ᠠᠯᠠᠱᠠ ᠬᠠᠳᠬᠤᠮᠠᠯ ᠢ ᠤᠯᠠᠮᠵᠢᠯᠠᠨ ᠬᠦᠭᠵᠢᠬᠦᠯᠬᠦ ᠲᠤᠬᠠᠢ ᠦᠪᠯᠡᠨ ᠤᠯᠠᠮᠵᠢᠯᠠᠬᠴᠢ ᠶᠢᠨ ᠪᠤᠳᠤᠯ ᠰᠠᠨᠠᠯ
ᠨᠡᠶᠢᠲᠡᠯᠡᠭᠰᠡᠨ ᠴᠠᠭ᠄
2019/12/20
     2019 ᠤᠨ ᠤ ᠦᠪᠡᠷᠳᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠬᠴᠢᠳ ᠤᠨ ᠰᠤᠳᠤᠯᠤᠨ ᠰᠤᠷᠤᠯᠴᠠᠵᠤ ᠪᠤᠯᠪᠠᠰᠤᠷᠠᠬᠤ ᠲᠦᠯᠦᠪᠯᠡᠭᠡ ᠶᠢᠨ ᠠᠯᠠᠱᠠ ᠠᠶᠢᠮᠠᠭ ᠤᠨ ᠪᠤᠯᠪᠠᠰᠤᠷᠠᠯ ᠢᠶᠠᠷ ᠠᠯᠠᠱᠠ ᠠᠶᠢᠮᠠᠭ ᠤᠨ ᠪᠤᠳᠠᠰ ᠤᠨ ᠪᠤᠰᠤ ᠰᠤᠶᠤᠯ ᠤᠨ ᠦᠪ ᠤᠨ ᠮᠤᠩᠭᠤᠯ ᠦᠨᠳᠦᠰᠦᠳᠡᠨ ᠤ ᠤᠯᠠᠮᠵᠢᠯᠠᠯᠳᠤ ᠬᠠᠳᠬᠤᠮᠠᠯ ᠤᠨ ᠦᠪᠯᠡᠨ ᠤᠯᠠᠮᠵᠢᠯᠠᠬᠴᠢ ᠰᠠᠴᠠᠩᠭᠤ᠋ ᠣᠠ᠋᠂ ᠤᠳᠤᠨᠭᠡᠷᠡᠯ ᠬᠤᠶᠠᠭᠤᠯᠠ ᠲᠠᠢ ᠤᠴᠠᠷᠠᠵᠤ᠂ ᠠᠯᠠᠱᠠ ᠬᠠᠳᠬᠤᠮᠠᠯ ᠤᠨ ᠲᠤᠬᠠᠢ ᠵᠤᠭᠤᠭᠳᠠᠯ᠎ᠠ᠃      ᠰᠤᠷᠪᠤᠯᠵᠢᠯᠠᠬᠴᠢ᠄ ᠠᠯᠠᠱᠠ ᠬᠠᠳᠬᠤᠮᠠᠯ ᠤᠨ ᠤᠳᠤᠬᠢ ᠪᠠᠶᠢᠳᠠᠯ ᠶᠠᠮᠠᠷᠰᠢᠤᠬᠠᠨ ᠪᠤᠢ︖      ᠰᠠᠴᠠᠩᠭᠤᠸ᠎ᠠ᠄ ᠠᠯᠠᠱᠠ ᠬᠠᠳᠬᠤᠮᠠᠯ ᠨᠢ ᠰᠤᠶᠤᠯ ᠤᠨ ᠬᠤᠪᠢᠰᠬᠠᠯ ᠠᠴᠠ ᠬᠤᠶᠢᠰᠢ ᠬᠦᠮᠦᠰ ᠤᠨ ᠠᠮᠢᠳᠤᠷᠠᠯ ᠠᠴᠠ ᠨᠠᠯᠢᠶᠠᠳ ᠵᠠᠶᠢᠳᠠᠵᠤ᠂ ᠤᠢᠢᠷ᠎ᠠ ᠶᠢᠨ ᠬᠤᠶᠠᠷ ᠵᠢᠯ ᠳᠤ ᠲᠠᠬᠢᠨ ᠰᠡᠷᠭᠦᠵᠤ ᠡᠬᠢᠯᠡᠯ᠎ᠠ᠃ ᠤᠳᠤ ᠮᠠᠨ ᠤ ᠠᠯᠠᠱᠠ ᠨᠤᠳᠤᠭ ᠢᠶᠠᠷ ᠬᠠᠳᠬᠤᠮᠠᠯ ᠰᠤᠷᠬᠤ ᠬᠦᠮᠦᠨ ᠤᠯᠠᠰᠢᠷᠠᠵᠤ᠂ ᠠᠬᠠᠮᠠᠳ ᠨᠢᠭᠡ ᠦᠶ᠎ᠠ ᠶᠢᠨ ᠬᠢᠨ ᠤ ᠤᠷᠮ᠎ᠠ ᠬᠦᠭᠵᠢᠵᠤ᠂ ᠨᠡᠩ ᠭᠤᠶᠤ ᠪᠦᠳᠦᠭᠡᠯ ᠭᠠᠷᠭᠠᠨ᠂ ᠵᠠᠯᠠᠭᠤ ᠨᠢᠭᠡ ᠦᠶ᠎ᠠ ᠶᠢᠨ ᠬᠢᠨ ᠴᠤ ᠦᠡᠭᠭᠡᠷᠡᠭᠰᠡᠨ ᠳᠤ ᠨᠢᠳᠤ ᠪᠠᠶ᠎ᠠ ᠳᠤ ᠬᠠᠯᠠ ᠲᠠᠢ ᠭᠡᠵᠤ ᠪᠠᠶᠢᠬᠰᠠᠨ ᠢᠶᠠᠨ᠂ ᠤᠳᠤ ᠦᠨᠳᠦᠰᠦᠳᠡᠨ ᠤ ᠰᠤᠶᠤᠯ ᠢᠶᠠᠨ ᠦᠪᠯᠡᠨ ᠤᠯᠠᠮᠵᠢᠯᠠᠬᠤ ᠨᠢ ᠵᠤᠬᠢᠰᠲᠠᠢ ᠭᠡᠬᠦ ᠦᠵᠡᠯᠳᠡ ᠲᠠᠨᠢᠯᠳᠠ ᠲᠠᠢ ᠪᠤᠯᠵᠤ᠂ ᠰᠢᠨ᠎ᠠ ᠪᠠᠷ ᠰᠤᠷᠴᠤ ᠪᠠᠶᠢᠭ᠎ᠠ ᠨᠢ ᠠᠷᠪᠢᠳᠴᠤ ᠪᠤᠢ᠃ ᠤᠳᠤ ᠵᠢᠯ ᠪᠤᠯᠭᠠᠨ ᠬᠠᠳᠬᠤᠮᠠᠯ ᠤᠨ ᠪᠤᠯᠪᠠᠰᠤᠷᠠᠯ ᠤᠨ ᠠᠩᠬᠢ᠂ ᠦᠵᠡᠬᠦᠯᠦᠯᠭᠡ᠂ ᠤᠷᠤᠯᠳᠤᠭᠠᠨ ᠵᠡᠷᠭᠡ ᠶᠢ ᠥᠷᠨᠢᠬᠦᠯᠥᠨ᠂ ᠦᠨᠳᠦᠰᠦᠳᠡᠨ ᠤ ᠪᠠᠨ ᠦᠪ ᠰᠤᠶᠤᠯ ᠢ ᠬᠠᠮᠠᠭᠠᠯᠠᠨ ᠤᠯᠠᠮᠵᠢᠯᠠᠬᠤ ᠵᠤᠷᠢᠯᠭ᠎ᠠ ᠲᠠᠢ ᠬᠦᠮᠦᠰ ᠤᠨ ᠤᠷᠮ᠎ᠠ ᠶᠢ ᠲᠠᠶᠢᠴᠢᠯᠠᠵᠤ᠂ ᠠᠯᠠᠱᠠ ᠬᠠᠳᠬᠤᠮᠠᠯ ᠤᠨ ᠬᠤᠶᠢᠰᠢᠳᠠ ᠶᠢᠨ ᠬᠦᠭᠵᠢᠯᠳᠡ ᠳᠤ ᠰᠠᠭᠤᠷᠢ ᠲᠠᠯᠪᠢᠵᠤ ᠪᠠᠶᠢᠨ᠎ᠠ᠃      ᠰᠤᠷᠪᠤᠯᠵᠢᠯᠠᠬᠴᠢ᠄ ᠬᠠᠮᠠᠭᠠᠯᠠᠨ ᠤᠯᠠᠮᠵᠢᠯᠠᠬᠤ ᠠᠵᠢᠯ ᠶᠠᠪᠤᠬᠳᠠᠬᠰᠠᠨ ᠲᠤᠬᠠᠢ ᠶᠠᠷᠢᠨ᠎ᠠ ᠤᠤ︖      ᠤᠳᠤᠨᠭᠡᠷᠡᠯ᠄ 2017 ᠤᠨ ᠳᠤ ᠠᠯᠠᠱᠠ ᠵᠡᠬᠦᠨ ᠬᠤᠰᠢᠭᠤᠨ ᠤ ᠰᠤᠶᠤᠯ ᠤᠨ ᠤᠷᠳᠤᠨ ᠠᠴᠠ ᠠᠩᠬᠠᠳᠠᠬᠴᠢ ᠬᠤᠭᠤᠴᠠᠭᠠᠨ ᠤ ᠠᠯᠠᠱᠠ ᠬᠠᠳᠬᠤᠮᠠᠯ ᠤᠨ ᠪᠤᠯᠪᠠᠰᠤᠷᠠᠯ ᠤᠨ ᠠᠩᠬᠢ ᠡᠷᠬᠢᠯᠡᠨ ᠶᠠᠪᠤᠬᠳᠠᠭᠤᠯᠤᠬᠰᠠᠨ ᠨᠢ ᠡᠨᠡᠬᠦ ᠦᠨᠳᠦᠰᠦᠳᠡᠨ ᠤ ᠤᠨᠴᠠᠯᠢᠭ ᠲᠠᠢ ᠰᠤᠶᠤᠯ ᠤᠷᠠᠯᠢᠭ ᠤᠨ ᠴᠢᠬᠤᠯᠠ ᠨᠢᠭᠡ ᠡᠷᠬᠢᠯᠳᠡ ᠪᠤᠯᠤᠬᠰᠠᠨ᠃ ᠦᠡᠭᠭᠡᠷᠡᠭᠰᠡᠨ ᠳᠤ ᠠᠬᠠᠮᠠᠳ ᠨᠢᠭᠡ ᠦᠶ᠎ᠠ ᠶᠢᠨ ᠬᠢᠨ ᠬᠦᠮᠦᠰ ᠤᠨ ᠵᠠᠬᠢᠶᠠᠯᠠᠬᠰᠠᠨ ᠵᠦᠢᠯ ᠢ ᠨᠢ ᠤᠶᠤᠵᠤ ᠦᠭᠬᠦᠭᠡᠳ ᠂ ᠦᠪᠡᠷ ᠤᠨ ᠪᠦᠳᠦᠭᠡᠯ ᠢᠶᠠᠨ ᠪᠤᠰᠤᠳ ᠲᠤ ᠦᠵᠡᠬᠦᠯᠵᠤ ᠰᠤᠨᠢᠷᠬᠠᠭᠤᠯᠬᠤ ᠪᠤᠶᠤ ᠠᠯᠳᠠᠭ᠎ᠠ ᠲᠤᠳᠠᠬᠳᠠᠯ ᠢᠶᠠᠨ ᠡᠷᠢᠬᠦ ᠢᠳᠡᠪᠬᠢᠵᠢᠯ ᠪᠠᠶᠢᠬᠰᠠᠨ ᠦᠬᠡᠢ᠃ ᠬᠠᠷᠢᠨ ᠬᠡᠳᠦ ᠤᠳᠠᠭᠠᠨ ᠤ ᠪᠤᠯᠪᠠᠰᠤᠷᠠᠯ ᠢᠶᠠᠷ ᠲᠠᠮᠵᠢᠨ ᠬᠦᠮᠦᠰ ᠤᠨ ᠦᠵᠡᠯᠳᠡ ᠲᠠᠨᠢᠯᠳᠠ ᠬᠤᠪᠢᠷᠠᠨ᠂ ᠬᠠᠷᠢᠯᠴᠠᠨ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠪᠦᠷᠢᠯᠳᠦᠭᠰᠡᠨ᠃ ᠤᠳᠤ ᠠᠶᠢᠮᠠᠭ ᠤᠨ ᠲᠡᠰ ᠤᠨ ᠦᠪᠯᠡᠨ ᠤᠯᠠᠮᠵᠢᠯᠠᠬᠴᠢ 2᠂ ᠬᠤᠰᠢᠭᠤᠨ ᠤ ᠲᠡᠰ ᠤᠨ ᠦᠪᠯᠡᠨ ᠤᠯᠠᠮᠵᠢᠯᠠᠬᠴᠢ 1 ᠪᠠᠶᠢᠨ᠎ᠠ᠃
   ᠬᠠᠳᠬᠤᠮᠠᠯ ᠤᠨ ᠪᠤᠯᠪᠠᠰᠤᠷᠠᠯ ᠤᠨ ᠠᠩᠬᠢ ᠲᠡᠭᠡᠷ᠎ᠠ᠃ ︵ᠡᠷᠳᠡᠨᠢᠴᠢᠮᠡᠭ ᠰᠡᠬᠦᠳᠡᠷᠯᠡᠪᠡ︶    ᠰᠤᠷᠪᠤᠯᠵᠢᠯᠠᠬᠴᠢ᠄ ᠠᠯᠠᠱᠠ ᠬᠠᠳᠬᠤᠮᠠᠯ ᠤᠨ ᠪᠤᠰᠤᠳ ᠭᠠᠵᠠᠷ ᠠᠴᠠ ᠤᠨᠴᠠᠯᠢᠬᠳᠠᠬᠤ ᠵᠦᠢᠯ ᠨᠢ ᠶᠠᠭᠤ ᠪᠠᠶᠢᠨ᠎ᠠ︖    ᠤᠳᠤᠨᠭᠡᠷᠡᠯ᠄ ᠠᠯᠠᠱᠠ ᠬᠠᠳᠬᠤᠮᠠᠯ ᠨᠢ ᠵᠢᠷᠤᠭ ᠲᠦᠷᠰᠦ ᠶᠢᠨ ᠲᠠᠯ᠎ᠠ ᠪᠠᠷ ᠪᠠᠶᠢᠭᠠᠯᠢ ᠶᠢᠨ ᠦᠵᠡᠮᠵᠢ ᠲᠠᠷᠤᠢ ᠡᠭᠦᠯᠡᠡ ᠤᠭᠠᠯᠵᠠ᠂ ᠠᠭᠤᠯᠠ ᠤᠰᠤ ᠪᠠᠷ ᠠᠷᠤ ᠦᠵᠡᠭᠳᠡᠯ ᠢᠶᠠᠨ ᠪᠤᠯᠭᠠᠨ᠂ ᠬᠡᠭᠡᠷ᠎ᠠ ᠶᠢᠨ ᠠᠮᠢᠳᠠᠨ᠂ ᠲᠠᠪᠤᠨ ᠬᠤᠰᠢᠭᠤ ᠮᠠᠯ ᠵᠡᠷᠭᠡ ᠮᠠᠯᠴᠢᠳ ᠤᠨ ᠠᠮᠢᠳᠤᠷᠠᠯ ᠠᠬᠤᠢ ᠲᠠᠢ ᠤᠢᠢᠷᠠᠬᠠᠨ ᠪᠠᠶᠢᠭ᠎ᠠ ᠵᠦᠢᠯᠡᠰ ᠢ ᠤᠷᠠᠯᠠᠵᠤ ᠬᠠᠳᠬᠤᠳᠠᠭ ᠤᠨᠴᠠᠯᠢᠭ ᠲᠠᠢ᠃ ᠬᠠᠷᠢᠨ ᠬᠠᠳᠬᠤᠬᠤ ᠮᠡᠷᠭᠡᠵᠢᠯ ᠤᠨ ᠲᠠᠯ᠎ᠠ ᠪᠠᠷ᠂ ᠰᠠᠮᠨᠠᠵᠤ ᠤᠶᠤᠬᠤ ᠪᠠᠷ ᠭᠤᠤᠯ ᠪᠤᠯᠭᠠᠳᠠᠭ᠂ ᠡᠨᠡ ᠨᠢ ᠪᠤᠰᠤᠳ ᠭᠠᠵᠠᠷ ᠤᠨ ᠬᠠᠳᠬᠤᠮᠠᠯ ᠠᠴᠠ ᠤᠨᠴᠠᠯᠢᠬᠳᠠᠬᠤ ᠬᠠᠮᠤᠭ ᠢᠯᠡ ᠲᠤᠳᠤ ᠤᠨᠴᠠᠯᠢᠭ ᠪᠤᠯᠤᠨ᠎ᠠ᠃    ᠰᠤᠷᠪᠤᠯᠵᠢᠯᠬᠠᠴᠢ᠄ ᠵᠠᠯᠠᠭᠤ ᠨᠢᠭᠡ ᠦᠶ᠎ᠠ ᠶᠢᠨ ᠬᠢᠨ ᠳᠤ ᠰᠠᠨᠠᠠᠭᠤᠯᠬᠤ ᠵᠦᠢᠯ ᠶᠠᠭᠤ ᠪᠠᠶᠢᠨ᠎ᠠ︖     ᠰᠠᠴᠠᠩᠭᠤᠸ᠎ᠠ᠄ ᠬᠠᠳᠬᠤᠮᠠᠯ ᠤᠨ ᠤᠷ᠎ᠠ ᠮᠡᠷᠭᠡᠵᠢᠯ ᠢᠶᠠᠨ ᠲᠡᠭᠡᠭᠰᠢᠯᠡᠬᠦᠯᠬᠦ ᠳᠤ ᠬᠠᠰᠢᠯᠠ ᠦᠪᠡᠷ ᠤᠨ ᠰᠢᠷᠭᠠᠭᠤ ᠴᠢᠷᠮᠠᠶᠢᠯᠭ᠎ᠠ ᠳᠤ ᠲᠦᠰᠢᠭᠯᠡᠨ᠎ᠠ᠃ ᠵᠢᠯ ᠪᠤᠯᠭᠠᠨ ᠶᠠᠪᠤᠬᠳᠠᠵᠤ ᠪᠠᠶᠢᠭ᠎ᠠ ᠪᠤᠯᠪᠠᠰᠤᠷᠠᠯ ᠨᠢ ᠵᠦᠪᠬᠡᠨ ᠬᠠᠳᠬᠤᠮᠠᠯ ᠤᠶᠤᠬᠤ ᠵᠠᠮ ᠳᠤᠨᠢ ᠤᠷᠤᠭᠤᠯᠵᠤ᠂ ᠬᠠᠮᠤᠭ ᠲᠦᠭᠦᠮ ᠵᠦᠢᠯᠡᠰ ᠢ ᠵᠢᠭᠠᠵᠤ ᠪᠠᠶᠢᠭ᠎ᠠ ᠶᠤᠮ᠃ ᠤᠳᠤᠬᠢ ᠪᠠᠶᠢᠳᠠᠯ ᠠᠴᠠ ᠦᠵᠡᠬᠦ ᠳᠤ ᠬᠢᠵᠢᠶᠡᠯᠢ ᠨᠠᠰᠤᠨ ᠤ ᠬᠦᠮᠦᠰ ᠤᠯᠠᠮᠵᠢᠯᠠᠯᠳᠤ ᠬᠠᠳᠬᠤᠮᠠᠯ ᠢᠶᠠᠨ ᠪᠠᠷᠢᠮᠳᠠᠯᠡᠨ᠂ ᠲᠡᠭᠡᠳᠦᠬᠦᠯ ᠤᠨ ᠦᠯᠡᠳᠡᠭᠡᠵᠤ ᠵᠠᠬᠢᠬᠰᠠᠨ ᠵᠦᠢᠯ ᠢ ᠪᠠᠷᠢᠮᠳᠠᠯᠠᠨ ᠤᠶᠤᠵᠤ᠂ ᠵᠠᠯᠠᠭᠤ ᠨᠢᠭᠡ ᠦᠶ᠎ᠠ ᠶᠢᠨ ᠬᠢᠨ ᠴᠠᠬ ᠡᠷᠡᠨ ᠤ ᠤᠯᠠᠨ ᠠᠷᠪᠢᠨ ᠵᠦᠢᠯ ᠳᠤ ᠨᠦᠯᠦᠭᠡᠯᠡᠭᠳᠡᠵᠤ ᠪᠠᠶᠢᠭ᠎ᠠ᠃ ᠡᠶᠢᠮᠦ ᠠᠴᠠ ᠭᠠᠵᠠᠷ ᠤᠷᠤᠨ ᠤ ᠤᠨᠴᠠᠯᠢᠭ ᠢᠶᠠᠨ ᠪᠠᠷᠢᠮᠳᠠᠯᠠᠵᠤ ᠤᠶᠤᠬᠤ ᠨᠢ ᠶᠠᠭᠤᠨ ᠠᠴᠠ ᠴᠢᠬᠤᠯᠠ ᠭᠡᠳᠡᠭ ᠢ ᠡ᠊ᠨᠳᠡ ᠤᠨᠴᠠᠭᠠᠢᠢᠯᠠᠨ ᠰᠠᠨᠠᠭᠤᠯᠤᠶ᠎ᠠ᠃    ᠰᠤᠷᠪᠤᠯᠵᠢᠯᠠᠬᠴᠢ᠄ ᠬᠤᠶᠢᠰᠢᠳᠠ ᠶᠢᠨ ᠬᠠᠷᠠᠯᠳᠠ ᠶᠢᠨ ᠲᠤᠬᠠᠢ ᠶᠠᠮᠠᠷ ᠪᠤᠳᠤᠯ ᠲᠠᠢ ᠪᠠᠶᠢᠨ᠎ᠠ︖    ᠤᠳᠤᠨᠭᠡᠷᠡᠯ᠄ ᠤᠳᠤ ᠠᠴᠠ ᠡᠬᠢᠯᠡᠨ ᠬᠦᠨᠳᠦᠳᠬᠡᠨ ᠬᠠᠮᠠᠭᠠᠯᠠᠵᠤ᠂ ᠭᠠᠵᠠᠷ ᠤᠷᠤᠨ ᠤ ᠤᠨᠴᠠᠯᠢᠭ ᠢᠶᠠᠨ ᠪᠠᠷᠢᠮᠳᠠᠯᠠᠨ ᠬᠦᠭᠵᠢᠬᠦᠯᠳᠡᠭ ᠯᠡ ᠶᠤᠮ ᠪᠤᠯ ᠦᠨᠳᠦᠰᠦᠳᠡᠨ ᠤ ᠤᠯᠠᠮᠵᠢᠯᠠᠯᠳᠤ ᠭᠠᠷ ᠤᠷᠠᠯᠠᠯ ᠪᠤᠯᠬᠤ ᠬᠠᠳᠬᠤᠮᠠᠯ ᠤᠨ ᠢᠷᠡᠭᠡᠳᠤᠢ ᠲᠠᠷᠳᠠᠩ ᠭᠡᠳᠡᠭ ᠢ ᠪᠠᠳᠤ ᠢᠳᠡᠭᠡᠵᠤ ᠪᠠᠶᠢᠨ᠎ᠠ᠃ ᠠᠬᠠᠮᠠᠳ ᠨᠢᠭᠡ ᠦᠶ᠎ᠠ ᠶᠢᠨ ᠬᠢᠨ ᠵᠠᠯᠠᠭᠤᠴᠤᠳ ᠳᠠᠭᠠᠨ ᠮᠠᠳᠠᠵᠤ ᠴᠢᠳᠠᠬᠤ ᠪᠠᠨ ᠬᠠᠷᠠᠮ ᠦᠬᠡᠢ ᠵᠢᠭᠠᠵᠤ᠂ ᠬᠤᠶᠢᠴᠢ ᠦᠶ᠎ᠠ ᠳᠡᠭᠡᠨ ᠤᠯᠠᠮᠵᠢᠯᠠᠵᠤ ᠦᠭᠬᠦ ᠨᠢ ᠲᠡᠷᠢᠭᠦᠨ ᠴᠢᠬᠤᠯᠠ᠃ ᠬᠠᠷᠢᠨ ᠪᠤᠷᠤᠯᠠᠭᠤᠯᠭ᠎ᠠ ᠶᠢᠨ ᠲᠠᠯ᠎ᠠ ᠪᠠᠷ ᠨᠡᠩ ᠪᠤᠳᠠᠳᠠᠢ ᠠᠷᠭ᠎ᠠ ᠬᠡᠮᠵᠢᠶ᠎ᠠ ᠠᠪᠤᠪᠠᠯ ᠵᠤᠬᠢᠰᠲᠠᠢ ᠪᠠᠶᠢᠨ᠎ᠠ᠃ ᠵᠢᠱᠢᠶᠡᠯᠡᠪᠡᠯ᠂ ᠲᠤᠬᠳᠠᠬᠰᠠᠨ ᠤᠷᠤᠨ ᠵᠠᠢ ᠳᠤ ᠪᠦᠳᠦᠭᠡᠯ ᠤᠳ ᠢᠶᠠᠨ ᠲᠡᠯᠭᠡᠨ ᠪᠤᠷᠤᠯᠠᠭᠤᠯᠵᠤ᠂ ᠠᠯᠠᠱᠠ ᠶᠢᠨ ᠰᠤᠶᠤᠯ ᠵᠢᠭᠤᠯᠴᠢᠯᠠᠯ ᠲᠠᠢ ᠠᠭᠤᠰᠤᠯᠴᠠᠭᠤᠯᠤᠨ᠂ ᠠᠯᠠᠱᠠ ᠶᠢᠨ ᠨᠢᠭᠡᠨ ᠨᠡᠷᠡᠳᠤ ᠲᠠᠮᠳᠡᠭ ᠪᠤᠯᠭᠠᠨ ᠬᠦᠭᠵᠢᠬᠦᠯᠪᠠᠯ ᠠᠯᠠᠱᠠ ᠬᠠᠳᠬᠤᠮᠠᠯ ᠤᠨ ᠢᠷᠡᠭᠡᠳᠤᠢ ᠨᠡᠩ ᠰᠠᠷᠠᠭᠤᠯ ᠪᠤᠯᠤᠨ᠎ᠠ᠃                                                 ᠠᠯᠠᠱᠠ ᠶᠢᠨ ᠡᠳᠦᠷ ᠤᠨ ᠰᠦ᠋‌‍ᠨᠢᠨ
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号