︽ᠤᠷᠠᠯᠢᠭ ᠤᠨ ᠵᠠᠮᠨᠠᠯ︾ ᠰ᠊ · ᠫᠦᠷᠪᠦ ᠶᠢᠨ ᠤᠷᠠᠨ ᠪᠦᠳᠦᠭᠡᠯ ᠤᠨ ᠲᠤᠰᠬᠠᠢ ᠲᠠᠯᠠᠪᠠᠢ ᠲᠤᠬᠯᠠᠯᠳᠠ ᠶᠠᠪᠤᠬᠳᠠᠪᠠ
ᠨᠡᠶᠢᠲᠡᠯᠡᠭᠰᠡᠨ ᠴᠠᠭ᠄
2019/12/23
       12 ᠰᠠᠷ᠎ᠠ ᠶᠢᠨ 18 ᠤ ᠦᠳᠡᠰᠢ᠂ ᠠᠶᠢᠮᠠᠭ ᠤᠨ ᠠᠯᠳᠠᠨ ᠲᠤᠤᠷᠠᠢ ᠲᠠᠭᠤᠤ ᠬᠦᠭᠵᠢᠮ ᠤᠨ ᠲᠢᠩᠬᠢᠮ ᠳᠤ ︽ᠤᠷᠠᠯᠢᠭ ᠤᠨ ᠵᠠᠮᠨᠠᠯ︾ ᠰ᠊ · ᠫᠦᠷᠪᠦ ᠶᠢᠨ ᠤᠷᠠᠨ ᠪᠦᠳᠦᠭᠡᠯ ᠤᠨ ᠴᠤᠮᠤᠭ ᠤᠨ ᠲᠠᠷᠬᠠᠭᠠᠯᠳᠠ ᠶᠢᠨ ᠶᠤᠰᠤᠯᠠᠯ ᠵᠢᠴᠢ ᠤᠷᠠᠨ ᠪᠦᠳᠦᠭᠡᠯ ᠤᠨ ᠲᠤᠰᠬᠠᠢ ᠲᠠᠯᠠᠪᠠᠢ ᠲᠤᠬᠯᠠᠯᠳᠠ ᠶᠠᠪᠤᠬᠳᠠᠵᠤ᠂ ᠠᠬᠠᠮᠠᠳ ᠨᠢᠭᠡ ᠦᠶ᠎ᠡ ᠶᠢᠨ ᠤᠷᠠᠯᠢᠬᠴᠢᠨ ᠤ ᠤᠯᠠᠠᠭᠠᠠᠮᠦ᠋ᠴᠢᠷ ᠤᠨ ᠦᠢᠯᠡᠰ᠂ ᠤᠷᠠᠯᠢᠭ ᠤᠨ ᠹᠷᠤᠨᠲ ᠲᠤ ᠰᠢᠷᠭᠠᠭᠤ ᠬᠠᠳᠠᠭᠤᠵᠢᠯᠳᠠᠢ ᠠᠵᠢᠯᠯᠠᠬᠰᠠᠨ ᠡᠷᠬᠢᠮ ᠲᠡᠭᠡᠳᠦ ᠵᠤᠷᠢᠭ ᠰᠠᠨᠠᠭ᠎ᠠ ᠪᠠ ᠲᠡᠭᠦᠨ ᠤ ᠵᠤᠬᠢᠶᠠᠵᠤ ᠪᠦᠳᠦᠭᠡᠭᠰᠡᠨ ᠲᠠᠭᠤᠤ ᠬᠦᠭᠵᠢᠮ ᠤᠷᠠᠯᠢᠭ ᠤᠨ ᠤᠷᠠᠨ ᠪᠦᠳᠦᠭᠡᠯ ᠢ ᠦᠵᠡᠭᠴᠢ ᠲᠦᠮᠡᠨ ᠳᠤ ᠲᠡᠯᠭᠡᠨ ᠦᠵᠡᠭᠦᠯᠦᠭᠰᠡᠨ ᠪᠠᠶᠢᠨ᠎ᠠ᠃         ᠲᠤᠰ ᠤᠳᠠᠭᠠᠨ ᠤ ᠲᠤᠬᠯᠠᠯᠳᠠ ᠶᠢ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠠᠶᠢᠮᠠᠬ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠠᠯᠠᠱᠠ ᠵᠡᠭᠦᠨ ᠬᠤᠰᠢᠭᠤᠨ ᠤ ᠰᠤᠶᠤᠯ ᠵᠢᠭᠤᠯᠴᠢᠯᠠᠯ ᠤᠨ ᠲᠤᠪᠴᠢᠶ᠎ᠠ᠂ ᠠᠯᠠᠱᠠ ᠵᠡᠭᠦᠨ ᠬᠤᠰᠢᠭᠤᠨ ᠤ ᠤᠯᠠᠭᠠᠠᠮᠦ᠋ᠴᠢᠷ ᠠᠴᠠ ᠬᠠᠮᠳᠤᠷᠠᠵᠤ ᠲᠠᠭᠠᠭᠠᠴᠢᠯᠠᠨ ᠭᠦᠢᠴᠡᠳᠭᠡᠵᠤ᠂ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠵᠤ᠂ ᠠᠬᠠᠮᠠᠳ ᠨᠢᠭᠡ ᠦᠶ᠎ᠡ ᠶᠢᠨ ᠤᠷᠠᠯᠢᠬᠴᠢᠨ ᠤ ᠤᠷᠠᠯᠢᠭ ᠤᠨ ᠦᠷ᠎ᠡ ᠪᠦᠳᠦᠭᠡᠯ ᠢ ᠨᠡᠩ ᠰᠠᠶᠢᠨ ᠢᠯᠡᠷᠡᠭᠦᠯᠵᠤ᠂ ᠠᠯᠠᠱᠠ ᠶᠢᠨ ᠦᠶ᠎ᠡ ᠦᠶ᠎ᠡ ᠶᠢᠨ ᠤᠯᠠᠭᠠᠠᠮᠦ᠋ᠴᠢᠷ ᠤᠨ ᠲᠤᠬᠯᠠᠬᠴᠢ ᠶᠢᠨ ᠤᠯᠠᠭᠠᠠᠮᠦ᠋ᠴᠢᠷ ᠤᠨ ᠦᠢᠯᠡᠰ ᠢ ᠬᠦᠭᠵᠢᠭᠦᠯᠦᠭᠰᠡᠨ ᠵᠢᠷᠠ ᠭᠠᠷᠤᠢ ᠵᠢᠯ ᠤᠨ ᠲᠡᠤᠬᠡᠨ ᠦᠩᠭᠡᠷᠡᠯᠳᠡ ᠬᠦᠭᠵᠢᠯᠳᠡ ᠶᠢ ᠲᠤᠰᠬᠠᠵᠤ᠂ ᠤᠯᠠᠭᠠᠠᠮᠦ᠋ᠴᠢᠷ ᠤᠨ ︽ᠦᠨᠳᠦᠰᠦᠨ ᠱᠠᠳᠤᠨ ᠳᠤ ᠭᠦᠨᠵᠡᠭᠡᠶᠢᠷᠡᠨ ᠠᠷᠠᠳ ᠲᠦᠮᠡᠨ ᠳᠤ ᠦᠢᠯᠡᠴᠢᠯᠡᠬᠦ︾ ᠵᠤᠷᠢᠯᠳᠠ ᠶᠢ ᠬᠠᠷᠠᠭᠤᠯᠬᠤ ᠶᠢᠨ ᠲᠤᠰᠠᠳᠠ᠂     ︽ᠳᠣᠯᠭᠤᠷ ᠵᠣᠷᠢᠯᠳᠠ ᠪᠠᠨ ᠮᠠᠷᠳᠠᠯ ᠦᠬᠡᠢ ᠳᠠᠷᠬᠠᠨ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠤᠨ ᠠᠵᠢᠯᠯᠠᠭ᠎ᠠ ᠲᠠᠢ ᠤᠶᠠᠯᠳᠤᠭᠤᠯᠤᠨ ᠰ᠊ · ᠫᠦᠷᠪᠦ ᠪᠠᠭᠰᠢ ᠶᠢᠨ ᠰᠢᠯᠢᠳᠡᠭ ᠪᠦᠳᠦᠭᠡᠯ ᠢ ᠲᠠᠬᠢᠨᠳᠠ ᠡᠷᠭᠢᠴᠡᠭᠦᠯᠦᠨ᠂ ᠲᠡᠭᠦᠨ ᠤ ᠤᠷᠠᠯᠢᠭ ᠤᠨ ᠬᠡᠪ ᠨᠠᠮᠪᠠ᠂ ᠵᠠᠩ ᠰᠤᠷᠳᠠᠬᠤᠨ᠂ ᠮᠡᠳᠡᠯᠭᠡ ᠴᠢᠳᠠᠪᠤᠷᠢ ᠶᠢᠨ ᠰᠢᠳᠢ ᠶᠢ ᠦᠵᠡᠭᠴᠢ ᠲᠦᠮᠡᠨ ᠳᠤ ᠲᠡᠯᠭᠡᠨ ᠦᠵᠡᠭᠦᠯᠬᠦ ᠪᠠᠷ ᠵᠤᠬᠢᠶᠠᠨ ᠪᠠᠶᠢᠭᠤᠯᠵᠤ ᠪᠡᠯᠡᠳᠭᠡᠭᠰᠡᠨ ᠪᠠᠶᠢᠨ᠎ᠠ᠃         ᠲᠤᠬᠯᠠᠯᠳᠠ ᠠᠴᠠ ᠡᠮᠦᠨ᠎ᠡ᠂ ᠰ᠊ · ᠫᠦᠷᠪᠦ ᠪᠠᠭᠰᠢ ᠶᠢᠨ ︽ᠤᠷᠠᠯᠢᠭ ᠤᠨ ᠵᠠᠮᠨᠠᠯ︾ ᠤᠷᠠᠨ ᠪᠦᠳᠦᠭᠡᠯ ᠤᠨ ᠴᠤᠮᠤᠭ ᠤᠨ ᠲᠠᠷᠬᠠᠭᠠᠯᠳᠠ ᠵᠢᠴᠢ ᠬᠠᠨᠳᠢᠪᠯᠠᠬᠤ ᠶᠤᠰᠤᠯᠠᠯ ᠶᠠᠪᠤᠬᠳᠠᠪᠠ᠃ ᠲᠤᠰ ᠴᠤᠮᠤᠭ ᠲᠤ ᠲᠡᠭᠦᠨ ᠤ ᠤᠯᠠᠭᠠᠠᠮᠦ᠋ᠴᠢᠷ ᠤᠨ ᠦᠢᠯᠡᠰ ᠲᠤ ᠭᠤᠴᠢ ᠭᠠᠷᠤᠢ ᠵᠢᠯ ᠴᠢᠷᠮᠠᠶᠢᠨ ᠵᠢᠳᠭᠦᠵᠤ ᠶᠠᠪᠤᠬᠤ ᠳᠠᠭᠠᠨ ᠵᠤᠬᠢᠶᠠᠵᠤ ᠪᠦᠳᠦᠭᠡᠭᠰᠡᠨ ︽ᠨᠢᠭᠡᠳᠦᠯ ᠤᠨ ᠲᠡᠮᠡᠭᠡᠴᠢᠨ︾᠂ ︽ᠤᠨᠤᠭᠠᠨ ᠳᠠᠭᠠᠨ ᠰᠢᠷᠦᠭᠦᠨ ᠬᠦᠮᠦᠨ︾ ᠵᠡᠷᠭᠡ ᠲᠠᠭᠤᠤ ᠬᠦᠭᠵᠢᠮ ᠤᠨ 15 ᠪᠦᠳᠦᠭᠡᠯ ᠪᠠᠭᠳᠠᠬᠰᠠᠨ ᠪᠠᠶᠢᠨ᠎ᠠ᠃ ᠦᠳᠡᠰᠢ ᠶᠢᠨ ᠨᠠᠢᠮᠠᠨ ᠴᠠᠭ ᠲᠤ ᠠᠯᠠᠱᠠ ᠵᠡᠭᠦᠨ ᠬᠤᠰᠢᠭᠤᠨ ᠤ ᠤᠯᠠᠭᠠᠠᠮᠦ᠋ᠴᠢᠷ ᠤᠨ ᠲᠤᠬᠯᠠᠬᠴᠢᠳ ᠠᠴᠠ ︽ᠦᠨᠢᠷ ᠪᠠᠶᠠᠨ ᠠᠯᠠᠱᠠ︾ ᠲᠠᠭᠤᠤ ᠪᠠᠷ ᠲᠤᠰᠬᠠᠢ ᠲᠠᠯᠠᠪᠠᠢ ᠲᠤᠬᠯᠠᠯᠳᠠ ᠶᠢ ᠵᠢᠩᠬᠢᠨᠢ ᠪᠠᠷ ᠡᠬᠢᠯᠡᠭᠦᠯᠵᠤ᠂ ᠵᠠᠯᠭᠠᠭᠠᠳ ︽ᠵᠸᠤ ᠶᠡᠷᠦᠩᠬᠡᠢ ᠰᠠᠶᠢᠳ ᠲᠠ ᠬᠠᠮᠢᠭ᠎ᠠ ᠪᠠᠶᠢᠨ᠎ᠠ︾᠂ ︽ᠠᠪᠤ ᠶᠢᠨ ᠮᠢᠨᠢ ᠨᠢᠭᠡ ᠨᠠᠰᠤ︾᠂ ︽ᠨᠢᠭᠡᠳᠦᠯ ᠤᠨ ᠲᠡᠮᠡᠭᠡᠴᠢᠨ︾᠂ ︽ᠤᠨᠤᠭᠠᠨ ᠳᠠᠭᠠᠨ ᠰᠢᠷᠦᠭᠦᠨ ᠬᠦᠮᠦᠨ︾᠂ ︽ᠰᠠᠭᠠᠯᠢᠴᠢᠨ ᠤ ᠲᠠᠭᠤᠤ︾᠂ ︽ᠲᠤᠷᠠᠰᠤᠮᠵᠢ︾ ᠵᠡᠷᠭᠡ ᠲᠠᠭᠤᠤ᠂ ᠬᠦᠭᠵᠢᠮ᠂ ᠰᠢᠯᠦᠭ᠂ ᠪᠦᠵᠢᠭ᠂ ᠱᠤᠭ ᠵᠦᠴᠦᠭᠡ ᠶᠢ ᠪᠠᠭᠳᠠᠭᠠᠬᠰᠠᠨ 13 ᠲᠤᠬᠯᠠᠯᠳᠠ ᠭᠠᠷᠭᠠᠬᠰᠠᠨ ᠪᠠᠶᠢᠨ᠎ᠠ᠃         ᠰ᠊ · ᠫᠦᠷᠪᠦ ︵1928 — 1989 ᠤᠨ︶ ᠪᠤᠯ ᠠᠯᠠᠱᠠ ᠶᠢᠨ ᠰᠢᠨ᠎ᠡ ᠦᠶ᠎ᠡ ᠶᠢᠨ ᠲᠠᠭᠤᠤ ᠬᠦᠭᠵᠢᠮ ᠤᠨ ᠰᠠᠭᠤᠷᠢᠯᠠᠬᠴᠢ᠂ ᠠᠯᠠᠱᠠ ᠵᠡᠭᠦᠨ ᠬᠤᠰᠢᠭᠤᠨ ᠤ ᠤᠯᠠᠭᠠᠠᠮᠦ᠋ᠴᠢᠷ ᠤᠨ ᠠᠩᠬᠠᠨ ᠤ ᠲᠠᠷᠤᠭ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠤᠯᠠᠭᠠᠨᠮᠦ᠋ᠴᠢᠷ ᠤᠨ ᠠᠩᠬᠠᠨ ᠤ ᠲᠠᠷᠤᠭ᠎ᠠ᠃ ᠭᠤᠴᠢᠨ ᠬᠡᠳᠦᠨ ᠵᠢᠯ ᠤᠷᠠᠯᠢᠭ ᠤᠨ ᠦᠢᠯᠡᠰ ᠲᠤ ᠵᠢᠳᠭᠦᠵᠤ ᠶᠠᠪᠤᠬᠤ ᠳᠠᠭᠠᠨ ᠮᠠᠦ ᠽᠧ ᠳ᠋ᠦᠩ ᠲᠡᠷᠢᠭᠦᠯᠡᠭᠴᠢ᠂ ᠵᠸᠤ ᠡᠸ᠋ᠨ ᠯᠠᠢ ᠶᠡᠷᠦᠩᠬᠡᠢ ᠰᠠᠶᠢᠳ ᠵᠡᠷᠭᠡ ᠨᠠᠮ ᠪᠠ ᠤᠯᠤᠰ ᠤᠨ ᠤᠳᠤᠷᠢᠳᠤᠬᠴᠢ ᠶᠢᠨ ᠲᠦᠷᠪᠡᠨ ᠤᠳᠠᠭᠠᠨ ᠤ ᠠᠭᠤᠯᠵᠠᠯᠳᠠ ᠶᠢ ᠬᠦᠯᠢᠶᠡᠵᠤ᠂ ᠮᠠᠨ ᠤ ᠠᠶᠢᠮᠠᠭ ᠲᠤ ᠠᠩᠬ᠎ᠠ ᠤᠳᠠᠭ᠎ᠠ ᠲᠠᠪᠤᠨ ᠱᠤᠭᠤᠮᠳᠤ ᠨᠤᠲ ᠢᠶᠠᠷ ᠠᠷᠠᠳ ᠤᠨ ᠲᠠᠭᠤᠤ ᠶᠢ ᠲᠡᠮᠳᠡᠭᠯᠡᠬᠦ ᠶᠢ ᠪᠡᠶᠡᠯᠡᠭᠦᠯᠬᠦ ᠶᠢᠨ ᠬᠠᠮᠳᠤ ᠬᠦᠭᠵᠢᠮᠳᠡᠵᠤ ᠲᠠᠭᠤᠯᠠᠬᠰᠠᠨ ᠤᠷᠠᠯᠢᠬᠴᠢᠨ ᠪᠤᠯᠤᠨ᠎ᠠ᠃ ᠲᠡᠭᠦᠨ ᠤ ᠵᠤᠬᠢᠶᠠᠬᠰᠠᠨ ︽ᠨᠢᠭᠡᠳᠦᠯ ᠤᠨ ᠲᠡᠮᠡᠭᠡᠴᠢᠨ︾᠂ ︽ᠤᠨᠤᠭᠠᠨ ᠳᠠᠭᠠᠨ ᠰᠢᠷᠦᠭᠦᠨ ᠬᠦᠮᠦᠨ︾᠂         ︽ᠡᠩᠭᠦᠷᠡᠢ ᠬᠠᠶᠢᠷᠠᠳᠠᠢ ᠡᠵᠡᠨ᠎ᠡ︾᠂ ︽ᠨᠤᠮᠤᠨ ᠪᠦᠵᠢᠭ︾ ᠵᠡᠷᠭᠡ ᠠᠯᠠᠱᠠ ᠨᠤᠳᠤᠭ ᠢᠶᠠᠨ ᠮᠠᠬᠳᠠᠨ ᠲᠠᠭᠤᠯᠠᠬᠰᠠᠨ ᠪᠦᠳᠦᠭᠡᠯ ᠨᠢ ᠢᠯᠭᠤᠮ᠎ᠠ ᠲᠤᠳᠤ ᠦᠨᠳᠦᠰᠦᠳᠡᠨ ᠤ ᠤᠯᠠᠮᠵᠢᠯᠠᠯᠳᠤ ᠴᠢᠨᠠᠷ ᠪᠠ ᠴᠠᠭ ᠦᠶᠡᠴᠢ ᠴᠢᠨᠠᠷᠳᠠᠢ ᠪᠠᠶᠢᠳᠠᠭ ᠢᠶᠠᠷ ᠢᠶᠠᠨ ᠠᠷᠠᠳ ᠲᠦᠮᠡᠨ ᠤ ᠰᠡᠳᠭᠢᠯ ᠳᠤ ᠲᠠᠭᠠᠯᠠᠬᠳᠠᠵᠤ᠂ ᠤᠳᠤ ᠪᠤᠯᠳᠠᠯ᠎ᠠ ᠦᠷᠭᠡᠨ ᠢᠶᠠᠷ ᠲᠠᠭᠤᠯᠠᠬᠳᠠᠨ ᠲᠡᠯᠭᠡᠷᠡᠵᠤ ᠪᠠᠶᠢᠨ᠎ᠠ᠃                                                       (ᠵᠣᠬᠢᠶᠠᠭᠴᠢ᠄ ᠰᠡᠴᠡᠨᠪᠠᠳᠤ )
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号