ᠠᠯᠠᠱᠠ ᠠᠶᠢᠮᠠᠭ ᠤᠨ ᠳᠡᠭᠡᠳᠦ ᠲᠠᠰ ᠤᠨ ᠴᠢᠳᠠᠪᠤᠷᠢᠳᠠᠨ ᠤ ᠲᠤᠭ᠎ᠠ 2799 ᠳᠤ ᠬᠦᠷᠤᠯ᠎ᠠ
ᠨᠡᠶᠢᠲᠡᠯᠡᠭᠰᠡᠨ ᠴᠠᠭ᠄
2019/12/5
      ᠡᠨᠡ ᠵᠢᠯ ᠠᠴᠠ ᠨᠠᠰᠢ᠂ ᠮᠠᠨ ᠤ ᠠᠶᠢᠮᠠᠭ ᠰᠢ ᠶᠢᠨ ᠫᠢᠡᠭ ᠶᠡᠷᠦᠩᠬᠡᠢ ᠱᠦᠵᠢ ᠶᠢᠨ ᠴᠢᠳᠠᠪᠤᠷᠢᠳᠠᠨ ᠤ ᠠᠵᠢᠯ ᠳᠤ ᠲᠠᠯᠪᠢᠭᠰᠠᠨ ᠴᠢᠬᠤᠯᠠ ᠦᠬᠦᠯᠡᠮᠵᠢ ᠶᠢ ᠬᠢᠨᠠᠮᠠᠭᠠᠢ ᠲᠤᠤᠱᠯᠠᠭᠤᠯᠵᠦ᠂ ᠴᠢᠳᠠᠪᠤᠷᠢᠳᠠᠨ ᠢ ᠬᠡᠷᠡᠭᠯᠡᠬᠦ ᠪᠠ ᠬᠦᠮᠦᠵᠢᠬᠦᠯᠬᠦ ᠠᠵᠢᠯ ᠢ ᠲᠡᠬᠡᠲᠦ ᠬᠡᠮᠵᠢᠶ᠎ᠠ ᠪᠠᠷ ᠴᠢᠬᠤᠯᠠᠴᠢᠯᠠᠨ᠂ ᠴᠢᠳᠠᠪᠤᠷᠢᠳᠠᠨ ᠤ ᠦᠢᠯᠡᠴᠢᠯᠡᠭᠡ ᠪᠠ ᠡᠩᠨᠡᠬᠡᠨ ᠤ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠵᠦ᠂ ᠡᠯ᠎ᠠ ᠠᠵᠢᠯ ᠲᠦᠷᠦᠯ ᠳᠤ ᠴᠢᠳᠠᠪᠤᠷᠢᠳᠠᠨ ᠤ ᠪᠠᠳᠤᠯᠠᠭ᠎ᠠ ᠬᠠᠨᠭ᠍ᠭᠠᠭᠰᠠᠨ ᠪᠠᠶᠢᠨ᠎ᠠ᠃       ᠡᠨᠡ ᠵᠢᠯ᠂ ᠮᠠᠨ ᠤ ᠠᠶᠢᠮᠠᠭ ᠴᠢᠳᠠᠪᠤᠷᠢᠳᠠᠨ ᠢ ᠲᠦᠷᠦᠯ ᠬᠤᠪᠢᠶᠠᠨ ᠬᠢᠨᠠᠨ ᠦᠨᠡᠯᠡᠬᠦ ᠲᠦᠷᠢᠮ ᠢ ᠠᠬᠢᠭᠤᠯᠵᠦ᠂ ᠬᠦᠮᠦᠨ ᠬᠡᠷᠡᠭᠯᠡᠬᠦ ᠵᠦᠪ ᠤᠨᠤᠪᠴᠢᠳᠡᠢ ᠤᠳᠤᠷᠢᠳᠤᠮᠵᠢ ᠶᠢ ᠪᠤᠢ ᠪᠤᠯᠭᠠᠨ᠂ ᠴᠢᠳᠠᠪᠤᠷᠢᠳᠠᠨ ᠤ ᠰᠢᠨ᠎ᠠ ᠶᠢ ᠡᠬᠦᠳᠬᠦ ᠢᠳᠡᠪᠬᠢᠵᠢᠯ ᠢ ᠲᠠᠶᠢᠴᠢᠯᠠᠬᠤ ᠶᠢᠨ ᠲᠤᠰᠠᠳᠠ᠂ ︽ᠠᠯᠠᠱᠠ ᠠᠶᠢᠮᠠᠭ ᠤᠨ ᠴᠢᠳᠠᠪᠤᠷᠢᠳᠠᠨ ᠢ ᠲᠦᠷᠦᠯ ᠬᠤᠪᠢᠶᠠᠨ ᠬᠢᠨᠠᠨ ᠦᠨᠡᠯᠡᠬᠦ ᠲᠦᠷᠢᠮ ᠤᠨ ᠦᠬᠡᠷᠡᠴᠢᠯᠠᠯᠳᠠ ᠶᠢ ᠬᠡᠷᠡᠭᠵᠢᠬᠦᠯᠬᠦ ᠰᠠᠨᠠᠯ︾ ᠢ ᠲᠠᠷᠤᠮᠠᠯᠯᠠᠨ ᠲᠠᠷᠬᠠᠭᠠᠵᠠᠢ᠃ ᠡᠬᠦᠨ ᠤ ᠬᠠᠮᠲᠦ᠂ ᠮᠠᠨ ᠤ ᠠᠶᠢᠮᠠᠭ ᠴᠢᠳᠠᠪᠤᠷᠢᠳᠠᠨ ᠤ ᠠᠵᠢᠯ ᠢ ᠦᠷᠬᠦᠯᠵᠢᠯᠡᠨ ᠠᠬᠢᠭᠤᠯᠵᠦ᠂ ᠭᠠᠳᠠᠨ᠎ᠠ ᠤᠷᠤᠨ ᠤ ᠴᠢᠳᠠᠪᠤᠷᠢᠳᠠᠨ ᠢ ᠤᠷᠢᠨ ᠬᠡᠷᠡᠭᠯᠡᠬᠦ ᠠᠵᠢᠯ ᠢ ᠲᠤᠬᠠᠢ ᠶᠢᠨ ᠭᠠᠵᠡᠷ ᠤᠨ ᠴᠢᠳᠠᠪᠤᠷᠢᠳᠠᠨ ᠢ ᠬᠦᠮᠦᠵᠢᠬᠦᠯᠬᠦ ᠠᠵᠢᠯ ᠲᠠᠢ ᠨᠢᠠᠠᠳᠠ ᠤᠶᠠᠯᠳᠤᠭᠤᠯᠬᠤ ᠶᠢᠨ ᠲᠤᠰᠠᠳᠠ᠂ ᠤᠯᠤᠰ ᠪᠠ ᠦᠪᠡᠷᠳᠡᠬᠡᠨ ᠵᠠᠰᠠᠬᠤ ᠤᠷᠤᠨ ᠳᠤ ᠡᠯ᠎ᠠ ᠲᠦᠷᠦᠯ ᠤᠨ ᠲᠤᠰᠬᠠᠢ ᠮᠡᠷᠬᠡᠵᠢᠯ ᠤᠨ ᠴᠢᠳᠠᠪᠤᠷᠢᠳᠠᠨ ᠢ ᠰᠤᠩᠭᠤᠨ ᠰᠢᠯᠭᠠᠷᠠᠭᠤᠯᠬᠤ ᠪᠠ ᠪᠤᠯᠪᠠᠰᠤᠷᠠᠯ ᠤᠨ ᠲᠦᠯᠦᠪᠵᠢᠬᠦᠯᠬᠡ ᠶᠢ ᠢᠳᠡᠪᠬᠢᠳᠡᠢ ᠭᠤᠶᠤᠴᠢᠯᠠᠵᠦ᠂ ︽ᠤᠯᠤᠰ ᠤᠨ 2019 ᠤᠨ ᠤ ᠮᠢᠩᠭᠠᠨ ᠵᠠᠭᠤ ᠴᠢᠳᠠᠪᠤᠷᠢᠳᠠᠨ ᠤ ᠢᠨᠵᠧᠨᠧᠷᠢᠩ︾ ︽ᠦᠪᠦᠷ ᠮᠤᠩᠭᠤᠯ ᠤᠨ ᠰᠤᠳᠤᠨ ᠴᠢᠳᠠᠪᠤᠷᠢᠳᠠᠨ︾ ︽ᠦᠪᠡᠷᠳᠡᠬᠡᠨ ᠵᠠᠰᠠᠬᠤ ᠤᠷᠤᠨ ᠤ ᠲᠤᠪᠤᠶᠢᠮ᠎ᠠ ᠵᠢᠳᠬᠦᠯ ᠦᠵᠡᠬᠦᠯᠦᠭᠰᠡᠨ ᠲᠤᠰᠬᠠᠢ ᠮᠡᠷᠬᠡᠵᠢᠯᠳᠠᠨ︾ ︽ᠦᠪᠡᠷᠳᠡᠬᠡᠨ ᠵᠠᠰᠠᠬᠤ ᠤᠷᠤᠨ ᠤ ᠰᠢᠨ᠎ᠠ ᠴᠠᠭ ᠦᠶ᠎ᠡ ᠶᠢᠨ 321 ᠴᠢᠳᠠᠪᠤᠷᠢᠳᠠᠨ ᠤ ᠢᠨᠵᠧᠨᠧᠷᠢᠩ︾ ᠪᠠ ︽ᠦᠪᠦᠷ ᠮᠤᠩᠭᠤᠯ ᠤᠨ ᠴᠦᠬᠡᠨ ᠲᠤᠭᠠᠲᠦ ᠦᠨᠳᠦᠰᠦᠳᠠᠨ ᠤ ᠲᠤᠰᠬᠠᠢ ᠮᠡᠷᠬᠡᠵᠢᠯ ᠤᠨ ᠴᠢᠳᠠᠪᠤᠷᠢᠳᠠᠨ ᠢ ᠬᠦᠮᠦᠵᠢᠬᠦᠯᠬᠦ ᠲᠦᠯᠦᠪᠵᠢᠬᠦᠯᠬᠡ︾ ᠲᠤᠳᠤᠷᠡᠬᠢ 42 ᠬᠦᠮᠦᠨ ᠢ ᠠᠮᠵᠢᠯᠳᠠ ᠲᠠᠢ ᠲᠠᠨᠢᠯᠴᠠᠭᠤᠯᠵᠠᠢ᠃ ᠡᠬᠦᠨ ᠳᠤ᠂ ᠦᠪᠦᠷ ᠮᠤᠩᠭᠤᠯ ᠤᠨ ᠯᠠᠨ ᠲᠠᠢ ᠨᠠᠲᠷᠢ ᠶᠢᠨ ᠦᠢᠯᠡᠰ ᠤᠨ ᠺᠤᠮᠫᠠᠨᠢ ᠶᠢᠨ ᠸᠠᠩ ᠴᠸᠡᠭ ᠵᠢᠶᠦ᠋ᠨ᠂ ᠠᠯᠠᠱᠠ ᠵᠡᠬᠦᠨ ᠬᠤᠰᠢᠭᠤᠨ ᠤ ᠤᠢ ᠰᠢᠭᠤᠢ ᠶᠢᠨ ᠠᠵᠢᠯ ᠤᠨ ᠦᠷᠳᠡᠬᠡᠨ ᠤ ᠯᠢᠤ ᠬᠤᠨᠭ᠌ ᠢ ᠶᠢ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ 2019 ᠤᠨ ᠤ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠪᠤᠶᠢᠮ᠎ᠠ ᠵᠢᠳᠬᠦᠯ ᠦᠵᠡᠬᠦᠯᠦᠭᠰᠡᠨ ᠲᠤᠰᠬᠠᠢ ᠮᠡᠷᠬᠡᠵᠢᠯᠳᠠᠨ︾ ᠢᠶᠠᠷ ᠦᠨᠡᠯᠡᠵᠠᠢ︔ ᠠᠶᠢᠮᠠᠭ ᠤᠨ ᠤᠢ ᠰᠢᠭᠤᠢ ᠡᠯᠡᠰᠦ ᠶᠢ ᠵᠠᠰᠠᠬᠤ ᠰᠣᠳᠣᠯᠭᠠᠨ ᠤ ᠭᠠᠵᠡᠷ ᠤᠨ ᠡᠦ ᡁᠢ ᠪᠦᠸᠧ ︽ᠦᠪᠡᠷᠳᠡᠬᠡᠨ ᠵᠠᠰᠠᠬᠤ ᠤᠷᠤᠨ ᠤ ᠰᠢᠨ᠎ᠠ ᠴᠠᠭ ᠦᠶ᠎ᠡ ᠶᠢᠨ 321 ᠴᠢᠳᠠᠪᠤᠷᠢᠳᠠᠨ ᠤ ᠢᠨᠵᠧᠨᠧᠷᠢᠩ︾ ᠤᠨ ᠨᠢᠬᠡᠳᠦᠬᠡᠷ ᠲᠠᠰ ᠤᠨ ᠴᠢᠳᠠᠪᠤᠷᠢᠳᠠᠨ ᠢᠶᠠᠷ ᠰᠤᠩᠭᠤᠭᠳᠠᠵᠦ᠂ ᠲᠤᠮᠳᠠᠲᠦ ᠤᠯᠤᠰ ᠤᠨ ᠵᠢᠷᠡᠳᠡᠢ ᠲᠠᠪᠤᠰᠤ ᠬᠢᠮᠢ ᠶᠢᠨ ᠪᠦᠯᠦᠭᠯᠡᠯ ᠺᠤᠮᠫᠠᠨᠢ ᠶᠢᠨ ᠸᠠᠩ ᠭᠤᠸᠠᠩ ᠪᠢᠨ ᠪᠠ ᠠᠶᠢᠮᠠᠭ ᠤᠨ ᠤᠢ ᠰᠢᠭᠤᠢ ᠡᠯᠡᠰᠦ ᠶᠢ ᠵᠠᠰᠠᠬᠤ ᠰᠣᠳᠣᠯᠭᠠᠨ ᠤ ᠭᠠᠵᠡᠷ ᠤᠨ ᠵᠤᠤ ᠴᠧᠨ ᠭᠤᠸᠠᠩ ︽ᠦᠪᠡᠷᠳᠡᠬᠡᠨ ᠵᠠᠰᠠᠬᠤ ᠤᠷᠤᠨ ᠤ ᠰᠢᠨ᠎ᠠ ᠴᠠᠭ ᠦᠶ᠎ᠡ  ᠶᠢᠨ 321 ᠴᠢᠳᠠᠪᠤᠷᠢᠳᠠᠨ ᠤ ᠢᠨᠵᠧᠨᠧᠷᠢᠩ︾ ᠤᠨ ᠬᠤᠶᠠᠳᠤᠭᠠᠷ ᠲᠠᠰ ᠤᠨ ᠴᠢᠳᠠᠪᠤᠷᠢᠳᠠᠨ ᠢᠶᠠᠷ ᠰᠤᠩᠭᠤᠭᠳᠠᠭᠰᠠᠨ ᠪᠠᠶᠢᠨ᠎ᠠ᠃        ᠤᠳᠤᠬᠠᠨ ᠳᠤ᠂ ᠪᠦᠬᠦ ᠠᠶᠢᠮᠠᠭ ᠲᠤ ᠨᠠᠶᠢᠳᠠ 5.3 ᠲᠦᠮᠡᠨ ᠴᠢᠳᠠᠪᠤᠷᠢᠳᠠᠨ ᠲᠠᠢ ᠪᠤᠯᠵᠤ᠂ ᠪᠦᠬᠦ ᠠᠶᠢᠮᠠᠭ ᠤᠨ ᠪᠦᠬᠦ ᠬᠦᠮᠦᠨ ᠠᠮᠠ ᠶᠢᠨ 21.6% ᠶᠢ ᠡᠵᠡᠯᠡᠨ᠂ ᠲᠤᠰᠬᠠᠢ ᠮᠡᠷᠬᠡᠵᠢᠯ ᠤᠨ 14573 ᠴᠢᠳᠠᠪᠤᠷᠢᠳᠠᠨ ᠲᠠᠢ᠃ ᠡᠬᠦᠨ ᠳᠤ᠂ ᠠᠩᠬ᠎ᠠ ᠵᠡᠷᠬᠡ ᠶᠢᠨ ᠮᠡᠷᠬᠡᠵᠢᠯ ᠤᠨ ᠴᠤᠯᠠ ᠲᠠᠢ 6805 ᠴᠢᠳᠠᠪᠤᠷᠢᠳᠠᠨ᠂ ᠳᠣᠮᠳᠠᠳᠣ ᠵᠡᠷᠬᠡ ᠶᠢᠨ ᠮᠡᠷᠬᠡᠵᠢᠯ ᠤᠨ ᠴᠤᠯᠠ ᠲᠠᠢ 5064 ᠬᠦᠮᠦᠨ ᠪᠠ ᠲᠡᠬᠡᠲᠦ ᠵᠡᠷᠬᠡ ᠶᠢᠨ ᠮᠡᠷᠬᠡᠵᠢᠯ ᠤᠨ ᠴᠤᠯᠠ ᠲᠠᠢ 2704 ᠴᠢᠳᠠᠪᠤᠷᠢᠳᠠᠨ ᠪᠠᠭᠳᠠᠵᠦ ᠪᠤᠢ᠃ ᠪᠦᠬᠦ ᠠᠶᠢᠮᠠᠭ ᠤᠨ ᠳᠡᠭᠡᠳᠦ ᠲᠠᠰ ᠤᠨ ᠴᠢᠳᠠᠪᠤᠷᠢᠳᠠᠨ ᠤ ᠡᠩᠨᠡᠭᠡ ᠲᠠᠰᠤᠷᠠᠯᠳᠠ ᠦᠬᠡᠢ ᠪᠤᠵᠠᠭᠠᠢᠢᠷᠡᠵᠦ᠂ 2799 ᠴᠢᠳᠠᠪᠤᠷᠢᠳᠠᠨ ᠲᠠᠢ ᠪᠤᠯᠵᠠᠢ᠃ ᠡᠬᠦᠨ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠤᠨᠴᠠ ᠨᠦᠬᠦᠪᠦᠷᠢ ᠶᠢ ᠬᠦᠷᠳᠡᠵᠦ ᠪᠠᠶᠢᠭ᠎ᠠ 7 ᠴᠢᠳᠠᠪᠤᠷᠢᠳᠠᠨ᠂ ᠦᠪᠡᠷᠳᠡᠬᠡᠨ ᠵᠠᠰᠠᠬᠤ ᠤᠷᠤᠨ ᠤ ᠲᠤᠪᠤᠶᠢᠮ᠎ᠠ ᠵᠢᠳᠬᠦᠯ ᠦᠵᠡᠬᠦᠯᠦᠭᠰᠡᠨ 12 ᠴᠢᠳᠠᠪᠤᠷᠢᠳᠠᠨ᠂ ᠵᠠᠯᠠᠭᠤᠴᠤᠳ ᠤᠨ ᠰᠢᠨ᠎ᠠ ᠶᠢ ᠡᠬᠦᠳᠦᠭᠰᠡᠨ 1 ᠴᠢᠳᠠᠪᠤᠷᠢᠳᠠᠨ᠂ 13 ᠲᠠᠯ᠎ᠠ ᠨᠤᠳᠤᠭ ᠤᠨ ᠴᠢᠳᠠᠪᠤᠷᠢᠳᠠᠨ᠂ 52 ᠠᠯᠠᠱᠠ ᠶᠢᠨ ᠴᠢᠳᠠᠪᠤᠷᠢᠳᠠᠨ᠂ ︽ᠰᠢᠨ᠎ᠠ ᠴᠠᠭ ᠦᠶ᠎ᠡ ᠶᠢᠨ 321 ᠴᠢᠳᠠᠪᠤᠷᠢᠳᠠᠨ︾ ᠳᠤ 42 ᠴᠢᠳᠠᠪᠤᠷᠢᠳᠠᠨ᠂ ︽111︾ ᠠᠵᠦ ᠠᠬᠤᠢᠢᠯᠠᠯ ᠳᠤ 3 ᠴᠢᠳᠠᠪᠤᠷᠢᠳᠠᠨ ᠪᠠᠭᠳᠠᠵᠦ ᠪᠤᠢ᠃ ᠪᠦᠬᠦ ᠠᠶᠢᠮᠠᠭ ᠤᠨ ᠳᠡᠭᠡᠳᠦ ᠲᠠᠰ ᠤᠨ ᠴᠢᠳᠠᠪᠤᠷᠢᠳᠠᠨ ᠤ ᠲᠤᠭ᠎ᠠ ︽ᠠᠷᠪᠠᠨ ᠬᠤᠶᠠᠳᠤᠭᠠᠷ ᠲᠠᠪᠤᠨ ᠵᠢᠯ︾ ᠠᠴᠠ 6% ᠪᠠᠷ ᠨᠡᠮᠡᠭᠳᠡᠵᠦ᠂ ᠪᠦᠬᠦ ᠠᠶᠢᠮᠠᠭ ᠤᠨ ᠠᠵᠦ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠳᠤ ᠴᠢᠳᠠᠪᠤᠷᠢᠳᠠᠨ ᠤ ᠪᠠᠳᠤᠯᠠᠭ᠎ᠠ ᠬᠠᠨᠭ᠍ᠭᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号