ᠤᠯᠤᠰ ᠤᠨ ᠲᠡᠰ ᠤᠨ ᠱᠠᠩᠨᠠᠯ ᠬᠦᠷᠳᠡᠭᠰᠡᠨ ᠮᠤᠩᠭᠤᠯ ᠪᠠᠭᠰᠢ — ᠸᠠᠩ ᠬᠠᠢ ᠳ᠋ᠦᠩ
ᠨᠡᠶᠢᠲᠡᠯᠡᠭᠰᠡᠨ ᠴᠠᠭ᠄
2019/11/19
        ᠸᠠᠩ ᠬᠠᠢ ᠳ᠋ᠦᠩ ᠪᠠᠭᠰᠢ ᠰᠤᠷᠤᠬᠴᠢ ᠪᠠᠨ ᠲᠠᠭᠠᠭᠤᠯᠤᠨ ᠬᠢᠮᠢ ᠶᠢᠨ ᠲᠤᠷᠰᠢᠯᠳᠠ ᠬᠢᠵᠤ ᠪᠠᠶᠢᠭ᠎ᠠ ᠨᠢ᠃ ︵ᠡᠷᠳᠡᠨᠢᠴᠡᠴᠡᠭ ᠰᠡᠬᠦᠳᠡᠷᠯᠡᠪᠡ︶        ᠪᠠᠭᠰᠢ ᠬᠥᠮᠦᠨ ᠪᠤᠯ ᠬᠥᠨ ᠳᠠᠯᠠᠢ ᠲᠤᠳᠤᠷᠠᠬᠢ ᠭᠡᠷᠡᠯᠳᠤ ᠴᠠᠮᠬᠠᠬ ᠠᠳᠠᠯᠢ᠂ ᠰᠤᠷᠤᠬᠴᠢ ᠨᠥᠬᠦᠳ ᠢᠶᠠᠨ ᠡᠷᠳᠡᠮ ᠮᠡᠳᠡᠯᠭᠡ ᠶᠢᠨ ᠵᠠᠮ ᠢᠶᠠᠷ ᠳᠠᠭᠠᠭᠤᠯᠵᠤ᠂ ᠥᠭᠡᠷ᠎ᠠ ᠪᠤᠰᠤᠳ ᠤᠨ ᠭᠡᠤᠭᠡᠳ ᠤᠨ ᠲᠥᠯᠦᠭᠡ ᠨᠢᠭᠡ ᠨᠠᠰᠤ ᠪᠠᠷ ᠢᠶᠠᠨ ᠵᠢᠳᠬᠦᠳᠡᠭ ᠠᠴᠠ ᠨᠡᠶᠢᠬᠡᠮ ᠨᠡᠶᠢᠳᠡ ᠳᠤ ᠬᠠᠮᠤᠬ ᠠᠴᠠ ᠥᠡᠭᠭᠡ ᠭᠡᠷᠡᠯᠳᠡᠢ ᠮᠥᠷᠳᠡᠭᠡᠨ ᠬᠥᠨᠳᠤᠳᠭᠡᠯ ᠪᠢᠰᠢᠷᠠᠯ ᠲᠠᠢ ᠪᠠᠶᠢᠳᠠᠬ᠃ ᠡ᠊ᠨᠳᠡ ᠰᠤᠷᠭᠠᠠ ᠬᠥᠮᠦᠵᠢᠯ ᠤᠨ ᠤᠢᠢᠯᠡᠰ ᠲᠤ 28 ᠵᠢᠯ ᠭᠠᠪᠰᠢᠭᠠᠢᠢᠯᠠᠨ ᠵᠢᠳᠬᠦᠭᠰᠡᠭᠡᠷ ᠢᠷᠡᠭᠰᠡᠨ ᠸᠠᠩ ᠬᠠᠢ ᠳ᠋ᠦᠩ ᠪᠠᠭᠰᠢ ᠶᠢᠨ ᠲᠤᠬᠠᠢ ᠤᠴᠢᠷᠯᠠᠬᠤ ᠳᠤ ᠤᠷᠮ᠎ᠠ ᠲᠠᠢ ᠪᠠᠶᠢᠨ᠎ᠠ᠃ ᠲᠡᠷᠡ ᠪᠤᠯ ᠡᠨᠡ ᠵᠢᠯ ᠮᠠᠠ ᠤ ᠠᠶᠢᠮᠠᠭ ᠲᠤ ᠤᠯᠤᠰ ᠤᠨ ᠳᠡᠰ ᠤᠨ ᠱᠠᠩᠨᠠᠯ ᠬᠥᠷᠳᠡᠭᠰᠡᠡ ᠬᠤᠶᠠᠷ ᠪᠠᠭᠰᠢ ᠶᠢᠨ ᠨᠢᠭᠡ ᠨᠢ ᠪᠤᠯᠬᠤ ᠶᠤᠮ᠃        ᠸᠠᠩ ᠬᠠᠢ ᠳ᠋ᠦᠩ ᠲᠥᠡᠭᠯᠢᠶᠤᠤ ᠬᠤᠳᠠ ᠶᠢᠨ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠳᠤ ᠨᠤᠳᠤᠭ ᠲᠠᠢ᠃ 1991 ᠤᠨ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠮᠢ ᠶᠢᠨ ᠰᠠᠯᠪᠤᠷᠢ ᠶᠢᠨ ᠵᠢᠩᠬᠢᠨᠢ ᠠᠩᠬᠢ ᠠᠴᠠ ᠲᠡᠭᠦᠰᠴᠡᠢ᠃ ᠤᠳᠤ ᠠᠯᠠᠱᠠ ᠮᠤᠩᠭᠤᠯ ᠦᠨᠳᠥᠰᠦᠲᠡᠨ ᠤ ᠪᠦᠷᠢᠨ ᠳᠤᠮᠳᠠᠳᠤ ᠰᠤᠷᠭᠠᠭᠤᠯᠢ ᠳᠤ ᠪᠠᠭᠰᠢᠯᠠᠵᠦ ᠪᠤᠢ᠃ 28 ᠵᠢᠯ ᠤᠨ ᠲᠤᠷᠰᠢ᠂ ᠲᠡᠷᠡ ᠬᠢᠮᠢ ᠪᠤᠯᠤᠨ ᠬᠢᠳᠡᠳ ᠭᠡᠯᠡᠡ ᠤ ᠬᠢᠴᠢᠶᠠᠯ ᠢ ᠵᠢᠭᠠᠬᠤ ᠶᠢᠨ ᠲᠠᠭᠠᠤ 18 ᠵᠢᠯ ᠤᠨ ᠠᠩᠭᠢ ᠶᠢᠨ ᠡᠷᠬᠢᠯᠡᠭᠴᠢ ᠶᠢᠨ ᠠᠵᠢᠯ ᠢ ᠡᠬᠦᠷᠭᠡᠯᠡᠡ 300 ᠭᠠᠷᠤᠢ ᠰᠤᠷᠤᠬᠴᠢ ᠶᠢ ᠬᠥᠮᠦᠵᠢᠬᠦᠯᠵᠠᠢ᠃        ᠰᠤᠷᠪᠤᠯᠵᠢᠯᠠᠬᠴᠢ ᠸᠠᠩ ᠬᠠᠢ ᠳ᠋ᠦᠩ ᠤᠨ ᠠᠯᠪᠠᠨ ᠭᠡᠷ ᠲᠤ ᠬᠥᠷᠬᠦ ᠳᠤ ᠲᠡᠷᠡ ᠳᠡᠭᠡᠳᠦ ᠭᠤᠷᠪᠠᠳᠤᠭᠠᠷ ᠤᠨ ᠤ ᠰᠤᠷᠤᠬᠴᠢᠳ ᠤᠨ ᠰᠢᠯᠭᠠᠯᠳᠠ ᠶᠢᠨ ᠰᠡᠳᠤᠪ ᠢ ᠬᠢᠨᠠᠠ ᠰᠠᠭᠤᠵᠤ ᠪᠠᠶᠢᠯ᠎ᠠ᠃ ᠬᠢᠮᠢ ᠪᠤᠯ ᠨᠡᠯᠢᠶᠠᠳ ᠬᠥᠴᠢᠷᠳᠠᠢ ᠬᠢᠴᠢᠶᠠᠯ ᠲᠥᠷᠦᠯ ᠪᠤᠯᠬᠤᠷ ᠬᠠᠮᠤᠬ ᠤᠨ ᠲᠡᠷᠢᠬᠦᠨ ᠳᠤ ᠶᠥᠮᠦᠷᠯᠢᠭ ᠠᠷᠭ᠎ᠠ ᠪᠠᠷ ᠭᠡᠶᠢᠰᠪᠤᠷᠢ ᠤᠬᠠᠬᠳᠠᠬᠤᠨ ᠢ ᠠᠮᠢᠳᠤ ᠲᠥᠷᠰᠦᠯᠢᠭ ᠪᠤᠯᠭᠠᠨ ᠰᠤᠷᠤᠭᠴᠢᠳ ᠤᠨ ᠰᠤᠷᠬᠤ ᠲᠤᠷ᠎ᠠ ᠪᠠᠬ᠎ᠠ ᠶᠢ ᠲᠠᠳᠠᠬᠤ ᠬᠡᠷᠡᠭᠲᠡᠢ ᠪᠠᠶᠢᠳᠠᠭ ᠠᠵᠢ᠃ ᠸᠠᠩ ᠬᠠᠢ ᠳ᠋ᠦᠩ ᠪᠠᠭᠰᠢ ᠬᠢᠴᠢᠶᠡᠯ ᠤᠷᠤᠬᠤ ᠳᠠᠭᠠᠨ ᠯᠤᠬᠢᠬ ᠤᠨ ᠰᠡᠳᠬᠢᠬᠦᠢ᠂ ᠭᠡᠶᠢᠰᠪᠤᠷᠢ ᠰᠡᠳᠬᠢᠬᠦᠢ ᠵᠡᠷᠭᠡ ᠶᠢ ᠤᠶᠠᠯᠳᠤᠭᠤᠯᠤᠨ ᠨᠢᠳᠤᠨ ᠳᠤ ᠥᠵᠡᠭᠳᠡᠬᠦ ᠥᠬᠡᠢ᠂ ᠭᠠᠷ ᠲᠤ ᠪᠠᠷᠢᠬᠳᠠᠬᠤ ᠥᠬᠡᠢ ᠨᠠᠷ᠎ᠠ ᠲᠤᠮᠢᠶ᠎ᠠ ᠶᠢ ᠠᠮᠢᠳᠤ ᠲᠦᠷᠰᠦᠯᠢᠭ ᠢᠶᠠᠷ ᠵᠦᠢᠷᠯᠡᠵᠦ᠂ ᠰᠤᠷᠤᠭᠴᠢᠳ ᠤᠨ ᠪᠤᠳᠠᠳᠠᠢ ᠤᠶᠢᠯᠠᠭᠠᠨ ᠡᠵᠡᠮᠰᠢᠬᠦ ᠶᠢ ᠪᠠᠳᠤᠯᠠᠳᠠᠭ᠃ ᠲᠡᠷᠡ ᠵᠠᠷᠢᠮ ᠲᠤᠷᠰᠢᠯᠳᠡ ᠶᠢᠨ ᠲᠤᠨᠤᠭ ᠲᠥᠬᠦᠭᠡᠷᠤᠮᠵᠢ ᠶᠢ ᠥᠪᠡᠷ ᠢᠶᠠᠨ ᠤᠢᠢᠯᠡᠳᠬᠦ ᠪᠤᠶᠤ ᠰᠥᠯᠵᠢᠶᠠᠨ ᠠᠴᠠ ᠬᠤᠳᠠᠯᠳᠤᠨ ᠠᠪᠴᠤ ᠬᠢᠴᠢᠶᠠᠯᠯᠡᠵᠤ᠂ ᠬᠢᠳᠡᠳ ᠰᠡᠳᠤᠪ ᠤᠨ ᠮᠠᠲ᠋ᠧᠷᠢᠶᠠᠯ ᠢ ᠴᠤᠬᠯᠠᠭᠤᠯᠤᠨ ᠰᠤᠷᠤᠭᠴᠢᠳ ᠲᠠᠭᠠᠨ ᠨᠡᠩ ᠤᠯᠠᠨ ᠰᠡᠳᠤᠪ ᠬᠠᠩᠭᠠᠨ ᠦᠭᠴᠦ ᠲᠡᠳᠡᠨ ᠤ ᠤᠯᠤᠰ ᠤᠨ ᠰᠢᠯᠭᠠᠯᠳᠠ ᠳᠤ ᠰᠠᠶᠢᠨ ᠬᠢᠷᠢ ᠪᠦᠳᠦᠮᠵᠢ ᠤᠯᠬᠤ ᠳᠤᠨᠢ ᠰᠠᠭᠤᠷᠢ ᠲᠠᠯᠪᠢᠵᠦ ᠦᠭᠳᠡᠭ᠃ ᠡᠬᠦᠨ ᠤ ᠲᠠᠭᠠᠤ ᠦᠪᠡᠷ ᠤᠨ ᠵᠢᠭᠠᠨ ᠰᠤᠷᠭᠠᠬᠤ ᠠᠷᠭ᠎ᠠ ᠠᠪᠴᠠᠯ ᠢᠶᠠᠨ ᠦᠷᠬᠦᠯᠵᠢ ᠰᠢᠨᠡᠳᠭᠡᠨ ᠰᠦᠪᠡᠭᠴᠢᠯᠡᠳᠡᠭ ᠶᠠᠪᠤᠳᠠᠯ ᠨᠢ ᠲᠡᠬᠦᠨ ᠢ ᠠᠮᠵᠢᠯᠳᠠ ᠳᠤ ᠬᠦᠷᠭᠡᠭᠰᠡᠨ ᠴᠢᠬᠤᠯᠠ ᠵᠠᠩᠬᠢᠯᠠᠭ᠎ᠠ ᠪᠠᠶᠢᠵᠦ ᠲᠠᠭᠠᠷᠠᠨ᠎ᠠ᠃        ᠸᠠᠩ ᠬᠠᠢ ᠳ᠋ᠦᠩ᠄ ︽ᠪᠠᠭᠰᠢ ᠪᠤᠯᠤᠬᠰᠠᠳ ᠵᠠᠪᠠᠯ ᠰᠢᠨ᠎ᠡ ᠬᠢᠴᠢᠶᠡᠯ ᠤᠨ ᠪᠠᠷᠢᠮᠵᠢᠶ᠎ᠠ ᠶᠢ ᠲᠠᠰᠤᠷᠠᠯᠲᠠ ᠦᠭᠡᠢ ᠰᠤᠳᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠤᠰᠤᠳ ᠪᠠᠭᠰᠢ ᠨᠠᠷ ᠲᠠᠢ ᠬᠠᠮᠲᠤ ᠪᠠᠷ ᠵᠢᠭᠠᠨ ᠰᠤᠷᠭᠠᠬᠤ ᠠᠷᠭ᠎ᠠ ᠶᠢ ᠰᠤᠳᠤᠯᠤᠨ ᠶᠠᠷᠢᠯᠴᠠᠬᠤ ᠵᠡᠷᠭᠡ ᠤᠯᠠᠠ ᠵᠦᠢᠯ ᠤᠨ ᠠᠷᠭ᠎ᠠ ᠠᠪᠴᠠᠯ ᠢᠶᠠᠷ ᠵᠢᠭᠠᠠ ᠰᠤᠷᠭᠠᠬᠤ ᠠᠵᠢᠯ ᠳᠠᠭᠠᠨ ᠴᠢᠷᠮᠠᠶᠢᠬᠤ ᠭᠡᠷᠡᠭᠳᠠᠢ᠃ ᠪᠠᠭᠰᠢ ᠬᠥᠮᠦᠨ ᠵᠠᠪᠠᠯ ᠥᠪᠡᠷ ᠤᠨ ᠠᠵᠢᠯ ᠤᠨ ᠪᠠᠶᠢᠷᠢ ᠪᠠᠨ ᠬᠠᠶᠢᠷᠠᠯᠠᠵᠤ᠂ ᠰᠤᠷᠤᠬᠴᠢ ᠲᠠᠢ ᠪᠠᠨ ᠲᠤᠳᠤᠨᠤᠰᠤᠬ ᠢᠶᠠᠷ ᠶᠠᠪᠤᠯᠴᠠᠨ ᠲᠡᠳᠡᠨ ᠤ ᠰᠤᠷᠤᠯᠭ᠎ᠠ ᠶᠢᠨ ᠬᠠᠷᠠᠯᠳᠠ ᠶᠢ ᠡᠵᠡᠮᠳᠡᠵᠦ ᠴᠢᠳᠠᠭᠰᠠᠨ ᠪᠠᠶᠢᠬᠤ ᠬᠡᠷᠡᠭᠲᠡᠢ᠃ ᠮᠦᠨᠴᠤ ᠰᠤᠷᠤᠬᠴᠢ ᠳᠠᠭᠠᠨ ᠵᠥᠪ ᠡᠨᠧᠷᠬᠢ ᠥᠭᠬᠦᠨ ᠪᠥᠬᠦ ᠬᠥᠴᠦᠨ ᠢᠶᠠᠨ ᠰᠢᠪᠬᠠᠵᠤ ᠪᠦᠬᠦ ᠰᠡᠳᠬᠢᠯ ᠢᠶᠠᠷ ᠰᠤᠷᠤᠬᠴᠢ ᠶᠢᠨ ᠢᠶᠠᠨ ᠲᠥᠯᠦᠭᠡ ᠠᠵᠢᠯᠯᠠᠪᠠᠯ ᠵᠤᠷᠢᠬᠰᠠᠠ ᠳᠠᠭᠠᠨ ᠬᠥᠷᠴᠤ ᠴᠢᠳᠠᠨ᠎ᠠ︾ ᠭᠡᠵᠤ ᠦᠪᠡᠷ ᠤᠨ ᠲᠤᠷᠰᠢᠯᠭ᠎ᠠ ᠰᠤᠷᠭᠠᠮᠵᠢ ᠪᠠᠨ ᠳ᠋ᠦᠩᠨᠡᠨ ᠶᠠᠷᠢᠯ᠎ᠠ᠃        ︽ᠸᠠᠩ ᠪᠠᠭᠰᠢ ᠬᠡᠳᠦ᠋ᠢᠪᠡᠷ ᠮᠢᠨᠤ ᠰᠤᠷᠤᠬᠴᠢ ᠪᠠᠶᠢᠵᠦ ᠦᠩᠭᠡᠷᠡᠭᠰᠡᠨ ᠪᠤᠯᠪᠠᠴᠤ ᠲᠡᠬᠦᠨ ᠠᠴᠠ ᠲᠠᠭᠠᠨ ᠰᠤᠷᠤᠯᠴᠠᠬᠤ ᠶᠤᠰᠤᠳᠠᠢ ᠵᠦᠢᠯ ᠮᠠᠰᠢ ᠤᠯᠠᠠ ᠪᠠᠶᠢᠨ᠎ᠠ᠃ ᠲᠡᠬᠦᠨ ᠤ ᠬᠢᠴᠢᠶᠠᠯ ᠵᠢᠭᠠᠬᠤ ᠮᠡᠷᠭᠡᠵᠢᠯ ᠥᠨᠳᠦᠷ᠂ ᠬᠠᠮᠳᠤ ᠠᠵᠢᠯᠳᠠᠨ ᠢᠶᠠᠨ ᠳᠠᠶᠢᠴᠢᠯᠠᠬᠤ ᠴᠢᠳᠠᠪᠤᠷᠢ ᠲᠠᠢ᠂ ᠰᠤᠷᠤᠬᠴᠢ ᠪᠠᠨ ᠰᠠᠶᠢᠬᠠᠠ ᠵᠥᠪ ᠵᠠᠮᠨᠠᠭᠤᠯᠵᠤ ᠴᠢᠳᠠᠳᠠᠬ᠃ ᠮᠠᠠ ᠤ ᠰᠤᠷᠭᠠᠭᠤᠯᠢ ᠶᠢᠨ ᠴᠣᠷᠢ ᠶᠢᠨ ᠭᠠᠭᠴᠠ ᠤᠯᠤᠰ ᠤᠨ ᠳᠡᠰ ᠤᠨ ᠵᠢᠱᠢᠶᠠᠴᠢ ᠪᠠᠭᠰᠢ ᠮᠥᠨ︾ ᠭᠡᠵᠤ ᠲᠤᠰ ᠰᠤᠷᠭᠠᠭᠤᠯᠢ ᠶᠢᠨ ᠠᠬᠠᠮᠠᠳ ᠪᠠᠭᠰᠢ ᠪᠠᠢ ᠶᠢᠨ ᠱᠠᠠ ᠶᠠᠷᠢᠯ᠎ᠠ᠃ ᠠᠯᠠᠱᠠ ᠮᠤᠩᠭᠤᠯ ᠦᠨᠳᠦᠰᠦᠳᠡᠨ ᠤ ᠪᠥᠷᠢᠨ ᠲᠤᠮᠳᠠᠳᠤ ᠰᠤᠷᠭᠠᠭᠤᠯᠢ ᠶᠢᠨ ᠳᠡᠭᠡᠳᠦ ᠭᠤᠷᠪᠠ ᠶᠢᠨ ᠰᠤᠷᠤᠭᠴᠢ ᠴᠠᠶᠢᠯᠭᠠᠠ᠄ ︽ᠸᠠᠩ ᠪᠠᠭᠰᠢ ᠪᠤᠯ ᠰᠢᠨ᠎ᠠ ᠵᠢᠭᠠᠬᠤ ᠠᠷᠭ᠎ᠠ ᠶᠢ ᠦᠷᠬᠦᠯᠵᠢ ᠰᠦᠪᠡᠭᠴᠢᠯᠡᠨ ᠬᠡᠷᠡᠭᠯᠡᠳᠡᠭ᠂ ᠠᠪᠤ ᠡᠵᠢ ᠲᠠᠢ ᠮᠢᠨᠢ ᠠᠳᠠᠯᠢ ᠪᠠᠷ ᠪᠢᠳᠠᠨ ᠢ ᠬᠠᠯᠠᠮᠵᠢᠯᠠᠵᠦ ᠬᠠᠷᠠᠭᠠᠯᠵᠠᠨ ᠰᠤᠷᠤᠬᠴᠢ ᠨᠢᠭᠡᠪᠤᠷᠢ ᠶᠢ ᠬᠦᠯᠢᠴᠡᠩᠭᠦᠢ ᠬᠠᠪᠰᠤᠷᠤᠨ ᠵᠢᠯᠣᠭᠤᠳᠴᠤ᠂ ᠰᠤᠷᠤᠬᠴᠢᠳ ᠤᠨ ᠤᠳᠠᠭ᠎ᠠ ᠪᠦᠷᠢ ᠶᠢᠨ ᠳᠠᠰᠬᠠᠯ ᠢ ᠨᠠᠷᠢᠨ ᠬᠢᠨᠠᠮᠠᠭᠠᠶ ᠵᠠᠯᠠᠷᠠᠭᠤᠯᠤᠨ ᠦᠭᠳᠡᠭ᠃ ᠡᠶᠡᠯᠳᠡᠭ ᠵᠠᠩ ᠲᠠᠢ ᠪᠤᠯᠬᠤᠷ ᠪᠢᠳᠡ ᠪᠥᠷ       ︿ᠸᠠᠩ ᠭᠧ﹀ ᠭᠡᠵᠤ ᠲᠠᠭᠤᠳᠠᠳᠠᠬ᠂ ᠥᠷᠯᠦᠭᠡ ᠡᠷᠳᠡ ᠰᠤᠷᠭᠠᠭᠤᠯᠢ ᠳᠤ ᠢᠷᠠᠵᠤ ᠤᠷᠤᠢ ᠶᠢᠨ ᠲᠠᠪᠳᠠᠯᠭ᠎ᠠ ᠪᠠᠭᠤᠭᠰᠠᠨ ᠬᠤᠶᠢᠨ᠎ᠠ ᠬᠠᠷᠢᠳᠠᠬ᠃ ᠸᠠᠩ ᠪᠠᠭᠰᠢ ᠵᠠᠷᠢᠮ ᠳᠠᠭᠠᠨ ᠪᠠᠰᠠ ᠪᠢᠳᠡᠨ ᠢ ᠭᠡᠷ ᠲᠡᠭᠡᠨ ᠠᠪᠠᠴᠢᠵᠤ ᠬᠤᠭᠤᠯᠠ ᠵᠠᠭᠤᠰᠢ ᠢᠳᠡᠬᠦᠯᠳᠡᠭ ᠪᠦᠭᠡᠳ ᠬᠤᠪᠢᠨ ᠤ ᠮᠥᠡᠭᠬᠦ ᠪᠠᠷ ᠢᠶᠠᠨ ᠪᠢᠳᠡᠨ ᠢ ᠱᠠᠩᠨᠠᠵᠦ ᠦᠩᠭᠡᠷᠡᠭᠰᠡᠨ ᠰᠢᠤ︾ ᠭᠡᠵᠤ ᠶᠠᠷᠢᠨ᠎ᠠ᠃        ᠸᠠᠩ ᠬᠠᠢ ᠳ᠋ᠦᠩ ᠪᠠᠭᠰᠢ ᠶᠢᠨ ᠢᠷᠠᠭᠤ ᠠᠯᠳᠠᠷ ᠢ ᠡᠬᠦᠷᠭᠡᠯᠡᠨ ᠢᠷᠡᠭᠰᠡᠨ ᠡᠨᠡᠬᠦ 28 ᠵᠢᠯ ᠤᠨ ᠲᠤᠷᠰᠢ᠂ ᠡᠶᠡᠯᠳᠡᠭ ᠳᠠᠷᠤᠤ ᠠᠷᠠᠨᠰᠢᠨ ᠢᠶᠠᠷ ᠢᠶᠠᠨ ᠰᠤᠷᠤᠬᠴᠢᠳ ᠲᠠᠭᠠᠨ ᠬᠠᠶᠢᠷ᠎ᠠ ᠬᠠᠯᠠᠮᠵᠢ ᠪᠠᠨ ᠢᠪᠡᠭᠡᠵᠤ᠂ ᠬᠤᠷᠴᠠ ᠠᠪᠢᠶᠠᠰᠯᠢᠭ ᠤᠬᠠᠭᠠᠨ ᠲᠠᠮᠢᠷ ᠢᠶᠠᠷ ᠢᠶᠠᠨ ᠤᠢᠢᠯᠡᠰ ᠢᠶᠠᠨ ᠬᠡᠷᠡᠯᠳᠦᠬᠦᠯᠦᠭᠰᠡᠭᠡᠷ ᠢᠷᠡᠵᠡᠢ᠃ 1999 ᠤᠨ ᠳᠤ ᠥᠪᠡᠷᠲᠡᠭᠡᠨ ᠵᠠᠰᠠᠬᠤ ᠣᠷᠣᠨ ᠤ ︽ᠴᠡᠴᠡᠷᠯᠢᠭᠴᠢ︾ ᠱᠠᠩᠨᠠᠯ ᠢ ᠬᠦᠷᠳᠡᠭᠰᠡᠨ ᠠᠴᠠ ᠨᠠᠰᠢ ᠲᠡᠬᠦᠨ ᠤ ᠬᠢᠴᠢᠶᠡᠯ ᠵᠢᠭᠠᠬᠤ ᠠᠷᠭ᠎ᠠ ᠪᠠᠷᠢᠯ᠂ ᠦᠬᠦᠯᠡᠯ ᠵᠡᠷᠭᠡ ᠨᠢ ᠤᠷᠤᠨ ᠠᠶᠢᠮᠠᠭ ᠤᠨ ᠱᠠᠩᠨᠠᠯ ᠬᠦᠬᠢᠬᠦᠯᠦᠯ ᠢ ᠤᠯᠠᠨᠳᠠ ᠬᠦᠷᠳᠡᠵᠡᠢ᠃ ᠲᠡᠷᠡ 2011 ᠤᠨ ᠳᠤ ᠠᠶᠢᠮᠠᠭ ᠤᠨ ᠳᠡᠰ ᠤᠨ ᠰᠢᠯᠢᠳᠡᠭ ᠵᠢᠭᠠᠠ ᠰᠤᠷᠭᠠᠬᠤ ᠴᠢᠳᠠᠪᠤᠷᠢᠳᠠᠨ᠂ 2012 ᠤᠨ ᠳᠤ ᠤᠷᠤᠨ ᠤ ᠲᠡᠰ ᠤᠨ ᠵᠢᠭᠠᠠ ᠰᠤᠷᠭᠠᠬᠤ ᠴᠢᠳᠠᠪᠤᠷᠢᠳᠠᠨ᠂ 2013 ᠤᠨ ᠳᠤ ᠤᠷᠤᠨ ᠤ ᠳᠡᠰ ᠤᠨ ᠰᠢᠯᠢᠳᠡᠭ ᠠᠩᠬᠢ ᠶᠢᠨ ᠡᠷᠬᠢᠯᠡᠭᠴᠢ᠂ 2019 ᠤᠨ ᠳᠤ ᠪᠥᠬᠦ ᠤᠯᠤᠰ ᠤᠨ ᠵᠢᠱᠢᠶᠠᠴᠢ ᠪᠠᠭᠰᠢ ᠶᠢᠨ ᠢᠷᠠᠭᠤ ᠠᠯᠳᠠᠷ ᠢ ᠬᠦᠷᠳᠡᠵᠦ ᠡᠩᠭᠡᠷ ᠢᠶᠠᠨ ᠮᠢᠯᠢᠶᠠᠯᠭᠠᠭᠰᠠᠨ ᠪᠠᠶᠢᠨ᠎ᠠ᠃                                                      (ᠵᠣᠬᠢᠶᠠᠭᠴᠢ᠄ ᠡᠷᠳᠡᠨᠢᠴᠡᠴᠡᠭ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号