ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠡᠭᠦᠷᠭᠡ ᠴᠢᠳᠠᠮᠵᠢ  ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠣᠭᠠᠨ ᠤ ᠲᠤᠬᠠᠶ ᠲᠣᠭᠲᠠᠭᠠᠯ
ᠨᠡᠶᠢᠲᠡᠯᠡᠭᠰᠡᠨ ᠴᠠᠭ᠄
2019/10/8
        ᠨᠢᠭᠡᠳᠦᠭᠡᠷ ᠵᠦᠶᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ《 ᠠᠯᠠᠱᠠ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ 》ᠪᠠ ᠠᠯᠠᠱᠠ ᠠᠶᠢᠮᠠᠭ ᠤᠨ ᠳᠠᠷᠣᠮᠠᠯᠯᠠᠨ ᠳᠠᠷᠬᠠᠭᠠᠭᠰᠠᠨ《 ᠠᠯᠠᠱᠠ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ 》 ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃         ᠬᠤᠶᠠᠳᠤᠭᠠᠷ ᠵᠦᠶᠯ   ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠯ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠠᠶᠢᠵᠦ᠂ ᠵᠢᠩᠬᠢᠨᠢ ᠭᠠᠵᠠᠷ ᠤᠨ ᠳᠡᠰ ᠤᠨ ᠪᠠᠶᠢᠭᠤᠯᠣᠯᠭ᠎ᠠ ᠪᠣᠯᠤᠨ᠎ᠠ᠃         ᠭᠤᠷᠪᠠᠳᠤᠭᠠᠷ ᠵᠦᠶᠯ   ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠨᠠᠮ  ᠤᠨ ᠲᠥᠪ ᠬᠤᠷᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄         ( ᠨᠢᠭᠡ ) ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ  ᠶᠢᠨ ᠪᠠᠶᠢᠯᠳᠤᠬᠤ ᠪᠣᠳᠣᠯᠭ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠭᠠᠳᠠᠭᠠᠳᠤ ᠶᠢᠨ ᠣᠶᠤᠨ ᠤ ᠳᠦᠯᠦᠪᠵᠢᠬᠦᠯᠭᠡ ᠪᠠ ᠲᠥᠷᠥ ᠶᠢᠨ ᠪᠣᠳᠣᠯᠭ᠎ᠠ ᠶᠢ ᠣᠷᠣᠭᠤᠯᠤᠨ ᠠᠪᠴᠢᠷᠠᠬᠤ ᠶᠢ ᠳᠦᠷᠦᠬᠦᠯᠡᠨ ᠳᠣᠭᠤᠷᠪᠢᠨ ᠳᠣᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠭᠡᠷᠡᠭᠵᠢᠬᠦᠯᠦᠨ᠎ᠡ᠃         ( ᠬᠤᠶᠠᠷ ) ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ  ᠶᠢᠨ ᠪᠠᠶᠢᠭᠤᠯᠤᠯᠲᠠ ᠪᠠ ᠰᠢᠨᠵᠢᠯᠡᠬᠦ ᠣᠬᠠᠭᠠᠨ ᠮᠡᠷᠭᠡᠵᠢᠯ ᠤᠨ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ  ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢᠨ ᠠᠭᠤᠰᠣᠯᠴᠠᠭᠰᠠᠨ ᠬᠦᠭᠵᠢᠯᠳᠡ ᠶᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃         ( ᠭᠤᠷᠪᠠ ) ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠳᠡᠯᠢᠭ ᠴᠢᠨᠠᠷᠳᠠᠢ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠨ᠂ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃         ( ᠳᠦᠷᠪᠡ) ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠨᠢᠭᠡᠳᠦᠯᠲᠡᠶ ᠲᠠᠪᠴᠠᠩ ᠪᠠ ᠰᠢᠨᠵᠢᠯᠡᠬᠦ ᠤᠬᠠᠭᠠᠨ ᠤ ᠰᠣᠳᠣᠯᠭᠠᠨ ᠤ ᠲᠥᠷᠥᠯ ᠵᠦᠶᠯ ᠤᠨ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠲᠦᠷᠦᠭᠦᠯᠡᠨ ᠪᠠᠶᠢᠭᠤᠯᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠣᠯᠠᠨ ᠡᠰᠢᠵᠢᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠠᠶᠢᠮᠠᠭ  ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ( ᠲᠤᠰᠬᠠᠶ ᠳᠦᠷᠦᠯ ᠵᠡᠷᠭᠡ ) ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃         ( ᠲᠠᠪᠤ ) ᠪᠦᠬᠦ ᠠᠶᠢᠮᠠᠭ ᠤᠨ ᠮᠡᠷᠭᠡᠵᠢᠯ ᠶᠢᠨ ᠰᠢᠯᠵᠢᠯᠳᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠠᠮᠢᠶᠠᠷᠬᠤ᠂ ᠰᠢᠯᠵᠢᠭᠦᠯᠦᠨ  ᠣᠯᠠᠷᠢᠭᠤᠯᠬᠤ ᠪᠠ ᠦᠶᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠦᠶᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠤᠯᠠᠮᠵᠢᠯᠠᠨ ᠳᠡᠯᠭᠡᠷᠡᠭᠦᠯᠬᠦ ᠳᠦᠯᠦᠪᠵᠢᠬᠦᠯᠭᠡ᠂ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃        ( ᠵᠢᠷᠭᠤᠭ᠎ᠠ ) ᠣᠷᠣᠨ ᠪᠦᠰᠡ ᠶᠢᠨ ᠰᠢᠨ᠎ᠡ ᠶᠢ ᠡᠭᠦᠳᠦᠨ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠪᠠᠶᠢᠷᠢᠯᠠᠭᠤᠯᠬᠤ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ  ᠶᠢᠨ ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃        ( ᠳᠣᠯᠤᠭ᠎ᠠ ) ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠪᠠ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠳᠡ ᠶᠢᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠤᠨ᠂ ᠰᠢᠨᠵᠢᠯᠡᠬᠦ ᠤᠬᠠᠭᠠᠨ ᠤ ᠰᠣᠳᠣᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃        ( ᠨᠠᠶᠮᠠ ) ᠪᠦᠬᠦ ᠠᠶᠢᠮᠠᠭ ᠤᠨ ᠰᠢᠨ᠎ᠡ ᠶᠢ ᠡᠭᠦᠳᠬᠦ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ  ᠤᠨ ᠮᠡᠳᠡᠭᠦᠯᠦᠯᠲᠡ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃        ( ᠶᠢᠰᠦ ) ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠪᠠ ᠨᠡᠶᠢᠭᠡᠮ ᠤᠨ ᠬᠥᠭᠵᠢᠯᠲᠡ ᠶᠢ ᠠᠬᠢᠭᠤᠯᠬᠤ  ᠳᠦᠯᠦᠪᠵᠢᠬᠦᠯᠬᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢ ᠵᠣᠬᠢᠶᠠᠨ ᠪᠠᠶᠢᠭᠤᠯᠣᠨ᠎ᠠ᠃ ᠪᠦᠬᠦ ᠠᠶᠢᠮᠠᠭ ᠤᠨ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠮᠡᠷᠭᠡᠵᠢᠯ ᠤᠨ ᠬᠥᠭᠵᠢᠯᠲᠡ  ᠶᠢᠨ ᠳᠡᠷᠢᠬᠦᠨ ᠤ ᠠᠰᠠᠭᠤᠳᠠᠯ ᠢ ᠰᠣᠳᠣᠯᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃        ( ᠠᠷᠪᠠ ) ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠤᠨ ᠪᠠᠲᠤᠯᠠᠭ᠎ᠠ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠭᠡᠭᠡᠨ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃        ( ᠠᠷᠪᠠᠨ ᠨᠢᠭᠡ )  ᠪᠦᠬᠦ ᠠᠶᠢᠮᠠᠭ ᠤᠨ ᠰᠠᠭᠤᠷᠢ ᠰᠣᠳᠣᠯᠭᠠᠨ ᠤ ᠳᠦᠯᠦᠪᠵᠢᠬᠦᠯᠬᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠢᠬᠤᠯᠠ ᠶᠡᠭᠡ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃        ( ᠠᠷᠪᠠᠨ ᠬᠤᠶᠠᠷ )  ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠳᠦᠯᠦᠪᠵᠢᠬᠦᠯᠬᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢ ᠵᠣᠬᠢᠶᠠᠨ ᠪᠠᠶᠢᠭᠤᠯᠬᠤ   ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ  ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠳᠠᠯ ᠦᠶᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃        ( ᠠᠷᠪᠠᠨ ᠭᠤᠷᠪᠠ )  ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠲᠠᠢ ᠬᠠᠷᠢᠯᠴᠠᠬᠤ ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡ ᠲᠠᠢ ᠬᠤᠷᠰᠢᠯᠴᠠᠭᠠᠨ ᠤ ᠳᠦᠯᠦᠪᠵᠢᠬᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠬᠠᠷᠢᠭᠤᠴᠠᠨ ᠲᠤᠭᠤᠷᠪᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠰᠢᠭᠤ ᠲᠣᠭᠤᠷᠢᠭ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯ ᠢ ᠵᠢᠯᠣᠭᠤᠳᠤᠨ᠎ᠠ᠃        ( ᠠᠷᠪᠠᠨ ᠳᠦᠷᠪᠡ ) ᠭᠠᠳᠠᠭᠠᠳᠤ ᠶᠢᠨ ᠣᠶᠤᠨ ᠤ ᠮᠡᠳᠡᠯᠭᠡ ᠶᠢ ᠣᠷᠣᠭᠤᠯᠵᠤ ᠢᠷᠡᠬᠦ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠢ ᠣᠷᠣᠭᠤᠯᠵᠤ ᠢᠷᠡᠬᠦ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ᠂ ᠪᠦᠯᠬᠦᠮ ᠨᠡᠶᠢᠲᠡ ᠶᠢ ᠲᠠᠲᠠᠵᠤ ᠴᠤᠭᠯᠠᠷᠠᠭᠤᠯᠬᠤ ᠲᠣᠭᠲᠠᠴᠠ ᠪᠠ ᠭᠠᠳᠠᠭᠠᠳᠤ ᠶᠢᠨ ᠭᠤᠣᠯᠳᠠᠯᠭ᠎ᠠ ᠲᠠᠢ ᠲᠤᠰᠬᠠᠢ ᠮᠡᠷᠭᠡᠵᠢᠯᠲᠡᠨ ᠲᠠᠢ ᠬᠠᠷᠢᠯᠴᠠᠵᠤ ᠳᠡᠳᠡᠨ ᠳᠤ ᠦᠢᠯᠡᠴᠢᠯᠡᠬᠦ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃        ( ᠠᠷᠪᠠᠨ ᠲᠠᠪᠤ )  ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ  ᠶᠢ ᠪᠡᠶᠡᠯᠡᠭᠦᠯᠦᠨ᠎ᠡ᠃        ( ᠠᠷᠪᠠᠨ ᠵᠢᠷᠭᠤᠭ᠎ᠠ ) ᠡᠭᠦᠷᠭᠡ ᠴᠢᠳᠠᠪᠤᠷᠢ ᠶᠢᠨ ᠬᠤᠪᠢᠷᠠᠭᠤᠯᠣᠯᠳᠠ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠠᠶᠢᠮᠠᠭ ᠢᠶᠠᠨ ᠮᠠᠨᠳᠤᠭᠤᠯᠬᠤ᠂ ᠴᠢᠳᠠᠪᠤᠷᠢᠲᠠᠨ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ᠂ ᠰᠢᠨ᠎ᠡ  ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠠ ᠦᠶᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠨ ᠰᠢᠯᠢᠳᠡᠭᠵᠢᠭᠦᠯᠵᠦ᠂ ᠬᠤᠪᠢᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠦᠷᠢᠮ ᠪᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠷᠸ᠎ᠠ ᠬᠠᠮᠢᠶᠠᠷᠤᠯᠲᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠬᠤᠮᠠᠬᠢ ᠬᠠᠮᠢᠶᠠᠷᠤᠯᠲᠠ ᠪᠠ ᠪᠣᠳᠠᠲᠠᠶ ᠬᠢᠨᠠᠨ ᠵᠥᠪᠰᠢᠶᠡᠷᠡᠬᠦ ᠵᠦᠶᠯᠡᠰ ᠢ ᠪᠠᠭᠠᠰᠬᠠᠵᠤ᠂ ᠬᠡᠷᠡᠭ ᠶᠠᠪᠤᠳᠠᠯ ᠤᠨ ᠳᠤᠮᠳᠠᠬᠢ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠳᠤᠯᠤᠨ ᠨᠡᠭᠡᠭᠡᠬᠦ ᠬᠠᠮᠢᠶᠠᠷᠤᠯᠲᠠ ᠠᠴᠠ ᠰᠢᠨ᠎ᠡ  ᠶᠢ ᠡᠭᠦᠳᠬᠦ ᠦᠶᠯᠡᠴᠢᠯᠡᠭᠡ ᠲᠡᠰᠢ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠲᠦ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠪᠣᠳᠠᠲᠠᠶ ᠰᠢᠨᠵᠢᠯᠡᠬᠦ ᠤᠬᠠᠭᠠᠨ ᠤ ᠰᠣᠳᠣᠯᠭᠠᠨ ᠤ ᠲᠥᠷᠥᠯ ᠵᠦᠶᠯ ᠢ ᠰᠢᠭᠤᠳ ᠬᠠᠮᠢᠶᠠᠷᠬᠤ ᠥᠬᠡᠶ ᠪᠠᠶᠢᠬᠤ ᠶᠢ ᠠᠬᠢᠭᠤᠯᠵᠤ᠂ ᠲᠥᠷᠥᠯ ᠵᠦᠶᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ ᠳᠤ ᠨᠠᠶᠢᠳᠠᠨ ᠲᠥᠷᠥᠯ ᠵᠦᠶᠯ ᠢ ᠭᠥᠯᠢᠶᠡᠨ ᠠᠪᠴᠤ ᠰᠢᠢᠳᠪᠦᠷᠢᠯᠡᠬᠦᠯᠬᠦ᠂ ᠬᠢᠨᠠᠨ ᠳᠣᠭᠳᠠᠭᠠᠯᠭᠠᠬᠤ᠂ ᠲᠥᠷᠥᠯ ᠵᠦᠶᠯ ᠢ ᠳᠣᠭᠳᠠᠭᠠᠯᠭᠠᠬᠤ᠂ ᠶᠠᠪᠤᠴᠠ  ᠶᠢᠨ ᠬᠠᠮᠢᠶᠠᠷᠤᠯᠲᠠ᠂ ᠰᠢᠯᠭᠠᠨ ᠠᠪᠬᠤ ᠵᠡᠷᠭᠡ ᠪᠣᠳᠠᠲᠠᠶ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠲᠣᠬᠢᠷᠠᠭᠤᠯᠬᠤ ᠵᠦᠶᠯᠡᠰ ᠢ ᠳᠠᠬᠢᠵᠤ ᠬᠢᠨᠠᠨ ᠬᠠᠷᠭᠤᠭᠤᠯᠬᠤ ᠦᠭᠡᠢ᠂ ᠲᠥᠯᠥᠪᠵᠢᠭᠦᠯᠭᠡ ᠪᠠᠶᠢᠷᠢᠰᠢᠭᠤᠯᠤᠯ ᠪᠠ ᠠᠮᠵᠢᠯᠲᠠ ᠪᠦᠲᠦᠮᠵᠢ ᠶᠢᠨ ᠦᠨᠡᠯᠡᠯᠲᠡ ᠶᠢ  ᠴᠢᠩᠭᠠᠳᠬᠠᠬᠤ ᠳᠤ ᠭᠤᠣᠯᠳᠠᠯᠭ᠎ᠠ ᠪᠠᠨ ᠳᠠᠯᠪᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠠᠶᠢᠮᠠᠭ ᠤᠨ ᠭᠠᠳᠠᠨᠠᠬᠢ ᠣᠶᠤᠨ ᠮᠡᠳᠡᠯᠭᠡ ᠶᠢ ᠣᠷᠣᠭᠤᠯᠤᠨ ᠠᠪᠴᠢᠷᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ᠎ᠡ᠃        ( ᠠᠷᠪᠠᠨ ᠳᠣᠯᠤᠭ᠎ᠠ ) ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃        ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠠᠯ᠎ᠠ ᠪᠠᠷ᠂ ᠣᠳᠣ ᠶᠢᠨ ᠪᠠᠶᠢᠭ᠎ᠠ《 ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠬᠠᠮᠢᠶᠠᠷᠤᠯᠲᠠ ᠦᠶᠯᠡᠴᠢᠯᠡᠭᠡᠨ ᠤ ᠰᠢᠰᠲ᠋ᠧᠮ 》ᠪᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠣᠪᠴᠢᠶ᠎ᠠ ᠠᠴᠠ ᠬᠠᠮᠲᠤᠷᠠᠨ ᠳᠠᠷᠣᠮᠠᠯᠯᠠᠨ ᠵᠣᠬᠢᠶᠠᠭᠰᠠᠨ   《 ᠭᠠᠳᠠᠭᠠᠳᠤ ᠶᠢᠨ ᠬᠥᠮᠦᠨ ᠤ ᠠᠵᠢᠯ ᠤᠨ ᠵᠥᠪᠰᠢᠶᠡᠷᠡᠯ ᠤᠨ ᠦᠨᠡᠮᠯᠡᠯ 》 ᠢ ᠦᠷᠭᠦᠯᠵᠢᠯᠡᠨ ᠬᠡᠷᠡᠭᠯᠡᠵᠦ᠂ A ᠲᠥᠷᠥᠯ ᠪᠠ B ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ C ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠶᠠᠷ ᠰᠠᠯᠠᠭ᠎ᠠ ᠮᠥᠴᠢᠷ ᠠᠵᠢᠯ ᠤᠨ ᠵᠥᠪᠰᠢᠶᠡᠷᠡᠯ ᠢ ᠮᠡᠳᠡᠭᠦᠯᠬᠦ ᠠᠴᠠ ᠡᠮᠦᠨ᠎ᠡ ᠴᠥᠮ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ   ᠢᠶᠠᠷ ᠭᠠᠷ ᠤᠨ ᠦᠰᠦᠭ ᠵᠢᠷᠣᠭᠤᠯᠬᠤ ᠬᠡᠷᠡᠭᠲᠡᠶ᠃        ᠳᠥᠷᠪᠡᠳᠦᠭᠡᠷ ᠵᠦᠶᠯ   ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠳᠣᠬᠢᠷᠠᠭᠤᠯᠣᠨ᠎ᠠ᠄        ( ᠨᠢᠭᠡ ) ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ᠂ ᠮᠡᠳᠡᠭᠡ ᠵᠠᠩᠬᠢᠴᠢᠯᠠᠯᠳᠠ᠂ ᠰᠣᠨᠢᠨ ᠮᠡᠳᠡᠭᠡ ᠤᠬᠠᠭᠤᠯᠭ᠎ᠠ᠂ ᠣᠶᠤᠨ ᠤ ᠪᠣᠯᠪᠠᠰᠤᠨ  