ᠰᠤᠶᠤᠯ ᠵᠢᠭᠤᠯᠴᠢᠯᠠᠯ ᠢ ᠠᠭᠤᠰᠤᠯᠴᠠᠭᠤᠯᠵᠤ ᠠᠯᠠᠱᠠ ᠶᠢᠨ ᠴᠠᠭᠠᠨ ᠰᠠᠷ᠎ᠠ ᠶᠢᠨ ᠪᠠᠶᠠᠷ ᠪᠠᠭ᠋ᠠᠳᠤᠯ ᠢ ᠤᠢᠢᠯᠠᠭᠠᠨ᠎ᠠ
ᠨᠡᠶᠢᠲᠡᠯᠡᠭᠰᠡᠨ ᠴᠠᠭ᠄
2019/2/13
                                    ᠠᠯᠠᠱᠠ ᠨᠤᠳᠤᠭ ᠤᠨ ᠡᠪᠤᠯ ᠤᠨ ᠦᠵᠠᠮᠵᠢ              ᠮᠠᠨ ᠤ ᠠᠶᠢᠮᠠᠭ ᠤᠨ ᠴᠠᠭᠠᠨ ᠰᠠᠷ᠎ᠠ ᠶᠢᠨ ᠰᠤᠶᠤᠯ ᠵᠢᠭᠤᠯᠴᠢᠯᠠᠯ ᠤᠨ ᠲᠦᠷᠤᠯ ᠦᠨᠢᠷ ᠪᠠᠶᠠᠯᠢᠭ ᠪᠤᠯᠤᠯ᠎ᠠ            ᠨᠠᠶᠢᠳᠠ 14.2 ᠲᠦᠮᠡᠨ ᠬᠦᠮᠦᠨ ︵ᠤᠳᠠᠭ᠎ᠠ︶ ᠢ ᠬᠦᠯᠢᠶᠠᠨ ᠵᠤᠴᠢᠯᠠᠵᠦ ᠵᠢᠭᠤᠯᠴᠢᠯᠠᠯ ᠤᠨ ᠤᠷᠤᠯᠭ᠎ᠠ   1.47 ᠳ᠋ᠦᠡᠭᠰᠢᠭᠤᠷ ᠲᠦᠬᠦᠷᠢᠭ ᠲᠤ ᠬᠦᠷᠴᠠᠢ            2 ᠰᠠᠷ᠎ᠠ ᠶᠢᠨ 11 ᠤ ᠡᠳᠦᠷ᠂ ᠰᠤᠷᠪᠤᠯᠵᠢᠯᠠᠭᠴᠢ ᠠᠶᠢᠮᠠᠭ ᠤᠨ ᠰᠤᠶᠤᠯ ᠵᠢᠭᠤᠯᠴᠢᠯᠠᠯ ᠷᠡᠳᠢᠤ᠋ ᠲᠧᠯᠸᠢᠰ ᠲᠤᠪᠴᠢᠶ᠎ᠠ ᠠᠴᠠ ᠤᠢᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠳᠤ ᠮᠠᠨ ᠤ ᠠᠶᠢᠮᠠᠭ ᠤᠯᠤᠰ ᠤᠨ ᠲᠤᠳᠤᠭᠠᠲᠦ ᠭᠠᠳᠠᠭᠠᠲᠦ ᠶᠢᠨ ᠨᠠᠶᠢᠳᠠ 14.2 ᠲᠦᠮᠡᠨ ᠬᠦᠮᠦᠨ ︵ᠤᠳᠠᠭ᠎ᠠ︶ ᠢ ᠬᠦᠯᠢᠶᠠᠨ ᠵᠤᠴᠢᠯᠠᠵᠦ᠂ 1.47 ᠳ᠋ᠦᠡᠭᠰᠢᠭᠤᠷ ᠲᠦᠬᠦᠷᠢᠭ ᠤᠨ ᠵᠢᠭᠤᠯᠴᠢᠯᠠᠯ ᠤᠨ ᠤᠷᠤᠯᠭ᠎ᠠ ᠡᠬᠦᠳᠦᠨ᠂ ᠠᠳᠠᠯᠢ ᠬᠤᠭᠤᠴᠠᠭ᠎ᠠ ᠠᠴᠠ ᠪᠠᠨ ᠲᠤᠰᠪᠤᠷᠢ 18.3% ᠪᠠ 14.45% ᠪᠠᠷ ᠨᠡᠮᠡᠭᠳᠡᠭᠰᠡᠨ ᠪᠠᠶᠢᠨ᠎ᠠ᠃            ᠱᠠᠩᠬᠠᠢ ᠬᠤᠳᠠ  ᠳᠤ ᠠᠵᠢᠯᠯᠠᠵᠦ ᠪᠠᠶᠢᠭ᠎ᠠ ᠵᠠᠩ ᠭᠦᠸᠧ ᠵᠦᠡᠭ ᠡᠨᠡ ᠵᠢᠯ  ᠤᠨ ᠴᠠᠭᠠᠨ ᠰᠠᠷ᠎ᠠ  ᠳᠤ ᠵᠤᠷᠰᠢᠯ ᠶᠤᠰᠤᠭᠠᠷ ᠠᠯᠠᠱᠠ ᠨᠤᠳᠤᠭ  ᠲᠠᠭᠠᠨ ᠬᠠᠷᠢᠵᠦ ᠠᠪᠤ ᠡᠵᠢ  ᠲᠠᠢ  ᠪᠠᠨ ᠰᠢᠨᠡᠯᠠᠵᠠᠢ᠃ ᠲᠡᠷᠡ ᠬᠡᠯᠡᠬᠦ ᠳᠡᠭᠡᠨ᠂ ᠮᠠᠨ  ᠤ ᠨᠢᠬᠡ ᠬᠡᠷ  ᠤᠨ ᠭᠤᠷᠪᠠᠭᠤᠯᠠ ᠪᠢᠳᠡᠬᠦᠨ  ᠤ ᠡᠳᠦᠷ ᠱᠠᠩᠬᠠᠢ ᠬᠤᠳᠠ  ᠠᠴᠠ ᠪᠠᠶᠠᠨᠬᠤᠳᠠ ᠳᠤ ᠢᠷᠡᠵᠠᠢ᠃ ᠠᠪᠤ ᠡᠵᠢ  ᠶᠢᠨ ᠪᠡᠶ᠎ᠠ ᠮᠠᠬᠠᠪᠤᠳ ᠡᠷᠡᠬᠦᠯ ᠴᠢᠬᠢᠷᠠᠭ᠂ ᠠᠬ᠎ᠠ ᠲᠡᠬᠦᠤ  ᠨᠡᠷ  ᠤᠨ ᠠᠵᠢᠯ ᠦᠢᠯᠡᠰ  ᠨᠢ ᠠᠮᠵᠢᠯᠳᠠ   ᠲᠠᠢ ᠪᠠᠶᠢᠬᠤ  ᠶᠢ ᠦᠵᠡᠬᠡᠳ ᠲᠤᠩ ᠪᠡᠶᠡᠷᠯᠠᠵᠠᠢ᠃ ᠢᠷᠡᠭᠰᠡᠨ  ᠤ ᠲᠠᠷᠠᠭ᠎ᠠ ᠬᠤᠯᠠᠳᠠᠬᠢᠨ  ᠢ ᠲᠤᠭᠳᠠᠭᠠᠭᠴᠢ ᠬᠤᠷᠢᠶ᠎ᠠ᠂ ᠬᠦᠳᠡᠭᠡ ᠭᠠᠳᠠᠭ᠎ᠠ  ᠪᠠᠷ ᠲᠤᠭᠤᠷᠢᠵᠦ ᠵᠤᠭᠠᠯᠠᠨ᠂ ᠪᠠᠶᠠᠨᠬᠤᠳᠠ  ᠶᠢᠨ ᠬᠦᠭᠵᠢᠯᠳᠠ ᠬᠤᠪᠢᠷᠠᠯᠳᠠ  ᠶᠢ ᠤᠢᠢᠯᠠᠭᠠᠭᠰᠠᠨ ᠶᠤᠮ᠃ ᠲᠦᠷᠦᠭᠰᠡᠨ ᠨᠤᠳᠤᠭ  ᠲᠠᠭᠠᠨ ᠬᠠᠷᠢᠵᠦ ᠨᠠᠰᠤᠳᠡᠶᠢᠴᠤᠳ ᠲᠠᠢ   ᠪᠠᠨ ᠬᠠᠮᠲᠦ ᠰᠢᠨᠡᠯᠡᠬᠦ ᠨᠢ ᠰᠡᠳᠬᠢᠯ  ᠳᠤ ᠤᠨᠴᠠ  ᠶᠢᠨ ᠲᠤᠯᠠᠭᠠᠬᠠᠨ ᠬᠡᠮᠡᠨ ᠰᠤᠷᠪᠤᠯᠵᠢᠯᠠᠭᠴᠢ ᠳᠤ ᠦᠪᠡᠷ  ᠤᠨ ᠤᠯᠤᠯᠳᠠ ᠲᠦᠷᠦᠭᠳᠡᠯ ᠢᠶᠠᠨ ᠶᠡᠷᠢᠵᠦ ᠪᠠᠶᠢᠯ᠎ᠠ᠃      ᠴᠠᠭᠠᠨ ᠰᠠᠷ᠎ᠠ ᠶᠢᠨ ᠬᠤᠭᠤᠴᠠᠭᠠᠨ ᠳᠤ᠂ ᠮᠠᠨ ᠤ ᠠᠶᠢᠮᠠᠭ ᠤᠨ ᠵᠢᠭᠤᠯᠴᠢᠯᠠᠯ ᠤᠨ ᠪᠠᠶᠢᠳᠠᠯ ᠠᠴᠠ ᠦᠵᠠᠪᠠᠯ ᠬᠡᠷ ᠪᠦᠯᠢ ᠪᠠᠷ ᠢᠶᠠᠨ ᠲᠤᠭᠤᠷᠢᠨ ᠵᠤᠭᠠᠴᠠᠭᠰᠠᠳ ᠭᠤᠤᠯ ᠪᠠᠶᠢᠷᠢ ᠶᠢ ᠡᠵᠡᠯᠡᠨ᠂ ᠬᠦᠷᠰᠢ ᠵᠡᠷᠬᠡᠯᠡᠳᠡᠭᠡ ᠭᠠᠵᠡᠷ ᠤᠷᠤᠨ ᠤ ᠲᠤᠭᠤᠷᠢᠨ ᠵᠤᠭᠠᠴᠠᠭᠰᠠᠳ ᠮᠡᠳᠡᠭᠳᠡᠮ᠎ᠠ ᠨᠡᠮᠡᠭᠳᠡᠵᠦ᠂ ᠪᠠᠶᠠᠨᠬᠤᠳᠠ ᠶᠢᠨ ᠤᠢᠢᠷ᠎ᠠ ᠬᠠᠪᠢ ᠶᠢᠨ ᠵᠢᠭᠤᠯᠴᠢᠯᠠᠯ ᠤᠨ ᠭᠠᠵᠡᠷ᠂ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠤᠨ ᠭᠠᠵᠡᠷ ᠪᠤᠯᠤᠨ ᠦᠪᠡᠷ ᠲᠡᠭᠡᠨ ᠲᠡᠷᠬᠡ ᠵᠢᠯᠣᠭᠤᠳᠴᠦ ᠲᠤᠭᠤᠷᠢᠨ ᠵᠤᠭᠠᠯᠠᠬᠤ ᠬᠡᠯᠪᠡᠷᠢ ᠨᠢ ᠦᠷᠬᠦᠯᠵᠢᠯᠡᠨ ᠨᠡᠮᠡᠭᠳᠡᠬᠦ ᠬᠠᠨᠳᠤᠰᠢ ᠶᠢ ᠪᠠᠳᠤᠯᠠᠵᠠᠢ᠃ ᠵᠢᠱᠢᠶᠠᠯᠠᠪᠠᠯ᠂ ᠵᠤᠭ᠎ᠠ ᠰᠡᠯᠡᠬᠦᠴᠠᠯ᠂ ᠮᠦᠰᠦ ᠴᠠᠰᠤᠨ ᠳᠤ ᠨᠠᠭᠠᠤᠠᠬᠤ᠂ ᠠᠭᠤᠯᠠ ᠮᠠᠴᠤᠬᠤ ᠵᠡᠷᠬᠡ ᠵᠢᠭᠤᠯᠴᠢᠯᠠᠯ ᠤᠨ ᠲᠦᠷᠦᠯ ᠵᠦᠢᠯ ᠬᠦᠮᠦᠰ ᠤᠨ ᠪᠠᠭ᠋ᠠᠷᠬᠠᠯ ᠢ ᠲᠠᠳᠠᠵᠦ᠂ ᠬᠡᠷ ᠪᠦᠯᠢ ᠪᠠᠷ ᠢᠶᠠᠨ ᠵᠤᠭᠠᠴᠠᠬᠤ᠂ ᠦᠪᠡᠷ ᠲᠡᠭᠡᠨ ᠲᠡᠷᠬᠡ  ᠵᠢᠯᠣᠭᠤᠳᠴᠦ ᠵᠤᠭᠠᠴᠠᠬᠤ ᠬᠦᠮᠦᠰ ᠤᠨ ᠲᠤᠭ᠎ᠠ ᠪᠥᠬᠦ ᠵᠢᠭᠤᠯᠴᠢᠯᠠᠭᠰᠠᠳ ᠤᠨ 70% ᠶᠢ ᠡᠵᠡᠯᠡᠭᠰᠡᠨ ᠪᠠᠶᠢᠨ᠎ᠠ᠃      ᠴᠠᠭᠠᠨ ᠰᠠᠷ᠎ᠠ ᠶᠢᠨ ᠬᠤᠭᠤᠴᠠᠭᠠᠨ ᠤ ᠰᠤᠶᠤᠯ ᠵᠢᠭᠤᠯᠴᠢᠯᠠᠯ ᠤᠨ ᠦᠢᠯᠡᠰ ᠢ ᠲᠦᠯᠬᠢᠨ ᠠᠬᠢᠭᠤᠯᠵᠦ᠂ ᠵᠢᠭᠤᠯᠴᠢᠯᠠᠯ ᠤᠨ ᠤᠷᠤᠯᠭ᠎ᠠ ᠶᠢ ᠨᠡᠮᠡᠭᠳᠡᠬᠦᠯᠬᠦ ᠶᠢᠨ ᠲᠤᠰᠠᠳᠠ ᠮᠠᠨ ᠤ ᠠᠶᠢᠮᠠᠭ ︽ᠰᠤᠶᠤᠯ ᠵᠢᠭᠤᠯᠴᠢᠯᠠᠯ ᠠᠭᠤᠰᠤᠯᠴᠠᠬᠤ · ᠠᠯᠠᠱᠠ ᠶᠢᠨ ᠴᠠᠭᠠᠨ ᠰᠠᠷ᠎ᠠ ᠶᠢᠨ ᠪᠡᠶᠡᠷ ᠪᠠᠭ᠋ᠠᠳᠤᠯ ᠢ ᠤᠢᠢᠯᠠᠭᠠᠬᠤ︾ ᠭᠤᠤᠯ ᠰᠡᠳᠤᠪ ᠤᠨ ᠲᠤᠭᠤᠷᠢᠨ ᠳᠤ᠂ ᠴᠠᠭᠠᠨ ᠰᠠᠷ᠎ᠠ ᠶᠢᠨ ᠰᠢᠷᠢᠰ ᠠᠵᠢᠯᠯᠠᠭ᠎ᠠ ᠲᠤᠬᠢᠷᠠᠭᠤᠯᠵᠦ᠂ ᠲᠤᠭᠤᠷᠢᠨ ᠵᠤᠭᠠᠴᠠᠭᠰᠠᠳ ᠤᠨ ᠰᠤᠨᠢᠷᠬᠠᠯ ᠢ ᠲᠠᠳᠠᠵᠦ ᠴᠢᠳᠠᠵᠠᠢ᠃ ᠵᠢᠱᠢᠶᠠᠯᠠᠪᠠᠯ᠂ ᠴᠠᠭᠠᠨ ᠰᠠᠷ᠎ᠠ ᠶᠢᠨ ᠪᠤᠤᠪᠤ ᠪᠤᠭᠤᠷᠰᠤᠭ ᠤᠨ ᠤᠷᠤᠯᠳᠤᠭᠠᠨ᠂ ᠭᠠᠯ ᠲᠠᠬᠢᠯᠭ᠎ᠠ᠂ ᠴᠠᠮ ᠪᠦᠵᠢᠭ᠂ ᠰᠡᠪᠠᠷᠳᠡᠩ᠂ ᠵᠠᠩᠭᠠᠷ᠂ ᠲᠡᠮᠡᠬᠡᠨ ᠤ ᠰᠤᠶᠤᠯ᠂ ᠬᠠᠳᠠᠨ ᠵᠢᠷᠤᠭ ᠤᠨ ᠰᠤᠶᠤᠯ᠂ ᠤᠷᠠᠨ ᠪᠢᠴᠢᠯᠬᠡ ᠵᠡᠷᠬᠡ ᠬᠦᠷᠢᠶ᠎ᠠ ᠴᠠᠷ᠎ᠠ ᠳᠤ ᠬᠤᠯᠪᠤᠭᠳᠠᠭᠰᠠᠨ 31 ᠲᠦᠷᠦᠯ ᠤᠨ ᠰᠤᠶᠤᠯ ᠵᠢᠭᠤᠯᠴᠢᠯᠠᠯ ᠤᠨ ᠠᠵᠢᠯᠯᠠᠭ᠎ᠠ ᠶᠢ ᠲᠤᠬᠢᠷᠠᠭᠤᠯᠵᠦ᠂ ᠲᠤᠭᠤᠷᠢᠨ ᠵᠤᠭᠠᠴᠠᠭᠰᠠᠳ ᠠᠯᠠᠱᠠ ᠶᠢ ᠪᠠᠶᠠᠳᠠᠨ ᠤᠢᠢᠯᠠᠭᠠᠵᠦ᠂ ᠠᠯᠠᠱᠠ ᠶᠢ ᠤᠬᠠᠭᠤᠯᠬᠤ ᠵᠤᠷᠢᠯᠭ᠎ᠠ ᠳᠠᠭᠠᠨ ᠬᠦᠷᠦᠭᠰᠡᠨ ᠪᠠᠶᠢᠨ᠎ᠠ᠃            ᠬᠤᠯᠠᠳᠠᠬᠢᠨ ᠢ ᠲᠤᠭᠳᠠᠭᠠᠭᠴᠢ ᠬᠤᠷᠢᠶ᠎ᠠ ᠳᠤ ᠪᠤᠯᠤᠭᠰᠠᠨ ︽2019 ᠤᠨ ᠤ ᠡᠪᠤᠯ ᠤᠨ ᠤᠯᠠᠷᠢᠯ ᠤᠨ ᠰᠤᠶᠤᠯ ᠵᠢᠭᠤᠯᠴᠢᠯᠠᠯ ᠤᠨ ᠨᠠᠶᠢᠷ︾ ᠵᠡᠷᠬᠡ ᠰᠢᠷᠢᠰ ᠠᠵᠢᠯᠯᠠᠭ᠎ᠠ᠂ ᠶᠡᠭᠡ ᠭᠤᠪᠢ ᠶᠢᠨ ᠬᠠᠴᠢᠨ ᠴᠢᠯᠠᠭᠤᠨ ᠤ ᠰᠤᠶᠤᠯ ᠤᠨ ᠦᠢᠯᠡᠰ ᠤᠨ ᠬᠦᠷᠢᠶᠠᠯᠠᠩ ᠳᠤ ᠪᠤᠯᠤᠭᠰᠠᠨ ᠴᠠᠰᠤ ᠮᠦᠰᠦᠨ ᠳᠤ ᠨᠠᠭᠠᠳᠬᠤ ᠰᠢᠷᠢᠰ ᠠᠵᠢᠯᠯᠠᠭ᠎ᠠ ᠠᠴᠠ ᠭᠠᠳᠠᠨ᠎ᠠ᠂ ᠪᠦᠬᠦ ᠠᠶᠢᠮᠠᠭ ᠤᠨ ᠨᠤᠮ ᠤᠨ ᠰᠠᠩ᠂ ᠰᠤᠶᠤᠯ ᠤᠨ ᠤᠷᠳᠤᠨ᠂ ᠤᠯᠠᠨ ᠲᠦᠮᠡᠨᠴᠢ ᠣᠷᠠᠯᠢᠭ ᠤᠨ ᠤᠷᠳᠤᠨ ᠴᠦ ᠪᠤᠳᠡᠰ ᠤᠨ ᠪᠤᠰᠤ ᠰᠤᠶᠤᠯ ᠤᠨ ᠦᠪ ᠤᠨ ᠦᠵᠡᠬᠦᠯᠦᠯᠬᠡ᠂ ᠤᠷᠠᠨ ᠪᠢᠴᠢᠯᠬᠡ ᠶᠢᠨ ᠦᠵᠡᠬᠦᠯᠦᠯᠬᠡ᠂ ᠬᠡᠷᠡᠯ ᠵᠢᠷᠤᠭ ᠤᠨ ᠦᠵᠡᠬᠦᠯᠦᠯᠬᠡ ᠵᠡᠷᠬᠡ ᠰᠢᠷᠢᠰ ᠠᠵᠢᠯᠯᠠᠭ᠎ᠠ ᠶᠢ ᠲᠤᠬᠢᠷᠠᠭᠤᠯᠵᠦ᠂ ᠵᠢᠯ ᠴᠠᠭᠠᠨ ᠰᠠᠷ᠎ᠠ ᠶᠢᠨ ᠠᠭᠤᠷ ᠠᠮᠢᠰᠬᠤᠯ ᠢ ᠦᠳᠬᠡᠷᠡᠬᠦᠯᠦᠭᠰᠡᠨ ᠮᠦᠷᠳᠡᠬᠡᠨ ᠰᠤᠶᠤᠯ ᠵᠢᠭᠤᠯᠴᠢᠯᠠᠯ ᠤᠨ ᠵᠠᠬ᠎ᠠ ᠲᠡᠯᠬᠡᠬᠦᠷ ᠢ ᠬᠦᠭᠵᠢᠶᠠᠨ ᠲᠠᠢ  ᠪᠤᠯᠭᠠᠭᠰᠠᠨ ᠪᠠᠶᠢᠨ᠎ᠠ᠃    
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号