ᠠᠯᠠᠱᠠ ᠶᠢᠨ ᠲᠤᠮᠳᠠᠳᠤ ᠮᠤᠩᠭᠤᠯ ᠤᠨ ᠰᠢᠷᠪᠤᠰᠤᠨ ᠴᠢᠯᠠᠭᠤᠨ ᠤ ᠦᠵᠡᠰᠭᠦᠯᠡᠩ ᠬᠤᠳᠠᠯᠳᠤᠭ᠎ᠠ ᠡᠬᠢᠯᠡᠯ᠎ᠡ
ᠨᠡᠶᠢᠲᠡᠯᠡᠭᠰᠡᠨ ᠴᠠᠭ᠄
2019/12/4
                          ᠥᠵᠡᠰᠬᠦᠯᠠᠩ ᠬᠤᠳᠠᠯᠳᠤᠭ᠎ᠠ ᠶᠢᠨ ᠬᠥᠭᠵᠢᠶᠡᠨ ᠲᠠᠢ ᠪᠠᠶᠢᠳᠠᠯ᠃       12 ᠰᠠᠷ᠎ᠠ ᠶᠢᠨ 1 ᠤ ᠡᠳᠤᠷ᠂ ᠲᠠᠩᠬᠢᠰ ᠺᠤᠮᠫᠠᠨᠢ ᠠᠴᠠ ᠭᠤᠤᠯᠯᠠᠨ ᠡᠷᠬᠢᠯᠡᠵᠦ᠂ ᠠᠯᠠᠱᠠ ᠠᠶᠢᠮᠠᠭ ᠤᠨ ᠰᠢᠷᠪᠤᠰᠤᠨ ᠴᠢᠯᠠᠭᠤᠨ ᠤ ᠨᠡᠶᠢᠭᠡᠮᠯᠢᠭ ᠠᠴᠠ ᠲᠠᠭᠠᠭᠠᠴᠢᠯᠠᠨ ᠡᠷᠬᠢᠯᠡᠵᠦ ᠪᠠᠶᠢᠭ᠎ᠠ ᠠᠯᠠᠱᠠ ᠶᠢᠨ ᠠᠩᠬᠠᠳᠠᠭᠴᠢ ᠣᠳᠠᠭᠠᠨ ᠤ ᠲᠤᠮᠳᠠᠳᠤ ᠮᠤᠩᠭᠤᠯ ᠤᠨ ᠰᠢᠷᠪᠤᠰᠤᠨ ᠴᠢᠯᠠᠭᠤᠨ ᠤ ᠦᠵᠡᠰᠭᠦᠯᠡᠩ ᠬᠤᠳᠠᠯᠳᠤᠭ᠎ᠠ ᠪᠠᠶᠠᠨᠬᠤᠳᠠᠨ᠎ᠠ ᠡᠬᠢᠯᠡᠯ᠎ᠡ᠃        ᠲᠤᠰ ᠤᠳᠠᠭᠠᠨ ᠤ ᠦᠵᠡᠰᠭᠦᠯᠡᠩ ᠬᠤᠳᠠᠯᠳᠤᠭ᠎ᠠ ᠳᠤ ᠲᠤᠮᠳᠠᠳᠤ ᠮᠤᠩᠭᠤᠯ ᠤᠨ 130 ᠭᠠᠷᠤᠢ ᠴᠢᠯᠠᠭᠤᠨ ᠤ ᠲᠤᠷ᠎ᠡ ᠪᠠᠭ᠋ᠠᠳᠠᠨ ᠵᠢᠴᠢ ᠠᠷᠠᠯᠵᠢᠶᠠᠴᠢᠨ ᠴᠤᠭᠯᠠᠷᠠᠨ᠂ ᠡᠬᠦᠨ ᠳᠤ ᠡᠷᠢᠶᠠᠨ ᠬᠤᠳᠠ᠂ ᠪᠠᠶᠠᠨᠨᠠᠭᠤᠷ ᠬᠤᠳᠠ᠂ ᠢᠷᠭᠠᠢ ᠬᠤᠳᠠ ᠵᠡᠷᠭᠡ 10 ᠭᠠᠷᠤᠢ ᠭᠠᠵᠠᠷ ᠤᠷᠤᠨ ᠤ ᠬᠠᠴᠢᠨ ᠴᠢᠯᠠᠭᠤᠨ ᠤ ᠨᠡᠶᠢᠭᠡᠮᠯᠢᠭ ᠤᠨ ᠬᠡᠰᠢᠭᠦᠳ ᠬᠦᠷᠦᠯᠴᠡᠨ ᠢᠷᠡᠭᠰᠡᠨ ᠪᠦᠭᠡᠳ ᠮᠤᠩᠭᠤᠯ ᠤᠯᠤᠰ ᠠᠴᠠ 60 ᠭᠠᠷᠤᠢ ᠬᠥᠮᠤᠨ ᠢᠷᠡᠵᠦ᠂ ᠬᠤᠳᠠᠯᠳᠤᠭ᠎ᠠ ᠨᠢ 12 ᠰᠠᠷ᠎ᠠ ᠶᠢᠨ 1 ᠤ ᠡᠳᠤᠷ ᠠᠴᠠ 7 ᠤ ᠡᠳᠤᠷ ᠪᠤᠯᠳᠠᠯ᠎ᠠ ᠶᠠᠪᠤᠭᠳᠠᠬᠤ ᠪᠠᠷ ᠲᠤᠭᠳᠠᠭᠠᠳ ᠪᠤᠢ᠃ ᠲᠠᠩᠬᠢᠰ ᠺᠤᠮᠫᠠᠨᠢ ᠶᠢᠨ ᠶᠡᠷᠤᠩᠬᠡᠢ ᠲᠠᠭᠠᠭᠠᠮᠠᠯ ᠬᠡᠤᠬᠡᠨ ᠤ ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠦᠵᠡᠰᠭᠦᠯᠡᠩ ᠬᠤᠳᠠᠯᠳᠤᠭ᠎ᠠ ᠶᠢ 2 ᠰᠠᠷ᠎ᠠ ᠬᠢᠷᠢᠲᠠᠢ ᠪᠡᠯᠡᠳᠭᠡᠵᠦ᠂ ᠲᠤᠮᠳᠠᠳᠤ ᠮᠤᠩᠭᠤᠯ ᠬᠤᠶᠠᠷ ᠤᠯᠤᠰ ᠤᠨ ᠬᠠᠴᠢᠨ ᠴᠢᠯᠠᠭᠤᠨ ᠤ ᠰᠤᠯᠢᠯᠴᠠᠭ᠎ᠠ ᠶᠢ ᠦᠷᠭᠡᠳᠭᠡᠵᠦ᠂ ᠴᠢᠨᠠᠬᠰᠢᠳᠠ ᠠᠯᠠᠱᠠ ᠨᠤᠲᠤᠭ ᠤᠨ ᠬᠠᠴᠢᠨ ᠴᠢᠯᠠᠭᠤᠨ ᠤ ᠨᠡᠷ᠎ᠡ ᠨᠦᠯᠦᠭᠡ ᠶᠢ ᠤᠯᠠᠮ ᠲᠡᠭᠡᠭᠰᠢᠯᠡᠭᠦᠯᠵᠦ᠂ ᠬᠤᠶᠠᠷ ᠤᠯᠤᠰ ᠤᠨ ᠴᠢᠯᠠᠭᠤᠨ ᠤ ᠰᠤᠯᠢᠯᠴᠠᠭᠠᠨ ᠳᠤ ᠰᠢᠨ᠎ᠡ ᠬᠦᠭᠵᠢᠯᠲᠡ ᠶᠢ ᠪᠤᠢ ᠪᠤᠯᠭᠠᠬᠤ ᠶᠢ ᠵᠤᠷᠢᠵᠦ ᠪᠠᠶᠢᠭ᠎ᠠ ᠪᠦᠭᠡᠳ ᠰᠡᠭᠦᠯᠡᠷ ᠪᠠᠶᠢᠩᠭᠤ ᠶᠠᠪᠤᠭᠳᠠᠭᠤᠯᠬᠤ ᠪᠠᠷ ᠲᠦᠯᠦᠪᠯᠡᠵᠦ ᠪᠠᠶᠢᠭ᠎ᠠ ᠠᠵᠢ᠃                                                        (ᠵᠣᠬᠢᠶᠠᠭᠴᠢ᠄ ᠪᠤᠯᠤᠷᠰᠤᠪᠤᠳ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号