ᠪᠠᠶᠢᠭᠠᠯᠢ ᠶᠢᠨ ᠤᠷᠴᠢᠨ ᠲᠤᠭᠤᠷᠢᠨ — ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ
ᠨᠡᠶᠢᠲᠡᠯᠡᠭᠰᠡᠨ ᠴᠠᠭ᠄
2019/12/27
       ᠠᠯᠠᠱᠨ ᠠᠶᠢᠮᠠᠭ ᠤᠨ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ ᠡᠯᠪᠡᠭ ᠪᠠᠶᠢᠵᠦ᠂ ᠪᠦᠬᠦ ᠠᠶᠢᠮᠠᠭ  ᠲᠤ ᠨᠢᠭᠡᠨᠳᠡ 86 ᠲᠦᠷᠦᠯ ᠤᠨ ᠠᠭᠤᠷᠬᠠᠢ ᠶᠢᠨ ᠭᠠᠷᠤᠯᠳᠠ ᠶᠢ ᠢᠯᠡᠷᠡᠬᠦᠯᠵᠦ᠂ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠭᠡᠮᠵᠢᠶ᠎ᠠ ᠲᠠᠢ ᠠᠭᠤᠷᠬᠠᠢ ᠶᠢᠨ ᠭᠠᠷᠤᠯᠳᠠ 47 ᠲᠦᠷᠦᠯ ᠢ ᠪᠠᠶᠢᠴᠠᠭᠠᠨ ᠲᠤᠲᠤᠯᠠᠵᠦ᠂ ᠨᠢᠭᠡᠨᠳᠡ ᠨᠡᠭᠡᠭᠡᠨ ᠠᠰᠢᠭᠯᠠᠭᠰᠠᠨ ᠠᠭᠤᠷᠬᠠᠢ ᠶᠢᠨ ᠭᠠᠷᠤᠯᠳᠠ 37 ᠲᠦᠷᠦᠯ  ᠪᠠᠶᠢᠵᠦ᠂ ᠠᠭᠤᠷᠬᠠᠢ ᠶᠢᠨ ᠭᠠᠷᠤᠯᠳᠠ  ᠶᠢᠨ ᠭᠠᠵᠠᠷ 130 ᠪᠠᠶᠢᠵᠦ᠂ ᠲᠤᠮᠤ ᠭᠡᠯᠪᠠᠷᠢ ᠶᠢᠨ ᠬᠦᠳᠡᠷ ᠤᠨ ᠭᠡᠪᠳᠡᠰᠢ 14 ᠭᠠᠵᠠᠷ᠂ ᠲᠤᠮᠳᠠ ᠭᠡᠯᠪᠠᠷᠢ ᠶᠢᠨ ᠬᠦᠳᠡᠷ ᠤᠨ ᠭᠡᠪᠳᠡᠰᠢ 32 ᠭᠠᠵᠠᠷ᠂ ᠵᠢᠵᠢᠭ ᠭᠡᠯᠪᠠᠷᠢ ᠶᠢᠨ ᠬᠦᠳᠡᠷ ᠤᠨ ᠭᠡᠪᠳᠡᠰᠢ 84 ᠭᠠᠵᠠᠷ ᠢ ᠪᠠᠭᠳᠠᠭᠠᠨ᠎ᠠ᠃ ᠡᠬᠦᠨ ᠳᠤ᠂ ᠤᠲᠤᠭ᠎ᠠ ᠦᠭᠡᠢ ᠨᠡᠬᠦᠷᠡᠰᠤ᠂ ᠲᠢᠲ᠋ᠠᠨ᠂ ᠪᠢᠰᠮᠦ᠋ᠲ᠂ ᠰᠲ᠋ᠢᠪᠢ᠂ ᠲᠡᠮᠦᠷᠯᠢᠭ ᠬᠠᠶᠢᠯᠤᠭᠤᠯᠬᠤ ᠳᠤ ᠭᠡᠷᠡᠭᠯᠡᠬᠦ ᠴᠠᠭᠠᠨ ᠴᠢᠯᠠᠭᠤᠯᠢᠭ᠂ ᠮᠠᠭᠨᠢ ᠬᠠᠶᠢᠯᠤᠭᠤᠯᠬᠤ ᠳᠤ ᠭᠡᠷᠡᠭᠯᠡᠬᠦ ᠴᠠᠭᠠᠨ ᠴᠢᠯᠠᠭᠤᠯᠢᠭ  ᠂ ᠠᠶᠢᠰᠯᠠᠨᠳ᠋᠂ ᠲᠠᠯᠠᠰᠯᠢᠭ ᠪᠠᠯ ᠴᠢᠯᠠᠭᠤ᠂ ᠮᠠᠨᠤ᠂ ᠭᠤᠤ ᠯᠢᠩ ᠰᠢᠷᠤᠢ᠂ ᠸᠠᠭᠠᠷ ᠱᠠᠭᠠᠵᠠᠩ ᠦᠢᠯᠡᠳᠬᠦ ᠳᠤ ᠭᠡᠷᠡᠭᠯᠡᠬᠦ ᠰᠢᠷᠤᠢ ᠶᠢᠨ ᠬᠠᠳᠠᠭᠠᠯᠠᠭᠳᠠᠴᠠ ᠶᠢᠨ ᠭᠡᠮᠵᠢᠶ᠎ᠠ ᠨᠢ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠳᠠᠭᠠᠨ ᠲᠡᠷᠢᠬᠦᠨ ᠳᠤ ᠵᠢᠭᠰᠠᠭᠠᠭᠳᠠᠵᠦ᠂ ᠸᠠᠨᠠᠳᠢ᠂ ᠴᠠᠰᠤᠨ ᠴᠠᠭᠠᠨ ᠬᠤᠵᠢᠷ᠂ ᠬᠤᠵᠢᠷ ᠦᠢᠯᠡᠳᠬᠦ ᠳᠤ ᠭᠡᠷᠡᠭᠯᠡᠬᠦ ᠴᠤᠬᠤᠢ ᠶᠢᠨ ᠴᠢᠯᠠᠭᠤᠯᠢᠭ ᠤᠨ ᠬᠠᠳᠠᠭᠠᠯᠠᠭᠳᠠᠴᠠ ᠶᠢᠨ ᠭᠡᠮᠵᠢᠶ᠎ᠠ ᠨᠢ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠬᠤᠶᠠᠲᠤᠭᠠᠷ ᠲᠤ ᠪᠠᠶᠢᠷᠢᠯᠠᠵᠦ᠂ ᠺᠤᠪᠠᠯᠲ᠂ ᠨᠢᠤᠪᠢ᠂ ᠡᠩ ᠤᠨ ᠬᠠᠶᠢᠯᠤᠭᠤᠷ ᠵᠤᠩᠰᠢ᠂ ᠠᠷᠰᠧᠨ᠂ ᠹᠤᠰᠹᠤᠷ᠂ ᠵᠤᠭᠠᠩ ᠤᠨ ᠬᠠᠳᠠᠭᠠᠯᠠᠭᠳᠠᠴᠠ ᠶᠢᠨ ᠭᠡᠮᠵᠢᠶ᠎ᠠ ᠨᠢ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠭᠤᠷᠪᠠᠲᠤᠭᠠᠷ ᠲᠤ ᠪᠠᠶᠢᠷᠢᠯᠠᠵᠦ ᠪᠤᠢ᠃ ᠪᠦᠬᠦ ᠠᠶᠢᠮᠠᠭ ᠤᠨ ᠲᠠᠪᠠᠭᠤᠯᠢᠭ ᠠᠭᠤᠷᠬᠠᠢ ᠶᠢᠨ ᠭᠠᠷᠤᠯᠳᠠ ᠪᠤᠯ ᠤᠲᠤᠭ᠎ᠠ ᠦᠭᠡᠢ ᠨᠡᠬᠦᠷᠡᠰᠤ᠂ ᠲᠠᠪᠤᠰᠤᠨ ᠠᠭᠤᠷᠬᠠᠢ᠂ ᠠᠯᠳᠠᠨ ᠤ ᠠᠭᠤᠷᠬᠠᠢ᠂ ᠬᠠᠶᠢᠯᠤᠭᠤᠷ ᠵᠤᠩᠰᠢ᠂ ᠲᠠᠯᠠᠰᠯᠢᠭ ᠪᠠᠯ ᠴᠢᠯᠠᠭᠤ᠂ ᠮᠠᠭᠨᠢ ᠬᠠᠶᠢᠯᠤᠭᠤᠯᠬᠤ ᠳᠤ ᠭᠡᠷᠡᠭᠯᠡᠬᠦ ᠴᠠᠭᠠᠨ ᠴᠢᠯᠠᠭᠤᠯᠢᠭ᠂ ᠴᠢᠮᠡᠭᠯᠠᠯ ᠳᠤ ᠭᠡᠷᠡᠭᠯᠡᠬᠦ ᠪᠤᠷᠵᠢᠨ ᠴᠢᠯᠠᠭᠤᠯᠢᠭ᠂ ᠭᠤᠤ ᠯᠢᠩ ᠰᠢᠷᠤᠢ᠂ ᠸᠠᠭᠠᠷ ᠱᠠᠭᠠᠵᠠᠩ ᠦᠢᠯᠡᠳᠬᠦ ᠳᠤ ᠭᠡᠷᠡᠭᠯᠡᠬᠦ ᠰᠢᠷᠤᠢ᠂ ᠴᠢᠯᠠᠭᠤᠨ ᠲᠤᠰᠤ᠂ ᠪᠠᠶᠢᠭᠠᠯᠢ ᠶᠢᠨ ᠰᠢᠳᠠᠮᠠᠬᠠᠢ ᠭᠡᠢ ᠵᠡᠷᠭᠡ ᠪᠤᠯᠤᠨ᠎ᠠ᠃        ᠪᠦᠬᠦ ᠠᠶᠢᠮᠠᠭ ᠤᠨ ᠨᠠᠬᠦᠷᠡᠰᠤᠨ ᠤ ᠡᠬᠢ ᠪᠠᠶᠠᠯᠢᠭ ᠨᠠᠯᠢᠶᠡᠳ ᠡᠯᠪᠡᠭ ᠪᠠᠶᠢᠵᠦ᠂ ᠨᠡᠬᠦᠷᠡᠰᠤᠨ ᠤ ᠲᠦᠷᠦᠯ ᠵᠦᠢᠯ ᠨᠢ ᠪᠦᠷᠢᠨ ᠬᠦᠢᠴᠡᠳ᠂ ᠲᠠᠢ ᠰᠢ ᠶᠢᠨ ᠤᠲᠤᠭ᠎ᠠ ᠦᠭᠡᠢ ᠨᠡᠬᠦᠷᠡᠰᠤ ᠪᠤᠯᠤᠨ ᠭᠡᠤᠷᠠᠰᠤ ᠵᠡᠷᠭᠡ ᠰᠢᠯᠢᠳᠡᠭ ᠴᠢᠨᠠᠷ ᠤᠨ ᠨᠠᠬᠦᠷᠡᠰᠤ ᠪᠠᠷ ᠭᠤᠤᠯ ᠪᠤᠯᠭᠠᠵᠦ᠂ ᠭᠤᠤᠯᠳᠠᠭᠤ ᠠᠯᠠᠱᠨ ᠵᠡᠬᠦᠨ ᠬᠤᠰᠢᠭᠤᠨ ᠤ ᠠᠯᠠᠱᠨ ᠠᠭᠤᠯᠨ᠂ ᠬᠠᠷ᠎ᠠ ᠠᠭᠤᠯᠨ ᠵᠢᠴᠢ ᠠᠯᠠᠱᠨ ᠪᠠᠷᠠᠭᠤᠨ ᠬᠤᠰᠢᠭᠤᠨ ᠤ ᠴᠠᠩ ᠱᠠᠨ ᠠᠭᠤᠯᠠᠨ ᠤ ᠭᠠᠵᠠᠷ ᠤᠷᠤᠨ ᠢᠶᠠᠷ ᠲᠠᠷᠬᠠᠵᠦ᠂ ᠪᠠᠶᠢᠴᠠᠭᠠᠨ ᠲᠤᠲᠤᠯᠠᠭᠰᠠᠨ ᠬᠠᠳᠠᠭᠠᠯᠠᠭᠳᠠᠴᠠ ᠶᠢᠨ ᠭᠡᠮᠵᠢᠶ᠎ᠠ ᠨᠢ 43 ᠳ᠋ᠦᠩᠰᠢᠭᠤᠷ ᠲᠤᠨ ᠳᠤ ᠬᠦᠷᠴᠦ ᠪᠠᠶᠢᠳᠠᠭ᠃ ᠲᠡᠮᠤᠷ ᠢᠶᠠᠷ ᠭᠤᠤᠯ ᠪᠤᠯᠭᠠᠭᠰᠠᠨ ᠬᠠᠷ᠎ᠠ ᠦᠩᠭᠡᠲᠤ ᠲᠡᠮᠦᠷᠯᠢᠭ ᠤᠨ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ  ᠤᠨ ᠬᠠᠳᠠᠭᠠᠯᠠᠭᠳᠠᠴᠠ ᠶᠢᠨ ᠭᠡᠮᠵᠢᠶ᠎ᠠ ᠨᠢ ᠨᠠᠯᠢᠶᠡᠳ ᠡᠯᠪᠡᠭ ᠪᠠᠶᠢᠵᠦ᠂ ᠡᠵᠡᠨ᠎ᠠ ᠬᠤᠰᠢᠭᠤᠨ ᠤ ᠭᠠᠵᠠᠷ ᠤᠷᠤᠨ ᠤ ᠲᠡᠮᠤᠷ ᠤᠨ ᠬᠦᠳᠡᠷ ᠤᠨ ᠪᠠᠶᠠᠯᠢᠭ ᠬᠦᠳᠡᠷ ᠤᠨ ᠬᠠᠷᠢᠴᠠᠯ ᠨᠢ ᠦᠨᠲᠤᠷ᠂ ᠬᠤᠤᠷ ᠲᠠᠢ ᠡᠯᠧᠮᠧᠨ᠋ᠲ ᠤᠨ ᠠᠭᠤᠯᠤᠭᠳᠠᠴᠠ ᠶᠢᠨ ᠭᠡᠮᠵᠢᠶ᠎ᠠ ᠨᠢ ᠲᠤᠤᠷ᠎ᠠ᠂ ᠪᠤᠯᠤᠳ ᠲᠡᠮᠤᠷ ᠤᠨ ᠠᠵᠤ ᠦᠢᠯᠡᠳᠪᠤᠷᠢ ᠶᠢᠨ ᠴᠢᠨᠠᠷ ᠰᠠᠶᠢᠲᠠᠢ ᠲᠦᠬᠦᠭᠡᠢ ᠮᠠᠲ᠋ᠧᠷᠢᠶᠠᠯ ᠪᠤᠯᠤᠨ᠎ᠠ᠃ ᠠᠯᠳᠠ ᠪᠠᠷ ᠭᠤᠤᠯ ᠪᠤᠯᠭᠠᠭᠰᠠᠨ ᠦᠨᠠᠲᠤ ᠲᠡᠮᠦᠷᠯᠢᠭ ᠤᠨ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ ᠤᠨ ᠲᠡᠯᠳᠠ ᠬᠦᠴᠦᠨ ᠶᠡᠭᠡ ᠪᠠᠶᠢᠵᠦ᠂ ᠨᠠᠶᠢᠳᠠ ᠢᠯᠡᠷᠡᠬᠦᠯᠦᠭᠰᠡᠨ ᠠᠯᠳᠠᠨ ᠤ ᠠᠭᠤᠷᠬᠠᠢ ᠶᠢᠨ ᠭᠠᠷᠤᠯᠳᠠ ᠶᠢᠨ ᠭᠠᠵᠠᠷ 25 ᠪᠠᠶᠢᠵᠦ᠂ ᠪᠠᠶᠢᠴᠠᠭᠠᠨ ᠲᠤᠲᠤᠯᠤᠭᠰᠠᠨ ᠬᠠᠳᠠᠭᠠᠯᠠᠭᠳᠠᠴᠠ ᠶᠢᠨ ᠭᠡᠮᠵᠢᠶ᠎ᠠ ᠨᠢ 101 ᠲᠤᠨ ᠪᠤᠯᠤᠨ᠎ᠠ᠃ ᠡᠵᠡᠨ᠎ᠠ ᠬᠤᠰᠢᠭᠤᠨ ᠤ ᠬᠤᠶᠢᠲᠤ ᠠᠭᠤᠯᠠᠨ ᠤ ᠠᠭᠤᠷᠬᠠᠢ ᠪᠦᠷᠢᠯᠲᠤᠭ᠍ᠰᠠᠨ ᠪᠦᠰᠡ ᠪᠤᠯ ᠠᠯᠳᠠ᠂ ᠵᠡᠰ᠂ ᠮᠤᠯᠢᠪᠳᠧᠨ᠂ ᠬᠠᠷ᠎ᠠ ᠲᠤᠭᠤᠯᠭ᠎ᠠ᠂ ᠴᠠᠶᠢᠷ ᠵᠡᠷᠭᠡ ᠦᠩᠭᠡᠲᠤ ᠲᠡᠮᠦᠷᠯᠢᠭ ᠤᠨ ᠭᠤᠤᠯ ᠭᠠᠵᠠᠷ ᠤᠷᠤᠨ ᠪᠠᠶᠢᠵᠦ᠂ ᠮᠠᠨ ᠤ ᠤᠯᠤᠰ ᠤᠨ ᠴᠢᠬᠤᠯᠨ ᠦᠩᠭᠡᠲᠤ ᠲᠡᠮᠦᠷᠯᠢᠭ ᠤᠨ ᠬᠠᠶᠢᠯᠳᠠ ᠶᠢᠨ ᠤᠷᠤᠨ᠂  ᠠᠭᠤᠷᠬᠠᠢ ᠬᠠᠶᠢᠬᠤ ᠲᠠᠯᠳᠠ ᠬᠦᠴᠦᠨ ᠲᠤᠶᠢᠯ ᠤᠨ ᠶᠡᠭᠡ ᠪᠠᠶᠢᠨ᠎ᠠ᠃ ᠲᠡᠮᠦᠷᠯᠢᠭ ᠪᠤᠰᠤ ᠠᠭᠤᠷᠬᠠᠢ ᠶᠢᠨ ᠭᠠᠷᠤᠯᠳᠠ  ᠨᠢ ᠲᠤᠶᠢᠯ ᠤᠨ ᠶᠡᠭᠡ ᠤᠨᠴᠠᠯᠢᠭ ᠲᠠᠢ᠂ ᠡᠬᠢ ᠪᠠᠶᠠᠯᠢᠭ ᠤᠨ ᠲᠠᠪᠠᠭᠤᠯᠢᠭ ᠨᠢ ᠢᠯᠡᠳᠳᠡ ᠪᠠᠶᠢᠵᠦ᠂ ᠲᠠᠯᠠᠰᠯᠢᠭ ᠪᠠᠯ ᠴᠢᠯᠠᠭᠤ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠭᠡᠮᠵᠢᠶ᠎ᠠ ᠨᠢ ᠭᠡᠪᠴᠢᠶ᠎ᠠ ᠪᠠᠷ ᠲᠤᠶᠢᠯ ᠤᠨ ᠶᠡᠭᠡ ᠪᠠᠶᠢᠵᠦ᠂ ᠪᠦᠲᠤᠭᠡᠭᠳᠡᠬᠦᠨ ᠤ ᠲᠡᠰ ᠨᠢ ᠰᠢᠯᠢᠳᠡᠭ᠂ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠭᠡᠮᠵᠢᠶ᠎ᠠ ᠨᠢ 2475 ᠲᠦᠮᠨᠨ ᠲᠤᠨ ᠢ ᠪᠠᠲᠤᠯᠠᠵᠦ᠂ ᠭᠤᠤᠯᠳᠠᠭᠤ ᠠᠯᠠᠱᠨ ᠵᠡᠬᠦᠨ ᠬᠤᠰᠢᠭᠤᠨ ᠤ ᠴᠠᠭᠠᠠᠮᠤᠬᠤᠷ ᠪᠠ ᠬᠤᠶᠠᠷᠬᠤᠳᠲᠤᠭ  ᠤᠨ ᠬᠦᠳᠡᠭᠡ ᠪᠠᠷ ᠲᠠᠷᠬᠠᠵᠦ ᠪᠤᠢ︔ ᠴᠢᠮᠡᠭᠯᠡᠯ ᠳᠤ ᠭᠡᠷᠡᠭᠯᠡᠬᠦ ᠪᠤᠷᠵᠢᠨ ᠴᠢᠯᠠᠭᠤᠨ ᠤ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠭᠡᠮᠵᠢᠶ᠎ᠠ ᠨᠢ ᠲᠤᠶᠢᠯ ᠤᠨ ᠶᠡᠭᠡ ᠪᠠᠶᠢᠵᠦ᠂ ᠠᠯᠠᠱᠨ ᠵᠡᠬᠦᠨ ᠬᠤᠰᠢᠭᠤᠨ ᠤ ᠪᠠᠶᠠᠠᠨᠢᠷᠤᠭᠤᠨ ᠤ ᠴᠢᠮᠡᠭᠯᠡᠯ ᠳᠤ ᠭᠡᠷᠡᠭᠯᠡᠬᠦ ᠪᠤᠷᠵᠢᠨ ᠴᠢᠯᠠᠭᠤ ᠪᠠᠷ ᠢᠶᠠᠨ ᠨᠠᠷ᠎ᠠ ᠠᠯᠳᠠᠷᠰᠢᠵᠦ ᠪᠠᠶᠢᠨ᠎ᠠ︔ ᠡᠩ ᠤᠨ ᠬᠠᠶᠢᠯᠤᠭᠤᠷ ᠵᠤᠩᠰᠢ  ᠨᠢ ᠠᠯᠠᠱᠨ ᠪᠠᠷᠠᠭᠤᠨ ᠬᠤᠰᠢᠭᠤ᠂ ᠡᠵᠡᠨ᠎ᠠ ᠬᠤᠰᠢᠭᠤᠨ ᠳᠤ ᠦᠷᠭᠡᠨ ᠢᠶᠠᠷ ᠲᠠᠷᠬᠠᠵᠦ ᠪᠤᠢ︔ ᠦᠭᠡᠬᠦᠨ ᠴᠢᠯᠠᠭᠤᠨ ᠡᠯᠡᠰᠤ᠂ ᠱᠠᠭᠠᠵᠠᠩ ᠮᠦᠬᠦᠯᠢᠭ ᠲᠤ ᠭᠡᠷᠡᠭᠰᠡᠬᠦ ᠨᠠᠩᠬᠢ ᠰᠢᠷᠤᠢ ᠨᠢ ᠠᠯᠠᠱᠨ ᠵᠡᠬᠦᠨ ᠬᠤᠰᠢᠭᠤᠨ ᠤ ᠵᠢᠷᠭᠠᠯᠰᠠᠶᠢᠬᠠᠨ ᠪᠠᠯᠭᠠᠰᠤ ᠪᠠ ᠲᠡᠭᠷᠢ ᠡᠯᠡᠰᠤ ᠪᠠᠯᠭᠠᠰᠤᠨ ᠤ ᠤᠶᠢᠷ᠎ᠠ ᠬᠠᠪᠢ ᠢᠶᠠᠷ ᠦᠷᠭᠡᠨ ᠲᠠᠷᠬᠠᠵᠦ ᠪᠤᠢ᠂ ᠡᠬᠢ ᠪᠠᠶᠠᠯᠢᠭ ᠤᠨ ᠲᠠᠪᠠᠭᠤᠯᠢᠭ ᠢᠯᠡᠷᠭᠡᠢ᠂ ᠮᠦᠨᠴᠦ ᠠᠵᠤ ᠦᠢᠯᠡᠰ ᠤᠨ ᠰᠠᠭᠤᠷᠢᠨ ᠭᠠᠵᠠᠷ ᠪᠤᠢ ᠪᠤᠯᠪᠠ︔ ᠴᠢᠯᠠᠭᠤᠨ ᠲᠤᠰᠤ᠂ ᠪᠠᠶᠢᠭᠠᠯᠢ ᠶᠢᠨ ᠰᠢᠳᠠᠮᠠᠬᠠᠢ ᠭᠡᠢ ᠶᠢᠨ ᠬᠠᠶᠢᠨ ᠪᠠᠶᠢᠴᠠᠭᠠᠯᠳᠠ ᠨᠢᠭᠡᠨᠳᠡ ᠰᠢᠪᠲᠤᠯᠤᠯᠳᠠ ᠲᠠᠢ ᠪᠤᠯᠵᠦ᠂ ᠴᠢᠬᠤᠯᠨ ᠶᠡᠭᠡ ᠦᠷ᠎ᠠ ᠪᠦᠲᠤᠮᠵᠢ ᠤᠯᠬᠤ ᠪᠤᠯᠤᠮᠵᠢ ᠲᠠᠢ ᠪᠠᠶᠢᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号