬᠦᠢ ᠦᠢᠯᠡᠳᠬᠦᠨ ᠢ ᠰᠣᠳᠣᠯᠣᠨ ᠨᠡᠭᠡᠭᠡᠬᠦ ᠳᠤ ᠲᠣᠰᠠᠯᠠᠮᠵᠢ ᠦᠵᠡᠬᠦᠯᠵᠤ ᠪᠤᠢ᠃      ᠳ᠋ᠧᠨ᠋ᠮᠡᠷᠺ᠄ ᠳ᠋ᠧᠨ᠋ᠮᠡᠷᠺ ᠪᠤᠯ ᠲᠡᠯᠡᠬᠡᠢ ᠲᠡᠭᠡᠷ᠎ᠠ ᠬᠠᠮᠤᠭ ᠲᠦᠷᠦᠬᠦᠨ ᠳᠤ ᠡᠰᠢ ᠰᠦᠷᠡᠯ ᠢ ᠠᠰᠢᠬᠯᠠᠨ ᠴᠠᠬᠢᠯᠭᠠᠨ ᠭᠠᠷᠭᠠᠬᠰᠠᠨ ᠣᠯᠣᠰ ᠪᠣᠯᠬᠤ ᠶᠣᠮ᠃ ᠨᠡᠶᠢᠰᠯᠡᠯ ᠺᠣᠫᠧᠨ᠋ᠠᠭᠭᠧᠨ ᠠᠴᠠ ᠡᠮᠦᠨᠡᠰᠢᠬᠢ ᠠᠸᠧᠢᠢᠳᠦ᠋ᠸᠧ ᠴᠠᠬᠢᠯᠭᠠᠨ ᠭᠠᠷᠭᠠᠬᠤ ᠦᠢᠯᠡᠳᠪᠦᠷᠢ ᠶᠢ ᠬᠤᠷᠢᠳᠤᠭᠠᠷ ᠵᠠᠭᠤᠨ ᠤ ᠶᠡᠷᠡᠭᠡᠳ ᠣᠨ ᠳᠤ ᠪᠠᠶᠢᠭᠤᠯᠵᠤ᠂ ᠵᠢᠯ ᠪᠦᠷᠢ 15 ᠲᠦᠮᠡᠨ ᠲᠣᠨ ᠡᠰᠢ ᠰᠦᠷᠡᠯ ᠢ ᠰᠢᠳᠠᠭᠠᠨ ᠬᠡᠳᠦᠨ ᠠᠷᠪᠠᠨ ᠲᠦᠮᠡᠨ ᠡᠷᠦᠬᠡ ᠶᠢᠨ ᠢᠯᠴᠢ ᠪᠡ ᠴᠠᠬᠢᠯᠭᠠᠨ ᠢ ᠬᠠᠩᠭᠠᠵᠤ ᠪᠤᠢ᠃ ᠲᠡᠷᠡ ᠮᠦᠷᠳᠡᠬᠡᠨ ᠡᠰᠢ ᠰᠦᠷᠡᠯ ᠤᠨ ᠦᠨᠡᠰᠦ ᠪᠠᠨ ᠦᠨ᠎ᠠ ᠲᠦᠯᠦᠪᠦᠷᠢ ᠦᠬᠡᠢ ᠪᠠᠷ ᠲᠠᠷᠢᠶᠠᠴᠢᠨ ᠳᠤ ᠪᠣᠴᠠᠭᠠᠨ ᠪᠣᠷᠳᠣᠭᠤᠷ ᠪᠣᠯᠭᠠᠳᠠᠭ ᠠᠵᠢ᠃ ᠡᠰᠢ ᠰᠦᠷᠡᠯ ᠢᠶᠠᠷ ᠰᠢᠳᠠᠭᠠᠯᠭ᠎ᠠ ᠪᠣᠯᠭᠠᠬᠰᠠᠨ ᠠᠴᠠ ᠴᠠᠬᠢᠯᠭᠠᠨ ᠦᠢᠯᠡᠳᠪᠦᠷᠢ ᠶᠢᠨ ᠲᠦᠬᠦᠬᠡᠢ ᠮᠠᠲ᠋ᠧᠷᠢᠶᠡᠯ ᠤᠨ ᠦᠪᠡᠷ ᠤᠨ ᠦᠷᠳᠡᠭ ᠢ ᠶᠡᠬᠡᠪᠡᠷ ᠪᠠᠭᠤᠷᠠᠭᠤᠯᠤᠭᠰᠠᠨ ᠠᠴᠠ ᠠᠷᠠᠳ ᠤᠨ ᠬᠡᠷᠡᠭᠯᠡᠭᠡ ᠶᠢᠨ ᠴᠠᠬᠢᠯᠭᠠᠨ ᠤ ᠦᠨ᠎ᠠ ᠬᠢᠮᠳᠡᠷᠠᠵᠤ᠂ ᠣᠷᠴᠢᠨ ᠲᠣᠭᠤᠷᠢᠨ ᠤ ᠪᠣᠬᠢᠷᠳᠣᠯ ᠪᠠᠭᠠᠰᠤᠭᠰᠠᠨ ᠢᠶᠠᠷ ᠪᠠᠷᠠᠬᠤ ᠦᠬᠡᠢ ᠲᠠᠷᠢᠶᠠᠴᠢᠳ ᠤᠨ ᠣᠷᠣᠯᠭ᠎ᠠ ᠶᠢ ᠴᠦ ᠨᠡᠮᠡᠭᠳᠡᠬᠦᠯᠦᠭᠰᠡᠨ ᠠᠵᠢ᠃ ︵ᠬᠠᠮᠢᠶ᠎ᠠ ᠪᠦᠬᠦᠢ ᠬᠠᠮ ᠵᠠᠭᠤᠴᠢᠯᠠᠭᠤᠷ ᠠᠴᠠ ᠨᠠᠶᠢᠷᠠᠭᠤᠯᠵᠤ ᠠᠪᠤᠪᠠ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠠᠴᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号