ᠤᠯᠤᠰ ᠤᠨ ᠪᠡᠶᠡᠷ ᠤᠨ ᠠᠮᠠᠷᠠᠯᠳᠠ ᠪᠠᠷ ᠠᠯᠠᠱᠠ ᠪᠠᠷᠠᠭᠤᠨ ᠬᠤᠰᠢᠭᠤᠨ ᠤ ᠡᠯᠡᠰᠦ ᠮᠠᠩᠬᠠᠨ ᠤ ᠠᠮᠢ ᠠᠬᠤᠢ ᠶᠢᠨ ᠵᠢᠭᠤᠯᠴᠢᠯᠠᠯ ᠬᠦᠭᠵᠢᠶᠠᠨ ᠲᠠᠢ ᠪᠤᠯᠵᠠᠢ
ᠨᠡᠶᠢᠲᠡᠯᠡᠭᠰᠡᠨ ᠴᠠᠭ᠄
2019/10/9
           ᠵᠢᠷᠤᠭ ᠪᠤᠯ᠂ ᠲᠤᠭᠤᠷᠢᠨ ᠵᠤᠭᠠᠴᠠᠭᠰᠠᠳ ᠪᠠᠳᠡᠢ ᠶᠢᠨ ᠵᠢᠷᠡᠨ ᠡᠯᠡᠰᠦᠨ ᠤ ᠷᠢᠳᠢ ᠰᠢᠳᠢ ᠶᠢ ᠰᠤᠨᠢᠷᠬᠠᠨ ᠵᠤᠭᠠᠯᠠᠵᠦ ᠪᠠᠶᠢᠭ᠎ᠠ ᠨᠢ᠃ (ᠸᠠᠩ ᠶᠦᠡᠭ ᠭᠠᠨᠭ᠌ ᠰᠡᠬᠦᠳᠡᠷᠯᠡᠪᠡ)      ᠤᠯᠤᠰ ᠤᠨ ᠪᠡᠶᠡᠷ ᠤᠨ ᠬᠤᠭᠤᠴᠠᠭᠠᠨ ᠳᠤ᠂ ᠠᠯᠠᠱᠠ ᠪᠠᠷᠠᠭᠤᠨ ᠬᠤᠰᠢᠭᠤᠨ ᠤ ᠵᠢᠭᠤᠯᠴᠢᠯᠠᠯ ᠤᠨ ᠦᠢᠯᠡᠰ ᠤᠷᠬᠢᠯ ᠳᠠᠭᠠᠨ ᠬᠦᠷᠴᠦ᠂ ᠡᠯ᠎ᠠ ᠵᠢᠭᠤᠯᠴᠢᠯᠠᠯ ᠤᠨ ᠤᠷᠤᠨ ᠤ ᠤᠷᠤᠯᠭ᠎ᠠ ᠪᠤᠯᠤᠨ ᠲᠤᠭᠤᠷᠢᠨ ᠵᠤᠭᠠᠴᠠᠭᠰᠠᠳ ᠲᠠᠰᠤᠷᠠᠯᠳᠠ ᠦᠬᠡᠢ ᠨᠡᠮᠡᠭᠳᠡᠭᠰᠡᠨ ᠪᠠᠶᠢᠳᠠᠯ ᠢᠯᠡᠷᠡᠵᠠᠢ᠃ ᠪᠦᠷᠢᠳᠬᠡᠯ ᠢ ᠦᠨᠳᠦᠰᠦᠯᠠᠪᠠᠯ᠂ ᠤᠯᠤᠰ ᠤᠨ ᠪᠡᠶᠡᠷ ᠤᠨ 7 ᠡᠳᠦᠷ ᠤᠨ ᠠᠮᠠᠷᠠᠯᠳᠠ ᠶᠢᠨ ᠬᠤᠭᠤᠴᠠᠭᠠᠨ ᠳᠤ᠂ ᠪᠦᠬᠦ ᠬᠤᠰᠢᠭᠤ ᠨᠠᠶᠢᠳᠠ 31.7 ᠲᠦᠮᠡᠨ ᠲᠤᠭᠤᠷᠢᠨ ᠵᠤᠭᠠᠴᠠᠭᠰᠠᠳ ︵ᠤᠳᠠᠭ᠎ᠠ︶ ᠢ ᠬᠦᠯᠢᠶᠠᠨ ᠵᠤᠴᠢᠯᠠᠵᠦ᠂ ᠠᠳᠠᠯᠢ ᠬᠤᠭᠤᠴᠠᠭ᠎ᠠ ᠠᠴᠠ 33.9 % ᠪᠠᠷ ᠨᠡᠮᠡᠭᠳᠡᠨ᠂ ᠵᠢᠭᠤᠯᠴᠢᠯᠠᠯ ᠤᠨ ᠤᠷᠤᠯᠭ᠎ᠠ 3.6 ᠳ᠋ᠦᠡᠭᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭ᠎ᠠ ᠠᠴᠠ 25.5% ᠪᠠᠷ ᠨᠡᠮᠡᠭᠳᠡᠭᠰᠡᠨ ᠪᠠᠶᠢᠨ᠎ᠠ᠃        ᠪᠠᠳᠡᠢ ᠶᠢᠨ ᠵᠢᠷᠡᠨ ᠤ ᠡᠯᠡᠰᠦ ᠮᠠᠩᠬᠠᠨ ᠤ ᠲᠠᠯᠠᠪᠠᠢ ᠨᠢ 4.7 ᠲᠦᠮᠡᠨ ᠬᠠᠪᠳᠠᠭᠠᠢ ᠲᠦᠷᠪᠡᠯᠵᠢᠨ ᠺᠢᠯᠣᠮᠧᠲᠷ ᠲᠤ ᠬᠦᠷᠴᠦ ᠪᠤᠢ᠃ ᠡᠯᠡᠰᠦᠨ ᠲᠤᠳᠤᠷᠡᠬᠢ ᠨᠤᠶᠠᠨ ᠤᠷᠬᠢᠯ᠂ ᠪᠦᠷᠢᠶ᠎ᠠ ᠮᠠᠩᠬ᠎ᠠ᠂ ᠨᠠᠭᠤᠷ ᠪᠦᠷᠢᠲᠦ᠂ ᠷᠡᠰᠢᠶᠠᠨ ᠪᠤᠯᠠᠭ᠂ ᠰᠦᠮ᠎ᠠ ᠬᠡᠶᠢᠳ ᠨᠢ ᠬᠥᠮᠤᠰ ᠤᠨ ᠲᠤᠭᠤᠷᠢᠨ ᠵᠤᠭᠠᠴᠠᠬᠤ ᠭᠤᠤᠯ ᠭᠠᠵᠠᠷ ᠪᠤᠯᠵᠤ᠂ ᠰᠡᠯᠡᠬᠦᠴᠠᠯ ᠵᠢᠭᠤᠯᠴᠢᠯᠠᠯ᠂ ᠬᠤᠨᠤᠭᠯᠠᠯ᠂ ᠪᠡᠶ᠎ᠠ ᠶᠢᠨ ᠲᠠᠮᠢᠷ᠂ ᠢᠳᠡᠬᠡᠨ ᠤᠮᠳᠠᠭᠠᠨ ᠵᠡᠷᠬᠡ ᠶᠢ ᠨᠢᠬᠡ ᠴᠤᠭᠴᠠᠵᠢᠭᠤᠯᠤᠭᠰᠠᠨ ᠪᠤᠯᠬᠤᠷ ᠬᠤᠯᠠ ᠤᠢᠢᠷ᠎ᠠ ᠶᠢᠨ ᠲᠤᠭᠤᠷᠢᠨ ᠵᠤᠭᠠᠴᠠᠭᠰᠠᠳ ᠤᠨ ᠰᠤᠨᠢᠷᠬᠠᠯ ᠢ ᠲᠠᠳᠠᠭᠰᠠᠭᠠᠷ ᠢᠷᠡᠵᠠᠢ᠃ ᠡᠨᠡ ᠵᠢᠯ ᠪᠠᠳᠡᠢ ᠶᠢᠨ ᠵᠢᠷᠡᠨ ᠡᠯᠡᠰᠦᠨ ᠳᠤ ᠲᠤᠭᠤᠷᠢᠨ ᠵᠤᠭᠠᠴᠠᠭᠰᠠᠳ ᠤᠨ ᠪᠡᠶᠠᠳᠠᠨ ᠤᠷᠤᠯᠴᠠᠬᠤ ᠡᠯ᠎ᠠ ᠲᠦᠷᠦᠯ ᠤᠨ ᠲᠤᠷ᠎ᠠ ᠰᠤᠨᠢᠷᠬᠠᠯᠲᠦ ᠬᠦᠳᠡᠯᠬᠡᠬᠡᠨ ᠢ ᠲᠤᠬᠢᠷᠠᠭᠤᠯᠵᠦ᠂ ᠪᠡᠬᠡᠵᠢᠩ᠂ ᠱᠠᠨ ᠰᠢ᠂ ᠰᠧᠴᠤᠸᠠᠨ᠂ ᠡᡁᠧᠪᠸᠢ᠂ ᠭᠠᠨᠰᠦ ᠵᠡᠷᠬᠡ ᠭᠠᠵᠡᠷ ᠤᠷᠤᠨ ᠤ ᠲᠤᠭᠤᠷᠢᠨ ᠵᠤᠭᠠᠴᠠᠭᠰᠠᠳ ᠤᠷᠤᠯᠴᠠᠬᠤ ᠠᠴᠠ ᠭᠠᠳᠠᠨ᠎ᠠ᠂ ᠡᠷᠪᠡᠬᠡᠢ ᠶᠢᠨ ᠬᠠᠪᠴᠢᠯ᠂ ᠮᠠᠨᠳᠤᠯ ᠠᠭᠤᠯᠠᠨ ᠤ ᠬᠠᠳᠠᠨ ᠵᠢᠷᠤᠭ᠂ ᠬᠠᠶᠢᠰᠦᠨ ᠴᠢᠯᠠᠭᠤ ᠵᠡᠷᠬᠡ ᠦᠵᠡᠮᠵᠢ ᠶᠢᠨ ᠤᠷᠤᠨ ᠢᠶᠠᠷ ᠴᠦ ᠪᠠᠶᠢᠭᠠᠯᠢ ᠶᠢᠨ ᠦᠡᠭᠬᠡ ᠦᠵᠡᠮᠵᠢ ᠶᠢ ᠰᠤᠨᠢᠷᠬᠠᠬᠤ ᠬᠦᠮᠦᠰ ᠦᠡᠭᠬᠡᠷᠡᠬᠦ ᠵᠢᠯ ᠤᠳ ᠠᠴᠠ ᠪᠠᠨ ᠠᠷᠪᠢᠨ ᠪᠤᠯᠤᠭᠰᠠᠨ ᠪᠠᠶᠢᠨ᠎ᠠ᠃        ᠡᠨᠡ ᠵᠢᠯ ᠤᠨ ᠤᠯᠤᠰ ᠤᠨ ᠪᠡᠶᠡᠷ ᠤᠨ ᠬᠤᠭᠤᠴᠠᠭᠠᠨ ᠤ ᠵᠢᠭᠤᠯᠴᠢᠯᠡᠯ ᠢ ᠤᠭᠳᠤᠬᠤ ᠶᠢᠨ ᠲᠤᠰᠠᠳᠠ᠂ ᠠᠯᠠᠱᠠ ᠪᠠᠷᠠᠭᠤᠨ ᠬᠤᠰᠢᠭᠤᠨ ᠤ ᠬᠢᠨ ᠡᠯ᠎ᠠ ᠲᠦᠷᠦᠯ ᠤᠨ ᠨᠠᠶᠢᠷ ᠨᠠᠭᠠᠳᠤᠮ ᠢ ᠨᠠᠷᠢᠯᠢᠭ ᠲᠤᠬᠢᠷᠠᠭᠤᠯᠤᠨ ᠪᠠᠶᠢᠷᠢᠯᠠᠭᠤᠯᠵᠦ᠂ ᠰᠤᠨᠢᠨ ᠰᠡᠳᠬᠦᠯ᠂ ᠰᠦᠯᠵᠢᠶ᠎ᠠ᠂ ᠲᠧᠯᠸᠢᠰ ᠵᠡᠷᠬᠡ ᠵᠠᠭᠤᠴᠢᠯᠠᠭᠤᠷ ᠢ ᠠᠰᠢᠭᠯᠠᠨ ᠤᠬᠠᠭᠤᠯᠭ᠎ᠠ ᠲᠠᠨᠢᠯᠴᠠᠭᠤᠯᠭ᠎ᠠ ᠪᠠᠨ ᠴᠢᠩᠭᠠᠳᠬᠠᠬᠤ ᠶᠢᠨ ᠬᠠᠮᠲᠦ᠂ ᠰᠠᠭᠤᠷᠢ ᠪᠦᠲᠦᠬᠡᠨ ᠪᠠᠶᠢᠭᠤᠯᠤᠯᠳᠠ ᠪᠠᠨ ᠴᠢᠩᠭᠠᠳᠬᠠᠵᠦ᠂ ᠦᠢᠯᠡᠴᠢᠯᠡᠭᠡ ᠪᠠᠨ ᠰᠢᠯᠢᠳᠡᠭᠵᠢᠬᠦᠯᠦᠨ᠂ ᠬᠤᠯᠪᠤᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ ᠵᠢᠭᠤᠯᠴᠢᠯᠠᠯ ᠤᠨ ᠦᠢᠯᠡᠰ ᠢ ᠲᠠᠶᠢᠴᠢᠯᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号