︽ᠦᠨᠢᠳᠡ ᠶᠢᠨ ᠮᠦᠷᠦᠭᠡᠳᠦᠯ︾ ᠯᠸᠢ ᠰᠡᠴᠡᠨᠪᠠᠳᠤ ᠶᠢᠨ ᠤᠷᠠᠨ ᠪᠦᠳᠦᠭᠡᠯ ᠤᠨ ᠲᠤᠰᠬᠠᠢ ᠲᠠᠯᠠᠪᠠᠢ ᠲᠤᠬᠯᠠᠯᠳᠠ ᠶᠠᠪᠤᠬᠳᠠᠯ᠎ᠠ
ᠨᠡᠶᠢᠲᠡᠯᠡᠭᠰᠡᠨ ᠴᠠᠭ᠄
2019/12/24
     ᠲᠤᠰᠬᠠᠢ ᠲᠠᠯᠠᠪᠠᠢ ᠲᠤᠭᠯᠠᠯᠳᠠ ᠶᠢᠨ ᠠᠬᠤᠢ ᠲᠠᠯᠠᠪᠠᠢ᠃ ︵ᠰᠠᠴᠠᠡᠪᠠᠳᠤ ᠰᠠᠬᠦᠳᠠᠷᠯᠠᠪᠠ︶        12 ᠰᠠᠷ᠎ᠠ ᠶᠢᠨ 19 ᠤ ᠡᠳᠦᠷ ᠤᠨ ᠦᠳᠡᠰᠢ᠂ ᠠᠶᠢᠮᠠᠭ ᠤᠨ ᠠᠯᠳᠠᠨ ᠲᠤᠤᠷᠠᠢ ᠲᠠᠭᠤᠤ ᠬᠦᠭᠵᠢᠮ ᠤᠨ ᠲᠢᠩᠬᠢᠮ ᠳᠤ ︽ᠦᠨᠢᠳᠡ ᠶᠢᠨ ᠮᠦᠷᠦᠭᠡᠳᠦᠯ︾ ᠯᠸᠢ · ᠰᠡᠴᠡᠨᠪᠠᠳᠤ ᠶᠢᠨ ᠤᠷᠠᠨ ᠪᠦᠳᠦᠭᠡᠯ ᠤᠨ ᠲᠤᠰᠬᠠᠢ ᠲᠠᠯᠠᠪᠠᠢ ᠲᠤᠬᠯᠠᠯᠳᠠ ᠶᠠᠪᠤᠬᠳᠠᠵᠤ᠂ ᠠᠬᠠᠮᠠᠳ ᠨᠢᠭᠡ ᠦᠶ᠎ᠡ ᠶᠢᠨ ᠤᠷᠠᠯᠢᠬᠴᠢᠨ ᠤ ᠤᠯᠠᠠᠭᠠᠠᠮᠦ᠋ᠴᠢᠷ ᠤᠨ ᠦᠢᠯᠡᠰ ᠲᠤ ᠰᠢᠷᠭᠠᠭᠤ ᠬᠠᠳᠠᠭᠤᠵᠢᠯᠳᠠᠢ ᠠᠵᠢᠯᠯᠠᠬᠰᠠᠨ ᠡᠷᠬᠢᠮ ᠲᠡᠭᠡᠳᠦ ᠵᠤᠷᠢᠭ ᠰᠠᠨᠠᠭ᠎ᠠ ᠪᠠ ᠲᠡᠭᠦᠨ ᠤ ᠵᠤᠬᠢᠶᠠᠵᠤ ᠪᠦᠳᠦᠭᠡᠭᠰᠡᠨ ᠲᠠᠭᠤᠤ ᠬᠦᠭᠵᠢᠮ ᠤᠷᠠᠯᠢᠭ ᠤᠨ ᠤᠷᠠᠨ ᠪᠦᠳᠦᠭᠡᠯ ᠢ ᠦᠵᠡᠭᠴᠢ ᠲᠦᠮᠡᠨ ᠳᠤ ᠲᠡᠯᠭᠡᠨ ᠦᠵᠡᠭᠦᠯᠦᠭᠰᠡᠨ ᠪᠠᠶᠢᠨ᠎ᠠ᠃     ᠲᠤᠰ ᠤᠳᠠᠭᠠᠨ ᠤ ᠲᠤᠬᠯᠠᠯᠳᠠ ᠶᠢ ︽ᠦᠨᠳᠦᠰᠦᠨ ᠱᠠᠳᠤᠨ ᠳᠤ ᠭᠦᠨᠵᠡᠭᠡᠶᠢᠷᠡᠨ ᠳᠣᠯᠭᠤᠷ ᠵᠣᠷᠢᠯᠳᠠ ᠪᠠᠨ ᠪᠠᠷᠢᠮᠳᠠᠯᠠᠵᠤ᠂ ᠬᠤᠪᠢᠰᠬᠠᠯᠳᠤ ᠤᠯᠠᠮᠵᠢᠯᠠᠯ ᠢᠶᠠᠨ ᠪᠠᠳᠠᠷᠠᠭᠤᠯᠤᠨ ᠲᠠᠷᠬᠠᠨ ᠬᠠᠷᠢᠭᠤᠴᠠᠯᠭ᠎ᠠ ᠪᠠᠨ ᠭᠦᠢᠴᠡᠳᠭᠡᠬᠦ︾ ᠤᠯᠠᠭᠠᠠᠮᠦ᠋ᠴᠢᠷ ᠤᠨ ᠵᠤᠷᠢᠭ ᠰᠠᠨᠠᠭ᠎ᠠ ᠶᠢ ᠦᠨᠢ ᠡᠭᠦᠷᠢᠳᠡ ᠤᠯᠠᠮᠵᠢᠯᠠᠨ ᠪᠠᠳᠠᠷᠠᠭᠤᠯᠬᠤ ᠪᠠᠷ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠠᠯᠠᠱᠠ ᠵᠡᠭᠦᠨ ᠬᠤᠰᠢᠭᠤᠨ ᠤ ᠰᠤᠶᠤᠯ ᠵᠢᠭᠤᠯᠴᠢᠯᠠᠯ ᠤᠨ ᠲᠤᠪᠴᠢᠶ᠎ᠠ᠂ ᠠᠯᠠᠱᠠ ᠵᠡᠭᠦᠨ ᠬᠤᠰᠢᠭᠤᠨ ᠤ ᠤᠯᠠᠭᠠᠠᠮᠦ᠋ᠴᠢᠷ ᠠᠴᠠ ᠬᠠᠮᠳᠤᠷᠠᠵᠤ ᠲᠠᠭᠠᠭᠠᠴᠢᠯᠠᠨ ᠭᠦᠢᠴᠡᠳᠭᠡᠵᠡᠢ᠃ ᠦᠳᠡᠰᠢ ᠶᠢᠨ ᠨᠠᠢᠮᠠᠨ ᠴᠠᠭ ᠲᠤ᠂ ᠯᠸᠢ · ᠰᠡᠴᠡᠨᠪᠠᠳᠤ ᠶᠢᠨ ᠭᠡᠷᠭᠡᠢ ᠨᠠᠷᠠᠨᠴᠡᠴᠡᠭ ᠨᠢᠭᠡ ᠭᠡᠷ ᠤᠨ ᠬᠢᠨ ᠪᠠ ᠠᠯᠠᠱᠠ ᠵᠡᠭᠦᠨ ᠬᠤᠰᠢᠭᠤᠨ ᠤ ᠤᠯᠠᠭᠠᠠᠮᠦ᠋ᠴᠢᠷ ᠤᠨ ᠲᠤᠬᠯᠠᠬᠴᠢ ᠠᠴᠠ ︽ᠲᠤᠯᠢ ᠪᠤᠯᠠᠬ︾ ᠬᠠᠮᠳᠤ ᠶᠢᠨ ᠲᠠᠭᠤᠤ ᠪᠠᠷ ᠲᠤᠰᠬᠠᠢ ᠲᠠᠯᠠᠪᠠᠢ ᠲᠤᠬᠯᠠᠯᠳᠠ ᠶᠢ ᠡᠬᠢᠯᠡᠭᠦᠯᠵᠤ᠂ ᠵᠠᠯᠭᠠᠭᠠᠳ ︽ᠮᠠᠯᠴᠢᠨ ᠲᠦᠮᠡᠨ ᠡᠪ ᠬᠠᠮᠳᠤ ᠨᠠᠮ ᠢᠶᠠᠨ ᠮᠠᠬᠳᠠᠨ ᠲᠠᠭᠤᠯᠠᠨ᠎ᠠ︾᠂ ︽ᠵᠢᠷᠠᠨ ᠤ ᠮᠤᠩᠭᠤᠯ ᠠᠶᠢᠯ︾᠂ ︽ᠪᠢᠳᠡ ᠪᠤᠯ ᠤᠷᠠᠯᠢᠭ ᠤᠨ ᠬᠦᠩᠭᠡᠨ ᠮᠤᠷᠢᠳᠤ ᠴᠡᠷᠢᠭ︾᠂ ︽ᠠᠯᠠᠱᠠ ᠲᠤᠷᠭᠤᠳ ᠢᠶᠠᠷ ᠠᠶᠢᠯᠴᠢᠯᠠᠵᠤ ᠢᠷᠡᠭᠡᠷᠡᠢ︾᠂ ︽ᠪᠠᠶᠠᠨᠰᠦ᠋ᠮᠪᠦᠷ ᠤᠨ ᠨᠠᠭᠠᠳᠤᠮ︾ ᠵᠡᠷᠭᠡ ᠲᠠᠭᠤᠤ᠂ ᠪᠦᠵᠢᠭ᠂ ᠬᠦᠭᠵᠢᠮ ᠤᠨ 15 ᠲᠤᠬᠯᠠᠯᠳᠠ ᠭᠠᠷᠭᠠᠵᠤ᠂ ᠪᠦᠬᠦ ᠲᠤᠬᠯᠠᠬᠴᠢᠳ ᠠᠴᠠ ︽ᠤᠯᠠᠭᠠᠠᠮᠦ᠋ᠴᠢᠷ ᠮᠢᠨᠢ︾ ᠬᠠᠮᠳᠤ ᠶᠢᠨ ᠲᠠᠭᠤᠤ ᠲᠠᠭᠤᠯᠠᠵᠤ ᠲᠤᠬᠯᠠᠯᠳᠠ ᠦᠨᠳᠦᠷᠯᠡᠭᠰᠡᠨ ᠪᠠᠶᠢᠨ᠎ᠠ᠃ ᠲᠤᠰᠬᠠᠢ ᠲᠠᠯᠠᠪᠠᠢ ᠲᠤᠬᠯᠠᠯᠳᠠ ᠪᠠᠷ ᠲᠠᠮᠵᠢᠭᠤᠯᠤᠨ ᠠᠬᠠᠮᠠᠳ ᠨᠢᠭᠡ ᠦᠶ᠎ᠡ ᠶᠢᠨ ᠤᠷᠠᠯᠢᠬᠴᠢᠨ ᠯᠸᠢ · ᠰᠡᠴᠡᠨᠪᠠᠳᠤ ᠶᠢᠨ ᠤᠷᠠᠯᠢᠭ ᠤᠨ ᠦᠷ᠎ᠡ ᠪᠦᠳᠦᠭᠡᠯ ᠢ ᠲᠤᠬᠯᠠᠯᠳᠠ ᠶᠢᠨ ᠲᠠᠶᠢᠰᠠᠨ᠎ᠠ ᠲᠠᠬᠢᠨᠳᠠ ᠡᠷᠭᠢᠴᠡᠭᠦᠯᠦᠨ ᠢᠯᠡᠷᠡᠭᠦᠯᠵᠤ᠂ ᠲᠡᠭᠦᠨ ᠤ ᠤᠯᠠᠭᠠᠠᠮᠦ᠋ᠴᠢᠷ ᠤᠨ ᠦᠢᠯᠡᠰ᠂ ᠤᠷᠠᠯᠢᠭ ᠤᠨ ᠹᠷᠤᠨᠲ ᠲᠤ ᠲᠦᠴᠢ ᠭᠠᠷᠤᠢ ᠵᠢᠯ ᠠᠵᠢᠯᠯᠠᠵᠤ ᠶᠠᠪᠤᠬᠰᠠᠨ ᠤᠷᠠᠯᠢᠭ ᠤᠨ ᠦᠪᠡᠷᠮᠢᠴᠡ ᠬᠡᠪ ᠨᠠᠮᠪᠠ᠂ ᠵᠠᠩ ᠰᠤᠷᠳᠠᠬᠤᠨ᠂ ᠮᠡᠳᠡᠯᠭᠡ ᠴᠢᠳᠠᠪᠤᠷᠢ ᠶᠢᠨ ᠰᠢᠳᠢ ᠶᠢ ᠭᠠᠶᠢᠬᠠᠭᠤᠯᠤᠬᠰᠠᠨ ᠪᠠᠶᠢᠨ᠎ᠠ᠃        ᠯᠸᠢ · ᠰᠡᠴᠡᠨᠪᠠᠳᠤ ︵1944 — 2018 ᠤᠨ︶ 1960 ᠤᠨ ᠤ 10 ᠰᠠᠷ᠎ᠠ ᠳᠤ᠂ 16 ᠨᠠᠰᠤᠨ ᠳᠠᠭᠠᠨ ᠠᠯᠠᠱᠠ ᠵᠡᠭᠦᠨ ᠬᠤᠰᠢᠭᠤᠨ ᠤ ᠤᠯᠠᠭᠠᠠᠮᠦ᠋ᠴᠢᠷ ᠲᠤ ᠠᠵᠢᠯᠯᠠᠵᠤ᠂ ᠤᠷᠢᠳ ᠬᠤᠵᠢᠳ ᠲᠠᠭᠤᠴᠢᠨ᠂ ᠲᠤᠬᠯᠠᠬᠴᠢ᠂ ᠬᠦᠭᠵᠢᠮᠴᠢᠨ᠂ ᠤᠯᠠᠭᠠᠠᠮᠦ᠋ᠴᠢᠷ ᠤᠨ ᠲᠠᠷᠤᠭ᠎ᠠ ᠶᠢᠨ ᠠᠵᠢᠯ ᠢ ᠡᠬᠦᠷᠬᠡᠯᠡᠪᠠ᠃ ᠤᠷᠠᠯᠢᠬ ᠤᠨ ᠦᠢᠯᠡᠰ ᠲᠤ ᠬᠢᠯᠠᠷᠠᠭᠤᠯᠵᠤ ᠶᠠᠪᠤᠬᠰᠠᠨ ᠲᠦᠴᠢ ᠭᠠᠷᠤᠢ ᠵᠢᠯ ᠤᠨ ᠲᠤᠷᠰᠢ 200 ᠭᠠᠷᠤᠢ ᠮᠠᠬᠳᠠᠭᠠᠯ ᠬᠤᠯᠪᠤᠭ᠎ᠠ᠂ ᠪᠦᠵᠢᠭ᠂ ᠺᠢᠨᠣ᠋᠂ ᠲᠠᠭᠤᠤ ᠶᠢᠨ ᠠᠶᠠᠯᠭᠤ ᠵᠤᠬᠢᠶᠠᠵᠡᠢ᠃ ᠲᠡᠭᠦᠨ ᠤ ᠵᠤᠬᠢᠶᠠᠬᠰᠠᠨ ︽ᠠᠯᠠᠱᠠ ᠲᠤᠷᠭᠤᠳ ᠢᠶᠠᠷ ᠠᠶᠢᠯᠴᠢᠯᠠᠵᠤ ᠢᠷᠡᠭᠡᠷᠡᠢ︾᠂ ︽ᠪᠠᠶᠠᠨᠰᠦ᠋ᠮᠪᠦᠷ ᠤᠨ ᠨᠠᠭᠠᠳᠤᠮ︾᠂ ︽ᠲᠤᠮᠤᠬ ᠤᠨ ᠲᠤᠮᠤᠬᠳᠤ ᠠᠯᠠᠱᠠ︾᠂       ︽ᠲᠤᠯᠢ ᠪᠤᠯᠠᠬ︾᠂ ︽ᠠᠯᠠᠱᠠ ᠭᠤᠷᠪᠠᠨ ᠵᠠᠭᠤᠨ ᠨᠠᠰᠤ︾᠂ ︽ᠵᠢᠷᠠᠨ ᠤ ᠮᠤᠩᠭᠤᠯ ᠠᠶᠢᠯ︾ ᠵᠡᠷᠭᠡ ᠲᠠᠭᠤᠤ ᠨᠤᠭᠤᠳ ᠨᠢ ᠠᠷᠠᠳ ᠲᠠᠶᠠᠭᠠᠷ ᠲᠤ ᠦᠷᠭᠡᠨ ᠲᠠᠷᠬᠠᠬᠰᠠᠨ ᠪᠢᠯᠡ᠃ 1971 ᠤᠨ ᠠᠴᠠ ᠲᠠᠪᠤᠨ ᠱᠤᠭᠤᠮᠳᠤ ᠨᠤᠲ ᠪᠠ ᠦᠰᠦᠭ ᠪᠢᠴᠢᠭ ᠢᠶᠠᠷ ᠠᠷᠠᠳ ᠤᠨ ᠲᠠᠭᠤᠤ ᠶᠢ ᠲᠡᠮᠳᠡᠭᠯᠡᠬᠦ ᠠᠵᠢᠯ ᠢᠶᠠᠨ ᠡᠬᠢᠯᠡᠭᠦᠯᠵᠤ᠂ 8 ᠵᠢᠯ ᠤᠨ ᠬᠤᠭᠤᠴᠠᠭᠠᠨ ᠳᠤ ᠨᠡᠶᠢᠳᠡ 100 ᠭᠠᠷᠤᠢ ᠠᠷᠠᠳ ᠤᠨ ᠲᠠᠭᠤᠤ ᠬᠤᠷᠢᠶᠠᠨ ᠴᠤᠬᠯᠠᠭᠤᠯᠵᠦ᠂ 1979 ᠤᠨ ᠳᠤ ᠦᠬᠠᠢ ᠬᠤᠳᠠ ᠶᠢᠨ ᠤᠳᠬ᠎ᠠ ᠤᠷᠠᠯᠢᠬ ᠤᠨ ᠬᠤᠯᠪᠤᠭᠠᠨ ᠤ ᠠᠵᠢᠯᠳᠠᠨ ᠵᠤᠤ ᠯᠢᠶᠠᠩ ᠴᠧᠩ ᠤᠨ ᠬᠠᠪᠰᠤᠷᠤᠯᠭ᠎ᠠ ᠲᠡᠮᠵᠢᠯᠭᠡ ᠪᠠᠷ ᠬᠤᠷᠢᠶᠠᠨ ᠴᠤᠬᠯᠠᠭᠤᠯᠤᠬᠰᠠᠨ ᠵᠠᠭᠤ ᠭᠠᠷᠤᠢ ᠠᠷᠠᠳ ᠤᠨ ᠲᠠᠭᠤᠤ ᠪᠠᠨ ᠮᠤᠩᠭᠤᠯ ᠭᠢᠳᠠᠳ ᠬᠤᠶᠠᠷ ᠦᠰᠦᠭ ᠢᠶᠠᠷ ᠡᠮᠬᠢᠳᠭᠡᠨ ᠨᠤᠮ ᠬᠡᠪᠯᠡᠭᠦᠯᠵᠦ᠂ ᠠᠯᠠᠱᠠ ᠠᠷᠠᠳ ᠤᠨ ᠲᠠᠭᠤᠤ ᠶᠢᠨ ᠦᠪ ᠢ ᠤᠯᠠᠮᠵᠢᠯᠠᠨ ᠵᠠᠯᠭᠠᠮᠵᠢᠯᠠᠬᠤ ᠳᠤ ᠬᠤᠪᠤᠷ ᠴᠤᠬᠠᠬ ᠮᠠᠲ᠋ᠧᠷᠢᠶᠠᠯ ᠬᠠᠩᠭᠠᠵᠤ ᠦᠭᠴᠡᠢ᠃ ᠲᠡᠭᠦᠨ ᠤ ᠠᠶᠠᠯᠭᠤ ᠪᠦᠳᠦᠭᠡᠯ ᠨᠢ ᠦᠪᠡᠷᠳᠡᠭᠡᠨ ᠵᠠᠰᠠᠬᠤ ᠤᠷᠤᠨ ᠤ ︽5 · 1︾ ᠢᠨᠵᠧᠨᠧᠷᠢᠩ ᠂ ︽ᠰᠠᠷᠠᠨ᠎ᠠ︾᠂ ︽ᠠᠯᠳᠠᠨ ᠨᠠᠮᠤᠷ︾ ᠵᠡᠷᠭᠡ ᠱᠠᠩᠨᠠᠯ ᠢ ᠲᠤᠰᠤᠬᠰᠠᠨ ᠢᠶᠠᠷ ᠪᠠᠷᠠᠬᠤ ᠦᠭᠡᠢ ᠦᠪᠡᠷ ᠢᠶᠠᠨ ᠴᠤ ︽ᠲᠤᠮᠳᠠᠳᠤ ᠤᠯᠤᠰ ᠤᠨ ᠲᠠᠭᠤᠤ ᠬᠦᠭᠵᠢᠮᠴᠢᠳ ᠤᠨ ᠠᠯᠳᠠᠷᠳᠠᠨ ᠤ ᠴᠠᠳᠢᠬ ᠪᠠ ᠲᠤᠮᠳᠠᠳᠤ ᠤᠯᠤᠰ ᠤᠨ ᠤᠳᠤ ᠦᠶ᠎ᠡ ᠶᠢᠨ ᠤᠳᠬ᠎ᠠ ᠤᠷᠠᠯᠢᠬ ᠤᠨ ᠠᠯᠳᠠᠷᠳᠠᠨ ᠤ ᠴᠠᠳᠢᠭ︾ ᠲᠤ ᠨᠡᠷ᠎ᠡ ᠪᠠᠨ ᠪᠦᠷᠢᠳᠭᠡᠭᠦᠯᠵᠦ᠂ ᠲᠤᠮᠳᠠᠳᠤ ᠤᠯᠤᠰ ᠤᠨ ᠲᠠᠭᠤᠤ ᠬᠦᠭᠵᠢᠮᠴᠢᠳ ᠤᠨ ᠨᠡᠶᠢᠬᠡᠮᠯᠢᠭ ᠤᠨ ᠭᠡᠰᠢᠭᠦᠨ᠂ ᠦᠪᠦᠷ ᠮᠤᠩᠭᠤᠯ ᠤᠨ ᠲᠠᠭᠤᠤ ᠬᠦᠭᠵᠢᠮᠴᠢᠳ ᠤᠨ ᠨᠡᠶᠢᠬᠡᠮᠯᠢᠭ ᠤᠨ ᠭᠡᠰᠢᠭᠦᠨ᠂ ᠦᠪᠦᠷ ᠮᠤᠩᠭᠤᠯ ᠤᠨ ᠤᠯᠠᠭᠠᠠᠮᠦ᠋ᠴᠢᠷ ᠤᠨ ᠰᠣᠳᠣᠯᠭᠠᠨ ᠤ ᠬᠤᠷᠠᠯ ᠤᠨ ᠬᠡᠷᠡᠭ ᠮᠡᠳᠡᠭᠴᠢ᠂ ᠤᠯᠤᠰ ᠤᠨ ᠭᠤᠷᠪᠠᠳᠤᠭᠠᠷ ᠲᠡᠰ ᠤᠨ ᠠᠶᠠᠯᠭᠤ ᠵᠤᠬᠢᠶᠠᠬᠴᠢ ᠵᠡᠷᠭᠡ ᠲᠤᠰᠢᠶᠠᠯ ᠪᠠ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠵᠤ ᠶᠠᠪᠤᠵᠡᠢ᠃                                                     (ᠵᠣᠬᠢᠶᠠᠭᠴᠢ᠄ ᠰᠡᠴᠡᠨᠪᠠᠳᠤ
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号