ᠪᠠᠶᠠᠨᠳᠡᠯᠡᠬᠡᠢ ᠴᠢᠨᠳᠠᠭ ᠪᠦᠬᠡᠪᠢᠯᠢᠭ ᠨᠠᠷ ᠠᠽᠢᠶ᠎ᠠ ᠶᠢᠨ ᠪᠡᠶ᠎ᠡ ᠶᠢᠨ ᠲᠠᠮᠢᠷ ᠤᠨ  ᠴᠣᠭᠯᠠᠭᠠᠨ ᠳᠤ ᠬᠦᠷᠡᠯ ᠮᠧᠳᠠᠯ ᠬᠦᠷᠲᠡᠪᠡ
ᠨᠡᠶᠢᠲᠡᠯᠡᠭᠰᠡᠨ ᠴᠠᠭ᠄
2018/9/5
         9 ᠰᠠᠷ᠎ᠠ ᠶᠢᠨ1 ᠤ ᠡᠳᠦᠷ᠂ ᠢᠨᠳᠣᠨᠢᠰᠢᠶ᠎ᠠ ᠶᠢᠨ ᠵᠠᠺᠠᠷᠲ᠋ᠠ ᠳᠤ ᠶᠠᠪᠤᠭᠳᠠᠵᠤ ᠪᠠᠶᠢᠭ᠎ᠠ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠣᠭᠯᠠᠭᠠᠨ ᠤ ᠵᠢᠤᠳᠣᠣ ᠪᠦᠬᠡ ᠶᠢᠨ ᠨᠢᠭᠡᠴᠡ ᠶᠢᠨ ᠣᠷᠣᠯᠳᠣᠭᠠᠨ   ᠳᠤ  ᠮᠠᠨ ᠤ ᠣᠯᠣᠰ  ᠢᠶᠠᠨ ᠲᠦᠯᠦᠭᠡᠯᠡᠨ ᠣᠷᠣᠯᠴᠠᠭᠰᠠᠨ ᠮᠠᠨ ᠤ ᠤᠷᠤᠨ ᠤ ᠵᠠᠯᠠᠭᠤ ᠲᠠᠮᠢᠷᠴᠢᠨ ᠪᠠᠶᠠᠨᠳᠡᠯᠡᠬᠡᠢ᠂  ᠴᠢᠨᠳᠠᠭ᠂ ᠪᠦᠬᠡᠪᠢᠯᠢᠭ ᠨᠠᠷ ᠭᠤᠳᠠᠭᠠᠷᠯᠠᠵᠤ ᠬᠦᠷᠡᠯ ᠮᠧᠳᠠᠯ ᠬᠦᠷᠳᠡᠯ᠎ᠡ᠃ ᠪᠦᠬᠦ ᠣᠯᠣᠰ ᠤᠨ ᠬᠡᠪᠴᠢᠶᠡᠨ ᠤ ᠵᠢᠤᠳᠣᠣ ᠪᠦᠬᠡ ᠶᠢᠨ ᠬᠡᠳᠦ ᠣᠳᠠᠭᠠᠨ ᠤ ᠰᠢᠭᠰᠢᠭᠡ ᠣᠷᠣᠯᠳᠣᠭᠠᠨ ᠢᠶᠠᠷ ᠲᠠᠮᠵᠢᠨ ᠪᠠᠶᠠᠨᠳᠡᠯᠡᠬᠡᠢ᠂ ᠴᠢᠬᠢᠷᠠᠭ᠂ ᠪᠦᠬᠡᠪᠢᠯᠢᠭ᠂ ᠨᠠᠶᠢᠷᠠᠭᠴᠢ ᠨᠠᠷ ᠠᠽᠢᠶ᠎ᠠ ᠶᠢᠨ ᠪᠡᠶ᠎ᠡ ᠶᠢᠨ ᠲᠠᠮᠢᠷ   ᠤᠨ ᠴᠣᠭᠯᠠᠭᠠᠨ ᠳᠤ ᠣᠷᠣᠯᠴᠠᠬᠤ ᠡᠷᠬᠡ ᠪᠠᠨ ᠣᠯᠣᠭᠰᠠᠨ ᠪᠠᠶᠢᠨ᠎ᠠ᠃ ︽ᠡᠩ ᠲᠡᠷᠢᠭᠦᠨ ᠳᠤ ᠲᠠᠮᠢᠷᠴᠢᠳ ᠲᠠᠭᠠᠨ ᠪᠠᠶᠠᠷ ᠬᠦᠷᠭᠡᠵᠦ ᠪᠠᠶᠢᠨ᠎ᠠ᠂ ᠴᠢᠷᠮᠠᠶᠢᠯᠭ᠎ᠠ ᠬᠦᠮᠦᠨ ᠢ ᠭᠤᠮᠣᠳᠠᠭᠠᠬᠤ ᠦᠭᠡᠢ ᠭᠡᠳᠡᠭᠴᠢᠯᠡᠨ ᠡᠩ ᠤᠨ ᠴᠠᠭ ᠤᠨ ᠬᠠᠳᠠᠭᠤ ᠴᠢᠩᠭ᠎ᠠ ᠪᠣᠯᠪᠠᠰᠣᠷᠠᠯ᠂ ᠬᠠᠮᠳᠣ ᠶᠢᠨ ᠴᠢᠷᠮᠠᠶᠢᠯᠭ᠎ᠠ ᠪᠠᠷ ᠲᠠᠮᠵᠢᠨ ᠮᠠᠰᠢ ᠰᠠᠶᠢᠨ ᠬᠢᠷᠢ ᠪᠦᠳᠦᠮᠵᠢ ᠣᠯᠣᠯ᠎ᠠ᠂ ᠡᠳᠡᠭᠡᠷ ᠲᠠᠮᠢᠷᠴᠢᠳ ᠪᠦᠬᠦ ᠣᠯᠣᠰ ᠤᠨ ᠵᠢᠣᠳᠣᠣ ᠪᠦᠬᠡ ᠶᠢᠨ  ᠣᠷᠣᠯᠳᠣᠭᠠᠨ   ᠳᠤ  ᠪᠦᠷ ᠠᠯᠳᠠᠨ ᠮᠧᠳᠠᠯ ᠣᠯᠵᠣ ᠪᠠᠶᠢᠭᠰᠠᠨ ᠰᠢᠯᠢᠳᠡᠭ ᠲᠠᠮᠢᠷᠴᠢᠳ ᠶᠣᠮ᠂ ᠣᠯᠣᠰ ᠢᠶᠠᠨ ᠲᠦᠯᠦᠭᠡᠯᠡᠨ ᠠᠽᠢᠶ᠎ᠠ  ᠶᠢᠨ ᠪᠡᠶ᠎ᠡ ᠶᠢᠨ ᠲᠠᠮᠢᠷ ᠤᠨ ᠴᠣᠭᠯᠠᠭᠠᠨ ᠳᠤ ᠣᠷᠣᠯᠴᠠᠨ᠎ᠠ  ᠭᠡᠳᠡᠭ  ᠬᠢᠯᠪᠠᠷ  ᠪᠢᠰᠢ᠂  ᠪᠢ ᠮᠠᠰᠢ  ᠣᠮᠣᠭᠰᠢᠵᠤ  ᠪᠠᠶᠢᠨ᠎ᠠ᠂  ᠮᠦᠨ ᠴᠦ ᠮᠠᠨ   ᠤ ᠮᠣᠩᠭᠤᠯᠴᠣᠳ ᠤᠨ ᠣᠮᠣᠭᠰᠢᠯ ᠪᠠᠶᠢᠭ᠎ᠠ ᠶᠣᠮ᠂ ᠬᠤᠵᠢᠮ ᠨᠡᠩ ᠶᠡᠭᠡ ᠠᠮᠵᠢᠯᠲᠠ  ᠳᠤ ᠬᠦᠷᠬᠦ ᠪᠠᠷ ᠴᠢᠷᠮᠠᠶᠢᠬᠤ ᠶᠢ ᠲᠠᠮᠢᠷᠴᠢᠳ ᠲᠠᠭᠠᠨ ᠨᠠᠶᠢᠳᠠᠵᠤ ᠪᠠᠶᠢᠨ᠎ᠠ︾ ᠭᠡᠵᠦ ᠵᠢᠤᠳᠣᠣ ᠪᠦᠬᠡ ᠶᠢᠨ ᠭᠠᠪᠢᠶᠠᠳᠣ ᠪᠠᠭᠰᠢ  ᠪᠦᠷᠢᠨᠪᠠᠶᠠᠷ  ᠭᠤᠸᠠᠢ ᠰᠡᠳᠭᠢᠯ ᠲᠣᠭᠳᠣᠯᠣᠨ ᠶᠠᠷᠢᠵᠤ ᠪᠢᠯᠡ᠃  
 
ᠢᠷᠡᠯᠲᠡ᠄ ᠠᠷᠠᠳ  ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号