ᠰᠣᠶᠣᠯ ᠳᠡᠣᠭᠡ ᠶᠢᠨ ᠳᠣᠰᠬᠠᠢ ᠠᠵᠢᠯᠳᠠᠨ ᠢ ᠣᠷᠢᠨ ᠳᠣᠮᠢᠯᠠᠬᠤ ᠵᠢᠴᠢ ︽ᠱᠠᠩᠬᠠᠢ ᠶᠢᠨ ᠦᠨᠣᠴᠢᠨ ᠭᠡᠣᠭᠡᠳ ᠤᠳ ᠠᠯᠠᠱᠠ ᠳᠤ︾ ᠭᠡᠮᠡᠬᠦ ᠳᠡᠣᠭᠡᠨ ᠮᠠᠲ᠋ᠧᠷᠢᠶᠠᠯ ᠢ ᠴᠤᠭᠯᠠᠭᠤᠯᠬᠤ ᠠᠵᠢᠯ ᠡᠬᠢᠯᠡᠯ᠎ᠠ
ᠨᠡᠶᠢᠲᠡᠯᠡᠭᠰᠡᠨ ᠴᠠᠭ᠄
2019/3/26
     ᠮᠠᠨ ᠤ ᠠᠶᠢᠮᠠᠭ ᠤᠨ ᠰᠣᠶᠣᠯ ᠳᠡᠣᠭᠡ ᠶᠢᠨ ᠳᠣᠰᠬᠠᠢ ᠠᠵᠢᠯᠳᠠᠨ ᠢ ᠣᠷᠢᠨ ᠳᠣᠮᠢᠯᠠᠬᠤ ᠵᠢᠴᠢ ︽ᠱᠠᠩᠬᠠᠢ ᠶᠢᠨ ᠦᠨᠣᠴᠢᠨ ᠭᠡᠣᠭᠡᠳ ᠤᠳ ᠠᠯᠠᠱᠠ ᠳᠤ︾ ᠭᠡᠮᠡᠬᠦ ᠳᠡᠣᠭᠡᠨ ᠮᠠᠲ᠋ᠧᠷᠢᠶᠠᠯ ᠢ ᠡᠯᠰᠡᠨ ᠴᠤᠭᠯᠠᠭᠤᠯᠬᠤ ᠠᠵᠢᠯ ᠤᠢᠢᠷ᠎ᠠ ᠶᠢᠨ ᠡᠳᠦᠷ ᠡᠬᠢᠯᠡᠭᠰᠡᠨ ᠪᠠᠶᠢᠨ᠎ᠠ᠃            ᠲᠤᠰ ᠤᠳᠠᠭ᠎ᠠ᠂ ᠳ᠋ᠣᠷᠬᠢ ᠵᠡᠷᠭᠡ 21 ᠨᠦᠬᠦᠷ ᠢ ᠣᠯᠣᠰ ᠳᠦᠷᠤ ᠶᠢᠨ ᠵᠦᠪᠯᠡᠯᠭᠡᠨ ᠤ ᠰᠣᠶᠣᠯ ᠳᠡᠣᠭᠡ ᠶᠢᠨ ᠳᠣᠰᠬᠠᠢ ᠠᠵᠢᠯᠳᠠᠨ ᠢᠶᠠᠷ ᠣᠷᠢᠨ ᠭᠡᠷᠡᠭᠯᠡᠬᠦ ᠪᠠᠷ ᠪᠤᠯᠵᠦ᠂ ᠠᠶᠢᠮᠠᠭ ᠤᠨ ᠣᠯᠣᠰ ᠳᠦᠷᠤ ᠶᠢᠨ ᠵᠦᠪᠯᠡᠯᠭᠡᠨ ᠤ ᠳᠡᠷᠢᠬᠦᠯᠡᠭᠴᠢ ᠸᠧᠢ ᠭᠥᠸᠧ ᠴᠢᠤᠸᠠᠨ ᠠᠴᠠ ᠰᠣᠶᠣᠯ ᠳᠡᠣᠭᠡ ᠶᠢᠨ ᠳᠣᠰᠬᠠᠢ ᠠᠵᠢᠯᠳᠠᠨ ᠳᠤ ᠦᠨᠡᠮᠯᠡᠯ ᠳᠠᠷᠬᠠᠭᠠᠬᠤ ᠶᠢᠨ ᠬᠠᠮᠲᠦ᠂ ︽ᠮᠠᠩᠬᠠᠨ ᠳᠠᠬᠢ ᠬᠠᠶᠢᠷ᠎ᠠ — ᠱᠠᠩᠬᠠᠢ ᠶᠢᠨ ᠦᠨᠣᠴᠢᠨ ᠭᠡᠣᠭᠡᠳ ᠤᠳ ᠠᠯᠠᠱᠠ ᠳᠤ︾ ᠭᠡᠮᠡᠬᠦ ᠳᠡᠣᠭᠡᠨ ᠮᠠᠲ᠋ᠧᠷᠢᠶᠠᠯ ᠢ ᠡᠯᠰᠡᠨ ᠴᠣᠭᠯᠠᠭᠤᠯᠬᠤ ᠡᠬᠢᠯᠡᠯᠳᠡ ᠶᠢᠨ ᠶᠣᠰᠣᠯᠠᠯ ᠢ ᠶᠠᠪᠣᠭᠳᠠᠭᠤᠯᠪᠠ᠃            ᠠᠶᠢᠮᠠᠭ ᠤᠨ ᠣᠯᠣᠰ ᠳᠦᠷᠤ ᠶᠢᠨ ᠵᠦᠪᠯᠡᠯᠭᠡᠨ ᠠᠴᠠ᠂ ᠰᠣᠶᠣᠯ ᠳᠡᠣᠭᠡ ᠶᠢᠨ ᠮᠠᠲ᠋ᠧᠷᠢᠶᠠᠯ ᠤᠨ ᠠᠵᠢᠯ ᠨᠢ ᠣᠯᠣᠰ ᠳᠦᠷᠤ ᠶᠢᠨ ᠵᠦᠪᠯᠡᠯᠭᠡᠨ ᠤ ᠠᠵᠢᠯ ᠤᠨ ᠴᠢᠬᠤᠯᠠ ᠪᠦᠷᠢᠯᠳᠦᠬᠦᠨ ᠭᠡᠰᠡᠭ᠂ ᠣᠷᠣᠨ ᠨᠣᠳᠤᠭ ᠤᠨ ᠰᠣᠶᠣᠯ ᠳᠡᠣᠭᠡ ᠶᠢ ᠳᠡᠮᠳᠡᠭᠯᠡᠬᠦ  ᠰᠠᠭᠤᠷᠢᠯᠠᠭᠴᠢ ᠴᠢᠨᠠᠷᠳᠠᠢ ᠠᠵᠢᠯ ᠪᠤᠯᠬᠤᠷ᠂ ᠰᠣᠶᠣᠯ ᠳᠡᠣᠭᠡ ᠶᠢᠨ ᠮᠠᠲ᠋ᠧᠷᠢᠶᠠᠯ ᠤᠨ ᠣᠨᠴᠠᠯᠢᠭ ᠪᠠ ᠦᠢᠯᠡᠳᠦᠯ ᠢ ᠪᠠᠳᠠᠷᠠᠭᠤᠯᠤᠨ᠂ ᠳᠠᠨᠢᠯᠳᠠ ᠪᠠᠨ ᠳᠡᠭᠡᠭᠰᠢᠯᠡᠬᠦᠯᠵᠦ᠂ ᠠᠭᠤᠯᠭ᠎ᠠ ᠪᠠ ᠮᠥᠨ ᠴᠢᠨᠠᠷ ᠢ ᠳᠦᠷᠢᠮᠵᠢᠬᠦᠯᠦᠨ᠂ ᠰᠣᠶᠣᠯ ᠳᠡᠣᠭᠡ ᠶᠢᠨ ᠮᠠᠲ᠋ᠧᠷᠢᠶᠠᠯ ᠤᠨ ᠵᠣᠬᠢᠶᠠᠨ ᠪᠢᠴᠢᠯᠭᠡ ᠶᠢᠨ ᠵᠠᠷᠴᠢᠮ ᠤᠨ ᠰᠠᠬᠢᠯᠭ᠎ᠠ ᠪᠠᠳᠤ ᠶᠢ ᠴᠢᠩᠭ᠎ᠠ ᠵᠢᠷᠤᠮᠯᠠᠬᠤ ᠬᠡᠷᠡᠭᠳᠡᠢ᠃ ︽ᠱᠠᠩᠬᠠᠢ ᠶᠢᠨ ᠦᠨᠣᠴᠢᠨ ᠭᠡᠣᠭᠡᠳ ᠤᠳ ᠠᠯᠠᠱᠠ ᠳᠤ︾ ᠭᠡᠮᠡᠬᠦ ᠳᠡᠣᠭᠡᠨ ᠮᠠᠲ᠋ᠧᠷᠢᠶᠠᠯ ᠢ ᠡᠯᠰᠡᠨ ᠴᠣᠭᠯᠠᠭᠤᠯᠬᠤ ᠠᠵᠢᠯ ᠢ ᠬᠦᠨᠳᠦᠳᠬᠡᠨ ᠦᠵᠡᠵᠦ᠂ ᠡᠯ᠎ᠡ ᠬᠤᠰᠢᠭᠤᠨ ᠤ ᠣᠯᠣᠰ ᠳᠦᠷᠤ ᠶᠢᠨ ᠵᠦᠪᠯᠡᠯᠭᠡᠨ ᠤ ᠬᠢᠨ ᠲᠤᠰᠠᠯᠠᠨ ᠳᠠᠮᠵᠢᠵᠣ᠂ ᠰᠣᠶᠣᠯ ᠳᠡᠣᠭᠡ ᠶᠢᠨ ᠳᠣᠰᠬᠠᠢ ᠠᠵᠢᠯᠳᠠᠳ ᠪᠡᠯᠡᠳᠬᠡᠯ ᠠᠵᠢᠯ ᠢᠶᠠᠨ ᠰᠠᠶᠢᠳᠦᠷ ᠦᠷᠨᠢᠬᠦᠯᠦᠨ᠂ ᠳᠡᠣᠭᠡᠨ ᠶᠠᠪᠣᠳᠠᠯ ᠢ ᠰᠠᠶᠢᠳᠣᠷ ᠳᠡᠮᠳᠡᠭᠯᠡᠬᠦ ᠭᠡᠷᠡᠭᠳᠡᠢ ᠭᠡᠵᠦ ᠱᠠᠭᠠᠷᠳᠠᠪᠠ᠃      ᠳᠣᠰ ᠣᠳᠠᠭᠠᠨ ᠤ ᠳᠡᠣᠭᠡᠨ ᠮᠠᠲ᠋ᠧᠷᠢᠶᠠᠯ ᠢ ᠡᠯᠰᠡᠨ ᠴᠣᠭᠯᠠᠭᠤᠯᠬᠤ ᠠᠵᠢᠯ ᠪᠤᠯ ᠠᠶᠢᠮᠠᠭ ᠤᠨ ᠣᠯᠣᠰ ᠳᠦᠷᠤ ᠶᠢᠨ ᠵᠦᠪᠯᠡᠯᠭᠡᠨ ᠤ ᠳᠡᠣᠭᠡᠨ ᠳᠠᠬᠢ ᠭᠡᠪᠴᠢᠶ᠎ᠠ ᠪᠠᠷ ᠨᠡᠯᠢᠶᠡᠳ ᠶᠡᠭᠡ ᠨᠢᠭᠡᠨ ᠳᠦᠷᠦᠯ ᠤᠨ ᠠᠵᠢᠯ ᠮᠦᠷᠳᠡᠬᠡᠨ ᠳᠠᠯ᠎ᠠ ᠨᠣᠳᠤᠭ ᠤᠨ ᠰᠣᠶᠣᠯ ᠤᠨ ᠨᠠᠭᠡᠭᠡᠯᠳᠠᠳᠤ ᠴᠢᠨᠠᠷ ᠪᠠ ᠪᠠᠭᠳᠠᠭᠠᠮᠵᠢᠳᠣ ᠴᠢᠨᠠᠷ ᠢ ᠢᠯᠡᠷᠡᠬᠦᠯᠣᠨ᠂ ᠮᠣᠩᠭᠤᠯᠴᠣᠳ ᠤᠨ ᠠᠭᠤᠳᠠᠮᠴᠢ ᠰᠡᠳᠬᠢᠯ ᠤᠨ ᠭᠡᠷᠡᠴᠢ ᠪᠣᠯᠬᠤ ᠶᠤᠮ᠃ ᠲᠡᠦᠬᠡᠨ ᠮᠠᠲ᠋ᠧᠷᠢᠶᠠᠯ ᠢ ᠡᠯᠰᠡᠨ ᠴᠣᠭᠯᠠᠭᠤᠯᠬᠤ ᠶᠠᠪᠤᠴᠠ ᠳᠤ ᠱᠠᠩᠬᠠᠢ ᠶᠢᠨ ᠥᠨᠥᠴᠢᠨ ᠬᠡᠦᠬᠡᠳ ᠤᠨ ᠠᠮᠢᠳᠤᠷᠠᠯ ᠲᠣᠬᠢᠶᠠᠯᠳᠤᠯ᠂ ᠱᠠᠩᠬᠠᠢ ᠠᠴᠠ ᠠᠯᠠᠱᠠ ᠳᠤ ᠢᠷᠡᠭᠰᠡᠨ ᠪᠤᠶᠤ ᠪᠠᠶᠠᠨᠨᠠᠭᠤᠷ ᠤᠨ ᠦᠨᠣᠴᠢᠨ ᠭᠡᠣᠭᠡᠳ ᠤᠨ ᠬᠦᠷᠢᠶᠡᠯᠡᠩ ᠠᠴᠠ ᠠᠯᠠᠱᠠ ᠳᠤ ᠢᠷᠡᠭᠰᠡᠨ ᠨᠠᠷᠢᠨ ᠶᠠᠪᠣᠴᠠ᠂ ᠠᠰᠠᠷᠠᠮᠠᠯ ᠠᠪᠤ ᠡᠵᠢ᠂ ᠪᠠᠶᠢᠳᠠᠯ ᠢ ᠮᠡᠳᠡᠬᠦ ᠬᠦᠷᠰᠢ ᠵᠡᠷᠭᠡᠯᠡᠳᠡᠭᠡ᠂ ᠠᠬ᠎ᠠ ᠳᠡᠬᠦᠣ ᠶᠢᠨ ᠦᠨᠳᠦᠰᠣᠨ ᠪᠠᠶᠢᠳᠠᠯ᠂ ᠠᠮᠢᠳᠣᠷᠠᠯ ᠰᠣᠷᠣᠯᠭ᠎ᠠ ᠠᠴᠠ ᠦᠭᠰᠦᠬᠦᠯᠦᠨ᠂ ᠳᠣᠰ ᠬᠦᠮᠦᠨ ᠤ ᠤᠳᠤᠬᠠᠨ ᠤ ᠪᠠᠶᠢᠳᠠᠯ᠂ ᠬᠤᠵᠢᠮ ᠤᠨ ᠳᠦᠯᠦᠪᠯᠡᠭᠡ ᠵᠢᠴᠢ ᠬᠦᠰᠡᠯ ᠢ ᠭᠤᠣᠯᠳᠠᠯᠭ᠎ᠠ ᠲᠠᠢ ᠰᠣᠷᠪᠤᠯᠵᠢᠯᠠᠬᠤ ᠪᠠᠷ ᠪᠤᠢ᠃ ᠳᠣᠬᠠᠢ ᠶᠢᠨ ᠵᠢᠯ ᠳᠤ᠂ ᠮᠠᠨ ᠤ ᠠᠶᠢᠮᠠᠭ ᠤᠨ ᠬᠡᠰᠡᠭ ᠬᠡᠷ ᠪᠦᠯᠢ ᠶᠢᠨ ᠬᠢᠨ ᠱᠠᠩᠬᠠᠢ ᠬᠤᠳᠠ ᠶᠢᠨ 30 ᠭᠠᠷᠤᠢ ᠦᠨᠦᠴᠢᠨ ᠬᠡᠤᠬᠡᠳ ᠢ ᠠᠰᠠᠷᠠᠨ ᠠᠪᠴᠦ᠂ ᠤᠳᠤᠬᠠᠨ ᠳᠤ 21 ᠬᠦᠮᠦᠨ ᠲᠠᠢ ᠬᠠᠷᠢᠴᠠᠭ᠎ᠠ ᠠᠪᠤᠭᠰᠠᠨ ᠪᠠᠶᠢᠨ᠎ᠠ᠃                                                         (ᠵᠣᠬᠢᠶᠠᠭᠴᠢ᠄ ᠨᠠᠷᠠᠨ᠎ᠠ)  
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号