ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠵᠦ ᠦᠨᠳᠦᠰᠦᠨ ᠱᠠᠳᠦᠨ ᠳᠤ ᠦᠢᠯᠡᠴᠢᠯᠡᠬᠦ ︽ᠬᠠᠮᠤᠭ ᠤᠨ ᠡᠴᠤᠰ ᠤᠨ ᠵᠠᠢ︾ ᠶᠢ ᠣᠶᠢᠷᠠᠳᠣᠭᠤᠯᠣᠨ᠎ᠠ
ᠨᠡᠶᠢᠲᠡᠯᠡᠭᠰᠡᠨ ᠴᠠᠭ᠄
2019/12/2
      ᠦᠢᠷ᠎ᠠ ᠶᠢᠨ ᠡᠳᠦᠷ᠂ ᠠᠶᠢᠮᠠᠭ ᠤᠨ ︽ᠲᠠᠯ᠎ᠠ ᠨᠤᠳᠤᠭ ᠤᠨ ᠶᠡᠷᠤᠩᠬᠡᠶᠢᠯᠡᠭᠰᠡᠨ ᠰᠠᠶᠢᠨ ᠲᠤᠷ᠎ᠠ ᠶᠢᠨ ᠦᠢᠯᠡᠴᠢᠯᠡᠭᠡᠨ ᠤ ᠬᠦᠡᠭᠭᠡᠨ ᠮᠤᠷᠢᠳᠦ ᠴᠡᠷᠢᠭ︾ ᠤᠯᠠᠭᠠᠨᠪᠤᠬ᠎ᠠ ᠠᠮᠢ ᠠᠬᠤᠢ ᠶᠢᠨ ᠡᠯᠡᠰᠦᠨ ᠤ ᠠᠵᠦ ᠦᠢᠯᠡᠰ ᠤᠨ ᠵᠢᠱᠢᠶ᠎ᠠ ᠦᠵᠡᠭᠦᠯᠬᠦ ᠤᠷᠤᠨ ᠤ ᠪᠠᠶᠠᠨᠮᠦ᠋ᠷᠡᠨ ᠳᠤ ᠬᠦᠷᠴᠦ᠂ ᠲᠦᠷᠪᠡᠨ ᠭᠠᠴᠠᠭ᠎ᠠ ᠪᠠᠷ ᠬᠦᠨᠵᠡᠭᠡᠶᠢᠷᠡᠨ ᠤᠷᠡᠨ ᠰᠠᠶᠢᠬᠠᠨ ᠤ ᠲᠤᠭᠯᠠᠯᠳᠡ᠂ ᠲᠦᠷᠦ ᠶᠢᠨ ᠪᠤᠳᠦᠯᠭ᠎ᠠ ᠶᠢ ᠤᠬᠠᠭᠤᠯᠤᠨ ᠲᠠᠶᠢᠯᠪᠦᠷᠢᠯᠠᠬᠤ᠂ ᠡᠮ ᠡᠮᠨᠡᠯᠭᠡ ᠶᠢᠨ ᠦᠢᠯᠡᠴᠢᠯᠡᠭᠡ᠂ ᠰᠢᠨᠵᠢᠯᠡᠭᠡ ᠮᠡᠷᠭᠡᠵᠢᠯ ᠤᠨ ᠦᠢᠯᠡᠴᠢᠯᠡᠭᠡ ᠵᠡᠷᠭᠡ ᠠᠵᠢᠯᠯᠠᠭ᠎ᠠ ᠦᠷᠨᠢᠭᠦᠯᠦᠭᠰᠡᠡ ᠪᠠᠶᠢᠨ᠎ᠠ᠃ ᠡᠨᠡ ᠪᠤᠯ ᠮᠠᠠ ᠤ ᠠᠶᠢᠮᠠᠭ ᠤᠨ ᠦᠷᠨᠢᠭᠦᠯᠦᠭᠰᠡᠡ ︽ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠠᠷᠠᠳ ᠤᠨ ᠲᠤᠮᠳᠡ ᠬᠦᠨᠵᠡᠭᠡᠶᠢᠷᠡᠬᠦ︾ ᠦᠨᠳᠦᠰᠦᠨ ᠱᠠᠳᠦᠨ ᠤ ᠶᠡᠷᠤᠩᠬᠡᠶᠢᠯᠡᠭᠰᠡᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠠᠩᠬᠠᠨ ᠤ ᠦᠷᠳᠡᠭᠡ ᠪᠤᠯᠤᠨ᠎ᠠ᠃       ᠮᠠᠨ ᠤ ᠠᠶᠢᠮᠠᠭ ︽ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠠᠷᠠᠳ ᠤᠨ ᠲᠤᠮᠳᠡ ᠬᠦᠨᠵᠡᠭᠡᠶᠢᠷᠡᠬᠦ︾ ᠦᠨᠳᠦᠰᠦᠨ ᠱᠠᠳᠦᠨ ᠤ ᠶᠡᠷᠤᠩᠬᠡᠶᠢᠯᠡᠭᠰᠡᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠤᠷᠪᠡᠨ ᠠᠯᠬᠤᠮ ᠬᠤᠪᠢᠶᠡᠨ ᠶᠠᠪᠤᠭᠳᠠᠭᠤᠯᠬᠤ ᠪᠠᠷ ᠪᠠᠶᠢᠵᠦ᠂ ᠬᠦᠰᠢᠭᠡ ᠢᠷᠠᠬᠰᠡᠡ ᠠᠴᠠ 2020 ᠤᠨ ᠤ ᠰᠢᠨ᠎ᠠ ᠤᠨ ᠪᠤᠯᠳᠠᠯᠠᠬᠢ ᠠᠩᠬᠠᠨ ᠤ ᠱᠠᠳᠦ ᠦᠶ᠎ᠠ ᠳᠡᠭᠡᠨ᠂ ᠤᠨᠤᠯ ᠲᠦᠷᠦ ᠶᠢᠨ ᠪᠤᠳᠦᠯᠭ᠎ᠠ ᠶᠢ ᠤᠬᠠᠭᠤᠯᠤᠨ ᠲᠠᠶᠢᠯᠪᠦᠷᠢᠯᠠᠬᠤ᠂ ᠡᠯ᠎ᠠ ᠲᠦᠷᠦᠯ ᠤᠨ ᠪᠤᠳᠠᠳᠦ ᠬᠡᠷᠡᠭᠯᠡᠭᠡᠨ ᠤ ᠮᠡᠷᠭᠡᠵᠢᠯ ᠪᠤᠯᠤᠨ ᠬᠠᠮᠢᠶ᠎ᠠ ᠪᠦᠬᠦᠢ ᠪᠤᠯᠪᠠᠰᠦᠷᠡᠯ ᠤᠨ ᠠᠩᠬᠢ ᠶᠢ ᠡᠷᠬᠢᠯᠡᠬᠦ ᠪᠠᠷ ᠭᠤᠤᠯᠯᠠᠨ᠎ᠠ︔ ᠰᠢᠨ᠎ᠡ ᠤᠨ ᠠᠴᠠ ᠴᠠᠭᠠᠨ ᠰᠠᠷ᠎ᠠ ᠪᠤᠯᠳᠡᠯᠠᠬᠢ ᠬᠤᠶᠠᠳᠦᠭᠠᠷ ᠱᠠᠳᠤᠨ ᠳᠤ ᠮᠠᠯᠴᠢᠨ ᠲᠠᠷᠢᠶᠠᠴᠢᠳ ᠤᠨ ᠬᠡᠪ ᠴᠢᠨᠠᠷ ᠤᠨ ᠲᠤᠭᠤᠷᠢᠨ ᠳᠤ ︽ᠲᠠᠪᠦ ᠶᠢ ᠬᠠᠯᠠᠵᠤ ᠲᠠᠪᠤ ᠶᠢ ᠲᠡᠬᠡᠭᠰᠢᠯᠡᠬᠦᠯᠬᠦ︾  ᠠᠵᠢᠯᠯᠠᠭ᠎ᠠ ᠶᠢ ᠦᠷᠨᠢᠭᠦᠯᠤᠨ᠎ᠠ︔ ᠴᠠᠭᠠᠨ ᠰᠠᠷ᠎ᠠ ᠠᠴᠠ ᠬᠤᠶᠢᠰᠢ 2 ᠰᠠᠷ᠎ᠠ ᠶᠢᠨ ᠡᠴᠦᠰ ᠪᠤᠯᠳᠡᠯ᠎ᠠ᠂ ᠬᠠᠪᠦᠷ ᠤᠨ ᠲᠠᠷᠢᠶᠠᠯᠠᠭ᠎ᠠ ᠶᠢᠨ ᠠᠵᠢᠯ ᠤᠨ ᠲᠤᠭᠤᠷᠢᠨ ᠳᠤ ᠰᠠᠶᠢᠨ ᠲᠤᠷ᠎ᠠ ᠶᠢᠨ ᠦᠢᠯᠡᠴᠢᠯᠡᠭᠡ ᠬᠠᠨᠭ᠍ᠭᠠᠬᠤ ᠪᠤᠯᠤᠨ᠎ᠠ᠃ ᠲᠤᠰ ᠤᠳᠠᠭᠠᠨ ᠤ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠲᠠᠮᠵᠢᠨ ᠠᠷᠡᠳ ᠤᠯᠡᠨ ᠢ ᠨᠡᠩ ᠰᠠᠶᠢᠨ ᠢᠶᠠᠷ ᠤᠳᠦᠷᠢᠳᠴᠦ᠂ ᠦᠵᠡᠯ ᠰᠠᠨᠠᠭ᠎ᠠ ᠪᠠᠨ ᠨᠢᠭᠡᠳᠭᠡᠨ᠂ ᠦᠨᠳᠦᠰᠦᠨ ᠱᠠᠳᠦᠨ ᠤ ᠠᠷᠡᠳ ᠤᠯᠡᠨ ᠤ ᠰᠤᠶᠥᠯ ᠤᠨ ᠠᠮᠢᠳᠦᠷᠡᠯ ᠢ ᠪᠠᠶᠠᠯᠢᠭᠵᠢᠭᠤᠯᠤᠨ᠎ᠠ᠃        ᠦᠢᠯᠠᠭᠠᠭᠰᠠᠠ ᠢᠶᠠᠷ᠂ ᠲᠤᠰ ᠤᠳᠠᠭᠠᠨ ᠤ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ       ︽ᠭᠤᠷᠪᠡ ᠶᠢ ᠬᠦᠷᠭᠡᠨ ᠭᠤᠷᠪᠡ ᠶᠢ ᠠᠰᠠᠭᠤᠬᠤ︾ ᠨᠢ ᠬᠠᠮᠤᠭ ᠤᠨ ᠶᠡᠭᠡ ᠬᠢᠯᠠᠰ ᠴᠡᠭ ᠪᠤᠯᠵᠡᠢ᠃ ︽ᠭᠤᠷᠪᠡ ᠶᠢ ᠬᠦᠷᠭᠡᠬᠦ︾ ᠭᠡᠳᠡᠭ ᠨᠢ ᠦᠵᠡᠯ ᠰᠠᠨᠠᠭ᠎ᠠ ᠶᠢ ᠬᠦᠷᠭᠡᠬᠦ᠂ ᠲᠠᠷᠤᠢ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠵᠢᠴᠢ ᠨᠠᠮ ᠪᠤᠯᠤᠨ ᠤᠯᠤᠰ ᠤᠨ ᠬᠠᠮᠢᠶ᠎ᠠ ᠪᠦᠬᠦᠢ ᠲᠦᠷᠦ ᠶᠢᠨ ᠪᠤᠳᠦᠯᠭ᠎ᠠ ᠶᠢ ᠬᠦᠷᠭᠡᠬᠦ︔ ᠦᠢᠯᠡᠴᠢᠯᠡᠭᠡ ᠬᠦᠷᠭᠡᠬᠦ᠂ ᠲᠠᠷᠤᠢ ᠰᠢᠨᠵᠢᠯᠡᠭᠡ ᠮᠡᠷᠭᠡᠵᠢᠯ᠂ ᠡᠷᠡᠭᠦᠯ ᠬᠠᠮᠠᠭᠠᠯᠡᠯ ᠡᠷᠡᠭᠦᠯ ᠴᠢᠬᠢᠷᠠᠭ᠂ ᠬᠠᠥᠯᠢ ᠴᠠᠭᠠᠵᠡ᠂ ᠰᠤᠷᠭᠠᠨ ᠬᠦᠮᠦᠵᠢᠯ᠂ ᠮᠦᠡᠭᠭᠦᠨ ᠬᠦᠢᠯᠭᠡᠭᠡ ᠵᠡᠷᠭᠡ ᠶᠡᠷᠤᠩᠬᠡᠶᠢᠯᠡᠭᠰᠡᠡ ᠦᠢᠯᠡᠴᠢᠯᠡᠭᠡ ᠬᠦᠷᠭᠡᠬᠦ︔ ᠪᠤᠯᠪᠠᠰᠦᠨ ᠢ ᠬᠦᠷᠭᠡᠬᠦ᠂ ᠲᠠᠷᠤᠢ ᠰᠢᠨᠵᠢᠯᠡᠬᠦ ᠤᠬᠠᠭᠠᠨ ᠰᠤᠶᠥᠯ ᠤᠨ ᠬᠠᠮᠢᠶ᠎ᠠ ᠪᠦᠬᠦᠢ ᠮᠡᠳᠡᠯᠭᠡ᠂ ᠤᠷᠡᠨ ᠰᠠᠶᠢᠬᠠᠨ ᠤ ᠲᠤᠭᠯᠠᠯᠳᠡ ᠬᠦᠷᠭᠡᠬᠦ ᠶᠢ ᠵᠢᠭᠠᠵᠦ ᠪᠤᠢ᠃ ︽ᠭᠤᠷᠪᠡ ᠶᠢ ᠠᠰᠠᠭᠤᠬᠤ︾ ᠭᠡᠳᠡᠭ ᠨᠢ᠂ ᠬᠡᠷᠡᠭᠴᠡᠭᠡ ᠱᠠᠭᠠᠷᠳᠡᠯᠭ᠎ᠠ ᠶᠢ ᠨᠢ ᠠᠰᠠᠭᠤᠬᠤ᠂ ᠦᠨᠳᠦᠰᠦᠨ ᠱᠠᠳᠦᠨ ᠤ ᠶᠡᠷᠤᠩᠬᠡᠶᠢᠯᠡᠭᠰᠡᠡ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠲᠤᠬᠠᠢ ᠤᠯᠠᠨ ᠲᠦᠮᠠᠨ ᠤ ᠪᠤᠳᠠᠳᠠᠢ ᠱᠠᠭᠠᠷᠳᠠᠯᠭ᠎ᠠ ᠶᠢ ᠠᠰᠠᠭᠤᠬᠤ︔ ᠠᠰᠠᠭᠤᠯᠳᠡ ᠠᠰᠠᠭᠤᠬᠤ᠂ ᠦᠨᠳᠦᠰᠦᠨ ᠱᠠᠳᠦᠨ ᠤ ᠶᠡᠷᠤᠩᠬᠡᠶᠢᠯᠡᠭᠰᠡᠡ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠶᠠᠮᠠᠷ ᠠᠰᠠᠭᠤᠳᠡᠯ ᠤᠷᠤᠰᠢᠵᠦ ᠪᠠᠶᠢᠬᠤ᠂ ᠶᠠᠮᠡᠷ ᠲᠤᠳᠠᠭᠳᠠᠯ ᠪᠠᠶᠢᠬᠤ ᠶᠢ ᠠᠰᠠᠭᠤᠬᠤ︔ ᠲᠦᠷᠦ ᠶᠢᠨ ᠪᠤᠳᠦᠯᠭ᠎ᠠ ᠶᠢ ᠠᠰᠠᠭᠤᠬᠤ᠂ ᠲᠠᠷᠤᠢ ᠶᠡᠷᠤᠩᠬᠡᠶᠢᠯᠡᠭᠰᠡᠡ ᠰᠠᠶᠢᠨ ᠲᠤᠷ᠎ᠠ ᠶᠢᠨ ᠦᠢᠯᠡᠴᠢᠯᠡᠭᠡ ᠶᠢ ᠲᠦᠯᠬᠢᠨ ᠠᠬᠢᠭᠤᠯᠬᠤ ᠠᠷᠭ᠎ᠠ ᠠᠪᠴᠠᠯ ᠢ ᠠᠰᠠᠭᠤᠬᠤ ᠶᠢ ᠵᠢᠭᠠᠵᠦ ᠪᠤᠢ᠃        ᠠᠵᠢᠯᠯᠠᠭᠠᠨ ᠤ ᠠᠬᠤᠢ ᠲᠠᠯᠠᠪᠠᠢ ᠳᠤ᠂ ᠪᠠᠶᠠᠨᠮᠦ᠋ᠷᠡᠨ ᠰᠤᠮᠦᠨ ᠤ ᠤᠯᠠᠭᠠᠨᠪᠤᠬ᠎ᠠ ᠭᠠᠴᠠᠭᠠᠨ ᠤ ᠨᠠᠮ ᠤᠨ ᠡᠭᠦᠷ ᠤᠨ ᠱᠦᠵᠢ ᠸᠠᠩ ᠱᠢ ᠵᠢᠢ ᠰᠤᠷᠪᠤᠯᠵᠢᠯᠠᠭᠴᠢ ᠳᠤ᠄ ︽ᠦᠨᠦᠳᠦᠷ ᠤᠨ ᠠᠵᠢᠯᠯᠠᠭ᠎ᠠ ᠳᠤ ᠤᠯᠠᠭᠠᠨᠮᠦ᠋ᠴᠢᠷ ᠤᠨ ᠲᠤᠭᠯᠠᠯᠳᠡ ᠪᠠᠶᠢᠬᠤ ᠪᠠᠷ ᠪᠠᠷᠠᠬᠤ ᠦᠭᠡᠢ ᠪᠠᠰᠠ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠦᠪᠡᠷ ᠤᠨ ᠦᠡᠭᠭᠡᠷᠡᠯᠳᠡ ᠲᠠᠢ ᠪᠠᠨ ᠤᠶᠠᠯᠳᠦᠭᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠦᠯᠬᠤ ᠠᠵᠢᠯ ᠤᠨ ᠳᠣᠮᠳᠠᠬᠢ ᠦᠯᠢᠭᠡᠷ ᠢ ᠤᠯᠠᠨ ᠲᠠᠢ ᠬᠤᠪᠢᠶᠠᠯᠴᠠᠨ᠂ ᠣᠨᠴᠣᠭᠤᠶᠢᠯᠠᠨ〈 ᠭᠤᠷᠪᠡ ᠶᠢ ᠬᠦᠷᠭᠡᠬᠦ ᠭᠤᠷᠪᠡ ᠶᠢ ᠠᠰᠠᠭᠤᠬᠤ〉 ᠨᠢ ᠦᠨᠡᠨᠬᠦ ᠠᠷᠠᠳ ᠤᠨ ᠲᠤᠮᠳᠡ ᠬᠦᠨᠵᠡᠭᠡᠶᠢᠷᠡᠨ᠂ ᠠᠷᠠᠳ ᠤᠯᠠᠨ ᠤ ᠠᠰᠠᠭᠤᠳᠡᠯ ᠢ ᠦᠨᠡᠨᠬᠦ ᠰᠢᠢᠳᠪᠦᠷᠢᠯᠡᠬᠦ ᠪᠠᠷ ᠵᠤᠷᠢᠯᠳᠠ ᠪᠠᠨ ᠪᠤᠯᠭᠠᠵᠡᠢ︾ ᠭᠡᠵᠦ ᠪᠠᠶᠢᠯ᠎ᠠ᠃                                                     (ᠵᠣᠬᠢᠶᠠᠭᠴᠢ᠄ ᠭᠤᠸ᠎ᠠ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号