ᠪᠠᠳᠠᠢ ᠶᠢᠨ ᠵᠢᠷᠠᠨ ᠤ ᠡᠷᠳᠡᠨ ᠤ ᠲᠡᠦᠬᠡ
ᠨᠡᠶᠢᠲᠡᠯᠡᠭᠰᠡᠨ ᠴᠠᠭ᠄
2019/3/26
     ᠪᠠᠳᠠᠢ ᠶᠢᠨ ᠵᠢᠷᠠᠨ ᠡᠷᠳᠡ ᠨᠢᠬᠡᠨ ᠭᠠᠯᠪᠠ ᠶᠢᠨ ᠦᠶ᠎ᠠ ᠳᠤ ᠠᠪᠤᠷᠭᠤ ᠬᠦᠷᠪᠡᠯ ᠤᠨ ᠵᠤᠬᠢᠴᠠᠨ ᠠᠮᠢᠳᠤᠷᠠᠬᠤ ᠦᠯᠦᠬᠡᠢ ᠨᠤᠳᠤᠭ ᠨᠢ ᠪᠠᠶᠢᠵᠠᠢ᠃ ᠨᠤᠳᠤᠭ ᠤᠨ ᠬᠦᠮᠦᠰ ᠪᠠᠳᠠᠢ ᠶᠢᠨ ᠵᠢᠷᠠᠨ ᠤ ᠬᠡᠰᠡᠭ ᠭᠠᠵᠠᠷ ᠠᠴᠠ ᠠᠪᠤᠷᠭᠤ ᠬᠦᠷᠪᠡᠯ ᠤᠨ ᠴᠢᠯᠠᠭᠤᠵᠢᠮᠠᠯ ᠢᠯᠡᠷᠡᠬᠦᠯᠦᠭᠰᠡᠨ ᠪᠠᠶᠢᠨ᠎ᠠ᠃ ᠪᠠᠳᠠᠢ ᠶᠢᠨ ᠵᠢᠷᠠᠨ ᠤ ᠰᠢᠭᠤᠢ ᠶᠢᠨ ᠭᠤᠤᠯ ᠤᠨ ᠪᠠᠷᠠᠭᠤᠨ ᠲᠠᠯ᠎ᠠ ᠳᠤ ᠪᠠᠶᠢᠭ᠎ᠠ ᠰᠢᠷᠤᠢ ᠶᠢᠨ ᠨᠢᠷᠤᠭᠤᠨ ᠭᠡᠳᠡᠭ ᠭᠠᠵᠠᠷ ᠠᠴᠠ ᠲᠡᠬᠡᠷ᠎ᠠ ᠵᠠᠭᠤᠨ ᠤ ᠲᠠᠪᠢᠭᠠᠳ ᠤᠨ ᠤ ᠦᠶ᠎ᠠ ᠪᠠᠷ ᠨᠤᠳᠤᠭ ᠤᠨ ᠬᠦᠮᠦᠰ ᠠᠪᠤᠷᠭᠤ ᠬᠦᠷᠪᠡᠯ ᠤᠨ ᠴᠢᠯᠠᠭᠤᠵᠢᠮᠠᠯ ᠢ ᠢᠯᠡᠷᠡᠬᠦᠯᠵᠠᠢ︔1970 ᠤᠨ ᠤ ᠨᠠᠮᠤᠷ ᠪᠠᠳᠠᠢ ᠶᠢᠨ ᠵᠢᠷᠠᠨ ᠳᠤ ᠮᠠᠯ ᠬᠠᠷᠢᠭᠤᠯᠵᠤ ᠪᠠᠶᠢᠬᠰᠠᠨ ᠮᠦᠡᠭᠬᠡ ᠬᠡᠳᠡᠭ ᠬᠦᠮᠦᠨ ᠤᠷᠳᠤ ᠪᠤᠯᠠᠭ ᠵᠢᠷᠠᠨ ᠤ ᠭᠠᠰᠢᠭᠤᠨ ᠰᠤᠯᠢᠳᠤ ᠳᠤ ᠨᠢᠬᠡᠨ ᠬᠠᠨᠭ᠍ᠭᠠᠢ ᠲᠤᠮᠤ ᠠᠪᠤᠷᠭᠤ ᠬᠦᠷᠪᠡᠯ ᠤᠨ ᠴᠢᠯᠠᠭᠤᠵᠢᠮᠠᠯ ᠢ ᠤᠯᠵᠤ ᠦᠵᠡᠭᠰᠡᠨ ᠪᠠᠶᠢᠨ᠎ᠠ᠃ 2007 ᠤᠨ ᠳᠤ ᠬᠠᠮᠢᠶ᠎ᠠ ᠪᠦᠬᠦᠢ ᠮᠡᠷᠭᠡᠵᠢᠯᠳᠡᠳ ᠠᠴᠠ ᠪᠠᠶᠢᠴᠠᠭᠠᠯᠳᠠ ᠬᠢᠵᠤ᠂ ᠡᠨᠡ ᠭᠠᠵᠠᠷ ᠲᠤ ᠤᠤᠯ ᠳᠠᠭᠠᠨ 24 ᠠᠪᠤᠷᠭᠤ ᠬᠦᠷᠪᠡᠯ ᠤᠨ ᠴᠢᠯᠠᠭᠤᠵᠢᠮᠠᠯ ᠪᠠᠶᠢᠬᠰᠠᠨ ᠢ ᠨᠤᠳᠠᠯᠠᠵᠠᠢ᠃            2007 ᠤᠨ ᠪᠤᠯᠤᠨ 2008 ᠤᠨ ᠳᠤ ᠤᠯᠤᠰ ᠤᠨ ᠡᠷᠳᠡᠨ ᠤ ᠬᠠᠭᠤᠴᠢ ᠰᠤᠳᠤᠯᠤᠯ ᠤᠨ ᠲᠦᠪ᠂  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠦᠬᠡᠨ ᠲᠤᠷᠠᠰᠬᠠᠯᠳᠤ ᠵᠦᠢᠯᠡᠰ ᠤᠨ ᠬᠠᠭᠤᠴᠢ ᠰᠤᠳᠤᠯᠭᠠᠨ ᠤ ᠭᠠᠵᠠᠷ᠂ ᠰᠧᠴᠤᠸᠠᠨ ᠤ ᠡᠷᠳᠡᠨ ᠤ ᠬᠠᠭᠤᠴᠢ ᠰᠤᠳᠤᠯᠤᠯ ᠤᠨ ᠭᠠᠵᠠᠷ᠂ ᠠᠯᠠᠱᠠ ᠪᠠᠷᠠᠭᠤᠨ ᠬᠤᠰᠢᠭᠤᠨ ᠤ ᠲᠡᠦᠬᠡᠨ ᠲᠤᠷᠠᠰᠬᠠᠯᠳᠤ ᠵᠦᠢᠯᠡᠰ ᠤᠨ ᠬᠠᠮᠢᠶᠠᠷᠤᠯᠳᠠ ᠶᠢᠨ ᠭᠠᠵᠠᠷ ᠬᠠᠮᠳᠤᠷᠠᠨ ᠪᠠᠳᠠᠢ ᠶᠢᠨ ᠵᠢᠷᠠᠨ ᠤ ᠡᠯᠡᠰᠦᠨ ᠳᠤ ᠬᠤᠶᠠᠷ ᠤᠳᠠᠭ᠎ᠠ ᠡᠷᠳᠡᠨ ᠤ ᠲᠡᠦᠬᠡᠨ ᠲᠤᠷᠠᠰᠬᠠᠯᠳᠤ ᠵᠦᠢᠯᠡᠰ ᠢ ᠪᠠᠶᠢᠴᠠᠭᠠᠨ ᠰᠤᠳᠤᠯᠤᠬᠰᠠᠨ ᠪᠠᠶᠢᠨ᠎ᠠ᠃ ᠪᠤᠳᠠᠳᠠᠢ ᠪᠠᠶᠢᠴᠠᠭᠠᠯᠳᠠ ᠪᠠᠷ ᠲᠠᠮᠵᠢᠵᠤ᠂ ᠪᠠᠳᠠᠢ ᠶᠢᠨ ᠵᠢᠷᠠᠨ ᠤ ᠰᠠᠩ ᠤᠨ ᠵᠢᠷᠠᠨ᠂ ᠰᠠᠶᠢᠬᠠᠨ ᠠᠶᠢᠯᠳᠤ᠂ ᠤᠯᠠᠭᠠᠨ ᠤᠬᠴᠢᠨ᠂ ᠵᠠᠬ᠎ᠠ ᠶᠢᠨ ᠵᠢᠷᠠᠨ᠂ ᠱᠤᠪᠤᠷ ᠵᠢᠷᠠᠨ᠂ ᠪᠢᠯᠡᠬᠦᠳᠦ ᠶᠢᠨ ᠵᠢᠷᠠᠨ᠂ ᠮᠠᠶᠢᠭᠠᠳᠤ ᠵᠡᠷᠭᠡ ᠭᠠᠵᠠᠷ ᠤᠷᠤᠨ ᠠᠴᠠ ᠨᠠᠶᠢᠳᠠ 46 ᠬᠠᠭᠤᠴᠢ ᠪᠠᠭᠤᠷᠢ ᠢᠯᠡᠷᠡᠬᠦᠯᠪᠡ᠃ ᠡᠬᠦᠨ ᠳᠤ ᠭᠤᠤᠯᠳᠠᠭᠤ ᠶᠠᠩᠵᠤ ᠪᠦᠷᠢ ᠶᠢᠨ ᠡᠷᠳᠡᠨ ᠤ ᠴᠢᠯᠠᠭᠤᠨ ᠪᠠᠭᠠᠵᠢ ᠬᠡᠷᠡᠭᠰᠡᠯ ᠵᠢᠴᠢ ᠶᠠᠩᠵᠤ ᠪᠦᠷᠢ ᠶᠢᠨ ᠸᠠᠭᠠᠷ ᠱᠠᠭᠠᠵᠠᠩ ᠤᠨ ᠬᠡᠯᠳᠡᠷᠬᠡᠢ ᠵᠡᠷᠭᠡ ᠶᠢᠨ ᠲᠡᠦᠬᠡ ᠶᠢᠨ ᠲᠤᠷᠠᠰᠬᠠᠯᠳᠤ ᠵᠦᠢᠯᠡᠰ ᠪᠤᠢ᠃ ᠴᠢᠯᠠᠭᠤᠨ ᠪᠠᠭᠠᠵᠢ ᠶᠢᠨ ᠤᠯᠠᠩᠬᠢ ᠨᠢ ᠮᠠᠨᠤ ᠴᠢᠯᠠᠭᠤ ᠪᠤᠶᠤ ᠴᠠᠬᠢᠭᠤᠷ ᠴᠢᠯᠠᠭᠤ ᠪᠠᠷ ᠪᠦᠳᠦᠵᠤ᠂ ᠵᠠᠷᠢᠮ ᠪᠠᠭᠤᠷᠢ ᠨᠢ ᠲᠤᠰᠬᠠᠢᠢᠯᠠᠨ ᠴᠢᠯᠠᠭᠤᠨ ᠪᠠᠭᠠᠵᠢ ᠦᠢᠯᠡᠳᠬᠦ ᠦᠢᠯᠡᠳᠪᠤᠷᠢ ᠶᠢᠨ ᠪᠠᠭᠤᠷᠢ ᠪᠤᠯᠬᠤ ᠶᠤᠮ᠃ ᠡᠳᠡᠭᠡᠷ ᠲᠡᠦᠬᠡᠨ ᠲᠤᠷᠠᠰᠬᠠᠯᠳᠤ ᠵᠦᠢᠯᠡᠰ ᠨᠢ ᠰᠢᠨ᠎ᠠ ᠴᠢᠯᠠᠭᠤᠨ ᠵᠠᠪᠰᠠᠩ ᠤᠨ ᠲᠤᠮᠳᠠ ᠰᠡᠬᠦᠯᠴᠢ ᠦᠶ᠎ᠠ ᠪᠤᠯᠤᠨ ᠬᠦᠷᠡᠯ ᠵᠠᠪᠰᠡᠭ ᠤᠨ ᠦᠶ᠎ᠠ ᠪᠠᠷ ᠭᠤᠤᠯᠯᠠᠵᠤ᠂ ᠪᠠᠰᠠ ᠵᠠᠷᠢᠮ ᠨᠢ ᠪᠠᠷᠠᠭᠤᠨ ᠰᠢᠶᠠ ᠤᠯᠤᠰ ᠪᠤᠯᠤᠨ ᠶᠤᠸᠠᠨ ᠤᠯᠤᠰ ᠤᠨ ᠦᠶ᠎ᠠ ᠶᠢᠨ ᠲᠤᠷᠠᠰᠬᠠᠯᠳᠤ ᠵᠦᠢᠯᠡᠰ ᠪᠤᠯᠬᠤ ᠶᠤᠮ᠃            ᠪᠠᠳᠠᠢ ᠶᠢᠨ ᠵᠢᠷᠠᠨ ᠤ ᠬᠤᠶᠢᠳᠤ ᠬᠦᠪᠡᠭᠡ ᠪᠠᠷ ᠪᠠᠶᠢᠭ᠎ᠠ ᠬᠠᠷ᠎ᠠ ᠰᠢᠷᠠᠯᠵᠢᠳᠦ ᠬᠡᠳᠡᠭ ᠭᠠᠵᠠᠷ ᠲᠤ ᠡᠷᠳᠡᠨ ᠤ ᠨᠤᠮᠤ ᠰᠤᠮᠤᠨ ᠤ ᠬᠦᠷᠠᠯ ᠲᠤᠯᠤᠭᠠᠢ ᠠᠷᠪᠢᠨ ᠪᠠᠶᠢᠳᠠᠭ᠃ ᠪᠠᠰᠠ ᠬᠤᠶᠠᠭ ᠲᠤᠭᠤᠯᠠᠭ᠎ᠠ ᠶᠢᠨ ᠲᠤᠯᠢ ᠶᠢᠨ ᠬᠡᠯᠳᠡᠷᠬᠡᠢ ᠴᠤ ᠪᠠᠶᠢᠳᠠᠭ᠃ ᠡᠨᠡ ᠨᠢ ᠾᠦᠡᠭᠨᠤ ᠪᠤᠯᠤᠨ ᠬᠠᠨ ᠤᠯᠤᠰ ᠤᠨ ᠦᠯᠡᠳᠡᠭᠳᠡᠯ ᠬᠡᠵᠤ ᠲᠤᠰᠬᠠᠢ ᠮᠡᠷᠬᠡᠵᠢᠯᠳᠡᠳ ᠠᠴᠠ ᠦᠵᠡᠵᠤ ᠪᠤᠢ᠃ ᠢᠡᠭᠬᠢᠬᠡᠳ ᠲᠡᠦᠬᠡ ᠶᠢᠨ ᠲᠤᠷᠠᠰᠬᠠᠯᠳᠤ ᠵᠦᠢᠯᠡᠰ ᠢ ᠰᠤᠳᠤᠯᠬᠤ ᠲᠤᠰᠬᠠᠢ ᠮᠡᠷᠭᠡᠵᠢᠯᠳᠡᠳ ᠪᠤᠳᠠᠳᠠᠢ ᠪᠠᠶᠢᠴᠠᠭᠠᠯᠳᠠ ᠪᠠᠷ ᠲᠠᠮᠵᠢᠵᠤ᠂ ᠮᠦᠨ ᠴᠤ ᠪᠠᠳᠠᠢ ᠶᠢᠨ ᠵᠢᠷᠠᠨ ᠤ ᠡᠯᠡᠰᠦᠨ ᠳᠤ 5000 ᠭᠠᠷᠤᠢ ᠵᠢᠯ ᠤᠨ ᠡᠮᠦᠨ᠎ᠠ ᠬᠦᠮᠦᠨ ᠲᠦᠷᠦᠯᠬᠢᠳᠡᠨ ᠤᠷᠤᠰᠢᠨ ᠠᠮᠢᠳᠤᠷᠠᠵᠤ ᠪᠠᠶᠢᠬᠰᠠᠨ ᠬᠡᠳᠡᠭ ᠢ ᠨᠤᠳᠠᠯᠠᠵᠠᠢ᠃            2003 ᠤᠨ ᠠᠴᠠ 2004 ᠤᠨ ᠪᠤᠯᠳᠠᠯ᠎ᠠ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠦᠬᠡ ᠶᠢᠨ ᠲᠤᠷᠠᠰᠬᠠᠯᠳᠤ ᠵᠦᠢᠯᠡᠰ ᠤᠨ ᠲᠤᠰᠬᠠᠢ ᠮᠡᠷᠭᠡᠵᠢᠯᠳᠡᠳ ᠪᠠᠳᠠᠢ ᠶᠢᠨ ᠵᠢᠷᠠᠨ ᠳᠤ ᠬᠠᠭᠤᠴᠢ ᠰᠤᠳᠤᠯᠤᠯ ᠤᠨ ᠲᠤᠰᠬᠠᠢ ᠪᠠᠶᠢᠴᠠᠭᠠᠨ ᠰᠤᠳᠤᠯᠤᠯᠳᠠ ᠬᠢᠵᠤ᠂ ᠪᠠᠳᠠᠢ ᠶᠢᠨ ᠵᠢᠷᠠᠨ ᠤ ᠮᠠᠯᠴᠢᠳ ᠤᠨ ᠤᠯᠤᠬᠰᠠᠨ ᠲᠠᠷᠢᠶᠠᠯᠠᠩ ᠤᠨ ᠬᠡᠷᠡᠭᠰᠡᠯ᠂ ᠠᠮᠤ ᠪᠤᠳᠠᠭ᠎ᠠ ᠪᠤᠯᠪᠠᠰᠤᠷᠠᠭᠤᠯᠬᠤ ᠴᠢᠯᠠᠭᠤᠨ ᠪᠠᠭᠠᠵᠢ᠂ ᠴᠢᠯᠠᠭᠤᠨ ᠲᠡᠬᠡᠷᠮ᠎ᠠ᠂ ᠪᠦᠳᠦᠬᠦᠯᠢᠭ ᠬᠢᠭᠰᠡᠨ ᠸᠠᠭᠠᠷ ᠤᠨ ᠬᠡᠷᠡᠭᠰᠡᠯ ᠢ ᠰᠢᠨᠵᠢᠯᠠᠨ ᠦᠵᠡᠵᠤ᠂ ᠪᠤᠳᠠᠳᠤ ᠭᠠᠵᠠᠷ ᠲᠤᠨᠢ ᠤᠴᠢᠵᠤ ᠪᠠᠶᠢᠴᠠᠭᠠᠬᠰᠠᠨ ᠤ ᠲᠠᠷᠠᠭ᠎ᠠ ᠤᠳᠤ ᠠᠴᠠ 4000 ᠵᠢᠯ ᠤᠨ ᠡᠮᠦᠨ᠎ᠠ ᠪᠠᠳᠠᠢ ᠶᠢᠨ ᠵᠢᠷᠠᠨ ᠤ ᠡᠯᠡᠰᠦᠨ ᠳᠤ ᠪᠠᠯᠠᠷ ᠡᠷᠳᠡᠨ ᠤ ᠲᠠᠷᠢᠶᠠᠯᠠᠩ ᠤᠨ ᠦᠢᠯᠡᠰ ᠢ ᠡᠷᠬᠢᠯᠡᠵᠤ ᠪᠠᠶᠢᠵᠠᠢ ᠬᠡᠰᠡᠨ ᠨᠤᠳᠠᠯᠠᠯᠳᠠ ᠭᠠᠷᠭᠠᠪᠠ᠃ ᠡᠬᠦᠨ ᠲᠠᠢ ᠠᠳᠠᠯᠢ ᠪᠠᠷ 2005 ᠤᠨ ᠳᠤ ᠤᠯᠤᠰ ᠤᠨ ᠨᠢᠬᠡᠨ ᠭᠠᠵᠠᠷ ᠰᠢᠨᠵᠢᠯᠡᠬᠡᠨ ᠤ ᠠᠩᠬᠢ ᠪᠠᠳᠠᠢ ᠶᠢᠨ ᠵᠢᠷᠠᠨ ᠳᠤ ᠴᠢᠯᠠᠭᠤᠨ ᠲᠤᠰᠤ ᠡᠷᠢᠬᠦ  ᠪᠠᠶᠢᠴᠠᠭᠠᠯᠳᠠ ᠶᠢᠨ ᠲᠤᠮᠳᠠ ᠪᠠᠳᠠᠢ ᠶᠢᠨ ᠵᠢᠷᠠᠨ ᠳᠤ 3 — 4 ᠮᠢᠩᠭᠠᠨ ᠵᠢᠯ ᠤᠨ ᠡᠮᠦᠨ᠎ᠠ ᠬᠦᠮᠦᠨ ᠲᠦᠷᠦᠯᠬᠢᠳᠡᠨ ᠲᠠᠷᠢᠶ᠎ᠠ ᠲᠠᠷᠢᠵᠤ ᠪᠠᠶᠢᠬᠰᠠᠨ‌ᠤᠷᠤ ᠮᠦᠷ ᠢ ᠢᠯᠡᠷᠡᠬᠦᠯᠦᠭᠰᠡᠨ ᠪᠠᠶᠢᠨ᠎ᠠ᠃ ᠡᠳᠡᠭᠡᠷ ᠮᠠᠭᠠᠳᠯᠠᠯᠳᠠ ᠨᠤᠳᠠᠯᠠᠯᠳᠠ ᠨᠢ ᠮᠦᠨ ᠴᠤ ᠲᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠠᠯᠠᠩ ᠤᠨ  ᠰᠤᠳᠤᠯᠭᠠᠳᠠᠳ ᠲᠤ ᠮᠡᠳᠡᠷᠡᠭᠳᠡᠪᠡ᠃        ︵ᠰ᠊ · ᠰᠤᠶᠤᠯᠳᠤ ᠶᠢᠨ ︽ᠭᠠᠶᠢᠬᠠᠮᠰᠢᠬᠳᠤ ᠪᠠᠳᠠᠢ ᠶᠢᠨ ᠵᠢᠷᠠᠨ︾ ᠬᠡᠳᠡᠭ ᠨᠤᠮ ᠠᠴᠠ ᠬᠡᠰᠡᠭᠯᠡᠨ ᠠᠪᠤᠪᠠ︶      
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号