2019 ᠣᠨ ᠤ ᠠᠶᠢᠮᠠᠭ ᠤᠨ ᠨᠠᠮ ᠤᠨ ᠬᠤᠷᠢᠶᠠᠨ ᠤ(ᠦᠷᠭᠡᠳᠭᠡᠭᠰᠡᠨ)ᠬᠤᠷᠠᠯ ᠳᠡᠭᠡᠷᠡᠬᠢ ᠶᠠᠷᠢᠶ᠎ᠠ | ᠠᠶᠢᠮᠠᠭ ᠤᠨ ᠳᠠᠷᠤᠭ᠎ᠠ ᠳᠠᠶᠢᠴᠢᠨ | ︵2019 ᠤᠨ ᠤ 1 ᠰᠠᠷ᠎ᠠ ᠶᠢᠨ 7 ᠤ ᠡᠲᠤᠷ︶ | | | ᠰᠠᠶ᠋ᠢ᠂ ᠶᠠᠩ ᠪᠦᠸᠧ ᠱᠦᠵᠢ ᠶᠠᠷᠢᠶᠠᠨ ᠳᠠᠭᠠᠨ ᠦᠩᠭᠡᠷᠡᠭᠰᠡᠨ ᠨᠢᠭᠡ ᠵᠢᠯ ᠤᠨ ᠮᠠᠨ ᠤ ᠠᠶᠢᠮᠠᠭ ᠤᠨ | ᠠᠵᠤ ᠠᠬᠤᠢ ᠨᠠᠶᠢᠭᠡᠮ ᠤᠨ ᠬᠦᠭᠵᠢᠯᠳᠡ ᠳᠤ ᠤᠯᠤᠭᠰᠠᠨ ᠭᠤᠤᠯ ᠠᠮᠵᠢᠯᠳᠠ ᠪᠦᠲᠤᠮᠵᠢ ᠶᠢ ᠪᠦᠬᠦ ᠲᠠᠯ᠎ᠠ ᠪᠠᠷ | ᠳ᠋ᠦᠩᠨᠠᠵᠦ᠂ ᠦᠵᠠᠯ ᠰᠠᠨᠠᠭ᠎ᠠ ᠪᠠᠨ ᠴᠢᠯᠦᠭᠡᠯᠡᠬᠦ ᠶᠢ ᠪᠠᠷᠢᠮᠳᠠᠯᠠᠬᠤ ᠲᠤᠬᠠᠢ ᠴᠢᠬᠤᠯᠨ ᠦᠬᠦᠯᠡᠯᠳᠡ ᠪᠠ ᠪᠤᠳᠠᠲᠠᠢ | ᠱᠠᠭᠠᠷᠳᠠᠯᠭ᠎ᠠ ᠶᠢ ᠲᠤᠲᠤᠷᠬᠠᠢ ᠲᠤᠷᠠᠳᠴᠦ᠂ ᠡᠬᠦᠨ ᠤ ᠬᠠᠮᠲᠤ ᠰᠢᠨ᠎ᠠ ᠨᠢᠭᠡᠨ ᠵᠢᠯ ᠳᠤ ᠠᠯᠠᠱᠨ ᠶᠢᠨ ᠴᠢᠨᠠᠷ | ᠰᠠᠶᠢᠲᠡᠢ ᠬᠦᠭᠵᠢᠯᠳᠡ ᠶᠢ ᠲᠦᠯᠬᠢᠨ ᠠᠬᠢᠭᠤᠯᠬᠤ ᠲᠤᠬᠠᠢ ᠨᠠᠷᠢᠨ ᠨᠢᠮᠪᠠᠢ ᠪᠠᠶᠢᠷᠢᠯᠠᠭᠤᠯᠤᠯᠳᠠ ᠭᠢᠪᠠ᠂ ᠤᠯᠠᠨ ᠢᠶᠠᠷ | ᠢᠶᠠᠨ ᠨᠠᠷᠢᠨ ᠬᠢᠨᠠᠮᠠᠭᠠᠢ ᠰᠤᠷᠤᠯᠴᠠᠵᠦ᠂ ᠬᠦᠨᠵᠡᠭᠡᠢ ᠤᠶᠢᠯᠠᠭᠠᠵᠦ᠂ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠭᠡᠷᠡᠭᠲᠡᠢ᠃ ᠲᠤᠤᠷ᠎ᠠ᠂ ᠪᠢ ᠭᠡᠲᠤᠨ ᠲᠠᠯ᠎ᠠ ᠶᠢᠨ ᠰᠠᠨᠠᠯ ᠢᠶᠠᠨ ᠶᠠᠷᠢᠶ᠎ᠠ᠃ | ᠨᠢᠭᠡ᠂ 2018 ᠤᠨ ᠤ ᠠᠵᠢᠯ ᠤᠨ ᠡᠷᠬᠢᠴᠡᠬᠦᠯᠦᠯ | ᠦᠩᠭᠡᠷᠡᠭᠰᠡᠨ ᠨᠢᠭᠡ ᠵᠢᠯ ᠳᠤ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠲᠤᠨ ᠪᠠ ᠠᠶᠢᠮᠠᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠲᠤᠷᠢᠲᠤᠯᠭ᠎ᠠ ᠲᠤᠤᠷ᠎ᠠ᠂ ᠪᠦᠬᠦ ᠠᠶᠢᠮᠠᠭ ᠤᠨ | ᠲᠡᠭᠡᠷ᠎ᠠ ᠲᠤᠤᠷᠠᠲᠤ ᠱᠠᠲᠤᠨ ᠤ ᠬᠢᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠲᠤ ᠤᠯᠤᠰ ᠤᠨ | ᠤᠨᠴᠠᠯᠢᠭ ᠪᠦᠬᠦᠢ ᠨᠠᠶᠢᠭᠡᠮ ᠵᠢᠷᠤᠮ ᠤᠨ ᠦᠵᠠᠯ ᠰᠠᠨᠠᠭ᠎ᠠ ᠪᠠ ᠨᠠᠮ ᠤᠨ ᠠᠷᠪᠠᠨ ᠶᠢᠰᠤᠲᠤᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ | ᠶᠠᠷᠤᠩᠭᠡᠢ ᠬᠦᠭ ᠠᠶᠠᠰ ᠢ ᠪᠠᠷᠢᠮᠳᠠᠯᠠᠵᠦ᠂ ᠬᠦᠴᠢᠷ ᠢ ᠲᠠᠪᠠᠨ ᠪᠡᠷᠭᠡ ᠶᠢ ᠲᠤᠭᠤᠯᠵᠦ᠂ ᠡᠷᠡᠮᠡᠭᠡᠶᠢᠯᠡᠨ ᠤᠷᠤᠭᠰᠢᠯᠠᠵᠦ᠂ | ᠠᠵᠤ ᠠᠬᠤᠢ ᠦᠷᠬᠦᠯᠵᠢᠯᠠᠨ ᠡᠷᠡᠬᠦᠯ ᠢᠶᠠᠷ ᠬᠦᠭᠵᠢᠬᠦ ᠪᠠ ᠨᠠᠶᠢᠭᠡᠮ ᠤᠨ ᠶᠡᠭᠡ ᠲᠠᠯ᠎ᠠ ᠡᠶ᠎ᠡ ᠵᠤᠬᠢᠴᠠᠯ ᠲᠠᠢ | ᠲᠤᠭᠳᠠᠭᠤᠨ ᠪᠠᠶᠢᠬᠤ ᠶᠢ ᠪᠠᠲᠤᠯᠠᠪᠠ᠃ ᠵᠢᠱᠢᠯᠳᠠ ᠪᠠᠷ ᠪᠦᠬᠦ ᠠᠶᠢᠮᠠᠭ ᠤᠨ ᠤᠷᠤᠨ ᠨᠤᠲᠤᠭ ᠤᠨ ᠦᠢᠯᠡᠳᠪᠤᠷᠢᠯᠠᠯ | ᠤᠨ ᠶᠠᠷᠤᠩᠭᠡᠢ ᠦᠷᠳᠡᠭ 7.5% ᠪᠠᠷ ᠨᠡᠮᠡᠭᠳᠡᠵᠦ᠂ ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ | 11.8% ᠪᠠᠷ ᠨᠡᠮᠡᠭᠳᠡᠵᠦ᠂ ᠨᠠᠶᠢᠭᠡᠮ ᠤᠨ ᠭᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠭᠰᠠᠨ ᠶᠠᠷᠤᠩᠭᠡᠢ | ᠦᠷᠳᠡᠭ 8% ᠪᠠᠷ ᠨᠡᠮᠡᠭᠳᠡᠵᠦ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠲᠤᠰ ᠲᠤᠰ 7.3% ᠪᠠ 8.5% ᠪᠠᠷ ᠨᠡᠮᠡᠭᠳᠡᠪᠠ᠃ | ᠪᠢᠳᠡ ᠤᠯᠠᠨ ᠠᠷᠭ᠎ᠠ ᠪᠠᠷᠢᠯ ᠢ ᠵᠡᠷᠭᠡᠪᠠᠷ ᠬᠡᠷᠡᠭᠯᠡᠵᠦ᠂ ᠭᠤᠷᠪᠠᠨ ᠶᠡᠭᠡ ᠰᠢᠪᠲᠤᠯᠤᠯᠳᠠ ᠶᠢ ᠲᠦᠯᠬᠢᠨ | ᠠᠬᠢᠭᠤᠯᠵᠦ ᠪᠤᠳᠠᠲᠠᠢ ᠦᠷ᠎ᠠ ᠠᠰᠢᠭ ᠤᠯᠪᠠ᠃ ᠵᠠᠰᠠᠭ ᠤᠨ ᠤᠷᠲᠤᠨ ᠤ ᠦᠷᠢ ᠦᠭᠴᠡᠭᠡ 80.4 ᠳ᠋ᠦᠩᠰᠢᠭᠤᠷ | ᠲᠦᠬᠦᠷᠢᠭ ᠢ ᠨᠠᠮᠳᠠᠭᠤᠯᠵᠦ᠂ ᠵᠦᠢ ᠶᠤᠰᠤᠨ ᠤ ᠪᠤᠰᠤ ᠵᠢᠭᠡᠯᠡᠯᠭᠡ 22.9 ᠳ᠋ᠦᠩᠰᠢᠭᠤᠷ ᠲᠦᠬᠦᠷᠢᠭ ᠢ ᠠᠷᠢᠯᠭᠠᠨ | ᠰᠢᠢᠳᠪᠤᠷᠢᠯᠠᠵᠦ᠂ ᠵᠦᠢ ᠶᠤᠰᠤᠨ ᠤ ᠪᠤᠰᠤ ᠵᠢᠭᠡᠯᠡᠯᠭᠡ ᠶᠢᠨ ᠨᠤᠷᠮ᠎ᠠ ᠲᠡᠭᠡᠷ᠎ᠠ ᠵᠢᠯ ᠠᠴᠠ 10 ᠵᠠᠭᠤᠨ ᠤ ᠴᠡᠭ | ᠲᠤᠷᠤᠭᠰᠢᠯᠠᠵᠦ᠂ ᠡᠳ᠋ ᠤᠨ ᠵᠠᠰᠠᠭ ᠮᠦᠩᠬᠦᠨ ᠬᠦᠢᠯᠭᠡᠭᠡᠨ ᠤ ᠠᠶᠤᠯ ᠲᠦᠭᠰᠢᠬᠦᠷᠢ ᠶᠢ ᠶᠠᠷᠤᠩᠭᠡᠢ ᠴᠤᠭᠴᠠ ᠶᠢᠨ | ᠲᠠᠯ᠎ᠠ ᠪᠠᠷ ᠡᠵᠡᠮᠳᠡᠵᠦ ᠲᠡᠶᠢᠯᠬᠦ ᠪᠤᠯᠪᠠ᠃ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠤᠭᠡ ᠪᠦᠬᠦᠨ ᠢ | ᠶᠠᠳᠠᠭᠤ ᠠᠴᠠ ᠨᠢ ᠠᠩᠬᠢᠵᠢᠷᠠᠭᠤᠯᠵᠦ᠂ ᠶᠠᠳᠠᠭᠤ ᠬᠦᠴᠢᠷᠳᠡᠯ ᠡᠬᠦᠰᠬᠦ ᠨᠤᠷᠮ᠎ᠠ ᠶᠢ ᠦᠭᠡᠶᠢᠰᠭᠡᠵᠦ᠂ ᠪᠦᠬᠦ ᠤᠷᠤᠨ | ᠳᠤ ᠡᠩ ᠲᠡᠷᠢᠬᠦᠨ ᠳᠤ ︽ᠬᠦᠮᠦᠨ ᠢ ᠶᠠᠳᠠᠭᠤ ᠠᠴᠠ ᠠᠩᠬᠢᠵᠢᠷᠠᠭᠤᠯᠬᠤ᠂ ᠲᠤᠰᠬᠤᠨ ᠢ ᠶᠠᠳᠠᠭᠤ ᠶᠢᠨ ᠡᠩᠨᠡᠭᠡ | ᠠᠴᠠ ᠭᠠᠷᠭᠠᠬᠤ᠂ ᠬᠤᠰᠢᠭᠤ ᠶᠢ ᠶᠠᠳᠠᠭᠤ ᠠᠴᠠ ᠰᠠᠯᠭᠠᠬᠤ︾ ᠶᠢ ᠪᠠᠶᠠᠯᠡᠬᠦᠯᠪᠠ᠃ ᠠᠭᠠᠷ ᠮᠠᠨᠳᠠᠯ᠂ ᠤᠰᠤ᠂ | ᠬᠦᠷᠦᠰᠤ ᠰᠢᠷᠤᠢ ᠶᠢᠨ ᠪᠤᠬᠢᠷᠲᠤᠯ ᠢ ᠵᠠᠰᠠᠬᠤ 185 ᠲᠦᠷᠦᠯ ᠵᠦᠢᠯ ᠢ ᠭᠡᠷᠡᠭᠵᠢᠬᠦᠯᠵᠦ᠂ ᠭᠤᠤᠯᠳᠠᠯᠭ᠎ᠠ ᠲᠠᠢ | ᠤᠷᠤᠨ ᠪᠦᠰᠡ ᠶᠢᠨ ᠤᠷᠴᠢᠨ ᠲᠤᠭᠤᠷᠢᠨ ᠢ ᠴᠡᠭᠴᠡᠯᠠᠨ ᠵᠠᠰᠠᠭᠰᠠᠨ ᠦᠷ᠎ᠠ ᠪᠦᠲᠤᠮᠵᠢ ᠢᠯᠡᠳᠳᠡ ᠪᠠᠶᠢᠵᠦ᠂ ᠲᠦᠪ | ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠭᠰᠠᠨ ᠬᠠᠷᠢᠭᠤ ᠲᠤᠰᠬᠠᠭᠰᠠᠨ ᠰᠠᠨᠠᠯ ᠢ | ᠪᠦᠬᠦᠨ ᠢ ᠴᠡᠭᠴᠡᠯᠠᠨ ᠰᠠᠶᠢᠵᠢᠷᠠᠭᠤᠯᠪᠠ᠃ | ᠪᠢᠳᠡ ᠰᠡᠳᠬᠢᠯ ᠢᠶᠠᠨ ᠨᠢᠭᠳᠠᠷᠠᠭᠤᠯᠤᠨ ᠬᠦᠴᠦ ᠪᠠᠨ ᠲᠦᠪᠯᠡᠷᠡᠬᠦᠯᠵᠦ᠂ ᠬᠦᠭᠵᠢᠯᠳᠡ ᠶᠢᠨ ᠶᠠᠰᠤ ᠴᠢᠨᠠᠷ ᠢ | ᠲᠤᠭᠳᠠᠭᠤᠨ ᠢᠶᠠᠷ ᠲᠡᠭᠡᠭᠰᠢᠯᠡᠬᠦᠯᠬᠦ ᠶᠢ ᠲᠦᠯᠬᠢᠨ ᠠᠬᠢᠭᠤᠯᠪᠠ᠃ ︽ᠭᠤᠷᠪᠠ ᠶᠢ ᠪᠠᠭᠠᠰᠬᠠᠬᠤ ᠨᠢᠭᠡ ᠶᠢ | ᠪᠠᠭᠤᠷᠠᠭᠤᠯᠬᠤ ᠨᠢᠭᠡ ᠶᠢ ᠨᠦᠬᠦᠪᠤᠷᠢᠯᠠᠬᠦ︾ ᠠᠵᠢᠯ ᠦᠷᠬᠦᠯᠵᠢᠯᠠᠨ ᠦᠷ᠎ᠠ ᠪᠦᠲᠤᠮᠵᠢ ᠤᠯᠵᠦ᠂ ᠨᠠᠬᠦᠷᠡᠰᠤᠨ ᠤ 60 | ᠲᠦᠮᠠᠨ ᠲᠤᠨ ᠦᠢᠯᠡᠳᠪᠤᠷᠢᠯᠠᠯ ᠤᠨ ᠴᠢᠳᠠᠪᠤᠷᠢ ᠶᠢ ᠤᠬᠤᠷᠢᠨ ᠭᠠᠷᠭᠠᠵᠦ᠂ ᠬᠤᠳᠠᠯᠲᠤᠭᠠᠨ ᠤ ᠭᠡᠷ ᠪᠠᠶᠢᠰᠢᠩ ᠤᠨ | ᠬᠦᠮᠦᠷᠭᠡᠯᠡᠯᠳᠡ ᠶᠢ 31.9 % ᠪᠠᠷ ᠪᠠᠭᠠᠰᠬᠠᠵᠦ᠂ ᠠᠵᠤ ᠠᠬᠤᠶᠢᠯᠠᠯ ᠤᠨ ᠰᠢᠭᠤᠳ ᠪᠠᠯᠨ ᠲᠤᠬᠢᠷᠠᠭᠤᠯᠤᠯᠳᠠ ᠶᠢ | 8.1 % ᠪᠠᠷ ᠨᠡᠮᠡᠭᠳᠡᠬᠦᠯᠵᠦ᠂ ᠠᠵᠤ ᠠᠬᠤᠶᠢᠯᠠᠯ ᠤᠨ 15.4 ᠳ᠋ᠦᠩᠰᠢᠭᠤᠷ ᠲᠦᠬᠦᠷᠢᠭ ᠤᠨ ᠲᠠᠷᠤᠭᠠᠰᠤ ᠶᠢ | ᠬᠦᠩᠭᠡᠷᠡᠬᠦᠯᠵᠦ᠂ 131 ᠠᠶᠢᠮᠠᠭ ᠤᠨ ᠲᠡᠰ ᠤᠨ ᠭᠤᠤᠯᠳᠠᠯᠭ᠎ᠠ ᠲᠠᠢ ᠲᠦᠷᠦᠯ ᠵᠦᠢᠯ ᠳᠤ 163 ᠳ᠋ᠦᠩᠰᠢᠭᠤᠷ | ᠲᠦᠬᠦᠷᠢᠭ ᠤᠨ ᠪᠠᠯᠨ ᠤᠷᠤᠭᠤᠯᠤᠯᠳᠠ ᠶᠢ ᠪᠠᠶᠠᠯᠡᠬᠦᠯᠪᠠ᠃ ᠠᠵᠤ ᠦᠢᠯᠡᠳᠪᠤᠷᠢ ᠶᠢᠨ ᠬᠦᠭᠵᠢᠯᠳᠡ ᠶᠢᠨ ᠶᠠᠰᠤ | ᠴᠢᠨᠠᠷ ᠦᠷ᠎ᠠ ᠪᠦᠲᠤᠮᠵᠢ ᠵᠡᠷᠭᠡᠪᠠᠷ ᠨᠡᠮᠡᠭᠳᠡᠵᠦ᠂ ᠠᠰᠢᠯᠲᠤ ᠠᠮᠢᠨ᠂ ᠤᠰᠦᠲᠦ᠋ᠷᠤᠭ᠍ᠴᠢ ᠨᠡᠮᠡᠭᠰᠡᠨ ᠭᠡᠤᠳᠠᠰᠤ ᠵᠡᠷᠭᠡ | ᠨᠢᠭᠡ ᠪᠦᠯᠦᠭ ᠲᠦᠷᠦᠯ ᠵᠦᠢᠯ ᠪᠠᠶᠢᠭᠤᠯᠤᠭᠳᠠᠵᠦ ᠠᠰᠢᠭᠯᠠᠯᠳᠠ ᠳᠤ ᠤᠷᠤᠵᠦ᠂ 1 — 11 ᠰᠠᠷ᠎ᠠ ᠬᠦᠷᠳᠡᠯ᠎ᠠ | ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠶᠢᠨ | ᠶᠠᠷᠤᠩᠭᠡᠢ ᠭᠡᠮᠵᠢᠶ᠎ᠠ 142.8 % ᠪᠠᠷ ᠨᠡᠮᠡᠭᠳᠡᠵᠦ᠂ ᠵᠢᠱᠢᠯᠳᠠ ᠪᠠᠷ ᠪᠦᠬᠦ ᠵᠢᠯ ᠳᠤ ᠭᠡᠪᠴᠢᠶᠠᠵᠢᠯ ᠠᠴᠠ ᠲᠡᠭᠡᠭᠰᠢᠬᠢ | ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠶᠠᠷᠤᠩᠭᠡᠢ ᠦᠢᠯᠡᠳᠪᠤᠷᠢᠯᠠᠯ ᠤᠨ ᠦᠷᠳᠡᠭ 20 % ᠪᠠᠷ | ᠨᠡᠮᠡᠭᠳᠡᠪᠠ᠃ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠪᠠᠶᠢᠳᠠᠯ ᠴᠢᠩᠭᠠᠷᠠᠵᠦ᠂ ᠬᠦᠯᠢᠶᠠᠨ ᠵᠤᠴᠢᠯᠠᠬᠤ | ᠵᠢᠭᠤᠯᠴᠢᠯᠠᠭᠰᠠᠳ ᠪᠠ ᠵᠢᠭᠤᠯᠴᠢᠯᠠᠯ ᠤᠨ ᠤᠷᠤᠯᠭ᠎ᠠ 1928 ᠲᠦᠮᠠᠨ ᠬᠦᠮᠦᠨ ᠤᠳᠠᠭ᠎ᠠ᠂ 173 ᠳ᠋ᠦᠩᠰᠢᠭᠤᠷ | ᠲᠦᠬᠦᠷᠢᠭ ᠲᠤ ᠬᠦᠷᠴᠦ᠂ 54 %᠂ 38 % ᠪᠠᠷ ᠨᠡᠮᠡᠭᠳᠡᠪᠠ᠃ ᠡᠯᠡᠰᠤᠨ ᠤ ᠠᠵᠤ ᠦᠢᠯᠡᠰ᠂ ᠰᠢᠨ᠎ᠠ ᠡᠨᠧᠷᠬᠢ᠂ | ᠴᠡᠷᠢᠭ ᠠᠷᠠᠳ ᠠᠭᠤᠰᠤᠯᠴᠠᠬᠤ ᠵᠡᠷᠭᠡ ᠰᠢᠨ᠎ᠠ ᠠᠵᠤ ᠦᠢᠯᠡᠰ᠂ ᠰᠢᠨ᠎ᠠ ᠬᠦᠳᠡᠯᠭᠡᠬᠦ ᠴᠢᠳᠠᠪᠤᠷᠢ ᠲᠦᠷᠭᠡᠨ ᠪᠤᠶᠢᠵᠢᠵᠦ᠂ | ᠡᠯᠡᠰᠤᠨ ᠤ ᠠᠵᠤ ᠦᠢᠯᠡᠰ ᠤᠨ ᠦᠵᠡᠰᠬᠦᠯᠡᠩ᠂ ᠲᠡᠭᠡᠲᠤ ᠲᠡᠰ ᠤᠨ ᠶᠠᠷᠢᠶᠠᠨ ᠤ ᠲᠠᠪᠴᠠᠩ᠂ ᠰᠢᠨ᠎ᠡ ᠶᠢ ᠡᠬᠦᠳᠬᠦ | ᠦᠢᠯᠡᠰ ᠪᠦᠲᠤᠭᠡᠬᠦ ᠲᠤᠮᠤ ᠤᠷᠤᠯᠲᠤᠭᠠᠨ ᠢ ᠠᠮᠵᠢᠯᠳᠠ ᠲᠠᠢ ᠡᠷᠬᠢᠯᠡᠵᠦ᠂ 160 ᠲᠦᠮᠠᠨ ᠺᠢᠯᠤᠸᠠᠲ ᠤᠨ ᠤᠨᠴᠠ | ᠦᠨᠲᠤᠷ ᠬᠦᠴᠦᠳᠡᠯᠲᠤ ᠰᠠᠯᠬᠢᠨ ᠬᠦᠴᠦᠨ ᠤ ᠴᠠᠬᠢᠯᠭᠠᠨ ᠢ ᠭᠠᠳᠠᠭᠰᠢ ᠬᠦᠷᠭᠡᠬᠦ ᠵᠢᠭᠠᠯᠳᠠ ᠲᠤᠭ᠎ᠠ ᠶᠢ ᠮᠠᠨ ᠤ | ᠠᠶᠢᠮᠠᠭ ᠲᠤ ᠨᠠᠶᠢᠳᠠᠪᠤᠷᠢᠵᠢᠭᠤᠯᠵᠦ᠂ ᠤᠯᠤᠰ ᠤᠨ ᠪᠠᠲᠤᠯᠠᠨ ᠬᠠᠮᠠᠭᠠᠯᠠᠯᠳᠠ ᠶᠢᠨ ᠰᠢᠨᠵᠢᠯᠡᠭᠡ ᠮᠡᠷᠭᠡᠵᠢᠯ ᠤᠨ ᠠᠵᠤ | ᠦᠢᠯᠡᠰ ᠤᠨ ᠬᠦᠷᠢᠶᠠᠯᠠᠩ ᠵᠡᠷᠭᠡ ᠲᠦᠷᠦᠯ ᠵᠦᠢᠯ ᠲᠤᠭᠳᠠᠭᠤᠨ ᠢᠶᠠᠷ ᠠᠬᠢᠭᠤᠯᠤᠭᠳᠠᠵᠦ᠂ ᠲᠤᠮᠳᠠᠲᠤ ᠤᠯᠤᠰ ᠤᠨ | ᠰᠠᠨᠰᠠᠷ ᠤᠨ ᠠᠶᠠᠯᠠᠯ ᠬᠢᠭᠡᠳ ᠲᠠᠯ᠎ᠠ ᠨᠤᠲᠤᠭ ᠲᠠᠢ ᠪᠠᠷᠢᠯᠲᠤᠯᠭ᠎ᠠ ᠲᠠᠢ ᠪᠤᠯᠤᠭᠰᠠᠨ 60 ᠵᠢᠯ ᠤᠨ ᠤᠢ ᠶᠢ | ᠲᠤᠷᠠᠰᠬᠠᠬᠤ ᠰᠢᠷᠢᠰ ᠠᠵᠢᠯᠯᠠᠭ᠎ᠠ ᠶᠢᠨ ᠬᠠᠷᠢᠭᠤ ᠲᠤᠰᠬᠠᠯ ᠴᠢᠩᠭ᠎ᠠ ᠪᠤᠯᠪᠠ᠃ | ᠪᠢᠳ᠋ᠨ ᠬᠤᠯᠨ ᠶᠢᠨ ᠬᠠᠷᠠᠯᠳᠠ ᠲᠠᠢ ᠪᠠᠶᠢᠵᠦ᠂ ᠬᠦᠭᠵᠢᠯᠳᠡ ᠶᠢᠨ ᠰᠠᠭᠤᠷᠢ ᠪᠠᠨ ᠲᠠᠰᠤᠷᠠᠯᠳᠠ ᠦᠭᠡᠢ | ᠪᠠᠲᠤᠳᠬᠠᠬᠤ ᠶᠢ ᠲᠦᠯᠬᠢᠨ ᠠᠬᠢᠭᠤᠯᠪᠠ᠃ ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ ᠡᠬᠢᠯᠠᠯᠳᠠ | ᠨᠠᠯᠢᠶᠠᠳ ᠰᠠᠶᠢᠨ ᠪᠠᠶᠢᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠠᠯ ᠶᠠᠷᠤᠩᠭᠡᠢ ᠳᠡᠭᠡᠨ ᠲᠤᠭᠳᠠᠭᠤᠨ | ᠪᠠᠶᠢᠵᠦ᠂ 2.4 ᠲᠦᠮᠠᠨ ᠮᠤ᠋ ᠪᠤᠬᠢᠷᠲᠤᠯ ᠦᠭᠡᠢ ᠤᠷᠭᠠᠨᠢᠭ ᠦᠨᠲᠤᠷ ᠪᠦᠲᠤᠮᠵᠢᠲᠤ ᠲᠠᠷᠢᠮᠠᠯ ᠤᠨ ᠵᠦᠢᠯ ᠢ | ᠲᠡᠯᠭᠡᠷᠡᠬᠦᠯᠵᠦ᠂ ᠪᠠᠷᠢᠮᠵᠢᠶᠠᠵᠢᠭᠰᠡᠨ ᠢᠳᠡᠰᠢᠨ ᠦᠭᠡᠷ᠂ ︽ᠠ ᠳ᠋ᠦ᠋︾ ᠢᠳᠡᠰᠢᠨ ᠬᠤᠨᠢ᠂ ᠬᠤᠤᠰ ᠪᠦᠬᠦᠲᠤ | ᠲᠡᠮᠡᠭᠡᠨ ᠤ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ 26 ᠪᠠᠶᠢᠭᠤᠯᠵᠦ᠂ ᠭᠡᠪᠴᠢᠶᠠᠵᠢᠯ ᠠᠴᠠ ᠲᠡᠭᠡᠭᠰᠢᠬᠢ | ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠪᠤᠷᠤᠯᠠᠭᠤᠯᠤᠭᠰᠠᠨ ᠤᠷᠤᠯᠭ᠎ᠠ 12% ᠢᠶᠠᠷ ᠨᠡᠮᠡᠭᠳᠡᠵᠦ᠂ | ᠲᠠᠷᠢᠶᠠᠯᠠᠩ ᠠᠵᠤ ᠠᠬᠤᠶᠢᠯᠠᠯ ᠤᠨ ᠬᠤᠯᠪᠤᠭᠠᠯᠠᠯ ᠨᠠᠩ ᠨᠢᠭᠳᠠᠷᠠᠵᠦ᠂ 98% ᠶᠢᠨ ᠮᠠᠯᠴᠢᠨ ᠲᠠᠷᠢᠶᠠᠴᠢᠨ ᠠᠵᠤ | ᠦᠢᠯᠡᠰᠵᠢᠯᠳᠡ ᠶᠢᠨ ᠬᠦᠭᠵᠢᠯᠳᠡ ᠶᠢᠨ ᠲᠤᠮᠳᠠ ᠠᠰᠢᠭ ᠬᠦᠷᠳᠡᠵᠦ᠂ ᠬᠠᠭᠠᠰ ᠲᠤᠭ᠎ᠠ ᠠᠴᠠ ᠢᠯᠡᠬᠦᠦ ᠭᠠᠴᠠᠭ᠎ᠠ | ᠲᠤᠰᠬᠤᠨ ᠬᠤᠭ ᠨᠤᠪᠰᠢ ᠪᠠᠨ ᠪᠦᠲᠤᠮᠵᠢᠲᠡᠢ ᠪᠠᠷ ᠴᠡᠪᠡᠷᠯᠠᠵᠦ᠂ ᠦᠪᠠᠷᠳᠡᠭᠡᠨ ᠵᠠᠰᠠᠬᠤ ᠤᠷᠤᠨ ᠤ ᠲᠡᠰ ᠤᠨ | ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ ᠵᠢᠱᠢᠶ᠎ᠠ ᠦᠵᠡᠬᠦᠯᠬᠦ ᠭᠠᠴᠠᠭ᠎ᠠ ᠲᠤᠰᠬᠤᠨ 4 ᠶᠢ ᠡᠬᠦᠲᠤᠨ | ᠪᠠᠶᠢᠭᠤᠯᠪᠠ᠃ ᠪᠠᠶ᠋ᠬᠠᠠᠤᠳᠠ ᠠᠴᠠ ᠢᠷᠭᠠᠢ ᠬᠦᠷᠬᠦ ᠲᠡᠭᠡᠲᠤ ᠬᠤᠷᠲᠤᠴᠠᠲᠤ ᠲᠡᠮᠤᠷ ᠵᠠᠮ᠂ ᠲᠤᠯᠢ ᠠᠴᠠ ᠵᠦᠩ ᠸᠧᠢ | ᠬᠦᠷᠬᠦ ᠨᠢᠭᠡᠲᠤᠭᠡᠷ ᠲᠡᠰ ᠤᠨ ᠵᠠᠰᠠᠮᠠᠯ ᠵᠠᠮ ᠵᠡᠷᠭᠡ ᠴᠢᠬᠤᠯᠨ ᠶᠡᠭᠡ ᠰᠠᠭᠤᠷᠢ ᠲᠦᠬᠦᠭᠡᠷᠤᠮᠵᠢ ᠶᠢᠨ ᠲᠦᠷᠦᠯ ᠵᠦᠢᠯ ᠢ | ᠬᠦᠴᠦᠯᠠᠨ ᠠᠬᠢᠭᠤᠯᠵᠦ᠂ ᠠᠯᠠᠱᠨ ᠪᠠᠷᠠᠭᠤᠨ ᠬᠤᠰᠢᠭᠤ᠂ ᠡᠵᠡᠨ᠎ᠠ ᠬᠤᠰᠢᠭᠤᠨ ᠤ ᠨᠢᠰᠭᠡᠯ ᠤᠨ ᠲᠠᠯᠠᠪᠠᠢ ᠶᠢᠨ | ᠠᠶᠠᠯᠠᠯ ᠳᠤ ᠲᠤᠰᠠᠯᠠᠬᠤ ᠭᠡᠷᠡᠯᠲᠤᠬᠦᠯᠭᠡ ᠶᠢᠨ ᠢᠨᠵᠧᠨᠧᠷᠢᠩ ᠢ ᠪᠠᠶᠠᠯᠠᠬᠦᠯᠪᠠ᠃ ᠬᠤᠳᠠ ᠪᠠᠯᠭᠠᠰᠤ ᠶᠢᠨ ᠦᠵᠠᠮᠵᠢ ᠶᠢ | ᠲᠡᠭᠡᠭᠰᠢᠯᠡᠬᠦᠯᠬᠦ᠂ ᠠᠮᠢ ᠠᠬᠤᠢ ᠶᠢᠨ ᠰᠢᠰᠲ᠋ᠧᠮ ᠢ ᠦᠭᠡᠷᠡᠴᠢᠯᠠᠬᠦ ᠵᠡᠷᠭᠡ 20 ᠲᠦᠷᠦᠯ ᠵᠦᠢᠯ ᠢ ᠪᠠᠶᠢᠭᠤᠯᠵᠦ᠂ | 2822 ᠢᠵᠢ ᠲᠦᠬᠦᠮ ᠪᠦᠲᠤᠴᠠᠲᠤ ᠤᠷᠤᠨ ᠰᠠᠭᠤᠴᠠ ᠶᠢᠨ ᠲᠤᠭᠤᠷᠢᠭ ᠢ ᠵᠠᠰᠠᠨ ᠦᠭᠡᠷᠡᠴᠢᠯᠠᠬᠦ ᠶᠢ | ᠪᠠᠶᠠᠯᠡᠬᠦᠯᠵᠦ᠂ ᠪᠦᠬᠦ ᠤᠷᠤᠨ ᠤ ᠬᠤᠳᠠ ᠶᠢᠨ ︽ᠬᠤᠤᠰ ᠵᠠᠰᠠᠯᠳᠠ︾ ᠶᠢᠨ ᠲᠤᠬᠠᠢ ᠶᠢᠨ ᠲᠠᠯᠠᠪᠤᠷ ᠤᠨ ᠬᠤᠷᠠᠯ ᠢ | ᠠᠮᠵᠢᠯᠳᠠ ᠲᠠᠢ ᠡᠷᠬᠢᠯᠠᠪᠠ᠃ ᠬᠤᠳᠠ ᠬᠦᠳᠡᠭᠡ ᠶᠢᠨ ᠠᠮᠢ ᠠᠬᠤᠢ ᠶᠢᠨ ᠤᠷᠴᠢᠨ ᠲᠤᠭᠤᠷᠢᠨ ᠵᠢᠯ ᠠᠴᠠ ᠵᠢᠯ | ᠰᠠᠶᠢᠨ ᠡᠷᠬᠢᠯᠳᠠ ᠲᠠᠢ ᠪᠤᠯᠵᠦ᠂ 262.5 ᠲᠦᠮᠠᠨ ᠮᠤ᠋ ᠤᠢ ᠮᠤᠲᠤ ᠲᠠᠷᠢᠵᠦ᠂ ᠭᠤᠤᠯᠳᠠᠯᠭ᠎ᠠ ᠲᠠᠢ ᠤᠷᠤᠨ ᠪᠦᠰᠡ | ᠶᠢ 16.3 ᠲᠦᠮᠠᠨ ᠮᠤ᠋ ᠨᠤᠭᠤᠭᠠᠷᠠᠭᠤᠯᠵᠦ᠂ ᠤᠰᠤᠨ ᠴᠤᠭᠴᠠ ᠶᠢᠨ ︽ᠭᠤᠤᠯ ᠨᠠᠭᠤᠷ ᠤᠨ ᠲᠠᠷᠤᠭ᠎ᠠ︾ ᠶᠢᠨ | ᠪᠦᠬᠦᠨ ᠢ ᠬᠠᠮᠤᠷᠬᠤ ᠶᠢ ᠪᠠᠶᠠᠯᠡᠬᠦᠯᠪᠠ᠃ | ᠪᠢᠳᠡ ᠠᠵᠨ ᠲᠤᠬᠢᠶᠠᠯ ᠢ ᠠᠮᠵᠢᠨ ᠠᠳᠬᠤᠵᠦ᠂ ᠦᠭᠡᠷᠡᠴᠢᠯᠡᠯᠳᠡ ᠨᠡᠭᠡᠭᠡᠯᠳᠡ ᠶᠢᠨ ᠬᠦᠭᠵᠢᠨ ᠪᠠᠳᠠᠷᠠᠬᠤ | ᠠᠮᠢᠵᠢᠷᠠᠯ ᠤᠨ ᠬᠦᠴᠦᠨ ᠢ ᠲᠦᠯᠬᠢᠨ ᠠᠬᠢᠭᠤᠯᠪᠠ᠃ ᠭᠤᠤᠯᠳᠠᠯᠭ᠎ᠠ ᠲᠠᠢ ᠬᠦᠷᠢᠶ᠎ᠠ ᠴᠠᠷ᠎ᠠ ᠶᠢᠨ ᠦᠭᠡᠷᠡᠴᠢᠯᠡᠯᠳᠡ ᠶᠢ | ᠦᠷᠬᠦᠯᠵᠢᠯᠠᠨ ᠬᠦᠨᠵᠡᠭᠡᠶᠢᠷᠡᠬᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠬᠦᠴᠦᠯᠠᠴᠨ ᠶᠢ ᠨᠡᠮᠡᠭᠳᠡᠬᠦᠯᠵᠦ᠂ | ᠡᠩ ᠲᠡᠷᠢᠬᠦᠨ ᠳᠤ ︽3550︾ ︽ᠬᠠᠮᠤᠭ ᠢᠯᠡᠬᠦᠦ ᠳᠡᠭᠡᠨ ᠨᠢᠭᠡ ᠤᠳᠠᠭ᠎ᠠ ᠬᠦᠶᠤᠬᠦ︾ ᠦᠭᠡᠷᠡᠴᠢᠯᠡᠯᠳᠡ ᠶᠢ | ᠡᠬᠢᠯᠠᠬᠦᠯᠵᠦ᠂ ︽ᠦᠨᠡᠮᠯᠡᠯ ᠢ ᠬᠠᠰᠤᠵᠦ ᠠᠷᠠᠳ ᠲᠤ ᠲᠦᠬᠦᠮ ᠦᠵᠡᠬᠦᠯᠬᠦ︾ ᠲᠤᠰᠬᠠᠢ ᠲᠦᠷᠦᠯ ᠤᠨ ᠠᠵᠢᠯᠯᠠᠭ᠎ᠠ | ᠶᠢ ᠦᠷᠨᠢᠬᠦᠯᠵᠦ᠂ 4267 ᠡᠷᠤᠭᠡ ᠳᠤ ︽ᠭᠤᠴᠢᠨ ᠬᠤᠶᠠᠷ ᠦᠨᠡᠮᠯᠡᠯ ᠢ ᠨᠡᠶᠢᠯᠡᠬᠦᠯᠵᠦ ᠨᠢᠭᠡ ᠪᠤᠯᠭᠠᠬᠤ︾ | ᠡᠵᠡᠩᠨᠡᠯᠳᠡ ᠶᠢᠨ ᠦᠨᠠᠮᠯᠠᠯ ᠢ ᠲᠠᠷᠬᠠᠭᠠᠪᠠ᠃ ᠰᠢᠨᠵᠢᠯᠡᠭᠡ ᠮᠡᠷᠭᠡᠵᠢᠯ ᠤᠨ ᠰᠢᠨ᠎ᠠ ᠶᠢ ᠡᠬᠦᠳᠬᠦ ᠠᠯᠬᠤᠴᠠ | ᠲᠦᠷᠭᠡᠳᠴᠦ᠂ ᠤᠯᠤᠰ ᠤᠨ ᠲᠡᠭᠡᠲᠤ ᠰᠢᠨ᠎ᠠ ᠮᠡᠷᠭᠡᠵᠢᠯ ᠤᠨ ᠠᠵᠤ ᠠᠬᠤᠶᠢᠯᠠᠯ᠂ ᠠᠺᠠᠳᠧᠮᠢᠴᠢ ᠲᠤᠰᠬᠠᠢ | ᠮᠠᠷᠭᠡᠵᠢᠯᠳᠡᠨ ᠤ ᠠᠵᠢᠯ ᠤᠨ ᠦᠷᠳᠡᠭᠡ ᠵᠡᠷᠭᠡ 20 ᠲᠠᠪᠴᠠᠩ ᠠᠴᠢᠶᠠᠯᠠᠪᠤᠷᠢ ᠶᠢ ᠰᠢᠨ᠎ᠠ ᠪᠠᠷ ᠨᠡᠮᠡᠭᠳᠡᠬᠦᠯᠵᠦ᠂ | ᠪᠦᠲᠤᠮᠵᠢᠲᠡᠢ ᠡᠬᠦᠲᠤᠨ ᠪᠦᠲᠤᠭᠡᠭᠰᠡᠨ ᠲᠤᠰᠬᠠᠢ ᠠᠰᠢᠭ 37.1% ᠪᠠᠷ ᠨᠡᠮᠡᠭᠳᠡᠪᠠ᠃ ᠭᠠᠳᠠᠭᠰᠢ ᠨᠡᠭᠡᠭᠡᠯᠳᠡ ᠶᠢᠨ | ᠬᠢᠷᠢ ᠲᠦᠪᠰᠢᠨ ᠤᠯᠠᠮ ᠨᠢᠭᠡ ᠠᠯᠬᠤᠮ ᠲᠡᠭᠡᠭᠰᠢᠯᠡᠵᠦ᠂ ᠴᠡᠭᠡ ᠪᠤᠭᠤᠮᠳᠠ ᠶᠢᠨ ᠪᠤᠭᠤᠮᠳᠠ ᠨᠡᠪᠳᠡᠷᠡᠬᠦ ᠴᠢᠳᠠᠪᠤᠷᠢ | ᠲᠠᠰᠤᠷᠠᠯᠳᠠ ᠦᠭᠡᠢ ᠴᠢᠩᠭᠠᠷᠠᠵᠦ᠂ ᠪᠤᠭᠤᠮᠳᠠ ᠪᠠᠷ ᠤᠷᠤᠵᠦ ᠭᠠᠷᠬᠤ ᠪᠠᠷᠠᠭ᠎ᠠ 1413 ᠲᠦᠮᠠᠨ ᠲᠤᠨ ᠳᠤ | ᠬᠦᠷᠴᠦ᠂ ᠦᠯᠵᠠᠢ ᠪᠤᠭᠤᠮᠳᠠ ᠶᠢᠨ ᠰᠠᠭᠤᠷᠢ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠳᠠ ᠡᠮᠬᠢ ᠵᠢᠷᠤᠮ ᠲᠠᠢ | ᠲᠦᠯᠬᠢᠨ ᠠᠬᠢᠭᠤᠯᠤᠭᠳᠠᠪᠠ᠃ ᠠᠷᠠᠯᠵᠢᠶᠠᠴᠢᠨ ᠤᠷᠢᠵᠦ ᠪᠠᠯᠨ ᠲᠠᠳᠠᠬᠤ ᠠᠵᠢᠯ ᠰᠢᠨ᠎ᠠ ᠠᠬᠢᠴᠠ ᠲᠠᠢ ᠪᠤᠯᠵᠦ᠂ | 96 ᠲᠦᠷᠦᠯ ᠵᠦᠢᠯ ᠲᠠᠢ ᠭᠡᠷ᠎ᠠ ᠲᠤᠭᠳᠠᠵᠦ᠂ 30 ᠲᠦᠷᠦᠯ ᠵᠦᠢᠯ ᠨᠠᠶᠢᠳᠠᠪᠤᠷᠢᠵᠢᠭᠤᠯᠤᠭᠳᠠᠵᠦ᠂ ᠲᠠᠳᠠᠨ | ᠤᠷᠤᠭᠤᠯᠵᠦ ᠨᠠᠶᠢᠳᠠᠪᠤᠷᠢᠵᠢᠭᠤᠯᠤᠭᠳᠠᠭᠰᠠᠨ ᠪᠠᠯᠨ ᠮᠦᠩᠬᠦ 75 ᠳ᠋ᠦᠩᠰᠢᠭᠤᠷ ᠲᠦᠬᠦᠷᠢᠭ ᠪᠤᠯᠪᠠ᠃ | ᠪᠢᠳᠡ ᠤᠷᠲᠤ ᠬᠤᠭᠤᠴᠠᠭ᠎ᠠ ᠪᠠᠷ ᠪᠠᠷᠢᠮᠳᠠᠯᠠᠵᠦ᠂ ᠠᠷᠠᠳ ᠤᠨ ᠠᠮᠢᠲᠤᠷᠠᠯ ᠤᠨ ᠠᠵᠢᠯ ᠦᠢᠯᠡᠰ ᠤᠨ ᠪᠦᠬᠦ | ᠲᠠᠯ᠎ᠠ ᠶᠢᠨ ᠬᠦᠭᠵᠢᠯᠳᠡ ᠶᠢ ᠲᠦᠯᠬᠢᠨ ᠠᠬᠢᠭᠤᠯᠪᠠ᠃ ᠦᠢᠯᠡᠰ ᠪᠦᠲᠤᠭᠡᠵᠦ ᠠᠵᠢᠯ ᠤᠯᠭᠤᠬᠤ ᠰᠠᠶᠢᠨ ᠦᠷ᠎ᠠ | ᠪᠦᠲᠤᠮᠵᠢ ᠶᠢ ᠲᠠᠬᠢᠨ ᠡᠬᠦᠳᠴᠦ᠂ ᠬᠤᠳᠠ ᠪᠠᠯᠭᠠᠰᠤ ᠶᠢᠨ ᠲᠠᠩᠰᠠᠯᠠᠭᠰᠠᠨ ᠠᠵᠢᠯ ᠠᠯᠳᠠᠭᠰᠠᠨ ᠨᠤᠷᠮ᠎ᠠ ᠪᠦᠬᠦ | ᠤᠷᠤᠨ ᠳᠠᠭᠠᠨ ᠬᠠᠮᠤᠭ ᠲᠤᠤᠷ᠎ᠠ ᠪᠤᠯᠪᠠ᠃ ᠡᠯ᠎ᠠ ᠲᠦᠷᠦᠯ ᠤᠨ ᠰᠤᠷᠭᠠᠨ ᠬᠦᠮᠦᠵᠢᠯ ᠢ ᠵᠤᠬᠢᠴᠠᠭᠤᠯᠤᠨ | ᠬᠦᠭᠵᠢᠬᠦᠯᠵᠦ᠂ ᠭᠡᠤᠭᠡᠳ ᠤᠨ ᠴᠡᠴᠡᠷᠯᠢᠭ ᠲᠤ ᠤᠷᠤᠬᠤ ᠨᠤᠷᠮ᠎ᠠ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠪᠠᠬᠢᠵᠢᠭ᠍ᠰᠡᠨ ᠨᠤᠷᠮ᠎ᠠ᠂ ᠦᠨᠲᠤᠷ ᠲᠤᠮᠳᠠᠲᠤ ᠶᠢᠨ ᠰᠤᠷᠭᠠᠭᠤᠯᠢ ᠳᠤ ᠤᠷᠤᠭᠰᠠᠨ ᠨᠤᠷᠮ᠎ᠠ ᠪᠦᠬᠦᠨ ᠢᠶᠠᠷ ᠢᠶᠠᠨ ᠪᠦᠬᠦ | ᠤᠷᠤᠨ ᠤ ᠲᠡᠭᠰᠢᠳᠭᠡᠭᠰᠡᠨ ᠬᠢᠷᠢ ᠲᠦᠪᠰᠢᠨ ᠠᠴᠠ ᠦᠨᠲᠤᠷ ᠪᠤᠯᠪᠠ᠃ ᠨᠠᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ | ᠲᠠᠰᠤᠷᠠᠯᠳᠠ ᠦᠭᠡᠢ ᠲᠡᠬᠦᠯᠳᠡᠷᠵᠢᠵᠦ᠂ ᠠᠪᠤᠷᠠᠨ ᠲᠤᠰᠠᠯᠠᠬᠤ ᠬᠠᠮᠢᠶᠠᠷᠤᠯᠳᠠ ᠤᠯᠠᠮ ᠨᠢᠭᠡ ᠠᠯᠬᠤᠮ ᠴᠢᠩᠭᠠᠷᠠᠵᠦ᠂ | ᠤᠯᠠᠨ ᠲᠦᠷᠦᠯ ᠤᠨ ᠵᠢᠭᠠᠯᠳᠠ ᠲᠤᠭ᠎ᠠ ᠪᠦᠬᠦ ᠤᠷᠤᠨ ᠳᠠᠭᠠᠨ ᠡᠮᠤᠨ᠎ᠠ ᠡᠩᠨᠡᠭᠡᠨ ᠳᠤ ᠵᠢᠭᠰᠠᠭᠠᠭᠳᠠᠪᠠ᠃ ᠤᠯᠠᠨ | ᠨᠠᠶᠢᠳᠠ ᠶᠢᠨ ᠰᠤᠶᠤᠯ ᠤᠨ ᠦᠢᠯᠠᠴᠢᠯᠡᠭᠡᠨ ᠤ ᠰᠢᠰᠲ᠋ᠧᠮᠵᠢ ᠨᠠᠩ ᠲᠡᠬᠦᠯᠳᠡᠷᠵᠢᠵᠦ᠂ ︽ᠭᠤᠶᠤ ᠰᠠᠶᠢᠬᠠᠨ ᠠᠯᠠᠱᠨ | ᠳᠤ ᠪᠠᠶᠢᠨ᠎ᠠ︾ ᠭᠡᠮᠡᠬᠦ ᠬᠠᠳᠠᠨ ᠵᠢᠷᠤᠭ ᠪᠤᠯᠤᠨ ᠵᠢᠤᠢ ᠶᠠᠨ ᠤ ᠬᠠᠨ ᠤᠯᠤᠰ ᠤᠨ ᠬᠤᠯᠤᠰᠤᠨ ᠪᠢᠴᠢᠭ ᠤᠨ | ᠦᠵᠡᠬᠦᠯᠦᠯᠭᠡ᠂ ᠤᠯᠠᠭᠠᠠᠮᠦ᠋ᠴᠢᠷ ᠤᠨ 60 ᠵᠢᠯ ᠤᠨ ᠤᠢ ᠶᠢ ᠲᠤᠷᠠᠰᠬᠠᠬᠤ ᠠᠵᠢᠯᠯᠠᠭ᠎ᠠ ᠶᠢ ᠠᠮᠵᠢᠯᠳᠠ ᠲᠠᠢ | ᠡᠷᠬᠢᠯᠠᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠠᠷᠤᠩᠭᠡᠶᠢᠯᠡᠭᠰᠡᠨ ᠦᠭᠡᠷᠡᠴᠢᠯᠡᠯᠳᠡ | ᠤᠯᠠᠮ ᠨᠢᠭᠡ ᠠᠯᠬᠤᠮ ᠬᠦᠨᠵᠡᠭᠡᠶᠢᠷᠡᠵᠦ᠂ ᠦᠨᠲᠤᠰᠤᠨ ᠡᠮ ᠤᠨ ᠲᠦᠷᠢᠮ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠭᠳᠠᠪᠠ᠃ ᠨᠠᠶᠢᠭᠡᠮ ᠤᠨ ᠵᠠᠰᠠᠯᠳᠠ ᠲᠤᠭᠳᠠᠭᠤᠨ ᠪᠦᠭᠡᠳ ᠡᠮᠬᠢ ᠵᠢᠷᠤᠮ ᠲᠠᠢ ᠪᠠᠶᠢᠵᠦ᠂ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠦᠷᠦᠯ ᠤᠨ ᠲᠡᠮᠡᠴᠠᠯ ᠢ ᠯᠠᠪᠳᠠᠭᠤᠨ ᠪᠠᠲᠤᠲᠠᠢ | ᠦᠷᠨᠢᠬᠦᠯᠵᠦ᠂ 2 ᠬᠠᠷᠬᠢᠰ ᠬᠦᠴᠦᠨ ᠤ ᠪᠦᠯᠦᠭᠯᠠᠯ᠂ ᠬᠠᠷᠬᠢᠰ ᠬᠦᠴᠦᠨ ᠳᠤ ᠬᠤᠯᠪᠤᠭᠳᠠᠬᠤ 13 ᠡᠪᠰᠠᠯ ᠪᠦᠯᠦᠭ | ᠢ ᠴᠤᠬᠢᠨ ᠤᠨᠠᠭᠠᠵᠦ᠂ ᠠᠮᠤᠷ ᠲᠦᠪᠰᠢᠨ ᠠᠯᠠᠱᠨ ᠪᠠᠨ ᠲᠦᠷᠭᠡᠳᠭᠡᠨ ᠪᠠᠶᠢᠭᠤᠯᠵᠦ᠂ ᠠᠶᠤᠯᠬᠦᠢ ᠦᠢᠯᠡᠳᠪᠤᠷᠢᠯᠠᠯ | ᠤᠨ ᠬᠢᠨᠠᠯᠳᠠ ᠬᠠᠮᠢᠶᠠᠷᠤᠯᠳᠠ ᠶᠢ ᠦᠷᠬᠦᠯᠵᠢᠯᠠᠨ ᠴᠢᠩᠭᠠᠷᠠᠭᠤᠯᠵᠦ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ | ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠵᠦ᠂ ᠵᠠᠬᠢᠳᠠᠯ ᠰᠤᠷᠪᠤᠯᠵᠢᠯᠠᠯ ᠤᠨ ᠬᠤᠷᠠᠮᠲᠤᠭᠰᠠᠨ ᠭᠡᠷᠡᠭ ᠢ | ᠠᠯᠬᠤᠮ ᠠᠯᠬᠤᠮ ᠢᠶᠠᠷ ᠡᠶᠡᠳᠡᠬᠦᠯᠦᠨ ᠰᠢᠢᠳᠪᠤᠷᠢᠯᠠᠵᠦ᠂ ᠦᠨᠲᠤᠰᠦᠳᠠᠨ ᠪᠦᠯᠬᠦᠮᠳᠡᠯ ᠲᠠᠢ ᠱᠠᠰᠢᠨ ᠰᠤᠷᠳᠠᠬᠤᠨ | ᠡᠶ᠎ᠡ ᠵᠤᠬᠢᠴᠠᠯ ᠲᠠᠢ ᠪᠠᠶᠢᠵᠦ᠂ ᠨᠠᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠤᠭᠳᠠᠭᠤᠨ ᠪᠤᠯᠤᠭᠰᠠᠨ ᠪᠠᠶᠢᠨ᠎ᠠ᠃ | ᠦᠩᠭᠡᠷᠡᠭᠰᠡᠨ ᠨᠢᠭᠡ ᠵᠢᠯ ᠳᠤ᠂ ᠭᠡᠲᠤᠶᠢᠪᠠᠷ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠯᠳᠡ | ᠶᠢᠨ ᠡᠯ᠎ᠠ ᠲᠦᠷᠦᠯ ᠤᠨ ᠠᠵᠢᠯ ᠵᠤᠬᠢᠬᠤ ᠦᠷ᠎ᠠ ᠪᠦᠲᠤᠮᠵᠢ ᠤᠯᠤᠭᠰᠠᠨ ᠪᠤᠯᠪᠠᠴᠦ᠂ ᠰᠢᠨ᠎ᠠ ᠴᠠᠭ ᠦᠶ᠎ᠠ ᠰᠢᠨ᠎ᠠ | ᠪᠠᠶᠢᠳᠠᠯ ᠰᠢᠨ᠎ᠠ ᠬᠦᠭᠵᠢᠯᠳᠡ ᠶᠢᠨ ᠱᠠᠭᠠᠷᠳᠠᠯᠭ᠎ᠠ ᠠᠴᠠ ᠪᠠᠰᠠ ᠨᠠᠯᠢᠶᠠᠳ ᠶᠡᠭᠡ ᠵᠦᠷᠢᠶ᠎ᠠ ᠲᠠᠢ ᠪᠠᠶᠢᠨ᠎ᠠ᠂ ᠢᠯᠡᠷᠡᠯ | ᠨᠢ ᠭᠤᠤᠯᠳᠠᠭᠤ᠄ ᠠᠵᠤ ᠦᠢᠯᠡᠰ ᠤᠨ ᠪᠦᠲᠤᠴᠠ ᠨᠢ ᠴᠢᠨᠠᠷ ᠰᠠᠶᠢᠲᠡᠢ ᠬᠦᠭᠵᠢᠯᠳᠡ ᠶᠢᠨ ᠱᠠᠭᠠᠷᠳᠠᠯᠭ᠎ᠠ ᠠᠴᠠ | ᠮᠦᠨᠬᠦ ᠨᠠᠯᠢᠶᠠᠳ ᠶᠡᠭᠡ ᠵᠦᠷᠢᠶ᠎ᠠ ᠲᠠᠢ ᠪᠠᠶᠢᠨ᠎ᠠ᠂ ᠤᠯᠠᠮᠵᠢᠯᠠᠯᠲᠤ ᠲᠠᠪᠠᠭᠤᠯᠢᠭ ᠠᠵᠤ ᠦᠢᠯᠡᠰ ᠤᠨ ᠵᠠᠬ᠎ᠠ ᠲᠡᠯᠭᠡᠬᠦᠷ | ᠤᠨ ᠤᠲᠤᠷᠢᠲᠤᠮᠵᠢ ᠶᠢᠨ ᠴᠢᠳᠠᠪᠤᠷᠢ ᠪᠠᠭᠤᠷᠠᠢ ᠪᠤᠯᠵᠦ᠂ ᠰᠢᠨ᠎ᠠ ᠬᠦᠳᠡᠯᠭᠡᠬᠦ ᠴᠢᠳᠠᠪᠤᠷᠢ ᠨᠢ ᠰᠢᠨ᠎ᠠ ᠲᠤᠯᠭᠠᠭᠤᠷᠢ | ᠠᠵᠤ ᠦᠢᠯᠡᠰ ᠢ ᠬᠠᠷᠠᠬᠠᠨ ᠪᠤᠶᠢᠵᠢᠭᠤᠯᠵᠦ ᠴᠢᠳᠠᠭᠠᠲᠤᠢ᠂ ᠤᠲᠤ ᠦᠶ᠎ᠠ ᠶᠢᠨ ᠦᠢᠯᠠᠴᠢᠯᠡᠭᠡᠨ ᠤ ᠦᠢᠯᠡᠰ ᠤᠨ | ᠬᠦᠭᠵᠢᠯᠳᠡ ᠬᠤᠴᠤᠷᠤᠩᠭᠤᠢ ᠪᠠᠶᠢᠭᠰᠠᠭᠠᠷ︔ ᠰᠢᠨ᠎ᠠ ᠶᠢ ᠡᠬᠦᠳᠬᠦ ᠬᠦᠳᠡᠯᠭᠡᠬᠦ ᠬᠦᠴᠦᠨ ᠪᠠ ᠴᠢᠳᠠᠪᠤᠷᠢ | ᠬᠦᠷᠤᠯᠴᠠᠬᠦ ᠦᠭᠡᠢ᠂ ᠴᠢᠳᠠᠪᠤᠷᠢᠳᠠᠨ ᠲᠤᠳᠠᠮᠠᠭ᠂ ᠪᠠᠯᠨ ᠮᠦᠩᠬᠦ ᠬᠦᠷᠦᠯᠴᠠᠬᠦ ᠦᠭᠡᠢ᠂ ᠬᠠᠳᠠᠭᠤ ᠲᠤᠨᠤᠭ ᠪᠠᠭᠤᠷᠠᠢ᠂ | ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠪᠤᠳᠠᠲᠤ ᠴᠤᠭᠴᠠ ᠶᠢᠨ ᠠᠵᠤ ᠠᠬᠤᠢ ᠶᠢᠨ ᠲᠤᠯᠭᠠᠭᠤᠷᠢᠯᠠᠬᠤ | ᠦᠢᠯᠡᠲᠤᠯ ᠬᠦᠷᠦᠯᠴᠠᠬᠦ ᠦᠭᠡᠢ ᠪᠠᠶᠢᠨ᠎ᠠ︔ ᠠᠮᠢ ᠠᠬᠤᠢ ᠶᠢᠨ ᠤᠷᠴᠢᠨ ᠲᠤᠭᠤᠷᠢᠨ ᠨᠠᠯᠢᠶᠠᠳ ᠭᠡᠪᠠᠷᠡᠭ᠂ ᠬᠤᠳᠠ | ᠬᠦᠳᠡᠭᠡ ᠶᠢᠨ ᠬᠦᠭᠵᠢᠯᠳᠡ ᠶᠢᠨ ᠵᠦᠷᠢᠶ᠎ᠠ ᠨᠠᠯᠢᠶᠠᠳ ᠶᠡᠭᠡ᠂ ᠰᠠᠭᠤᠷᠢ ᠲᠤᠨᠤᠭ ᠲᠦᠬᠦᠭᠡᠷᠤᠮᠵᠢ ᠬᠠᠷᠢᠴᠠᠩᠭᠤᠢ ᠪᠠᠷ | ᠬᠤᠴᠤᠷᠤᠩᠭᠤᠢ ᠵᠡᠷᠭᠡ ᠬᠦᠭᠵᠢᠯᠳᠡ ᠶᠢᠨ ᠲᠤᠳᠠᠭᠤᠳᠠᠯ ᠮᠦᠨᠬᠦ ᠲᠤᠪᠤᠶᠢᠮ᠎ᠠ ᠪᠠᠶᠢᠵᠦ᠂ ᠤᠯᠠᠨ ᠨᠠᠶᠢᠳᠠ ᠶᠢᠨ | ᠦᠢᠯᠡᠴᠢᠯᠡᠭᠡ ᠶᠢᠨ ᠴᠢᠨᠠᠷ ᠰᠠᠶᠢᠳᠠᠢ ᠬᠠᠩᠭᠠᠯᠳᠠ ᠶᠢ ᠲᠡᠭᠡᠭᠰᠢᠯᠡᠬᠦᠯᠬᠦ ᠴᠢᠬᠤᠯᠠᠲᠡᠢ︔ ᠬᠠᠤᠯᠢ ᠪᠠᠷ ᠵᠠᠰᠠᠬᠤ ᠵᠠᠰᠠᠭ | ᠤᠨ ᠤᠷᠲᠤᠨ᠂ ᠠᠷᠢᠭᠤᠨ ᠴᠢᠭᠡᠴᠢ ᠵᠠᠰᠠᠭ ᠤᠨ ᠤᠷᠲᠤᠨ ᠤ ᠪᠠᠶᠢᠭᠤᠯᠤᠯᠳᠠ ᠶᠢ ᠮᠦᠨᠬᠦ ᠳᠠᠰᠣᠷᠠᠯᠳᠠ ᠦᠬᠡᠢ | ᠴᠢᠩᠭᠠᠳᠬᠠᠬᠤ ᠴᠢᠬᠤᠯᠠᠲᠡᠢ ᠭᠡᠬᠦ ᠮᠠᠲᠤ᠃ ᠡᠬᠦᠨ ᠤ ᠳᠣᠬᠠᠢ ᠪᠢᠳᠡ ᠡᠷᠭᠡᠪᠰᠢ ᠲᠡᠭᠡᠲᠤ ᠭᠡᠮᠵᠢᠶ᠎ᠠ ᠪᠠᠷ | ᠴᠢᠬᠤᠯᠠᠴᠢᠯᠠᠵᠦ᠂ ᠡᠬᠢ ᠡᠬᠦᠰᠦᠯ ᠠᠴᠠ ᠨᠢ ᠮᠦᠷᠳᠡᠵᠦ᠂ ᠪᠦᠲᠤᠮᠵᠢᠲᠡᠢ ᠠᠷᠭ᠎ᠠ ᠭᠡᠮᠵᠢᠶ᠎ᠠ ᠠᠪᠴᠦ ᠰᠢᠢᠳᠪᠤᠷᠢᠯᠠᠬᠦ | ᠪᠠᠷ ᠴᠢᠷᠮᠠᠶᠢᠬᠤ ᠭᠡᠷᠡᠭᠲᠡᠢ᠃ | ᠨᠦᠬᠦᠳ ᠡ᠂ ᠰᠢᠨ᠎ᠠ ᠴᠠᠭ ᠦᠶ᠎ᠠ ᠳᠤ ᠲᠠᠪᠰᠢᠨ ᠤᠷᠤᠬᠤ ᠳᠤ᠂ ᠠᠵᠨ ᠲᠤᠬᠢᠶᠠᠯ ᠬᠢᠭᠡᠳ | ᠦᠷᠢᠰᠦᠯᠲᠤᠭᠡᠨ ᠵᠡᠷᠭᠡᠴᠠᠨ ᠤᠷᠤᠰᠢᠵᠦ᠂ ᠬᠦᠳᠡᠯᠭᠡᠬᠦ ᠬᠦᠴᠦᠨ ᠬᠢᠭᠡᠳ ᠲᠠᠷᠤᠭᠠᠰᠤ ᠬᠠᠮᠲᠤ ᠤᠷᠤᠰᠢᠵᠦ ᠪᠠᠶᠢᠨ᠎ᠠ᠃ | ᠪᠢᠳᠡ ᠶᠠᠭ ᠰᠠᠶ᠋ᠢᠬᠠᠨ ᠨᠢᠭᠡᠨ ᠤᠷᠤᠰᠬᠠᠯ ᠰᠦᠷᠦᠨ ᠤᠩᠭᠤᠴᠠ ᠠᠶᠠᠯᠠᠵᠦ᠂ ᠤᠷᠤᠭᠰᠢᠯᠠᠬᠤ ᠦᠭᠡᠢ ᠪᠤᠯᠪᠠᠰᠤ | ᠤᠬᠤᠷᠢᠬᠤ ᠴᠠᠭ ᠦᠶ᠎ᠠ ᠳᠤ ᠤᠷᠤᠰᠢᠵᠦ᠂ ᠨᠢᠭᠡᠨ ᠡᠷᠴᠢ ᠵᠤᠷᠢᠭ ᠢᠶᠠᠨ ᠮᠦᠷᠦᠶᠢᠴᠡᠨ ᠲᠡᠮᠡᠴᠡᠬᠦ᠂ ᠵᠤᠷᠢᠭ ᠰᠦᠰᠦ | ᠪᠠᠨ ᠰᠢᠯᠭᠠᠬᠤ ᠴᠠᠭ ᠦᠶ᠎ᠠ ᠳᠤ ᠤᠷᠤᠰᠢᠵᠦ᠂ ᠨᠢᠭᠡᠨ ᠬᠠᠷᠢᠭᠤᠴᠠᠯᠭ᠎ᠠ ᠡᠬᠦᠷᠭᠡᠯᠡᠵᠦ ᠴᠢᠷᠮᠠᠶᠢᠯᠭ᠎ᠠ ᠭᠠᠷᠭᠠᠬᠤ᠂ | ᠡᠷᠡᠮᠡᠭᠡᠶᠢᠯᠠᠨ ᠤᠷᠤᠭᠰᠢᠯᠠᠬᠤ ᠴᠠᠭ ᠦᠶ᠎ᠠ ᠳᠤ ᠤᠷᠤᠰᠢᠵᠦ ᠪᠠᠶᠢᠨ᠎ᠠ᠃ ᠡᠶᠢᠮᠤ ᠠᠴᠠ᠂ ᠪᠢᠳᠡ ᠡᠷᠭᠡᠪᠰᠢ ᠴᠢᠩ | ᠰᠡᠳᠬᠢᠯ ᠠᠴᠠ ᠪᠠᠨ ᠪᠦᠯᠬᠦᠮᠳᠡᠵᠦ᠂ ᠬᠦᠭᠵᠢᠯᠳᠡ ᠶᠢᠨ ᠪᠠᠶᠢᠳᠠᠯ ᠢ ᠲᠤᠲᠤᠷᠬᠠᠢ ᠲᠠᠨᠢᠵᠦ᠂ ᠬᠦᠭᠵᠢᠯᠳᠡ ᠶᠢᠨ | ᠢᠳᠡᠭᠡᠯ ᠵᠤᠷᠢᠭ ᠢᠶᠠᠨ ᠪᠠᠲᠤᠳᠬᠠᠵᠦ᠂ ᠪᠤᠳᠠᠲᠠᠢ ᠶᠢ ᠡᠷᠭᠢᠮᠯᠠᠨ ᠰᠢᠨ᠎ᠠ ᠶᠢ ᠡᠬᠦᠳᠴᠦ᠂ ᠡᠷᠡᠯᠭᠡᠭᠯᠡᠨ ᠲᠠᠮᠠᠴᠠᠵᠦ᠂ | ᠪᠦᠬᠦ ᠠᠶᠢᠮᠠᠭ ᠤᠨ ᠠᠵᠤ ᠠᠬᠤᠢ ᠨᠠᠶᠢᠭᠡᠮ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠬᠦᠲᠤᠨ | ᠨᠡᠭᠡᠭᠡᠬᠦ ᠭᠡᠷᠡᠭᠲᠡᠢ ᠃ | ᠬᠤᠶᠠᠷ᠂ 2019 ᠤᠨ ᠤ ᠠᠵᠢᠯ ᠤᠨ ᠲᠤᠬᠢᠷᠠᠭᠤᠯᠤᠯᠳᠠ | ᠦᠨᠦ ᠵᠢᠯ ᠪᠤᠯ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠂ ᠴᠢᠨᠡᠭᠡᠯᠢᠭ ᠨᠠᠶᠢᠭᠡᠮ ᠢ | ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠲᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠠᠷᠠᠯᠳᠠ | ᠶᠢ ᠪᠠᠶᠠᠯᠡᠬᠦᠯᠬᠦ ᠵᠠᠩᠬᠢᠯᠠᠭ᠎ᠠ ᠶᠢᠨ ᠵᠢᠯ ᠮᠦᠨ᠂ ᠪᠢᠳᠡ ᠡᠷᠭᠡᠪᠰᠢ ᠦᠵᠠᠯ ᠰᠠᠨᠠᠭ᠎ᠠ ᠪᠠ ᠦᠢᠯᠨ ᠠᠵᠢᠯᠯᠠᠭ᠎ᠠ ᠪᠠᠨ | ᠲᠦᠪ ᠤᠨ ︽ᠪᠠᠬᠢᠵᠢᠬᠦᠯᠬᠦ᠂ ᠴᠢᠩᠭᠠᠳᠬᠠᠬᠤ᠂ ᠲᠡᠭᠡᠭᠰᠢᠯᠡᠬᠦᠯᠬᠦ᠂ ᠨᠡᠪᠳᠡᠷᠡᠬᠦᠯᠬᠦ︾ ᠲᠤᠬᠠᠢ ᠴᠢᠬᠤᠯᠨ ᠶᠡᠭᠡ | ᠴᠢᠭᠯᠡᠯᠳᠠ ᠲᠡᠭᠡᠷ᠎ᠠ ᠨᠢᠭᠡᠲᠤᠬᠦᠯᠵᠦ᠂ ᠠᠵᠤ ᠠᠬᠤᠢ ᠨᠠᠶᠢᠭᠡᠮ ᠤᠨ ᠡᠯ᠎ᠠ ᠲᠦᠷᠦᠯ ᠤᠨ ᠠᠵᠢᠯ ᠢ ᠴᠢᠷᠮᠠᠶᠢᠨ ᠰᠠᠶᠢᠲᠤᠷ | ᠬᠢᠬᠦ ᠭᠡᠷᠡᠭᠲᠡᠢ᠃ ᠰᠠᠶ᠋ᠢᠬᠠᠨ ᠤ ᠶᠠᠩ ᠪᠦᠸᠧ ᠱᠦᠵᠢ ᠶᠢᠨ ᠶᠠᠷᠢᠶ᠎ᠠ ᠨᠢ ᠪᠦᠬᠦ ᠠᠶᠢᠮᠠᠭ ᠤᠨ ᠬᠦᠭᠵᠢᠯᠳᠡ ᠶᠢᠨ ᠶᠡᠭᠡ | ᠪᠠᠶᠢᠳᠠᠯ ᠤᠨ ᠵᠤᠭᠰᠤᠴᠠ ᠠᠴᠠ ᠶᠠᠭᠤᠨ ᠤ ᠤᠴᠢᠷ ᠠᠴᠠ ᠦᠵᠠᠯ ᠰᠠᠨᠠᠭ᠎ᠠ ᠪᠠᠨ ᠴᠢᠯᠤᠭᠡᠯᠡᠬᠦ᠂ ᠶᠠᠭᠤᠨ ᠳᠤ | ᠲᠦᠰᠢᠭᠯᠡᠵᠦ ᠦᠵᠠᠯ ᠰᠠᠨᠠᠭ᠎ᠠ ᠪᠠᠨ ᠴᠢᠯᠤᠭᠡᠯᠡᠬᠦ᠂ ᠶᠠᠭᠠᠬᠢᠵᠦ ᠦᠵᠠᠯ ᠰᠠᠨᠠᠭ᠎ᠠ ᠪᠠᠨ ᠴᠢᠯᠤᠭᠡᠯᠡᠬᠦ᠂ ᠦᠵᠠᠯ ᠰᠠᠨᠠᠭ᠎ᠠ | ᠪᠠᠨ ᠴᠢᠯᠤᠭᠡᠯᠡᠭᠡᠳ ᠶᠠᠮᠠᠷ ᠦᠷ᠎ᠠ ᠪᠦᠲᠤᠮᠵᠢ ᠶᠢ ᠪᠠᠶᠠᠯᠡᠬᠦᠯᠬᠦ ᠵᠡᠷᠭᠡ ᠲᠠᠯ᠎ᠠ ᠪᠠᠷ ᠬᠦᠨᠵᠡᠭᠡᠢ ᠲᠤᠲᠤᠷᠬᠠᠶᠢᠯᠠᠨ | ᠦᠬᠦᠯᠠᠵᠦ᠂ ᠪᠦᠬᠦ ᠠᠶᠢᠮᠠᠭ ᠤᠨ ᠠᠵᠢᠯ ᠳᠤ ᠴᠢᠭᠯᠡᠯ ᠢ ᠵᠢᠭᠠᠵᠦ᠂ ᠵᠢᠷᠤᠮᠯᠠᠯ ᠬᠠᠩᠭᠠᠨ᠂ ᠬᠠᠷᠠᠯᠳᠠ ᠲᠤᠭᠳᠠᠭᠠᠵᠦ᠂ | ᠱᠠᠭᠠᠷᠳᠠᠯᠭ᠎ᠠ ᠲᠤᠷᠠᠳᠪᠠ᠃ ᠪᠢᠳᠡ ᠡᠷᠭᠡᠪᠰᠢ ᠰᠠᠨᠠᠭᠰᠠᠨ ᠳᠠᠭᠠᠨ ᠬᠦᠷᠬᠦ ᠪᠠᠷ ᠰᠢᠨᠳᠠᠷᠠᠰᠢ ᠦᠭᠡᠢ ᠴᠢᠷᠮᠠᠶᠢᠨ᠂ | ᠰᠡᠳᠬᠢᠮᠵᠢ ᠪᠠᠨ ᠰᠢᠨᠠᠴᠢᠯᠠᠵᠦ ᠠᠷᠭ᠎ᠠ ᠠᠪᠴᠠᠯ ᠠᠪᠴᠦ᠂ ᠰᠡᠳᠬᠢᠮᠵᠢ ᠪᠠᠨ ᠰᠢᠨᠠᠴᠢᠯᠠᠵᠦ ᠠᠷᠭ᠎ᠠ ᠠᠪᠴᠠᠯ ᠠᠪᠴᠦ᠂ | ᠯᠠᠪᠳᠠᠭᠤᠨ ᠪᠠᠲᠤᠲᠠᠢ ᠪᠠᠷ ᠨᠠᠶᠢᠳᠠᠪᠤᠷᠢᠵᠢᠭᠤᠯᠤᠯᠳᠠ ᠶᠢ ᠠᠳᠬᠤᠬᠤ ᠭᠡᠷᠡᠭᠲᠡᠢ᠃ | 2019 ᠤᠨ ᠤ ᠪᠦᠬᠦ ᠠᠶᠢᠮᠠᠭ ᠤᠨ ᠠᠵᠤ ᠠᠬᠤᠢ ᠨᠠᠶᠢᠭᠡᠮ ᠤᠨ ᠬᠦᠭᠵᠢᠯᠳᠡ ᠶᠢᠨ ᠭᠤᠤᠯ ᠵᠢᠱᠢᠭᠰᠡᠨ | ᠬᠠᠷᠠᠯᠳᠠ ᠪᠤᠯ᠄ ᠤᠷᠤᠨ ᠨᠤᠲᠤᠭ ᠤᠨ ᠦᠢᠯᠡᠳᠪᠤᠷᠢᠯᠠᠯ ᠤᠨ ᠶᠠᠷᠤᠩᠭᠡᠢ ᠦᠷᠳᠡᠭ ᠢ 7% ᠪᠠᠷ ᠨᠡᠮᠡᠭᠳᠡᠬᠦᠯᠵᠦ᠂ | ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ ᠶᠢ 8% ᠪᠠᠷ ᠨᠡᠮᠡᠭᠳᠡᠬᠦᠯᠵᠦ᠂ ᠬᠤᠳᠠ ᠬᠦᠳᠡᠭᠡ ᠶᠢᠨ | 500 ᠲᠦᠮᠠᠨ ᠲᠦᠬᠦᠷᠢᠭ ᠠᠴᠠ ᠲᠡᠭᠡᠭᠰᠢᠬᠢ ᠲᠤᠭᠳᠠᠮᠠᠯ ᠬᠦᠷᠤᠩᠭᠡ ᠶᠢᠨ ᠪᠠᠯᠨ ᠤᠷᠤᠭᠤᠯᠤᠯᠳᠠ ᠶᠢ 10% ᠪᠠᠷ | ᠨᠡᠮᠡᠭᠳᠡᠬᠦᠯᠵᠦ᠂ ᠨᠠᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠠᠷᠤᠩᠭᠡᠢ ᠲᠤᠭ᠎ᠠ ᠶᠢ 7% | ᠪᠠᠷ ᠨᠡᠮᠡᠭᠳᠡᠬᠦᠯᠵᠦ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ | ᠡᠵᠡᠮᠳᠡᠵᠦ ᠪᠤᠯᠬᠤ ᠤᠷᠤᠯᠭ᠎ᠠ ᠶᠢ ᠲᠤᠰ ᠲᠤᠰ 7% ᠪᠠ 8% ᠪᠠᠷ ᠨᠡᠮᠡᠭᠳᠡᠬᠦᠯᠦᠨ᠎ᠠ᠃ ᠡᠯ᠎ᠠ ᠲᠦᠷᠦᠯ ᠤᠨ | ᠬᠢᠵᠠᠭᠠᠷᠯᠠᠯ ᠤᠨ ᠴᠢᠨᠠᠷᠲᠡᠢ ᠵᠢᠭᠠᠯᠳᠠ ᠲᠤᠭ᠎ᠠ ᠶᠢ ᠦᠪᠠᠷᠳᠡᠭᠡᠨ ᠵᠠᠰᠠᠬᠤ ᠤᠷᠤᠨ ᠤ ᠪᠠᠭᠤᠯᠭᠠᠭᠰᠠᠨ ᠭᠡᠪᠴᠢᠶᠠᠨ | ᠲᠤᠲᠤᠷ᠎ᠠ ᠬᠢᠵᠠᠭᠠᠷᠯᠠᠨ᠎ᠠ᠃ | ᠲᠡᠭᠡᠷᠡᠬᠢ ᠬᠠᠷᠠᠯᠳᠠ ᠶᠢ ᠪᠠᠶᠠᠯᠡᠬᠦᠯᠬᠦ ᠶᠢᠨ ᠲᠦᠯᠦᠭᠡ᠂ ᠲᠤᠤᠷᠠᠬᠢ ᠠᠷᠪᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠰᠠᠶᠢᠲᠤᠷ ᠠᠳᠬᠤᠬᠤ ᠭᠡᠷᠡᠭᠲᠡᠢ᠃ | ᠨᠢᠭᠡ ᠳᠤ᠂ ᠠᠵᠤ ᠠᠬᠤᠢ ᠶᠢᠨ ᠲᠤᠭᠳᠠᠭᠤᠨ ᠨᠡᠮᠡᠭᠳᠡᠯ ᠢ ᠪᠦᠬᠦ ᠬᠦᠴᠦᠨ ᠢᠶᠠᠷ ᠪᠠᠲᠤᠯᠠᠨ᠎ᠠ᠃ | ᠲᠤᠭᠳᠠᠭᠤᠨ ᠨᠡᠮᠡᠭᠳᠡᠯ ᠪᠤᠯ ᠴᠢᠨᠠᠷ ᠰᠠᠶᠢᠲᠡᠢ ᠬᠦᠭᠵᠢᠯᠳᠡ ᠶᠢᠨ ᠦᠨᠲᠤᠰᠤᠨ ᠤᠷᠢᠳᠠᠯ ᠮᠦᠨ᠃ ᠪᠢᠳᠡ ᠡᠷᠭᠡᠪᠰᠢ | ᠬᠦᠭᠵᠢᠯᠳᠡ ᠪᠠᠷ ᠨᠢᠭᠡᠲᠤᠭᠡᠷ ᠴᠢᠬᠤᠯᠨ ᠡᠬᠦᠷᠭᠡ ᠪᠤᠯᠭᠠᠬᠤ ᠶᠢ ᠪᠠᠷᠢᠮᠳᠠᠯᠠᠵᠦ᠂ ᠦᠨᠲᠤᠷ ᠵᠢᠭᠡᠯᠡᠯᠭᠡ ᠪᠠᠷ ᠨᠡᠮᠡᠭᠳᠡᠯ ᠢ | ᠪᠠᠲᠤᠯᠠᠬᠤ ᠬᠠᠭᠤᠴᠢᠨ ᠵᠠᠮ ᠢᠶᠠᠷ ᠵᠠᠮᠨᠠᠬᠤ ᠦᠭᠡᠢ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠰᠠᠨᠠᠭᠠᠴᠢᠯᠠᠭᠠᠲᠤ | ᠴᠢᠨᠠᠷ᠂ ᠬᠠᠨᠲᠤᠯᠭᠠᠲᠤ ᠴᠢᠨᠠᠷ ᠪᠠ ᠪᠤᠳᠠᠲᠤ ᠦᠷ᠎ᠠ ᠪᠦᠲᠤᠮᠵᠢᠲᠤ ᠴᠢᠨᠠᠷ ᠢ ᠲᠠᠰᠤᠷᠠᠯᠳᠠ ᠦᠭᠡᠢ ᠴᠢᠩᠭᠠᠳᠬᠠᠨ᠎ᠠ᠃ | ᠨᠢᠭᠡᠳᠦᠭᠡᠷ ᠲᠤ᠂ ᠠᠵᠤ ᠠᠬᠤᠢ ᠶᠢᠨ ᠠᠵᠢᠯᠯᠠᠭ᠎ᠠ ᠶᠢᠨ ᠬᠢᠨ᠋ᠨᠨ ᠭᠡᠮᠵᠢᠯᠳᠠ ᠲᠤᠬᠢᠷᠠᠭᠤᠯᠤᠯᠳᠠ ᠶᠢ | ᠴᠢᠩᠭᠠᠳᠬᠠᠨ᠎ᠠ᠃ ᠠᠶᠢᠮᠠᠭ ᠬᠤᠰᠢᠭᠤᠨ ᠤ ᠤᠲᠤᠷᠢᠲᠤᠯᠭ᠎ᠠ ᠠᠴᠠ ᠭᠤᠤᠯᠳᠠᠯᠭ᠎ᠠ ᠲᠠᠢ ᠠᠵᠤ ᠠᠬᠤᠶᠢᠯᠠᠯ | ᠭᠤᠤᠯᠳᠠᠯᠭ᠎ᠠ ᠲᠠᠢ ᠲᠦᠷᠦᠯ ᠵᠦᠢᠯ ᠢ ᠲᠠᠭᠠᠭᠠᠴᠢᠯᠠᠨ ᠬᠠᠷᠢᠭᠤᠴᠠᠬᠤ᠂ ᠵᠠᠰᠠᠭ ᠪᠠᠩᠬᠢ ᠠᠵᠤ ᠠᠬᠤᠶᠢᠯᠠᠯ ᠶᠠᠷᠢᠯᠴᠠᠵᠦ | ᠵᠤᠯᠭᠠᠯᠴᠠᠬᠤ ᠵᠡᠷᠭᠡ ᠲᠦᠷᠢᠮ ᠢ ᠦᠷᠬᠦᠯᠵᠢᠯᠠᠨ ᠭᠡᠷᠡᠭᠵᠢᠬᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠪᠤᠲᠤᠯᠭ᠎ᠠ︾ | ᠪᠠᠷ ᠠᠵᠤ ᠠᠬᠤᠶᠢᠯᠠᠯ ᠢ ᠤᠨᠤᠪᠴᠢᠲᠡᠢ ᠬᠠᠪᠰᠤᠷᠴᠦ ᠪᠤᠳᠠᠲᠠᠢ ᠬᠦᠴᠢᠷᠳᠡᠯ ᠢ ᠰᠢᠢᠳᠪᠤᠷᠢᠯᠠᠨ᠎ᠠ᠃ ᠭᠡᠪ ᠤᠨ | ᠦᠢᠯᠡᠳᠪᠤᠷᠢᠯᠠᠯ ᠤᠨ ᠠᠵᠤ ᠠᠬᠤᠶᠢᠯᠠᠯ ᠢ ᠢᠳᠡᠪᠬᠢᠲᠡᠢ ᠬᠠᠪᠰᠤᠷᠴᠦ ᠵᠠᠬ᠎ᠠ ᠲᠡᠯᠭᠡᠬᠦᠷ ᠢ ᠨᠡᠭᠡᠭᠡᠨ ᠦᠷᠭᠡᠳᠭᠡᠵᠦ᠂ | ᠠᠵᠤ ᠠᠬᠤᠶᠢᠯᠠᠯ ᠢ ᠲᠦᠬᠦᠷᠡᠩ ᠲᠠᠭᠠᠭᠠᠴᠠ ᠲᠠᠢ ᠦᠢᠯᠡᠳᠪᠤᠷᠢᠯᠠᠬᠦ ᠶᠢ ᠠᠬᠢᠭᠤᠯᠤᠨ᠎ᠠ︔ ᠦᠢᠯᠡᠳᠪᠤᠷᠢᠯᠠᠯ | ᠵᠤᠭᠰᠤᠭᠰᠠᠨ ᠬᠠᠭᠠᠰ ᠵᠤᠭᠰᠤᠭᠰᠠᠨ ᠠᠵᠤ ᠠᠬᠤᠶᠢᠯᠠᠯ ᠢ ᠡᠬᠢ ᠪᠠᠶᠠᠯᠢᠭ᠂ ᠦᠪᠠᠷ ᠤᠨ ᠦᠷᠳᠡᠭ᠂ ᠦᠷ᠎ᠠ ᠠᠰᠢᠭ | ᠠᠴᠠ ᠭᠠᠷ ᠲᠦᠷᠦᠵᠦ᠂ ᠡᠪᠠᠳᠴᠢᠨ ᠤ ᠦᠨᠲᠤᠰᠤ ᠶᠢ ᠨᠢ ᠤᠨᠤᠪᠴᠢᠲᠡᠢ ᠡᠷᠢᠨ ᠤᠯᠵᠦ᠂ ᠡᠪᠠᠳᠴᠢᠨ ᠳᠤᠨᠢ | ᠲᠠᠭᠠᠷᠠᠭᠤᠯᠤᠨ ᠡᠮ ᠦᠭᠴᠦ᠂ ᠵᠠᠬ᠎ᠠ ᠲᠡᠯᠭᠡᠬᠦᠷ ᠤᠨ ᠤᠷᠤᠨ ᠵᠠᠢ ᠲᠠᠢ ᠠᠵᠤ ᠠᠬᠤᠶᠢᠯᠠᠯ ᠢ ᠬᠠᠪᠰᠦᠷᠴᠦ | ᠦᠢᠯᠡᠳᠪᠤᠷᠢᠯᠠᠯ ᠢ ᠨᠢ ᠰᠡᠷᠬᠦᠭᠡᠨ ᠦᠷ᠎ᠠ ᠠᠰᠢᠭ ᠭᠠᠷᠭᠠᠨ᠎ᠠ︔ ᠦᠢᠯᠡᠳᠪᠤᠷᠢᠯᠠᠯ ᠢᠶᠠᠨ ᠰᠡᠷᠬᠦᠭᠡᠬᠦ ᠳᠤ ᠬᠦᠴᠢᠷᠳᠡᠯ | ᠲᠠᠢ ᠠᠵᠤ ᠠᠬᠤᠶᠢᠯᠠᠯ ᠢ ᠬᠠᠪᠰᠤᠷᠴᠦ ᠠᠳᠠᠯᠢ ᠠᠵᠢᠯ ᠲᠦᠷᠦᠯ ᠤᠨ ᠠᠵᠤ ᠠᠬᠤᠶᠢᠯᠠᠯ ᠳᠤ ᠤᠷᠢᠨ ᠤᠷᠤᠭᠤᠯᠵᠦ | ᠨᠡᠶᠢᠯᠡᠬᠦᠯᠦᠨ ᠲᠠᠬᠢᠨ ᠪᠠᠶᠢᠭᠤᠯᠵᠦ᠂ ᠦᠢᠯᠡᠳᠪᠤᠷᠢᠯᠠᠯ ᠤᠨ ᠦᠷ᠎ᠠ ᠠᠰᠢᠭ ᠨᠢ ᠠᠳᠠᠯᠢ ᠪᠤᠰᠤ ᠠᠵᠤ ᠠᠬᠤᠶᠢᠯᠠᠯ ᠤᠨ | ᠬᠠᠮᠲᠤᠷᠠᠨ ᠬᠦᠭᠵᠢᠬᠦ ᠶᠢ ᠲᠦᠯᠬᠢᠨ ᠠᠬᠢᠭᠤᠯᠤᠨ᠎ᠠ︔ ᠪᠢᠴᠢᠯ ᠠᠵᠤ ᠠᠬᠤᠶᠢᠯᠠᠯ ᠢ ᠲᠦᠷᠦ ᠶᠢᠨ ᠪᠤᠲᠤᠯᠭ᠎ᠠ᠂ ᠪᠠᠯᠨ | ᠮᠦᠩᠬᠦ ᠵᠡᠷᠭᠡ ᠲᠠᠯ᠎ᠠ ᠪᠠᠷ ︽ᠵᠠᠬᠢᠶᠠᠯᠠᠭ᠎ᠠ ᠶᠢᠨ ᠭᠡᠯᠪᠠᠷᠢ︾ ᠶᠢᠨ ᠦᠢᠯᠡᠴᠢᠯᠡᠭᠡ ᠶᠠᠪᠤᠭᠳᠠᠭᠤᠯᠵᠦ᠂ ᠢᠳᠡᠪᠬᠢᠲᠡᠢ | ᠲᠡᠳᠬᠦᠨ ᠲᠡᠮᠵᠢᠵᠦ ᠪᠤᠵᠠᠭᠠᠶᠢᠷᠠᠭᠤᠯᠤᠨ ᠬᠦᠴᠦᠷᠭᠡᠭᠵᠢᠬᠦᠯᠦᠨ᠎ᠠ᠃ | ᠬᠤᠶᠠᠳᠣᠭᠠᠷ ᠲᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠲᠡᠮᠵᠢᠯᠭᠡ ᠶᠢᠨ ᠬᠦᠴᠦᠯᠠᠴᠠ ᠶᠢ | ᠨᠡᠮᠡᠭᠳᠡᠬᠦᠯᠦᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠠᠵᠤ ᠠᠬᠤᠶᠢᠯᠠᠯᠳᠠᠨ ᠢ ᠦᠨ᠋ᠨᠨᠬᠦ ᠦᠪᠠᠷ ᠤᠨ | ᠬᠦᠮᠦᠨ ᠢᠶᠠᠨ ᠪᠤᠯᠭᠠᠵᠦ᠂ ᠡᠯ᠎ᠠ ᠲᠦᠷᠦᠯ ᠤᠨ ᠲᠠᠳᠬᠦᠨ ᠲᠡᠮᠵᠢᠬᠦ ᠠᠷᠭ᠎ᠠ ᠪᠠᠷᠢᠯ ᠢ ᠤᠯᠠᠮ ᠨᠢᠭᠡ ᠠᠯᠬᠤᠮ | ᠨᠠᠷᠢᠯᠢᠭᠵᠢᠭᠤᠯᠤᠨ᠂ ᠪᠤᠳᠠᠳᠠᠶᠢᠵᠢᠭᠤᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠡ ᠶᠢᠨ | ᠠᠮᠢᠵᠢᠷᠠᠯ ᠤᠨ ᠬᠦᠴᠦᠨ ᠢ ᠵᠤᠷᠢᠭᠵᠢᠭᠤᠯᠵᠦ᠂ ᠠᠵᠤ ᠠᠬᠤᠶᠢᠯᠠᠯᠳᠠᠨ ᠤ ᠵᠤᠷᠢᠭ ᠰᠠᠨᠠᠭ᠎ᠠ ᠶᠢ ᠬᠠᠮᠠᠭᠠᠯᠠᠵᠦ᠂ ᠴᠢᠩ | ᠬᠤᠸ᠋ᠨ᠂ ᠲᠠᠢ ᠰᠢ᠂ ᠱᠨ ᠡᠸ᠋ᠨ ᠵᠡᠷᠭᠡ ᠭᠤᠤᠯᠯᠠᠭᠴᠢ ᠠᠵᠤ ᠠᠬᠤᠶᠢᠯᠠᠯ ᠤᠨ ᠡᠷᠡᠬᠦᠯ ᠬᠦᠭᠵᠢᠯᠳᠡ ᠶᠢ ᠭᠤᠤᠯᠳᠠᠯᠭ᠎ᠠ | ᠲᠠᠢ ᠲᠦᠯᠬᠢᠨ ᠠᠬᠢᠭᠤᠯᠤᠨ᠎ᠠ᠃ ᠪᠠᠯᠨ ᠨᠠᠶᠢᠯᠡᠬᠦᠯᠬᠦ ᠳᠤ ᠬᠦᠴᠢᠷ ᠪᠠᠯᠨ ᠨᠠᠶᠢᠯᠡᠬᠦᠯᠬᠦ ᠳᠤ ᠦᠨᠠᠲᠡᠢ ᠪᠠᠶᠢᠬᠤ | ᠠᠰᠠᠭᠤᠳᠠᠯ ᠢ ᠬᠦᠴᠦᠯᠠᠨ ᠰᠢᠢᠳᠪᠤᠷᠢᠯᠠᠵᠦ᠂ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠲᠦᠭᠰᠢᠬᠦᠷᠢ ᠶᠢᠨ | ᠨᠦᠬᠦᠪᠤᠷᠢ ᠶᠢᠨ ᠰᠠᠭᠤᠷᠢ ᠮᠦᠩᠬᠦᠨ ᠤ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ︽ᠵᠠᠰᠠᠭ ᠪᠠᠩᠬᠢ | ᠲᠠᠭᠠᠳᠬᠠᠯ︾ ᠤᠨ ᠲᠦᠭᠰᠢᠬᠦᠷᠢ ᠶᠢ ᠬᠠᠮᠲᠤ ᠪᠠᠷ ᠡᠬᠦᠷᠭᠡᠯᠡᠬᠦ ᠲᠤᠭᠳᠠᠴᠠ ᠶᠢ ᠪᠠᠶᠢᠭᠤᠯᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠡᠵᠡᠯᠡᠬᠦ ᠬᠠᠷᠢᠴᠠᠯ ᠪᠠ ᠪᠦᠷᠬᠦᠴᠠ ᠶᠢᠨ ᠭᠡᠮᠵᠢᠶ᠎ᠠ ᠶᠢ | ᠲᠡᠭᠡᠭᠰᠢᠯᠡᠬᠦᠯᠬᠦ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠵᠠᠬ᠎ᠠ ᠳᠤ ᠭᠠᠷᠴᠦ ᠫᠠᠶᠢᠰᠠ ᠡᠯᠬᠦᠬᠦ | ᠭᠤᠷᠪᠠᠨ ᠵᠢᠯ ᠤᠨ ᠭᠡᠷᠡᠭᠵᠢᠬᠦᠯᠦᠯᠳᠡ ᠶᠢᠨ ᠲᠦᠯᠦᠪᠯᠡᠭᠡ ᠶᠢ ᠬᠦᠴᠦᠯᠠᠨ ᠠᠬᠢᠭᠤᠯᠵᠦ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠤᠯᠠᠨ ᠲᠡᠰ ᠲᠠᠪᠬᠤᠷᠭ᠎ᠠ ᠲᠠᠢ ᠬᠦᠷᠤᠩᠭᠡ ᠶᠢᠨ ᠵᠠᠬ᠎ᠠ ᠲᠡᠯᠭᠡᠬᠦᠷ ᠲᠤ ᠤᠷᠤᠯᠴᠠᠵᠦ ᠰᠢᠭᠤᠳ | ᠪᠠᠯᠨ ᠨᠡᠶᠢᠯᠡᠬᠦᠯᠬᠦ ᠶᠢ ᠬᠦᠲᠤᠯᠤᠨ ᠵᠢᠯᠤᠭᠤᠲᠤᠨ᠎ᠠ᠃ ᠠᠵᠤ ᠠᠬᠤᠶᠢᠯᠠᠯ ᠢ ᠬᠠᠷᠠᠭᠠᠯᠵᠠᠵᠦ ᠲᠡᠳᠬᠦᠨ ᠲᠡᠮᠵᠢᠬᠦ ᠲᠦᠷᠦ | ᠶᠢᠨ ᠪᠤᠲᠤᠯᠭ᠎ᠠ ᠶᠢ ᠨᠢᠭᠡᠲᠤᠯᠲᠡᠢ ᠲᠦᠯᠤᠪᠯᠡᠨ ᠰᠠᠶᠢᠲᠤᠷ ᠭᠡᠷᠡᠭᠯᠡᠵᠦ᠂ ᠠᠵᠤ ᠠᠬᠤᠶᠢᠯᠠᠯ ᠤᠨ ᠭᠠᠶᠢᠯᠢ ᠶᠢᠨ | ᠰᠦᠢᠳᠭᠡᠯ᠂ ᠡᠨᠧᠷᠬᠢ ᠭᠡᠷᠡᠭᠯᠡᠬᠦ᠂ ᠭᠠᠵᠠᠷ ᠭᠡᠷᠡᠭᠯᠡᠬᠦ᠂ ᠠᠵᠢᠯᠴᠢᠨ ᠭᠡᠷᠡᠭᠯᠡᠬᠦ᠂ ᠪᠠᠷᠠᠭᠠᠨ ᠤ ᠬᠦᠢᠯᠭᠡᠭᠡ ᠵᠡᠷᠭᠡ ᠦᠪᠠᠷ | ᠤᠨ ᠦᠷᠳᠡᠭ ᠤᠨ ︽ᠨᠡᠶᠢᠯᠡᠮᠵᠢ︾ ᠶᠢ ᠰᠠᠶᠢᠲᠤᠷ ᠪᠠᠭᠤᠷᠠᠭᠤᠯᠵᠦ᠂ ᠲᠦᠷᠦ ᠶᠢᠨ ᠪᠤᠲᠤᠯᠭ᠎ᠠ ᠶᠢᠨ | ᠨᠠᠶᠢᠳᠠᠪᠤᠷᠢᠵᠢᠭᠤᠯᠤᠯᠳᠠ ᠶᠢᠨ ᠦᠨᠠᠯᠠᠨ ᠵᠢᠱᠢᠯᠳᠠ᠂ ᠰᠢᠮᠳᠠᠭᠤᠯᠤᠨ ᠪᠠᠶᠢᠴᠠᠭᠠᠯᠳᠠ᠂ ᠴᠡᠭᠴᠡᠯᠡᠨ ᠰᠠᠶᠢᠵᠢᠷᠠᠭᠤᠯᠬᠤ | ᠤᠷᠲᠤ ᠬᠤᠭᠤᠴᠠᠭᠠᠨ ᠤ ᠪᠦᠲᠤᠮᠵᠢᠲᠤ ᠲᠤᠭᠳᠠᠴᠠ ᠶᠢ ᠲᠡᠬᠦᠯᠳᠡᠷᠵᠢᠬᠦᠯᠦᠨ ᠨᠠᠶᠢᠳᠠᠪᠤᠷᠢᠵᠢᠭᠤᠯᠤᠨ᠎ᠠ᠃ | ᠤᠨᠴᠠᠭᠠᠶᠢᠯᠠᠨ ᠠᠵᠤ ᠠᠬᠤᠶᠢᠯᠠᠯ ᠳᠤ ᠬᠤᠯᠪᠤᠭᠳᠠᠬᠤ ᠰᠢᠮᠳᠠᠭᠤᠯᠤᠨ ᠪᠠᠶᠢᠴᠠᠭᠠᠬᠤ ᠠᠷᠭ᠎ᠠ ᠮᠠᠶ᠋ᠢᠭ ᠢᠶᠠᠨ | ᠰᠠᠶᠢᠵᠢᠷᠠᠭᠤᠯᠵᠦ᠂ ᠠᠵᠤ ᠠᠬᠤᠶᠢᠯᠠᠯ ᠢ ᠬᠠᠭᠠᠭᠠᠨ ᠵᠤᠭᠰᠤᠭᠠᠬᠤ ᠲᠤᠭᠳᠠᠭᠠᠯ ᠢ ᠬᠠᠤᠯᠢ ᠶᠤᠰᠤᠭᠠᠷ ᠬᠢᠨᠠᠮᠠᠭᠠᠢ | ᠪᠤᠯᠭᠤᠮᠵᠢᠲᠡᠢ ᠭᠡᠷᠡᠭᠵᠢᠬᠦᠯᠵᠦ᠂ ᠬᠠᠤᠯᠢ ᠭᠡᠷᠡᠭᠵᠢᠬᠦᠯᠬᠦ ᠲᠤᠮᠳᠠ ︽ᠡᠭᠡᠭᠡ ᠠᠳᠠᠯᠢ ᠪᠠᠶᠢᠯᠭᠠᠬᠤ︾ ᠵᠡᠷᠭᠡ ᠲᠦᠬᠦᠮ | ᠪᠦᠲᠤᠬᠦᠯᠢᠭ ᠠᠷᠭ᠎ᠠ ᠭᠡᠮᠵᠢᠶ᠎ᠠ ᠶᠢ ᠡᠷᠡᠰ ᠵᠤᠭᠰᠤᠭᠠᠵᠦ᠂ ᠠᠵᠤ ᠠᠬᠤᠶᠢᠯᠠᠯ ᠢ ᠵᠦᠳᠡᠭᠡᠬᠦ᠂ ᠠᠵᠤ ᠠᠬᠤᠶᠢᠯᠠᠯ ᠢ | ᠦᠢᠮᠠᠬᠦᠯᠬᠦ᠂ ᠠᠵᠤ ᠠᠬᠤᠶᠢᠯᠠᠯ ᠢ ᠬᠤᠬᠢᠷᠠᠭᠤᠯᠬᠤ ᠶᠢ ᠬᠠᠮᠤᠭ ᠶᠡᠭᠡ ᠭᠡᠮᠵᠢᠶ᠎ᠠ ᠪᠠᠷ ᠵᠠᠶᠢᠯᠠᠭᠤᠯᠤᠨ᠎ᠠ᠃ | ᠭᠤᠷᠪᠠᠳᠣᠭᠠᠷ ᠲᠤ᠂ ᠰᠢᠨ᠎ᠠ ᠶᠢ ᠡᠬᠦᠳᠬᠦ ᠬᠦᠭᠵᠢᠯᠳᠡ ᠶᠢᠨ ᠬᠦᠳᠡᠯᠭᠡᠬᠦ ᠬᠦᠴᠦᠨ ᠢ ᠲᠦᠷᠭᠡᠳᠭᠡᠨ᠎ᠠ᠃ | ᠲᠢᠩᠬᠢᠮ ᠠᠶᠢᠮᠠᠭ ᠵᠦᠪᠳᠡᠯᠴᠠᠬᠦ᠂ ᠰᠢᠨᠵᠢᠯᠡᠬᠦ ᠤᠬᠠᠭᠠᠨ ᠤ ᠬᠦᠷᠢᠶᠠᠯᠠᠩ ᠤᠷᠤᠨ ᠨᠤᠲᠤᠭ ᠲᠠᠢ ᠬᠤᠷᠰᠢᠯᠴᠠᠬᠤ᠂ | ᠶᠡᠭᠡ ᠲᠡᠭᠡᠲᠤ ᠰᠤᠷᠭᠠᠭᠤᠯᠢ ᠤᠷᠤᠨ ᠨᠤᠲᠤᠭ ᠲᠠᠢ ᠬᠤᠷᠰᠢᠯᠴᠠᠬᠤ ᠶᠢ ᠬᠦᠨᠵᠡᠭᠡᠶᠢᠷᠡᠬᠦᠯᠵᠦ᠂ ᠠᠵᠤ ᠠᠬᠤᠶᠢᠯᠠᠯ ᠤᠨ | ᠰᠢᠨ᠎ᠠ ᠶᠢ ᠡᠬᠦᠳᠬᠦ ᠭᠤᠤᠯ ᠴᠤᠭᠴᠠ ᠶᠢᠨ ᠦᠢᠯᠡᠲᠤᠯ ᠢ ᠬᠦᠢᠴᠡᠳ ᠪᠠᠳᠠᠷᠠᠭᠤᠯᠵᠦ᠂ ᠠᠺᠠᠳᠧᠮᠢᠴᠢ ᠲᠤᠰᠬᠠᠢ | ᠮᠠᠷᠭᠡᠵᠢᠯᠳᠠᠨ ᠤ ᠠᠵᠢᠯ ᠤᠨ ᠦᠷᠳᠡᠭᠡ᠂ ᠳᠡᠭᠡᠳᠦ ᠰᠢᠨ᠎ᠡ ᠮᠡᠷᠭᠡᠵᠢᠯ ᠢ ᠨᠡᠪᠴᠢᠬᠦᠯᠬᠦ ᠬᠦᠷᠢᠶᠡᠯᠡᠩ᠂ ᠪᠠᠷᠢᠯᠭ᠎ᠠ ᠶᠢᠨ | ᠮᠡᠷᠭᠡᠵᠢᠯ ᠢ ᠰᠣᠳᠣᠯᠬᠤ ᠳᠦᠪ᠂ ᠭᠤᠣᠯᠳᠠᠯᠭᠠᠳᠣ ᠳᠣᠷᠰᠢᠯᠳᠠ ᠶᠢᠨ ᠭᠡᠷ ᠵᠡᠷᠭᠡ ᠳᠠᠪᠴᠠᠩ ᠠᠴᠢᠶᠠᠯᠠᠪᠣᠷᠢ ᠶᠢ | ᠲᠦᠷᠭᠡᠳᠭᠡᠨ ᠪᠠᠶᠢᠭᠤᠯᠣᠨ᠎ᠠ᠃ ᠭᠤᠤᠯᠳᠠᠯᠭᠠᠲᠤ ᠠᠵᠦ ᠦᠢᠯᠡᠰ ᠤᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ | ᠴᠢᠬᠤᠯᠠ ᠳᠤᠮᠤ ᠰᠢᠨᠵᠢᠯᠡᠭᠡ ᠮᠡᠷᠭᠡᠵᠢᠯ ᠤᠨ ᠲᠤᠰᠬᠠᠢ ᠲᠦᠷᠦᠯ ᠢ ᠬᠡᠷᠡᠭᠵᠢᠬᠦᠯᠵᠦ᠂ ᠬᠡᠷᠡᠭᠯᠡᠭᠡᠨ ᠤ ᠮᠡᠷᠭᠡᠵᠢᠯ ᠤᠨ | ᠰᠢᠪᠲᠤᠯᠤᠯᠲᠠ ᠶᠢ ᠦᠷᠨᠢᠬᠦᠯᠦᠨ᠂ ᠨᠡᠬᠦᠷᠡᠰᠦ ᠳᠠᠪᠤᠰᠤᠨ ᠤ ᠬᠢᠮᠢ ᠶᠢᠨ ᠠᠵᠦ ᠦᠢᠯᠡᠳᠪᠦᠷᠢ ᠶᠢᠨ ᠮᠡᠷᠭᠡᠵᠢᠯ ᠤᠨ | ᠦᠭᠡᠷᠡᠴᠢᠯᠡᠯᠳᠡ᠂ ᠲᠡᠮᠡᠭᠡᠨ ᠴᠢᠰᠦᠨ ᠤ ᠤᠯᠠᠨ ᠫᠫᠧᠲ᠋ᠢᠳ᠋᠂ ᠡᠯᠡᠰᠦᠨ ᠤ ᠬᠦᠷᠦᠰᠦᠵᠢᠯ ᠵᠡᠷᠭᠡ ᠵᠠᠩᠬᠢᠯᠠᠭ᠎ᠠ ᠶᠢᠨ | ᠮᠡᠷᠭᠡᠵᠢᠯ ᠢ ᠰᠢᠨᠡᠴᠢᠯᠡᠵᠦ ᠰᠤᠳᠤᠯᠤᠨ ᠨᠡᠬᠡᠬᠡᠬᠦ ᠪᠠ ᠦᠷ᠎ᠠ ᠪᠦᠲᠦᠮᠵᠢ ᠶᠢᠨ ᠤᠯᠠᠷᠢᠭᠤᠯᠤᠯᠲᠠ ᠶᠢ ᠲᠦᠷᠭᠡᠳᠭᠡᠵᠦ᠂ | ᠮᠡᠷᠭᠡᠵᠢᠯ ᠤᠨ ᠤᠯᠠᠷᠢᠯᠠᠭᠤᠯᠤᠯᠲᠠ ᠶᠢᠨ ᠰᠤᠯᠢᠯᠴᠠᠭᠠᠨ ᠤ ᠵᠠᠭᠤᠴᠢ ᠦᠢᠯᠡᠴᠢᠯᠡᠭᠡ ᠶᠢ ᠢᠳᠡᠪᠬᠢᠳᠠᠢ ᠦᠷᠨᠢᠬᠦᠯᠵᠦ᠂ | ᠰᠢᠨᠡᠴᠢᠯᠡᠯᠳᠡ ᠶᠢᠨ ᠦᠷ᠎ᠠ ᠪᠦᠲᠦᠮᠵᠢ ᠶᠢ ᠪᠤᠳᠠᠳᠤ ᠦᠢᠯᠡᠳᠪᠦᠷᠢᠯᠡᠯ ᠤᠨ ᠬᠦᠴᠦᠨ ᠵᠦᠭ ᠤᠯᠠᠷᠢᠯᠠᠭᠤᠯᠬᠤ ᠵᠠᠮ | ᠱᠤᠭᠤᠮ ᠢ ᠨᠡᠪᠲᠡᠷᠡᠬᠦᠯᠦᠨᠠ᠃ ᠲᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠡ ᠶᠢᠨ ᠣᠷᠤᠨ ᠤ | ᠪᠦᠲᠦᠭᠡᠨ ᠪᠠᠶᠢᠭᠤᠯᠤᠯᠳᠠ ᠶᠢᠨ ᠬᠦᠴᠦᠯᠡᠴᠡ ᠶᠢ ᠴᠢᠩᠭᠠᠷᠠᠭᠤᠯᠵᠦ᠂ ᠨᠢᠬᠡ ᠪᠦᠯᠦᠭ ᠤᠯᠤᠰ ᠤᠨ ᠲᠡᠭᠡᠳᠦ ᠰᠢᠨ᠎ᠡ | ᠮᠡᠷᠭᠡᠵᠢᠯ ᠤᠨ ᠠᠵᠦ ᠠᠬᠤᠶᠢᠯᠠᠯ ᠢ ᠰᠢᠨ᠎ᠡ ᠪᠠᠷ ᠨᠡᠮᠡᠭᠳᠡᠬᠦᠯᠵᠦ᠂ ᠤᠯᠤᠰ ᠤᠨ ᠳᠡᠰ ᠤᠨ ᠳᠡᠭᠡᠲᠦ ᠰᠢᠨ᠎ᠡ | ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠡ ᠶᠢᠨ ᠤᠷᠤᠨ ᠢ ᠡᠷᠲᠡ ᠨᠢᠬᠡ ᠡᠳᠦᠷ ᠴᠤᠭᠴᠠᠯᠠᠨ ᠪᠠᠶᠢᠭᠤᠯᠬᠤ ᠪᠠᠷ | ᠴᠢᠷᠮᠠᠶᠢᠨ᠎ᠠ᠃ | ᠳᠦᠷᠪᠡᠳᠦᠭᠡᠷ ᠲᠤ᠂ ᠪᠦᠲᠦᠮᠵᠢᠳᠠᠢ ᠪᠡᠯᠡ ᠤᠷᠤᠭᠤᠯᠤᠯᠲᠠ ᠶᠢ ᠦᠷᠭᠡᠳᠭᠡᠵᠦ᠂ ᠳᠤᠳᠠᠭᠤᠳᠠᠯ ᠢᠶᠠᠨ | ᠨᠦᠬᠦᠪᠦᠷᠢᠯᠡᠨ᠎ᠡ᠃ ᠠᠶᠢᠮᠠᠭ ᠤᠨ ᠳᠡᠰ ᠤᠨ ᠭᠤᠤᠯᠳᠠᠯᠭᠠᠲᠤ ᠲᠦᠷᠦᠯ ᠵᠦᠢᠯ 110 ᠲᠦᠷᠦᠯ ᠢ ᠬᠡᠷᠡᠭᠵᠢᠬᠦᠯᠵᠦ᠂ | ᠶᠡᠷᠦᠩᠬᠡᠢ ᠪᠡᠯᠡ ᠤᠷᠤᠭᠤᠯᠤᠯᠲᠡ 938 ᠳ᠋ᠦᠩᠰᠢᠭᠤᠷ ᠲᠦᠬᠦᠷᠢᠭ᠂ ᠣᠨ ᠤ ᠲᠦᠯᠦᠪᠯᠡᠭᠡᠲᠦ ᠪᠡᠯᠡ | ᠤᠷᠤᠭᠤᠯᠤᠯᠲᠠ 209 ᠳ᠋ᠦᠩᠰᠢᠭᠤᠷ ᠲᠦᠬᠦᠷᠢᠭ︔ 40 ᠴᠢᠬᠤᠯᠠ ᠳᠤᠮᠤ ᠡᠮᠦᠨᠡᠬᠢ ᠬᠤᠭᠤᠴᠠᠭᠠᠨ ᠤ ᠲᠦᠷᠦᠯ | ᠵᠦᠢᠯ ᠢ ᠬᠡᠷᠡᠭᠵᠢᠬᠦᠯᠵᠦ᠂ ᠶᠡᠷᠦᠩᠬᠡᠢ ᠪᠡᠯᠡ ᠤᠷᠤᠭᠤᠯᠤᠯᠲᠠ 2840 ᠳ᠋ᠦᠩᠰᠢᠭᠤᠷ ᠲᠦᠬᠦᠷᠢᠭ ᠪᠤᠯᠤᠨ᠎ᠠ᠃ ᠵᠠᠮ | ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠲᠤᠯᠢ ᠠᠴᠠ | ᠳᠡᠷᠡᠰᠦᠨ ᠂ ᠪᠠᠶᠠᠨᠨᠢᠷᠤᠭᠤᠨ ᠠᠴᠠ ᠮᠦᠩᠬᠦᠨ᠂ ᠮᠦᠩᠬᠦᠨ ᠠᠴᠠ ᠶᠠᠪᠠᠷᠠᠢ ᠬᠦᠷᠬᠦ ᠨᠢᠭᠡᠳᠦᠭᠡᠷ ᠳᠡᠰ ᠤᠨ ᠵᠠᠰᠠᠮᠠᠯ | ᠵᠠᠮ ᠢ ᠪᠠᠶᠢᠭᠤᠯᠵᠦ᠂ ᠪᠠᠶᠠᠨᠬᠤᠲᠠ ᠠᠴᠠ ᠢᠷᠭᠠᠢ ᠬᠦᠷᠬᠦ ᠬᠤᠷᠳᠤᠨ ᠤ ᠲᠡᠮᠦᠷ ᠵᠠᠮ᠂ ᠬᠤᠶᠢᠲᠦ ᠢᠩᠭᠡᠨ ᠠᠴᠠ | ᠬᠠᠷ᠎ᠠ ᠰᠤᠬᠠᠢ᠂ ᠬᠠᠷ᠎ᠠ ᠰᠤᠬᠠᠢ ᠠᠴᠠ ᠯᠦ ᠵᠢᠩ ᠬᠦᠷᠬᠦ ᠵᠠᠰᠠᠮᠠᠯ ᠵᠠᠮ ᠢ ᠵᠢᠯ ᠤᠨ ᠳᠤᠳᠤᠷ᠎ᠠ ᠠᠵᠢᠯ ᠡᠬᠢᠯᠡᠬᠦᠯᠬᠦ ᠪᠠᠷ | ᠴᠢᠷᠮᠠᠶᠢᠵᠦ᠂ ᠳᠠᠯᠠᠶᠢᠬᠦ᠋ᠪ ᠠᠴᠠ ᠳ᠋ᠦᠩᠹᠧᠩ ᠰᠠᠨᠰᠠᠷ ᠤᠨ ᠬᠤᠲᠠ ᠬᠦᠷᠬᠦ᠂ ᠠᠯᠠᠱᠠ ᠶᠢᠨ ᠪᠠᠭᠠᠲᠤᠷᠴᠤᠳ ᠤᠨ | ᠴᠤᠭᠯᠠᠭᠠᠨ ᠤ ᠭᠠᠵᠠᠷ ᠠᠴᠠ ᠡᠦ ᠸᠧᠢ ᠬᠦᠷᠬᠦ᠂ ᠳ᠋ᠦᠩᠹᠧᠩ ᠰᠠᠨᠰᠠᠷ ᠤᠨ ᠬᠤᠲᠠ ᠠᠴᠠ ᠠᠷᠪᠡᠨ ᠳᠦᠷᠪᠡᠳᠦᠭᠡᠷ | ᠰᠠᠭᠤᠷᠢᠨ ᠭᠠᠵᠠᠷ ᠬᠦᠷᠬᠦ ᠵᠠᠰᠠᠮᠠᠯ ᠵᠠᠮ ᠤᠨ ᠲᠦᠷᠦᠯ ᠵᠦᠢᠯ ᠢ ᠡᠷᠲᠡᠬᠡᠨ ᠬᠡᠷᠡᠭᠵᠢᠭᠦᠯᠬᠦ ᠶᠢ ᠲᠦᠯᠬᠢᠨ ᠠᠬᠢᠭᠤᠯᠵᠦ᠂ | ᠦᠯᠵᠡᠢ ᠠᠴᠠ ᠰᠤᠬᠤᠨᠳᠦ ᠬᠦᠷᠬᠦ ᠲᠡᠮᠦᠷ ᠵᠠᠮ᠂ ᠠᠯᠠᠱᠠ ᠵᠡᠬᠦᠨ ᠬᠤᠰᠢᠭᠤᠨ ᠤ ᠨᠢᠰᠭᠡᠯ ᠤᠨ ᠲᠠᠯᠠᠪᠤᠷ ᠢ ᠰᠠᠯᠪᠤᠷᠢ | ᠠᠶᠠᠯᠠᠯ ᠤᠨ ᠱᠤᠭᠤᠮ ᠪᠦᠬᠦᠢ ᠨᠢᠰᠬᠡᠯ ᠤᠨ ᠲᠠᠯᠠᠪᠤᠷ ᠪᠤᠯᠭᠠᠨ ᠳᠡᠰ ᠳᠡᠪᠰᠢᠬᠦᠯᠬᠦ ᠠᠵᠢᠯ ᠢ ᠲᠦᠯᠬᠢᠨ ᠠᠬᠢᠭᠤᠯᠤᠨ᠎ᠠ᠃ | ᠤᠰᠤ ᠴᠠᠬᠢᠯᠭᠠᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ | ᠪᠠᠶᠠᠨᠬᠤᠳᠠ ᠶᠢᠨ ᠦᠶᠡᠷ ᠢ ᠰᠡᠷᠬᠡᠶᠢᠯᠡᠬᠦ᠂ ᠴᠡᠭᠡ ᠬᠤᠶᠠᠳᠤᠭᠠᠷ ᠤᠰᠤᠨ ᠤ ᠡᠬᠢ ᠰᠤᠷᠪᠤᠯᠵᠢ ᠶᠢᠨ ᠤᠰᠤᠨ ᠤ | ᠬᠠᠩᠭᠠᠯᠲᠠ ᠵᠡᠷᠭᠡ ᠭᠤᠤᠯᠳᠠᠯᠭᠠᠲᠤ ᠤᠰᠤᠨ ᠠᠰᠢᠭᠯᠠᠯᠲᠠ ᠶᠢᠨ ᠢᠨᠵᠧᠨᠧᠷᠢᠩ ᠪᠠ ᠵᠡᠬᠦᠨ ᠪᠡᠯ ᠤᠨ 220 | ᠺᠢᠯᠤᠸᠤᠯᠲ᠂ ᠱᠠᠩ ᠤᠨ ᠳᠠᠯᠠᠢ ᠶᠢᠨ 110 ᠺᠢᠯᠤᠸᠤᠯᠲ ᠵᠡᠷᠭᠡ ᠴᠠᠬᠢᠯᠭᠠᠨ ᠬᠦᠷᠭᠡᠨ ᠬᠤᠪᠢᠰᠬᠠᠬᠤ ᠢᠨᠵᠧᠨᠧᠷᠢᠩ | ᠢ ᠲᠦᠷᠭᠡᠳᠭᠡᠨ ᠬᠡᠷᠡᠭᠵᠢᠬᠦᠯᠵᠦ᠂ ᠲᠡᠭᠷᠢ ᠠᠵᠦ ᠠᠬᠤᠢ ᠶᠢᠨ ᠮᠡᠷᠭᠡᠵᠢᠯ ᠤᠨ ᠨᠡᠬᠡᠬᠡᠯᠳᠡ ᠶᠢᠨ ᠤᠷᠤᠨ ᠤ ᠬᠠᠲᠤᠨ | ᠭᠤᠤᠯ ᠤᠨ ᠤᠰᠤ ᠶᠢ ᠲᠠᠲᠠᠨ ᠤᠷᠤᠭᠤᠯᠵᠦ ᠤᠰᠤ ᠬᠠᠩᠭᠠᠬᠤ ᠵᠡᠷᠭᠡ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠰᠠᠶᠢᠳᠤᠷ ᠬᠢᠨ᠎ᠡ᠃ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ | ᠲᠤᠭᠤᠷᠢᠨ ᠳᠤ ᠠᠷᠠᠯᠵᠢᠶᠠᠴᠢᠨ ᠤᠷᠢᠵᠦ ᠪᠡᠯᠡ ᠳᠠᠳᠠᠬᠤ ᠠᠷᠭ᠎ᠠ ᠪᠠᠷᠢᠯ ᠢᠶᠠᠨ ᠰᠢᠨᠡᠴᠢᠯᠡᠵᠦ᠂ ᠢᠲᠡᠪᠬᠢᠳᠠᠢ ᠪᠠᠷ | ︽ᠭᠠᠷᠴᠦ︾᠂ ᠪᠡᠭᠡᠵᠢᠩ᠂ ᠲᠢᠶᠡᠨᠵᠢᠨ᠂ ᠡᠾᠧᠪᠸᠢ᠂ ᠬᠦᠬᠡᠮᠦ᠋ᠷᠡᠨ ᠤ ᠠᠵᠦ ᠠᠬᠤᠢ ᠶᠢᠨ ᠪᠦᠰᠡ᠂ ᠵᠢᠶᠠᠩᠰᠦ | ᠵᠧᠵᠢᠶᠠᠩ ᠤᠨ ᠪᠦᠰᠡ ᠶᠢᠨ ᠠᠵᠦ ᠦᠢᠯᠡᠰ ᠤᠨ ᠰᠢᠯᠵᠢᠯᠲᠡ ᠶᠢ ᠬᠦᠯᠢᠶᠠᠨ ᠵᠣᠯᠭᠠᠯᠴᠠᠨᠠ᠃ | ᠬᠤᠶᠠᠷ ᠲᠤ᠂ ᠦᠢᠯᠡᠳᠬᠦ ᠦᠢᠯᠡᠰ ᠤᠨ ᠬᠦᠭᠵᠢᠯᠲᠡ ᠶᠢ ᠲᠦᠷᠭᠡᠳᠭᠡᠨ ᠠᠬᠢᠭᠤᠯᠤᠨ᠎ᠠ᠃ ᠦᠢᠯᠡᠳᠬᠦ | ᠦᠢᠯᠡᠰ ᠪᠤᠯ ᠪᠤᠳᠠᠳᠤ ᠠᠵᠦ ᠠᠬᠤᠢ ᠶᠢ ᠪᠤᠵᠠᠭᠠᠶᠢᠷᠠᠭᠤᠯᠬᠤ ᠴᠢᠬᠤᠯᠠ ᠭᠠᠷᠳᠠᠴᠠ ᠪᠤᠯᠤᠨ᠎ᠠ᠃ ᠪᠢᠳᠠ ᠡᠷᠭᠡᠪᠰᠢ | ᠰᠢᠨ᠎ᠡ ᠬᠠᠭᠤᠴᠢᠨ ᠬᠦᠳᠡᠯᠭᠡᠬᠦ ᠬᠦᠴᠦᠨ ᠤ ᠬᠤᠪᠢᠷᠠᠯᠲᠠ ᠶᠢ ᠲᠦᠷᠭᠡᠳᠭᠡᠵᠦ᠂ ᠬᠠᠳᠠᠭᠠᠯᠠᠮᠵᠢ ᠪᠠᠨ ᠠᠮᠢᠯᠠᠭᠤᠯᠵᠦ᠂ | ᠰᠢᠯᠢᠳᠡᠭ ᠬᠢᠵᠦ ᠬᠡᠮᠵᠢᠶ᠎ᠠ ᠪᠠᠨ ᠨᠡᠮᠡᠭᠳᠡᠬᠦᠯᠵᠦ᠂ ᠦᠢᠯᠡᠳᠬᠦ ᠦᠢᠯᠡᠰ ᠤᠨ ᠴᠢᠨᠠᠷ ᠰᠠᠶᠢᠳᠠᠢ ᠬᠦᠭᠵᠢᠯᠲᠡ ᠶᠢ | ᠲᠦᠯᠬᠢᠨ ᠠᠬᠢᠭᠤᠯᠤᠨ᠎ᠠ᠃ | ᠨᠢᠭᠡᠳᠦᠭᠡᠷ ᠲᠤ᠂ ᠬᠦᠷᠢᠶᠡᠯᠡᠩ ᠲᠤᠭᠤᠷᠢᠭ ᠢ ᠬᠦᠭᠵᠢᠬᠦᠯᠦᠨ ᠮᠠᠨᠳᠤᠭᠤᠯᠬᠤ ᠢᠨᠵᠧᠨᠧᠷᠢᠩ ᠢ | ᠬᠡᠷᠡᠭᠵᠢᠬᠦᠯᠦᠨ᠎ᠡ᠃ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠠᠵᠦ ᠦᠢᠯᠡᠰ ᠤᠨ ᠬᠦᠭᠵᠢᠯᠲᠡ ᠶᠢᠨ | ᠴᠢᠭᠯᠡᠯ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ᠂ ᠬᠦᠷᠢᠶᠡᠯᠡᠩ ᠲᠤᠭᠤᠷᠢᠭ ᠤᠨ ᠠᠵᠦ ᠦᠢᠯᠡᠰ ᠢ ᠵᠤᠬᠢᠰᠳᠠᠢ | ᠪᠠᠶᠢᠷᠢᠯᠠᠭᠤᠯᠤᠨ᠂ ᠭᠤᠣᠯᠯᠠᠭᠴᠢ ᠠᠵᠦ ᠦᠢᠯᠡᠰ ᠤᠨ ᠬᠡᠯᠬᠢᠶ᠎ᠠ ᠶᠢ ᠦᠷᠬᠦᠯᠵᠢᠯᠡᠬᠦᠯᠬᠦ᠂ ᠬᠡᠯᠬᠢᠶ᠎ᠠ ᠶᠢ ᠨᠦᠬᠦᠬᠦ᠂ | ᠬᠡᠯᠬᠢᠶ᠎ᠠ ᠶᠢ ᠪᠤᠵᠠᠭᠠᠶᠢᠷᠠᠭᠤᠯᠬᠤ ᠲᠤᠭᠤᠷᠢᠨ ᠳᠤ᠂ ᠢᠵᠢᠯ ᠴᠢᠨᠠᠷᠲᠦ ᠦᠷᠢᠰᠦᠯᠳᠦᠭᠡᠨ ᠠᠴᠠ ᠵᠠᠶᠢᠯᠠᠰᠬᠢᠵᠦ᠂ ᠤᠳᠤ | ᠪᠠᠶᠢᠭ᠎ᠠ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦ᠂ | ᠬᠠᠷᠢᠯᠴᠠᠨ ᠦᠷᠢᠰᠦᠯᠳᠦᠨ ᠬᠦᠭᠵᠢᠬᠦ ᠶᠢ ᠠᠬᠢᠭᠤᠯᠵᠦ᠂ ᠠᠵᠦ ᠦᠢᠯᠡᠰ ᠤᠨ ᠲᠦᠪᠯᠡᠷᠡᠩᠭᠦᠢ ᠪᠦᠯᠦᠭᠯᠡᠯᠲᠦ ᠡᠷᠴᠢᠮᠳᠡᠢ | ᠬᠦᠭᠵᠢᠯᠲᠡ ᠶᠢ ᠲᠦᠯᠬᠢᠨ ᠠᠬᠢᠭᠤᠯᠤᠨ᠎ᠠ᠃ ᠠᠯᠠᠱᠠ ᠶᠢᠨ ᠲᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ | ᠨᠡᠬᠡᠬᠡᠯᠳᠡ ᠶᠢᠨ ᠤᠷᠤᠨ ᠬᠢᠬᠡᠳ ᠤᠯᠠᠭᠠᠨᠪᠤᠬ᠎ᠠ ᠠᠮᠢ ᠠᠬᠤᠢ ᠶᠢᠨ ᠡᠯᠡᠰᠦᠨ ᠤ ᠠᠵᠦ ᠦᠢᠯᠡᠰ ᠤᠨ ᠵᠢᠱᠢᠶ᠎ᠡ | ᠦᠵᠡᠬᠦᠯᠬᠦ ᠤᠷᠤᠨ ᠤ ᠨᠢᠬᠡ ᠴᠣᠭᠴᠠᠵᠢᠯᠠᠭᠰᠠᠨ ᠬᠦᠭᠵᠢᠯᠲᠡ ᠶᠢ ᠲᠦᠷᠭᠡᠳᠬᠡᠵᠦ᠂ ᠤᠯᠠᠨ ᠤᠯᠤᠰ ᠤᠨ ᠡᠬᠡ | ᠬᠠᠭᠤᠷᠠᠢ ᠶᠢᠨ ᠭᠠᠷᠠᠮ᠂ ᠡᠮ ᠡᠮᠨᠡᠯᠭᠡ ᠶᠢᠨ ᠬᠢᠮᠢ ᠶᠢᠨ ᠠᠵᠦ ᠦᠢᠯᠡᠳᠪᠦᠷᠢ ᠶᠢᠨ ᠬᠦᠷᠢᠶᠡᠯᠡᠩ᠂ ᠡᠷᠬᠢᠯᠳᠡᠳᠦ ᠠᠵᠦ | ᠦᠢᠯᠡᠰ ᠤᠨ ᠬᠦᠷᠢᠶᠡᠯᠡᠩ ᠵᠡᠷᠭᠡ ᠲᠤᠰᠬᠠᠢ ᠬᠦᠷᠢᠶᠡᠯᠡᠩ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ | ᠲᠡᠭᠷᠢ ᠠᠵᠦ ᠠᠬᠤᠢ ᠶᠢᠨ ᠮᠡᠷᠭᠡᠵᠢᠯ ᠤᠨ ᠨᠡᠬᠡᠬᠡᠯᠳᠡ ᠶᠢᠨ ᠤᠷᠤᠨ ᠤ ︽ᠨᠢᠬᠡ ᠬᠦᠷᠢᠶᠡᠯᠡᠩ ᠬᠤᠶᠠᠷ ᠲᠤᠭᠤᠷᠢᠭ︾ | ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠴᠢᠳᠠᠪᠬᠢ ᠶᠢᠨ ᠪᠠᠶᠢᠷᠢ ᠲᠤᠭᠳᠠᠭᠠᠯᠳᠠ ᠵᠢᠴᠢ ᠠᠵᠦ | ᠦᠢᠯᠡᠰ ᠤᠨ ᠪᠠᠶᠢᠷᠢᠯᠠᠭᠤᠯᠤᠯ ᠤᠨ ᠲᠤᠬᠢᠷᠠᠭᠤᠯᠤᠯᠳᠠ ᠶᠢ ᠲᠦᠯᠬᠢᠨ ᠠᠬᠢᠭᠤᠯᠤᠨ᠎ᠠ᠃ | ᠬᠤᠶᠠᠳᠣᠭᠠᠷ ᠲᠤ᠂ ᠣᠯᠠᠮᠵᠢᠯᠠᠯᠳᠣ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠲᠦᠷᠭᠡᠳᠭᠡᠨ᠎ᠡ᠃ ᠦᠪᠡᠷᠲᠡᠭᠡᠨ ᠵᠠᠰᠠᠬᠤ ᠤᠷᠤᠨ ᠤ ᠠᠵᠦ ᠠᠬᠤᠢ ᠶᠢᠨ ᠠᠵᠢᠯ ᠤᠨ ᠬᠤᠷᠠᠯ ᠳᠡᠭᠡᠷ᠎ᠡ ᠯᠢ ᠵᠢᠢ | ᠡᠾᠧᠩ ᠱᠦᠵᠢ ︽ᠤᠯᠠᠮᠵᠢᠯᠠᠯᠲᠤ ᠠᠵᠦ ᠦᠢᠯᠡᠰ ᠨᠢ ᠬᠤᠴᠤᠷᠤᠩᠭᠤᠢ ᠭᠡᠰᠡᠨ ᠶᠠᠪᠣᠳᠠᠯ ᠪᠢᠰᠢ᠂ ᠨᠡᠬᠦᠷᠡᠰᠦ᠂ | ᠴᠠᠬᠢᠯᠭᠠᠨ ᠬᠦᠴᠦ᠂ ᠬᠢᠮᠢ ᠶᠢᠨ ᠠᠵᠦ ᠦᠢᠯᠡᠳᠪᠦᠷᠢ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠡᠳ᠋ᠰᠢᠬᠦᠯᠦᠨ ᠪᠤᠯᠪᠠᠰᠤᠷᠠᠭᠤᠯᠬᠤ ᠵᠡᠷᠭᠡ ᠤᠯᠠᠮᠵᠢᠯᠠᠯᠲᠦ ᠠᠵᠦ ᠦᠢᠯᠡᠰ ᠪᠤᠯ ᠮᠠᠨ ᠤ ᠤᠷᠤᠨ ᠤ ᠡᠵᠡᠨ ᠮᠡᠳᠡᠬᠦ ᠠᠵᠦ | ᠦᠢᠯᠡᠰ᠂ ᠡᠷᠬᠡᠪᠰᠢ ᠬᠦᠴᠦᠷᠭᠡᠭᠵᠢᠬᠦᠯᠦᠨ ᠰᠢᠯᠢᠳᠡᠭ ᠬᠢᠬᠦ ᠬᠡᠷᠡᠭᠳᠡᠢ᠂ ᠪᠠᠭᠤᠷᠠᠢ ᠪᠤᠯᠭᠠᠬᠤ ᠪᠤᠶᠤ ᠬᠡᠬᠡᠵᠦ ᠪᠤᠯᠬᠤ | ᠦᠭᠡᠢ︾ ᠭᠡᠵᠦ ᠵᠢᠭᠠᠵᠦ ᠭᠠᠷᠭᠠᠪᠠ᠃ ᠡᠬᠢ ᠪᠠᠶᠠᠯᠢᠭ ᠤᠨ ᠳᠠᠪᠭᠠᠤᠯᠢᠭ ᠪᠠ ᠠᠵᠦ ᠦᠢᠯᠡᠰ ᠤᠨ ᠰᠠᠭᠤᠷᠢ ᠳᠠᠭᠠᠨ | ᠰᠠᠭᠤᠷᠢᠯᠠᠵᠦ᠂ ᠨᠡᠬᠦᠷᠡᠰᠦ ᠲᠠᠪᠤᠰᠤᠨ ᠤ ᠬᠢᠮᠢ ᠶᠢᠨ ᠠᠵᠦ ᠦᠢᠯᠡᠳᠪᠦᠷᠢ ᠶᠢᠨ ᠠᠵᠦ ᠦᠢᠯᠡᠰ ᠤᠨ ᠰᠤᠯᠢᠪᠴᠠᠨ | ᠨᠦᠬᠦᠪᠦᠷᠢᠯᠡᠬᠦ᠂ ᠡᠷᠬᠢᠯᠲᠡᠲᠦ ᠨᠡᠶᠢᠯᠡᠯᠴᠡᠭᠰᠡᠨ ᠬᠦᠭᠵᠢᠯᠳᠡ ᠶᠢ ᠲᠦᠯᠬᠢᠨ ᠠᠬᠢᠭᠤᠯᠵᠦ᠂ ︽ᠨᠡᠬᠦᠷᠡᠰᠦ ᠮᠠᠯᠳᠠᠬᠤ | ᠨᠡᠬᠦᠷᠡᠰᠦ ᠬᠤᠳᠠᠯᠳᠤᠬᠤ︾ ᠶᠢ ︽ᠨᠡᠬᠦᠷᠡᠰᠦ ᠪᠠᠷ ᠡᠬᠢᠯᠡᠬᠦᠯᠵᠦ ᠴᠠᠬᠢᠯᠭᠠᠨ ᠢᠶᠠᠷ ᠲᠡᠭᠦᠰᠭᠡᠬᠦ︾ ︽ᠨᠡᠬᠦᠷᠡᠰᠦ ᠪᠠᠷ | ᠡᠬᠢᠯᠡᠬᠦᠯᠵᠦ ᠬᠢᠮᠢ ᠶᠢᠨ ᠠᠵᠦ ᠦᠢᠯᠡᠳᠪᠦᠷᠢ ᠪᠠᠷ ᠲᠡᠭᠦᠰᠬᠡᠬᠦ︾ ᠬᠤᠪᠢᠷᠠᠯ ᠢ ᠪᠡᠶᠡᠯᠡᠬᠦᠯᠦᠨ᠎ᠠ᠃ ᠡᠵᠡᠨ᠎ᠡ ᠶᠢᠨ ᠪᠧᠢ | ᠱᠠᠨ ᠠᠭᠤᠷᠬᠠᠢ ᠶᠢᠨ ᠦᠢᠯᠡᠰ ᠤᠨ ᠲᠦᠪᠯᠡᠷᠡᠩᠭᠦᠢ ᠨᠡᠬᠡᠬᠡᠯᠳᠡ ᠶᠢᠨ ᠤᠷᠤᠨ ᠤ ᠪᠦᠲᠦᠭᠡᠨ ᠪᠠᠶᠢᠭᠤᠯᠤᠯᠳᠠ ᠶᠢ ᠪᠦᠬᠦ | ᠬᠦᠴᠦ ᠪᠠᠷ ᠲᠦᠯᠬᠢᠨ ᠠᠬᠢᠭᠤᠯᠵᠦ᠂ ᠲᠦᠷᠦ ᠶᠢᠨ ᠪᠤᠳᠤᠯᠭ᠎ᠠ᠂ ᠲᠦᠷᠦᠯ ᠵᠦᠢᠯ ᠪᠠ ᠪᠡᠯᠡ ᠮᠦᠩᠬᠦᠨ ᠤ | ᠳᠡᠮᠵᠢᠯᠭᠡ ᠶᠢ ᠲᠡᠮᠡᠴᠡᠨ ᠤᠯᠵᠦ᠂ ᠦᠪᠡᠷᠲᠡᠭᠡᠨ ᠵᠠᠰᠠᠬᠤ ᠤᠷᠤᠨ ᠤ ᠰᠢᠨ᠎ᠡ ᠬᠡᠯᠪᠡᠷᠢ ᠶᠢᠨ ᠠᠭᠤᠷᠬᠠᠢ ᠶᠢᠨ ᠡᠬᠢ | ᠪᠠᠶᠠᠯᠢᠭ ᠶᠢ ᠶᠡᠷᠦᠩᠬᠡᠶᠢᠯᠡᠨ ᠠᠰᠢᠭᠯᠠᠬᠤ ᠵᠢᠱᠢᠶ᠎ᠠ ᠦᠵᠡᠬᠦᠯᠬᠦ ᠵᠠᠭᠪᠤᠷ ᠢ ᠴᠤᠭᠴᠠᠯᠠᠨ ᠪᠠᠶᠢᠭᠤᠯᠤᠨ᠎ᠠ᠃ ᠴᠢᠬᠤᠯᠠ | ᠳᠤᠮᠤ ᠠᠵᠦ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠴᠢ ᠡᠾᠦ᠋ᠢ | ᠬᠢᠮᠢ ᠶᠢᠨ ᠲᠦᠬᠦᠬᠡᠢ ᠮᠠᠲ᠋ᠧᠷᠢᠶᠠᠯ ᠤᠨ ᠡᠮ᠂ ᠬᠤᠤ ᠫᠦ᠋ ᠰᠢᠨᠵᠢᠯᠡᠭᠡ ᠮᠡᠷᠭᠡᠵᠢᠯ ᠤᠨ ᠰᠢᠳᠡᠬᠤ ᠶᠢ ᠬᠤᠷᠢᠭᠯᠠᠬᠤ | ᠨᠠᠶᠢᠷᠠᠯᠭ᠎ᠠ᠂ ᠭᠧ ᠶᠠ ᠲᠡᠭᠡᠳᠦ ᠰᠢᠨ᠎ᠡ ᠮᠡᠷᠭᠡᠵᠢᠯ ᠤᠨ ᠮᠠᠲ᠋ᠧᠷᠢᠶᠠᠯ ᠤᠨ ᠬᠦᠪᠦᠩ ᠤᠨ ᠨᠡᠶᠢᠯᠡᠯᠢᠭ ᠰᠢᠷᠭᠡᠭ 6 ᠳ᠋ᠤᠭᠠᠷ | ᠨᠤᠮᠧᠷᠲᠦ᠂ ᠺᠦᠨ ᠫᠧᠩ ᠡᠮ ᠡᠮᠨᠡᠯᠭᠡ ᠶᠢᠨ ᠵᠠᠪᠰᠠᠷ ᠤᠨ ᠪᠡᠶ᠎ᠠ᠂ ᠱᠢ ᠵᠢᠶᠧ ᠲᠠᠷᠢᠶᠠᠯᠠᠩ ᠤᠨ ᠡᠮ ᠵᠡᠷᠭᠡ ᠲᠦᠷᠦᠯ | ᠵᠦᠢᠯ ᠢ ᠵᠢᠯ ᠤᠨ ᠳᠤᠳᠤᠷ᠎ᠠ ᠪᠠᠶᠢᠭᠤᠯᠵᠦ ᠠᠰᠢᠭᠯᠠᠯᠲᠠ ᠳᠤ ᠤᠷᠤᠭᠤᠯᠤᠨ᠎ᠠ᠃ | ᠭᠤᠷᠪᠠᠳᠣᠭᠠᠷ ᠲᠤ᠂ ᠰᠢᠨ᠎ᠡ ᠠᠵᠦ ᠦᠢᠯᠡᠰ ᠰᠢᠨ᠎ᠡ ᠬᠦᠳᠡᠯᠬᠡᠬᠦ ᠬᠦᠴᠦᠨ ᠰᠢᠨ᠎ᠡ ᠨᠡᠮᠡᠭᠳᠡᠯ ᠤᠨ ᠲᠤᠶᠢᠯ ᠢ | ᠬᠦᠴᠦᠯᠡᠨ ᠪᠤᠶᠢᠵᠢᠭᠤᠯᠤᠨ᠎ᠠ᠃ ᠡᠯᠡᠰᠦᠨ ᠤ ᠠᠵᠦ ᠦᠢᠯᠡᠰ ᠢ ᠶᠡᠬᠡᠪᠡᠷ ᠬᠦᠭᠵᠢᠬᠦᠯᠦᠨ ᠪᠤᠵᠠᠭᠠᠶᠢᠷᠠᠭᠤᠯᠵᠦ᠂ | ︽ᠭᠤᠷᠪᠠᠨ ᠵᠠᠭᠤᠨ ᠲᠦᠮᠡᠨ ᠮᠦ︾ ᠠᠵᠦ ᠦᠢᠯᠡᠰ ᠤᠨ ᠰᠠᠭᠤᠷᠢᠨ ᠭᠠᠵᠠᠷ᠂ ᠡᠯᠡᠰᠦᠨ ᠤ ᠦᠵᠦᠮ ᠤᠨ ᠠᠵᠦ | ᠦᠢᠯᠡᠰ ᠤᠨ ᠬᠤᠩᠬᠢᠯ ᠵᠡᠷᠭᠡ ᠲᠦᠷᠦᠯ ᠵᠦᠢᠯ ᠢ ᠲᠦᠷᠭᠡᠳᠭᠡᠨ ᠪᠠᠶᠢᠭᠤᠯᠵᠦ᠂ ᠡᠯᠡᠰᠦᠨ ᠤ ᠴᠠᠭᠠᠨ ᠭᠤᠶᠤᠤ᠂ | ᠤᠯᠠᠭᠠᠨ ᠭᠤᠶᠤᠤ ᠶᠢᠨ ᠰᠢᠨ᠎ᠡ ᠢᠲᠡᠭᠡᠨ ᠤ ᠲᠦᠬᠦᠭᠡᠢ ᠮᠠᠲ᠋ᠧᠷᠢᠶᠠᠯ ᠤᠨ ᠭᠤᠶᠤᠴᠢᠯᠡᠨ ᠮᠡᠳᠡᠬᠦᠯᠦᠯᠲᠠ ᠶᠢ ᠲᠦᠯᠬᠢᠨ | ᠠᠬᠢᠭᠤᠯᠵᠦ᠂ ᠡᠯᠡᠰᠦᠨ ᠤ ᠠᠵᠦ ᠦᠢᠯᠡᠰ ᠤᠨ ᠬᠤᠯᠪᠤᠭ᠎ᠠ᠂ ᠬᠤᠳᠠᠯᠳᠤᠭᠠᠴᠢᠳ ᠤᠨ ᠡᠪᠯᠡᠯ᠂ ᠰᠤᠳᠤᠯᠭᠠᠨ ᠤ | ᠬᠦᠷᠢᠶᠡᠯᠡᠩ ᠵᠡᠷᠭᠡ ᠳᠤ ᠲᠦᠰᠢᠭᠯᠡᠨ ᠦᠢᠯᠡᠳᠪᠦᠷᠢᠯᠡᠬᠦ ᠰᠤᠷᠤᠯᠴᠠᠬᠤ ᠰᠤᠳᠤᠯᠬᠤ ᠬᠠᠮᠳᠤᠷᠠᠯᠴᠠᠭ᠎ᠠ ᠪᠠᠨ | ᠴᠢᠩᠭᠠᠳᠬᠠᠵᠦ᠂ ᠪᠦᠲᠦᠭᠡᠭᠳᠡᠬᠦᠨ ᠢ ᠰᠤᠳᠤᠯᠤᠨ ᠨᠡᠬᠡᠬᠡᠬᠦ᠂ ᠦᠢᠯᠡᠳᠪᠦᠷᠢᠯᠡᠬᠦ᠂ ᠪᠤᠯᠪᠠᠰᠤᠷᠠᠭᠤᠯᠬᠤ᠂ ᠪᠤᠷᠤᠯᠠᠭᠤᠯᠬᠤ | ᠪᠦᠬᠦ ᠠᠵᠦ ᠦᠢᠯᠡᠰ ᠤᠨ ᠬᠡᠯᠬᠢᠶ᠎ᠠ ᠶᠢ ᠪᠦᠷᠢᠯᠳᠦᠭᠦᠯᠦᠨ᠎ᠠ᠃ ᠡᠯᠡᠰᠦᠨ ᠤ ᠠᠵᠦ ᠦᠢᠯᠡᠰ ᠤᠨ ᠰᠢᠨᠵᠢᠯᠡᠭᠡ | ᠮᠡᠷᠭᠡᠵᠢᠯ ᠤᠨ ᠵᠢᠱᠢᠶ᠎ᠠ ᠦᠵᠡᠬᠦᠯᠬᠦ ᠬᠦᠷᠢᠶᠡᠯᠡᠩ ᠤᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ | ᠴᠢᠩᠭᠠᠳᠬᠠᠵᠦ᠂ ᠪᠦᠷᠢᠨ ᠲᠦᠬᠦᠷ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠬᠦᠯᠵᠦ᠂ ᠡᠯᠡᠰᠦᠨ ᠤ ᠠᠵᠦ | ᠦᠢᠯᠡᠰ ᠤᠨ ᠰᠢᠨ᠎ᠡ ᠶᠢ ᠡᠬᠦᠳᠴᠦ ᠦᠢᠯᠡᠰ ᠪᠤᠰᠬᠠᠬᠤ ᠤᠷᠤᠯᠳᠤᠭᠠᠨ ᠢ ᠪᠦᠬᠦ ᠤᠯᠤᠰ ᠤᠨ ᠠᠵᠢᠯ ᠮᠡᠷᠭᠡᠵᠢᠯ ᠤᠨ | ᠤᠷᠤᠯᠳᠤᠭᠠᠨ ᠤ ᠡᠩᠨᠡᠭᠡ ᠳᠤ ᠤᠷᠤᠭᠤᠯᠬᠤ᠂ ᠰᠢᠨ᠎ᠡ ᠶᠢ ᠡᠬᠦᠳᠦᠭᠰᠡᠨ ᠦᠵᠡᠰᠬᠦᠯᠡᠩ ᠢ ᠪᠠᠶᠢᠩᠭᠤ ᠦᠷᠨᠢᠬᠦᠯᠬᠦ ᠶᠢ | ᠲᠦᠯᠬᠢᠨ ᠠᠬᠢᠭᠤᠯᠤᠨ᠎ᠠ᠃ ᠤᠳᠤᠬᠢᠴᠢᠯᠠᠭᠰᠠᠨ ᠡᠨᠧᠷᠬᠢ ᠶᠢᠨ ᠠᠵᠦ ᠠᠬᠤᠢ ᠶᠢ ᠬᠦᠴᠦᠯᠡᠨ ᠬᠦᠭᠵᠢᠬᠦᠯᠵᠦ᠂ | ᠠᠯᠠᠱᠠ ᠶᠢᠨ ᠰᠠᠯᠬᠢ ᠬᠡᠷᠡᠯ ᠢᠯᠴᠢ ᠶᠢᠨ ᠶᠡᠷᠦᠩᠬᠡᠶᠢᠯᠡᠭᠰᠡᠨ ᠰᠢᠨ᠎ᠡ ᠡᠨᠧᠷᠬᠢ ᠶᠢᠨ ᠰᠠᠭᠤᠷᠢᠨ ᠭᠠᠵᠠᠷ ᠵᠢᠴᠢ ᠪᠦᠷᠢᠨ | ᠲᠦᠬᠦᠷ ᠴᠠᠬᠢᠯᠭᠠᠨ ᠬᠦᠴᠦᠨ ᠢ ᠳᠠᠮᠵᠢᠭᠤᠯᠬᠤ ᠵᠠᠮ ᠱᠤᠭᠤᠮ ᠤᠨ ᠪᠦᠲᠦᠭᠡᠨ ᠪᠠᠶᠢᠭᠤᠯᠤᠯᠳᠠ ᠶᠢ ᠲᠦᠯᠬᠢᠨ | ᠠᠬᠢᠭᠤᠯᠵᠦ᠂ ᠱᠠᠩᠬᠤ ᠶᠢᠨ ᠰᠦᠮ᠎ᠡ ᠶᠢᠨ 160 ᠲᠦᠮᠡᠨ ᠺᠢᠯᠤᠸᠠᠲ ᠰᠠᠯᠬᠢ ᠴᠠᠬᠢᠯᠭᠠᠨ ᠤ ᠲᠦᠷᠦᠯ ᠵᠦᠢᠯ ᠤᠨ | ᠪᠤᠳᠠᠳᠠᠢ ᠬᠡᠷᠡᠭᠵᠢᠬᠦᠯᠦᠯᠳᠡ ᠶᠢ ᠲᠦᠯᠬᠢᠨ ᠠᠬᠢᠭᠤᠯᠵᠦ᠂ ᠨᠠᠷᠠᠨ ᠤ ᠬᠡᠷᠡᠯ ᠤᠨ ᠴᠠᠬᠢᠯᠭᠠᠨ ᠡᠬᠦᠰᠭᠡᠬᠦᠷ 300 | ᠮᠧᠭᠠᠸᠠᠲ ᠬᠡᠷᠡᠯ ᠸᠣᠯᠲ᠂ ᠵᠦᠩ ᠯᠢᠦᠢ 200 ᠮᠧᠭᠠᠸᠠᠲ ᠰᠠᠯᠬᠢᠨ ᠬᠦᠴᠦᠨ ᠤ ᠴᠠᠬᠢᠯᠭᠠᠨ ᠵᠡᠷᠭᠡ ᠲᠦᠷᠦᠯ | ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠬᠢᠯᠢ ᠳᠠᠮᠵᠢᠭᠰᠠᠨ ᠪᠠᠶᠢᠭᠠᠯᠢ ᠶᠢᠨ ᠰᠢᠳᠠᠮᠠᠬᠠᠢ ᠬᠡᠢ ᠶᠢ | ᠶᠡᠷᠦᠩᠬᠡᠶᠢᠯᠡᠨ ᠠᠰᠢᠭᠯᠠᠵᠤ᠂ ᠤᠯᠤᠰ ᠤᠨ ᠡᠨᠧᠷᠬᠢ ᠶᠢᠨ 24 ᠲᠦᠮᠡᠨ ᠳᠤᠨ ᠠᠷᠠᠳ ᠤᠨ ᠬᠡᠷᠡᠭᠯᠡᠭᠡᠨ ᠤ LNG | ᠲᠦᠷᠦᠯ ᠵᠦᠢᠯ ᠢ ᠬᠡᠷᠡᠭᠵᠢᠬᠦᠯᠦᠨ᠎ᠡ᠃ ᠪᠠᠯ ᠴᠢᠯᠠᠭᠤᠨ ᠤ ᠠᠵᠦ ᠦᠢᠯᠡᠰ ᠢ ᠶᠡᠬᠡᠪᠡᠷ ᠬᠦᠭᠵᠢᠬᠦᠯᠵᠦ᠂ ᠪᠠᠯ | ᠴᠢᠯᠠᠭᠤᠨ ᠤ ᠠᠵᠦ ᠦᠢᠯᠡᠰ ᠤᠨ ᠰᠢᠨ᠎ᠡ ᠶᠢ ᠡᠭᠦᠳᠦᠨ ᠬᠠᠮᠳᠤᠪᠠᠷ ᠪᠠᠶᠢᠭᠤᠯᠬᠤ ᠰᠠᠭᠤᠷᠢᠨ ᠭᠠᠵᠠᠷ ᠢ ᠲᠦᠷᠭᠡᠳᠭᠡᠨ | ᠪᠠᠶᠢᠭᠤᠯᠵᠦ᠂ ᠵᠦᠩ ᠱᠠᠩ ᠨᠡᠬᠦᠷᠡᠰᠦᠳᠦᠷᠦᠭᠴᠢ ᠡᠯᠧᠮᠧᠨ᠋ᠲ ᠤᠨ ᠲᠦᠷᠦᠯ ᠵᠦᠢᠯ ᠤᠨ ᠨᠠᠶᠢᠳᠠᠪᠤᠷᠢᠵᠢᠭᠤᠯᠤᠯᠳᠠ ᠶᠢ | ᠲᠦᠯᠬᠢᠨ ᠠᠬᠢᠭᠤᠯᠤᠨ᠎ᠠ᠃ ᠴᠡᠷᠢᠭ ᠠᠷᠠᠳ ᠠᠭᠤᠰᠤᠯᠴᠠᠭᠰᠠᠨ ᠰᠠᠨᠰᠠᠷ ᠠᠭᠠᠷ ᠤᠨ ᠠᠵᠦ ᠦᠢᠯᠡᠰ ᠢ ᠬᠦᠴᠦᠯᠡᠨ | ᠠᠬᠢᠭᠤᠯᠵᠦ᠂ 051 ᠰᠠᠭᠤᠷᠢᠨ ᠭᠠᠵᠠᠷ ᠤᠨ ᠲᠡᠶᠢᠷᠦᠯᠲᠦ ᠰᠤᠮᠤᠨ ᠤ ᠲᠤᠷᠰᠢᠨ ᠬᠠᠷᠪᠤᠬᠤ ᠵᠠᠢ ᠶᠢ ᠤᠷᠳᠤᠳᠬᠠᠬᠤ᠂ | ᠠᠯᠠᠱᠠ ᠶᠢᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠠᠵᠦ ᠦᠢᠯᠡᠰ ᠤᠨ ᠬᠦᠷᠢᠶᠡᠯᠡᠩ ᠵᠡᠷᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠡᠵᠡᠨ᠎ᠡ ᠬᠤᠰᠢᠭᠤ ᠬᠢᠬᠡᠳ ᠬᠤᠶᠠᠷ | ᠶᠡᠭᠡ ᠰᠠᠭᠤᠷᠢᠨ ᠭᠠᠵᠠᠷ ᠤᠨ ᠴᠡᠷᠢᠭ ᠠᠷᠠᠳ ᠤᠨ ᠠᠭᠤᠰᠤᠯᠴᠠᠭᠰᠠᠨ ᠬᠦᠭᠵᠢᠯᠲᠡ ᠶᠢᠨ ᠲᠦᠷᠦᠯ ᠵᠦᠢᠯ ᠤᠨ | ᠨᠠᠶᠢᠳᠠᠪᠤᠷᠢᠵᠢᠭᠤᠯᠤᠯᠳᠠ ᠶᠢ ᠲᠦᠯᠬᠢᠨ ᠠᠬᠢᠭᠤᠯᠤᠨ᠎ᠠ᠃ ᠪᠠᠶᠠᠨᠬᠤᠳᠠ ᠪᠤᠷᠤᠲᠤᠬᠤᠢ ᠶᠢᠨ ᠬᠤᠳᠤᠭᠤᠷ᠂ ᠡᠣ | ᠳᠣᠬᠤᠢ ᠶᠢᠨ ᠴᠢᠯᠠᠭᠤᠨ ᠳᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠬᠠᠶᠢᠨ ᠰᠢᠨᠵᠢᠯᠡᠵᠦ ᠨᠡᠬᠡᠬᠡᠬᠦ ᠵᠡᠷᠭᠡ ᠲᠦᠷᠦᠯ | ᠵᠦᠢᠯ ᠢ ᠬᠦᠴᠦᠯᠡᠨ ᠠᠬᠢᠭᠤᠯᠵᠦ᠂ ᠰᠢᠨ᠎ᠡ ᠡᠬᠢ ᠪᠠᠶᠠᠯᠢᠭ ᠢ ᠨᠡᠬᠡᠬᠡᠨ ᠠᠰᠢᠭᠯᠠᠬᠤ ᠳᠠᠯ᠎ᠠ ᠳᠤ ᠰᠢᠨ᠎ᠡ | ᠰᠢᠪᠲᠤᠯᠤᠯᠲᠠ ᠶᠢ ᠤᠯᠬᠤ ᠪᠠᠷ ᠴᠢᠷᠮᠠᠶᠢᠨ᠎ᠠ᠃ | ᠭᠤᠷᠪᠠ ᠳᠤ᠂ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠬᠦᠴᠦᠷᠭᠡᠭᠵᠢᠬᠦᠯᠦᠨ | ᠪᠤᠵᠠᠭᠠᠶᠢᠷᠠᠭᠤᠯᠤᠨ᠎ᠠ᠃ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠪᠤᠯ | ᠮᠠᠨ ᠤ ᠠᠶᠢᠮᠠᠭ ᠤᠨ ᠳᠠᠪᠠᠯᠳᠠᠳᠣ ᠬᠦᠭᠵᠢᠯᠲᠡ ᠶᠢᠨ ᠡᠷᠬᠡᠪᠰᠢ ᠶᠠᠪᠤᠬᠤ ᠵᠠᠮ ᠶᠤᠮ᠃ ᠪᠢᠳᠠ ᠡᠷᠬᠡᠪᠰᠢ ᠵᠠᠬ᠎ᠠ | ᠳᠡᠯᠭᠡᠭᠦᠷ ᠤᠨ ᠠᠵᠠ ᠲᠤᠬᠢᠶᠠᠯ ᠢ ᠦᠷᠢᠰᠦᠨ ᠠᠳᠬᠤᠵᠦ᠂ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠦ᠂ | ᠬᠡᠷᠡᠭᠯᠡᠭᠡᠨ ᠤ ᠱᠠᠭᠠᠷᠳᠠᠯᠭ᠎ᠠ ᠳᠤ ᠵᠤᠬᠢᠴᠠᠨ᠂ ᠦᠪᠡᠷᠮᠢᠴᠡ ᠤᠨᠴᠠᠯᠢᠭ ᠪᠦᠬᠦᠢ ᠤᠳᠤᠬᠢᠴᠢᠯᠠᠭᠰᠠᠨ ᠦᠢᠯᠡᠴᠢᠯᠡᠭᠡᠨ ᠤ | ᠦᠢᠯᠡᠰ ᠢ ᠬᠦᠭᠵᠢᠬᠦᠯᠬᠦ ᠬᠡᠷᠡᠭᠳᠡᠢ᠃ | ᠨᠢᠬᠡᠳᠦᠬᠡᠷ ᠲᠤ᠂ ᠰᠤᠶᠤᠯ ᠵᠢᠭᠤᠯᠴᠢᠯᠠᠯ ᠤᠨ ᠦᠢᠯᠡᠰ ᠤᠨ ᠶᠠᠰᠦ ᠴᠢᠨᠠᠷ ᠤᠨ ᠳᠡᠭᠡᠭᠰᠢᠯᠡᠯ ᠦᠷ᠎ᠠ | ᠠᠰᠢᠭ ᠤᠨ ᠨᠡᠮᠡᠭᠳᠡᠯ ᠢ ᠲᠦᠯᠬᠢᠨ ᠠᠬᠢᠭᠤᠯᠤᠨ᠎ᠠ᠃ ᠤᠯᠠᠨ ᠤᠯᠤᠰ ᠤᠨ ᠵᠢᠭᠤᠯᠴᠢᠯᠠᠯ ᠤᠨ ᠬᠠᠷᠠᠯᠲᠠᠲᠤ ᠤᠷᠤᠨ᠂ | ᠤᠯᠤᠰ ᠤᠨ ᠪᠦᠬᠦ ᠬᠢᠵᠠᠭᠠᠷ ᠤᠨ ᠵᠢᠭᠤᠯᠴᠢᠯᠠᠯ ᠤᠨ ᠵᠢᠱᠢᠶ᠎ᠠ ᠦᠵᠡᠬᠦᠯᠬᠦ ᠤᠷᠤᠨ ᠢ ᠲᠦᠷᠭᠡᠳᠭᠡᠨ ᠪᠦᠲᠦᠭᠡᠨ | ᠪᠠᠶᠢᠭᠤᠯᠵᠦ᠂ ᠵᠢᠭᠤᠯᠴᠢᠯᠠᠯ ᠤᠨ ᠬᠦᠯᠢᠶᠡᠨ ᠵᠣᠴᠢᠯᠠᠬᠤ ᠬᠦᠮᠦᠨ ᠤᠳᠠᠭ᠎ᠠ ᠶᠢ 2250 ᠲᠦᠮᠡᠨ ᠬᠦᠮᠦᠨ ᠠᠴᠠ | ᠳᠡᠭᠡᠭᠰᠢ᠂ ᠵᠢᠭᠤᠯᠴᠢᠯᠠᠯ ᠤᠨ ᠤᠷᠤᠯᠭ᠎ᠠ ᠶᠢ 210 ᠳ᠋ᠦᠩᠰᠢᠭᠤᠷ ᠲᠦᠬᠦᠷᠢᠭ ᠬᠦᠷᠬᠦ ᠶᠢ ᠪᠡᠶᠡᠯᠡᠬᠦᠯᠦᠨ᠎ᠡ᠃ | ᠵᠢᠭᠤᠯᠴᠢᠯᠠᠯ ᠤᠨ ᠲᠦᠬᠦᠭᠡᠷᠦᠮᠵᠢ ᠶᠢᠨ ᠳᠡᠰ ᠲᠡᠪᠰᠢᠬᠦ ᠶᠢ ᠲᠦᠷᠭᠡᠳᠭᠡᠵᠦ᠂ ᠨᠡᠷᠡᠲᠦ ᠦᠵᠡᠮᠵᠢ ᠶᠢᠨ ᠤᠷᠤᠨ ᠢ | ᠢᠲᠡᠪᠬᠢᠯᠡᠨ ᠪᠠᠶᠢᠭᠤᠯᠵᠦ᠂ ᠰᠤᠪᠨᠠᠭᠤᠷ᠂ ᠴᠡᠭᠡ ᠪᠤᠭᠤᠮᠳᠠ ᠵᠡᠷᠭᠡ ᠦᠵᠡᠮᠵᠢ ᠶᠢᠨ ᠤᠷᠤᠨ ᠤ ᠴᠢᠳᠠᠪᠬᠢ ᠶᠢ | ᠲᠡᠭᠦᠯᠳᠡᠷᠵᠢᠬᠦᠯᠵᠦ᠂ ᠤᠯᠤᠰ ᠤᠨ 4A ᠳᠡᠰ ᠤᠨ ᠦᠵᠡᠮᠵᠢ ᠶᠢᠨ ᠤᠷᠤᠨ ᠢ 2 ᠨᠡᠮᠡᠭᠳᠡᠬᠦᠯᠵᠦ᠂ ᠵᠢᠯ ᠤᠨ ᠳᠤᠳᠤᠷ᠎ᠠ | ᠲᠤᠤᠷᠠᠢ ᠶᠢᠨ ᠤᠢ ᠶᠢᠨ ᠦᠵᠡᠮᠵᠢ ᠶᠢᠨ ᠤᠷᠤᠨ ᠢ ᠤᠯᠤᠰ ᠤᠨ 5A ᠲᠡᠰ ᠤᠨ ᠦᠵᠡᠮᠵᠢ ᠶᠢᠨ ᠤᠷᠤᠨ ᠢᠶᠠᠷ | ᠦᠨᠡᠯᠡᠨ ᠲᠤᠭᠳᠠᠭᠠᠬᠤ ᠪᠠᠷ ᠴᠢᠷᠮᠠᠶᠢᠵᠦ᠂ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠦᠬᠦᠭᠡᠷᠦᠮᠵᠢ ᠶᠢ ᠲᠦᠷᠭᠡᠳᠭᠡᠨ ᠲᠡᠭᠦᠯᠳᠡᠷᠵᠢᠬᠦᠯᠵᠦ᠂ ᠢᠳᠡᠬᠦ ᠰᠠᠭᠤᠬᠤ ᠶᠠᠪᠤᠬᠤ ᠵᠤᠭᠠᠴᠠᠬᠤ ᠬᠤᠳᠠᠯᠳᠤᠨ ᠠᠪᠬᠤ | ᠴᠡᠩᠬᠡᠬᠦ᠂ ᠠᠷᠠᠯᠵᠢᠶ᠎ᠠ ᠬᠤᠳᠠᠯᠳᠤᠭ᠎ᠠ ᠪᠡᠶ᠎ᠠ ᠰᠤᠪᠢᠯᠠᠯ ᠰᠤᠷᠤᠯᠴᠠᠬᠤ ᠰᠡᠯᠡᠬᠦᠴᠡᠬᠦ ᠲᠤᠭᠤᠷᠢᠨ ᠳᠤ ᠪᠦᠲᠦᠮᠵᠢᠳᠠᠢ | ᠬᠠᠩᠭᠠᠯᠭ᠎ᠠ ᠶᠢ ᠨᠡᠮᠡᠭᠳᠡᠬᠦᠯᠦᠨ᠎ᠡ᠃ ᠰᠤᠶᠤᠯ ᠵᠢᠭᠤᠯᠴᠢᠯᠠᠯ ᠤᠨ ᠬᠦᠨ ᠠᠭᠤᠰᠤᠯᠴᠠᠯ ᠢ ᠲᠦᠷᠬᠡᠳᠭᠡᠵᠦ᠂ | ᠪᠠᠭᠠᠳᠤᠷᠴᠤᠳ ᠤᠨ ᠴᠤᠭᠯᠠᠭᠠᠨ᠂ ᠲᠤᠤᠷᠠᠢ ᠶᠢᠨ ᠨᠠᠶᠢᠷ᠂ ᠡᠯᠡᠰᠦᠨ ᠤ ᠨᠠᠶᠢᠷ᠂ ᠬᠠᠴᠢᠨ ᠴᠢᠯᠠᠭᠤᠨ ᠤ ᠨᠠᠶᠢᠷ᠂ | ᠲᠡᠮᠡᠭᠡᠨ ᠤ ᠨᠠᠶᠢᠷ ᠵᠡᠷᠭᠡ ᠨᠡᠷᠡᠲᠦ ᠨᠠᠶᠢᠷ ᠨᠠᠭᠠᠳᠤᠮ ᠤᠨ ᠬᠦᠳᠡᠯᠭᠡᠭᠡᠨ ᠢ ᠰᠠᠶᠢᠳᠤᠷ ᠠᠳᠬᠤᠵᠦ᠂ ᠵᠢᠭᠤᠯᠴᠢᠯᠠᠯ ᠤᠨ | ᠦᠵᠡᠮᠵᠢ ᠶᠢᠨ ᠤᠷᠤᠨ ᠦᠵᠡᠮᠵᠢ ᠶᠢᠨ ᠴᠡᠭ ᠤᠨ ᠡᠬᠢ ᠪᠠᠶᠠᠯᠢᠭ ᠤᠨ ᠨᠢᠬᠡᠳᠬᠡᠯ᠂ ᠬᠤᠯᠪᠤᠭᠠᠯᠠᠭᠰᠠᠨ | ᠳᠡᠯᠭᠡᠷᠡᠬᠦᠯᠦᠯᠲᠠ ᠶᠢ ᠲᠦᠯᠬᠢᠨ ᠠᠬᠢᠭᠤᠯᠵᠦ᠂ ᠮᠠᠨᠳᠤᠯ — ᠪᠠᠶᠢᠰᠢᠩ ᠭᠤᠤᠯ ᠬᠦᠷᠬᠦ ᠦᠵᠡᠮᠵᠢ ᠶᠢᠨ ᠤᠷᠤᠨ ᠤ | ᠲᠦᠯᠦᠪᠵᠢᠬᠦᠯᠭᠡ ᠪᠠ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢ ᠡᠬᠢᠯᠡᠬᠦᠯᠵᠦ᠂ ᠵᠢᠦᠢ ᠶᠠᠨ ᠤ | ᠦᠯᠡᠳᠡᠭᠳᠡᠯ ᠪᠠᠭᠤᠷᠢ ᠨᠤᠭᠤᠳ ᠢ ᠳᠡᠯᠡᠬᠡᠢ ᠶᠢᠨ ᠰᠤᠶᠤᠯ ᠤᠨ ᠲᠡᠦᠬᠡᠨ ᠲᠤᠷᠠᠰᠬᠠᠯ ᠢᠶᠠᠷ ᠭᠤᠶᠤᠴᠢᠯᠠᠨ ᠮᠡᠳᠡᠬᠦᠯᠬᠦ ᠪᠠ | ᠪᠠᠳᠠᠢ ᠶᠢᠨ ᠵᠢᠷᠠᠨ ᠡᠯᠡᠰᠦ ᠶᠢ ᠳᠡᠯᠡᠬᠡᠢ ᠶᠢᠨ ᠪᠠᠶᠢᠭᠠᠯᠢ ᠶᠢᠨ ᠲᠡᠦᠬᠡᠨ ᠲᠤᠷᠠᠰᠬᠠᠯ ᠢᠶᠠᠷ ᠭᠤᠶᠤᠴᠢᠯᠠᠨ ᠮᠡᠳᠡᠬᠦᠯᠬᠦ | ᠠᠵᠢᠯ ᠢ ᠲᠦᠯᠬᠢᠨ ᠠᠬᠢᠭᠤᠯᠤᠨ᠎ᠠ᠃ | ᠬᠤᠶᠠᠳᠣᠭᠠᠷ ᠲᠤ᠂ ᠠᠮᠢᠳᠤᠷᠠᠯ ᠤᠨ ᠴᠢᠨᠠᠷᠲᠠᠢ ᠦᠢᠯᠡᠴᠢᠯᠡᠬᠡᠨ ᠤ ᠦᠢᠯᠡᠰ ᠤᠨ ᠬᠦᠭᠵᠢᠯᠲᠡ ᠶᠢ ᠲᠦᠯᠬᠢᠨ | ᠠᠬᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠬᠦᠢᠯᠭᠡᠭᠡ᠂ ᠵᠤᠴᠢᠳ ᠤᠨ ᠪᠠᠭᠤᠳᠠᠯ ᠢᠳᠡᠭᠡᠨ ᠤᠮᠳᠠᠭᠠᠨ᠂ ᠭᠡᠷ | ᠪᠦᠯᠢ ᠶᠢᠨ ᠦᠢᠯᠡᠴᠢᠯᠡᠭᠡ᠂ ᠡᠷᠡᠬᠦᠯ ᠮᠡᠨᠳᠦ ᠨᠠᠰᠤᠵᠢᠯ ᠤᠨ ᠠᠰᠠᠷᠠᠮᠵᠢ ᠵᠡᠷᠭᠡ ᠠᠮᠢᠳᠤᠷᠠᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠬᠦᠯᠵᠦ᠂ ᠬᠡᠯᠬᠢᠶᠡᠵᠢᠭᠰᠡᠨ᠂ ᠨᠡᠷᠡᠲᠦ ᠳᠡᠮᠳᠡᠭᠴᠢᠯᠡᠭᠰᠡᠨ ᠠᠵᠦ | ᠠᠬᠤᠶᠢᠯᠠᠯ ᠤᠨ ᠲᠤᠰᠬᠠᠢ ᠡᠵᠡᠩᠨᠡᠯᠲᠠ ᠶᠢᠨ ᠳᠡᠯᠭᠡᠬᠦᠷ ᠡᠷᠬᠢᠯᠡᠬᠦ ᠶᠢ ᠵᠤᠷᠢᠭᠵᠢᠭᠤᠯᠵᠤ᠂ ᠬᠢᠵᠠᠭᠠᠷᠲᠦ ᠲᠤᠭ᠎ᠠ ᠠᠴᠠ | ᠳᠡᠭᠡᠭᠰᠢᠬᠢ ᠦᠢᠯᠡᠴᠢᠯᠡᠬᠡᠨ ᠤ ᠦᠢᠯᠡᠰ ᠤᠨ ᠳᠤᠯᠤᠭᠠᠶᠢᠯᠠᠬᠤ ᠠᠵᠦ ᠠᠬᠤᠶᠢᠯᠠᠯ ᠢ ᠪᠤᠶᠢᠵᠢᠭᠤᠯᠵᠦ᠂ ᠬᠡᠷᠡᠭᠯᠡᠭᠡᠨ ᠤ | ᠵᠠᠬ᠎ᠠ ᠳᠡᠯᠭᠡᠬᠦᠷ ᠤᠨ ᠲᠤᠭᠳᠠᠭᠤᠨ ᠬᠦᠭᠵᠢᠯᠲᠡ ᠶᠢ ᠠᠬᠢᠭᠤᠯᠤᠨ᠎ᠠ᠃ ᠦᠨᠳᠦᠰᠦᠲᠡᠨ ᠤ ᠵᠠᠩ ᠵᠠᠩᠰᠢᠯ᠂ ᠰᠤᠶᠤᠯ | ᠵᠢᠭᠤᠯᠴᠢᠯᠠᠯ ᠵᠡᠷᠭᠡ ᠤᠨᠴᠠᠯᠢᠭᠲᠤ ᠪᠦᠲᠦᠭᠡᠭᠳᠡᠬᠦᠨ ᠢ ᠬᠦᠴᠦᠯᠡᠨ ᠨᠡᠬᠡᠬᠡᠵᠦ᠂ ᠠᠯᠠᠱᠠ ᠶᠢᠨ ᠬᠠᠴᠢᠨ ᠴᠢᠯᠠᠭᠤᠨ ᠤ | ᠦᠢᠯᠡᠰ ᠤᠨ ᠰᠤᠶᠤᠯ ᠤᠨ ᠡᠬᠦᠳᠦᠯᠳᠡ ᠶᠢᠨ ᠠᠵᠦ ᠤᠶᠢᠯᠡᠰ᠂ ᠲᠡᠮᠡᠭᠡᠲᠦ ᠨᠤᠲᠤᠭ ᠤᠨ ᠰᠤᠶᠤᠯ ᠤᠨ | ᠡᠬᠦᠳᠦᠯᠳᠡ ᠶᠢᠨ ᠠᠵᠦ ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠤᠯᠤᠰ ᠤᠨ ᠭᠠᠵᠠᠷ ᠵᠦᠢ ᠶᠢᠨ | ᠢᠯᠡᠷᠭᠡᠶᠢᠯᠡᠯᠲᠦ ᠳᠡᠮᠳᠡᠭ᠂ ᠠᠮᠢ ᠠᠬᠤᠢ ᠶᠢᠨ ᠤᠤᠯ ᠭᠠᠷᠤᠯᠳᠠ ᠶᠢᠨ ᠤᠷᠤᠨ ᠤ ᠬᠠᠮᠠᠭᠠᠯᠠᠯᠲᠠ ᠶᠢᠨ | ᠪᠦᠲᠦᠭᠡᠭᠳᠡᠬᠦᠨ ᠢ ᠢᠳᠡᠪᠬᠢᠳᠠᠢ ᠭᠤᠶᠤᠴᠢᠯᠠᠨ ᠮᠡᠳᠡᠬᠦᠯᠵᠦ᠂ ᠤᠷᠤᠨ ᠨᠤᠲᠤᠭ ᠤᠨ ᠲᠠᠸᠠᠷ ᠤᠨ ᠨᠡᠷ᠎ᠡ ᠠᠯᠳᠠᠷᠰᠢᠯ ᠪᠠ | ᠨᠦᠯᠦᠭᠡᠯᠡᠬᠦ ᠬᠦᠴᠦᠨ ᠢ ᠳᠡᠭᠡᠭᠰᠢᠯᠡᠬᠦᠯᠦᠨ᠎ᠡ᠃ | ᠭᠤᠷᠪᠠᠳᠣᠭᠠᠷ ᠲᠤ᠂ ᠢᠨᠲ᠋ᠧᠷ ᠰᠦᠯᠵᠢᠶᠠᠨ ᠤ ᠲᠠᠪᠴᠠᠩ ᠤᠨ ᠠᠵᠦ ᠠᠬᠤᠢ ᠶᠢᠨ ᠬᠦᠭᠵᠢᠯᠲᠡ ᠶᠢ | ᠲᠦᠯᠬᠢᠨ ᠠᠬᠢᠭᠤᠯᠤᠨ᠎ᠠ᠃ ᠠᠵᠦ ᠦᠢᠯᠡᠳᠪᠦᠷᠢ ᠶᠢᠨ ᠡᠬᠦᠯᠡᠨ ᠳᠠᠪᠴᠠᠩ ᠢ ᠳᠡᠯᠭᠡᠷᠡᠬᠦᠯᠦᠨ ᠬᠡᠷᠡᠭᠯᠡᠵᠦ᠂ ᠢ ᠯᠢ | ᠡᠬᠦᠯᠡᠨ ᠪᠤᠳᠤᠯᠲᠠ ᠶᠢᠨ ᠦᠢᠯᠡᠴᠢᠯᠡᠭᠡᠨ ᠤ ᠲᠦᠪ ᠢ ᠲᠦᠷᠭᠡᠳᠭᠡᠨ ᠪᠠᠶᠢᠭᠤᠯᠵᠦ᠂ ︽ᠬᠤᠶᠠᠷᠵᠢᠨ︾ | ᠠᠭᠤᠰᠤᠯᠴᠠᠭᠰᠠᠨ ᠵᠢᠱᠢᠶ᠎ᠡ ᠦᠵᠡᠬᠦᠯᠬᠦ ᠲᠤᠭᠤᠷᠢᠭ ᠢ ᠴᠤᠭᠴᠠᠯᠠᠨ ᠪᠠᠶᠢᠭᠤᠯᠵᠦ᠂ ᠲᠤᠮᠤ ᠳ᠋ᠠᠶᠢᠲ᠋ᠠ᠂ ᠡᠬᠦᠯᠡᠨ | ᠪᠤᠳᠤᠯᠳᠡ ᠬᠢᠬᠡᠳ ᠪᠤᠳᠠᠳᠤ ᠠᠵᠦ ᠠᠬᠤᠢ ᠶᠢᠨ ᠠᠭᠤᠰᠤᠯᠴᠠᠭᠰᠠᠨ ᠬᠦᠭᠵᠢᠯᠲᠡ ᠶᠢ ᠠᠬᠢᠭᠤᠯᠤᠨ᠎ᠠ᠃ ᠡᠯᠧᠺᠲᠷᠦᠨ | ᠬᠤᠳᠠᠯᠳᠤᠭᠠᠨ ᠤ ᠶᠠᠪᠤᠳᠠᠯ ᠢ ᠬᠦᠴᠦᠯᠡᠨ ᠬᠦᠭᠵᠢᠬᠦᠯᠵᠦ᠂ ᠠᠶᠢᠮᠠᠭ ᠤᠨ ᠳᠤᠳᠤᠷᠠᠬᠢ ᠦᠪᠡᠷᠲᠡᠭᠡᠨ ᠪᠠᠶᠢᠭᠤᠯᠤᠭᠰᠠᠨ᠂ | ᠬᠠᠮᠳᠤᠪᠠᠷ ᠪᠠᠶᠢᠭᠤᠯᠤᠭᠰᠠᠨ ᠡᠯᠧᠺᠲᠷᠦᠨ ᠬᠤᠳᠠᠯᠳᠤᠭᠠᠨ ᠤ ᠲᠡᠪᠴᠡᠩ ᠤᠨ ᠡᠵᠡᠩᠨᠡᠯᠲᠠ ᠶᠢ ᠳᠠᠮᠵᠢᠵᠦ᠂ | ᠰᠦᠯᠵᠢᠶᠡᠨ ᠳᠡᠭᠡᠷᠡᠬᠢ ᠰᠦᠯᠵᠢᠶᠠᠨ ᠳᠤᠤᠷᠠᠬᠢ ᠬᠠᠷᠢᠯᠴᠠᠨ ᠪᠤᠷᠤᠯᠠᠭᠤᠯᠭ᠎ᠠ ᠶᠢᠨ ᠰᠢᠨ᠎ᠡ ᠬᠡᠯᠪᠡᠷᠢ ᠶᠢ ᠪᠠᠶᠢᠭᠤᠯᠤᠨ᠎ᠠ᠃ | 5G ᠴᠢᠮᠡᠭᠡ ᠨᠡᠪᠲᠡᠷᠡᠯᠭᠡ ᠶᠢ ᠢᠲᠡᠪᠬᠢᠳᠠᠢ ᠪᠠᠶᠢᠷᠢᠯᠠᠭᠤᠯᠵᠦ᠂ 4G ᠶᠢᠨ ᠪᠦᠷᠬᠦᠯᠲᠡ ᠶᠢᠨ ᠬᠡᠪᠴᠢᠶ᠎ᠠ ᠶᠢ | ᠦᠷᠭᠡᠳᠭᠡᠨ᠎ᠠ᠃ | ᠳᠦᠷᠪᠡ ᠳᠤ᠂ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠨ︾ ᠢ ᠰᠠᠶᠢᠳᠤᠷ ᠬᠢᠨ᠎ᠡ᠃ ᠭᠤᠷᠪᠠᠨ ᠶᠡᠭᠡ | ᠰᠢᠪᠲᠤᠯᠤᠯᠲᠠ ᠶᠢᠨ ᠳᠠᠶᠢᠨ ᠪᠤᠯ ᠪᠦᠬᠦ ᠲᠠᠯ᠎ᠠ ᠪᠠᠷ ᠴᠢᠨᠡᠭᠡᠯᠢᠭ ᠨᠡᠶᠢᠬᠡᠮ ᠢ ᠪᠦᠲᠦᠭᠡᠨ ᠪᠠᠶᠢᠭᠤᠯᠬᠤ᠂ ᠴᠢᠨᠠᠷ ᠰᠠᠶᠢᠳᠠᠢ | ᠬᠦᠭᠵᠢᠯᠲᠡ ᠶᠢ ᠪᠡᠶᠡᠯᠡᠬᠦᠯᠬᠦ ᠳᠤ ᠡᠷᠬᠡᠪᠰᠢ ᠦᠩᠬᠡᠷᠡᠬᠡᠬᠦ ᠴᠢᠬᠤᠯᠠ ᠪᠤᠭᠤᠮᠳᠠ ᠪᠤᠯᠤᠨ᠎ᠠ᠃ ᠪᠢᠳᠠ ᠡᠷᠬᠡᠪᠰᠢ ᠦᠷ᠎ᠠ | ᠪᠦᠲᠦᠮᠵᠢ ᠪᠠᠨ ᠪᠠᠲᠤᠳᠬᠠᠨ ᠲᠤᠶᠢᠯᠪᠤᠷᠢᠳᠠᠢ ᠠᠳᠬᠤᠵᠦ᠂ ᠪᠦᠬᠦ ᠬᠦᠴᠦ ᠪᠠᠷ ᠲᠦᠯᠬᠢᠨ ᠠᠬᠢᠭᠤᠯᠵᠦ ᠪᠤᠳᠠᠳᠠᠢ | ᠦᠷ᠎ᠠ ᠠᠰᠢᠭ ᠢ ᠡᠷᠬᠢᠮᠯᠡᠨ᠎ᠡ᠃ | ᠨᠢᠬᠡᠳᠦᠭᠡᠷ ᠲᠤ᠂ ᠬᠦᠨᠳᠦ ᠶᠡᠭᠡ ᠲᠦᠭᠰᠢᠬᠦᠷᠢ ᠶᠢ ᠰᠡᠷᠬᠡᠶᠢᠯᠡᠨ ᠰᠢᠢᠳᠪᠦᠷᠢᠯᠡᠬᠦ ᠰᠢᠪᠲᠦᠯᠦᠯᠲᠠ ᠶᠢᠨ | ᠳᠠᠶᠢᠨ ᠢ ᠡᠷᠡᠰ ᠰᠠᠶᠢᠳᠤᠷ ᠬᠢᠨ᠎ᠡ᠃ ᠦᠷᠢ ᠦᠭᠴᠡᠭᠡ ᠶᠢ ᠰᠢᠢᠳᠪᠦᠷᠢᠯᠡᠬᠦ ᠲᠦᠯᠦᠪᠯᠡᠭᠡ ᠶᠢ ᠴᠢᠩᠭ᠎ᠠ ᠬᠡᠷᠡᠭᠵᠢᠬᠦᠯᠵᠦ᠂ | ᠲᠦᠰᠦᠪ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠳᠡᠮᠳᠡᠭᠲᠦ᠂ ᠡᠳ᠋ ᠬᠦᠷᠦᠩᠭᠡ ᠶᠢ ᠰᠢᠢᠳᠪᠦᠷᠢᠯᠡᠬᠦ᠂ ᠦᠷᠢ | ᠦᠭᠴᠡᠭᠡᠨ ᠤ ᠡᠷᠬᠡ ᠶᠢ ᠰᠢᠯᠵᠢᠬᠦᠯᠬᠦ ᠵᠡᠷᠭᠡ ᠠᠷᠭ᠎ᠠ ᠪᠠᠷᠢᠯ ᠢ ᠲᠤᠬᠢᠲᠠᠢ ᠬᠡᠷᠡᠭᠯᠡᠵᠦ᠂ ᠬᠠᠤᠯᠢ ᠲᠦᠷᠢᠮ ᠬᠠᠤᠯᠢ | ᠲᠤᠭᠳᠠᠭᠠᠯ ᠶᠤᠰᠤᠭᠠᠷ ᠦᠷᠢ ᠦᠭᠴᠡᠭᠡ ᠶᠢ ᠰᠢᠢᠳᠪᠦᠷᠢᠯᠡᠵᠦ᠂ ᠤᠨ ᠤ ᠦᠷᠢ ᠦᠭᠴᠡᠭᠡ ᠶᠢ ᠰᠢᠢᠳᠪᠦᠷᠢᠯᠡᠬᠦ | ᠡᠬᠦᠷᠭᠡ ᠶᠢ ᠡᠷᠡᠰ ᠪᠡᠶᠡᠯᠡᠬᠦᠯᠦᠨ᠎ᠡ᠃ ᠵᠠᠰᠠᠭ ᠤᠨ ᠤᠷᠳᠤᠨ ᠤ ᠦᠷᠢ ᠦᠭᠴᠡᠭᠡᠨ ᠤ ᠬᠢᠵᠠᠭᠠᠷᠯᠠᠭᠰᠠᠨ | ᠬᠠᠮᠢᠶᠠᠷᠦᠯᠳᠠ ᠶᠢ ᠴᠢᠩᠭᠠᠳᠬᠠᠵᠦ᠂ ᠪᠡᠯᠡ ᠨᠡᠶᠢᠯᠡᠬᠦᠯᠦᠯᠲᠠ ᠶᠢᠨ ᠲᠠᠪᠴᠠᠩ᠂ ᠵᠠᠰᠠᠭ ᠤᠨ ᠤᠷᠳᠤᠨ ᠤ ᠪᠡᠯᠡ | ᠤᠷᠤᠭᠤᠯᠤᠯᠲᠠ ᠶᠢᠨ ᠰᠠᠭᠤᠷᠢ ᠮᠦᠩᠬᠦ᠂ ᠵᠠᠰᠠᠭ ᠤᠨ ᠤᠷᠳᠤᠨ ᠬᠢᠬᠡᠳ ᠨᠡᠶᠢᠬᠡᠮ ᠤᠨ ᠪᠡᠯᠡ ᠬᠦᠷᠦᠩᠭᠡ ᠶᠢᠨ | ᠬᠠᠮᠳᠤᠷᠠᠯᠴᠠᠭ᠎ᠠ᠂ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠬᠢᠨᠠᠨ ᠬᠠᠮᠢᠶᠠᠷᠦᠯᠳᠠ ᠶᠢ | ᠴᠢᠩᠭᠠᠳᠬᠠᠵᠦ᠂ ᠤᠨᠴᠠᠭᠠᠶᠢᠯᠠᠨ ᠵᠠᠰᠠᠭ ᠤᠨ ᠤᠷᠳᠤᠨ ᠤ ᠪᠡᠯᠡ ᠨᠡᠶᠢᠯᠡᠬᠦᠯᠬᠦ ᠲᠠᠪᠴᠠᠩ ᠢ ᠲᠠᠬᠢᠨ ᠪᠠᠶᠢᠭᠤᠯᠵᠦ | ᠨᠢᠬᠡᠳᠭᠡᠬᠦ᠂ ᠬᠡᠯᠪᠡᠷᠢ ᠶᠢ ᠬᠤᠪᠢᠷᠠᠭᠠᠨ ᠬᠦᠭᠵᠢᠭᠦᠯᠬᠦ ᠶᠢ ᠲᠦᠷᠭᠡᠳᠭᠡᠨ ᠠᠬᠢᠭᠤᠯᠵᠦ᠂ ᠳᠡᠯᠳᠡ ᠴᠢᠨᠠᠷᠲᠠᠢ ᠦᠷᠢ | ᠦᠭᠴᠡᠭᠡᠨ ᠤ ᠨᠡᠮᠡᠭᠳᠡᠯ ᠢ ᠡᠷᠡᠰ ᠬᠤᠷᠢᠭᠯᠠᠨ᠎ᠠ᠃ ᠮᠦᠩᠬᠦᠨ ᠬᠦᠢᠯᠭᠡᠭᠡᠨ ᠤ ᠲᠦᠭᠰᠢᠬᠦᠷᠢ ᠶᠢ ᠰᠡᠷᠬᠡᠶᠢᠯᠡᠨ | ᠡᠵᠡᠮᠳᠡᠬᠦ ᠶᠢ ᠴᠢᠩᠭᠠᠳᠬᠠᠵᠦ᠂ ᠲᠠᠢ ᠰᠢ ᠨᠡᠬᠦᠷᠡᠰᠦᠨ ᠤ ᠠᠵᠦ ᠦᠢᠯᠡᠰ ᠤᠨ ᠪᠦᠯᠦᠭᠯᠡᠯ᠂ ᠴᠢᠩ ᠬᠤᠸᠠ ᠪᠦᠯᠦᠭᠯᠡᠯ | ᠵᠡᠷᠭᠡ ᠭᠤᠤᠯ ᠪᠤᠯᠬᠤ ᠠᠵᠦ ᠠᠬᠤᠶᠢᠯᠠᠯ ᠤᠨ ᠦᠷᠢ ᠦᠭᠴᠡᠭᠡᠨ ᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠬᠠᠤᠯᠢ ᠪᠤᠰᠤ ᠪᠡᠯᠡ ᠴᠤᠭᠯᠠᠭᠤᠯᠤᠯᠲᠠ᠂ ᠮᠠᠯᠵᠢᠬᠤ ᠲᠠᠷᠢᠶᠠᠯᠠᠬᠤ ᠤᠷᠤᠨ ᠤ ᠦᠨᠳᠦᠷ ᠬᠦᠦ ᠲᠠᠢ ᠵᠢᠬᠡᠯᠡᠯᠭᠡ ᠪᠠ | ᠵᠤᠷᠢᠭᠤᠳᠠ ᠦᠷᠢ ᠠᠴᠠ ᠲᠤᠳᠠᠭᠠᠬᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠰᠢᠰᠲ᠋ᠧᠮᠴᠢ ᠴᠢᠨᠠᠷᠲᠠᠢ᠂ | ᠤᠷᠤᠨ ᠪᠦᠰᠡ ᠶᠢᠨ ᠴᠢᠨᠠᠷᠲᠠᠢ ᠮᠦᠩᠬᠦᠨ ᠬᠦᠢᠯᠭᠡᠭᠡᠨ ᠤ ᠲᠦᠭᠰᠢᠬᠦᠷᠢ ᠡᠬᠦᠰᠬᠦ ᠬᠤᠷᠢᠭ᠎ᠠ ᠱᠤᠭᠤᠮ ᠢ ᠡᠷᠡᠰ | ᠰᠠᠬᠢᠨ᠎ᠠ᠃ | ᠬᠤᠶᠠᠳᠣᠭᠠᠷ ᠲᠤ᠂ ᠤᠨᠤᠪᠴᠢᠲᠠᠢ ᠪᠠᠷ ᠶᠠᠳᠠᠭᠤ ᠶᠢ ᠳᠡᠳᠬᠦᠬᠦ ᠰᠢᠪᠲᠤᠯᠤᠯᠲᠠ ᠶᠢᠨ ᠳᠠᠶᠢᠨ ᠢ ᠡᠷᠡᠰ | ᠰᠠᠶᠢᠳᠤᠷ ᠬᠢᠨ᠎ᠡ᠃ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠬᠤᠪᠢᠷᠠᠭᠤᠯᠬᠤ ᠦᠭᠡᠢ᠂ ᠬᠦᠴᠦᠨ ᠢ | ᠪᠠᠭᠤᠷᠠᠭᠤᠯᠬᠤ ᠦᠭᠡᠢ᠂ ᠠᠷᠭ᠎ᠠ ᠠᠪᠴᠠᠯ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠳᠠᠯᠠᠵᠦ᠂ ᠶᠠᠳᠠᠭᠤ ᠶᠢ ᠢᠯᠭᠠᠨ | ᠲᠠᠨᠢᠬᠤ ᠪᠠ ᠶᠠᠳᠠᠭᠤ ᠠᠴᠠ ᠠᠩᠬᠢᠵᠢᠷᠠᠭᠤᠯᠬᠤ ᠶᠢ ᠬᠢᠨᠠᠨ ᠡᠵᠡᠮᠳᠡᠬᠦ ᠤᠷᠲᠤ ᠬᠤᠭᠤᠴᠠᠭᠠᠨ ᠤ ᠪᠦᠲᠦᠮᠵᠢᠲᠦ | ᠲᠤᠭᠳᠠᠴᠠ ᠶᠢ ᠲᠡᠭᠦᠯᠳᠡᠷᠵᠢᠬᠦᠯᠵᠦ᠂ ᠶᠠᠳᠠᠭᠤ ᠠᠴᠠ ᠠᠩᠬᠢᠵᠢᠷᠠᠭᠤᠯᠤᠭᠰᠠᠨ ᠬᠦᠮᠦᠨ ᠠᠮᠠ ᠶᠢᠨ ᠲᠠᠬᠢᠨ | ᠶᠠᠳᠠᠭᠤᠷᠠᠬᠤ᠂ ᠶᠠᠳᠠᠭᠤᠯᠢᠭ ᠬᠦᠮᠦᠰ ᠤᠨ ᠶᠠᠳᠠᠭᠤ ᠬᠦᠴᠢᠷᠳᠡᠯᠳᠡᠢ ᠪᠤᠯᠬᠤ ᠠᠴᠠ ᠰᠡᠷᠬᠡᠶᠢᠯᠡᠨ᠎ᠡ᠃ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠬᠢᠬᠡᠳ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢᠨ ᠬᠦᠨᠵᠡᠭᠡᠢ ᠤᠶᠠᠯᠳᠤᠯ᠂ ᠨᠡᠶᠢᠬᠡᠮ ᠤᠨ ᠪᠠᠲᠤᠯᠠᠭ᠎ᠠ ᠶᠢᠨ ᠲᠦᠷᠢᠮ ᠤᠨ ᠤᠷᠭᠠᠨᠢᠭ | ᠵᠠᠯᠭᠠᠯᠳᠤᠯ ᠢ ᠴᠢᠩᠭᠠᠳᠬᠠᠵᠦ᠂ ᠲᠠᠷᠢᠶᠠᠯᠠᠩ ᠮᠠᠯ ᠠᠵᠦ ᠠᠬᠤᠢ ᠳᠤ ᠬᠤᠯᠪᠤᠭᠳᠠᠭᠰᠠᠨ ᠪᠡᠯᠡ ᠮᠦᠩᠬᠦᠨ ᠤ | ᠤᠷᠤᠭᠤᠯᠤᠯᠲᠠ᠂ ᠮᠦᠩᠬᠦᠨ ᠬᠦᠢᠯᠭᠡᠭᠡᠨ ᠤ ᠶᠠᠳᠠᠭᠤ ᠶᠢ ᠲᠡᠳᠬᠦᠬᠦ ᠵᠢᠬᠡᠯᠡᠯᠭᠡ᠂ ᠠᠵᠦ ᠦᠢᠯᠡᠰ ᠤᠨ ᠲᠦᠷᠦᠯ | ᠵᠦᠢᠯ ᠤᠨ ᠳᠡᠮᠵᠢᠯᠭᠡ᠂ ᠰᠢᠯᠵᠢᠬᠦᠯᠦᠨ ᠨᠡᠬᠦᠯᠭᠡᠵᠦ ᠶᠠᠳᠠᠭᠤ ᠶᠢ ᠳᠡᠳᠬᠦᠬᠦ᠂ ᠬᠦᠳᠡᠯᠮᠦᠷᠢ ᠬᠦᠴᠦᠨ ᠤ ᠮᠡᠷᠭᠡᠵᠢᠯ | ᠴᠢᠳᠠᠪᠤᠷᠢ ᠶᠢᠨ ᠪᠤᠯᠪᠠᠰᠤᠷᠠᠯ᠂ ᠨᠡᠶᠢᠬᠡᠮ ᠤᠨ ᠬᠠᠮᠤᠭ ᠤᠨ ᠳᠤᠤᠷ᠎ᠠ ᠪᠠᠳᠤᠯᠠᠭ᠎ᠠ ᠵᠡᠷᠭᠡ ᠲᠠᠯ᠎ᠠ ᠪᠠᠷ ᠤᠯᠠᠮ ᠨᠢᠬᠡ | ᠠᠯᠬᠤᠮ ᠪᠠᠲᠤᠳᠬᠠᠨ ᠳᠡᠭᠡᠭᠰᠢᠯᠡᠬᠦᠯᠵᠦ᠂ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠲᠦᠮᠵᠢ ᠶᠢ ᠪᠠᠲᠤᠯᠠᠨ᠎ᠠ᠃ | ᠭᠤᠷᠪᠠᠳᠣᠭᠠᠷ ᠲᠤ᠂ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠨ ᠢ ᠡᠷᠡᠰ ᠰᠠᠶᠢᠳᠤᠷ | ᠬᠢᠨ᠎ᠡ᠃ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠨ ᠤ ᠭᠤᠷᠪᠠᠨ ᠵᠢᠯ ᠤᠨ ᠠᠵᠢᠯᠯᠠᠭ᠎ᠠ ᠶᠢ | ᠬᠦᠴᠦᠯᠡᠨ ᠠᠬᠢᠭᠤᠯᠵᠦ᠂ ᠠᠭᠠᠷ ᠮᠠᠨᠳᠠᠯ᠂ ᠤᠰᠤ᠂ ᠬᠦᠷᠦᠰᠦ ᠰᠢᠷᠦᠢ ᠶᠢᠨ ᠪᠤᠬᠢᠷᠳᠤᠯ ᠢ ᠵᠠᠰᠠᠬᠤ ᠲᠦᠷᠦᠯ ᠵᠦᠢᠯ | 100 ᠵᠤᠷᠪᠤᠰ ᠢ ᠬᠡᠷᠡᠭᠵᠢᠬᠦᠯᠵᠦ᠂ ᠤᠷᠴᠢᠨ ᠲᠤᠭᠤᠷᠢᠨ ᠤ ᠭᠤᠤᠯᠳᠠᠯᠭ᠎ᠠ ᠲᠠᠢ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠪᠠᠬᠢᠯᠡᠯᠲᠠ ᠶᠢ ᠰᠢᠪᠲᠤᠯᠬᠤ ᠡᠬᠦᠷᠭᠡ ᠪᠠ ᠭᠠᠳᠠᠭᠰᠢᠯᠠᠭᠤᠯᠤᠯᠲᠠ ᠶᠢ ᠪᠠᠭᠠᠰᠬᠠᠬᠤ ᠬᠠᠷᠠᠯᠲᠠ ᠶᠢ | ᠪᠠᠲᠤᠯᠠᠨ᠎ᠠ᠃ ᠲᠦᠪ ᠤᠨ ᠤᠷᠴᠢᠨ ᠲᠤᠭᠤᠷᠢᠨ ᠤ ᠰᠢᠮᠳᠠᠭᠤᠯᠤᠨ ᠪᠠᠶᠢᠴᠠᠭᠠᠯᠲᠠ ᠪᠠ ︽ᠡᠷᠬᠢᠨ ᠬᠠᠷᠠᠵᠦ︾ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠠᠵᠢᠯ ᠢ ᠰᠠᠶᠢᠳᠤᠷ | ᠠᠳᠬᠤᠵᠦ᠂ ᠦᠬᠠᠢ ᠵᠢᠴᠢ ᠬᠦᠷᠰᠢ ᠵᠡᠷᠭᠡᠯᠡᠳᠡᠭᠡ ᠭᠠᠵᠠᠷ ᠤᠷᠤᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ | ᠵᠠᠰᠠᠨ ᠴᠡᠭᠴᠡᠯᠡᠯᠳᠡ ᠶᠢ ᠬᠦᠨᠵᠡᠭᠡᠶᠢᠷᠡᠬᠦᠯᠵᠦ᠂ ᠲᠡᠭᠷᠢ ᠡᠯᠡᠰᠦᠨ ᠤ ᠤᠷᠴᠢᠨ ᠲᠤᠭᠤᠷᠢᠨ ᠤ ᠵᠠᠰᠠᠨ | ᠴᠡᠭᠴᠡᠯᠡᠯᠳᠡ ᠶᠢᠨ ᠦᠷ᠎ᠠ ᠪᠦᠲᠦᠮᠵᠢ ᠶᠢ ᠦᠷᠬᠦᠯᠵᠢᠯᠡᠨ ᠪᠠᠲᠤᠳᠬᠠᠨ᠎ᠠ᠃ ︽ᠭᠤᠷᠪᠠᠨ ᠦᠨᠳᠦᠷ︾ ᠲᠦᠷᠦᠯ | ᠵᠦᠢᠯ ᠢ ᠡᠷᠡᠰ ᠬᠤᠷᠢᠭᠯᠠᠵᠤ᠂ ᠤᠷᠴᠢᠨ ᠲᠤᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ | ᠰᠢᠢᠳᠪᠦᠷᠢᠯᠡᠨ᠎ᠡ᠃ | ᠲᠠᠪᠤ ᠳᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ | ᠬᠡᠷᠡᠭᠵᠢᠬᠦᠯᠦᠨ᠎ᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ | ᠪᠤᠯ ᠰᠢᠨ᠎ᠡ ᠴᠠᠭ ᠦᠶ᠎ᠠ ᠶᠢᠨ ︽ᠲᠠᠷᠢᠶᠠᠯᠠᠩ ᠮᠠᠯ ᠠᠵᠦ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ | ᠲᠠᠷᠢᠶᠠᠴᠢᠨ︾ ᠤ ᠠᠵᠢᠯ ᠢ ᠰᠠᠶᠢᠳᠤᠷ ᠬᠢᠬᠦ ᠭᠠᠷᠳᠠᠴᠠ ᠪᠤᠯᠤᠨ᠎ᠠ᠃ ᠪᠢᠳᠠ ᠡᠷᠬᠡᠪᠰᠢ ᠭᠠᠵᠠᠷ ᠤᠷᠤᠨ ᠤ | ᠤᠨᠴᠠᠯᠢᠭ ᠲᠤᠨᠢ ᠲᠤᠬᠢᠷᠠᠭᠤᠯᠤᠨ᠂ ᠤᠨᠤᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠬᠦᠯᠵᠦ᠂ ᠠᠯᠬᠤᠮ ᠳᠠᠷᠠᠭ᠎ᠠ ᠲᠠᠢ | ᠤᠷᠤᠭᠰᠢᠯᠠᠨ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭᠠᠨ ᠤ ᠳᠣᠮᠣ ᠰᠢᠮᠳᠠᠭᠤᠯᠤᠨ | ᠪᠠᠶᠢᠴᠠᠭᠠᠯᠲᠠ ᠠᠴᠠ ᠰᠠᠶᠢᠰᠢᠶᠠᠨ ᠬᠦᠬᠢᠬᠦᠯᠦᠭᠰᠡᠨ ᠠᠯᠠᠱᠠ ᠪᠠᠷᠠᠭᠤᠨ ᠬᠤᠰᠢᠭᠤᠨ ᠤ ︽ᠭᠤᠷᠪᠠ ᠶᠢ | ᠤᠶᠠᠯᠳᠤᠭᠤᠯᠬᠤ︾ ᠲᠤᠷᠰᠢᠯᠭ᠎ᠠ ᠠᠷᠭ᠎ᠠ ᠪᠠᠷᠢᠯ ᠢ ᠢᠲᠡᠪᠬᠢᠳᠠᠢ ᠳ᠋ᠦᠩᠨᠡᠨ ᠳᠡᠯᠭᠡᠷᠡᠬᠦᠯᠵᠦ᠂ ᠠᠯᠠᠱᠠ ᠶᠢᠨ ᠬᠦᠳᠡᠭᠡ | ᠲᠤᠰᠬᠤᠨ ᠮᠠᠯᠵᠢᠬᠤ ᠤᠷᠤᠨ ᠤ ᠪᠦᠬᠦ ᠲᠠᠯ᠎ᠠ ᠶᠢᠨ ᠬᠦᠭᠵᠢᠨ ᠮᠠᠨᠳᠤᠯᠳᠠ᠂ ᠪᠦᠬᠦ ᠲᠠᠯ᠎ᠠ ᠶᠢᠨ ᠳᠠᠪᠰᠢᠯᠲᠠ ᠶᠢ | ᠲᠦᠯᠬᠢᠨ ᠠᠬᠢᠭᠤᠯᠤᠨ᠎ᠠ᠃ | ᠨᠢᠭᠡᠳᠦᠭᠡᠷ ᠲᠤ᠂ ᠳᠠᠪᠠᠭᠤᠯᠢᠭ ᠤᠨᠴᠠᠯᠢᠭᠲᠤ ᠲᠠᠷᠢᠶᠠᠯᠠᠩ ᠮᠠᠯ ᠠᠵᠦ ᠠᠬᠤᠢ ᠶᠢ ᠬᠦᠴᠦᠯᠡᠨ | ᠬᠦᠭᠵᠢᠬᠦᠯᠦᠨ᠎ᠡ᠃ ︽ᠤᠷᠭᠠᠨᠢᠭ᠂ ᠤᠬᠢ ᠰᠢᠯᠢᠳᠡᠭ᠂ ᠳᠡᠭᠡᠳᠦ ᠳᠡᠰ︾ ᠤᠨ ᠠᠵᠦ ᠦᠢᠯᠡᠰ ᠤᠨ ᠬᠦᠭᠵᠢᠯᠲᠡ ᠶᠢᠨ | ᠵᠢᠯᠤᠭᠤᠳᠤᠮᠵᠢ ᠶᠢ ᠪᠠᠷᠢᠮᠳᠠᠯᠠᠵᠦ᠂ ᠦᠨᠳᠦᠷ ᠪᠦᠲᠦᠮᠵᠢᠲᠦ ᠤᠰᠤ ᠠᠷᠪᠢᠯᠠᠬᠤ ᠲᠠᠷᠢᠶᠠᠯᠠᠩ ᠪᠠ ᠤᠳᠤᠬᠢᠴᠢᠯᠠᠭᠰᠠᠨ | ᠲᠡᠵᠢᠬᠡᠨ ᠦᠷᠡᠵᠢᠬᠦᠯᠬᠦ ᠰᠢᠨ᠎ᠡ ᠮᠡᠷᠭᠡᠵᠢᠯ ᠢ ᠳᠡᠯᠭᠡᠷᠡᠬᠦᠯᠦᠨ ᠬᠡᠷᠡᠭᠵᠢᠬᠦᠯᠵᠦ᠂10 ᠲᠦᠮᠡᠨ ᠮᠦ ᠤᠷᠭᠠᠨᠢᠭ | ᠲᠠᠷᠢᠶᠠᠯᠠᠩ᠂ ︽ᠠ ᠳ᠋ᠦ᠋︾ ᠢᠳᠡᠰᠢᠨ ᠬᠤᠨᠢ᠂ ᠤᠯᠠᠨ ᠲᠦᠷᠦᠯ ᠤᠨ ᠲᠠᠬᠢᠶ᠎ᠠ᠂ ᠲᠦᠮᠡᠨ ᠲᠤᠯᠤᠭᠠᠢ ᠡᠯᠡᠰᠦᠨ ᠤ | ᠰᠢᠷ᠎ᠠ ᠦᠬᠡᠷ ᠵᠡᠷᠭᠡ ᠠᠵᠦ ᠦᠢᠯᠡᠰᠵᠢᠭᠰᠡᠨ ᠲᠦᠷᠦᠯ ᠵᠦᠢᠯ ᠢ ᠲᠦᠷᠭᠡᠳᠭᠡᠨ ᠪᠠᠶᠢᠭᠤᠯᠤᠨ᠎ᠠ᠃ ᠭᠠᠵᠠᠷ ᠤᠷᠤᠨ ᠤ | ᠰᠢᠯᠢᠳᠡᠭ ᠦᠷ᠎ᠠ ᠶᠢᠨ ᠮᠠᠯ ᠢ ᠬᠠᠮᠠᠭᠠᠯᠠᠨ ᠦᠷᠡᠵᠢᠬᠦᠯᠬᠦ ᠠᠵᠢᠯ ᠢ ᠰᠠᠶᠢᠳᠤᠷ ᠠᠳᠬᠤᠵᠦ᠂ ᠴᠠᠭᠠᠨ ᠨᠤᠤᠯᠤᠷᠲᠦ | ᠢᠮᠠᠭ᠎ᠠ᠂ ᠬᠤᠤᠰ ᠪᠦᠬᠦᠲᠦ ᠳᠡᠮᠡᠭᠡ ᠵᠡᠷᠭᠡ ᠳᠠᠪᠠᠭᠤᠯᠢᠭ ᠠᠵᠦ ᠦᠢᠯᠡᠰ ᠢ ᠬᠦᠭᠵᠢᠬᠦᠯᠦᠨ ᠮᠠᠨᠳᠤᠭᠤᠯᠵᠦ᠂ ᠨᠢᠬᠡ | ᠪᠦᠯᠦᠭ ᠠᠵᠦ ᠦᠢᠯᠡᠰ ᠤᠨ ᠬᠦᠷᠢᠶᠡᠯᠡᠩ᠂ ᠰᠢᠨᠵᠢᠯᠡᠭᠡ ᠮᠡᠷᠭᠡᠵᠢᠯ ᠤᠨ ᠬᠦᠷᠢᠶᠡᠯᠡᠩ᠂ ᠦᠢᠯᠡᠰ ᠪᠤᠰᠬᠠᠬᠤ | ᠬᠦᠷᠢᠶᠡᠯᠡᠩ ᠢ ᠪᠦᠷᠢᠨ ᠲᠦᠬᠦᠷ ᠪᠠᠶᠢᠭᠤᠯᠵᠦ᠂ ᠰᠦ ᠮᠢᠬ᠎ᠠ ᠨᠤᠯᠤᠤᠷ ᠤᠨ ᠪᠦᠬᠦ ᠲᠠᠯ᠎ᠠ ᠶᠢᠨ ᠬᠦᠭᠵᠢᠯᠲᠡ᠂ ᠳᠡᠭᠡᠳᠦ | ᠳᠡᠰ ᠤᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠬᠠᠨ ᠲᠡᠭᠷᠢ ᠮᠠᠯᠴᠢᠨ ᠤ ᠲᠠᠭᠤᠯᠠᠯ᠂ ᠱᠧᠩ ᠮᠦ ᠲᠡᠭᠡᠳᠦ | ᠰᠢᠨᠵᠢᠯᠡᠭᠡ ᠮᠡᠷᠭᠡᠵᠢᠯ ᠵᠡᠷᠭᠡ ᠲᠠᠷᠢᠶᠠᠯᠠᠩ ᠤᠨ ᠶᠡᠷᠦᠩᠬᠡᠶᠢᠯᠡᠭᠰᠡᠨ ᠴᠤᠭᠴᠠ ᠶᠢ ᠲᠦᠷᠭᠡᠳᠭᠡᠨ ᠪᠠᠶᠢᠭᠤᠯᠵᠦ᠂ ᠠᠯᠠᠱᠠ | ᠠᠶᠢᠯ᠂ ᠮᠠᠩᠬᠠᠨ ᠨᠤᠲᠤᠭ ᠤᠨ ᠠᠶᠢᠯ᠂ ᠲᠤᠤᠷᠠᠶᠢᠲᠦ ᠨᠤᠲᠤᠭ ᠤᠨ ᠠᠶᠢᠯ᠂ ᠬᠠᠲᠤᠨ ᠭᠤᠤᠯ ᠤᠨ ᠵᠢᠭᠠᠰᠤᠴᠢᠨ | ᠲᠤᠰᠬᠤᠨ ᠵᠡᠷᠭᠡ ᠬᠦᠳᠡᠭᠡ ᠲᠤᠰᠬᠤᠨ ᠤ ᠵᠢᠭᠤᠯᠴᠢᠯᠠᠯ ᠤᠨ ᠲᠤᠰᠬᠠᠢ ᠲᠤᠰᠬᠤᠨ ᠢ ᠬᠦᠭᠵᠢᠬᠦᠯᠵᠦ᠂ ᠦᠪᠡᠷᠲᠡᠭᠡᠨ | ᠵᠠᠰᠠᠬᠤ ᠤᠷᠤᠨ ᠤ ᠳᠡᠰ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠢᠱᠢᠶ᠎ᠠ ᠦᠵᠡᠬᠦᠯᠬᠦ ᠴᠡᠭ ᠢ | ᠴᠤᠭᠴᠠᠯᠠᠨ ᠪᠠᠶᠢᠭᠤᠯᠤᠨ᠎ᠠ᠃ | ᠬᠤᠶᠠᠳᠣᠭᠠᠷ ᠲᠤ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠲᠠ ᠶᠢᠨ | ᠰᠢᠰᠲ᠋ᠧᠮᠵᠢ ᠶᠢ ᠲᠡᠭᠦᠯᠳᠡᠷᠵᠢᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ | ᠲᠦᠷᠢᠮ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠭᠠᠵᠠᠷ ᠰᠢᠷᠦᠢ ᠨᠤᠲᠤᠭ | ᠪᠡᠯᠴᠢᠭᠡᠷ ᠤᠨ ᠡᠮᠬᠢ ᠵᠢᠷᠣᠮ ᠲᠠᠢ ᠡᠷᠬᠢᠯᠲᠡ ᠶᠢ ᠲᠦᠷᠢᠮᠵᠢᠬᠦᠯᠦᠨ ᠬᠦᠲᠦᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ | ᠮᠠᠯ ᠠᠵᠦ ᠠᠬᠤᠢ ᠶᠢᠨ ᠡᠵᠡᠩᠨᠡᠯᠲᠠ ᠶᠢᠨ ᠭᠤᠤᠯ ᠴᠤᠭᠴᠠ ᠶᠢ ᠢᠲᠡᠪᠬᠢᠳᠠᠢ ᠬᠦᠮᠦᠵᠢᠬᠦᠯᠵᠦ᠂ ᠮᠠᠯᠴᠢᠨ ᠳᠠᠷᠢᠶᠠᠴᠢᠨ | ᠤ ᠬᠤᠷᠰᠢᠶᠠᠵᠢᠯ 40 ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠳᠠᠯᠠᠪᠠᠢ ᠪᠠ 300 ᠳᠣᠰᠬᠠᠢ ᠳᠣᠮᠣ | ᠡᠷᠦᠬᠡ ᠶᠢ ᠰᠢᠨ᠎ᠡ ᠪᠠᠷ ᠳᠦᠷᠢᠮᠵᠢᠬᠦᠯᠪᠡ᠃ ᠳᠠᠷᠢᠶᠠᠯᠠᠩ ᠠᠵᠦ ᠠᠬᠤᠶᠢᠯᠠᠯ ᠤᠨ ᠬᠤᠯᠪᠣᠭᠠᠯᠠᠯ ᠢ ᠣᠯᠠᠮ ᠨᠢᠬᠡ | ᠠᠯᠬᠤᠮ ᠬᠦᠳᠦᠯᠦᠨ ᠵᠢᠯᠣᠭᠤᠳᠴᠦ ᠠᠬᠢᠭᠤᠯᠣᠨ᠂ ᠳᠠᠷᠢᠶᠠᠯᠠᠩ ᠠᠵᠦ ᠠᠬᠤᠶᠢᠯᠠᠯ ᠤᠨ ᠠᠰᠢᠭ ᠳᠣᠰᠠ ᠲᠠᠢ ᠨᠢ | ᠬᠤᠯᠪᠣᠭᠳᠠᠭᠤᠯᠣᠭᠰᠠᠨ 9 ᠵᠢᠱᠢᠶ᠎ᠡ ᠦᠵᠡᠬᠦᠯᠬᠦ ᠬᠤᠯᠪᠣᠭᠠᠳᠣ ᠴᠣᠭᠴᠠ ᠶᠢ ᠪᠣᠶᠢᠵᠢᠭᠤᠯᠵᠦ᠂ ᠨᠡᠩ ᠣᠯᠠᠨ ᠮᠠᠯᠴᠢᠨ | ᠳᠠᠷᠢᠶᠠᠴᠢᠨ ᠳᠤ ᠠᠰᠢᠭ ᠬᠦᠷᠳᠡᠭᠡᠨ᠎ᠡ᠃ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠬᠦᠨ ᠤ ᠳᠦᠷᠦ ᠶᠢᠨ | ᠪᠣᠳᠣᠯᠭ᠎ᠠ ᠶᠢᠨ ᠴᠢᠨᠠᠷᠳᠠᠢ ᠳᠠᠭᠠᠳᠬᠠᠯ ᠤᠨ ᠳᠦᠷᠢᠮ ᠢ ᠪᠦᠷᠢᠨᠰᠢᠬᠦᠯᠵᠦ᠂ ᠬᠦᠳᠡᠭᠡ ᠳᠣᠰᠬᠤᠨ ᠮᠠᠯᠵᠢᠬᠤ ᠣᠷᠣᠨ | ᠤ《ᠵᠠᠰᠠᠭ ᠪᠠᠩᠭᠢ ᠳᠠᠭᠠᠳᠬᠠᠯ》ᠬᠤᠷᠰᠢᠨ ᠠᠵᠢᠯᠯᠠᠬᠤ ᠵᠢᠭᠡᠯᠡᠯᠬᠡ ᠶᠢᠨ ᠳᠣᠬᠠᠶᠢᠯᠠᠭᠰᠠᠨ ᠠᠵᠢᠯ ᠢ ᠪᠦᠬᠦ ᠲᠠᠯ᠎ᠠ | ᠪᠠᠷ ᠦᠷᠨᠢᠬᠦᠯᠦᠨ᠂ ᠳᠠᠷᠢᠶᠠᠯᠠᠩ ᠮᠠᠯ ᠠᠵᠦ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠳᠦᠭᠰᠢᠭᠦᠷᠢ ᠶᠢ | ᠪᠠᠭᠠᠰᠬᠠᠨ᠂ ᠬᠦᠳᠡᠭᠡ ᠳᠣᠰᠬᠤᠨ ᠤ ᠬᠦᠭᠵᠢᠯᠳᠡ ᠶᠢᠨ ᠳᠣᠳᠣᠭᠠᠳᠣ ᠬᠦᠳᠡᠯᠭᠡᠭᠴᠢ ᠬᠦᠴᠦᠨ ᠢ ᠬᠦᠭᠵᠢᠬᠡᠨ᠎ᠡ᠃ | ᠭᠤᠷᠪᠠᠳᠣᠭᠠᠷ ᠲᠤ᠂ ᠬᠦᠳᠡᠭᠡ ᠳᠣᠰᠬᠤᠨ ᠮᠠᠯᠵᠢᠬᠤ ᠣᠷᠣᠨ ᠤ ᠬᠦᠮᠦᠨ ᠠᠷᠠᠳ ᠤᠨ ᠣᠷᠣᠰᠢᠨ | ᠰᠠᠭᠤᠷᠢᠰᠢᠬᠤ ᠣᠷᠴᠢᠨ ᠳᠣᠭᠤᠷᠢᠨ ᠤ ᠵᠠᠰᠠᠨ ᠴᠡᠭᠴᠡᠯᠡᠯᠳᠡ ᠶᠢ ᠴᠢᠩᠭᠠᠳᠬᠠᠨ᠎ᠠ᠃ ᠵᠧᠵᠢᠶᠠᠩ ᠤᠨ《 ᠮᠢᠩᠭᠠᠨ | ᠳᠣᠰᠬᠤᠨ ᠵᠢᠱᠢᠶ᠎ᠡ ᠦᠵᠡᠬᠦᠯᠵᠦ ᠲᠦᠮᠡᠨ ᠳᠣᠰᠬᠤᠨ ᠢ ᠴᠡᠭᠴᠡᠯᠡᠨ ᠵᠠᠰᠠᠬᠤ》ᠢᠨᠵᠧᠨᠧᠷᠢᠩ ᠤᠨ ᠳᠣᠷᠰᠢᠯᠭ᠎ᠠ ᠶᠢ | ᠰᠣᠷᠣᠯᠴᠠᠨ ᠳᠣᠯᠢᠯᠠᠵᠦ᠂ ᠬᠤᠭ ᠨᠣᠪᠰᠢ ᠪᠣᠬᠢᠷ ᠣᠰᠣ ᠶᠢ ᠰᠢᠢᠳᠪᠦᠷᠢᠯᠡᠬᠦ᠂《ᠵᠣᠷᠯᠣᠩ ᠤᠨ ᠬᠤᠪᠢᠰᠬᠠᠯ》᠂ | ᠳᠣᠰᠬᠤᠨ ᠤ ᠳᠦᠷᠢ ᠳᠦᠷᠬᠦ ᠶᠢ ᠵᠠᠰᠠᠨ ᠴᠡᠭᠴᠡᠯᠡᠵᠦ ᠳᠡᠭᠡᠭᠰᠢᠯᠡᠬᠦᠯᠬᠦ ᠪᠠᠷ ᠭᠤᠣᠯᠳᠠᠯᠭ᠎ᠠ ᠪᠣᠯᠭᠠᠨ᠂ ᠬᠦᠳᠡᠭᠡ | ᠳᠣᠰᠬᠤᠨ ᠮᠠᠯᠵᠢᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠷᠢᠰᠢᠬᠤ ᠣᠷᠴᠢᠨ ᠳᠣᠭᠤᠷᠢᠨ ᠤ ᠵᠠᠰᠠᠨ | ᠴᠡᠭᠴᠡᠯᠡᠯᠳᠡ ᠶᠢ ᠯᠠᠪᠳᠠᠭᠤᠨ ᠪᠠᠳᠣᠳᠠᠢ ᠳᠦᠯᠬᠢᠨ ᠠᠬᠢᠭᠤᠯᠵᠦ᠂ ᠬᠦᠳᠡᠭᠡ ᠳᠣᠰᠬᠤᠨ ᠢ ᠬᠦᠭᠵᠢᠬᠦᠯᠦᠨ | ᠮᠠᠨᠳᠣᠭᠤᠯᠬᠤ ᠨᠢᠭᠡᠳᠦᠭᠡᠷ ᠳᠠᠯᠠᠪᠣᠷ ᠬᠠᠳᠠᠭᠤ ᠳᠠᠶᠢᠨ ᠢ ᠰᠠᠶᠢᠳᠣᠷ ᠬᠢᠨ᠎ᠡ᠃ ᠬᠦᠳᠡᠭᠡ ᠳᠣᠰᠬᠤᠨ ᠮᠠᠯᠵᠢᠬᠤ ᠣᠷᠣᠨ | ᠤ ᠡᠯ᠎ᠡ ᠵᠦᠢᠯ ᠤᠨ ᠪᠦᠳᠦᠭᠡᠨ ᠪᠠᠶᠢᠭᠤᠯᠣᠯᠳᠠ ᠶᠢ ᠨᠢᠬᠡᠳᠦᠯᠳᠡᠢ ᠳᠦᠯᠦᠪᠯᠡᠨ ᠠᠬᠢᠭᠤᠯᠵᠦ᠂ ᠣᠣᠭᠤᠬᠤ ᠣᠰᠣᠨ ᠤ | ᠠᠮᠣᠷ ᠳᠦᠪᠰᠢᠨ ᠢᠶᠠᠷ ᠭᠤᠣᠯᠳᠠᠯᠭ᠎ᠠ ᠪᠣᠯᠭᠠᠨ᠂ ᠬᠦᠳᠡᠭᠡ ᠳᠣᠰᠬᠤᠨ ᠮᠠᠯᠵᠢᠬᠤ ᠣᠷᠣᠨ ᠤ ᠣᠣᠭᠤᠬᠤ ᠣᠰᠣᠨ ᠤ | ᠠᠮᠣᠷ ᠳᠦᠪᠰᠢᠨ ᠢ ᠪᠠᠬᠢᠵᠢᠬᠦᠯᠦᠨ ᠳᠡᠭᠡᠭᠰᠢᠯᠡᠬᠦᠯᠬᠦ 479 ᠢᠨᠵᠧᠨᠧᠷᠢᠩ ᠢ ᠬᠡᠷᠡᠭᠵᠢᠬᠦᠯᠦᠨ᠎ᠡ︔ ᠵᠠᠮ ᠨᠡᠪᠳᠡᠷᠡᠯᠭᠡ | ᠶᠢ ᠰᠢᠯᠣᠭᠤᠳᠬᠠᠬᠤ ᠪᠠᠷ ᠭᠤᠣᠯᠳᠠᠯᠭ᠎ᠠ ᠪᠣᠯᠭᠠᠨ᠂ ᠦᠪᠡᠷᠳᠡᠭᠡᠨ ᠵᠠᠰᠠᠬᠤ ᠣᠷᠣᠨ ᠤ《ᠳᠦᠷᠪᠡᠨ ᠰᠠᠶᠢᠨᠳᠠᠢ | ᠬᠦᠳᠡᠭᠡ ᠳᠣᠰᠬᠤᠨ ᠤ ᠵᠠᠮ》 ᠤᠨ ᠵᠢᠱᠢᠶ᠎ᠡ ᠦᠵᠡᠬᠦᠯᠬᠦ ᠬᠤᠰᠢᠭᠤ ᠰᠢᠶᠠᠨ ᠢ ᠢᠳᠡᠪᠬᠢᠳᠡᠢ ᠴᠣᠭᠴᠠᠯᠠᠵᠦ᠂ ᠣᠯᠠᠨ | ᠨᠡᠶᠢᠳᠡ ᠶᠢᠨ ᠦᠢᠯᠡᠴᠢᠯᠡᠭᠡ ᠶᠢ ᠳᠡᠬᠦᠯᠳᠡᠷᠵᠢᠬᠦᠯᠬᠦ ᠪᠠᠷ ᠭᠤᠣᠯᠳᠠᠯᠭ᠎ᠠ ᠪᠣᠯᠭᠠᠨ᠂ ᠬᠦᠳᠡᠭᠡ ᠳᠣᠰᠬᠤᠨ ᠮᠠᠯᠵᠢᠬᠤ | ᠣᠷᠣᠨ ᠤ ᠷᠠᠳᠢᠤ᠋ ᠲᠧᠯᠸᠢᠰ᠂ ᠴᠢᠮᠡᠭᠡ ᠬᠤᠯᠪᠣᠭᠠᠨ ᠤ ᠬᠠᠮᠣᠷᠬᠤ ᠨᠣᠷᠮ᠎ᠠ ᠶᠢ ᠳᠡᠭᠡᠭᠰᠢᠯᠡᠬᠦᠯᠵᠦ᠂ ᠰᠣᠶᠣᠯ᠂ ᠡᠷᠡᠬᠦᠯ | ᠬᠠᠮᠠᠭᠠᠯᠠᠯ᠂ ᠠᠷᠠᠯᠵᠢᠶ᠎ᠠ ᠬᠤᠳᠠᠯᠳᠤᠭ᠎ᠠ ᠵᠡᠷᠭᠡ ᠠᠷᠠᠳ ᠲᠤ ᠳᠦᠬᠦᠮ ᠦᠵᠡᠬᠦᠯᠬᠦ ᠦᠢᠯᠡᠴᠢᠯᠡᠭᠡᠨ ᠤ ᠳᠣᠨᠤᠭ | ᠳᠦᠬᠦᠬᠡᠷᠦᠮᠵᠢ ᠶᠢ ᠰᠠᠶᠢᠳᠣᠷ ᠪᠠᠶᠢᠭᠤᠯᠣᠨ ᠰᠠᠶᠢᠳᠣᠷ ᠬᠠᠮᠢᠶᠠᠷᠴᠦ ᠰᠠᠶᠢᠳᠣᠷ ᠬᠡᠷᠡᠭᠯᠡᠨ᠎ᠡ᠃ | ᠵᠢᠷᠭᠤᠭ᠎ᠠ ᠳᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢ ᠯᠠᠪᠳᠠᠭᠤᠨ ᠪᠠᠳᠣᠳᠠᠢ ᠠᠬᠢᠭᠤᠯᠣᠨ᠎ᠠ᠃ | ᠬᠦᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢ ᠳᠦᠯᠬᠢᠨ ᠠᠬᠢᠭᠤᠯᠬᠤ ᠪᠣᠯ | ᠣᠳᠣ ᠦᠶ᠎ᠡ ᠶᠢᠨ ᠬᠤᠳᠠ ᠶᠢᠨ ᠬᠦᠭᠵᠢᠯᠳᠡ ᠶᠢᠨ ᠵᠠᠶᠢᠯᠠᠰᠢ ᠦᠬᠡᠢ ᠰᠣᠩᠭᠤᠯᠳᠠ ᠶᠣᠮ᠃ ᠪᠢᠳᠡ ᠡᠷᠬᠡᠪᠰᠢ | ᠳᠦᠯᠦᠪᠵᠢᠬᠦᠯᠬᠡ ᠪᠠᠷ ᠬᠦᠳᠦᠯᠦᠨ ᠵᠢᠯᠣᠭᠤᠳᠣᠭᠤᠯᠬᠤ᠂ ᠪᠠᠶᠢᠭᠤᠯᠬᠤ ᠬᠠᠮᠢᠶᠠᠷᠬᠤ ᠶᠢ ᠣᠶᠠᠯᠳᠣᠭᠤᠯᠬᠤ ᠶᠢ | ᠪᠠᠷᠢᠮᠳᠠᠯᠠᠵᠦ᠂ ᠬᠤᠳᠠ ᠪᠠᠯᠭᠠᠰᠣᠨ ᠤ ᠶᠡᠷᠦᠩᠬᠡᠶᠢᠯᠡᠭᠰᠡᠨ ᠳᠠᠭᠠᠭᠠᠬᠤ ᠴᠢᠳᠠᠪᠣᠷᠢ ᠶᠢ ᠳᠠᠰᠣᠷᠠᠯᠳᠠ ᠦᠬᠡᠢ | ᠳᠡᠭᠡᠭᠰᠢᠯᠡᠬᠦᠯᠦᠨ᠎ᠡ᠃ | ᠨᠢᠭᠡᠳᠦᠭᠡᠷ ᠲᠤ᠂ ᠬᠤᠳᠠ ᠪᠠᠯᠭᠠᠰᠣᠨ ᠤ ᠳᠦᠯᠦᠪᠵᠢᠬᠦᠯᠬᠡ ᠪᠦᠳᠦᠬᠡᠨ ᠪᠠᠶᠢᠭᠤᠯᠣᠯᠳᠠ ᠶᠢ | ᠴᠢᠩᠭᠠᠳᠬᠠᠨ᠎ᠠ᠃ ᠳᠦᠪ ᠬᠤᠳᠠ ᠪᠠᠯᠭᠠᠰᠣ᠂ ᠪᠠᠶᠢᠭᠤᠯᠣᠯᠳᠣ ᠪᠠᠯᠭᠠᠰᠣ᠂ ᠣᠨᠴᠠᠯᠢᠭᠲᠣ ᠵᠢᠵᠢᠭ ᠪᠠᠯᠭᠠᠰᠣ ᠶᠢᠨ | ᠶᠡᠷᠦᠩᠬᠡᠢ ᠳᠦᠯᠦᠪᠵᠢᠬᠦᠯᠬᠡ᠂ ᠡᠵᠡᠮᠳᠡᠬᠦ ᠴᠢᠨᠠᠷᠳᠠᠢ ᠨᠠᠷᠢᠨ ᠳᠦᠯᠦᠪᠵᠢᠬᠦᠯᠬᠡ ᠪᠠ ᠳᠣᠰᠬᠠᠢ ᠲᠦᠷᠦᠯ ᠤᠨ | ᠳᠦᠯᠦᠪᠵᠢᠬᠦᠯᠬᠡ ᠶᠢᠨ ᠰᠢᠰᠲ᠋ᠧᠮᠵᠢ ᠶᠢ ᠳᠡᠭᠦᠯᠳᠡᠷᠵᠢᠬᠦᠯᠵᠦ᠂ ᠭᠤᠣᠯᠳᠠᠯᠭᠠᠳᠣ ᠬᠤᠳᠠ ᠪᠠᠯᠭᠠᠰᠣ ᠶᠢᠨ ᠪᠦᠳᠦᠭᠡᠨ | ᠪᠠᠶᠢᠭᠤᠯᠣᠯᠳᠠ ᠶᠢ ᠨᠢᠭᠡᠳᠦᠯᠳᠡᠢ ᠳᠦᠯᠦᠪᠯᠡᠨ ᠠᠬᠢᠭᠤᠯᠣᠨ᠎ᠠ᠃ ᠪᠠᠶᠠᠠᠬᠤᠳᠠ ᠶᠢᠨ ᠬᠤᠳᠠ ᠳᠣᠭᠤᠷᠢᠭ ᠤᠨ | ᠪᠦᠳᠦᠭᠡᠨ ᠪᠠᠶᠢᠭᠤᠯᠣᠯᠳᠠ ᠶᠢ ᠬᠦᠴᠦᠯᠡᠨ ᠠᠬᠢᠭᠤᠯᠵᠦ᠂ ᠵᠠᠮ ᠬᠠᠷᠢᠯᠴᠠᠭᠠᠨ ᠤ ᠳᠦᠭᠵᠢᠷᠡᠯ ᠵᠡᠷᠭᠡ《 ᠬᠤᠳᠠ | ᠶᠢᠨ ᠠᠷᠬᠠᠭ ᠭᠡᠮ》 ᠢ ᠴᠡᠭᠴᠡᠯᠡᠨ ᠵᠠᠰᠠᠬᠤ ᠳᠤ ᠬᠠᠨᠳᠣᠭᠤᠯᠵᠦ᠂ ᠪᠠᠳᠠᠢ ᠶᠢᠨ ᠵᠢᠷᠠᠨ ᠵᠠᠮ᠂ ᠲᠡᠭᠷᠢ ᠵᠠᠮ ᠵᠡᠷᠭᠡ | ᠵᠠᠮ ᠱᠣᠭᠤᠮ ᠢ ᠦᠭᠡᠷᠡᠴᠢᠯᠡᠨ ᠵᠠᠰᠠᠬᠤ ᠪᠦᠳᠦᠭᠡᠨ ᠪᠠᠶᠢᠭᠤᠯᠣᠯᠳᠠ ᠶᠢᠨ ᠢᠨᠵᠧᠨᠧᠷᠢᠩ ᠢ ᠬᠡᠷᠡᠭᠵᠢᠬᠦᠯᠦᠨ᠎ᠡ︔ | ᠪᠦᠬᠦ ᠬᠢᠵᠠᠭᠠᠷ ᠤᠨ ᠵᠢᠭᠤᠯᠴᠢᠯᠠᠯ ᠤᠨ ᠬᠤᠳᠠ ᠶᠢᠨ ᠪᠦᠳᠦᠭᠡᠨ ᠪᠠᠶᠢᠭᠤᠯᠣᠯᠳᠠ ᠳᠤ ᠬᠠᠨᠳᠣᠭᠤᠯᠵᠦ᠂《ᠨᠢᠬᠡ | ᠪᠦᠰᠡ ᠨᠢᠬᠡ ᠵᠠᠮ》ᠣᠯᠠᠨ ᠣᠯᠣᠰ ᠤᠨ ᠱᠣᠭᠤᠮᠠᠯ ᠤᠨ ᠴᠡᠴᠡᠷᠯᠢᠭ᠂ ᠠᠬᠢᠷ ᠴᠡᠴᠡᠭ ᠤᠨ ᠬᠦᠷᠢᠶᠡᠯᠡᠩ ᠤᠨ | ᠵᠢᠭᠤᠯᠴᠢᠯᠠᠯ ᠢ ᠨᠡᠭᠡᠭᠡᠨ ᠬᠦᠭᠵᠢᠬᠦᠯᠬᠦ ᠵᠡᠷᠭᠡ ᠳᠦᠷᠦᠯ ᠵᠦᠢᠯ ᠢ ᠳᠦᠯᠬᠢᠨ ᠠᠬᠢᠭᠤᠯᠣᠨ᠎ᠠ︔ ᠣᠯᠠᠨ ᠲᠦᠮᠡᠨ ᠤ | ᠬᠠᠯᠠᠮᠵᠢᠯᠠᠵᠦ ᠪᠠᠶᠢᠭ᠎ᠠ ᠳᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠬᠠᠨᠳᠣᠭᠤᠯᠵᠦ᠂ ᠨᠢᠬᠡ ᠪᠦᠯᠦᠭ | ᠳᠣᠯᠠᠭᠠᠯᠠᠭ᠎ᠠ ᠶᠢᠨ ᠳᠣᠣᠷ ᠬᠤᠭᠤᠯᠠᠢ᠂ ᠬᠠᠭᠤᠴᠢᠨ ᠬᠤᠷᠢᠶᠠᠯᠠᠯ ᠢ ᠦᠭᠡᠷᠡᠴᠢᠯᠡᠨ ᠵᠠᠰᠠᠬᠤ᠂ ᠳᠠᠷᠢᠶᠠᠯᠠᠩ ᠤᠨ | ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠳᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠦᠨ᠎ᠡ᠃ | ᠬᠤᠰᠢᠭᠤ ᠣᠷᠣᠨ ᠤ ᠳᠦᠪ ᠬᠤᠳᠠ ᠪᠠᠯᠭᠠᠰᠣ ᠶᠢᠨ ᠣᠨᠴᠠᠯᠢᠭᠲᠣ ᠬᠡᠪ ᠨᠠᠮᠪᠠ ᠶᠢ ᠪᠣᠢ ᠪᠣᠯᠭᠠᠵᠦ᠂ ᠪᠠᠳᠠᠢ ᠶᠢᠨ | ᠵᠢᠷᠠᠨ ᠪᠠᠯᠭᠠᠰᠣ ᠶᠢᠨ ᠠᠮᠢ ᠠᠬᠤᠢ ᠶᠢ ᠵᠠᠰᠠᠨ ᠰᠡᠷᠭᠦᠭᠡᠬᠦ᠂ ᠳᠠᠯᠠᠶᠢᠬᠦ᠋ᠪ ᠪᠠᠯᠭᠠᠰᠣ ᠶᠢᠨ ᠵᠠᠮ ᠱᠣᠭᠤᠮ ᠢ | ᠦᠭᠡᠷᠡᠴᠢᠯᠡᠨ ᠵᠠᠰᠠᠬᠤ᠂ ᠣᠰᠣᠳᠠᠢ ᠪᠠᠯᠭᠠᠰᠣ ᠶᠢᠨ ᠦᠵᠡᠮᠵᠢ ᠶᠢ ᠳᠡᠭᠡᠭᠰᠢᠯᠡᠬᠦᠯᠬᠦ᠂ ᠲᠡᠭᠷᠢ ᠠᠵᠦ ᠠᠬᠤᠢ ᠶᠢᠨ | ᠮᠡᠷᠭᠡᠵᠢᠯ ᠤᠨ ᠨᠡᠬᠡᠬᠡᠯᠳᠡ ᠶᠢᠨ ᠣᠷᠣᠨ ᠤ ᠬᠦᠷᠢᠶᠡᠯᠡᠩ ᠳᠣᠭᠤᠷᠢᠭ ᠤᠨ ᠵᠡᠬᠡᠯᠢ ᠶᠢᠨ ᠦᠵᠡᠮᠵᠢ ᠶᠢ | ᠨᠣᠭᠤᠭᠠᠷᠠᠭᠤᠯᠬᠤ ᠵᠡᠷᠭᠡ ᠢᠨᠵᠧᠨᠧᠷᠢᠩ ᠢ ᠳᠦᠷᠭᠡᠳᠬᠡᠨ ᠠᠬᠢᠭᠤᠯᠣᠨ᠎ᠠ᠃ | ᠬᠤᠶᠠᠳᠣᠭᠠᠷ ᠲᠤ᠂ ᠬᠤᠳᠠ ᠪᠠᠯᠭᠠᠰᠣ ᠶᠢᠨ ᠨᠠᠷᠢᠯᠢᠭᠵᠢᠭᠤᠯᠣᠭᠰᠠᠨ ᠬᠠᠮᠢᠶᠠᠷᠣᠯᠳᠠ ᠶᠢ ᠴᠢᠩᠭᠠᠳᠬᠠᠨ᠎ᠠ᠃ | ᠬᠤᠳᠠ ᠶᠢᠨ ᠬᠠᠮᠢᠶᠠᠷᠣᠯᠳᠠ ᠶᠢᠨ ᠣᠨᠣᠯᠵᠢᠬᠤᠨ ᠢ ᠰᠢᠨᠡᠴᠢᠯᠡᠵᠦ᠂ ᠬᠤᠳᠠ ᠶᠢᠨ ᠨᠠᠷᠢᠯᠢᠭᠵᠢᠭᠤᠯᠣᠭᠰᠠᠨ | ᠬᠠᠮᠢᠶᠠᠷᠣᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠬᠦᠯᠵᠦ᠂ ᠬᠤᠳᠠ ᠶᠢᠨ ᠬᠠᠮᠢᠶᠠᠷᠣᠯᠳᠠ ᠶᠢᠨ | ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠦᠯᠳᠡ ᠶᠢᠨ ᠪᠠᠶᠢᠭᠤᠯᠣᠯ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ | ᠰᠠᠭᠤᠭᠠᠯᠢ ᠠᠷᠠᠳ ᠤᠨ ᠳᠣᠭᠤᠷᠢᠭ ᠤᠨ ᠠᠳᠠᠯ ᠠᠬᠤᠢ ᠶᠢᠨ ᠬᠠᠮᠢᠶᠠᠷᠣᠯᠳᠠ ᠶᠢᠨ ᠬᠢᠷᠢ ᠳᠦᠪᠰᠢᠨ ᠢ | ᠳᠡᠭᠡᠭᠰᠢᠯᠡᠬᠦᠯᠦᠨ᠎ᠡ᠃ ᠬᠤᠳᠠ ᠶᠢᠨ ᠡᠵᠡᠩᠨᠡᠯᠳᠡ ᠶᠢᠨ ᠣᠨᠣᠯᠵᠢᠬᠤᠨ ᠢ ᠪᠠᠳᠣ ᠪᠠᠬᠢ ᠪᠣᠢ ᠪᠣᠯᠭᠠᠵᠦ᠂ ᠭᠠᠵᠠᠷ | ᠰᠢᠷᠣᠢ᠂ ᠣᠯᠠᠨ ᠨᠡᠶᠢᠳᠡ ᠶᠢᠨ ᠳᠣᠨᠤᠭ ᠳᠦᠬᠦᠭᠡᠷᠦᠮᠵᠢ ᠶᠢᠨ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠭᠰᠡᠨ | ᠡᠵᠡᠩᠨᠡᠯᠳᠡ ᠶᠢᠨ ᠳᠦᠷᠦᠯ ᠵᠦᠢᠯ ᠳᠤ ᠣᠷᠣᠭᠤᠯᠬᠤ ᠳᠤ ᠳᠦᠰᠢᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ | ᠳᠣᠬᠢᠷᠠᠭᠤᠯᠵᠦ᠂ ᠨᠢᠬᠡ ᠪᠦᠯᠦᠭ ᠴᠢᠨᠠᠷ ᠰᠠᠶᠢᠳᠠᠢ ᠬᠡᠷ ᠪᠠᠶᠢᠰᠢᠩ ᠭᠠᠵᠠᠷ ᠤᠨ ᠬᠦᠷᠦᠩᠬᠡ ᠶᠢᠨ ᠲᠦᠷᠦᠯ ᠵᠦᠢᠯ ᠢ | ᠬᠡᠷᠡᠭᠵᠢᠬᠦᠯᠵᠦ᠂ ᠬᠤᠳᠠ ᠶᠢᠨ ᠡᠬᠢ ᠪᠠᠶᠠᠯᠢᠭ ᠤᠨ ᠦᠷᠳᠡᠭ ᠤᠨ ᠨᠡᠮᠡᠭᠳᠡᠯ ᠢ ᠳᠦᠯᠬᠢᠨ ᠠᠬᠢᠭᠤᠯᠣᠨ᠎ᠠ᠃ ᠴᠢᠨᠠᠷᠯᠢᠭ | ᠬᠤᠳᠠ ᠶᠢ ᠬᠦᠴᠦᠯᠡᠨ ᠪᠠᠶᠢᠭᠤᠯᠵᠦ᠂ ᠳᠡᠣᠬᠡ ᠰᠣᠶᠣᠯ ᠤᠨ ᠵᠡᠭᠡᠯᠢ ᠳᠣᠭᠤᠷᠢᠭ ᠪᠠ ᠳᠡᠣᠬᠡᠨ ᠪᠠᠷᠢᠯᠭ᠎ᠠ ᠶᠢ ᠰᠠᠶᠢᠳᠣᠷ | ᠬᠠᠮᠠᠭᠠᠯᠠᠵᠦ᠂ ᠪᠠᠶᠠᠨᠬᠤᠳᠠ ᠶᠢ ᠣᠯᠣᠰ ᠤᠨ ᠳᠡᠰ ᠤᠨ ᠳᠡᠣᠬᠡ ᠰᠣᠶᠣᠯ ᠤᠨ ᠨᠡᠷᠡᠳᠦ ᠬᠤᠳᠠ ᠪᠣᠯᠭᠠᠬᠤ ᠪᠠᠷ | ᠭᠤᠶᠣᠴᠢᠯᠠᠨ ᠮᠡᠳᠡᠭᠦᠯᠦᠨ᠎ᠡ᠃ ᠠᠯᠠᠱᠠ ᠵᠡᠬᠦᠨ ᠬᠤᠰᠢᠭᠤᠨ ᠤ ᠬᠤᠳᠠ ᠶᠢᠨ《 ᠠᠮᠢ ᠠᠬᠤᠢ ᠶᠢ ᠰᠡᠷᠭᠦᠭᠡᠵᠦ | ᠬᠤᠳᠠ ᠶᠢ ᠵᠠᠰᠠᠨ ᠰᠢᠨᠡᠳᠬᠡᠬᠦ》ᠳᠣᠷᠰᠢᠯᠳᠠ ᠶᠢᠨ ᠴᠡᠭ ᠢ ᠬᠦᠨᠵᠡᠬᠡᠢ ᠳᠦᠯᠬᠢᠨ ᠠᠬᠢᠭᠤᠯᠵᠦ᠂ ᠪᠦᠬᠦ ᠣᠯᠣᠰ ᠤᠨ | ᠪᠣᠯᠪᠠᠰᠣᠨ ᠬᠤᠳᠠ ᠶᠢ ᠴᠣᠭᠴᠠᠯᠠᠨ ᠪᠠᠶᠢᠭᠤᠯᠬᠤ ᠪᠠᠷ ᠳᠣᠯᠣᠭᠠᠶᠢᠯᠠᠭᠤᠯᠣᠭᠰᠠᠨ《 ᠵᠢᠷᠭᠤᠭᠠᠨ ᠬᠤᠳᠠ ᠶᠢ | ᠬᠠᠮᠳᠣᠪᠡᠷ ᠴᠣᠭᠴᠠᠯᠠᠬᠤ》 ᠶᠢ ᠳᠦᠷᠭᠡᠳᠬᠡᠨ᠎ᠡ᠃ | ᠳᠣᠯᠤᠭ᠎ᠠ ᠳᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠦᠨ ᠨᠡᠬᠡᠬᠡᠯᠳᠡ ᠶᠢ ᠦᠷᠭᠡᠳᠬᠡᠨ᠎ᠡ᠃ | ᠦᠭᠡᠷᠡᠴᠢᠯᠡᠯᠳᠡ ᠨᠡᠬᠡᠬᠡᠯᠳᠡ ᠪᠣᠯ ᠬᠦᠭᠵᠢᠯᠲᠡ ᠳᠠᠪᠰᠢᠯᠳᠠ ᠶᠢᠨ ᠠᠮᠢᠵᠢᠷᠠᠯ ᠤᠨ ᠡᠬᠢ ᠪᠣᠯᠠᠭ ᠨᠢ ᠶᠣᠮ᠃ ᠪᠢᠳᠡ | ᠡᠷᠬᠡᠪᠰᠢ ᠳᠠᠰᠣᠷᠠᠯᠳᠠ ᠦᠬᠡᠢ ᠦᠵᠡᠯ ᠰᠠᠨᠠᠭ᠎ᠠ ᠪᠠᠨ ᠴᠢᠯᠣᠬᠡᠯᠡᠵᠦ᠂ ᠦᠭᠡᠷᠡᠴᠢᠯᠡᠯᠳᠡ ᠳᠠᠰᠣᠯᠳᠠᠬᠤ ᠦᠬᠡᠢ᠂ | ᠨᠡᠬᠡᠬᠡᠯᠳᠡ ᠵᠣᠭᠰᠣᠩᠬᠢᠷᠠᠬᠤ ᠦᠬᠡᠢ ᠪᠠᠶᠢᠬᠤ ᠶᠢ ᠪᠠᠷᠢᠮᠳᠠᠯᠠᠵᠦ᠂ ᠴᠢᠨᠠᠷ ᠰᠠᠶᠢᠳᠠᠢ ᠬᠦᠭᠵᠢᠯᠳᠡ ᠶᠢᠨ ᠦᠨᠢᠳᠡ ᠶᠢᠨ | ᠬᠦᠳᠡᠯᠭᠡᠭᠴᠢ ᠬᠦᠴᠦᠨ ᠢ ᠦᠷᠬᠦᠯᠵᠢᠯᠡᠨ ᠢᠯᠭᠠᠷᠠᠭᠤᠯᠵᠦ ᠳᠦᠯᠬᠢᠨ ᠠᠬᠢᠭᠤᠯᠣᠨ᠎ᠠ᠃ | ᠨᠢᠬᠡᠳᠦᠭᠡᠷ ᠲᠤ᠂ ᠭᠤᠣᠯᠳᠠᠯᠭᠠᠳᠣ ᠬᠦᠷᠢᠶ᠎ᠡ ᠴᠠᠷ᠎ᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ | ᠨᠠᠮ ᠵᠠᠰᠠᠭ ᠤᠨ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠯᠠᠪᠳᠠᠭᠤᠨ ᠠᠬᠢᠭᠤᠯᠵᠦ᠂ ᠪᠠᠶᠢᠭᠤᠯᠣᠮᠵᠢ ᠶᠢᠨ ᠳᠠᠬᠢᠨ | ᠴᠣᠭᠴᠠᠯᠠᠯᠳᠠ᠂ ᠡᠭᠦᠷᠭᠡ ᠳᠣᠰᠢᠶᠠᠯ ᠢ ᠨᠢ ᠬᠤᠪᠢᠶᠠᠨ ᠰᠢᠯᠵᠢᠬᠦᠯᠬᠦ᠂ ᠠᠵᠢᠯᠳᠠᠨ ᠤ ᠰᠢᠯᠵᠢᠯᠳᠡ ᠬᠠᠷᠢᠶᠠᠯᠠᠯ ᠢ | ᠬᠤᠭᠤᠴᠠᠭᠠᠨ ᠳᠤᠨᠢ ᠪᠡᠶᠡᠯᠡᠬᠦᠯᠵᠦ᠂ ᠠᠵᠢᠯ ᠤᠨ ᠦᠶ᠎ᠡ ᠵᠠᠢ ᠦᠭᠡᠢ ᠵᠣᠯᠭᠠᠯᠴᠠᠭ᠎ᠠ ᠶᠢ ᠪᠠᠳᠣᠯᠠᠨ᠎ᠠ᠃ ᠣᠯᠣᠰ ᠤᠨ | ᠦᠮᠴᠢᠯᠡᠯᠳᠦ ᠡᠳ᠋ ᠬᠦᠷᠦᠩᠬᠡ ᠣᠯᠣᠰ ᠤᠨ ᠦᠮᠴᠢᠯᠡᠯᠳᠦ ᠠᠵᠦ ᠠᠬᠤᠶᠢᠯᠠᠯ ᠤᠨ ᠦᠭᠡᠷᠡᠴᠢᠯᠡᠯᠳᠡ ᠶᠢ | ᠬᠦᠨᠵᠡᠬᠡᠶᠢᠷᠡᠬᠦᠯᠵᠦ᠂ ᠡᠵᠡᠩᠨᠡᠯᠳᠡ ᠶᠢᠨ ᠴᠢᠨᠠᠷᠳᠠᠢ ᠣᠯᠣᠰ ᠤᠨ ᠦᠮᠴᠢᠯᠡᠯᠳᠦ ᠡᠳ᠋ ᠬᠦᠷᠦᠩᠬᠡ ᠶᠢᠨ ᠳᠦᠪᠯᠡᠷᠡᠩᠬᠦᠢ | ᠨᠢᠭᠡᠳᠦᠯᠳᠡᠢ ᠬᠠᠮᠢᠶᠠᠷᠣᠯᠳᠠ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠳᠡᠭᠦᠯᠳᠡᠷᠵᠢᠬᠦᠯᠦᠨ᠎ᠡ᠃ ᠣᠯᠣᠰ | ᠤᠨ ᠦᠮᠴᠢᠯᠡᠯᠳᠦ ᠡᠳ᠋ ᠬᠦᠷᠦᠩᠭᠡ ᠣᠯᠣᠰ ᠤᠨ ᠦᠮᠴᠢᠯᠡᠯᠳᠦ ᠠᠵᠦ ᠠᠬᠤᠶᠢᠯᠠᠯ ᠢ ᠡᠮᠬᠢᠯᠡᠨ ᠨᠡᠶᠢᠯᠡᠬᠦᠯᠵᠦ ᠳᠠᠬᠢᠨ | ᠴᠣᠭᠴᠠᠯᠠᠬᠤ ᠶᠢ ᠳᠦᠷᠭᠡᠳᠬᠡᠨ᠂ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠦᠭᠡᠷᠡᠴᠢᠯᠡᠯᠳᠡ ᠶᠢ ᠳᠦᠷᠦᠯ | ᠬᠤᠪᠢᠶᠠᠨ ᠳᠦᠯᠬᠢᠨ ᠠᠬᠢᠭᠤᠯᠣᠨ᠎ᠠ᠃ ᠡᠳ᠋ ᠤᠨ ᠵᠠᠰᠠᠭ ᠭᠠᠶᠢᠯᠢ ᠮᠦᠩᠬᠦᠨ ᠬᠦᠢᠯᠬᠡᠬᠡᠨ ᠤ ᠪᠠᠶᠢᠭᠤᠯᠣᠯ ᠤᠨ | ᠦᠭᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠡᠳ᠋ ᠤᠨ ᠵᠠᠰᠠᠭ ᠤᠨ ᠵᠠᠷᠣᠯᠭ᠎ᠠ ᠶᠢᠨ ᠠᠵᠢᠯ ᠤᠨ ᠦᠷ᠎ᠡ ᠪᠦᠳᠦᠮᠵᠢ ᠶᠢᠨ | ᠬᠠᠮᠢᠶᠠᠷᠣᠯᠳᠠ ᠶᠢ ᠬᠡᠷᠡᠭᠵᠢᠬᠦᠯᠵᠦ᠂ ᠬᠦᠳᠡᠭᠡ ᠳᠣᠰᠬᠤᠨ ᠤ ᠢᠳᠡᠭᠡᠮᠵᠢ ᠶᠢᠨ ᠬᠤᠷᠰᠢᠶ᠎ᠠ ᠶᠢᠨ ᠦᠭᠡᠷᠡᠴᠢᠯᠡᠯᠳᠡ ᠶᠢ | ᠳᠦᠯᠬᠢᠨ ᠠᠬᠢᠭᠤᠯᠣᠨ᠎ᠠ᠃ ᠪᠡᠯᠡ ᠣᠷᠣᠭᠤᠯᠬᠤ ᠪᠡᠯᠡ ᠳᠣᠬᠢᠷᠠᠭᠤᠯᠬᠤ ᠪᠠᠶᠢᠭᠤᠯᠣᠯ ᠳᠣᠭᠳᠠᠴᠠ ᠶᠢᠨ | ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠣᠭᠰᠠᠨ ᠳᠦᠷᠦᠯ ᠵᠦᠢᠯ ᠤᠨ | ᠬᠢᠨᠠᠨ ᠵᠦᠪᠰᠢᠶᠡᠷᠡᠯ᠂ ᠪᠦᠳᠦᠭᠡᠨ ᠪᠠᠶᠢᠭᠤᠯᠣᠯᠳᠠ ᠬᠢᠭᠡᠳ ᠬᠠᠮᠢᠶᠠᠷᠣᠯᠳᠠ ᠶᠢ ᠴᠢᠩᠭᠠᠳᠬᠠᠨ᠎ᠠ᠃ | ᠬᠤᠶᠠᠳᠣᠭᠠᠷ ᠲᠤ᠂ ᠡᠵᠡᠩᠨᠡᠨ ᠠᠷᠠᠯᠵᠢᠶᠠᠯᠠᠬᠤ ᠣᠷᠴᠢᠨ ᠳᠣᠭᠤᠷᠢᠨ ᠢ ᠦᠷᠬᠦᠯᠵᠢᠯᠡᠨ | ᠰᠢᠯᠢᠳᠡᠭᠵᠢᠬᠦᠯᠦᠨ᠎ᠡ᠃《ᠳᠠᠯᠪᠢᠬᠤ ᠬᠠᠮᠢᠶᠠᠷᠬᠤ ᠦᠢᠯᠡᠴᠢᠯᠡᠬᠦ》ᠦᠭᠡᠷᠡᠴᠢᠯᠡᠯᠳᠡ ᠶᠢᠨ ᠬᠦᠴᠦᠯᠡᠴᠡ ᠪᠠᠨ | ᠨᠡᠮᠡᠭᠳᠡᠭᠦᠯᠦᠨ᠂《ᠣᠯᠠᠨ ᠦᠨᠡᠮᠯᠡᠯ ᠢ ᠨᠡᠶᠢᠯᠡᠬᠦᠯᠦᠨ ᠨᠢᠬᠡ ᠪᠣᠯᠭᠠᠬᠤ 》《ᠬᠡᠷᠡᠴᠢ ᠦᠨᠡᠮᠯᠡᠯ ᠢ ᠰᠠᠯᠭᠠᠬᠤ》 ᠶᠢ | ᠪᠦᠬᠦ ᠲᠠᠯ᠎ᠠ ᠪᠠᠷ ᠳᠡᠯᠭᠡᠷᠡᠬᠦᠯᠵᠦ᠂ ᠵᠠᠰᠠᠭ ᠤᠨ ᠶᠠᠪᠣᠳᠠᠯ ᠤᠨ ᠦᠢᠯᠡᠴᠢᠯᠡᠭᠡ ᠶᠢᠨ《 ᠨᠢᠬᠡ ᠰᠦᠯᠵᠢᠶ᠎ᠡ ᠪᠠᠷ᠂ ᠨᠢᠬᠡ | ᠡᠭᠦᠳᠡ ᠪᠠᠷ᠂ ᠨᠢᠬᠡ ᠯᠡ ᠣᠳᠠᠭ᠎ᠠ ᠳᠤ ᠬᠦᠢᠴᠡᠳᠭᠡᠭᠦ》ᠦᠭᠡᠷᠡᠴᠢᠯᠡᠯᠳᠡ ᠶᠢ ᠦᠷᠬᠦᠯᠵᠢᠯᠡᠨ ᠳᠦᠯᠬᠢᠨ | ᠠᠬᠢᠭᠤᠯᠣᠨ᠎ᠠ᠃ ᠬᠢᠨᠠᠨ ᠵᠦᠪᠰᠢᠶᠡᠷᠡᠬᠦ ᠦᠢᠯᠡᠴᠢᠯᠡᠭᠡ ᠶᠢᠨ ᠳᠦᠬᠦᠮᠴᠢᠯᠡᠯᠳᠡ ᠶᠢ ᠣᠯᠠᠮ ᠨᠢᠬᠡ ᠠᠯᠬᠤᠮ ᠳᠦᠯᠬᠢᠨ | ᠠᠬᠢᠭᠤᠯᠵᠦ᠂ ᠢᠨᠵᠧᠨᠧᠷᠢᠩ ᠤᠨ ᠪᠦᠳᠦᠭᠡᠨ ᠪᠠᠶᠢᠭᠤᠯᠣᠯᠳᠠ ᠶᠢᠨ ᠳᠦᠷᠦᠯ ᠵᠦᠢᠯ ᠢ ᠬᠢᠨᠠᠨ ᠵᠦᠪᠰᠢᠶᠡᠷᠡᠬᠦ᠂ ᠠᠵᠦ | ᠠᠬᠤᠶᠢᠯᠠᠯ ᠡᠷᠬᠢᠯᠡᠬᠦ᠂ ᠳᠠᠸᠠᠷ ᠤᠨ ᠰᠣᠯᠢᠯᠴᠠᠭ᠎ᠠ ᠶᠢ ᠳᠠᠩᠰᠠᠯᠠᠬᠤ ᠴᠠᠭ ᠬᠤᠭᠤᠴᠠᠭ᠎ᠠ ᠶᠢ ᠶᠡᠭᠡ ᠬᠡᠮᠵᠢᠶ᠎ᠡ ᠪᠠᠷ | ᠪᠣᠭᠤᠨᠢᠰᠬᠠᠨ᠎ᠠ᠃ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠵᠢᠯᠯᠠᠭ᠎ᠠ ᠶᠢ ᠳᠦᠷᠢᠮᠵᠢᠬᠦᠯᠵᠦ᠂《ᠬᠤᠶᠠᠷ ᠢ | ᠳᠣᠬᠢᠶᠠᠯᠳᠣᠭᠤᠯᠣᠯ ᠢᠶᠠᠷ᠂ ᠨᠢᠬᠡ ᠶᠢ ᠢᠯᠡ ᠪᠠᠶᠢᠯᠭᠠᠬᠤ》ᠬᠢᠨᠠᠨ ᠬᠠᠮᠢᠶᠠᠷᠣᠯᠳᠠ ᠶᠢ ᠨᠠᠶᠢᠳᠠᠪᠣᠷᠢᠵᠢᠭᠤᠯᠵᠦ᠂ ᠵᠠᠬ᠎ᠠ | ᠳᠡᠯᠬᠡᠭᠦᠷ ᠤᠨ ᠵᠠᠷᠴᠢᠮ ᠢ ᠵᠦᠷᠢᠴᠡᠭᠰᠡᠨ᠂ ᠦᠢᠯᠡᠳᠪᠦᠷᠢᠯᠡᠯ ᠤᠨ ᠡᠯᠧᠮᠧᠨ᠋ᠲ ᠤᠨ ᠬᠦᠢᠯᠬᠡᠬᠡ ᠶᠢ ᠬᠠᠷᠰᠢᠯᠠᠭᠰᠠᠨ᠂ | ᠠᠵᠦ ᠠᠬᠤᠶᠢᠯᠠᠯ ᠤᠨ ᠠᠮᠢᠵᠢᠷᠠᠯ ᠤᠨ ᠬᠦᠴᠦᠨ ᠢ ᠨᠦᠯᠦᠭᠡᠯᠡᠭᠰᠡᠨ ᠳᠦᠷᠦ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠴᠡᠪᠡᠷᠯᠡᠨ ᠴᠡᠭᠴᠡᠯᠡᠨ᠎ᠡ᠃ ᠵᠠᠰᠠᠭ ᠤᠨ ᠶᠠᠪᠣᠳᠠᠯ ᠤᠨ ᠢᠳᠡᠬᠡᠮᠵᠢ ᠶᠢᠨ ᠪᠠᠶᠢᠭᠤᠯᠣᠯᠳᠠ ᠶᠢ | ᠴᠢᠩᠭᠠᠳᠬᠠᠵᠦ᠂ ᠳᠦᠷᠦ ᠶᠢᠨ ᠪᠣᠳᠣᠯᠭ᠎ᠠ ᠶᠢᠨ ᠠᠮᠠᠯᠠᠯᠳᠠ ᠪᠠᠨ ᠪᠡᠶᠡᠯᠡᠬᠦᠯᠵᠦ᠂ ᠲᠦᠷᠦ ᠶᠢᠨ ᠪᠣᠳᠣᠯᠭ᠎ᠠ ᠶᠢᠨ | ᠳᠣᠭᠳᠠᠪᠣᠷᠢᠳᠣ ᠴᠢᠨᠠᠷ ᠦᠷᠬᠦᠯᠵᠢᠯᠡᠬᠦ ᠴᠢᠨᠠᠷ ᠢ ᠪᠠᠳᠣᠯᠠᠵᠦ᠂《ᠰᠢᠨ᠎ᠡ ᠳᠠᠷᠤᠭ᠎ᠠ ᠬᠠᠭᠤᠴᠢᠨ ᠳᠠᠩᠰᠠ ᠶᠢ | ᠳᠣᠭᠠᠴᠠᠬᠤ ᠦᠬᠡᠢ》ᠪᠠᠶᠢᠬᠤ ᠶᠢ ᠡᠷᠡᠰ ᠬᠤᠷᠢᠭᠯᠠᠨ᠎ᠠ᠃ ᠡᠵᠡᠩᠨᠡᠨ ᠠᠷᠠᠯᠵᠢᠶᠠᠯᠠᠬᠤ ᠣᠷᠴᠢᠨ ᠳᠣᠭᠤᠷᠢᠨ ᠤ | ᠦᠨᠡᠯᠡᠯᠳᠡ ᠶᠢ ᠰᠠᠶᠢᠳᠣᠷ ᠬᠢᠵᠦ᠂ ᠡᠯ᠎ᠡ ᠱᠠᠳᠣ ᠡᠯ᠎ᠡ ᠰᠠᠯᠠᠭ᠎ᠠ ᠮᠦᠴᠢᠷ ᠤᠨ ᠬᠢᠨ ᠳᠡᠷᠢᠬᠦᠨ ᠤ ᠪᠠᠷᠢᠮᠵᠢᠶ᠎ᠠ ᠲᠠᠢ | ᠬᠠᠷᠢᠴᠠᠭᠤᠯᠵᠦ᠂ ᠳᠣᠷᠰᠢᠯᠭ᠎ᠠ ᠬᠤᠷᠠᠮᠳᠣᠭᠤᠯᠣᠨ᠂ ᠦᠢᠯᠡᠴᠢᠯᠡᠭᠡ ᠪᠠᠨ ᠰᠢᠯᠢᠳᠡᠭᠵᠢᠬᠦᠯᠬᠦ ᠶᠢ ᠠᠬᠢᠭᠤᠯᠵᠦ᠂ | ᠳᠣᠳᠣᠨᠣ ᠴᠢᠬᠡᠴᠢ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠠᠷᠠᠯᠵᠢᠶᠠᠴᠢᠨ ᠤ ᠬᠠᠷᠢᠴᠠᠭ᠎ᠠ ᠶᠢ ᠬᠦᠴᠦᠯᠡᠨ | ᠪᠠᠶᠢᠭᠤᠯᠣᠨ᠎ᠠ᠃ | ᠭᠤᠷᠪᠠᠳᠣᠭᠠᠷ ᠲᠤ᠂ ᠭᠠᠳᠠᠭᠠᠳᠣ ᠨᠡᠭᠡᠭᠡᠯᠳᠡ ᠶᠢᠨ ᠬᠢᠷᠢ ᠳᠦᠪᠰᠢᠨ ᠢᠶᠠᠨ ᠳᠡᠭᠡᠭᠰᠢᠯᠡᠬᠦᠯᠦᠨ᠎ᠡ᠃《ᠨᠢᠬᠡ | ᠵᠠᠮ ᠨᠢᠬᠡ ᠪᠦᠰᠡ》ᠪᠠ ᠳᠣᠮᠳᠠᠳᠣ ᠮᠣᠩᠭᠤᠯ ᠣᠷᠣᠰ ᠤᠨ ᠠᠵᠦ ᠠᠬᠤᠢ ᠶᠢᠨ ᠬᠤᠩᠬᠢᠯ ᠤᠨ ᠪᠦᠳᠦᠭᠡᠨ | ᠪᠠᠶᠢᠭᠤᠯᠣᠯᠳᠠ ᠳᠤ ᠢᠳᠡᠪᠬᠢᠳᠡᠢ ᠣᠷᠣᠯᠴᠠᠨ᠂ ᠮᠣᠩᠭᠤᠯ ᠣᠯᠣᠰ ᠲᠠᠢ ᠪᠦᠬᠦ ᠬᠦᠷᠢᠶ᠎ᠡ ᠴᠠᠷ᠎ᠠ ᠶᠢᠨ᠂ ᠣᠯᠠᠨ ᠳᠡᠰ | ᠳᠠᠪᠬᠤᠷᠭᠠᠳᠣ ᠰᠣᠯᠢᠯᠴᠠᠭ᠎ᠠ ᠬᠤᠷᠰᠢᠨ ᠠᠵᠢᠯᠯᠠᠬᠤ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠦᠪᠡᠷᠳᠡᠭᠡᠨ ᠵᠠᠰᠠᠬᠤ | ᠣᠷᠣᠨ ᠤ ᠱᠠᠭᠠᠷᠳᠠᠯᠭ᠎ᠠ ᠶᠣᠰᠣᠭᠠᠷ᠂ ᠴᠡᠭᠡ ᠪᠠᠷ ᠬᠦᠢᠰᠦ ᠪᠣᠯᠭᠠᠨ᠂ ᠡᠵᠡᠨ᠎ᠡ ᠶᠢᠨ ᠦᠪᠡᠷᠳᠡᠭᠡᠨ ᠵᠠᠰᠠᠬᠤ ᠣᠷᠣᠨ ᠤ | ᠨᠡᠬᠡᠬᠡᠨ ᠬᠦᠭᠵᠢᠬᠦᠯᠬᠦ ᠨᠡᠭᠡᠭᠡᠯᠳᠡ ᠬᠢᠬᠦ ᠳᠣᠷᠰᠢᠯᠳᠠ ᠶᠢᠨ ᠣᠷᠣᠨ ᠢ ᠳᠦᠷᠭᠡᠳᠬᠡᠨ ᠪᠠᠶᠢᠭᠤᠯᠵᠦ᠂ ᠦᠪᠡᠷᠳᠡᠭᠡᠨ | ᠵᠠᠰᠠᠬᠤ ᠣᠷᠣᠨ ᠤ ᠪᠠᠷᠠᠭᠤᠨ ᠬᠡᠰᠡᠭ ᠭᠠᠵᠠᠷ ᠣᠷᠣᠨ ᠳᠡᠰᠢ ᠰᠠᠴᠣᠷᠠᠭᠤᠯᠣᠨ᠎ᠠ᠃ ᠴᠡᠭᠡ ᠪᠣᠭᠤᠮᠳᠠ ᠶᠢ ᠭᠠᠳᠠᠭᠠᠳᠣ | ᠠᠴᠠ ᠣᠷᠣᠭᠤᠯᠣᠭᠰᠠᠨ ᠮᠢᠬᠠᠨ ᠤ ᠲᠦᠷᠦᠯ ᠤᠨ ᠳᠣᠭᠳᠠᠭᠰᠠᠨ ᠪᠣᠭᠤᠮᠳᠠ ᠪᠣᠯᠭᠠᠨ ᠪᠦᠳᠦᠭᠡᠨ ᠪᠠᠶᠢᠭᠤᠯᠬᠤ ᠶᠢ | ᠳᠦᠯᠬᠢᠨ ᠠᠬᠢᠭᠤᠯᠵᠦ᠂ ᠳᠣᠮᠳᠠᠳᠣ ᠮᠣᠩᠭᠤᠯ ᠤᠨ ᠬᠢᠯᠢ ᠠᠯᠣᠰᠯᠠᠭᠰᠠᠨ ᠳᠡᠮᠦᠷ ᠵᠠᠮ ᠤᠨ ᠳᠦᠷᠦᠯ ᠵᠦᠢᠯ ᠢ | ᠬᠡᠷᠡᠭᠵᠢᠬᠦᠯᠵᠦ᠂ ᠦᠢᠯᠡᠴᠢᠯᠡᠭᠡ ᠶᠢᠨ ᠴᠢᠳᠠᠮᠵᠢ ᠪᠠᠨ ᠳᠡᠭᠦᠯᠳᠡᠷᠵᠢᠬᠦᠯᠵᠦ᠂ ᠡᠳ᠋ᠰᠢᠬᠦᠯᠦᠨ ᠪᠣᠯᠪᠠᠰᠣᠷᠠᠭᠤᠯᠬᠤ ᠠᠵᠦ | ᠠᠬᠤᠶᠢᠯᠠᠯ ᠢ ᠣᠷᠢᠨ ᠣᠷᠣᠭᠤᠯᠵᠦ᠂ ᠬᠢᠯᠢ ᠢᠶᠠᠷ ᠣᠷᠣᠵᠦ ᠢᠷᠡᠭᠰᠡᠨ ᠡᠬᠢ ᠪᠠᠶᠠᠯᠢᠭ ᠢ ᠳᠣᠬᠠᠢ ᠶᠢᠨ ᠭᠠᠵᠠᠷ ᠲᠤᠨᠢ | ᠣᠯᠠᠷᠢᠭᠤᠯᠵᠦ ᠦᠷᠳᠡᠭ ᠢ ᠨᠢ ᠨᠡᠮᠡᠭᠳᠡᠬᠦᠯᠬᠦ ᠶᠢ ᠴᠢᠷᠮᠠᠶᠢᠨ ᠪᠡᠶᠡᠯᠡᠬᠦᠯᠦᠨ᠎ᠡ᠃ ᠦᠯᠵᠡᠢ ᠪᠣᠭᠤᠮᠳᠠ ᠶᠢᠨ ᠪᠦᠳᠦᠭᠡᠨ | ᠪᠠᠶᠢᠭᠤᠯᠣᠯᠳᠠ ᠶᠢᠨ ᠠᠯᠬᠤᠭ᠎ᠠ ᠶᠢ ᠳᠦᠷᠭᠡᠳᠭᠡᠨ᠂ ᠮᠣᠩᠭᠤᠯ ᠣᠯᠣᠰ ᠤᠨ ᠳᠠᠯ᠎ᠠ ᠶᠢᠨ ᠬᠢ ᠲᠠᠢ ᠬᠤᠯᠪᠣᠭᠠᠯᠠᠨ | ᠪᠠᠶᠢᠴᠠᠭᠠᠬᠤ ᠣᠷᠣᠨ ᠤ ᠢᠵᠢᠯ ᠠᠯᠬᠤᠮ ᠢᠶᠠᠷ ᠪᠠᠷᠢᠯᠭ᠎ᠠ ᠡᠬᠢᠯᠡᠬᠦ ᠶᠢ ᠳᠦᠯᠬᠢᠨ ᠠᠬᠢᠭᠤᠯᠵᠦ᠂ ᠵᠢᠯ ᠤᠨ ᠳᠣᠳᠣᠷ᠎ᠠ | ᠪᠣᠭᠤᠮᠳᠠ ᠨᠡᠪᠳᠡᠷᠡᠬᠦ ᠪᠠᠷ ᠬᠦᠴᠦᠯᠡᠨ ᠴᠢᠷᠮᠠᠶᠢᠨ᠎ᠠ᠃ ᠳᠠᠨᠢᠯᠴᠠᠭᠤᠯᠭ᠎ᠠ᠂ ᠡᠵᠡᠩᠨᠡᠯᠳᠡ ᠶᠢᠨ ᠳᠣᠭᠳᠠᠴᠠ ᠶᠢ | ᠳᠡᠬᠦᠯᠳᠡᠷᠵᠢᠬᠦᠯᠵᠦ᠂ ᠠᠯᠠᠱᠠ ᠶᠢᠨ ᠣᠯᠠᠨ ᠣᠯᠣᠰ ᠤᠨ ᠳᠣᠳᠣᠭᠠᠳᠣ ᠡᠬᠡ ᠬᠠᠭᠤᠷᠠᠢ ᠶᠢᠨ ᠭᠠᠷᠠᠮ ᠢ ᠡᠷᠳᠡ ᠡᠳᠦᠷ | ᠠᠰᠢᠭᠯᠠᠯᠳᠠ ᠳᠤ ᠣᠷᠣᠭᠤᠯᠬᠤ ᠶᠢ ᠳᠦᠯᠬᠢᠨ ᠠᠬᠢᠭᠤᠯᠣᠨ᠎ᠠ᠃ ᠳᠡᠭᠡᠳᠦ ᠱᠠᠳᠣᠨ ᠤ ᠬᠢᠯᠢ ᠶᠢᠨ ᠪᠣᠭᠤᠮᠳᠠ ᠰᠢᠯᠭᠠᠨ | ᠪᠠᠶᠢᠴᠠᠭᠠᠬᠤ ᠪᠠᠶᠢᠭᠤᠯᠣᠮᠵᠢ ᠲᠠᠢ ᠢᠳᠡᠪᠬᠢᠳᠡᠢ ᠵᠣᠬᠢᠴᠠᠭᠤᠯᠭ᠎ᠠ ᠬᠢᠵᠦ᠂ ᠠᠯᠠᠱᠠ ᠬᠢᠯᠢ ᠶᠢᠨ ᠪᠣᠭᠤᠮᠳᠠ ᠪᠠ ᠦᠯᠵᠡᠢ | ᠬᠢᠯᠢ ᠶᠢᠨ ᠪᠠᠶᠢᠴᠠᠭᠠᠯᠳᠠ ᠶᠢᠨ ᠦᠷᠳᠡᠭᠡ ᠶᠢ ᠪᠡᠯᠡᠳᠬᠡᠨ ᠪᠠᠶᠢᠭᠤᠯᠵᠦ ᠠᠵᠢᠯᠯᠠᠭᠤᠯᠬᠤ ᠶᠢ ᠳᠦᠷᠭᠡᠳᠬᠡᠨ᠎ᠡ᠃ ᠣᠷᠣᠨ | ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠵᠦ᠂ ᠬᠦᠬᠡᠬᠤᠳᠠ ᠪᠣᠭᠤᠳᠣ ᠢᠷᠭᠠᠢ ᠢᠣᠢ ᠯᠢᠨ ᠤ ᠠᠵᠦ ᠠᠬᠤᠢ ᠶᠢᠨ | ᠳᠣᠭᠤᠷᠢᠭ᠂ ᠬᠠᠳᠣᠨ ᠭᠤᠣᠯ ᠬᠢᠯᠢ ᠳᠠᠭᠠᠣ ᠠᠵᠦ ᠠᠬᠤᠢ ᠶᠢᠨ ᠪᠦᠰᠡ ᠶᠢᠨ ᠪᠦᠳᠦᠭᠡᠨ ᠪᠠᠶᠢᠭᠤᠯᠣᠯᠳᠠ ᠳᠤ | ᠰᠠᠨᠠᠭᠠᠴᠢᠯᠠᠭ᠎ᠠ ᠠᠴᠠ ᠪᠠᠨ ᠠᠭᠤᠰᠣᠨ ᠣᠷᠣᠵᠦ᠂ ᠠᠵᠦ ᠦᠢᠯᠡᠰ ᠤᠨ ᠬᠦᠭᠵᠢᠯᠳᠡ᠂ ᠰᠠᠭᠤᠷᠢ ᠳᠦᠬᠦᠭᠡᠷᠦᠮᠵᠢ ᠶᠢᠨ | ᠪᠦᠳᠦᠭᠡᠨ ᠪᠠᠶᠢᠭᠤᠯᠣᠯᠳᠠ᠂ ᠨᠡᠶᠢᠭᠡᠮ ᠠᠷᠠᠳ ᠤᠨ ᠠᠮᠢᠳᠣᠷᠠᠯ ᠵᠡᠷᠭᠡ ᠳᠠᠯ᠎ᠠ ᠶᠢᠨ ᠬᠠᠮᠳᠣᠷᠠᠯᠴᠠᠭ᠎ᠠ ᠶᠢ | ᠬᠦᠨᠵᠡᠬᠡᠶᠢᠷᠡᠬᠦᠯᠦᠨ᠎ᠡ᠃ | ᠨᠠᠢᠮᠠ ᠳᠤ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠶᠡᠬᠡᠪᠡᠷ ᠠᠬᠢᠭᠤᠯᠣᠨ᠎ᠠ᠃ ᠠᠮᠢ ᠠᠬᠤᠢ | ᠶᠢᠨ ᠣᠷᠴᠢᠨ ᠳᠣᠭᠤᠷᠢᠨ ᠢ ᠰᠠᠶᠢᠳᠣᠷ ᠬᠠᠮᠠᠭᠠᠯᠠᠬᠤ ᠨᠢ ᠠᠯᠠᠱᠠ ᠶᠢᠨ ᠣᠯᠣᠰ ᠪᠠ ᠦᠪᠡᠷᠳᠡᠭᠡᠨ ᠵᠠᠰᠠᠬᠤ ᠣᠷᠣᠨ | ᠳᠤ ᠦᠵᠡᠬᠦᠯᠦᠭᠰᠡᠨ ᠬᠠᠮᠤᠭ ᠤᠨ ᠶᠡᠭᠡ ᠬᠤᠪᠢ ᠨᠡᠮᠡᠷᠢ ᠪᠣᠯᠬᠤ ᠶᠣᠮ᠃ ᠪᠢᠳᠡ ᠡᠷᠬᠡᠪᠰᠢ《ᠬᠦᠬᠡᠮᠳᠦᠭ ᠨᠣᠭᠤᠭᠠᠨ | ᠠᠭᠤᠯᠠ ᠣᠰᠣ ᠪᠣᠯ ᠠᠯᠳᠠ ᠮᠦᠩᠬᠦᠨ ᠠᠭᠤᠯᠠ ᠮᠦᠨ》ᠬᠡᠬᠦ ᠣᠨᠣᠯᠵᠢᠬᠤᠨ ᠢ ᠪᠠᠳᠣ ᠪᠠᠬᠢ ᠪᠣᠢ ᠪᠣᠯᠭᠠᠵᠦ᠂ ᠠᠮᠢ | ᠠᠬᠤᠢ ᠶᠢᠨ ᠬᠤᠷᠢᠭ᠎ᠠ ᠱᠣᠭᠤᠮ ᠢ ᠡᠷᠡᠰ ᠰᠠᠶᠢᠳᠣᠷ ᠰᠠᠬᠢᠵᠦ᠂ ᠪᠣᠬᠢᠷᠳᠣᠯ ᠦᠬᠡᠢ ᠬᠦᠭᠵᠢᠯᠳᠡ ᠶᠢ ᠯᠠᠪᠳᠠᠭᠤᠨ | ᠪᠠᠳᠣᠳᠠᠢ ᠳᠦᠯᠬᠢᠨ ᠠᠬᠢᠭᠤᠯᠣᠨ᠎ᠠ᠃ | ᠨᠢᠬᠡᠳᠦᠭᠡᠷ ᠲᠤ᠂ ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠪᠦᠳᠦᠭᠡᠨ ᠪᠠᠶᠢᠭᠤᠯᠣᠯᠳᠠ ᠶᠢ | ᠳᠦᠯᠬᠢᠨ ᠠᠬᠢᠭᠤᠯᠣᠨ᠎ᠠ᠃ ᠣᠳᠣᠬᠠᠨ ᠤ ᠪᠠᠶᠢᠭ᠎ᠠ ᠣᠢ ᠰᠢᠭᠤᠢ ᠪᠠ ᠨᠣᠳᠤᠭ ᠪᠡᠯᠴᠢᠭᠡᠷ ᠢ ᠬᠠᠣᠯᠢ ᠶᠣᠰᠣᠭᠠᠷ | ᠬᠠᠮᠠᠭᠠᠯᠠᠵᠦ᠂ ᠨᠡᠶᠢᠳᠡ ᠶᠢᠨ ᠠᠰᠢᠭᠯᠠᠮᠵᠢ ᠶᠢᠨ ᠣᠢ ᠶᠢᠨ ᠨᠦᠬᠦᠪᠦᠷᠢ᠂ ᠨᠣᠳᠤᠭ ᠪᠡᠯᠴᠢᠭᠡᠷ ᠤᠨ ᠱᠠᠩᠨᠠᠯ ᠨᠦᠬᠦᠪᠦᠷᠢ | ᠶᠢᠨ ᠳᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠦ᠂ ᠮᠠᠯᠵᠢᠬᠤ ᠶᠢ ᠵᠣᠭᠰᠣᠭᠠᠨ ᠪᠡᠯᠴᠢᠭᠡᠷ ᠢ | ᠰᠡᠷᠭᠦᠬᠡᠬᠦ᠂ ᠣᠮᠠᠷᠠᠳᠣ ᠶᠢᠨ ᠭᠤᠷᠪᠠᠨ ᠣᠷᠣᠨ ᠤ ᠬᠠᠯᠬᠠᠪᠴᠢ ᠣᠢ᠂ ᠪᠠᠶᠢᠭᠠᠯᠢ ᠶᠢᠨ ᠣᠢ ᠶᠢᠨ ᠬᠠᠮᠠᠭᠠᠯᠠᠯᠳᠠ ᠵᠡᠷᠭᠡ | ᠴᠢᠬᠤᠯᠠ ᠶᠡᠭᠡ ᠠᠮᠢ ᠠᠬᠤᠢ ᠶᠢᠨ ᠵᠠᠰᠠᠨ ᠰᠡᠷᠭᠦᠭᠡᠯᠳᠡ ᠪᠦᠳᠦᠭᠡᠨ ᠪᠠᠶᠢᠭᠤᠯᠣᠯᠳᠠ ᠶᠢᠨ ᠢᠨᠵᠧᠨᠧᠷᠢᠩ ᠢ | ᠦᠷᠬᠦᠯᠵᠢᠯᠡᠨ ᠬᠡᠷᠡᠭᠵᠢᠬᠦᠯᠵᠦ᠂ ᠨᠣᠳᠤᠭ ᠪᠡᠯᠴᠢᠭᠡᠷ ᠤᠨ ᠬᠠᠮᠠᠭᠠᠯᠠᠯᠳᠠ ᠬᠢᠬᠡᠳ ᠪᠦᠳᠦᠬᠡᠨ ᠪᠠᠶᠢᠭᠤᠯᠣᠯᠳᠠ 1500 | ᠲᠦᠮᠡᠨ ᠮᠣ᠋᠂ ᠣᠶᠢᠵᠢᠭᠤᠯᠣᠯᠳᠠ ᠶᠢᠨ ᠳᠠᠯᠠᠪᠠᠢ 131.5 ᠳᠦᠮᠡᠨ ᠮᠣ᠋ ᠶᠢ ᠪᠡᠶᠡᠯᠡᠬᠦᠯᠦᠨ᠎ᠡ᠃ ᠪᠣᠬᠢᠷᠳᠣᠯ ᠦᠬᠡᠢ | ᠠᠭᠤᠷᠬᠠᠢ ᠶᠢᠨ ᠠᠭᠤᠯᠠ᠂ ᠪᠣᠬᠢᠷᠳᠣᠯ ᠦᠬᠡᠢ ᠦᠢᠯᠡᠳᠪᠦᠷᠢ᠂ ᠪᠣᠬᠢᠷᠳᠣᠯ ᠦᠬᠡᠢ ᠬᠦᠷᠢᠶᠡᠯᠡᠩ ᠳᠣᠭᠤᠷᠢᠭ ᠤᠨ | ᠪᠦᠳᠦᠭᠡᠨ ᠪᠠᠶᠢᠭᠤᠯᠣᠯᠳᠠ ᠶᠢ ᠯᠠᠪᠳᠠᠭᠤᠨ ᠪᠠᠳᠣᠳᠠᠢ ᠳᠦᠯᠬᠢᠨ ᠠᠬᠢᠭᠤᠯᠵᠦ᠂ ᠠᠯᠠᠱᠠ ᠠᠭᠤᠯᠠ᠂ ᠳᠣᠣᠷᠠᠢ ᠶᠢᠨ | ᠣᠢ ᠶᠢᠨ ᠬᠠᠮᠠᠭᠠᠯᠠᠯᠳᠠ ᠶᠢᠨ ᠣᠷᠣᠨ ᠤ ᠣᠷᠴᠢᠨ ᠳᠣᠭᠤᠷᠢᠨ ᠤ ᠵᠠᠰᠠᠨ ᠴᠡᠭᠴᠡᠯᠡᠯᠳᠡ ᠶᠢᠨ ᠦᠷ᠎ᠡ ᠪᠦᠳᠦᠮᠵᠢ ᠶᠢ | ᠦᠷᠬᠦᠯᠵᠢᠯᠡᠨ ᠪᠠᠳᠣᠳᠬᠠᠨ᠎ᠠ᠃ ᠣᠣᠭᠤᠬᠤ ᠣᠰᠣᠨ ᠤ ᠡᠬᠢ ᠰᠣᠷᠪᠣᠯᠵᠢ ᠶᠢᠨ ᠬᠠᠮᠠᠭᠠᠯᠠᠯᠳᠠ ᠪᠠ ᠭᠠᠵᠠᠷ ᠳᠣᠣᠷᠠᠬᠢ | ᠣᠰᠣ ᠶᠢ ᠬᠡᠳᠦᠷᠡᠳᠡᠯ᠎ᠡ ᠠᠰᠢᠭᠯᠠᠭᠰᠠᠨ ᠣᠷᠣᠨ ᠤ ᠶᠡᠷᠦᠩᠬᠡᠶᠢᠯᠡᠭᠰᠡᠨ ᠵᠠᠰᠠᠨ ᠴᠡᠭᠴᠡᠯᠡᠯᠳᠡ ᠶᠢ ᠴᠢᠩᠭᠠᠳᠬᠠᠵᠦ᠂ | ᠳᠣᠷ᠎ᠠ ᠪᠠᠷ ᠡᠵᠡᠯᠡᠬᠦ᠂ ᠳᠣᠷ᠎ᠠ ᠪᠠᠷ ᠮᠠᠯᠳᠠᠬᠤ᠂ ᠳᠣᠷ᠎ᠠ ᠪᠠᠷ ᠣᠪᠣᠭᠠᠯᠠᠬᠤ᠂ ᠳᠣᠷ᠎ᠠ ᠪᠠᠷ ᠪᠠᠶᠢᠭᠤᠯᠬᠤ ᠠᠰᠠᠭᠤᠳᠠᠯ ᠢ | ᠳᠦᠪᠯᠡᠷᠡᠩᠬᠦᠢ ᠴᠡᠭᠴᠡᠯᠡᠵᠦ᠂ ᠬᠠᠷ᠎ᠠ ᠭᠤᠣᠯ ᠤᠨ ᠣᠰᠣ ᠶᠢ ᠵᠠᠯᠠᠭᠰᠠᠨ ᠦᠷ᠎ᠡ ᠪᠦᠳᠦᠮᠵᠢ ᠪᠠᠨ ᠣᠯᠠᠮ ᠨᠢᠬᠡ | ᠠᠯᠬᠤᠮ ᠪᠠᠳᠣᠳᠬᠠᠨ᠎ᠠ᠃ | ᠬᠤᠶᠠᠳᠣᠭᠠᠷ ᠲᠤ᠂ ᠠᠮᠢ ᠠᠬᠤᠢ ᠶᠢᠨ ᠪᠣᠯᠪᠠᠰᠣᠨ ᠤ ᠳᠦᠷᠢᠮ ᠢ ᠪᠦᠷᠢᠨᠰᠢᠬᠦᠯᠵᠦ ᠳᠡᠬᠦᠯᠳᠡᠷᠵᠢᠬᠦᠯᠦᠨ᠎ᠡ᠃ | 《 ᠭᠤᠷᠪᠠᠨ ᠱᠣᠭᠤᠮ ᠨᠢᠬᠡ ᠬᠠᠭᠤᠳᠠᠰᠣ》 ᠶᠢᠨ ᠬᠠᠮᠢᠶᠠᠷᠣᠯᠳᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠦ᠂ | ᠠᠮᠢ ᠠᠬᠤᠢ ᠶᠢᠨ ᠪᠣᠯᠪᠠᠰᠣᠨ ᠤ ᠬᠢᠨᠠᠨ ᠰᠢᠯᠭᠠᠬᠤ ᠠᠷᠭ᠎ᠠ ᠪᠠ ᠪᠣᠬᠢᠷᠳᠣᠯ ᠦᠬᠡᠢ ᠬᠦᠭᠵᠢᠯᠳᠡ ᠶᠢᠨ ᠵᠢᠭᠠᠯᠳᠠ | ᠳᠤᠭ᠎ᠠ ᠶᠢᠨ ᠰᠢᠰᠲ᠋ᠧᠮᠵᠢ ᠶᠢ ᠴᠢᠩᠭ᠎ᠠ ᠨᠠᠶᠢᠳᠠᠪᠣᠷᠢᠵᠢᠭᠤᠯᠵᠦ᠂ ᠣᠳᠣᠷᠢᠳᠬᠤ ᠺᠠᠳ᠋ᠷ ᠤᠨ ᠳᠣᠰᠢᠶᠠᠯ ᠠᠴᠠ ᠪᠠᠭᠤᠬᠤ | ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠬᠢᠨᠠᠨ ᠪᠣᠳᠣᠯᠳᠠ ᠶᠢᠨ ᠳᠦᠷᠢᠮ ᠢ ᠪᠦᠬᠦ ᠳᠠᠯ᠎ᠠ | ᠪᠠᠷ ᠳᠡᠯᠬᠡᠷᠡᠬᠦᠯᠦᠨ᠎ᠡ᠃ ᠪᠣᠬᠢᠷᠳᠣᠯ ᠢ ᠭᠠᠳᠠᠭᠰᠢᠯᠠᠭᠤᠯᠬᠤ ᠵᠦᠪᠰᠢᠶᠡᠷᠡᠯ ᠤᠨ ᠬᠠᠮᠢᠶᠠᠷᠣᠯᠳᠠ᠂ ᠪᠦᠳᠦᠬᠡᠨ | ᠪᠠᠶᠢᠭᠤᠯᠣᠯᠳᠠ ᠶᠢᠨ ᠳᠦᠷᠦᠯ ᠵᠦᠢᠯ ᠣᠷᠴᠢᠨ ᠳᠣᠭᠤᠷᠢᠨ ᠳᠤ ᠣᠷᠣᠬᠤ ᠶᠢ ᠵᠦᠪᠰᠢᠶᠡᠷᠡᠬᠦ ᠬᠠᠮᠢᠶᠠᠷᠣᠯᠳᠠ ᠵᠡᠷᠭᠡ | ᠳᠦᠷᠢᠮ ᠠᠷᠭ᠎ᠠ ᠬᠡᠮᠵᠢᠶ᠎ᠡ ᠶᠢ ᠣᠯᠠᠮ ᠨᠢᠬᠡ ᠠᠯᠬᠤᠮ ᠳᠡᠭᠦᠯᠳᠡᠷᠵᠢᠬᠦᠯᠵᠦ᠂ ᠠᠵᠦ ᠠᠬᠤᠶᠢᠯᠠᠯ ᠤᠨ ᠣᠷᠴᠢᠨ | ᠳᠣᠭᠤᠷᠢᠨ ᠤ ᠠᠵᠢᠯᠯᠠᠭ᠎ᠠ ᠶᠢᠨ ᠢᠳᠡᠬᠡᠮᠵᠢ ᠶᠢᠨ ᠦᠨᠡᠯᠡᠯᠳᠡ ᠶᠢ ᠦᠷᠨᠢᠬᠦᠯᠦᠨ᠎ᠡ᠃ ᠭᠤᠣᠯ ᠨᠠᠭᠤᠷ ᠤᠨ ᠡᠷᠬᠢ ᠶᠢᠨ | ᠠᠰᠢᠭᠯᠠᠯᠳᠠ ᠬᠠᠮᠢᠶᠠᠷᠣᠯᠳᠠ ᠬᠠᠮᠠᠭᠠᠯᠠᠯᠳᠠ ᠶᠢᠨ ᠲᠦᠯᠦᠪᠵᠢᠬᠦᠯᠬᠡ ᠶᠢ ᠳᠦᠷᠭᠡᠳᠬᠡᠨ ᠨᠠᠶᠢᠷᠠᠭᠤᠯᠵᠦ᠂《 ᠨᠢᠬᠡ | ᠭᠤᠣᠯ(ᠨᠠᠭᠤᠷ) ᠳᠤ ᠨᠢᠬᠡ ᠳᠠᠩᠰᠠ ᠡᠪᠬᠡᠮᠡᠯ》 ᠢ ᠪᠠᠶᠢᠭᠤᠯᠵᠦ᠂《 ᠨᠢᠬᠡ ᠭᠤᠣᠯ(ᠨᠠᠭᠤᠷ) ᠳᠤ ᠨᠢᠬᠡ | ᠪᠣᠳᠣᠯᠭ᠎ᠠ ᠶᠢ ᠬᠡᠷᠡᠭᠵᠢᠬᠦᠯᠬᠦ》 ᠶᠢ ᠳᠡᠯᠭᠡᠷᠡᠭᠦᠯᠵᠦ᠂ ᠭᠤᠣᠯ ᠤᠨ ᠳᠠᠷᠤᠭ᠎ᠠ ᠨᠠᠭᠤᠷ ᠤᠨ ᠳᠠᠷᠤᠭ᠎ᠠ ᠶᠢᠨ ᠳᠦᠷᠢᠮ | ᠪᠣᠳᠠᠳᠣ ᠦᠷ᠎ᠡ ᠪᠦᠳᠦᠮᠵᠢ ᠣᠯᠬᠤ ᠶᠢ ᠳᠦᠯᠬᠢᠨ ᠠᠬᠢᠭᠤᠯᠣᠨ᠎ᠠ᠃ | ᠶᠢᠰᠦ ᠳᠤ᠂ ᠠᠷᠠᠳ ᠤᠨ ᠠᠮᠢᠳᠣᠷᠠᠯ ᠢ ᠬᠦᠴᠦᠯᠡᠨ ᠪᠠᠳᠣᠯᠠᠵᠦ ᠰᠠᠶᠢᠵᠢᠷᠠᠭᠤᠯᠣᠨ᠎ᠠ᠃ ᠠᠷᠠᠳ ᠳᠦᠮᠡᠨ ᠤ | ᠰᠠᠶᠢᠨ ᠰᠠᠶᠢᠬᠠᠨ ᠠᠮᠢᠳᠣᠷᠠᠯ ᠤᠨ ᠳᠣᠬᠠᠢ ᠬᠦᠰᠡᠯ ᠡᠷᠡᠮᠡᠯᠵᠡᠯ ᠪᠣᠯ ᠳᠠᠷᠣᠢ ᠪᠢᠳᠡᠨ ᠤ ᠳᠡᠮᠡᠴᠡᠬᠦ ᠬᠠᠷᠠᠯᠳᠠ ᠮᠦᠨ᠃ | ᠪᠢᠳᠡ ᠡᠷᠭᠡᠪᠰᠢ ᠠᠷᠠᠳ ᠳᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠵᠦ᠂ ᠪᠦᠬᠦ ᠬᠦᠴᠦᠨ ᠢᠶᠠᠷ ᠢᠶᠠᠨ ᠴᠢᠷᠮᠠᠶᠢᠵᠦ᠂ | ᠴᠢᠳᠠᠯ ᠤᠨ ᠢᠶᠠᠨ ᠬᠢᠷᠢ ᠪᠠᠷ ᠪᠡᠶᠡᠯᠡᠬᠦᠯᠵᠦ᠂ ᠠᠷᠠᠳ ᠣᠯᠠᠨ ᠤ ᠠᠵᠠ ᠵᠢᠷᠭᠠᠯ ᠢ ᠳᠠᠰᠣᠷᠠᠯᠳᠠ ᠦᠬᠡᠢ | ᠨᠡᠮᠡᠭᠳᠡᠬᠦᠯᠦᠨ᠎ᠡ᠃ | ᠨᠢᠬᠡᠳᠦᠭᠡᠷ ᠲᠤ᠂ ᠠᠵᠢᠯ ᠣᠯᠭᠤᠯᠳᠠ ᠶᠢ ᠡᠩ ᠲᠡᠷᠢᠬᠦᠨ ᠳᠤ ᠬᠦᠭᠵᠢᠬᠦᠯᠬᠦ ᠶᠢ ᠪᠠᠷᠢᠮᠳᠠᠯᠠᠨ᠎ᠠ᠃《ᠣᠯᠠᠨ | ᠢᠶᠠᠷ ᠢᠶᠠᠨ ᠦᠢᠯᠡᠰ ᠪᠦᠳᠦᠬᠡᠵᠦ᠂ ᠲᠦᠮᠡᠨ ᠢᠶᠠᠷ ᠢᠶᠠᠨ ᠰᠢᠨ᠎ᠡ ᠶᠢ ᠡᠭᠦᠳᠬᠦ》 ᠶᠢ ᠢᠳᠡᠪᠬᠢᠳᠡᠢ ᠳᠦᠯᠬᠢᠨ | ᠠᠬᠢᠭᠤᠯᠵᠦ᠂ ᠠᠵᠢᠯ ᠣᠯᠭᠤᠵᠦ ᠦᠢᠯᠡᠰ ᠪᠦᠳᠦᠬᠡᠬᠦ ᠳᠦᠷᠦ ᠶᠢᠨ ᠪᠣᠳᠣᠯᠭ᠎ᠠ ᠶᠢ ᠣᠯᠠᠮ ᠨᠢᠬᠡ ᠠᠯᠬᠤᠮ | ᠨᠠᠶᠢᠳᠠᠪᠣᠷᠢᠵᠢᠭᠤᠯᠵᠦ᠂ ᠦᠢᠯᠡᠰ ᠪᠦᠳᠦᠬᠡᠬᠦ ᠬᠦᠷᠢᠶᠡᠯᠡᠩ᠂ ᠪᠣᠶᠢᠵᠢᠭᠤᠯᠬᠤ ᠰᠠᠭᠤᠷᠢᠨ ᠭᠠᠵᠠᠷ ᠤᠨ ᠪᠦᠳᠦᠬᠡᠨ | ᠪᠠᠶᠢᠭᠤᠯᠣᠯᠳᠠ ᠶᠢ ᠴᠢᠩᠭᠠᠳᠬᠠᠵᠦ᠂ ᠶᠡᠭᠡ ᠳᠡᠭᠡᠳᠦ ᠰᠣᠷᠭᠠᠭᠤᠯᠢ ᠠᠴᠠ ᠳᠡᠭᠦᠰᠦᠭᠰᠡᠨ ᠣᠶᠣᠳᠠᠨ᠂ ᠨᠡᠭᠦᠯᠬᠡᠨ | ᠰᠢᠯᠵᠢᠬᠦᠯᠦᠭᠰᠡᠨ ᠮᠠᠯᠴᠢᠨ ᠲᠠᠷᠢᠶᠠᠴᠢᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ | ᠣᠯᠠᠨ ᠲᠦᠮᠡᠨ ᠤ ᠦᠢᠯᠡᠰ ᠪᠦᠳᠦᠭᠡᠵᠦ ᠠᠵᠢᠯ ᠣᠯᠬᠤ ᠶᠢ ᠨᠢ ᠵᠣᠷᠢᠭᠵᠢᠭᠤᠯᠵᠦ ᠬᠦᠳᠦᠯᠦᠨᠡ᠃ ᠠᠵᠦ ᠠᠬᠤᠶᠢᠯᠠᠯ | ᠢ ᠳᠣᠰᠠᠯᠠᠵᠦ ᠠᠵᠢᠯ ᠤᠨ ᠪᠠᠶᠢᠷᠢ ᠶᠢ ᠳᠣᠭᠳᠠᠪᠣᠷᠢᠵᠢᠭᠤᠯᠬᠤ《ᠠᠶᠠᠯᠠᠯ ᠢ ᠬᠠᠮᠠᠭᠠᠯᠠᠬᠤ ᠠᠵᠢᠯᠯᠠᠭ᠎ᠠ》 ᠶᠢ | ᠦᠷᠬᠦᠯᠵᠢᠯᠡᠨ ᠬᠡᠷᠡᠭᠵᠢᠬᠦᠯᠵᠦ᠂ ᠠᠵᠢᠯ ᠣᠯᠭᠤᠯᠳᠠ ᠶᠢ ᠳᠡᠮᠵᠢᠬᠦ ᠬᠦᠴᠦᠯᠡᠴᠡ ᠪᠠᠨ ᠨᠡᠮᠡᠭᠳᠡᠭᠦᠯᠦᠨ᠂ ᠬᠤᠳᠠ | ᠪᠠᠯᠭᠠᠰᠣ ᠶᠢᠨ ᠠᠵᠢᠯ ᠲᠠᠢ ᠬᠦᠮᠦᠨ ᠦᠬᠡᠢ ᠬᠡᠷ ᠪᠦᠯᠢ ᠶᠢ ᠬᠦᠳᠡᠯᠦᠩᠬᠦᠢ ᠪᠠᠷ ᠦᠭᠡᠶᠢᠰᠬᠡᠨ᠎ᠡ᠃ | ᠬᠤᠶᠠᠳᠣᠭᠠᠷ ᠲᠤ᠂ ᠨᠡᠶᠢᠬᠡᠮ ᠤᠨ ᠪᠠᠳᠣᠯᠠᠭ᠎ᠠ ᠶᠢᠨ ᠰᠢᠰᠲ᠋ᠧᠮᠵᠢ ᠶᠢ ᠪᠦᠷᠢᠨᠰᠢᠬᠦᠯᠵᠦ ᠳᠡᠭᠦᠯᠳᠡᠷᠵᠢᠬᠦᠯᠦᠨ᠎ᠡ᠃ | 《 ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ》ᠳᠦᠯᠦᠪᠯᠡᠭᠡ ᠶᠢ ᠬᠦᠨᠵᠡᠬᠡᠢ ᠳᠦᠯᠬᠢᠨ ᠠᠬᠢᠭᠤᠯᠵᠦ᠂ | ᠪᠠᠳᠣᠯᠠᠭ᠎ᠠ ᠶᠢᠨ ᠬᠢᠷᠢ ᠳᠦᠪᠰᠢᠨ ᠢ ᠯᠠᠪᠳᠠᠭᠤᠨ ᠢᠶᠠᠷ ᠳᠡᠭᠡᠭᠰᠢᠯᠡᠬᠦᠯᠦᠨ᠎ᠡ᠃ ᠨᠡᠶᠢᠭᠡᠮ ᠤᠨ ᠠᠪᠣᠷᠠᠨ ᠳᠣᠰᠠᠯᠠᠬᠤ | ᠰᠢᠰᠲ᠋ᠧᠮᠵᠢ ᠶᠢ ᠣᠯᠠᠮ ᠨᠢᠬᠡ ᠠᠯᠬᠤᠮ ᠳᠡᠭᠦᠯᠳᠡᠷᠵᠢᠬᠦᠯᠵᠦ᠂ ᠠᠪᠣᠷᠠᠨ ᠳᠣᠰᠠᠯᠠᠬᠤ ᠬᠠᠮᠢᠶᠠᠷᠣᠯᠳᠠ ᠶᠢᠨ | ᠳᠦᠷᠢᠮᠵᠢᠭᠰᠡᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ ᠣᠷᠣᠨ ᠰᠠᠭᠤᠴᠠ ᠶᠢᠨ ᠪᠠᠳᠣᠯᠠᠭ᠎ᠠ ᠶᠢᠨ ᠰᠢᠰᠲ᠋ᠧᠮᠵᠢ | ᠶᠢᠨ ᠪᠠᠶᠢᠭᠤᠯᠣᠯᠳᠠ ᠶᠢ ᠴᠢᠩᠭᠠᠳᠬᠠᠵᠦ᠂ ᠬᠤᠳᠠ ᠪᠠᠯᠭᠠᠰᠣ ᠶᠢᠨ ᠳᠦᠬᠦᠮ ᠪᠦᠳᠦᠴᠡᠳᠦ ᠣᠷᠣᠨ ᠰᠠᠭᠤᠴᠠ | 3436 ᠢᠵᠢ ᠶᠢᠨ ᠵᠠᠰᠠᠨ ᠦᠭᠡᠷᠡᠴᠢᠯᠡᠯᠳᠡ ᠶᠢ ᠬᠡᠷᠡᠭᠵᠢᠬᠦᠯᠦᠨ᠎ᠡ᠃ ᠨᠡᠶᠢᠬᠡᠮ ᠤᠨ ᠳᠣᠭᠳᠠᠯᠴᠠᠭ᠎ᠠ ᠪᠠ ᠵᠠᠰᠠᠯᠳᠠ | ᠶᠢᠨ ᠴᠢᠳᠠᠪᠣᠷᠢ ᠶᠢᠨ ᠣᠳᠣᠬᠢᠴᠢᠯᠠᠯᠳᠠ ᠶᠢ ᠳᠦᠯᠬᠢᠨ ᠠᠬᠢᠭᠤᠯᠵᠦ᠂ ᠨᠡᠶᠢᠬᠡᠮ ᠳᠣᠭᠤᠷᠢᠭ ᠤᠨ ᠠᠷᠠᠳ ᠤᠨ | ᠠᠮᠢᠳᠣᠷᠠᠯ ᠤᠨ ᠶᠡᠷᠦᠩᠬᠡᠶᠢᠯᠡᠭᠰᠡᠨ ᠮᠡᠳᠡᠭᠡ ᠵᠠᠩᠬᠢ ᠶᠢᠨ ᠰᠢᠰᠲ᠋ᠧᠮ ᠪᠠ ᠨᠡᠶᠢᠬᠡᠮ ᠳᠣᠭᠤᠷᠢᠭ ᠤᠨ ᠪᠠᠷᠢᠮᠵᠢᠶᠠᠵᠢᠭᠰᠠᠨ | ᠪᠠᠶᠢᠭᠤᠯᠣᠯᠳᠠ ᠶᠢ ᠳᠦᠷᠭᠡᠳᠬᠡᠵᠦ᠂ ᠰᠠᠭᠤᠭᠠᠯᠢ ᠠᠷᠠᠳ ᠤᠨ ᠣᠶᠢᠷ᠎ᠠ ᠬᠠᠪᠢ ᠠᠴᠠ ᠪᠠᠨ ᠨᠡᠶᠢᠬᠡᠮ ᠳᠣᠭᠤᠷᠢᠭ ᠤᠨ | ᠦᠢᠯᠡᠴᠢᠯᠡᠭᠡ ᠬᠦᠷᠳᠡᠬᠦ ᠶᠢ ᠳᠦᠯᠬᠢᠨ ᠠᠬᠢᠭᠤᠯᠣᠨ᠎ᠠ᠃ | ᠭᠤᠷᠪᠠᠳᠣᠭᠠᠷ ᠲᠤ᠂ ᠰᠣᠷᠭᠠᠨ ᠬᠦᠮᠦᠵᠢᠯ ᠪᠡᠶ᠎ᠡ ᠶᠢᠨ ᠳᠠᠮᠢᠷ ᠤᠨ ᠠᠵᠢᠯ ᠦᠢᠯᠡᠰ ᠤᠨ ᠵᠣᠬᠢᠴᠠᠩᠭᠤᠢ | ᠬᠦᠭᠵᠢᠯᠳᠡ ᠶᠢ ᠳᠦᠯᠬᠢᠨ ᠠᠬᠢᠭᠤᠯᠣᠨ᠎ᠠ᠃ ᠰᠣᠷᠭᠠᠨ ᠬᠦᠮᠦᠵᠢᠯ ᠤᠨ ᠰᠠᠭᠤᠷᠢ ᠳᠦᠭᠦᠭᠡᠷᠦᠮᠵᠢ ᠶᠢᠨ ᠪᠦᠳᠦᠬᠡᠨ | ᠪᠠᠶᠢᠭᠤᠯᠣᠯᠳᠠ ᠶᠢ ᠴᠢᠩᠭᠠᠳᠬᠠᠵᠦ᠂ ᠠᠶᠢᠮᠠᠭ ᠤᠨ ᠨᠢᠭᠡᠳᠦᠭᠡᠷ ᠳᠣᠮᠳᠠᠳᠣ ᠰᠣᠷᠭᠠᠭᠤᠯᠢ ᠶᠢ ᠨᠡᠭᠦᠯᠬᠡᠵᠦ ᠰᠢᠨ᠎ᠡ ᠪᠠᠷ | ᠪᠠᠶᠢᠭᠤᠯᠬᠤ᠂ ᠮᠣᠩᠭᠤᠯ ᠦᠨᠳᠦᠰᠦᠳᠡᠨ ᠤ ᠪᠦᠷᠢᠨ ᠳᠣᠮᠳᠠᠳᠣ ᠰᠣᠷᠭᠠᠭᠤᠯᠢ ᠶᠢ ᠦᠭᠡᠷᠡᠴᠢᠯᠡᠨ ᠦᠷᠭᠡᠳᠬᠡᠨ | ᠪᠠᠶᠢᠭᠤᠯᠬᠤ᠂ ᠣᠰᠣᠳᠠᠢ ᠶᠢᠨ ᠳᠣᠮᠳᠠᠳᠣ ᠰᠣᠷᠭᠠᠭᠤᠯᠢ ᠶᠢᠨ ᠪᠦᠳᠦᠭᠡᠨ ᠪᠠᠶᠢᠭᠤᠯᠣᠯᠳᠠ ᠵᠡᠷᠭᠡ ᠭᠤᠣᠯᠳᠠᠯᠭᠠᠳᠣ | ᠢᠨᠵᠧᠨᠧᠷᠢᠩ ᠢ ᠬᠡᠷᠡᠭᠵᠢᠬᠦᠯᠦᠨ᠎ᠡ᠃ ᠰᠣᠷᠭᠠᠭᠤᠯᠢ ᠶᠢᠨ ᠵᠠᠬᠢᠷᠣᠯ᠂ ᠪᠠᠭᠰᠢ᠂ ᠵᠢᠭᠠᠬᠤ ᠶᠢ ᠰᠣᠳᠣᠯᠣᠭᠴᠢ ᠶᠢᠨ | ᠡᠩᠨᠡᠭᠡ ᠶᠢ ᠰᠠᠶᠢᠳᠣᠷ ᠪᠠᠶᠢᠭᠤᠯᠵᠦ᠂ ᠵᠢᠭᠠᠨ ᠰᠣᠷᠭᠠᠯᠳᠠ᠂ ᠠᠵᠢᠯ ᠤᠨ ᠦᠷ᠎ᠡ ᠪᠦᠳᠦᠮᠵᠢ᠂ ᠰᠣᠷᠣᠭᠴᠢ ᠡᠯᠰᠡᠬᠦ | ᠳᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂《ᠰᠠᠭᠠᠳ ᠦᠬᠡᠢ ᠨᠡᠪᠳᠡᠷᠡᠬᠦ ᠵᠠᠮ》 ᠢᠶᠠᠷ ᠳᠠᠮᠵᠢᠭᠤᠯᠣᠨ | ᠰᠣᠷᠭᠠᠨ ᠬᠦᠮᠦᠵᠢᠯ ᠤᠨ ᠴᠢᠳᠠᠪᠣᠷᠢᠳᠠᠨ ᠢ ᠦᠷᠬᠦᠯᠵᠢᠯᠡᠨ ᠣᠷᠢᠨ ᠣᠷᠣᠭᠤᠯᠣᠨ᠎ᠠ᠃ ᠪᠦᠬᠦ ᠠᠷᠠᠳ ᠢᠶᠠᠷ ᠢᠶᠠᠨ ᠪᠡᠶ᠎ᠡ | ᠴᠢᠬᠢᠷᠠᠭᠵᠢᠭᠤᠯᠬᠤ ᠠᠵᠢᠯᠯᠠᠭ᠎ᠠ ᠶᠢ ᠯᠠᠪᠳᠠᠭᠤᠨ ᠪᠠᠳᠣᠳᠠᠢ ᠳᠦᠯᠬᠢᠨ ᠠᠬᠢᠭᠤᠯᠵᠦ᠂ ᠣᠷᠣᠯᠳᠣᠭᠠᠨ ᠤ ᠪᠡᠶ᠎ᠡ ᠶᠢᠨ | ᠳᠠᠮᠢᠷ ᠤᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ | ᠳᠦᠷᠪᠡᠳᠦᠭᠡᠷ ᠲᠤ᠂ ᠡᠷᠡᠭᠦᠯ ᠡᠩᠬᠡ ᠠᠯᠠᠱᠠ ᠶᠢᠨ ᠪᠦᠳᠦᠬᠡᠨ ᠪᠠᠶᠢᠭᠤᠯᠣᠯᠳᠠ ᠶᠢ ᠳᠦᠷᠭᠡᠳᠬᠡᠨ᠎ᠡ᠃ | ᠠᠶᠢᠮᠠᠭ ᠤᠨ ᠬᠢᠵᠢᠭ ᠢ ᠰᠡᠷᠭᠡᠶᠢᠯᠡᠨ ᠡᠵᠡᠮᠳᠡᠬᠦ ᠲᠦᠪ ᠤᠨ ᠶᠡᠷᠦᠩᠭᠡᠶᠢᠯᠡᠭᠰᠡᠨ ᠠᠵᠢᠯ ᠤᠨ ᠠᠰᠠᠷ᠂ ᠵᠢᠷᠠᠳᠠᠢ | ᠡᠮᠨᠡᠯᠬᠡ ᠶᠢᠨ ᠬᠤᠷᠢᠶ᠎ᠠ ᠵᠡᠷᠭᠡ ᠲᠦᠷᠦᠯ ᠵᠦᠢᠯ ᠤᠨ ᠪᠦᠳᠦᠬᠡᠨ ᠪᠠᠶᠢᠭᠤᠯᠣᠯᠳᠠ ᠶᠢ ᠳᠦᠯᠬᠢᠨ ᠠᠬᠢᠭᠤᠯᠵᠦ᠂ ᠡᠮ | ᠡᠮᠨᠡᠯᠬᠡ ᠶᠢᠨ ᠨᠦᠬᠦᠴᠡᠯ ᠢ ᠦᠨᠡᠨᠬᠦ ᠰᠠᠶᠢᠵᠢᠷᠠᠭᠤᠯᠣᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠣᠷᠢᠳᠠᠨ ᠤ | ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠵᠦ᠂ ᠣᠯᠠᠨ ᠠᠷᠭ᠎ᠠ ᠵᠠᠮ ᠢᠶᠠᠷ ᠳᠡᠭᠡᠳᠦ ᠣᠷ᠎ᠠ ᠮᠡᠷᠭᠡᠵᠢᠯ ᠲᠠᠢ ᠡᠮᠴᠢ | ᠶᠢ ᠣᠷᠢᠨ ᠣᠷᠣᠭᠤᠯᠵᠦ ᠬᠦᠮᠦᠵᠢᠬᠦᠯᠦᠨ᠎ᠡ᠃ ᠣᠨᠴᠠᠯᠢᠭᠲᠣ ᠡᠷᠡᠭᠦᠯ ᠮᠡᠨᠳᠦ ᠶᠢᠨ ᠦᠢᠯᠡᠴᠢᠯᠡᠭᠡ ᠶᠢᠨ ᠠᠵᠦ | ᠦᠢᠯᠡᠰ ᠢ ᠬᠦᠴᠦᠯᠡᠨ ᠬᠦᠭᠵᠢᠬᠦᠯᠵᠦ᠂《ᠡᠮᠴᠢᠯᠡᠭᠡ ᠰᠣᠪᠢᠯᠠᠯᠳᠠ ᠣᠶᠠᠯᠳᠣᠭᠰᠠᠨ》ᠨᠠᠰᠣᠵᠢᠯ ᠤᠨ ᠠᠰᠠᠷᠠᠮᠵᠢ ᠶᠢᠨ | ᠰᠢᠰᠲ᠋ᠧᠮᠵᠢ ᠶᠢ ᠳᠦᠷᠭᠡᠳᠬᠡᠨ ᠪᠠᠶᠢᠭᠤᠯᠣᠨ᠎ᠠ᠃ ᠮᠣᠩᠭᠤᠯ ᠬᠢᠳᠠᠳ ᠡᠮ ᠡᠮᠨᠡᠯᠬᠡ ᠶᠢᠨ ᠣᠯᠠᠮᠵᠢᠯᠠᠯ ᠪᠠ | ᠰᠢᠨᠡᠴᠢᠯᠡᠯᠳᠡ ᠶᠢ ᠳᠡᠮᠵᠢᠨ ᠵᠣᠷᠢᠭᠵᠢᠭᠤᠯᠣᠨ᠎ᠠ᠃ | ᠳᠠᠪᠣᠳᠣᠭᠠᠷ ᠲᠤ᠂ ᠰᠣᠶᠣᠯ ᠤᠨ ᠠᠵᠢᠯ ᠦᠢᠯᠡᠰ ᠤᠨ ᠴᠡᠴᠡᠭᠯᠡᠨ ᠬᠦᠭᠵᠢᠬᠦ ᠶᠢ ᠳᠦᠯᠬᠢᠨ ᠠᠬᠢᠭᠤᠯᠣᠨ᠎ᠠ᠃ | ᠦᠪᠡᠷᠳᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠣᠯᠠᠭᠠᠨᠮᠦ᠋ᠴᠢᠷ ᠤᠨ ᠪᠣᠯᠪᠠᠰᠣᠷᠠᠯ ᠤᠨ ᠰᠠᠭᠤᠷᠢᠨ | ᠭᠠᠵᠠᠷ ᠤᠨ ᠳᠦᠷᠦᠯ ᠵᠦᠢᠯ ᠢ ᠢᠳᠡᠪᠬᠢᠳᠡᠢ ᠳᠡᠮᠡᠴᠡᠨ ᠣᠯᠵᠦ᠂ ᠪᠦᠬᠦ ᠣᠷᠣᠨ ᠤ ᠨᠠᠢᠮᠠᠳᠣᠭᠠᠷ ᠬᠤᠭᠤᠴᠠᠭᠠᠨ ᠤ | ᠣᠯᠠᠭᠠᠨᠮᠦ᠋ᠴᠢᠷ ᠤᠨ ᠣᠷᠠᠯᠢᠭ ᠤᠨ ᠨᠠᠶᠢᠷ ᠢ ᠰᠠᠶᠢᠳᠣᠷ ᠳᠠᠭᠠᠭᠠᠴᠢᠯᠠᠨ ᠡᠷᠬᠢᠯᠡᠨ᠎ᠡ᠃ ᠣᠯᠠᠨ ᠨᠡᠶᠢᠳᠡ ᠶᠢᠨ ᠰᠣᠶᠣᠯ | ᠤᠨ ᠳᠦᠭᠦᠭᠡᠷᠦᠮᠵᠢ ᠶᠢᠨ ᠪᠠᠷᠢᠮᠵᠢᠶ᠎ᠠ ᠳᠤ ᠨᠡᠶᠢᠴᠡᠨ ᠪᠦᠳᠦᠮᠵᠢ ᠪᠠᠨ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠦ᠂ | ᠰᠣᠶᠣᠯ ᠤᠨ ᠦᠢᠯᠡᠴᠢᠯᠡᠭᠡ ᠶᠢᠨ ᠳᠦᠬᠦᠭᠡᠷᠦᠮᠵᠢ ᠶᠢ ᠬᠠᠮᠳᠣᠪᠡᠷ ᠪᠠᠶᠢᠭᠤᠯᠣᠨ ᠬᠠᠮᠳᠣᠪᠡᠷ ᠡᠳ᠋ᠯᠡᠬᠦ ᠶᠢ ᠳᠦᠯᠬᠢᠨ | ᠠᠬᠢᠭᠤᠯᠵᠦ᠂《 ᠬᠤᠨ ᠭᠠᠯᠠᠭᠤ ᠠᠮᠳᠠᠷᠬᠠᠨ ᠣᠩᠰᠢᠬᠤ ᠳᠦᠯᠦᠪᠯᠡᠭᠡ 》 ᠶᠢ ᠳᠡᠯᠭᠡᠷᠡᠭᠦᠯᠦᠨ ᠬᠡᠷᠡᠭᠵᠢᠬᠦᠯᠦᠨ᠎ᠡ᠃ | ᠰᠣᠶᠣᠯ ᠤᠨ ᠦᠯᠡᠳᠡᠭᠳᠡᠯ ᠦᠪ ᠤᠨ ᠬᠠᠮᠠᠭᠠᠯᠠᠯᠳᠠ ᠣᠯᠠᠮᠵᠢᠯᠠᠯ ᠢ ᠴᠢᠩᠭᠠᠳᠬᠠᠵᠦ᠂ ᠵᠢᠣᠢ ᠶᠠᠨ ᠤ ᠬᠠᠭᠤᠴᠢ | ᠰᠣᠳᠣᠯᠣᠯ ᠳᠡᠣᠬᠡᠨ ᠦᠯᠡᠳᠡᠭᠳᠡᠯ ᠤᠨ ᠴᠡᠴᠡᠷᠯᠢᠭ᠂ ᠠᠯᠠᠱᠠ ᠶᠢᠨ ᠣᠯᠠᠨ ᠣᠯᠣᠰ ᠤᠨ ᠬᠠᠳᠠᠨ ᠵᠢᠷᠤᠭ ᠤᠨ | ᠬᠦᠷᠢᠶᠡᠯᠡᠩ ᠵᠢᠴᠢ ᠣᠷᠠᠨ ᠵᠢᠷᠤᠭ ᠤᠨ ᠦᠵᠡᠵᠦ ᠵᠢᠷᠣᠬᠤ ᠵᠣᠬᠢᠶᠠᠨ ᠪᠦᠳᠦᠭᠡᠬᠦ ᠰᠠᠭᠤᠷᠢᠨ ᠭᠠᠵᠠᠷ ᠵᠡᠷᠭᠡ ᠳᠦᠷᠦᠯ | ᠵᠦᠢᠯ ᠤᠨ ᠪᠦᠳᠦᠭᠡᠨ ᠪᠠᠶᠢᠭᠤᠯᠣᠯᠳᠠ ᠶᠢ ᠦᠷᠬᠦᠯᠵᠢᠯᠡᠨ ᠳᠦᠯᠬᠢᠨ ᠠᠬᠢᠭᠤᠯᠣᠨ᠎ᠠ᠃ | ᠵᠢᠷᠭᠤᠳᠣᠭᠠᠷ ᠲᠤ᠂ ᠨᠡᠶᠢᠬᠡᠮ ᠤᠨ ᠶᠡᠭᠡ ᠳᠠᠯ᠎ᠠ ᠡᠶ᠎ᠡ ᠵᠣᠬᠢᠴᠠᠩᠭᠤᠢ ᠳᠣᠭᠳᠠᠭᠤᠨ ᠪᠠᠶᠢᠬᠤ ᠶᠢ ᠡᠷᠡᠰ | ᠬᠠᠮᠠᠭᠠᠯᠠᠨ᠎ᠠ᠃《 ᠪᠦᠬᠦ ᠭᠠᠢ ᠭᠠᠮᠰᠢᠭ ᠤᠨ ᠳᠦᠷᠦᠯ ᠵᠦᠢᠯ᠂ ᠳᠣᠮᠣ ᠪᠠᠴᠢᠮ ᠪᠠᠶᠢᠳᠠᠯ ᠢ | ᠠᠷᠭᠠᠴᠠᠭᠠᠬᠤ》ᠣᠷᠢᠳᠴᠢᠯᠠᠨ ᠰᠡᠷᠭᠡᠶᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠳᠦᠷᠭᠡᠳᠬᠡᠨ ᠪᠠᠶᠢᠭᠤᠯᠵᠦ | ᠳᠡᠭᠦᠯᠳᠡᠷᠵᠢᠬᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠠᠪᠣᠷᠠᠨ ᠳᠣᠰᠠᠯᠠᠬᠤ ᠪᠠᠳᠣᠯᠠᠭ᠎ᠠ ᠶᠢᠨ ᠴᠢᠳᠠᠪᠣᠷᠢ ᠶᠢ | ᠳᠡᠭᠡᠭᠰᠢᠯᠡᠬᠦᠯᠵᠦ᠂ ᠣᠯᠠᠨ ᠨᠡᠶᠢᠳᠡ ᠶᠢᠨ ᠠᠮᠣᠷ ᠳᠦᠪᠰᠢᠨ ᠤ ᠬᠠᠮᠢᠶᠠᠷᠣᠯᠳᠠ ᠶᠢ ᠴᠢᠩᠭᠠᠷᠠᠭᠤᠯᠵᠦ᠂ ᠠᠶᠣᠯᠬᠦᠢ | ᠦᠢᠯᠡᠳᠪᠦᠷᠢᠯᠡᠯ ᠤᠨ《 ᠭᠤᠷᠪᠠᠨ ᠲᠦᠷᠦᠯ ᠤᠨ ᠬᠠᠷᠢᠭᠤᠴᠠᠯᠭ᠎ᠠ》 ᠶᠢ ᠴᠢᠩᠭ᠎ᠠ ᠨᠠᠶᠢᠳᠠᠪᠣᠷᠢᠵᠢᠭᠤᠯᠵᠦ᠂ ᠡᠯ᠎ᠡ | ᠵᠦᠢᠯ ᠤᠨ ᠣᠨᠴᠠ ᠬᠦᠨᠳᠦ ᠶᠡᠭᠡ ᠠᠳᠡᠯ ᠬᠡᠷᠡᠭ ᠡᠭᠦᠰᠬᠦ ᠶᠢ ᠡᠷᠡᠰ ᠬᠤᠷᠢᠭᠯᠠᠨ᠎ᠠ᠃ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠬᠢᠨᠠᠨ ᠬᠠᠮᠢᠶᠠᠷᠣᠯᠳᠠ ᠶᠢ ᠴᠢᠩᠭᠠᠳᠬᠠᠵᠦ᠂ ᠢᠳᠡᠬᠡᠮᠵᠢ ᠶᠢᠨ ᠬᠢᠨᠠᠨ ᠬᠠᠮᠢᠶᠠᠷᠣᠯᠳᠠ ᠶᠢᠨ | ᠰᠢᠰᠲ᠋ᠧᠮᠵᠢ ᠶᠢ ᠳᠦᠷᠭᠡᠳᠬᠡᠨ ᠪᠠᠶᠢᠭᠤᠯᠵᠦ᠂ ᠢᠳᠡᠬᠡᠨ ᠪᠠ ᠡᠮ ᠤᠨ ᠵᠦᠢᠯ ᠤᠨ ᠠᠮᠣᠷ ᠳᠦᠪᠰᠢᠨ ᠤ ᠵᠠᠰᠠᠯᠳᠠ | ᠶᠢᠨ ᠴᠢᠳᠠᠪᠣᠷᠢ ᠪᠠ ᠪᠠᠳᠣᠯᠠᠭ᠎ᠠ ᠶᠢᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ ᠠᠮᠣᠷ ᠳᠦᠪᠰᠢᠨ ᠠᠯᠠᠱᠠ ᠶᠢᠨ | ᠪᠠᠶᠢᠭᠤᠯᠣᠯᠳᠠ ᠶᠢ ᠳᠦᠯᠬᠢᠨ ᠠᠬᠢᠭᠤᠯᠵᠦ᠂《ᠣᠶᠣᠨᠳᠣ ᠳᠣᠳᠣᠭᠠᠳᠣ ᠶᠢ ᠬᠠᠮᠠᠭᠠᠯᠠᠬᠤ》 ᠶᠢ ᠴᠣᠭᠴᠠᠯᠠᠵᠦ᠂ | ᠴᠣᠬᠢᠯᠳᠠ ᠦᠭᠭᠦ ᠰᠡᠷᠭᠡᠶᠢᠯᠡᠬᠦ ᠬᠠᠮᠢᠶᠠᠷᠬᠤ ᠡᠵᠡᠮᠳᠡᠬᠦ ᠪᠠ ᠰᠦᠷᠳᠡᠭᠦᠯᠦᠯ ᠢ ᠡᠰᠡᠷᠭᠦᠴᠡᠬᠦ ᠭᠡᠨᠡᠳᠳᠡ ᠶᠢᠨ ᠬᠡᠷᠡᠭ | ᠶᠠᠪᠣᠳᠠᠯ ᠢ ᠰᠢᠢᠳᠪᠦᠷᠢᠯᠡᠬᠦ ᠴᠢᠳᠠᠪᠣᠷᠢ ᠶᠢ ᠴᠢᠩᠭᠠᠷᠠᠭᠤᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠳᠣᠰᠬᠠᠢ ᠳᠦᠷᠦᠯ ᠤᠨ ᠳᠡᠮᠡᠴᠡᠯ ᠢ ᠬᠦᠨᠵᠡᠬᠡᠢ ᠦᠷᠨᠢᠬᠦᠯᠦᠨ᠎ᠡ᠃ ᠨᠡᠶᠢᠬᠡᠮ ᠤᠨ ᠵᠠᠰᠠᠯᠳᠠ ᠶᠢ ᠴᠢᠩᠭᠠᠳᠬᠠᠨ | ᠰᠢᠨᠡᠴᠢᠯᠡᠵᠦ᠂ ᠣᠯᠠᠨ ᠨᠡᠶᠢᠳᠡ ᠶᠢᠨ ᠬᠠᠣᠯᠢ ᠴᠠᠭᠠᠵᠠ ᠶᠢᠨ ᠦᠢᠯᠡᠴᠢᠯᠡᠬᠡᠨ ᠤ ᠰᠢᠰᠲ᠋ᠧᠮᠵᠢ ᠶᠢ ᠳᠡᠬᠦᠯᠳᠡᠷᠵᠢᠬᠦᠯᠵᠦ᠂ | ᠦᠷᠢᠳᠦᠯ ᠢ ᠴᠡᠭᠴᠡᠯᠡᠵᠦ ᠳᠣᠭᠠᠴᠠᠭ᠎ᠠ ᠶᠢ ᠪᠠᠳᠣᠯᠠᠬᠤ ᠣᠷᠳᠣ ᠬᠤᠭᠤᠴᠠᠭᠠᠨ ᠤ ᠪᠦᠳᠦᠮᠵᠢᠳᠦ ᠳᠣᠭᠳᠠᠴᠠ ᠶᠢ | ᠪᠦᠷᠢᠨᠰᠢᠬᠦᠯᠵᠦ᠂ ᠭᠤᠣᠯᠳᠠᠯᠭᠠᠳᠣ ᠬᠦᠷᠢᠶ᠎ᠡ ᠴᠡᠷ᠎ᠡ ᠶᠢᠨ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠪᠠ ᠵᠦᠷᠢᠴᠡᠯ | ᠵᠦᠷᠢᠯᠳᠦᠬᠡᠨ ᠢ ᠵᠢᠭᠰᠠᠭᠠᠨ ᠪᠠᠶᠢᠴᠠᠭᠠᠵᠦ ᠨᠠᠮᠳᠠᠭᠤᠯᠬᠤ ᠠᠵᠢᠯ ᠢ ᠰᠠᠶᠢᠳᠣᠷ ᠨᠠᠶᠢᠳᠠᠪᠣᠷᠢᠵᠢᠭᠤᠯᠣᠨ᠎ᠠ᠃ ᠴᠡᠷᠢᠭ | ᠵᠠᠰᠠᠭ ᠴᠡᠷᠢᠭ ᠣᠷᠣᠨ ᠨᠣᠲᠤᠭ ᠴᠡᠷᠢᠭ ᠠᠷᠠᠳ ᠤᠨ ᠬᠠᠷᠢᠴᠠᠭ᠎ᠠ ᠶᠢ ᠨᠢᠭᠳᠠᠷᠠᠭᠤᠯᠵᠦ᠂ ᠰᠢᠨ᠎ᠡ ᠪᠠᠶᠢᠳᠠᠯ ᠳᠣᠣᠷ᠎ᠠ | ᠬᠠᠷᠠᠭᠠᠯᠵᠠᠨ ᠳᠦᠪᠬᠢᠨᠡᠬᠦᠯᠬᠦ ᠶᠢ ᠴᠢᠩᠭᠠᠳᠬᠠᠨ᠎ᠠ᠃ ᠡᠯ᠎ᠡ ᠦᠨᠳᠦᠰᠦᠳᠡᠨ ᠤ ᠬᠠᠮᠳᠣᠪᠡᠷ ᠴᠡᠴᠡᠭᠯᠡᠨ ᠬᠦᠭᠵᠢᠬᠦ ᠶᠢ | ᠠᠬᠢᠭᠤᠯᠵᠦ᠂ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠠᠶᠢᠮᠠᠭ ᠢ | ᠴᠢᠷᠮᠠᠶᠢᠨ ᠴᠣᠭᠴᠠᠯᠠᠨ᠎ᠠ᠃ | ᠠᠷᠪᠠ ᠳᠤ᠂ ᠵᠠᠰᠠᠭ ᠤᠨ ᠣᠷᠳᠣᠨ ᠤ ᠳᠣᠰ ᠪᠡᠶ᠎ᠡ ᠶᠢᠨ ᠪᠠᠶᠢᠭᠤᠯᠣᠯᠳᠠ ᠶᠢ ᠦᠷᠬᠦᠯᠵᠢᠯᠡᠨ | ᠴᠢᠩᠭᠠᠳᠬᠠᠨ᠎ᠠ᠃ ᠰᠢᠨ᠎ᠡ ᠴᠠᠭ ᠦᠶ᠎ᠡ᠂ ᠰᠢᠨ᠎ᠡ ᠬᠠᠷᠠᠯᠳᠠ᠂ ᠰᠢᠨ᠎ᠡ ᠠᠶᠠᠨ ᠨᠢ ᠵᠠᠰᠠᠭ ᠤᠨ ᠣᠷᠳᠣᠨ ᠤ ᠠᠵᠢᠯ | ᠳᠤ ᠨᠡᠩ ᠰᠢᠨ᠎ᠡ ᠦᠨᠳᠦᠷ ᠱᠠᠭᠠᠷᠳᠠᠯᠭ᠎ᠠ ᠳᠣᠷᠠᠳᠪᠠ᠃ ᠪᠢᠳᠡ ᠡᠷᠬᠡᠪᠰᠢ ᠣᠭ ᠰᠠᠨᠠᠭ᠎ᠠ ᠪᠠᠨ ᠮᠠᠷᠳᠠᠯ ᠦᠬᠡᠢ᠂ | ᠡᠭᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠵᠦ᠂ ᠪᠦ᠋ ᠰᠢᠶᠣᠣ ᠯᠢᠨ ᠲᠡᠷᠢᠭᠦᠯᠡᠭᠴᠢ ᠶᠢᠨ《ᠢᠮᠠᠭᠳᠠ ᠪᠣᠳᠠᠳᠠᠢ | ᠠᠴᠠ ᠡᠭᠦᠰᠬᠦ ᠶᠢ ᠪᠠᠷᠢᠮᠳᠠᠯᠠᠵᠦ᠂ ᠳᠠᠬᠢᠵᠦ ᠳᠠᠪᠳᠠᠬᠤ ᠦᠬᠡᠢ᠂ ᠨᠠᠵᠠᠭᠠᠶᠢᠷᠠᠨ ᠬᠤᠶᠢᠷᠭᠤᠰᠢᠬᠤ ᠦᠬᠡᠢ᠂ ᠠᠯᠳᠠᠭ᠎ᠠ | ᠪᠤᠷᠤᠭᠤ ᠭᠠᠷᠭᠠᠬᠤ ᠦᠬᠡᠢ᠂ ᠮᠣᠷᠣᠢ ᠵᠠᠮ ᠢᠶᠠᠷ ᠳᠦᠭᠡᠷᠢᠬᠦ ᠦᠬᠡᠢ᠂ ᠬᠦᠭᠵᠢᠯᠳᠡ ᠶᠢᠨ ᠰᠡᠳᠬᠢᠴᠡ᠂ ᠠᠵᠢᠯ ᠤᠨ | ᠪᠠᠶᠢᠷᠢᠯᠠᠭᠤᠯᠣᠯᠳᠠ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠨᠡᠩ ᠢᠯᠡᠬᠦᠦ ᠨᠠᠷᠢᠯᠢᠭ ᠣᠨᠣᠪᠴᠢᠳᠠᠢ | ᠪᠦᠳᠦᠮᠵᠢᠳᠡᠢ ᠪᠠᠶᠢᠯᠭᠠᠬᠤ ᠶᠢ ᠴᠢᠷᠮᠠᠶᠢᠨ ᠪᠡᠶᠡᠯᠡᠬᠦᠯᠬᠦ》ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ | ᠵᠠᠰᠠᠭ ᠤᠨ ᠣᠷᠳᠣᠨ ᠤ ᠳᠣᠰ ᠪᠡᠶ᠎ᠡ ᠶᠢᠨ ᠪᠠᠶᠢᠭᠤᠯᠣᠯᠳᠠ ᠶᠢ ᠦᠨᠡᠨᠬᠦ ᠴᠢᠩᠭᠠᠳᠬᠠᠵᠦ᠂ ᠵᠠᠰᠠᠭ ᠤᠨ ᠣᠷᠳᠣᠨ ᠤ | ᠠᠵᠢᠯ ᠤᠨ ᠬᠢᠷᠢ ᠳᠦᠪᠰᠢᠨ ᠢ ᠳᠠᠰᠣᠷᠠᠯᠳᠠ ᠦᠬᠡᠢ ᠳᠡᠭᠡᠭᠰᠢᠯᠡᠬᠦᠯᠦᠨ᠎ᠡ᠃ | ᠨᠢᠬᠡᠳᠦᠭᠡᠷ ᠲᠤ᠂ ᠵᠦᠪ ᠣᠨᠣᠪᠴᠢᠳᠠᠢ ᠣᠯᠣᠰ ᠳᠦᠷᠦ ᠶᠢᠨ ᠴᠢᠭᠯᠡᠯ ᠢ ᠡᠷᠡᠰ ᠪᠠᠷᠢᠮᠳᠠᠯᠠᠨ᠎ᠠ᠃ | 《ᠳᠦᠷᠪᠡᠨ ᠣᠬᠠᠮᠰᠠᠷ》 ᠢ ᠪᠠᠳᠣ ᠪᠠᠬᠢ ᠪᠣᠢ ᠪᠣᠯᠭᠠᠵᠦ᠂《ᠳᠦᠷᠪᠡᠨ ᠢᠳᠡᠬᠡᠯ》 ᠢ ᠪᠠᠳᠣᠳᠬᠠᠨ᠂ | 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠬᠦᠯᠦᠨ᠂ ᠦᠵᠡᠯ ᠰᠠᠨᠠᠭ᠎ᠠ᠂ ᠣᠯᠣᠰ ᠳᠦᠷᠦ᠂ ᠦᠢᠯᠡ ᠠᠵᠢᠯᠯᠠᠭ᠎ᠠ | ᠪᠠᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠬᠡᠳᠦᠯᠳᠡᠢ ᠪᠠᠶᠢᠯᠭᠠᠨ᠎ᠠ᠃《ᠬᠤᠶᠠᠷ ᠢ ᠰᠣᠷᠣᠯᠴᠠᠵᠦ ᠬᠢᠷᠢ ᠳᠡᠩᠴᠡᠭᠰᠡᠨ ᠨᠠᠮ ᠤᠨ ᠭᠡᠰᠢᠬᠦᠨ | ᠪᠣᠯᠬᠤ》ᠰᠣᠷᠣᠯᠴᠠᠯᠭ᠎ᠠ ᠬᠦᠮᠦᠵᠢᠯ ᠢ ᠪᠠᠶᠢᠩᠭᠤᠵᠢᠭᠤᠯᠣᠨ ᠳᠦᠷᠢᠮᠵᠢᠬᠦᠯᠬᠦ ᠶᠢ ᠯᠠᠪᠳᠠᠭᠤᠨ ᠪᠠᠳᠣᠳᠠᠢ ᠳᠦᠯᠬᠢᠨ | ᠠᠬᠢᠭᠤᠯᠵᠦ᠂ ᠡᠷᠡᠰ ᠭᠤᠶᠢᠪᠢᠰᠢ ᠦᠬᠡᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ | ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠣᠶᠣᠨ ᠳᠠᠷᠢᠬᠢ ᠪᠠᠨ ᠵᠡᠪᠰᠡᠭᠯᠡᠵᠦ᠂ ᠦᠢᠯᠡᠳᠦᠯᠬᠡ ᠪᠠᠨ | ᠵᠢᠯᠣᠭᠤᠳᠣᠭᠤᠯᠣᠨ᠂ ᠠᠵᠢᠯ ᠢᠶᠠᠨ ᠠᠬᠢᠭᠤᠯᠣᠨ᠎ᠠ᠃ | ᠬᠤᠶᠠᠳᠣᠭᠠᠷ ᠲᠤ᠂ ᠵᠠᠰᠠᠭ ᠵᠠᠬᠢᠷᠭᠠᠨ ᠤ ᠪᠦᠳᠦᠮᠵᠢ ᠴᠢᠳᠠᠪᠬᠢ ᠶᠢ ᠳᠦᠷᠭᠡᠳᠬᠡᠨ ᠳᠡᠭᠡᠭᠰᠢᠯᠡᠬᠦᠯᠦᠨ᠎ᠡ᠃ | ᠦᠵᠡᠯ ᠰᠠᠨᠠᠭ᠎ᠠ ᠪᠠᠨ ᠴᠢᠯᠦᠬᠡᠯᠡᠬᠦ ᠳᠣᠮᠣ ᠰᠣᠷᠣᠯᠴᠠᠯᠭ᠎ᠠ ᠳᠣᠮᠣ ᠦᠢᠯᠡᠳᠦᠯᠬᠡ ᠶᠢ ᠬᠦᠨᠵᠡᠬᠡᠢ | ᠦᠷᠨᠢᠬᠦᠯᠦᠨ᠂ ᠦᠵᠡᠯ ᠰᠠᠨᠠᠭᠠᠨ ᠤ ᠶᠡᠭᠡ ᠴᠢᠯᠦᠭᠡᠯᠡᠯᠳᠡ ᠪᠠᠷ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ | ᠣᠷᠮᠠᠰᠢᠭᠤᠯᠣᠨ ᠬᠦᠭᠵᠢᠬᠡᠵᠦ᠂《 ᠵᠢᠷᠭᠤᠭ᠎ᠠ ᠶᠢ ᠳᠡᠭᠡᠭᠰᠢᠯᠡᠬᠦᠯᠬᠦ》 ᠶᠢ ᠪᠡᠶᠡᠯᠡᠬᠦᠯᠬᠦ ᠳᠡᠭᠡᠷ᠎ᠡ ᠵᠢᠩᠬᠢᠨᠢ ᠴᠢᠷᠮᠠᠶᠢᠯᠭ᠎ᠠ | ᠭᠠᠷᠭᠠᠵᠦ ᠪᠣᠳᠠᠳᠣ ᠦᠷ᠎ᠡ ᠪᠦᠳᠦᠮᠵᠢ ᠶᠢ ᠣᠯᠣᠨ᠎ᠠ᠃ ᠬᠡᠷᠡᠭᠵᠢᠬᠦᠯᠬᠦ ᠬᠦᠴᠦᠨ ᠤ ᠪᠠᠶᠢᠭᠤᠯᠣᠯᠳᠠ ᠶᠢ | ᠴᠢᠩᠭᠠᠳᠬᠠᠵᠦ᠂ ᠨᠠᠶᠢᠳᠠᠪᠣᠷᠢᠵᠢᠭᠤᠯᠣᠯᠳᠠ ᠶᠢ ᠠᠳᠬᠤᠬᠤ ᠳᠣᠭᠳᠠᠴᠠ ᠶᠢ ᠪᠦᠷᠢᠨᠰᠢᠬᠦᠯᠦᠨ ᠳᠡᠭᠦᠯᠳᠡᠷᠵᠢᠬᠦᠯᠵᠦ᠂ | ᠬᠠᠷᠠᠯᠳᠠ ᠶᠢᠨ ᠬᠢᠨᠠᠨ ᠰᠢᠯᠭᠠᠯᠳᠠ᠂ ᠰᠢᠮᠳᠠᠭᠤᠯᠣᠨ ᠪᠠᠶᠢᠴᠠᠭᠠᠵᠦ ᠰᠢᠮᠳᠠᠭᠤᠯᠣᠨ ᠬᠦᠢᠴᠡᠳᠬᠡᠯᠬᠡᠬᠦ ᠶᠢ | ᠴᠢᠩᠭᠠᠷᠠᠭᠤᠯᠵᠦ᠂ ᠮᠦᠷᠳᠡᠨ ᠳᠠᠭᠠᠵᠦ ᠪᠦᠳᠦᠮᠵᠢ ᠶᠢ ᠨᠢ ᠯᠠᠪᠯᠠᠬᠤ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ | ᠳᠣᠯᠭᠠᠬᠤ ᠬᠦᠴᠦᠯᠡᠴᠡ ᠪᠠᠨ ᠨᠡᠮᠡᠭᠳᠡᠭᠦᠯᠦᠨ᠂ ᠪᠦᠬᠦ ᠺᠠᠳ᠋ᠷᠴᠣᠳ ᠤᠨ ᠨᠠᠶᠢᠳᠠᠪᠣᠷᠢᠵᠢᠭᠤᠯᠣᠯᠳᠠ ᠶᠢ ᠠᠳᠬᠤᠬᠤ | ᠢᠳᠡᠪᠬᠢ ᠴᠢᠨᠠᠷ᠂ ᠰᠠᠨᠠᠭᠠᠴᠢᠯᠠᠭᠠᠳᠣ ᠴᠢᠨᠠᠷ ᠪᠠ ᠡᠭᠦᠳᠦᠨ ᠪᠦᠳᠦᠭᠡᠬᠦ ᠴᠢᠨᠠᠷ ᠢ ᠦᠨᠡᠨᠬᠦ ᠳᠠᠶᠢᠴᠢᠯᠠᠵᠦ᠂ ᠵᠠᠰᠠᠭ ᠤᠨ | ᠵᠠᠷᠯᠢᠭ ᠢ ᠰᠠᠭᠠᠳ ᠦᠬᠡᠢ ᠶᠠᠪᠣᠭᠳᠠᠭᠤᠯᠬᠤ ᠶᠢ ᠪᠠᠳᠣᠯᠠᠨ᠎ᠠ᠃ | ᠭᠤᠷᠪᠠᠳᠣᠭᠠᠷ ᠲᠤ᠂ ᠬᠠᠣᠯᠢ ᠶᠣᠰᠣᠭᠠᠷ ᠵᠠᠰᠠᠭ ᠵᠠᠬᠢᠷᠭᠠᠨᠴᠢᠯᠠᠬᠤ ᠶᠢ ᠪᠦᠬᠦ ᠳᠠᠯ᠎ᠠ ᠪᠠᠷ ᠳᠦᠯᠬᠢᠨ | ᠠᠬᠢᠭᠤᠯᠣᠨ᠎ᠠ᠃ ᠬᠠᠣᠯᠢ ᠶᠣᠰᠣᠭᠠᠷ ᠵᠠᠰᠠᠭ ᠵᠠᠬᠢᠷᠭᠠᠨᠴᠢᠯᠠᠬᠤ᠂ ᠬᠠᠣᠯᠢ ᠶᠣᠰᠣᠭᠠᠷ ᠬᠡᠷᠡᠭ ᠶᠠᠪᠣᠳᠠᠯ ᠬᠦᠢᠴᠡᠳᠬᠡᠬᠦ ᠶᠢ | ᠰᠢᠢᠳᠪᠦᠷᠢᠳᠣ ᠪᠣᠳᠣᠯᠭ᠎ᠠ᠂ ᠬᠡᠷᠡᠭᠵᠢᠭᠦᠯᠦᠯᠳᠡ᠂ ᠨᠠᠶᠢᠳᠠᠪᠣᠷᠢᠵᠢᠭᠤᠯᠣᠯᠳᠠ ᠶᠢᠨ ᠪᠦᠬᠦ ᠶᠠᠪᠣᠴᠠ ᠳᠤ ᠳᠣᠣᠱᠯᠠᠭᠤᠯᠵᠦ᠂ | ᠵᠠᠰᠠᠭ ᠵᠠᠭᠢᠷᠭᠠᠨ ᠤ ᠴᠢᠬᠤᠯᠠ ᠶᠡᠭᠡ ᠰᠢᠢᠳᠪᠦᠷᠢᠳᠣ ᠪᠣᠳᠣᠯᠭ᠎ᠠ ᠶᠢᠨ ᠬᠠᠣᠯᠢ ᠳᠤ ᠳᠣᠭᠳᠠᠭᠠᠭᠰᠠᠨ ᠳᠡᠰ | ᠳᠠᠷᠠᠭᠠᠯᠠᠯ ᠢ ᠴᠢᠩᠭ᠎ᠠ ᠬᠡᠷᠡᠭᠵᠢᠬᠦᠯᠵᠦ᠂ ᠬᠢᠨᠠᠨ ᠪᠣᠳᠣᠬᠤ ᠬᠢᠨᠠᠯᠳᠠ ᠳᠠᠯᠪᠢᠬᠤ ᠶᠢ ᠴᠢᠩᠭᠠᠷᠠᠭᠤᠯᠵᠦ᠂ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠳᠠ ᠳᠠᠯᠪᠢᠬᠤ᠂ ᠣᠯᠣᠰ ᠳᠦᠷᠦ ᠶᠢᠨ ᠵᠦᠪᠯᠡᠯᠬᠡᠨ ᠤ | ᠠᠷᠠᠳᠴᠢᠯᠠᠯ ᠢᠶᠠᠷ ᠬᠢᠨᠠᠯᠳᠠ ᠳᠠᠯᠪᠢᠬᠤ ᠪᠠ ᠶᠠᠷᠢᠶ᠎ᠠ ᠬᠡᠯᠡᠯᠴᠡᠭᠡ᠂ ᠣᠯᠠᠨ ᠳᠦᠮᠡᠨ ᠤ ᠬᠢᠨᠠᠯᠳᠠ ᠳᠠᠯᠪᠢᠬᠤ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠢᠯᠡ ᠳᠣᠳᠣ ᠪᠠᠷ ᠬᠡᠷᠡᠭᠵᠢᠬᠦᠯᠵᠦ᠂ ᠬᠠᠣᠯᠢ ᠪᠠᠷ ᠵᠠᠰᠠᠭᠰᠠᠨ | ᠵᠠᠰᠠᠭ ᠤᠨ ᠣᠷᠳᠣᠨ ᠤ ᠪᠠᠶᠢᠭᠤᠯᠣᠯᠳᠠ ᠶᠢᠨ ᠳᠠᠰᠣᠷᠠᠯᠳᠠ ᠦᠬᠡᠢ ᠬᠦᠨᠵᠡᠭᠡᠶᠢᠷᠡᠬᠦ ᠶᠢ ᠠᠬᠢᠭᠤᠯᠣᠨ᠎ᠠ᠃ | ᠳᠦᠷᠪᠡᠳᠦᠭᠡᠷ ᠲᠤ᠂ ᠰᠣᠷᠳᠠᠯ ᠢ ᠳᠦᠪ ᠪᠣᠯᠭᠠᠵᠦ ᠰᠠᠬᠢᠯᠭ᠎ᠠ ᠪᠠᠳᠣ ᠶᠢ ᠴᠢᠩᠳᠠᠯᠠᠬᠤ ᠶᠢ ᠣᠷᠳᠣ | ᠬᠤᠭᠤᠴᠠᠭ᠎ᠠ ᠪᠠᠷ ᠪᠠᠷᠢᠮᠳᠠᠯᠠᠨ᠎ᠠ᠃ ᠨᠠᠮ ᠤᠨ ᠣᠯᠣᠰ ᠳᠦᠷᠦ ᠶᠢᠨ ᠰᠠᠬᠢᠯᠭ᠎ᠠ ᠪᠠᠳᠣ ᠪᠠ ᠣᠯᠣᠰ ᠳᠦᠷᠦ ᠶᠢᠨ | ᠶᠣᠰᠣ ᠳᠦᠷᠢᠮ ᠢ ᠳᠡᠷᠢᠬᠦᠨ ᠳᠤ ᠳᠠᠯᠪᠢᠬᠤ ᠶᠢ ᠪᠠᠷᠢᠮᠳᠠᠯᠠᠵᠦ᠂ ᠵᠠᠰᠠᠭ ᠤᠨ ᠣᠷᠳᠣᠨ ᠤ ᠰᠢᠰᠲ᠋ᠧᠮ ᠤᠨ ᠴᠢᠭᠡᠴᠢ | ᠵᠠᠰᠠᠭ ᠤᠨ ᠪᠠᠶᠢᠭᠤᠯᠣᠯᠳᠠ ᠪᠠ ᠢᠯᠵᠡᠷᠡᠯ ᠢ ᠡᠰᠡᠷᠭᠦᠴᠡᠬᠦ ᠠᠵᠢᠯ ᠢ ᠴᠢᠩᠭᠠᠳᠬᠠᠵᠦ᠂ ᠳᠦᠪ ᠤᠨ ᠨᠠᠢᠮᠠᠨ ᠳᠦᠷᠦᠯ | ᠤᠨ ᠳᠣᠭᠳᠠᠭᠠᠯ ᠵᠢᠴᠢ ᠬᠡᠷᠡᠭᠵᠢᠬᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠣᠷᠢᠵᠢᠭᠤᠯᠵᠦ᠂ | 《ᠳᠦᠷᠪᠡᠨ ᠰᠣᠷᠳᠠᠯ》 ᠤᠨ ᠳᠣᠪᠣᠶᠢᠮ᠎ᠠ ᠠᠰᠠᠭᠤᠳᠠᠯ ᠢ ᠳᠠᠰᠣᠷᠠᠯᠳᠠ ᠦᠬᠡᠢ ᠴᠡᠭᠴᠡᠯᠡᠵᠦ᠂ ᠠᠷᠢᠭᠤᠨ ᠴᠢᠭᠡᠴᠢ | ᠪᠠᠷ ᠵᠠᠰᠠᠭ ᠪᠠᠷᠢᠬᠤ ᠨᠢᠬᠡᠳᠦᠬᠡᠷ ᠬᠤᠷᠢᠭ᠎ᠠ ᠱᠣᠭᠤᠮ ᠢ ᠪᠠᠷᠢᠮᠳᠠᠯᠠᠵᠦ᠂ ᠺᠠᠳ᠋ᠷ ᠳᠦᠪ ᠴᠢᠭᠡᠴᠢ᠂ ᠵᠠᠰᠠᠭ ᠤᠨ ᠣᠷᠳᠣᠨ | ᠠᠷᠢᠭᠤᠨ ᠴᠢᠭᠡᠴᠢ᠂ ᠣᠯᠣᠰ ᠳᠦᠷᠦ ᠳᠢᠭᠯᠢᠮ ᠲᠠᠢ ᠪᠠᠶᠢᠬᠤ ᠶᠢ ᠦᠷᠬᠦᠯᠵᠢᠯᠡᠨ ᠳᠦᠯᠬᠢᠨ ᠠᠬᠢᠭᠤᠯᠣᠨ᠎ᠠ᠃ | ᠨᠦᠬᠦᠳ ᠡ᠂ ᠢᠷᠡᠭᠡᠳᠦᠢ ᠬᠡᠬᠡᠨ ᠰᠠᠷᠠᠭᠤᠯ᠂ ᠵᠠᠮ ᠨᠢᠳᠦᠨ ᠡᠮᠦᠨ᠎ᠡ ᠪᠣᠢ᠃ ᠪᠢᠳᠡ ᠪᠦᠭᠦᠳᠡᠭᠡᠷ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ | ᠰᠠᠨᠠᠭᠠᠨ ᠤ ᠵᠢᠯᠣᠭᠤᠳᠣᠮᠵᠢ ᠳᠣᠣᠷ᠎ᠠ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠬᠢᠭᠡᠳ ᠠᠶᠢᠮᠠᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ᠂ ᠪᠦᠬᠦ ᠠᠶᠢᠮᠠᠭ ᠤᠨ ᠡᠯ᠎ᠡ | ᠦᠨᠳᠦᠰᠦᠳᠡᠨ ᠤ ᠺᠠᠳ᠋ᠷ ᠣᠯᠠᠨ ᠳᠦᠮᠡᠨ ᠢ ᠪᠦᠯᠬᠦᠮᠳᠡᠬᠦᠯᠦᠨ ᠳᠠᠭᠠᠭᠤᠯᠵᠦ ᠰᠠᠬᠢᠨ ᠪᠠᠷᠠᠯᠠᠵᠦ ᠬᠠᠷᠢᠯᠴᠠᠨ | ᠬᠠᠪᠰᠣᠷᠣᠯᠴᠠᠨ᠂ ᠪᠦᠯᠬᠦᠮᠳᠡᠨ ᠳᠡᠮᠡᠴᠡᠵᠦ᠂ ᠦᠵᠡᠯ ᠰᠠᠨᠠᠭ᠎ᠠ ᠪᠠᠨ ᠴᠢᠯᠣᠭᠡᠯᠡᠨ᠂ ᠨᠡᠬᠡᠬᠡᠨ ᠣᠷᠣᠭᠰᠢᠯᠠᠵᠦ ᠴᠢᠷᠮᠠᠶᠢᠨ | ᠳᠠᠪᠰᠢᠵᠦ᠂ ᠠᠯᠠᠱᠠ ᠶᠢᠨ ᠡᠯ᠎ᠡ ᠲᠦᠷᠦᠯ ᠤᠨ ᠠᠵᠢᠯ ᠦᠢᠯᠡᠰ ᠢ ᠳᠠᠰᠣᠷᠠᠯᠳᠠ ᠦᠭᠡᠢ ᠳᠦᠯᠬᠢᠨ ᠣᠷᠣᠭᠰᠢᠯᠠᠭᠤᠯᠵᠦ᠂ | ᠰᠢᠯᠢᠳᠡᠭ ᠠᠮᠵᠢᠯᠳᠠ ᠪᠠᠷ ᠢᠶᠠᠨ ᠰᠢᠨ᠎ᠡ ᠳᠣᠮᠳᠠᠳᠣ ᠣᠯᠣᠰ ᠪᠠᠶᠢᠭᠤᠯᠣᠭᠳᠠᠭᠰᠠᠨ 70 ᠵᠢᠯ ᠤᠨ ᠣᠢ ᠶᠢ ᠪᠠᠶᠠᠷᠯᠠᠨ | ᠪᠡᠯᠭᠡᠯᠡᠶ᠎ᠡ︕ | | |