ᠤ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠪᠠ ᠬᠠᠷᠢᠶ᠎ᠠ ᠨᠢᠭᠡᠴᠡ ᠶᠢᠨ ᠢᠶᠠᠨ ᠺᠠᠳ᠋ᠷ ᠠᠵᠢᠯᠳᠠᠨ ᠤ ᠶᠠᠪᠣᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠶᠢᠨ ᠴᠠᠯᠢᠩ ᠪᠠ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ᠃ ᠪᠠᠶᠢᠭᠤᠯᠤᠯᠭ᠎ᠠ ᠪᠠ ᠬᠠᠷᠢᠶ᠎ᠠ ᠨᠢᠭᠡᠴᠡ ᠶᠢᠨ ᠢᠶᠠᠨ ᠨᠠᠮ ᠪᠠ ᠣᠯᠠᠨ ᠲᠦᠮᠡᠨ ᠤ ᠠᠵᠢᠯ᠂ ᠰᠠᠬᠢᠯᠭ᠎ᠠ ᠪᠠᠳᠣ ᠶᠢ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠵᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠢ ᠬᠠᠷᠢᠭᠤᠴᠠᠨ᠎ᠠ᠃        ( ᠬᠤᠶᠠᠷ ) ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠠ ᠰᠢᠨᠵᠢᠯᠡᠬᠦ ᠣᠬᠠᠭᠠᠨ ᠮᠡᠷᠭᠡᠵᠢᠯ ᠤᠨ ᠪᠠᠶᠢᠭᠤᠯᠣᠯ ᠤᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠵᠦ᠂ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ  ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠳᠠ  ᠶᠢᠨ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠦ  ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠣᠭᠤᠷᠪᠢᠨ ᠳᠣᠭᠳᠠᠭᠠᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠦᠷᠨᠢᠬᠦᠯᠦᠨ᠎ᠡ᠃ ᠰᠢᠨᠵᠢᠯᠡᠬᠦ ᠤᠬᠠᠭᠠᠨ  ᠤ ᠰᠣᠳᠣᠯᠭᠠᠨ ᠤ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠪᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠰᠢᠨᠵᠢᠯᠡᠬᠦ ᠤᠬᠠᠭᠠᠨ ᠤ ᠰᠣᠳᠣᠯᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠬᠢᠭᠡᠳ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠣᠳᠣᠯᠭᠠᠨ ᠤ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ  ᠤᠨ ᠦᠨᠡᠯᠡᠨ ᠵᠢᠱᠢᠬᠦ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ  ᠤᠨ ᠦᠨᠡᠯᠡᠯᠳᠡ ᠶᠢᠨ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠯᠳᠡ ᠦᠨᠡᠯᠡᠯᠳᠡ ᠪᠠ ᠲᠥᠷᠥᠯ ᠵᠦᠶᠯ ᠤᠨ ᠬᠡᠷᠡᠭᠵᠢᠭᠦᠯᠦᠯᠲᠡ᠂ ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠵᠥᠭᠡᠯᠡᠨ ᠰᠢᠨᠵᠢᠯᠡᠬᠦ ᠤᠬᠠᠭᠠᠨ ᠤ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠠᠶᠢᠮᠠᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠢ ᠤᠯᠠᠮᠵᠢᠯᠠᠬᠤ ᠳᠦᠯᠦᠪᠵᠢᠬᠦᠯᠬᠡ᠂ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠳᠦᠯᠦᠪᠵᠢᠬᠦᠯᠬᠡ ᠪᠠ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ  ᠶᠢ ᠪᠠᠶᠢᠭᠤᠯᠤᠨ ᠪᠦᠷᠢᠨᠰᠢᠬᠦᠯᠦᠨ᠎ᠡ᠃ ᠵᠠᠰᠠᠭ ᠤᠨ ᠣᠷᠳᠣᠨ ᠤ ᠬᠤᠶᠠᠷ ᠲᠠᠯ᠎ᠠ ᠶᠢᠨ ᠪᠠ ᠣᠯᠠᠨ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠ ᠰᠣᠯᠢᠯᠴᠠᠭᠠᠨ ᠤ ᠠᠵᠢᠯ ᠢ ᠬᠠᠷᠢᠭᠤᠴᠠᠨ᠎ᠠ᠃ ᠬᠤᠰᠢᠭᠤ ᠲᠣᠭᠤᠷᠢᠭ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠯᠠᠨ ᠤᠯᠤᠰ᠂ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠳᠣᠷᠠᠯᠴᠠᠭ᠎ᠠ ᠪᠠ ᠰᠣᠯᠢᠯᠴᠠᠭᠠᠨ ᠤ ᠠᠵᠢᠯ ᠢ ᠵᠢᠯᠣᠭᠤᠳᠤᠨ᠎ᠠ᠃ ᠰᠢᠶᠠᠩᠭᠠᠩ ᠣᠣᠮᠧᠨ ᠳᠠᠶᠢᠸᠠᠨ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠ ᠰᠣᠯᠢᠯᠴᠠᠭᠠᠨ ᠤ ᠠᠵᠢᠯ ᠢ ᠡᠭᠦᠷᠭᠡᠯᠡᠨ᠎ᠡ᠃ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠣᠷᠢᠵᠢᠭᠤᠯᠵᠦ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠪᠦᠯᠬᠦᠮ ᠨᠡᠶᠢᠲᠡ ᠶᠢ ᠲᠡᠳᠡᠨ ᠴᠤᠭᠯᠠᠷᠠᠭᠤᠯᠬᠤ ᠲᠣᠭᠲᠠᠴᠠ ᠪᠠ ᠭᠠᠳᠠᠭᠠᠳᠤ ᠶᠢᠨ ᠭᠤᠤᠯᠳᠠᠯᠭ᠎ᠠ ᠲᠠᠢ ᠲᠤᠰᠬᠠᠶ ᠮᠡᠷᠭᠡᠵᠢᠯᠲᠡᠨ ᠲᠠᠢ ᠬᠠᠷᠢᠯᠴᠠᠵᠤ ᠳᠡᠳᠡᠨ ᠳᠤ ᠦᠶᠯᠡᠴᠢᠯᠡᠬᠦ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠭᠠᠳᠠᠭᠠᠳᠤ ᠶᠢᠨ ᠲᠤᠰᠬᠠᠶ ᠮᠡᠷᠭᠡᠵᠢᠯᠲᠡᠨ  ᠤ ᠲᠥᠷᠥᠯ ᠵᠦᠶᠯ ᠪᠠ ᠣᠶᠤᠨ ᠤᠬᠠᠭᠠᠨ ᠰᠢᠩᠭᠡᠭᠰᠡᠨ ᠦᠷ᠎ᠡ ᠪᠦᠲᠦᠭᠡᠯ ᠢ ᠳᠡᠯᠭᠡᠷᠡᠭᠦᠯᠬᠦ ᠲᠥᠷᠥᠯ ᠵᠦᠶᠯ ᠤᠨ ᠦᠷ᠎ᠡ ᠪᠦᠲᠦᠭᠡᠯ ᠢ ᠦᠨᠡᠯᠡᠨ ᠵᠢᠱᠢᠵᠦ ᠳᠡᠯᠭᠡᠷᠡᠭᠦᠯᠬᠦ ᠶᠢ ᠲᠦᠷᠦᠭᠦᠯᠡᠨ ᠬᠠᠷᠢᠭᠤᠴᠠᠨ᠎ᠠ᠃       ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠵᠢᠭᠦᠯᠭᠡ ᠡᠬᠢ ᠪᠠᠶᠠᠯᠢᠭ ᠤᠨ ᠳᠣᠬᠢᠷᠠᠭᠤᠯᠣᠯᠳᠠ ᠪᠠ ᠦᠷ᠎ᠡ ᠪᠦᠲᠦᠭᠡᠯ ᠢ ᠤᠯᠠᠷᠢᠭᠤᠯᠬᠤ ᠰᠠᠯᠠᠭ᠎ᠠ᠃ ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠦᠯᠦᠪᠵᠢᠬᠦᠯᠬᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃ ᠪᠦᠬᠦ ᠠᠶᠢᠮᠠᠭ ᠤᠨ ᠭᠤᠣᠯᠳᠠᠯᠭ᠎ᠠ  ᠲᠠᠢ ᠬᠦᠷᠢᠶ᠎ᠡ ᠬᠡᠪᠴᠢᠶᠡᠨ ᠳᠠᠬᠢ ᠮᠡᠷᠭᠡᠵᠢᠯ ᠤᠨ ᠬᠥᠭᠵᠢᠯᠲᠡ ᠶᠢᠨ ᠳᠡᠷᠢᠬᠦᠨ ᠤ ᠠᠰᠠᠭᠤᠳᠠᠯ ᠢ ᠰᠣᠳᠣᠯᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠩᠭᠢᠯᠠᠭ᠎ᠠ ᠶᠢᠨ ᠨᠡᠶᠢᠳᠡᠯᠢᠭ ᠴᠢᠨᠠᠷᠳᠠᠢ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠢ ᠳᠤ ᠲᠥᠯᠥᠪᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠲᠦᠯᠬᠢᠨ ᠠᠬᠢᠭᠤᠯᠬᠤ ᠶᠢ ᠬᠠᠷᠢᠭᠤᠴᠠᠵᠤ᠂ ᠲᠥᠷᠥᠯ ᠵᠦᠶᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ ᠶᠢᠨ ᠪᠠᠶᠢᠭᠤᠯᠤᠯᠲᠠ ᠶᠢ ᠵᠢᠯᠣᠭᠤᠳᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠦᠨ᠎ᠡ᠃ ᠰᠢᠨ᠎ᠡ ᠶᠢ ᠡᠭᠦᠳᠬᠦ ᠪᠠᠶᠢᠴᠠᠭᠠᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠢ ᠵᠣᠬᠢᠰᠳᠠᠢ ᠳᠣᠬᠢᠷᠠᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠡᠰᠢᠵᠢᠭᠰᠡᠨ ᠣᠷᠣᠭᠤᠯᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠣᠰ ᠰᠠᠯᠠᠭ᠎ᠠ ᠮᠥᠴᠢᠷ ᠤᠨ ᠢᠶᠠᠨ ᠲᠥᠰᠦᠪ ᠤᠨ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠮᠡᠷᠭᠡᠵᠢᠯ ᠤᠨ ᠰᠢᠯᠵᠢᠯᠳᠡ ᠶᠢᠨ ᠰᠢᠰᠲ᠋ᠧᠮᠵᠢ ᠶᠢᠨ ᠠᠵᠢᠯ ᠢ ᠡᠭᠦᠷᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠴᠢ ᠠᠵᠤ ᠦᠢᠯᠡᠰᠵᠢᠯᠳᠡ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨᠵᠡᠭᠡᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ  ᠡᠭᠦᠳᠬᠦ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠴᠢᠬᠤᠯᠠ ᠶᠡᠭᠡ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠰᠠᠭᠤᠷᠢ ᠰᠣᠳᠣᠯᠭᠠᠨ ᠤ  ᠳᠦᠯᠦᠪᠵᠢᠬᠦᠯᠬᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠠᠶᠢᠮᠠᠭ ᠤᠨ ᠴᠢᠬᠤᠯᠠ ᠶᠡᠭᠡ ᠰᠠᠭᠤᠷᠢ ᠰᠣᠳᠣᠯᠭᠠᠨ ᠪᠠ ᠬᠡᠷᠡᠭᠯᠡᠭᠡᠨ ᠤ ᠰᠠᠭᠤᠷᠢ ᠰᠣᠳᠣᠯᠭᠠᠨ ᠢ ᠵᠣᠬᠢᠴᠠᠭᠤᠯᠤᠨ᠂ ᠬᠠᠮᠢᠶ᠎ᠠ ᠪᠦᠬᠦᠢ ᠬᠦᠷᠢᠶᠡᠨ ᠤ ᠰᠠᠭᠤᠷᠢ ᠰᠣᠳᠣᠯᠭᠠᠨ ᠤ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠰᠤᠳᠤᠯᠤᠨ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠨᠡᠭᠡᠭᠡᠯᠲᠡ ᠲᠠᠢ ᠪᠠᠶᠢᠯᠭᠠᠵᠤ ᠬᠠᠮᠲᠤ ᠪᠠᠷ ᠬᠤᠪᠢᠶᠠᠯᠴᠠᠬᠤ  ᠶᠢ ᠠᠬᠢᠭᠤᠯᠤᠨ᠎ᠠ᠃        ( ᠳᠦᠷᠪᠡ )  ᠳᠡᠭᠡᠳᠦ ᠰᠢᠨ᠎ᠡ ᠮᠡᠷᠭᠡᠵᠢᠯ ᠬᠢᠭᠡᠳ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠨᠡᠶᠢᠭᠡᠮᠴᠢᠯᠡᠬᠦ ᠰᠠᠯᠠᠭ᠎ᠠ᠃ ᠬᠤᠯᠪᠣᠭᠳᠠᠯ ᠪᠦᠬᠦᠢ ᠬᠦᠷᠢᠶᠡᠨ ᠤ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ ᠶᠢᠨ  ᠳᠦᠯᠦᠪᠵᠢᠬᠦᠯᠬᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠳᠣᠭᠳᠠᠭᠠᠬᠤ ᠶᠢ ᠵᠣᠬᠢᠶᠠᠨ ᠪᠠᠶᠢᠭᠤᠯᠣᠨ᠎ᠠ᠃ ᠬᠠᠮᠢᠶ᠎ᠠ ᠪᠦᠬᠦᠢ ᠬᠦᠷᠢᠶ᠎ᠡ ᠴᠠᠷ᠎ᠠ ᠶᠢᠨ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ  ᠶᠢᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠶᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠬᠦᠷᠢᠶ᠎ᠡ ᠴᠠᠷ᠎ᠠ  ᠶᠢᠨ ᠲᠠᠪᠴᠠᠩ᠂ ᠰᠠᠭᠤᠷᠢᠨ ᠭᠠᠵᠠᠷ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯ ᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰᠵᠢᠯᠲᠡ ᠶᠢᠨ ᠰᠠᠭᠤᠷᠢᠨ ᠭᠠᠵᠠᠷ᠂ ᠪᠣᠶᠢᠵᠢᠭᠤᠯᠣᠭᠴᠢ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠢ ᠵᠢᠯᠣᠭᠤᠳᠤᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢᠨ ᠠᠭᠤᠰᠣᠯᠴᠠᠭᠰᠠᠨ ᠬᠦᠭᠵᠢᠯᠳᠡ ᠶᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠠᠬᠢᠭᠤᠯᠬᠤ ᠳᠦᠯᠦᠪᠵᠢᠬᠦᠯᠬᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ  ᠳᠣᠭᠳᠠᠭᠠᠬᠤ ᠶᠢ ᠵᠣᠬᠢᠶᠠᠨ ᠪᠠᠶᠢᠭᠤᠯᠣᠨ᠎ᠠ᠃ ᠬᠠᠮᠢᠶ᠎ᠠ ᠪᠦᠬᠦᠢ ᠬᠦᠷᠢᠶ᠎ᠡ ᠴᠠᠷ᠎ᠠ ᠶᠢᠨ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ  ᠶᠢᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠭᠡ ᠵᠠᠩᠬᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠯᠬᠢᠨ ᠠᠬᠢᠭᠤᠯᠵᠤ᠂ ᠡᠯᠡᠰᠦᠨ ᠤ ᠠᠵᠤ ᠦᠶᠯᠡᠰ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷ᠎ᠠ   ᠶᠢᠨ ᠮᠡᠷᠭᠡᠵᠢᠯ  ᠤᠨ ᠰᠤᠳᠤᠯᠤᠨ ᠨᠡᠭᠡᠭᠡᠬᠦ ᠶᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠰᠢᠶᠠᠨ ᠤ ᠬᠡᠪᠴᠢᠶᠡᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠠᠵᠢᠯ ᠢ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ  ᠢᠶᠠᠷ ᠶᠠᠳᠠᠭᠤ ᠶᠢ ᠲᠡᠳᠬᠦᠬᠦ ᠠᠵᠢᠯ ᠪᠠ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠬᠦᠷᠢᠶ᠎ᠡ ᠴᠠᠷ᠎ᠠ ᠶᠢᠨ ᠲᠠᠪᠴᠠᠩ᠂ ᠰᠠᠭᠤᠷᠢᠨ ᠭᠠᠵᠠᠷ ᠤᠨ ᠲᠥᠯᠥᠪᠵᠢᠭᠦᠯᠭᠡ ᠪᠠᠶᠢᠷᠢᠰᠢᠭᠤᠯᠤᠯ ᠢ ᠳᠤᠷᠠᠳᠬᠤ  ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠡᠶᠢᠭᠡᠮ ᠤᠨ ᠬᠥᠭᠵᠢᠯᠲᠡ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠦᠯᠦᠪᠵᠢᠬᠦᠯᠬᠡ᠂ ᠲᠥᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠳᠣᠭᠳᠠᠭᠠᠬᠤ ᠶᠢ ᠵᠣᠬᠢᠶᠠᠨ ᠪᠠᠶᠢᠭᠤᠯᠣᠨ᠎ᠠ᠃ ᠬᠠᠮᠢᠶ᠎ᠠ ᠪᠦᠬᠦᠢ ᠬᠦᠷᠢᠶ᠎ᠡ ᠴᠠᠷ᠎ᠠ ᠶᠢᠨ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠭᠡ ᠪᠡᠷᠬᠡ ᠰᠡᠳᠦᠪ ᠢ ᠰᠢᠶᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠢᠳᠤ ᠪᠣᠳᠠᠰ ᠤᠨ ᠮᠡᠷᠭᠡᠵᠢᠯ ᠤᠨ ᠬᠥᠭᠵᠢᠯᠲᠡ ᠵᠢᠴᠢ ᠠᠵᠤ ᠦᠶᠢᠯᠡᠰᠵᠢᠯᠲᠡ ᠶᠢ ᠠᠬᠢᠭᠤᠯᠵᠤ᠂ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠵᠢᠯ ᠢ ᠥᠷᠨᠢᠭᠦᠯᠦᠨ᠎ᠡ᠃ ᠬᠠᠮᠢᠶ᠎ᠠ ᠪᠦᠬᠦᠢ ᠬᠦᠷᠢᠶ᠎ᠡ ᠴᠠᠷ᠎ᠠ ᠶᠢᠨ ᠲᠠᠪᠴᠠᠩ᠂ ᠰᠠᠭᠤᠷᠢᠨ ᠭᠠᠵᠠᠷ ᠤᠨ ᠲᠥᠯᠥᠪᠵᠢᠭᠦᠯᠭᠡ ᠪᠠᠶᠢᠷᠢᠰᠢᠭᠤᠯᠤᠯ ᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃         ᠵᠢᠷᠭᠤᠳᠤᠭᠠᠷ ᠵᠦᠶᠯ   ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠳᠣᠬᠢᠷᠠᠭᠤᠯᠣᠯᠳᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭᠠᠨ ᠤ ᠳᠣᠬᠠᠢ ᠬᠡᠷᠡᠭ ᠶᠠᠪᠤᠳᠠᠯ ᠢ ᠠᠰᠳᠠᠭᠠᠨ ᠳᠣᠭᠳᠠᠭᠠᠨ᠎ᠠ᠃         ᠳᠣᠯᠣᠳᠤᠭᠠᠷ ᠵᠦᠶᠯ   ᠲᠣᠰ ᠲᠣᠭᠲᠠᠭᠠᠯ ᠤᠨ ᠳᠠᠶᠢᠯᠪᠣᠷᠢᠯᠠᠯᠳᠠ ᠶᠢ ᠭᠦᠶᠴᠡᠳᠬᠡᠬᠦ ᠠᠵᠢᠯ ᠢ ᠠᠶᠢᠮᠠᠭ  ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠠᠴᠠ ᠬᠠᠷᠢᠭᠤᠴᠠᠵᠤ᠂ ᠲᠣᠬᠢᠷᠠᠭᠤᠯᠤᠯᠲᠠ ᠬᠢᠬᠦ ᠶᠠᠪᠣᠳᠠᠯ ᠢ ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠠᠴᠠ ᠲᠣᠭᠲᠠᠭᠠᠭᠰᠠᠨ ᠳᠡᠰ ᠳᠠᠷᠠᠭᠠᠯᠠᠯ ᠢᠶᠠᠷ ᠭᠦᠶᠴᠡᠳᠬᠡᠨ᠎ᠡ᠃         ᠨᠠᠶᠮᠠᠳᠤᠭᠠᠷ ᠵᠦᠶᠯ    ᠲᠤᠰ ᠲᠣᠭᠲᠠᠭᠠᠯ ᠢ 2019 ᠣᠨ ᠤ 3 ᠰᠠᠷ᠎ᠠ ᠶᠢᠨ 26 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃         ᠰᠦᠯᠵᠢᠶᠡᠨ ᠤ ᠬᠠᠶ᠋ᠢᠭ᠄ http://kjj.als.gov.cn/
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号