ᠡᠵᠡᠨ᠎ᠠ ᠬᠤᠰᠢᠭᠤᠨ ᠤ ᠮᠠᠯᠴᠢᠨ ᠲᠠᠷᠢᠶᠠᠴᠢᠳ 400 ᠲᠦᠮᠡᠨ ᠲᠦᠬᠦᠷᠢᠭ ᠤᠨ ᠵᠢᠭᠤᠯᠴᠢᠯᠠᠯ ᠤᠨ ᠠᠰᠢᠭ ᠬᠤᠪᠢᠶᠡᠷᠢᠯᠡᠯ᠎ᠠ
ᠨᠡᠶᠢᠲᠡᠯᠡᠭᠰᠡᠨ ᠴᠠᠭ᠄
2019/2/28
       ᠵᠢᠷᠤᠭ ᠪᠤᠯ᠂ ᠤᠯᠵᠠ ᠠᠰᠢᠭ ᠬᠤᠪᠢᠳᠠᠨ ᠤᠯᠤᠭᠰᠠᠨ ᠮᠠᠯᠴᠢᠨ ᠲᠠᠷᠢᠶᠠᠴᠢᠳ ᠤᠨ ᠨᠢᠭᠤᠷ ᠲᠤ ᠪᠡᠶᠡᠷ ᠤᠨ ᠮᠦᠰᠢᠶᠡᠲᠦ ᠲᠤᠳᠤᠷᠠᠯ᠎ᠠ᠃ ︵ᠸᠠᠩ ᠵᠢᠶᠠ ᠰᠡᠬᠦᠳᠡᠷᠯᠡᠪᠡ︶             ᠤᠢᠢᠷ᠎ᠠ ᠶᠢᠨ ᠡᠳᠦᠷ᠂ ᠡᠵᠡᠨ᠎ᠠ ᠬᠤᠰᠢᠭᠤᠨ ᠤ 406 ᠡᠷᠤᠭᠡ ᠶᠢᠨ 1000 ᠤᠷᠴᠢᠮ ᠮᠠᠯᠴᠢᠨ ᠲᠠᠷᠢᠶᠠᠴᠢᠨ ᠡᠵᠡᠨ᠎ᠠ ᠬᠤᠰᠢᠭᠤᠨ ᠤ 2018 ᠤᠨ ᠤ ᠵᠢᠭᠤᠯᠴᠢᠯᠠᠯ ᠤᠨ 400 ᠲᠦᠮᠡᠨ ᠲᠦᠬᠦᠷᠢᠭ ᠤᠨ ᠠᠰᠢᠭ ᠤᠯᠵᠠ ᠶᠢ ᠬᠤᠪᠢᠶᠡᠷᠢᠯᠠᠨ ᠤᠯᠵᠠᠢ᠃ ᠡᠵᠡᠨ᠎ᠠ ᠬᠤᠰᠢᠭᠤ ᠵᠢᠭᠤᠯᠴᠢᠯᠠᠯ ᠤᠨ ᠤᠷᠤᠨ ᠤ ᠡᠬᠦᠳᠡᠨ ᠪᠢᠯᠧᠲ ᠤᠨ ᠤᠷᠤᠯᠭ᠎ᠠ ᠶᠢ ᠵᠢᠭᠤᠯᠴᠢᠯᠠᠯ ᠤᠨ ᠤᠷᠤᠨ ᠲᠤᠳᠤᠷ᠎ᠠ ᠪᠠᠶᠢᠭ᠎ᠠ ᠮᠠᠯᠴᠢᠨ ᠲᠠᠷᠢᠶᠠᠴᠢᠨ ᠳᠤ 6 ᠵᠢᠯ ᠲᠠᠷᠠᠭᠠᠯᠠᠨ ᠬᠤᠪᠢᠶᠠᠨ ᠦᠭᠴᠦ᠂ ᠨᠢᠬᠡᠨᠳᠠ 1500 ᠭᠠᠷᠤᠢ ᠲᠦᠮᠡᠨ ᠲᠦᠬᠦᠷᠢᠭ ᠢ ᠲᠠᠷᠬᠠᠭᠠᠭᠰᠠᠨ ᠪᠠᠶᠢᠨ᠎ᠠ᠃             ᠤᠢᠢᠷ᠎ᠠ ᠶᠢᠨ ᠵᠢᠯ ᠠᠴᠠ᠂ ᠡᠵᠨᠨ᠎ᠠ ᠬᠤᠰᠢᠭᠤ ᠵᠢᠭᠤᠯᠴᠢᠯᠠᠯ ᠤᠨ ᠦᠢᠯᠡᠰ ᠢ ᠮᠠᠯᠴᠢᠨ ᠲᠠᠷᠢᠶᠠᠴᠢᠨ ᠤ ᠠᠮᠢᠳᠤᠷᠠᠯ ᠦᠢᠯᠡᠳᠪᠤᠷᠢᠯᠡᠯ ᠲᠠᠢ ᠨᠢᠠᠠᠳᠠ ᠬᠤᠯᠪᠤᠨ ᠬᠦᠭᠵᠢᠬᠦᠯᠵᠦ᠂ ᠮᠠᠯᠴᠢᠨ ᠲᠠᠷᠢᠶᠠᠴᠢᠳ ᠤᠨ ᠵᠢᠭᠤᠯᠴᠢᠯᠠᠯ ᠤᠨ ᠦᠢᠯᠡᠰ ᠲᠤ ᠤᠷᠤᠯᠴᠠᠬᠤ ᠢᠳᠡᠪᠬᠢᠵᠢᠯ ᠢ ᠲᠠᠶᠢᠴᠢᠯᠠᠨ᠂ ᠲᠠᠳᠡᠨᠡᠷ ᠤᠨ ᠤᠷᠤᠯᠭ᠎ᠠ ᠶᠢ ᠨᠡᠮᠡᠭᠳᠡᠬᠦᠯᠦᠭᠰᠡᠬᠡᠷ ᠢᠷᠡᠵᠠᠢ᠃       ᠬᠡᠳᠦᠨ ᠵᠢᠯ ᠤᠨ ᠴᠢᠷᠮᠠᠶᠢᠯᠭ᠎ᠠ ᠪᠠᠷ᠂ ᠵᠢᠭᠤᠯᠴᠢᠯᠠᠯ ᠤᠨ ᠦᠢᠯᠡᠰ ᠨᠢ ᠨᠢᠬᠡᠨᠳᠠ ᠡᠵᠡᠨ᠎ᠠ ᠬᠤᠰᠢᠭᠤᠨ ᠤ ᠲᠤᠯᠭᠠᠭᠤᠷᠢ ᠦᠢᠯᠡᠰ ᠤᠨ ᠨᠢᠬᠡ ᠪᠤᠯᠵᠦ᠂ ᠵᠦᠪᠬᠡᠨ 2018 ᠤᠨ ᠳᠤ ᠨᠠᠶᠢᠳᠠ 702.22 ᠲᠦᠮᠡᠨ ᠲᠤᠭᠤᠷᠢᠨ ᠵᠤᠭᠠᠴᠠᠭᠰᠠᠳ ︵ᠤᠳᠠᠭ᠎ᠠ︶ ᠢ ᠬᠦᠯᠢᠶᠠᠨ ᠵᠤᠴᠢᠯᠠᠵᠦ᠂ ᠵᠢᠭᠤᠯᠴᠢᠯᠠᠯ ᠤᠨ ᠤᠷᠤᠯᠭ᠎ᠠ 68.19 ᠳ᠋ᠦᠡᠭᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭ᠎ᠠ ᠠᠴᠠ ᠪᠠᠨ ᠲᠤᠰᠪᠤᠷᠢ 37% ᠪᠤᠯᠤᠨ 30% ᠪᠠᠷ ᠨᠡᠮᠡᠭᠳᠡᠵᠠᠢ᠃       ᠡᠬᠦᠨ ᠤ ᠬᠠᠮᠲᠦ ᠡᠵᠨᠨ᠎ᠠ ᠬᠤᠰᠢᠭᠤᠨ ᠤ ᠵᠠᠰᠠᠭ ᠤᠨ ᠤᠷᠳᠤᠨ ︽ᠨᠠᠮ ᠤᠨ ᠡᠬᠦᠷ + ᠵᠢᠭᠤᠯᠴᠢᠯᠠᠯ ᠤᠨ ᠠᠵᠦ ᠠᠬᠤᠢᠢᠯᠠᠯ + ᠬᠤᠷᠰᠢᠶᠠᠵᠢᠯ + ᠮᠠᠯᠴᠢᠨ ᠲᠠᠷᠢᠶᠠᠴᠢᠨ︾  ᠬᠡᠮᠡᠬᠦ ᠬᠦᠭᠵᠢᠯᠳᠠ ᠶᠢᠨ ᠬᠡᠯᠪᠡᠷᠢ ᠪᠠᠷ ᠲᠠᠮᠵᠢᠨ ᠵᠢᠭᠤᠯᠴᠢᠯᠠᠯ ᠤᠨ ᠦᠢᠯᠡᠰ ᠢ ᠬᠦᠭᠵᠢᠬᠦᠯᠵᠦ᠂ ᠮᠠᠯᠴᠢᠨ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠦᠨ ᠶᠠᠳᠠᠭᠤ ᠠᠴᠠ ᠠᠩᠬᠢᠵᠢᠷᠠᠬᠤ ᠳᠤ ᠪᠠᠳᠤᠯᠠᠭ᠎ᠠ ᠬᠠᠨᠭ᠍ᠭᠠᠭᠰᠠᠨ ᠪᠠᠶᠢᠨ᠎ᠠ᠃  
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号