ᠭᠤᠪᠢ ᠶᠢᠨ ᠴᠡᠴᠡᠷᠯᠢᠭ ᠤᠨ ᠭᠠᠷᠠᠭ ᠤᠨ ᠨᠢᠭᠡᠨ
ᠨᠡᠶᠢᠲᠡᠯᠡᠭᠰᠡᠨ ᠴᠠᠭ᠄
2019/12/5
       ᠡᠭᠡᠯᠢᠲᠦ ᠨᠠᠷᠠ ᠡᠬᠡ ᠭᠠᠵᠠᠷ ᠢ ᠳᠤᠯᠠᠭᠠᠯᠠᠬᠤ ᠪᠠᠷ ᠠᠯᠠᠱᠠ ᠵᠡᠭᠦᠨ ᠬᠤᠰᠢᠭᠤᠨ ᠤ ᠥᠯᠵᠡᠢ ᠰᠤᠮᠤᠨ ᠤ ᠮᠤᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠠᠴᠠ ᠬᠦᠬᠡᠷᠦᠬᠦᠨ ᠴᠣᠪᠣᠭᠤᠯᠢᠭ ᠠᠶᠠᠯᠭᠤ ᠳᠠᠭᠤᠨ ᠬᠠᠩᠭᠢᠨᠠᠵᠤ᠂ ᠥᠩᠬᠡ ᠶᠢᠨ ᠲᠡᠷᠯᠢᠭ ᠢᠶᠠᠷ ᠢᠶᠠᠨ ᠭᠤᠶᠤᠭᠰᠠᠨ ᠴᠣᠪᠤᠭᠤ ᠳᠡᠭᠵᠢᠨ ᠬᠡᠦᠬᠡᠳ ᠴᠡᠩᠭᠡᠯᠳᠦᠨ ᠭᠦᠶᠥᠯᠳᠦᠵᠦ᠂ ᠰᠤᠷᠭᠠᠭᠤᠯᠢ ᠶᠢᠨ ᠬᠦᠷᠢᠶ᠎ᠡ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ᠭᠠᠷᠠᠭ ᠤᠨ ᠠᠮᠠᠷᠠᠯᠲᠠ ᠶᠢᠨ ᠳᠠᠷᠠᠭ᠎ᠠ ᠰᠤᠷᠭᠠᠭᠤᠯᠢ ᠳᠠᠭᠠᠨ ᠢᠷᠡᠵᠦ ᠪᠠᠶᠢᠭ᠎ᠠ ᠬᠡᠦᠬᠡᠳ ᠳᠡᠭᠦᠦᠨᠠᠷ ᠮᠠᠨᠢ ᠪᠠᠭᠰᠢ ᠶᠢᠨ ᠢᠶᠠᠨ ᠳᠠᠭᠠᠭᠤᠯᠭ᠎ᠠ ᠳᠣᠣᠷ᠎ᠠ ᠰᠤᠷᠭᠠᠭᠤᠯᠢ ᠶᠢᠨ ᠬᠦᠷᠢᠶᠡᠨ ᠤ ᠪᠠᠨ ᠬᠤᠭ ᠨᠣᠪᠰᠢ ᠶᠢ ᠴᠡᠪᠡᠷᠯᠡᠵᠦ᠂ ᠬᠠᠷᠠᠬᠠᠨ ᠪᠠᠭ᠎ᠠ ᠠᠴᠠ ᠪᠠᠨ ᠠᠵᠢᠯ ᠬᠦᠳᠡᠯᠮᠦᠷᠢ ᠳᠤ ᠪᠡᠶᠡᠴᠢᠯᠡᠨ ᠣᠷᠣᠯᠴᠠᠬᠤ ᠶᠢᠨ ᠬᠠᠪᠤ ᠴᠡᠩᠭᠡᠯ ᠢ ᠡᠳ᠋ᠯᠡᠨ᠎ᠡ᠃        ᠶᠢᠰᠦᠨ ᠴᠠᠭ ᠬᠠᠭᠠᠰ ᠤᠨ ᠦᠶ᠎ᠡ ᠪᠠᠷ ᠰᠤᠷᠭᠠᠭᠤᠯᠢ ᠶᠢᠨ ᠬᠦᠷᠢᠶᠡᠨ ᠳᠤ ᠤᠯᠤᠰ ᠤᠨ ᠰᠦᠯᠳᠡ ᠳᠠᠭᠤᠤ ᠬᠠᠩᠭᠢᠨᠠᠬᠤ ᠪᠠᠷ ᠲᠡᠷᠯᠢᠭ ᠢᠶᠠᠷ ᠢᠶᠠᠨ ᠭᠤᠶᠤᠭᠰᠠᠨ ᠬᠦᠭᠡᠷᠦᠬᠦᠨ ᠳᠡᠭᠦᠦᠨᠠᠷ ᠤᠯᠤᠰ ᠤᠨ ᠲᠤᠭ ᠤᠨ ᠢᠶᠠᠨ ᠡᠮᠦᠨ᠎ᠡ ᠬᠦᠷᠴᠦ ᠵᠢᠭᠲᠡᠷᠡᠨ ᠵᠤᠭᠰᠤᠵᠤ ᠭᠠᠷᠠᠭ ᠤᠨ ᠨᠢᠭᠡᠨ ᠪᠣᠯᠭᠠᠨ ᠳᠤ ᠵᠤᠷᠰᠢᠯ ᠶᠣᠰᠤᠭᠠᠷ ᠶᠠᠪᠤᠭᠳᠠᠳᠠᠭ ᠤᠯᠤᠰ ᠤᠨ ᠲᠤᠭ ᠮᠠᠨᠳᠤᠭᠤᠯᠬᠤ ᠶᠤᠰᠤᠯᠠᠯ ᠳᠤ ᠣᠷᠣᠯᠴᠠᠭᠰᠠᠨ ᠪᠠᠶᠢᠨ᠎ᠠ᠃ᠥᠯᠵᠡᠢ ᠰᠤᠮᠤᠨ ᠤ ᠮᠤᠩᠭᠤᠯ ᠥᠨᠳᠦᠰᠦᠲᠡᠨ ᠤ ᠬᠡᠦᠬᠡᠳ ᠤᠨ ᠴᠡᠴᠡᠷᠯᠢᠭ ᠭᠡᠵᠦ 2003 ᠣᠨ ᠤ 3 ᠰᠠᠷ᠎ᠠ ᠶᠢᠨ 10 ᠤ ᠡᠳᠦᠷ ᠪᠠᠶᠢᠭᠤᠯᠤᠭᠳᠠᠵᠤ᠂ 2015 ᠣᠨ ᠳᠤ ᠠᠯᠪᠠᠨ ᠠᠴᠠ ᠡᠷᠬᠢᠯᠡᠭᠰᠡᠨ ᠴᠡᠴᠡᠷᠯᠢᠭ ᠪᠣᠯᠤᠭᠰᠠᠨ ᠪᠠᠶᠢᠨ᠎ᠠ᠃ ᠣᠳᠣᠬᠠᠨ ᠳᠤ ᠲᠣᠰ ᠴᠡᠴᠡᠷᠯᠢᠭ ᠲᠤ ᠢᠩᠭᠡᠨ ᠰᠤᠮᠤ᠂ ᠤᠨᠳᠤᠷᠤᠯᠲᠤ ᠪᠠᠯᠭᠠᠰᠤ᠂ ᠠᠯᠠᠱᠠ ᠪᠠᠷᠠᠭᠤᠨ ᠬᠤᠰᠢᠭᠤᠨ ᠤ ᠠᠯᠳ᠋ᠬᠠᠤᠪᠤᠭ᠎ᠠ ᠪᠠᠯᠭᠠᠰᠤ᠂ ᠳᠠᠩᠰᠤᠭᠪᠤᠯᠠᠭ ᠰᠤᠮᠤ ᠠᠴᠠ ᠢᠷᠡᠭᠰᠡᠨ 3 ᠠᠩᠭᠢ᠂ 43 ᠰᠤᠷᠤᠭᠴᠢ ᠲᠠᠢ ᠪᠠᠶᠢᠵᠤ᠂ ᠨᠡᠶᠢᠲᠡ 15 ᠪᠠᠭᠰᠢ ᠠᠵᠢᠯᠲᠠᠨ ᠲᠠᠢ᠃         ᠮᠠᠯᠵᠢᠬᠤ ᠤᠷᠤᠨ ᠤ ᠭᠡᠦᠭᠡᠳ ᠤᠨ ᠰᠤᠷᠭᠠᠭᠤᠯᠢ ᠳᠤ ᠰᠠᠭᠤᠬᠤ ᠳᠤ ᠳᠦᠬᠦᠮ ᠦᠵᠡᠬᠦᠯᠬᠦ ᠶᠢᠨ ᠳᠦᠯᠦᠭᠡ ᠲᠣᠰ ᠴᠡᠴᠡᠷᠯᠢᠭ ᠲᠤ ᠪᠠᠰᠠ ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠥᠯᠵᠡᠢ ᠰᠣᠮᠣᠨ ᠤ ᠮᠤᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠲᠠᠬᠢ ᠵᠢᠭᠠᠨ ᠰᠤᠷᠭᠠᠯᠲᠠ ᠶᠢᠨ ᠴᠡᠭ ᠪᠠᠶᠢᠭᠤᠯᠵᠠᠢ᠃ ᠦᠨᠦ ᠵᠢᠯ ᠠᠴᠠ ᠲᠣᠰ ᠵᠢᠭᠠᠨ ᠰᠤᠷᠭᠠᠯᠲᠠ ᠶᠢᠨ ᠴᠡᠭ ᠨᠢ ᠨᠢᠭᠡᠳᠦᠭᠡᠷ ᠤᠨ ᠳᠠᠭᠠᠨ 7 ᠬᠡᠦᠬᠡᠳ ᠡᠯᠰᠡᠵᠦ᠂ ᠲᠤᠷᠰᠢᠯᠭ᠎ᠠ ᠰᠠᠶᠢᠨ 2 ᠪᠠᠭᠰᠢ ᠲᠣᠬᠢᠷᠠᠭᠤᠯᠤᠭᠰᠠᠨ ᠪᠠᠶᠢᠨ᠎ᠠ᠃         — ᠥᠨᠳᠦᠰᠦᠨ ᠱᠠᠲᠤᠨ ᠳᠤ ᠵᠢᠭᠠᠨ ᠰᠤᠷᠭᠠᠯᠲᠠ ᠶᠢᠨ ᠴᠡᠭ ᠪᠠᠶᠢᠭᠤᠯᠵᠤ ᠪᠠᠶᠢᠭ᠎ᠠ ᠨᠢ ᠬᠡᠦᠬᠡᠳ ᠢᠶᠠᠨ ᠣᠩᠭᠤᠨ ᠪᠠᠶᠢᠭᠠᠯᠢ᠂ ᠤᠤᠭᠠᠯ ᠰᠣᠶᠣᠯ᠂ ᠠᠮᠢᠳᠤᠷᠠᠯ ᠬᠦᠳᠡᠯᠮᠦᠷᠢ ᠲᠠᠢ ᠨᠢ ᠣᠶᠢᠷᠠᠬᠠᠨ ᠪᠠᠶᠢᠯᠭᠠᠵᠤ᠂ ᠬᠡᠦᠬᠡᠳ ᠲᠡᠭᠡᠨ ᠮᠤᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠢᠶᠠᠨ ᠦᠨᠡᠨ ᠮᠦᠨ ᠢᠶᠠᠷ ᠨᠢ ᠤᠯᠠᠮᠵᠢᠯᠠᠨ ᠵᠠᠯᠭᠠᠮᠵᠢᠯᠠᠭᠤᠯᠬᠤ ᠶᠢᠨ ᠲᠦᠯᠦᠭᠡ ᠶᠤᠮ ᠭᠡᠵᠦ ᠨᠢᠭᠡᠳᠦᠭᠡᠷ ᠣᠨ ᠤ ᠠᠩᠭᠢ ᠶᠢᠨ ᠡᠷᠬᠢᠯᠡᠭᠴᠢ᠂ ᠮᠤᠩᠭᠤᠯ ᠬᠡᠯᠡᠨ ᠤ ᠬᠢᠴᠢᠶᠡᠯ ᠢ ᠬᠠᠪᠰᠤᠷᠭᠠᠵᠤ ᠪᠠᠶᠢᠭ᠎ᠠ ᠬᠠᠰᠠᠭᠤᠯᠠ ᠪᠠᠭᠰᠢ ᠶᠠᠷᠢᠨ᠎ᠠ᠃         ᠦᠯᠵᠠᠢ ᠰᠤᠮᠤᠨ ᠠᠴᠠ 600 ᠭᠠᠷᠤᠢ ᠺᠢᠯᠣᠮᠧᠲᠷ ᠵᠠᠢ ᠲᠠᠢ ᠪᠠᠶᠢᠳᠠᠭ ᠣᠨᠳᠣᠷᠤᠯᠲᠤ ᠪᠠᠯᠭᠠᠰᠤ ᠠᠴᠠ ᠢᠷᠡᠭᠰᠡᠨ ᠨᠢᠭᠡᠳᠦᠭᠡᠷ ᠣᠨ ᠤ ᠰᠤᠷᠤᠭᠴᠢ ᠰᠠᠷᠠᠭᠤᠯᠬᠦᠦ ᠶᠢᠨ ᠠᠪᠠᠭ᠎ᠠ ᠡᠵᠢ ᠨᠢ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠮᠠᠨ ᠤ ᠬᠡᠦᠬᠡᠳ ᠢᠶᠠᠨ ᠪᠠᠶᠠᠨᠬᠤᠲᠠ ᠳᠠᠬᠢ ᠴᠡᠴᠡᠷᠯᠢᠭ ᠲᠤ ᠰᠠᠭᠤᠯᠭᠠᠭᠰᠠᠨ ᠴᠢᠨᠢ ᠬᠢᠲᠡᠳ ᠢᠶᠠᠷ ᠶᠠᠷᠢᠭᠠᠳ ᠪᠣᠯᠬᠤ ᠦᠭᠡᠢ᠃ ᠥᠯᠵᠡᠢ ᠰᠤᠮᠤ ᠳᠤ ᠪᠠᠭ᠎ᠠ ᠰᠤᠷᠭᠠᠭᠤᠯᠢ ᠶᠢᠨ ᠴᠡᠭ ᠪᠠᠶᠢᠭᠤᠯᠤᠭᠰᠠᠨ ᠳᠤ ᠠᠳᠡ ᠠᠪᠤᠭᠠᠳ ᠢᠷᠡᠭᠰᠡᠨ᠃ ᠦᠨᠳᠦᠰᠦᠨ ᠱᠠᠳᠤᠨ ᠤ ᠰᠤᠷᠭᠠᠭᠤᠯᠢ ᠳᠤ ᠰᠠᠭᠤᠯᠭᠠᠬᠤ ᠨᠢ ᠬᠡᠦᠭᠡᠳ ᠤᠨ ᠡᠭᠡ ᠬᠡᠯᠡ ᠪᠠᠷ ᠢᠶᠠᠨ ᠶᠠᠷᠢᠬᠤ ᠴᠢᠳᠠᠪᠤᠷᠢ ᠶᠢ ᠲᠡᠭᠡᠭᠰᠢᠯᠡᠬᠦᠯᠵᠦ ᠴᠢᠳᠠᠬᠤ ᠪᠠᠷ ᠪᠠᠷᠠᠬᠤ ᠦᠭᠡᠢ᠂ ᠮᠦᠨ ᠴᠦ ᠬᠡᠦᠬᠡᠳ ᠢ ᠣᠩᠭᠤᠨ ᠪᠠᠶᠢᠭᠠᠯᠢ ᠲᠠᠢ ᠣᠶᠢᠷᠠᠲᠤᠭᠤᠯᠵᠤ᠂ ᠠᠵᠢᠯ ᠬᠦᠳᠡᠯᠮᠦᠷᠢ ᠳᠤ ᠣᠷᠣᠯᠴᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ ᠴᠢᠳᠠᠨ᠎ᠠ︾ ᠭᠡᠵᠦ ᠶᠠᠷᠢᠵᠤ ᠪᠠᠶᠢᠪᠠ᠃                                          (ᠵᠣᠬᠢᠶᠠᠭᠴᠢ᠄ ᠪᠣᠶᠠᠨᠲᠤ      ᠼᠠᠢ ᠬᠤᠩ)
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号