ᠰᠢᠨᠵᠢᠯᠡᠭᠡ ᠲᠧᠭᠨᠢᠭ ᠤᠨ ᠬᠢᠴᠢᠶᠡᠯ ᠪᠤᠶᠤ ︽ᠮᠠᠷᠭᠠᠰᠢ︾ ᠶᠢᠨ ᠬᠡᠦᠬᠡᠳ ᠤᠨ ᠮᠥᠷᠤᠭᠡᠳᠤᠯ
ᠨᠡᠶᠢᠲᠡᠯᠡᠭᠰᠡᠨ ᠴᠠᠭ᠄
2019/12/25
        ᠦᠳᠡᠰᠢ ᠶᠢᠨ ᠪᠦᠷᠦᠩᠬᠦᠢ ᠰᠤᠷᠭᠠᠭᠤᠯᠢ ᠶᠢᠨ ᠬᠦᠷᠢᠶᠡᠨ ᠳᠤ ᠠᠰᠬᠠᠷᠠᠵᠤ ᠬᠡᠦᠬᠡᠳ ᠤᠳ ᠤᠨ ᠦᠢᠮᠡᠯᠳᠦᠨ ᠱᠤᠤᠭᠢᠯᠳᠤᠬᠤ ᠳᠠᠭᠤᠨ ᠠᠭᠠᠵᠢᠮ ᠢᠶᠠᠷ ᠨᠠᠮᠳᠠᠵᠤ ᠡᠬᠢᠯᠡᠪᠡ᠃ ᠭᠡᠪᠡᠴᠦ ᠬᠢᠴᠢᠶᠡᠯ ᠤᠨ ᠠᠰᠠᠷ ᠤᠨ ᠭᠤᠷᠪᠠᠳᠤᠭᠠᠷ ᠳᠠᠪᠬᠤᠷᠭ᠎ᠠ ᠶᠢᠨ ᠺᠣᠮᠫᠢᠦ᠋ᠲ᠋ᠧᠷ ᠤᠨ ᠠᠩᠭᠢ ᠶᠢᠨ ᠭᠡᠷ ᠲᠤ ᠨᠢᠭᠡ ᠪᠦᠯᠦᠭ ᠬᠡᠦᠬᠡᠳ ᠬᠤᠷᠠᠨ ᠰᠢᠨ᠎ᠡ ᠡᠳᠦᠷ ᠤᠨ ᠬᠢᠴᠢᠶᠡᠯ ᠢᠶᠠᠨ ᠡᠬᠢᠯᠡᠭᠦᠯᠬᠦ ᠬᠡᠮᠡᠨ ᠶᠠᠭᠠᠷᠠᠯᠳᠤᠵᠠᠭᠠᠨ᠎ᠠ᠃ ᠡᠨᠡ ᠪᠣᠯ ᠲᠡᠳᠡᠨ ᠤ ᠬᠠᠮᠤᠭ ᠠᠴᠠ ᠪᠠᠬ᠎ᠠ ᠲᠠᠢ ᠮᠠᠰᠢᠨ ᠬᠥᠮᠥᠨ ᠤ ᠬᠢᠴᠢᠶᠡᠯ ᠪᠠᠶᠢᠭ᠎ᠠ ᠶᠤᠮ᠃         ᠲᠤᠰ ᠠᠩᠭᠢ ᠪᠣᠯ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠡᠨᠡ ᠵᠢᠯ ᠤᠨ ᠠᠷᠪᠠᠨ ᠰᠠᠷ᠎ᠠ ᠠᠴᠠ ᠡᠬᠢᠯᠡᠨ ᠰᠢᠨ᠎ᠡ ᠪᠠᠷ ᠨᠡᠭᠡᠭᠡᠭᠰᠡᠨ ᠬᠢᠴᠢᠶᠡᠯ ᠪᠠᠶᠢᠭ᠎ᠠ ᠶᠤᠮ᠃ ᠬᠡᠳᠦ᠋ᠢᠪᠡᠷ ᠬᠢᠴᠢᠶᠡᠯ ᠡᠬᠢᠯᠡᠭᠦᠯᠵᠦ ᠤᠳᠠᠭᠠᠳᠤᠢ ᠪᠣᠯᠪᠠᠴᠤ ᠰᠤᠷᠤᠭᠴᠢᠳ ᠤᠨ ᠤᠷᠮ᠎ᠠ ᠮᠠᠰᠢ ᠣᠷᠭᠢᠯᠤᠮ᠎ᠠ ᠪᠠᠶᠢᠭ᠎ᠠ ᠨᠢ ᠢᠯᠡᠬᠡᠨ᠃ ᠰᠤᠷᠤᠭᠴᠢᠳ ᠨᠢᠭᠡ ᠬᠤᠶᠠᠷ ᠢᠶᠠᠷ ᠬᠥᠭᠡᠷᠦᠯᠳᠦᠨ ᠢᠷᠡᠵᠡᠭᠡᠵᠦ ᠠᠩᠭᠢ ᠶᠢᠨ ᠬᠤᠶᠢᠲᠤ ᠲᠠᠯ᠎ᠠ ᠠᠴᠠ ᠮᠠᠰᠢᠨ ᠬᠥᠮᠥᠨ ᠢᠶᠠᠨ ᠠᠪᠤᠭᠠᠳ ᠺᠣᠮᠫᠢᠦ᠋ᠲ᠋ᠧᠷ ᠳᠡᠭᠡᠷ᠎ᠡ ᠪᠠᠨ ᠰᠤᠷᠮᠠᠭᠠᠢ ᠠᠵᠢᠯᠯᠠᠵᠤ ᠡᠬᠢᠯᠡᠪᠡ᠃ ᠶᠡᠷᠦ ᠨᠢ ᠮᠠᠰᠢᠨ ᠬᠥᠮᠥᠨ ᠭᠡᠬᠦ ᠲᠠᠢ ᠵᠡᠷᠭᠡ ᠶᠠᠭᠤᠨ ᠤ ᠡᠮᠦᠨ᠎ᠡ ᠬᠥᠮᠥᠨ ᠤ ᠲᠠᠷᠢᠬᠢᠨ ᠳᠤ ᠬᠥᠮᠥᠨ ᠤ ᠳᠦᠷᠰᠦ ᠲᠠᠢ ᠬᠥᠮᠥᠨ ᠠᠳᠠᠯᠢ ᠬᠥᠳᠡᠯᠳᠡᠭ ᠶᠠᠭᠤᠮ᠎ᠠ ᠲᠤᠰᠳᠠᠭ ᠪᠢᠵᠡ᠃ ᠭᠡᠬᠦ ᠳᠡᠭᠡᠨ ᠡᠨᠡ ᠪᠣᠯ ᠢᠪᠴᠤᠤ ᠦᠵᠡᠯ᠃ ᠶᠠᠭ ᠦᠨᠡᠨᠳᠡᠭᠡᠨ ᠮᠠᠰᠢᠨ ᠬᠥᠮᠥᠨ ᠭᠡᠳᠡᠭ ᠥᠪᠡᠷ ᠤᠨ ᠰᠡᠳᠬᠢᠬᠦᠢ ᠲᠠᠢ᠂ ᠠᠮᠢᠳᠤᠷᠠᠯ ᠳᠤ ᠳᠥᠭᠦᠮ ᠦᠵᠡᠭᠦᠯᠳᠡᠭ᠂ ᠬᠢᠮᠡᠯ ᠣᠶᠤᠨᠲᠤ ᠵᠦᠢᠯ ᠪᠠᠶᠢᠭ᠎ᠠ ᠶᠤᠮ᠃ ᠪᠢᠳᠡᠨ ᠤ ᠠᠮᠢᠳᠤᠷᠠᠯ ᠳᠤᠮᠳᠠ ᠴᠤ ᠭᠡᠰᠡᠨ ᠬᠠᠷᠠᠭᠳᠠᠵᠤ ᠯᠡ ᠪᠠᠶᠢᠳᠠᠭ ᠰᠠᠨ᠃ ᠵᠢᠱᠢᠶᠡᠯᠡᠬᠦ ᠳᠤ ᠱᠠᠯᠠ ᠱᠦᠭᠦᠷᠳᠡᠳᠡᠭ ᠮᠠᠰᠢᠨ᠂ ᠮᠡᠰᠡ ᠵᠠᠰᠠᠯ ᠬᠢᠳᠡᠭ ᠮᠠᠰᠢᠨ ᠭᠡᠬᠦᠴᠢᠯᠡᠨ ᠵᠠᠯᠭᠠᠭ᠎ᠠ ᠵᠠᠯᠭᠠᠭ᠎ᠠ ᠪᠠᠷ ᠢᠯᠡᠷᠡᠵᠦ ᠯᠡ ᠪᠠᠶᠢᠭ᠎ᠠ ᠶᠤᠮ᠃ ᠲᠡᠷᠡ ᠮᠥᠷᠲᠡᠯ᠎ᠡ ᠪᠠᠨ ᠬᠢᠮᠡᠯ ᠣᠶᠤᠨᠲᠤ ᠵᠦᠢᠯ ᠨᠢ ᠨᠢᠭᠡᠨᠲᠡ ᠳᠡᠯᠡᠬᠡᠢ ᠶᠢᠨ ᠬᠠᠯᠠᠭᠤᠷᠠᠯ ᠢ ᠪᠣᠢ ᠪᠣᠯᠭᠠᠭᠰᠠᠨ ᠭᠡᠪᠡᠯ ᠠᠬᠠᠳᠠᠬᠤ ᠦᠭᠡᠢ ᠭᠡᠵᠦ ᠪᠣᠳᠣᠨᠠᠮ᠃ ᠴᠠᠭ ᠦᠶ᠎ᠡ ᠠᠴᠠ ᠬᠤᠴᠣᠷᠬᠤ ᠦᠭᠡᠢ ᠬᠡᠮᠡᠨ ᠨᠠᠨᠳᠢᠨ ᠪᠠᠭᠰᠢ ᠬᠡᠳᠦᠨ ᠵᠢᠯ ᠤᠨ ᠡᠮᠦᠨ᠎ᠡ ᠠᠴᠠ ᠡᠬᠢᠯᠡᠨ ᠡᠨᠡ ᠲᠠᠯ᠎ᠠ ᠪᠠᠷ ᠠᠩᠬᠠᠷᠴᠤ ᠥᠪᠡᠷ ᠢᠶᠠᠨ ᠰᠤᠷᠬᠤ ᠶᠢᠨ ᠳᠠᠭᠠᠤ ᠰᠤᠷᠤᠭᠴᠢᠳ ᠲᠠᠭᠠᠨ ᠪᠠᠭ᠎ᠠ ᠰᠠᠭ᠎ᠠ ᠴᠢᠳᠠᠬᠤ ᠶᠢᠨ ᠬᠢᠷᠢ ᠪᠠᠷ ᠪᠠᠨ ᠵᠢᠭᠠᠵᠤ ᠡᠬᠢᠯᠡᠭᠰᠡᠨ ᠪᠠᠶᠢᠨ᠎ᠠ᠃ ᠶᠠᠭ ᠢᠩᠭᠢᠵᠦ ᠪᠠᠷᠢᠮᠲᠠᠯᠠᠵᠤ ᠢᠷᠡᠭᠰᠡᠨ ᠢᠶᠠᠷ ᠨᠢᠳᠤᠨᠤᠨ ᠵᠢᠯ ᠤᠨ ᠪᠦᠬᠦ ᠣᠷᠣᠨ ᠤ ᠰᠢᠨᠵᠢᠯᠡᠭᠡ ᠲᠧᠭᠨᠢᠭ ᠤᠨ ᠡᠭᠦᠳᠦᠨ ᠪᠦᠲᠦᠭᠡᠯᠲᠡ ᠶᠢᠨ ᠣᠷᠣᠯᠳᠣᠭᠠᠨ ᠳᠤ ᠥᠪᠡᠷ ᠤᠨ ᠬᠢᠨᠢ ᠵᠢᠯᠣᠭᠤᠳᠤᠭᠰᠠᠨ ᠰᠤᠷᠤᠭᠴᠢᠳ ᠨᠢ ᠠᠮᠢ ᠠᠬᠤᠢ ᠳᠤ ᠡᠭᠡᠯᠢᠲᠡᠢ ᠬᠠᠷᠠᠨᠳᠠ ᠵᠣᠷᠭᠤᠬᠤ ᠮᠠᠰᠢᠨ ᠡᠭᠦᠳᠴᠦ ᠬᠤᠶᠠᠳᠤᠭᠠᠷ ᠪᠠᠶᠢᠷᠢ ᠳᠤ ᠲᠣᠳᠣᠷᠠᠵᠠᠢ᠃ ᠡᠭᠦᠨ ᠠᠴᠠ ᠪᠣᠯᠣᠭᠠᠳ ᠡᠨᠡ ᠬᠢᠴᠢᠶᠡᠯ ᠨᠢ ᠰᠤᠷᠭᠠᠭᠤᠯᠢ ᠶᠢᠨ ᠪᠠᠭᠰᠢ ᠤᠳᠤᠷᠢᠳᠤᠯᠭ᠎ᠠ ᠨᠠᠷ ᠤᠨ ᠠᠩᠬᠠᠷᠤᠯ ᠳᠤ ᠬᠦᠷᠴᠦ ᠡᠨᠡ ᠵᠢᠯ ᠤᠨ ᠠᠷᠪᠠᠨ ᠰᠠᠷ᠎ᠠ ᠠᠴᠠ ᠡᠬᠢᠯᠡᠨ ᠡᠨᠡ ᠲᠥᠷᠥᠯ ᠤᠨ ᠬᠢᠴᠢᠶᠡᠯ ᠢ ᠲᠤᠰᠬᠠᠶᠢᠯᠠᠨ ᠡᠬᠢᠯᠡᠭᠦᠯᠦᠭᠰᠡᠨ ᠨᠢ ᠡᠶᠢᠮᠦ ᠤᠴᠢᠷᠲᠠᠢ ᠪᠠᠶᠢᠵᠡᠢ᠃         ᠠᠩᠬ᠎ᠠ ᠨᠠᠨᠳᠢᠨ ᠪᠠᠭᠰᠢ  ᠶᠢ ᠳᠠᠭᠠᠵᠤ ᠰᠤᠷᠤᠭᠰᠠᠭᠠᠷ ᠢᠷᠡᠭᠰᠡᠨ ᠰᠤᠷᠤᠭᠴᠢ  ᠶᠢᠨ ᠳᠣᠲᠣᠷ᠎ᠠ ᠠᠴᠠ ᠬᠤᠶᠠᠷ ᠰᠤᠷᠤᠭᠴᠢ ᠥᠨᠥ ᠪᠣᠯᠬᠤ  ᠳᠤ ᠨᠢᠭᠡᠨᠲᠡ ᠥᠪᠡᠷ  ᠢᠶᠠᠨ ᠭᠠᠷ ᠤᠲᠠᠰᠤᠨ ᠳᠡᠭᠡᠷ᠎ᠡ ᠲᠣᠭᠯᠠᠬᠤ ᠲᠣᠭᠯᠠᠭᠠᠮ ᠵᠣᠬᠢᠶᠠᠴᠢᠬᠠᠭᠰᠠᠨ ᠭᠡᠨ᠎ᠡ᠃ ᠡᠨᠡ ᠬᠢᠴᠢᠶᠡᠯ  ᠤᠨ  ᠢᠶᠠᠨ ᠲᠤᠬᠠᠢ ᠨᠠᠨᠳᠢᠨ ᠪᠠᠭᠰᠢ᠄ ︽ᠶᠡᠷᠦ  ᠨᠢ ᠫᠷᠤᠭ᠍ᠷᠠᠮ ᠨᠠᠶᠢᠷᠠᠭᠤᠯᠬᠤ  ᠨᠢ ᠬᠡᠦᠬᠡᠳ  ᠤᠨ ᠣᠶᠣᠨ  ᠤ ᠴᠢᠳᠠᠪᠤᠷᠢ  ᠶᠢᠨ ᠳᠡᠭᠡᠭᠰᠢᠯᠡᠭᠦᠯᠦᠯᠲᠡ᠂ ᠭᠠᠷ ᠬᠥᠳᠡᠯᠬᠦ ᠴᠢᠳᠠᠪᠤᠷᠢ᠂ ᠠᠰᠠᠭᠤᠳᠠᠯ  ᠢ ᠰᠢᠢᠳᠪᠦᠷᠢᠯᠡᠬᠦ ᠴᠢᠳᠠᠪᠤᠷᠢ᠂ ᠰᠡᠳᠬᠢᠬᠦ ᠴᠢᠳᠠᠪᠤᠷᠢ  ᠳᠤ ᠪᠦᠷ ᠶᠡᠭᠡ ᠲᠤᠰᠠ  ᠲᠠᠢ ᠪᠠᠶᠢᠳᠠᠭ᠃ ᠡᠨᠡ ᠰᠢᠨ᠎ᠡ ᠬᠢᠴᠢᠶᠡᠯ ᠡᠬᠢᠯᠡᠵᠦ ᠤᠳᠠᠭᠠᠳᠤᠢ  ᠠᠴᠠ ᠨᠥᠬᠦᠴᠡᠯ ᠬᠠᠷᠠᠬᠠᠨ ᠪᠦᠷᠢᠳᠴᠦ ᠴᠢᠳᠠᠭᠠᠳᠤᠢ᠃ ᠣᠳᠣᠬᠠᠨ  ᠳᠤ ᠪᠢᠳᠡ ᠵᠥᠪᠬᠡᠨ ᠺᠣᠮᠫᠢᠦ᠋ᠲ᠋ᠧᠷ  ᠤᠨ ᠠᠩᠭᠢ  ᠶᠢᠨ ᠭᠡᠷ ᠲᠡᠭᠡᠨ ᠠᠷᠭᠠᠯᠠᠵᠤ ᠬᠢᠴᠢᠶᠡᠯ  ᠢᠶᠠᠨ ᠣᠷᠣᠵᠤ ᠯᠡ ᠪᠠᠶᠢᠨ᠎ᠠ᠃ ᠲᠡᠷᠡᠴᠢᠯᠡᠨ ᠡᠨᠡ ᠲᠠᠯ᠎ᠠ  ᠶᠢᠨ ᠲᠤᠰᠬᠠᠢ ᠪᠡᠯᠡ ᠮᠥᠩᠭᠦ ᠭᠡᠵᠦ ᠦᠭᠡᠢ᠂ ᠭᠡᠪᠡᠴᠦ ᠠᠭᠠᠵᠢᠮ ᠳᠠᠭᠠᠨ ᠵᠦᠭᠡᠷ ᠪᠣᠯᠬᠤ ᠪᠠᠶᠢᠬ᠎ᠠ ᠭᠡᠵᠦ ᠪᠣᠳᠣᠵᠤ ᠪᠠᠶᠢᠨ᠎ᠠ᠃ ᠬᠠᠮᠤᠭ  ᠤᠨ ᠭᠤᠣᠯ ᠨᠢ ᠪᠢᠳᠡᠨ  ᠳᠤ ᠴᠠᠭ ᠲᠤᠩ ᠬᠤᠮᠰᠠ᠃ ᠵᠥᠪᠬᠡᠨ ᠭᠠᠷᠠᠭ  ᠤᠨ ᠬᠤᠶᠠᠷ᠂ ᠭᠤᠷᠪᠠᠨ᠂ ᠳᠥᠷᠪᠡᠨ  ᠤ ᠣᠷᠣᠢ ᠳᠥᠴᠢᠬᠡᠨ ᠮᠢᠨᠦ᠋ᠲ ᠯᠡ ᠬᠢᠴᠢᠶᠡᠯᠯᠡᠵᠦ ᠪᠠᠶᠢᠨ᠎ᠠ︾ ᠬᠡᠮᠡᠨ ᠪᠣᠳᠣᠯ ᠢᠶᠠᠨ ᠳᠡᠯᠭᠡᠨ ᠶᠠᠷᠢᠪᠠ᠃ ᠬᠡᠳᠦ᠋ᠢᠪᠡᠷ ᠨᠥᠬᠦᠴᠡᠯ ᠠᠨᠠᠢ ᠪᠠᠶᠢᠭᠰᠠᠨ  ᠴᠤ ᠨᠠᠨᠳᠢᠨ ᠪᠠᠭᠰᠢ ᠪᠠᠷᠢᠮᠲᠠᠯᠠᠬᠤ ᠪᠠᠨ ᠵᠣᠭᠰᠤᠭ᠎ᠠ ᠦᠭᠡᠢ ᠰᠠᠨ᠃ ᠪᠠᠷᠢᠮᠲᠠᠯᠠᠭᠰᠠᠨ  ᠤ ᠦᠷ᠎ᠡ ᠳ᠋ᠦᠩ  ᠨᠢ ᠡᠶᠢᠨᠬᠦ ᠦᠵᠡᠭᠳᠡᠵᠦ ᠪᠠᠶᠢᠭ᠎ᠠ ᠨᠢ ᠢᠯᠡᠬᠡᠨ ᠪᠤᠶᠤ᠃         ᠨᠠᠨᠳᠢᠨ ᠪᠠᠭᠰᠢ ᠴᠠᠭ ᠢᠶᠠᠨ ᠬᠠᠷᠠᠭᠰᠠᠨ ᠢᠶᠠᠨ᠄ ︽ᠵᠠ᠂ ᠣᠳᠣ ᠪᠢᠳᠡ ᠬᠢᠴᠢᠶᠡᠯ ᠢᠶᠠᠨ ᠡᠬᠢᠯᠡᠭᠦᠯᠦᠶ᠎ᠡ᠂ ᠲᠠᠨᠠᠷ ᠤᠷᠢᠳᠠᠪᠠᠷ ᠢᠨᠢᠶᠡᠵᠦ ᠪᠠᠶᠢᠭ᠎ᠠ ᠴᠢᠷᠠᠢ ᠶᠢ ᠭᠠᠷᠭ᠎ᠠ︾ ᠬᠡᠮᠡᠨ ᠰᠢᠨ᠎ᠡ ᠡᠭᠡᠯᠵᠢ ᠶᠢᠨ ᠮᠠᠰᠢᠨ ᠬᠥᠮᠥᠨ ᠤ ᠬᠢᠴᠢᠶᠡᠯ ᠢᠶᠠᠨ ᠡᠬᠢᠯᠡᠭᠦᠯᠪᠡ᠃ ᠰᠤᠷᠤᠭᠴᠢᠳ ᠬᠤᠶᠠᠷ ᠬᠤᠶᠠᠷ ᠢᠶᠠᠷ ᠨᠢᠭᠡ ᠪᠠᠭ ᠪᠣᠯᠵᠤ ᠬᠤᠭᠤᠷᠣᠨᠳᠣ ᠪᠠᠨ ᠵᠥᠪᠳᠡᠯᠴᠡᠨ ᠺᠣᠮᠫᠢᠦ᠋ᠲ᠋ᠧᠷ ᠳᠡᠭᠡᠷ᠎ᠡ ᠶᠡᠭᠡ ᠯᠡ ᠨᠢᠮᠪᠠᠢ ᠠᠵᠢᠯᠯᠠᠵᠤ ᠰᠠᠭᠤᠨ᠎ᠠ᠃ ᠡᠳᠡᠨᠡᠶᠢᠬᠢᠨ ᠢ ︽ᠮᠠᠷᠭᠠᠰᠢ︾ ᠭᠡᠳᠡᠭ᠃ ᠡᠨᠡ ᠪᠣᠯ ᠨᠠᠨᠳᠢᠨ ᠪᠠᠭᠰᠢ ᠶᠢᠨ ᠡᠨᠡ ᠠᠩᠭᠢ ᠳᠠᠭᠠᠨ ᠥᠭᠭᠦᠭᠰᠡᠨ ᠨᠡᠷ᠎ᠡ ᠪᠠᠶᠢᠭ᠎ᠠ ᠶᠤᠮ᠃ ᠣᠳᠣᠬᠠᠨ ᠳᠤ ᠲᠤᠰ ᠠᠩᠭᠢ ᠳᠤ ᠠᠩᠬ᠎ᠠ ᠳᠤᠮᠳᠠᠳᠤ ᠶᠢᠨ ᠨᠠᠢᠮᠠᠨ ᠰᠤᠷᠤᠭᠴᠢ᠂ ᠪᠠᠭ᠎ᠠ ᠰᠤᠷᠭᠠᠭᠤᠯᠢ ᠶᠢᠨ ᠭᠤᠴᠢᠭᠠᠳ ᠰᠤᠷᠤᠭᠴᠢ ᠬᠢᠴᠢᠶᠡᠯ ᠣᠷᠣᠵᠤ ᠪᠠᠶᠢᠭ᠎ᠠ ᠭᠡᠨ᠎ᠡ᠃ ᠤᠳᠠᠵᠤ ᠲᠦᠳᠡᠯ ᠦᠭᠡᠢ ︽ᠪᠠᠭᠰᠢ ᠡ᠂ ᠪᠢ ᠬᠢᠴᠢᠬᠡᠯ᠎ᠡ︾ ᠭᠡᠬᠦ ᠳᠠᠭᠤ ᠡ᠊ᠨᠳᠡ ᠲᠡᠨᠳᠡ ᠠᠴᠠ ᠰᠣᠨᠣᠰᠳᠠᠵᠤ ᠡᠬᠢᠯᠡᠪᠡ᠃ ︽ᠲᠡᠭᠡᠪᠡᠯ ᠵᠠᠯᠭᠠᠭᠠᠳ ᠬᠠᠷᠰᠢ ᠰᠠᠭᠠᠳ ᠢ ᠥᠩᠭᠡᠷᠡᠨ ᠭᠠᠷᠬᠤ ᠮᠠᠰᠢᠨ ᠤ ᠫᠷᠤᠭ᠍ᠷᠠᠮ ᠢ ᠪᠢᠴᠢᠶ᠎ᠡ᠂ ᠪᠦᠭᠦᠳᠡᠭᠡᠷ ᠢᠶᠠᠨ ᠭᠠᠷ ᠬᠥᠳᠡᠯᠵᠦ ᠦᠵᠡ︾ ᠭᠡᠳ ᠲᠠᠶᠢᠰᠠᠨ ᠠᠴᠠ ᠪᠠᠭᠤᠵᠤ ᠰᠤᠷᠤᠭᠴᠢᠳ ᠤᠨ ᠬᠠᠵᠠᠭᠤ ᠳᠤ ᠬᠦᠷᠴᠦ ᠵᠢᠯᠣᠭᠤᠳᠤᠯᠭ᠎ᠠ ᠬᠢᠵᠦ ᠡᠷᠭᠢᠴᠡᠨ᠎ᠡ᠃         ᠬᠢᠴᠢᠶᠡᠯ ᠪᠠᠴᠢᠮ ᠶᠠᠭᠠᠷᠠᠯᠲᠠᠢ ᠦᠷᠭᠦᠯᠵᠢᠯᠡᠭᠰᠡᠭᠡᠷ ᠁ ᠳᠥᠴᠢᠬᠡᠨ ᠮᠢᠨᠦ᠋ᠲ ᠨᠢᠭᠡ ᠯᠡ ᠮᠡᠳᠡᠬᠦ ᠳᠤ ᠥᠩᠭᠡᠷᠡᠵᠦ ᠪᠢᠯᠡ᠃ ᠰᠤᠷᠤᠭᠴᠢᠳ ᠥᠪᠡᠷ ᠤᠨ ᠨᠠᠶᠢᠷᠠᠭᠤᠯᠤᠭᠰᠠᠨ ᠫᠷᠤᠭ᠍ᠷᠠᠮ ᠢᠶᠠᠨ ᠮᠠᠰᠢᠨ ᠬᠥᠮᠥᠨ ᠳᠡᠭᠡᠨ ᠣᠷᠣᠭᠤᠯᠵᠤ ᠠᠪᠴᠤ ᠢᠲᠡᠭᠡᠯ ᠳᠦᠭᠦᠷᠡᠩ ᠤᠯᠠᠨ ᠤ ᠡᠮᠦᠨ᠎ᠡ ᠭᠠᠷᠴᠤ ᠦᠷ᠎ᠡ ᠪᠦᠲᠦᠭᠡᠯ ᠢᠶᠠᠨ ᠦᠵᠡᠭᠦᠯᠦᠨ᠎ᠡ᠃ ᠬᠠᠷᠢᠨ ᠲᠡᠷᠡ ᠪᠣᠯᠭᠠᠨ ᠢᠶᠠᠷ ᠢᠶᠠᠨ ᠰᠠᠨᠠᠭᠰᠠᠨ ᠢᠶᠠᠷ ᠪᠣᠯᠬᠤ ᠶᠤᠮ ᠪᠢᠰᠢ᠂ ᠲᠠᠬᠢᠭᠠᠳ ᠣᠷᠣᠨ ᠳᠠᠭᠠᠨ ᠬᠦᠷᠴᠦ ᠫᠷᠤᠭ᠍ᠷᠠᠮ ᠢᠶᠠᠨ ᠵᠠᠰᠠᠨ᠎ᠠ᠂ ᠲᠠᠬᠢᠭᠠᠳ ᠲᠤᠷᠰᠢᠨ᠎ᠠ᠃ ᠬᠢᠴᠢᠶᠡᠯ ᠪᠠᠭᠤᠬᠤ ᠴᠠᠭ ᠪᠣᠯᠤᠯ᠎ᠠ᠃ ᠰᠠᠨᠠᠭᠠᠨ ᠳᠠᠭᠠᠨ ᠬᠦᠷᠦᠭᠰᠡᠨ ᠨᠢᠭᠡ ᠨᠢ ᠪᠠᠶᠠᠷᠲᠠᠶᠢᠬᠠᠨ ᠠᠩᠭᠢ ᠶᠢᠨ ᠭᠡᠷ ᠠᠴᠠ ᠭᠠᠷᠬᠤ ᠳᠤ ᠢᠯᠠᠭᠳᠠᠭᠰᠠᠨ ᠨᠢ ᠬᠠᠷᠢᠨ ︽ᠶᠠᠭᠠᠬᠢᠭᠠᠳ︾ ᠭᠡᠳᠡᠭ ᠠᠰᠠᠭᠤᠯᠲᠠ ᠲᠠᠢ ᠭᠠᠳᠠᠭᠰᠢ ᠠᠯᠬᠤᠯᠠᠨ᠎ᠠ᠃         ︽ᠶᠠᠭᠠᠬᠢᠭᠠᠳ︖︾ ᠭᠡᠬᠦ ᠰᠤᠷᠤᠭᠴᠢ ᠶᠢᠨ ᠵᠥᠪᠳᠡᠯᠴᠡᠨ ᠶᠠᠷᠢᠯᠴᠠᠬᠤ ᠳᠠᠭᠤᠨ ᠨᠠᠮ ᠵᠢᠮᠬᠡᠨ ᠰᠤᠷᠭᠠᠭᠤᠯᠢ ᠶᠢᠨ ᠬᠦᠷᠢᠶᠡᠨ ᠳᠤ ᠲᠣᠳᠣ ᠠᠴᠠ ᠲᠣᠳᠣ ᠰᠣᠨᠣᠰᠳᠠᠨ᠎ᠠ᠃ ᠡᠨᠡ ᠪᠣᠯ ᠮᠠᠷᠭᠠᠰᠢ ᠪᠠᠨ ᠪᠠᠷᠠᠯᠠᠭᠰᠠᠨ ᠬᠡᠦᠬᠡᠳ ᠤᠨ ᠲᠠᠭᠤᠨ ᠪᠤᠶᠤ᠃                                              (ᠵᠣᠬᠢᠶᠠᠭᠴᠢ᠄ ᠪᠠᠭᠠᠨ᠎ᠠ     ᠴᠣᠯᠮᠣᠨ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号