ᠮᠠᠯᠴᠢᠨ ᠵᠠᠯᠠᠭᠤ ᠭᠤᠨᠴᠤᠭᠰᠦ᠋ᠷᠦᠩ ᠬᠢᠨᠢᠰ ᠤᠨ ᠲᠡᠮᠳᠡᠭᠯᠡᠯ ᠢ ᠰᠢᠨᠡᠳᠭᠡᠯ᠎ᠠ
ᠨᠡᠶᠢᠲᠡᠯᠡᠭᠰᠡᠨ ᠴᠠᠭ᠄
2019/12/2
         ᠵᠢᠷᠤᠭ ᠪᠤᠯ᠂ ᠬᠢᠨᠢᠰ ᠤᠨ ᠲᠡᠮᠳᠡᠭᠯᠡᠯ ᠢ ᠰᠢᠨᠡᠳᠬᠡᠬᠦ ᠭᠱᠠᠨ᠃ ︵ᠪᠠᠭᠠᠨ᠎ᠠ ᠰᠡᠬᠦᠳᠡᠷᠯᠡᠪᠡ︶         11 ᠰᠠᠷ᠎ᠠ ᠶᠢᠨ 26 ᠤ ᠡᠳᠤᠷ ᠤᠨ 11 ᠴᠠᠭ ᠲᠤ᠂ ᠠᠯᠠᠱᠠ ᠪᠠᠷᠠᠭᠤᠨ ᠬᠤᠰᠢᠭᠤᠨ ᠤ ᠠᠯᠳᠠᠨᠴᠤᠭ ᠰᠤᠮᠤᠨ ᠤ ᠮᠠᠯᠴᠢᠨ ᠵᠠᠯᠠᠭᠤ ᠭᠤᠨᠴᠤᠭᠰᠦ᠋ᠷᠦᠩ ᠲᠠᠯᠠᠬᠡᠢ ᠶᠢᠨ ᠬᠠᠮᠤᠭ ᠤᠨ ᠦᠨᠳᠤᠷ ᠡᠯᠡᠰᠦᠨ ᠴᠤᠬᠢᠶ᠎ᠠ ᠪᠤᠯᠬᠤ ᠪᠠᠳᠠᠢ ᠶᠢᠨ ᠵᠢᠷᠠᠨ ᠤ ᠦᠷᠦᠴᠡᠨ ᠳᠠᠬᠢ ᠪᠢᠯᠡᠬᠦᠳᠤ ᠶᠢᠨ ᠤᠷᠤᠢ ᠶᠢ ᠮᠤᠲ᠋ᠤᠷ ᠲᠡᠷᠭᠡ ᠪᠠᠷ 2 ᠮᠢᠨᠦ᠋ᠲ 11 ᠰᠧᠺᠦ᠋ᠨ᠋ᠳ᠋ ᠤᠨ ᠲᠤᠳᠤᠷ᠎ᠠ ᠲᠠᠪᠠᠵᠤ᠂ ᠲᠡᠯᠡᠬᠡᠢ ᠶᠢᠨ ᠬᠢᠨᠢᠰ ᠤᠨ ᠲᠡᠮᠳᠡᠭᠯᠡᠯ ᠢ ᠰᠢᠨᠡᠳᠭᠡᠯ᠎ᠠ᠃         2009 ᠤᠨ ᠤ 9 ᠰᠠᠷ᠎ᠠ ᠶᠢᠨ 23 ᠤ ᠡᠳᠤᠷ᠂ ᠠᠯᠠᠱᠠ ᠪᠠᠷᠠᠭᠤᠨ ᠬᠤᠰᠢᠭᠤᠨ ᠤ ᠮᠠᠯᠴᠢᠨ ᠲᠤᠤ ᠶᠦᠩ ᠮᠢᠩ ᠮᠤᠲ᠋ᠤᠷ ᠲᠡᠷᠭᠡ ᠪᠠᠷ 6 ᠮᠢᠨᠦ᠋ᠲ 2 ᠰᠧᠺᠦ᠋ᠨ᠋ᠳ᠋ ᠤᠨ ᠬᠤᠭᠤᠴᠠᠭ᠎ᠠ ᠪᠠᠷ ᠪᠢᠯᠡᠬᠦᠳᠤ ᠶᠢᠨ ᠤᠷᠤᠢ ᠶᠢ ᠲᠠᠪᠠᠵᠤ᠂ ᠬᠢᠨᠢᠰ ᠤᠨ ᠲᠡᠮᠳᠡᠭᠯᠡᠯ ᠳᠤ ᠨᠡᠷ᠎ᠠ ᠪᠠᠨ ᠪᠦᠷᠢᠳᠭᠡᠬᠦᠯᠦᠭᠰᠡᠨ ᠪᠤᠯ 10 ᠵᠢᠯ ᠤᠨ ᠲᠠᠷᠠᠭ᠎ᠠ ᠭᠤᠨᠴᠤᠭᠰᠦ᠋ᠷᠦᠩ 2 ᠮᠢᠨᠦ᠋ᠲ 11 ᠰᠧᠺᠦ᠋ᠨ᠋ᠳ᠋ ᠤᠨ ᠲᠤᠳᠤᠷ᠎ᠠ ᠪᠢᠯᠡᠬᠦᠳᠤ ᠶᠢᠨ ᠤᠷᠤᠢ ᠶᠢ ᠲᠠᠪᠠᠵᠤ ᠤᠤᠯ ᠳᠡᠮᠳᠡᠭᠯᠡᠯ ᠢ ᠰᠢᠨᠡᠳᠭᠡᠭᠰᠡᠨ ᠪᠠᠶᠢᠨ᠎ᠠ᠃ ᠳᠤᠬᠠᠢ ᠶᠢᠨ ᠳᠠᠯᠠᠪᠠᠢ ᠳᠤ ᠲᠡᠯᠡᠬᠡᠢ ᠶᠢᠨ ᠬᠢᠨᠢᠰ ᠤᠨ ᠲᠡᠮᠳᠡᠭᠯᠡᠯ ᠤᠨ ᠬᠠᠷᠢᠭᠤᠴᠠᠯᠭᠠᠳᠠᠨ ᠵᠠᠩ ᠱᠤᠤ ᠫᠧᠩ ᠭᠤᠨᠴᠤᠭᠰᠦ᠋ᠷᠦᠩ ᠳᠤ ᠲᠡᠯᠡᠬᠡᠢ ᠶᠢᠨ ᠬᠢᠨᠢᠰ ᠤᠨ ᠲᠡᠮᠳᠡᠭᠯᠡᠯ ᠢ ᠰᠢᠨᠡᠳᠭᠡᠭᠰᠡᠨ ᠦᠨᠡᠮᠯᠡᠯ ᠭᠠᠷᠳᠠᠭᠤᠯᠪᠠ᠃ ︽ᠡᠯᠡᠰᠦᠨ ᠴᠦᠯ ᠤᠨ ᠵᠦᠮᠤᠯᠠᠩᠮᠠ︾ ᠬᠡᠮᠡᠭᠳᠡᠭᠰᠡᠨ ᠪᠠᠳᠠᠢ ᠶᠢᠨ ᠵᠢᠷᠠᠨ ᠤ ᠪᠢᠯᠡᠬᠦᠳᠦ ᠶᠢᠨ ᠤᠷᠤᠢ ᠨᠢ ᠲᠠᠯᠠᠢ ᠶᠢᠨ ᠲᠦᠪᠰᠢᠨ ᠠᠴᠠ 1611 ᠮᠧᠲᠷ ᠡᠷᠬᠦᠭᠳᠡᠵᠤ᠂ ᠰᠠᠬᠠᠷᠠ ᠡᠯᠡᠰᠦᠨ ᠴᠦᠯ ᠤᠨ ᠡᠯᠡᠰᠦᠨ ᠴᠤᠬᠢᠶ᠎ᠠ ᠠᠴᠠ ᠪᠠᠰᠠ 70 ᠭᠠᠷᠤᠢ ᠮᠧᠲᠷ ᠦᠨᠳᠤᠷ ᠪᠠᠶᠢᠳᠠᠭ᠃         1995 ᠤᠨ ᠳᠤ ᠲᠦᠷᠦᠭᠰᠡᠨ ᠭᠤᠨᠴᠤᠭᠰᠦ᠋ᠷᠦᠩ ᠤᠳᠤᠬᠠᠨ ᠪᠤᠯᠳᠠᠯ᠎ᠠ 53 ᠲᠠᠯᠠᠪᠡᠢ ᠮᠤᠲ᠋ᠤᠷ ᠲᠡᠷᠭᠡᠨ ᠤ ᠤᠷᠤᠯᠳᠤᠭᠠᠨ ᠳᠤ ᠤᠷᠤᠯᠴᠠᠵᠤ᠂ ᠪᠦᠬᠦ ᠤᠯᠤᠰ ᠤᠨ ᠬᠡᠪᠴᠢᠶ᠎ᠠ ᠲᠠᠢ ᠮᠤᠲ᠋ᠤᠷ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠲᠠᠪᠤᠳᠤᠭᠠᠷ ᠨᠡᠷ᠎ᠠ ᠳᠤ ᠤᠷᠤᠭᠰᠠᠨ ᠰᠢᠯᠢᠳᠡᠭ ᠰᠠᠶᠢᠨ ᠬᠢᠷᠢ ᠪᠦᠲᠦᠮᠵᠢ ᠲᠠᠢ ᠪᠦᠭᠡᠳ ᠤᠷᠤᠨ ᠤ ᠲᠡᠰ ᠤᠨ ᠤᠷᠤᠯᠳᠤᠭᠠᠨ ᠳᠤ 22 ᠤᠳᠠᠭ᠎ᠠ ᠮᠠᠩᠯᠠᠶᠢᠯᠠᠵᠠᠢ᠃                                             (ᠵᠣᠬᠢᠶᠠᠭᠴᠢ᠄ ᠪᠠᠭᠠᠨ᠎ᠠ     ᠶᠠᠩ ᠰᠠᠴᠠᠨ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号