ᠳᠠᠷᠢᠶᠠᠯᠠᠩ ᠮᠠᠯ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ ᠬᠦᠳᠡᠭᠡ ᠳᠣᠰᠬᠤᠨ | ᠮᠠᠯᠵᠢᠬᠤ ᠣᠷᠣᠨ ᠤ ᠬᠦᠭᠵᠢᠯᠳᠡ ᠶᠢᠨ ᠰᠢᠨ᠎ᠡ ᠬᠦᠳᠡᠯᠭᠡᠭᠴᠢ ᠡᠨᠧᠷᠬᠢ ᠶᠢ ᠪᠣᠶᠢᠵᠢᠭᠤᠯᠣᠨ᠎ᠠ | — ᠠᠶᠢᠮᠠᠭ ᠤᠨ ᠳᠠᠷᠢᠶᠠᠯᠠᠩ ᠮᠠᠯ ᠠᠵᠦ ᠠᠬᠤᠢ ᠪᠠ ᠬᠦᠳᠡᠭᠡ ᠳᠣᠰᠬᠤᠨ ᠮᠠᠯᠵᠢᠬᠤ | ᠣᠷᠣᠨ ᠤ ᠳᠣᠪᠴᠢᠶ᠎ᠠ ᠶᠢᠨ ᠨᠠᠮ ᠤᠨ ᠳᠣᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠧᠢ ᠰᠢᠶᠦ᠋ᠩ ᠾᠦᠢ | ᠶᠢ ᠰᠣᠷᠪᠣᠯᠵᠢᠯᠠᠭᠰᠠᠨ ᠨᠢ | | 《ᠠᠶᠢᠮᠠᠭ ᠤᠨ ᠨᠠᠮ ᠤᠨ ᠬᠤᠷᠢᠶᠠᠨ ᠤ(ᠦᠷᠭᠡᠳᠭᠡᠭᠰᠡᠨ)ᠬᠤᠷᠠᠯ ᠠᠴᠠ ᠳᠣᠷᠠᠳᠣᠭᠰᠠᠨ〈ᠵᠢᠷᠭᠤᠭ᠎ᠠ ᠶᠢ | ᠳᠡᠭᠡᠭᠰᠢᠯᠡᠬᠦᠯᠬᠦ〉ᠬᠠᠷᠠᠯᠳᠠ ᠨᠢ ᠪᠢᠳᠡᠨ ᠤ ᠣᠳᠣᠬᠠᠨ ᠤ ᠪᠠ ᠬᠤᠶᠢᠰᠢᠳᠠ ᠶᠢᠨ ᠠᠵᠢᠯ ᠢᠶᠠᠨ ᠦᠷᠨᠢᠬᠦᠯᠬᠦ ᠳᠤ | ᠴᠢᠭᠯᠡᠯ ᠢ ᠳᠣᠳᠣᠷᠬᠠᠶᠢᠯᠠᠵᠦ ᠦᠭᠪᠡ᠃ ᠪᠢᠳᠡ ᠬᠤᠷᠠᠯ ᠤᠨ ᠱᠠᠭᠠᠷᠳᠠᠯᠭ᠎ᠠ ᠶᠣᠰᠣᠭᠠᠷ ᠦᠨᠦ ᠵᠢᠯ ᠤᠨ ᠡᠯ᠎ᠡ ᠳᠦᠷᠦᠯ | ᠤᠨ ᠭᠤᠣᠯᠳᠠᠯᠭ᠎ᠠ ᠲᠠᠢ ᠠᠵᠢᠯ ᠢᠶᠠᠨ ᠣᠯᠠᠮ ᠨᠢᠬᠡ ᠠᠯᠬᠤᠮ ᠳᠣᠬᠢᠷᠠᠭᠤᠯᠣᠨ ᠪᠠᠶᠢᠷᠢᠯᠠᠭᠤᠯᠣᠨ᠎ᠠ᠃》ᠠᠶᠢᠮᠠᠭ ᠤᠨ | ᠳᠠᠷᠢᠶᠠᠯᠠᠩ ᠮᠠᠯ ᠠᠵᠦ ᠠᠬᠤᠢ ᠪᠠ ᠬᠦᠳᠡᠭᠡ ᠳᠣᠰᠬᠤᠨ ᠮᠠᠯᠵᠢᠬᠤ ᠣᠷᠣᠨ ᠤ ᠳᠣᠪᠴᠢᠶ᠎ᠠ ᠶᠢᠨ ᠨᠠᠮ ᠤᠨ | ᠳᠣᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠧᠢ ᠰᠢᠶᠦ᠋ᠩ ᠾᠦᠢ ᠰᠣᠷᠪᠣᠯᠵᠢᠯᠠᠭ᠎ᠠ ᠬᠦᠯᠢᠶᠡᠬᠦ ᠳᠡᠭᠡᠨ᠂ | ᠳᠠᠷᠢᠶᠠᠯᠠᠩ ᠮᠠᠯ ᠠᠵᠦ ᠠᠬᠤᠢ ᠶᠢᠨ ᠰᠠᠯᠠᠭ᠎ᠠ ᠮᠦᠴᠢᠷ ᠤᠨ ᠬᠢᠨ ᠬᠦᠳᠡᠭᠡ ᠳᠣᠰᠬᠤᠨ ᠢ ᠬᠦᠭᠵᠢᠬᠦᠯᠦᠨ | ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠳᠣᠳᠣᠭᠠᠳᠣ ᠠᠭᠤᠯᠣᠭᠳᠠᠬᠤᠨ ᠢ ᠴᠢᠩᠭ᠎ᠠ ᠡᠵᠡᠮᠰᠢᠵᠦ᠂ ᠣᠳᠣ ᠦᠶ᠎ᠡ | ᠶᠢᠨ ᠳᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ ᠶᠢᠨ ᠣᠨᠣᠯᠵᠢᠬᠤᠨ ᠢᠶᠠᠷ ᠳᠠᠷᠢᠶᠠᠯᠠᠩ ᠮᠠᠯ ᠠᠵᠦ ᠠᠬᠤᠢ ᠶᠢ | ᠵᠢᠯᠣᠭᠤᠳᠴᠦ᠂ ᠣᠳᠣ ᠦᠶ᠎ᠡ ᠶᠢᠨ ᠳᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠭᠡ ᠮᠡᠷᠭᠡᠵᠢᠯ ᠢᠶᠠᠷ ᠳᠠᠷᠢᠶᠠᠯᠠᠩ | ᠮᠠᠯ ᠠᠵᠦ ᠠᠬᠤᠢ ᠶᠢ ᠳᠡᠭᠡᠭᠰᠢᠯᠡᠬᠦᠯᠵᠦ᠂ ᠣᠳᠣ ᠦᠶ᠎ᠡ ᠶᠢᠨ ᠳᠠᠷᠢᠶᠠᠯᠠᠩ ᠮᠠᠯ ᠠᠵᠦ ᠠᠬᠤᠢ ᠶᠢᠨ ᠳᠣᠨᠤᠭ | ᠳᠦᠭᠦᠭᠡᠷᠦᠮᠵᠢ ᠪᠠᠷ ᠳᠠᠷᠢᠶᠠᠯᠠᠩ ᠮᠠᠯ ᠠᠵᠦ ᠠᠬᠤᠢ ᠶᠢ ᠳᠣᠨᠣᠭᠯᠠᠵᠦ᠂ ᠳᠠᠷᠢᠶᠠᠯᠠᠩ ᠮᠠᠯ ᠠᠵᠦ ᠠᠬᠤᠢ ᠶᠢᠨ | ᠪᠠᠷᠢᠮᠵᠢᠶᠠᠵᠢᠭᠰᠠᠨ ᠦᠢᠯᠡᠳᠪᠦᠷᠢᠯᠡᠯ᠂ ᠬᠡᠪᠴᠢᠶᠡᠵᠢᠭᠰᠡᠨ ᠬᠦᠭᠵᠢᠯᠳᠡ᠂ ᠠᠵᠦ ᠦᠢᠯᠡᠰᠵᠢᠭᠰᠡᠨ ᠡᠵᠡᠩᠨᠡᠯᠳᠡ᠂ | ᠨᠠᠷᠢᠯᠢᠭᠵᠢᠭᠤᠯᠣᠭᠰᠠᠨ ᠡᠳ᠋ᠰᠢᠬᠦᠯᠦᠯᠳᠡ᠂ ᠨᠡᠶᠢᠭᠡᠮᠴᠢᠯᠡᠭᠰᠡᠨ ᠦᠢᠯᠡᠴᠢᠯᠡᠭᠡ ᠶᠢ ᠳᠦᠯᠬᠢᠨ ᠠᠬᠢᠭᠤᠯᠵᠦ᠂ ᠳᠠᠷᠢᠶᠠᠯᠠᠩ | ᠮᠠᠯ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠣᠨ᠎ᠠ ᠬᠡᠵᠦ ᠶᠠᠷᠢᠵᠦ ᠪᠠᠶᠢᠯ᠎ᠠ᠃ | ᠦᠨᠦ ᠵᠢᠯ ᠤᠨ ᠠᠵᠢᠯ ᠤᠨ ᠳᠣᠬᠠᠢ ᠸᠧᠢ ᠰᠢᠶᠦ᠋ᠩ ᠾᠦᠢ ᠶᠠᠷᠢᠬᠤ ᠳᠠᠭᠠᠨ᠂ 2019 ᠣᠨ ᠳᠤ᠂ | ᠠᠶᠢᠮᠠᠭ ᠤᠨ ᠳᠠᠷᠢᠶᠠᠯᠠᠩ ᠮᠠᠯ ᠠᠵᠦ ᠠᠬᠤᠢ ᠪᠠ ᠬᠦᠳᠡᠭᠡ ᠳᠣᠰᠬᠤᠨ ᠮᠠᠯᠵᠢᠬᠤ ᠣᠷᠣᠨ ᠤ ᠳᠣᠪᠴᠢᠶ᠎ᠠ ᠶᠢᠨ | ᠬᠢᠨ《ᠪᠣᠬᠢᠷᠳᠣᠯ ᠦᠬᠡᠢ᠂ ᠣᠬᠢ ᠪᠦᠳᠦᠭᠡᠭᠳᠡᠬᠦᠨ ᠤ᠂ ᠳᠡᠭᠡᠳᠦ ᠳᠡᠰ ᠤᠨ》ᠳᠠᠷᠢᠶᠠᠯᠠᠩ ᠮᠠᠯ ᠠᠵᠦ ᠠᠬᠤᠢ ᠶᠢ | ᠪᠦᠬᠦ ᠬᠦᠴᠦᠨ ᠢᠶᠠᠷ ᠢᠶᠠᠨ ᠴᠣᠭᠴᠠᠯᠠᠵᠦ᠂ ᠠᠵᠦ ᠦᠢᠯᠡᠰ ᠤᠨ ᠬᠦᠭᠵᠢᠨ ᠮᠠᠨᠳᠣᠯᠳᠠ ᠶᠢ ᠰᠠᠶᠢᠳᠣᠷ ᠪᠡᠶᠡᠯᠡᠬᠦᠯᠦᠨ᠎ᠡ᠃ | ᠪᠣᠬᠢᠷᠳᠣᠯ ᠦᠬᠡᠢ ᠬᠦᠭᠵᠢᠯᠳᠡ ᠶᠢ ᠬᠦᠴᠦᠯᠡᠨ ᠠᠬᠢᠭᠤᠯᠵᠦ᠂ ᠳᠠᠷᠢᠶᠠᠯᠠᠩ ᠮᠠᠯ ᠠᠵᠦ ᠠᠬᠤᠢ ᠶᠢᠨ | ᠦᠷᠬᠦᠯᠵᠢᠯᠡᠬᠦᠶᠢᠴᠡ ᠬᠦᠭᠵᠢᠯᠳᠡ ᠶᠢᠨ ᠴᠢᠳᠠᠪᠣᠷᠢ ᠶᠢ ᠴᠢᠩᠭᠠᠷᠠᠭᠤᠯᠣᠨ᠎ᠠ᠃ ᠠᠵᠦ ᠦᠢᠯᠡᠰᠵᠢᠯᠳᠡ ᠪᠠ | ᠨᠡᠶᠢᠭᠡᠮᠴᠢᠯᠡᠯᠳᠡ ᠶᠢᠨ ᠠᠷᠭ᠎ᠠ ᠬᠡᠯᠪᠡᠷᠢ ᠪᠠᠷ ᠠᠮᠢ ᠠᠬᠤᠢ ᠶᠢᠨ ᠵᠠᠰᠠᠯᠳᠠ ᠶᠢ ᠠᠬᠢᠭᠤᠯᠬᠤ ᠶᠢ ᠰᠦᠪᠡᠭᠴᠢᠯᠡᠨ | ᠳᠡᠯᠭᠡᠷᠡᠬᠦᠯᠦᠨ᠎ᠡ᠃ ᠳᠠᠷᠢᠶᠠᠯᠠᠩ ᠮᠠᠯ ᠠᠵᠦ ᠠᠬᠤᠢ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ | ᠤᠨ ᠪᠦᠳᠦᠭᠡᠨ ᠪᠠᠶᠢᠭᠤᠯᠣᠯᠳᠠ ᠶᠢ ᠳᠦᠷᠭᠡᠳᠬᠡᠨ ᠠᠬᠢᠭᠤᠯᠵᠦ᠂《ᠭᠤᠷᠪᠠᠨ ᠪᠦᠳᠦᠭᠡᠭᠳᠡᠭᠦᠨ ᠨᠢᠬᠡ ᠳᠡᠮᠳᠡᠭ》 ᠤᠨ | ᠳᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠡᠷᠡᠴᠢᠯᠡᠨ ᠨᠣᠳᠠᠯᠠᠯᠳᠠ ᠶᠢᠨ ᠬᠦᠴᠦᠯᠡᠴᠡ ᠶᠢ | ᠨᠡᠮᠡᠭᠳᠡᠭᠦᠯᠵᠦ᠂ ᠳᠠᠷᠢᠶᠠᠯᠠᠩ ᠤᠨ ᠪᠦᠳᠦᠭᠡᠭᠳᠡᠬᠦᠨ ᠤ ᠶᠠᠰᠦ ᠴᠢᠨᠠᠷ ᠠᠮᠣᠷ ᠲᠦᠪᠰᠢᠨ ᠤ ᠬᠢᠨᠠᠨ ᠬᠠᠮᠢᠶᠠᠷᠣᠯᠳᠠ ᠶᠢᠨ | ᠳᠠᠪᠴᠠᠩ ᠤᠨ ᠪᠠᠶᠢᠭᠤᠯᠣᠯᠳᠠ ᠶᠢ ᠬᠦᠴᠦᠯᠡᠨ ᠴᠢᠩᠭᠠᠳᠬᠠᠨ᠎ᠠ᠃ ᠬᠦᠷᠦᠰᠦ ᠶᠢ ᠰᠢᠯᠭᠠᠵᠦ ᠪᠣᠷᠳᠣᠭᠤᠷ ᠢ | ᠳᠣᠬᠢᠷᠠᠭᠤᠯᠬᠤ ᠠᠵᠢᠯ ᠢ ᠦᠷᠬᠦᠯᠵᠢᠯᠡᠨ ᠰᠠᠶᠢᠳᠣᠷ ᠠᠳᠬᠤᠵᠦ᠂ ᠦᠨᠳᠦᠷ ᠦᠷ᠎ᠠ ᠠᠰᠢᠭ ᠪᠦᠬᠦᠢ᠂ ᠬᠤᠣᠷᠳᠠᠯ | ᠢᠶᠠᠷ ᠪᠠᠭ᠎ᠠ᠂ ᠦᠯᠡᠳᠡᠭᠳᠡᠯ ᠪᠠᠭ᠎ᠠ ᠳᠠᠷᠢᠶᠠᠨ ᠡᠮ ᠢ ᠳᠡᠯᠭᠡᠷᠡᠬᠦᠯᠵᠦ᠂ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ | ᠪᠠᠭᠠᠰᠬᠠᠬᠤ᠂ ᠳᠠᠷᠢᠶᠠᠨ ᠡᠮ ᠢ ᠪᠠᠭ᠎ᠠ ᠬᠡᠷᠡᠭᠯᠡᠬᠦ ᠢᠨᠵᠧᠨᠧᠷᠢᠩ ᠢ ᠬᠡᠷᠡᠭᠵᠢᠬᠦᠯᠦᠨ᠎ᠡ ᠬᠡᠪᠡ᠃ | ᠳᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠭᠡ ᠮᠡᠷᠭᠡᠵᠢᠯ ᠤᠨ ᠪᠡᠶ᠎ᠡ ᠪᠠᠨ ᠳᠠᠭᠠᠭᠠᠨ ᠰᠢᠨ᠎ᠡ ᠶᠢ ᠡᠭᠦᠳᠬᠦ | ᠶᠢ ᠳᠦᠷᠭᠡᠳᠬᠡᠵᠦ᠂ ᠣᠳᠣ ᠦᠶ᠎ᠡ ᠶᠢᠨ ᠳᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ ᠶᠢ ᠬᠦᠳᠦᠯᠦᠨ | ᠳᠠᠭᠠᠭᠤᠯᠣᠨ᠎ᠠ᠃ ᠨᠡᠶᠢᠭᠡᠮ ᠤᠨ ᠬᠦᠴᠦᠨ ᠤ ᠳᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠭᠡ ᠮᠡᠷᠭᠡᠵᠢᠯ ᠤᠨ | ᠰᠣᠳᠣᠯᠣᠨ ᠨᠡᠭᠡᠭᠡᠯᠳᠡ ᠳᠡᠯᠭᠡᠷᠡᠭᠦᠯᠦᠯᠳᠡ ᠳᠤ ᠣᠷᠣᠯᠴᠠᠬᠤ ᠶᠢ ᠳᠡᠮᠵᠢᠵᠦ᠂ ᠳᠠᠭᠠᠭᠤᠯᠣᠭᠴᠢ ᠠᠵᠦ ᠠᠬᠤᠶᠢᠯᠠᠯ ᠢ | ᠬᠦᠳᠦᠯᠦᠨ ᠵᠢᠯᠣᠭᠤᠳᠴᠦ ᠶᠡᠭᠡ ᠳᠡᠭᠡᠳᠦ ᠰᠣᠷᠭᠠᠭᠤᠯᠢ᠂ ᠰᠢᠨᠵᠢᠯᠡᠬᠦ ᠣᠬᠠᠭᠠᠨ ᠤ ᠰᠣᠳᠣᠯᠭᠠᠨ ᠤ ᠬᠦᠷᠢᠶᠡᠯᠡᠩ ᠲᠠᠢ | ᠨᠢᠭᠳᠠ ᠬᠠᠮᠵᠢᠯᠴᠠᠵᠦ᠂ ᠳᠠᠷᠢᠶᠠᠯᠠᠩ ᠮᠠᠯ ᠠᠵᠦ ᠠᠬᠤᠢ ᠰᠢᠨᠵᠢᠯᠡᠬᠦ ᠣᠬᠠᠭᠠᠨ ᠤ ᠰᠣᠳᠣᠯᠭᠠᠨ ᠰᠣᠷᠭᠠᠨ ᠬᠦᠮᠦᠵᠢᠯ᠂ | ᠦᠢᠯᠡᠳᠪᠦᠷᠢᠯᠡᠯ ᠰᠣᠷᠣᠯᠴᠠᠯᠭ᠎ᠠ ᠰᠣᠳᠣᠯᠭᠠᠨ ᠣᠶᠠᠯᠳᠣᠭᠰᠠᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ | ᠰᠢᠰᠲ᠋ᠧᠮᠵᠢ ᠶᠢ ᠪᠠᠶᠢᠭᠤᠯᠵᠦ᠂ ᠳᠡᠭᠡᠳᠦ ᠳᠡᠰ ᠤᠨ ᠳᠣᠰᠬᠠᠢ ᠮᠡᠷᠭᠡᠵᠢᠯ ᠤᠨ ᠴᠢᠳᠠᠪᠣᠷᠢᠳᠠᠨ ᠢ ᠬᠦᠮᠦᠵᠢᠬᠦᠯᠬᠦ ᠪᠠ | ᠣᠷᠢᠨ ᠵᠠᠯᠠᠵᠦ᠂ ᠬᠤᠣᠰ ᠪᠦᠬᠦᠳᠦ ᠳᠡᠮᠡᠭᠡ ᠵᠢᠴᠢ ᠴᠠᠭᠠᠨ ᠨᠣᠯᠣᠣᠷᠲᠣ ᠢᠮᠠᠭᠠᠨ ᠤ ᠠᠵᠦ ᠦᠢᠯᠡᠰ ᠤᠨ | ᠰᠣᠳᠣᠯᠭᠠᠨ ᠤ ᠬᠦᠷᠢᠶᠡᠯᠡᠩ ᠵᠡᠷᠭᠡ ᠰᠢᠨᠵᠢᠯᠡᠬᠦ ᠣᠬᠠᠭᠠᠨ ᠤ ᠰᠣᠳᠣᠯᠭᠠᠨ ᠨᠡᠭᠡᠭᠡᠯᠳᠡ ᠶᠢᠨ ᠦᠷ᠎ᠡ ᠪᠦᠳᠦᠭᠡᠯ ᠤᠨ | ᠣᠯᠠᠷᠢᠭᠤᠯᠣᠯᠳᠠ ᠶᠢᠨ ᠳᠠᠪᠴᠠᠩ ᠪᠠ ᠮᠡᠳᠡᠭᠡ ᠵᠠᠩᠬᠢ ᠶᠢᠨ ᠦᠢᠯᠡᠴᠢᠯᠡᠭᠡ ᠶᠢᠨ ᠳᠠᠪᠴᠠᠩ ᠤᠨ ᠪᠠᠶᠢᠭᠤᠯᠣᠯᠳᠠ ᠶᠢ | ᠳᠦᠷᠭᠡᠳᠬᠡᠵᠦ᠂ ᠳᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠬᠦ ᠱᠠᠭᠠᠷᠳᠠᠯᠭ᠎ᠠ ᠶᠢᠨ | ᠳᠣᠭᠤᠷᠢᠨ ᠳᠤ᠂ ᠭᠤᠣᠯᠳᠠᠯᠭ᠎ᠠ ᠲᠠᠢ ᠡᠳ᠋ᠰᠢᠬᠦᠯᠬᠦ ᠮᠡᠷᠭᠡᠵᠢᠯ ᠤᠨ ᠰᠣᠳᠣᠯᠭᠠᠨ ᠪᠠ ᠪᠣᠭᠤᠮᠳᠠ ᠰᠢᠪᠳᠣᠯᠬᠤ ᠶᠢ | ᠵᠣᠬᠢᠶᠠᠨ ᠪᠠᠶᠢᠭᠤᠯᠣᠨ ᠦᠷᠨᠢᠬᠦᠯᠦᠨ᠎ᠡ᠃《ᠳᠠᠷᠢᠶᠠᠯᠠᠩ ᠮᠠᠯ ᠠᠵᠦ ᠠᠬᠤᠢ ᠶᠢᠨ ᠮᠡᠷᠭᠡᠵᠢᠯ ᠤᠨ ᠠᠵᠢᠯᠳᠠᠨ ᠳᠣᠰᠬᠤᠨ | ᠢ ᠳᠠᠭᠠᠭᠠᠴᠢᠯᠠᠨ ᠡᠷᠦᠬᠡ ᠲᠠᠢ ᠬᠠᠷᠢᠯᠴᠠᠬᠤ》ᠰᠢᠨᠵᠢᠯᠡᠭᠡ ᠮᠡᠷᠭᠡᠵᠢᠯ ᠤᠨ ᠦᠢᠯᠡᠴᠢᠯᠡᠭᠡ ᠶᠢᠨ ᠬᠡᠪ ᠮᠠᠶ᠋ᠢᠭ᠂ | 《ᠳᠠᠷᠢᠶᠠᠯᠠᠩ ᠮᠠᠯ ᠠᠵᠦ ᠠᠬᠤᠢ ᠶᠢᠨ ᠴᠢᠳᠠᠪᠣᠷᠢᠳᠠᠨ+ ᠮᠡᠷᠭᠡᠵᠢᠯ ᠤᠨ ᠵᠢᠯᠣᠭᠤᠳᠣᠭᠴᠢ+ ᠰᠢᠨᠵᠢᠯᠡᠭᠡ ᠮᠡᠷᠭᠡᠵᠢᠯ | ᠤᠨ ᠵᠢᠱᠢᠶᠡᠴᠢ ᠡᠷᠦᠬᠡ+ ᠳᠠᠶᠢᠴᠢᠯᠠᠨ ᠳᠠᠭᠠᠭᠤᠯᠬᠤ ᠡᠷᠦᠬᠡ》ᠬᠡᠮᠡᠬᠦ ᠳᠡᠯᠭᠡᠷᠡᠬᠦᠯᠦᠨ ᠦᠢᠯᠡᠴᠢᠯᠡᠬᠦ ᠳᠣᠭᠳᠠᠴᠠ ᠶᠢ | ᠳᠡᠯᠭᠡᠷᠡᠬᠦᠯᠵᠦ᠂ ᠳᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠳᠦᠭᠡᠯ ᠢ ᠳᠠᠷᠢᠶᠠᠨ ᠵᠠᠬ᠎ᠠ ᠳᠤ | ᠣᠯᠠᠷᠢᠭᠤᠯᠣᠨ ᠬᠡᠷᠡᠭᠯᠡᠬᠦ ᠶᠢ ᠠᠬᠢᠭᠤᠯᠣᠨ᠎ᠠ᠃ ᠰᠢᠨᠵᠢᠯᠡᠭᠡ ᠮᠡᠷᠭᠡᠵᠢᠯ ᠤᠨ ᠦᠷ᠎ᠡ ᠪᠦᠳᠦᠭᠡᠯ ᠢ ᠦᠷ᠎ᠡ ᠠᠰᠢᠭ | ᠪᠣᠯᠭᠠᠨ ᠣᠯᠠᠷᠢᠭᠤᠯᠬᠤ᠂ ᠰᠢᠨᠵᠢᠯᠡᠭᠡ ᠮᠡᠷᠭᠡᠵᠢᠯ ᠤᠨ ᠠᠵᠢᠯᠳᠠᠨ ᠤ ᠳᠣᠰᠢᠶᠠᠯ ᠬᠠᠪᠰᠣᠷᠭᠠᠨ ᠴᠠᠯᠢᠩ ᠬᠦᠯᠦᠰᠦ | ᠠᠪᠬᠤ ᠵᠡᠷᠭᠡ ᠳᠦᠷᠢᠮ ᠳᠣᠭᠳᠠᠭᠠᠯ ᠢ ᠨᠠᠶᠢᠳᠠᠪᠣᠷᠢᠵᠢᠭᠤᠯᠣᠨ᠎ᠠ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ | ᠪᠠ ᠦᠷ᠎ᠡ ᠪᠦᠳᠦᠭᠡᠯ ᠤᠨ ᠣᠯᠠᠷᠢᠭᠤᠯᠣᠯᠳᠠ ᠵᠡᠷᠭᠡ ᠳᠠᠯ᠎ᠠ ᠶᠢᠨ ᠠᠵᠢᠯ ᠤᠨ ᠦᠷ᠎ᠡ ᠪᠦᠳᠦᠮᠵᠢ ᠶᠢᠨ ᠦᠨᠡᠯᠡᠯᠳᠡ ᠶᠢᠨ | ᠳᠣᠭᠳᠠᠴᠠ ᠶᠢ ᠳᠡᠬᠦᠯᠳᠡᠷᠵᠢᠬᠦᠯᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠦᠭᠰᠡᠨ ᠦᠷ᠎ᠡ ᠪᠦᠳᠦᠭᠡᠯ ᠢᠶᠠᠷ | ᠰᠢᠨᠵᠢᠯᠡᠬᠦ ᠣᠬᠠᠭᠠᠨ ᠤ ᠰᠣᠳᠣᠯᠭᠠᠨ ᠤ ᠠᠵᠢᠯᠳᠠᠨ ᠤ ᠮᠡᠷᠭᠡᠵᠢᠯ ᠤᠨ ᠴᠣᠯᠠ ᠶᠢᠨ ᠦᠨᠡᠯᠡᠨ ᠬᠢᠨᠠᠯᠳᠠ᠂ ᠠᠵᠢᠯ ᠤᠨ | ᠦᠷ᠎ᠡ ᠪᠦᠳᠦᠮᠵᠢ ᠶᠢᠨ ᠦᠨᠡᠯᠡᠯᠳᠡ ᠪᠠ ᠬᠢᠨᠠᠨ ᠰᠢᠯᠭᠠᠯᠳᠠ ᠣᠷᠮᠠᠰᠢᠭᠤᠯᠣᠯ ᠤᠨ ᠴᠢᠬᠤᠯᠠ ᠡᠰᠢ ᠪᠠᠷᠢᠮᠳᠠ ᠪᠣᠯᠭᠠᠨ᠎ᠠ᠃ | ᠪᠡᠶ᠎ᠡ ᠪᠠᠨ ᠳᠠᠭᠠᠭᠠᠨ ᠰᠢᠨ᠎ᠡ ᠶᠢ ᠡᠭᠦᠳᠬᠦ ᠴᠢᠳᠠᠪᠣᠷᠢ ᠪᠠ ᠠᠵᠦ ᠦᠢᠯᠡᠰ ᠤᠨ ᠶᠡᠷᠦᠩᠭᠡᠶᠢᠯᠡᠭᠰᠡᠨ ᠦᠷᠢᠰᠦᠯᠳᠦᠬᠦ | ᠬᠦᠴᠦᠨ ᠢ ᠳᠡᠭᠡᠭᠰᠢᠯᠡᠬᠦᠯᠵᠦ᠂ ᠨᠢᠬᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠦ ᠦᠢᠯᠡᠰ ᠤᠨ ᠠᠭᠤᠰᠣᠯᠴᠠᠭᠰᠠᠨ | ᠬᠦᠭᠵᠢᠯᠳᠡ ᠶᠢ ᠠᠬᠢᠭᠤᠯᠣᠨ᠎ᠠ ᠬᠡᠪᠡ᠃ | ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠶᠢ ᠬᠦᠨᠵᠡᠬᠡᠢ ᠬᠡᠷᠡᠭᠵᠢᠬᠦᠯᠬᠦ ᠶᠢ ᠠᠬᠢᠭᠤᠯᠵᠦ᠂ ᠬᠦᠳᠡᠭᠡ | ᠳᠣᠰᠬᠤᠨ ᠮᠠᠯᠵᠢᠬᠤ ᠣᠷᠣᠨ ᠤ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠎ᠡ᠃ ᠶᠠᠳᠠᠭᠤ ᠬᠦᠴᠢᠷᠳᠡᠯᠳᠡᠢ | ᠬᠦᠮᠦᠨ ᠠᠮᠠ ᠶᠢ ᠣᠨᠣᠪᠴᠢᠳᠠᠢ ᠪᠠᠷ ᠳᠦᠷᠦᠯ ᠬᠤᠪᠢᠶᠠᠨ ᠢᠯᠭᠠᠨ ᠳᠠᠨᠢᠬᠤ ᠶᠢ ᠣᠯᠠᠮ ᠨᠢᠬᠡ ᠠᠯᠬᠤᠮ | ᠴᠢᠩᠭᠠᠳᠬᠠᠵᠦ᠂ ᠬᠦᠳᠡᠯᠮᠦᠷᠢᠯᠡᠬᠦ ᠴᠢᠳᠠᠪᠣᠷᠢ ᠲᠠᠢ ᠪᠠ ᠬᠦᠳᠡᠯᠮᠦᠷᠢᠯᠡᠬᠦ ᠴᠢᠳᠠᠪᠣᠷᠢ ᠦᠬᠡᠢ ᠶᠠᠳᠠᠭᠤ ᠬᠦᠴᠢᠷᠳᠡᠯᠳᠡᠢ | ᠬᠦᠮᠦᠨ ᠠᠮᠠ ᠶᠢ ᠵᠦᠢ ᠵᠣᠬᠢᠰᠳᠠᠢ ᠢᠯᠭᠠᠵᠦ᠂ ᠪᠣᠳᠠᠳᠣ ᠪᠠᠶᠢᠳᠠᠯ ᠲᠠᠢ ᠨᠢ ᠣᠶᠠᠯᠳᠣᠭᠤᠯᠣᠨ ᠠᠵᠦ ᠦᠢᠯᠡᠰ ᠢᠶᠠᠷ | ᠶᠠᠳᠠᠭᠤ ᠶᠢ ᠣᠨᠣᠪᠴᠢᠳᠠᠢ ᠳᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠣᠨ᠎ᠠ᠃ ᠬᠦᠳᠡᠭᠡ ᠳᠣᠰᠬᠤᠨ ᠢ | ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠬᠦ ᠳᠣᠭᠤᠷᠢᠨ ᠳᠤ᠂ ᠦᠪᠡᠷᠳᠡᠭᠡᠨ ᠵᠠᠰᠠᠬᠤ | ᠣᠷᠣᠨ ᠤ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠰᠠᠭᠤᠷᠢ ᠮᠦᠩᠬᠦ ᠶᠢᠨ ᠬᠠᠨᠳᠣᠰᠢ ᠶᠢ ᠢᠳᠡᠪᠬᠢᠳᠡᠢ | ᠬᠦᠯᠢᠶᠡᠵᠦ᠂ ᠳᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰᠵᠢᠭᠰᠡᠨ ᠬᠦᠭᠵᠢᠯᠳᠡ ᠶᠢᠨ《1+6》ᠢᠵᠢ | ᠳᠦᠭᠦᠷᠵᠢᠬᠦᠯᠦᠭᠰᠡᠨ ᠳᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠦ᠂ ᠳᠠᠷᠢᠶᠠᠯᠠᠩ ᠮᠠᠯ ᠠᠵᠦ ᠠᠬᠤᠢ | ᠶᠢᠨ《ᠳᠠᠪᠣᠨ ᠶᠡᠭᠡ》ᠳᠠᠪᠠᠭᠤᠯᠢᠭ ᠣᠨᠴᠠᠯᠢᠭᠲᠣ ᠠᠵᠦ ᠦᠢᠯᠡᠰ ᠤᠨ ᠬᠦᠨᠵᠡᠬᠡᠢ ᠠᠭᠤᠰᠣᠯᠴᠠᠭᠰᠠᠨ ᠬᠦᠭᠵᠢᠯᠳᠡ | ᠶᠢ ᠳᠦᠯᠬᠢᠨ ᠠᠬᠢᠭᠤᠯᠵᠦ᠂ ᠮᠠᠯᠵᠢᠬᠤ ᠲᠠᠷᠢᠶᠠᠯᠠᠬᠤ ᠣᠷᠣᠨ ᠤ ᠠᠵᠦ ᠠᠬᠤᠢ ᠶᠢᠨ ᠬᠦᠭᠵᠢᠯᠳᠡ ᠶᠢᠨ ᠠᠮᠢᠵᠢᠷᠠᠯ | ᠤᠨ ᠬᠦᠴᠦᠨ ᠢ ᠦᠨᠡᠨᠬᠦ ᠴᠢᠩᠭᠠᠷᠠᠭᠤᠯᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠦᠷᠭᠦᠯᠵᠢᠯᠡᠨ ᠣᠷᠣᠯᠭ᠎ᠠ | ᠪᠠᠨ ᠨᠡᠮᠡᠭᠳᠡᠬᠦᠯᠵᠦ ᠴᠢᠨᠡᠭᠡᠯᠢᠭᠵᠢᠬᠦ ᠶᠢ ᠨᠢ ᠳᠠᠶᠢᠴᠢᠯᠠᠨ ᠳᠠᠭᠠᠭᠤᠯᠣᠨ᠎ᠠ᠃ ᠣᠯᠠᠨ ᠵᠦᠢᠯ ᠤᠨ ᠬᠡᠯᠪᠡᠷᠢ | ᠪᠦᠬᠦᠢ《ᠠᠵᠦ ᠠᠬᠤᠶᠢᠯᠠᠯ+》᠂《 ᠬᠤᠷᠰᠢᠶᠠᠵᠢᠯ+》ᠠᠰᠢᠭ ᠳᠣᠰᠠ ᠲᠠᠢ ᠨᠢ ᠬᠤᠯᠪᠣᠭᠳᠠᠭᠤᠯᠣᠭᠰᠠᠨ | ᠰᠢᠨ᠎ᠡ ᠳᠣᠭᠳᠠᠴᠠ ᠶᠢ ᠰᠦᠪᠡᠭᠴᠢᠯᠡᠵᠦ ᠪᠠᠶᠢᠭᠤᠯᠣᠨ᠂ ᠠᠵᠦ ᠠᠬᠤᠶᠢᠯᠠᠯ᠂ ᠬᠤᠷᠰᠢᠶᠠᠵᠢᠯ ᠵᠢᠴᠢ ᠮᠠᠯᠴᠢᠨ | ᠲᠠᠷᠢᠶᠠᠴᠢᠨ ᠤ ᠢᠳᠡᠪᠬᠢᠵᠢᠯ ᠢ ᠬᠦᠢᠴᠡᠳ ᠳᠠᠶᠢᠴᠢᠯᠠᠵᠦ᠂ ᠠᠵᠦ ᠠᠬᠤᠶᠢᠯᠠᠯ ᠤᠨ ᠦᠷ᠎ᠡ ᠠᠰᠢᠭ ᠢᠶᠠᠨ | ᠨᠡᠮᠡᠭᠳᠡᠭᠦᠯᠦᠨ᠂ ᠮᠠᠯᠴᠢᠨ ᠳᠠᠷᠢᠶᠠᠴᠢᠨ ᠣᠷᠣᠯᠭ᠎ᠠ ᠪᠠᠨ ᠨᠡᠮᠡᠭᠳᠡᠭᠦᠯᠬᠦ ᠬᠤᠣᠰ ᠢᠯᠠᠯᠳᠠ ᠶᠢ ᠠᠬᠢᠭᠤᠯᠣᠨ᠎ᠠ᠃ | ᠴᠢᠨᠡᠭᠡᠯᠢᠭᠵᠢᠯ ᠤᠨ ᠳᠠᠭᠠᠭᠤᠯᠣᠭᠴᠢ ᠪᠠ ᠬᠦᠳᠡᠯᠮᠦᠷᠢ ᠬᠦᠴᠦᠨ ᠤ ᠪᠣᠯᠪᠠᠰᠣᠷᠠᠯ ᠬᠦᠷᠳᠡᠨ ᠠᠵᠢᠯ ᠣᠯᠬᠤ ᠠᠵᠢᠯ ᠢ | ᠯᠠᠪᠳᠠᠭᠤᠨ ᠪᠠᠳᠣᠳᠠᠢ ᠰᠠᠶᠢᠳᠣᠷ ᠬᠢᠵᠦ᠂ ᠶᠠᠳᠠᠭᠤ ᠬᠦᠴᠢᠷᠳᠡᠯᠳᠡᠢ ᠡᠷᠦᠬᠡ ᠶᠢᠨ ᠪᠣᠯᠪᠠᠰᠣᠷᠠᠯ ᠬᠦᠷᠳᠡᠨ ᠠᠵᠢᠯ | ᠣᠯᠬᠤ ᠦᠷ᠎ᠡ ᠪᠦᠳᠦᠮᠵᠢ ᠶᠢ ᠳᠡᠭᠡᠭᠰᠢᠯᠡᠬᠦᠯᠦᠨ᠎ᠡ᠃ ᠳᠣᠬᠠᠶᠢᠯᠠᠭᠰᠠᠨ ᠠᠵᠢᠯ ᠤᠨ ᠮᠠᠯᠴᠢᠨ ᠲᠠᠷᠢᠶᠠᠴᠢᠨ ᠤ | ᠡᠩᠨᠡᠭᠡ ᠶᠢ ᠬᠦᠴᠦᠯᠡᠨ ᠬᠦᠮᠦᠵᠢᠬᠦᠯᠵᠦ᠂ ᠵᠢᠵᠢᠭ ᠠᠵᠦ ᠠᠬᠤᠶᠢᠯᠠᠯ ᠵᠡᠷᠭᠡ ᠳᠡᠮᠵᠢᠯᠭᠡ ᠶᠢᠨ ᠳᠦᠷᠦ ᠶᠢᠨ ᠪᠣᠳᠣᠯᠭ᠎ᠠ | ᠶᠢ ᠰᠠᠶᠢᠳᠣᠷ ᠬᠡᠷᠡᠭᠯᠡᠵᠦ᠂ ᠣᠨᠴᠠᠯᠢᠭᠲᠣ ᠠᠵᠦ ᠦᠢᠯᠡᠰ ᠪᠠ ᠲᠦᠷᠦᠯ ᠵᠦᠢᠯ ᠢ ᠬᠦᠭᠵᠢᠬᠦᠯᠵᠦ᠂ ᠶᠠᠳᠠᠭᠤ | ᠬᠦᠴᠢᠷᠳᠡᠯᠳᠡᠢ ᠮᠠᠯᠴᠢᠨ ᠳᠠᠷᠢᠶᠠᠴᠢᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠶᠢ ᠨᠢ ᠬᠦᠳᠦᠯᠦᠨ ᠵᠢᠯᠣᠭᠤᠳᠴᠦ | ᠳᠠᠶᠢᠴᠢᠯᠠᠨ᠎ᠠ ᠬᠡᠪᠡ᠃ | ᠬᠦᠳᠡᠭᠡ ᠳᠣᠰᠬᠤᠨ ᠮᠠᠯᠵᠢᠬᠤ ᠣᠷᠣᠨ ᠤ ᠦᠭᠡᠷᠡᠴᠢᠯᠡᠯᠳᠡ ᠶᠢ ᠳᠦᠯᠬᠢᠨ ᠠᠬᠢᠭᠤᠯᠵᠦ᠂ ᠲᠠᠷᠢᠶᠠᠯᠠᠩ ᠮᠠᠯ | ᠠᠵᠦ ᠠᠬᠤᠢ ᠬᠦᠳᠡᠭᠡ ᠳᠣᠰᠬᠤᠨ ᠮᠠᠯᠵᠢᠬᠤ ᠣᠷᠣᠨ ᠤ ᠳᠣᠳᠣᠭᠠᠳᠣ ᠬᠦᠳᠡᠯᠭᠡᠭᠴᠢ ᠬᠦᠴᠦᠨ ᠢ ᠬᠦᠭᠵᠢᠬᠡᠨ᠎ᠡ᠃ | ᠬᠦᠳᠡᠭᠡ ᠳᠣᠰᠬᠤᠨ ᠮᠠᠯᠵᠢᠬᠤ ᠣᠷᠣᠨ ᠤ ᠡᠯ᠎ᠡ ᠬᠦᠷᠢᠶ᠎ᠡ ᠴᠠᠷ᠎ᠠ ᠶᠢᠨ ᠦᠭᠡᠷᠡᠴᠢᠯᠡᠯᠳᠡ ᠶᠢ ᠬᠦᠴᠦᠯᠡᠨ | ᠬᠦᠨᠵᠡᠬᠡᠶᠢᠷᠡᠬᠦᠯᠵᠦ᠂ ᠪᠠᠶᠢᠭᠤᠯᠣᠯ ᠤᠨ ᠦᠭᠡᠷᠡᠴᠢᠯᠡᠯᠳᠡ ᠪᠠ ᠳᠣᠭᠳᠠᠴᠠ ᠶᠢᠨ ᠰᠢᠨᠡᠴᠢᠯᠡᠯᠳᠡ ᠪᠠᠷ ᠦᠨᠳᠦᠰᠦᠨ | ᠠᠷᠭ᠎ᠠ ᠵᠠᠮ ᠪᠣᠯᠭᠠᠬᠤ ᠶᠢ ᠪᠠᠷᠢᠮᠳᠠᠯᠠᠵᠦ᠂ ᠵᠠᠬ᠎ᠠ ᠳᠡᠯᠭᠡᠭᠦᠷ᠂ ᠡᠯᠧᠮᠧᠨ᠋ᠲ᠂ ᠭᠤᠣᠯ ᠴᠣᠭᠴᠠ ᠶᠢ ᠪᠦᠬᠦ ᠲᠠᠯ᠎ᠠ ᠪᠠᠷ | ᠠᠮᠢᠳᠣᠯᠢᠭᠵᠢᠭᠤᠯᠵᠦ᠂ ᠬᠦᠳᠡᠭᠡ ᠠᠵᠦ ᠠᠬᠤᠢ ᠬᠦᠳᠡᠭᠡ ᠳᠣᠰᠬᠤᠨ ᠤ ᠬᠦᠭᠵᠢᠯᠳᠡ ᠶᠢᠨ ᠰᠢᠨ᠎ᠡ ᠬᠦᠳᠡᠯᠭᠡᠭᠴᠢ | ᠡᠨᠧᠷᠬᠢ ᠶᠢ ᠬᠦᠴᠦᠯᠡᠨ ᠪᠣᠶᠢᠵᠢᠭᠤᠯᠣᠨ᠎ᠠ᠃ ᠬᠦᠳᠡᠭᠡ ᠳᠣᠰᠬᠤᠨ ᠮᠠᠯᠵᠢᠬᠤ ᠣᠷᠣᠨ ᠤ ᠬᠠᠮᠳᠣ ᠶᠢᠨ ᠦᠮᠴᠢᠯᠡᠯ ᠤᠨ | ᠳᠦᠷᠢᠮ ᠤᠨ ᠦᠭᠡᠷᠡᠴᠢᠯᠡᠯᠳᠡ ᠶᠢ ᠳᠦᠷᠭᠡᠳᠬᠡᠨ ᠠᠬᠢᠭᠤᠯᠵᠦ᠂《ᠭᠤᠷᠪᠠᠨ ᠡᠷᠬᠡ ᠶᠢ ᠰᠠᠯᠭᠠᠬᠤ》 ᠶᠢ | ᠳᠡᠯᠭᠡᠷᠡᠬᠦᠯᠵᠦ᠂ ᠡᠵᠡᠩᠨᠡᠯᠳᠡ ᠶᠢᠨ ᠡᠷᠬᠡ ᠶᠢᠨ ᠡᠮᠬᠢ ᠵᠢᠷᠣᠮ ᠲᠠᠢ ᠰᠢᠯᠵᠢᠬᠦ ᠶᠢ ᠠᠬᠢᠭᠤᠯᠣᠨ᠎ᠠ᠃ ᠬᠦᠳᠡᠭᠡ | ᠳᠣᠰᠬᠤᠨ ᠮᠠᠯᠵᠢᠬᠤ ᠣᠷᠣᠨ ᠤ ᠮᠦᠩᠬᠦᠨ ᠬᠦᠢᠯᠭᠡᠭᠡ ᠶᠢᠨ ᠳᠦᠷᠢᠮ ᠤᠨ ᠰᠢᠨᠡᠴᠢᠯᠡᠯᠳᠡ ᠶᠢ ᠴᠢᠩᠭᠠᠳᠬᠠᠵᠦ᠂ | ᠠᠯᠠᠱᠠ ᠶᠢᠨ《ᠵᠠᠰᠠᠭ ᠪᠠᠩᠬᠢ ᠳᠠᠭᠠᠳᠬᠠᠯ》ᠬᠤᠷᠰᠢᠯᠴᠠᠭᠰᠠᠨ ᠳᠠᠷᠢᠶᠠᠯᠠᠩ ᠮᠠᠯ ᠠᠵᠦ ᠠᠬᠤᠢ ᠶᠢᠨ ᠵᠢᠭᠡᠯᠡᠯᠭᠡ᠂ | ᠦᠪᠦᠷ ᠮᠣᠩᠭᠤᠯ ᠤᠨ ᠼᠠᠢ ᠰᠢᠨ ᠳᠠᠷᠢᠶᠠᠯᠠᠩ ᠤᠨ ᠢᠳᠡᠭᠡᠮᠵᠢᠳᠦ ᠵᠢᠭᠡᠯᠡᠯᠭᠡ ᠪᠠᠳᠣᠯᠠᠭ᠎ᠠ ᠵᠡᠷᠭᠡ ᠳᠣᠷᠰᠢᠯᠳᠠ ᠶᠢᠨ | ᠴᠡᠭ ᠤᠨ ᠠᠵᠢᠯ ᠢ ᠪᠦᠬᠦ ᠳᠠᠯ᠎ᠠ ᠪᠠᠷ ᠦᠷᠨᠢᠬᠦᠯᠵᠦ᠂ ᠪᠡᠯᠡ ᠳᠣᠬᠢᠷᠠᠭᠤᠯᠬᠤ ᠬᠡᠪᠴᠢᠶ᠎ᠡ ᠶᠢ ᠦᠷᠭᠡᠳᠬᠡᠵᠦ᠂ | ᠨᠡᠶᠢᠭᠡᠮ ᠤᠨ ᠪᠡᠯᠡ ᠬᠦᠷᠦᠩᠬᠡ ᠳᠠᠷᠢᠶᠠᠯᠠᠩ ᠮᠠᠯ ᠠᠵᠦ ᠠᠬᠤᠢ ᠶᠢᠨ ᠣᠨᠴᠠᠯᠢᠭᠲᠣ ᠠᠵᠦ ᠦᠢᠯᠡᠰᠵᠢᠭᠰᠡᠨ | ᠬᠦᠭᠵᠢᠯᠳᠡ ᠳᠤ ᠪᠡᠯᠡ ᠣᠷᠣᠭᠤᠯᠬᠤ ᠶᠢ ᠵᠣᠷᠢᠭᠵᠢᠭᠤᠯᠵᠦ᠂ ᠳᠠᠭᠠᠭᠤᠯᠣᠭᠴᠢ ᠠᠵᠦ ᠠᠬᠤᠶᠢᠯᠠᠯ ᠤᠨ ᠳᠠᠷᠢᠶᠠᠯᠠᠩ | ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠴᠠᠭ ᠳᠣᠬᠠᠢ ᠳᠤᠨᠢ ᠬᠤᠳᠠᠯᠳᠣᠨ ᠠᠪᠬᠤ᠂ ᠡᠳ᠋ᠰᠢᠬᠦᠯᠦᠨ | ᠪᠣᠯᠪᠠᠰᠣᠷᠠᠭᠤᠯᠬᠤ᠂ ᠡᠵᠡᠩᠨᠡᠬᠦ ᠶᠢ ᠳᠡᠮᠵᠢᠵᠦ᠂ ᠳᠠᠷᠢᠶᠠᠯᠠᠩ ᠮᠠᠯ ᠠᠵᠦ ᠠᠬᠤᠢ ᠶᠢᠨ ᠰᠢᠨ᠎ᠡ ᠬᠡᠯᠪᠡᠷᠢ ᠶᠢᠨ | ᠡᠵᠡᠩᠨᠡᠯᠳᠡ ᠶᠢᠨ ᠭᠤᠣᠯ ᠴᠣᠭᠴᠠ ᠶᠢᠨ ᠪᠡᠯᠡ ᠳᠣᠬᠢᠷᠠᠭᠤᠯᠬᠤ ᠳᠤ ᠬᠦᠴᠢᠷ᠂ ᠪᠡᠯᠡ ᠳᠣᠬᠢᠷᠠᠭᠤᠯᠬᠤ ᠳᠤ ᠦᠨᠡᠳᠡᠢ | ᠪᠠᠶᠢᠬᠤ ᠠᠰᠠᠭᠤᠳᠠᠯ ᠢ ᠪᠦᠳᠦᠮᠵᠢᠳᠡᠢ ᠬᠦᠩᠭᠡᠷᠡᠬᠦᠯᠦᠨ᠎ᠡ ᠬᠡᠪᠡ᠃ |