ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢ ᠨᠠᠰᠤᠨ ᠤ ᠰᠢᠵᠢᠮ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2019/3/6
       — ᠪᠦᠬᠦ ᠤᠯᠤᠰ ᠤᠨ ᠠᠷᠠᠳ ᠤᠨ ᠲᠦᠯᠦᠭᠡᠯᠡᠭᠴᠢ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠮᠦᠩᠬᠡ ᠶᠢ ᠰᠤᠷᠪᠤᠯᠵᠢᠯᠠᠭᠰᠠᠨ ᠨᠢ            ᠡᠮᠦᠨᠡᠬᠡᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠮᠦᠩᠬᠡ ᠠᠯᠠᠱᠠ ᠠᠶᠢᠮᠠᠭ ᠤᠨ ᠨᠠᠮ ᠤᠨ ᠬᠤᠷᠢᠶ᠎ᠠ ᠪᠤᠯᠤᠨ ᠬᠤᠶᠠᠷ ᠶᠡᠭᠡ ᠴᠡᠷᠢᠭ ᠤᠨ ᠶᠠᠪᠤᠳᠠᠯ ᠤᠨ ᠰᠠᠭᠤᠷᠢᠨ ᠭᠠᠵᠠᠷ ᠤᠨ ᠬᠤᠭᠤᠷᠤᠨᠳᠤ ᠨᠠᠰᠢ ᠴᠠᠰᠢ ᠶᠠᠪᠤᠵᠤ ᠴᠡᠷᠢᠭ ᠠᠷᠠᠳ ᠤᠨ ᠬᠡᠷᠡᠭᠯᠡᠭᠡᠨ ᠤ ᠠᠭᠤᠰᠤᠯᠴᠠᠯ ᠤᠨ ᠬᠠᠮᠢᠶ᠎ᠡ ᠪᠦᠬᠦᠢ ᠠᠵᠢᠯ ᠢ ᠵᠤᠬᠢᠴᠠᠭᠤᠯᠬᠤ ᠶᠢᠨ ᠬᠠᠮᠲᠤ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠳᠤ ᠳᠡᠪᠰᠢᠭᠦᠯᠬᠦ ᠰᠠᠨᠠᠯ ᠳᠤᠷᠠᠳᠤᠯᠭ᠎ᠠ ᠪᠠᠨ ᠵᠠᠰᠠᠭᠠᠳ ᠶᠠᠭᠠᠷᠠᠵᠤ ᠪᠠᠶᠢᠯ᠎ᠠ᠃            ︽ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠠᠭᠠᠨ ᠦᠨᠳᠦᠰᠦᠲᠡᠨ ᠤ ᠪᠦᠯᠬᠦᠮᠳᠡᠯ ᠪᠤᠯᠤᠨ ᠬᠢᠯᠢ ᠬᠢᠵᠠᠭᠠᠷ ᠤᠷᠤᠨ ᠤ ᠲᠤᠭᠲᠠᠭᠤᠨ ᠪᠠᠶᠢᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠦᠪᠦᠷ ᠮᠤᠩᠭᠤᠯ ᠤᠨ ᠦᠭᠡᠷᠡᠴᠢᠯᠡᠯᠲᠡ ᠬᠦᠭᠵᠢᠭᠦᠯᠦᠯᠳᠠ ᠶᠢ ᠳᠤᠭᠳᠠᠭᠤᠨ ᠪᠠᠶᠢᠯᠭᠠᠬᠤ ᠠᠵᠢᠯ ᠢ ᠰᠠᠶᠢᠲᠤᠷ ᠬᠢᠪᠡᠯ ᠪᠦᠬᠦ ᠤᠯᠤᠰ᠂ ᠲᠡᠯᠡᠬᠡᠢ ᠳ᠋ᠠᠬᠢᠨ ᠳᠤ ᠪᠦᠷ ᠢᠳᠡᠪᠬᠢᠲᠡᠢ ᠠᠴᠢ ᠬᠤᠯᠪᠤᠭᠳᠠᠯ ᠲᠠᠢ ᠶᠤᠮ︾ ᠭᠡᠵᠦ ᠮᠦᠩᠬᠡ ᠶᠠᠷᠢᠨ᠎ᠠ᠃            ᠨᠢᠳᠤᠨᠤᠨ ᠤ ᠪᠦᠬᠦ ᠤᠯᠤᠰ ᠤᠨ ᠬᠤᠶᠠᠷ ᠬᠤᠷᠠᠯ ᠳᠤ᠂ ᠮᠦᠩᠬᠡ ᠶᠡᠷᠦᠩᠬᠡᠢ ᠱᠦᠵᠢ ᠰᠢ ᠶᠢᠨ ᠫᠢᠩ ᠳᠤ ᠰᠤᠪᠨᠠᠭᠤᠷ ᠤᠨ ᠠᠮᠢ ᠠᠬᠤᠢ ᠶᠢᠨ ᠰᠡᠷᠭᠦᠯᠲᠡ ᠪᠤᠯᠤᠨ ᠴᠡᠷᠢᠭ ᠠᠷᠠᠳ ᠤᠨ ᠬᠡᠷᠡᠭᠯᠡᠭᠡᠨ ᠤ ᠠᠭᠤᠰᠤᠯᠴᠠᠯ ᠬᠦᠭᠵᠢᠯᠲᠡ ᠶᠢᠨ ᠪᠠᠶᠢᠳᠠᠯ ᠢ ᠬᠠᠷᠢᠭᠤ ᠮᠡᠳᠡᠭᠦᠯᠦᠯ᠎ᠡ᠃ ︽ᠨᠢᠳᠤᠨᠤᠨ ᠤ ᠬᠤᠶᠠᠷ ᠬᠤᠷᠠᠯ ᠳᠤ ᠶᠡᠷᠦᠩᠬᠡᠢ ᠱᠦ᠋ᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠤᠨᠤᠰᠤᠭᠰᠠᠨ ᠠᠴᠠ ᠡᠵᠡᠨ᠎ᠡ ᠬᠤᠰᠢᠭᠤᠨ ᠤ ᠪᠠᠨ ᠡᠯ᠎ᠡ ᠲᠦᠷᠦᠯ ᠤᠨ ᠠᠵᠢᠯ ᠢᠶᠠᠨ ᠰᠠᠶᠢᠲᠤᠷ ᠬᠢᠬᠦ ᠵᠤᠷᠢᠭ ᠰᠦᠰᠦ ᠪᠤᠯᠤᠨ ᠲᠠᠶᠢᠴᠢᠨ ᠬᠦᠴᠦᠨ ᠢ ᠮᠢᠨᠢ ᠨᠡᠩ ᠴᠢᠩᠭᠠᠷᠠᠭᠤᠯᠤᠭᠰᠠᠨ ᠪᠠᠶᠢᠨ᠎ᠠ︾ ᠭᠡᠵᠦ ᠮᠦᠩᠬᠡ ᠶᠠᠷᠢᠨ᠎ᠠ᠃            ᠡᠵᠡᠨ᠎ᠠ ᠬᠤᠰᠢᠭᠤ ᠨᠢ ᠬᠡᠳᠦ᠋ᠢᠪᠡᠷ ᠪᠤᠶᠢᠳᠠ ᠪᠦᠭᠯᠡᠭᠦᠦ ᠤᠷᠤᠨ ᠳᠤ ᠪᠠᠶᠢᠷᠢᠯᠠᠵᠤ ᠪᠠᠶᠢᠭ᠎ᠠ ᠪᠤᠯᠪᠠᠴᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠷᠢ ᠰᠠᠭᠤᠷᠢ ᠲᠦᠢᠯ ᠤᠨ ᠴᠢᠬᠤᠯᠠ ᠪᠠᠶᠢᠳᠠᠭ᠂ ᠡ᠊ᠨᠳᠡ ᠳ᠋ᠦᠩᠹᠧᠩ ᠰᠠᠨᠰᠠᠷ ᠤᠨ ᠬᠤᠲᠠ ᠪᠤᠯᠤᠨ ᠠᠭᠠᠷ ᠤᠨ ᠴᠡᠷᠢᠭ ᠤᠨ ᠲᠤᠷᠰᠢᠯᠲᠠ ᠶᠢᠨ ᠰᠠᠭᠤᠷᠢᠨ ᠪᠠᠶᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠂ ᠴᠡᠷᠢᠭ ᠠᠷᠠᠳ ᠤᠨ ᠬᠡᠷᠡᠭᠯᠡᠭᠡᠨ ᠤ ᠠᠭᠤᠰᠤᠯᠴᠠᠯ ᠭᠦᠨᠵᠡᠭᠡᠢ ᠬᠦᠭᠵᠢᠯᠲᠡ ᠶᠢ ᠴᠢᠷᠮᠠᠶᠢᠨ ᠠᠬᠢᠭᠤᠯᠬᠤ ᠪᠤᠯ ᠡᠵᠡᠨ᠎ᠡ ᠬᠤᠰᠢᠭᠤ ᠶᠢᠨ ᠡᠬᠦᠷᠬᠡᠯᠡᠵᠦ ᠪᠠᠶᠢᠭ᠎ᠠ ᠬᠦᠨᠳᠦ  ᠴᠢᠬᠤᠯᠠ ᠡᠭᠦᠷᠭᠡ ᠪᠤᠯᠤᠨ᠎ᠠ᠃            ︽2018 ᠤᠨ ᠳᠤ ᠮᠠᠨ ᠤ ᠬᠤᠰᠢᠭᠤ ᠨᠡᠶᠢᠲᠡ 25 ᠴᠡᠷᠢᠭ ᠤᠨ ᠭᠡᠷ ᠪᠦᠯᠢ ᠶᠢᠨ ᠬᠢᠨ ᠢ ᠰᠢᠯᠭᠠᠨ ᠡᠯᠰᠡᠵᠦ ᠲᠤᠬᠢᠷᠠᠭᠤᠯᠵᠤ᠂ ᠳ᠋ᠦᠩᠹᠧᠩ ᠰᠠᠨᠰᠠᠷ ᠤᠨ ᠬᠤᠲᠠ ᠶᠢᠨ 75 ᠴᠡᠷᠢᠭ ᠤᠨ ᠭᠡᠷ ᠪᠦᠯᠢ ᠶᠢᠨ ᠬᠢᠨ ᠤ ᠡᠷᠦᠬᠡ ᠠᠮᠠ ᠶᠢᠨ ᠳᠠᠩᠰᠠ ᠶᠢ ᠤᠷᠤᠭᠤᠯᠤᠨ ᠦᠭᠴᠦ᠂ ᠬᠤᠶᠠᠷ ᠶᠡᠭᠡ ᠰᠠᠭᠤᠷᠢᠨ ᠭᠠᠵᠠᠷ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 400 ᠤᠷᠴᠢᠮ ᠲᠤᠬᠢᠷᠠᠭᠤᠯᠵᠤ᠂ ᠴᠡᠷᠢᠭ ᠤᠨ ᠭᠡᠷ ᠪᠦᠯᠢ ᠶᠢᠨ ᠬᠢᠨ ᠤ ᠠᠵᠢᠯ ᠤᠯᠭᠤᠯᠲᠠ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠭᠰᠡᠨ ᠪᠠᠶᠢᠨ᠎ᠠ᠃ ᠡᠨᠡ ᠵᠢᠯ ᠪᠢᠳᠡ ᠪᠠᠰᠠ ᠨᠢᠬᠡ ᠪᠦᠯᠦᠭ ᠴᠡᠷᠢᠭ ᠤᠨ ᠭᠡᠷ ᠪᠦᠯᠢ ᠶᠢᠨ ᠬᠢᠨ ᠢ ᠰᠢᠯᠭᠠᠨ ᠡᠯᠰᠡᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠨᠢᠭᠡᠴᠡ ᠳᠤ ᠲᠤᠬᠢᠷᠠᠭᠤᠯᠬᠤ ᠪᠠᠷ ᠪᠠᠶᠢᠨ᠎ᠠ︾ ᠭᠡᠵᠦ ᠮᠦᠩᠬᠡ ᠶᠠᠷᠢᠵᠤ ᠪᠠᠶᠢᠯ᠎ᠠ᠃            ᠦᠨᠳᠦᠰᠦᠲᠡᠨ ᠤ ᠪᠦᠯᠬᠦᠮᠳᠡᠯ ᠪᠤᠯᠤᠨ ᠬᠢᠯᠢ ᠬᠢᠵᠠᠭᠠᠷ ᠤᠷᠤᠨ ᠤ ᠲᠤᠭᠲᠠᠭᠤᠨ ᠢ ᠪᠡᠶᠡᠯᠡᠭᠦᠯᠬᠦ ᠭᠡᠪᠡᠯ ᠵᠠᠪᠠᠯ ᠠᠵᠤ ᠠᠬᠤᠢ ᠶᠢᠨ ᠰᠠᠭᠤᠷᠢ ᠶᠢ ᠪᠠᠲᠤᠵᠢᠭᠤᠯᠬᠤ ᠬᠡᠷᠡᠭᠲᠡᠢ ᠭᠡᠳᠡᠭ ᠢ ᠮᠦᠩᠬᠡ ᠲᠠᠨᠢᠵᠤ ᠤᠯᠤᠭᠰᠠᠨ ᠤᠴᠢᠷ ᠠᠴᠠ᠂ ᠬᠢᠯᠢ ᠬᠢᠵᠠᠭᠠᠷ ᠤᠷᠤᠨ ᠢᠶᠠᠨ ᠮᠠᠨᠳᠤᠭᠤᠯᠵᠤ ᠠᠷᠠᠳ ᠢᠶᠠᠨ ᠪᠠᠶᠠᠵᠢᠭᠤᠯᠬᠤ ᠠᠵᠢᠯ ᠨᠢ ᠳᠡᠬᠦᠨ ᠤ ᠭᠤᠤᠯᠳᠠᠯᠭ᠎ᠠ ᠲᠠᠢ ᠠᠵᠢᠯ ᠤᠨ ᠨᠢᠬᠡ ᠪᠤᠯᠤᠯ᠎ᠠ᠃ ︽ᠤᠢᠢᠷ᠎ᠠ ᠶᠢᠨ ᠵᠢᠯ ᠠᠴᠠ ᠡᠵᠡᠨ᠎ᠠ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠲᠦᠷᠭᠡᠨ ᠬᠦᠭᠵᠢᠯᠲᠡ ᠶᠢ ᠳᠠᠭᠠᠯᠳᠤᠨ᠂ ᠪᠢᠳᠡ ᠦᠢᠯᠡᠳᠪᠦᠷᠢᠯᠡᠯ ᠤᠨ ᠬᠡᠯᠪᠡᠷᠢ ᠪᠠᠨ ᠬᠤᠪᠢᠷᠠᠭᠤᠯᠤᠨ ᠮᠠᠯᠴᠢᠨ ᠲᠠᠷᠢᠶᠠᠴᠢᠨ ᠢ ᠵᠢᠭᠤᠯᠴᠢᠯᠠᠯ ᠤᠨ ᠦᠢᠯᠡᠰ ᠵᠢᠴᠢ ᠬᠠᠮᠢᠶ᠎ᠠ ᠪᠦᠬᠦᠢ ᠠᠵᠢᠯ ᠲᠦᠷᠦᠯ ᠳᠤ ᠤᠷᠤᠯᠴᠠᠬᠤ ᠶᠢ ᠬᠦᠳᠦᠯᠦᠨ ᠳᠡᠮᠵᠢᠭᠰᠡᠨ ᠪᠠᠶᠢᠨ᠎ᠠ᠃ ᠲᠡᠮᠡᠭᠡ ᠤᠷᠤᠯᠳᠤᠬᠤ᠂ ᠮᠤᠷᠢ ᠤᠷᠤᠯᠳᠤᠬᠤ᠂ ᠪᠦᠬᠡ ᠪᠠᠷᠢᠯᠳᠤᠬᠤ᠂ ᠮᠤᠩᠭᠤᠯ ᠰᠢᠲᠠᠷ᠎ᠠ ᠵᠡᠷᠭᠡ ᠦᠨᠳᠦᠰᠦᠲᠡᠨ ᠤ ᠤᠨᠴᠠᠯᠢᠭ ᠲᠠᠢ ᠰᠤᠶᠤᠯ ᠲᠠᠮᠢᠷ ᠤᠨ ᠠᠵᠢᠯᠯᠠᠭ᠎ᠠ ᠨᠢ ᠵᠢᠭᠤᠯᠴᠢᠯᠠᠭᠰᠠᠳ ᠤᠨ ᠬᠠᠯᠠᠭᠤᠨ ᠬᠦᠷᠢᠶᠡᠯᠡᠯ ᠢ ᠤᠯᠵᠤ᠂ ᠰᠤᠶᠤᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ ᠶᠠᠪᠤᠴᠠ ᠳᠤ ᠦᠨᠳᠦᠰᠦᠲᠡᠨ ᠤ ᠰᠤᠶᠤᠯ ᠢᠶᠠᠨ ᠪᠠᠳᠠᠷᠠᠭᠤᠯᠬᠤ ᠶᠢᠨ ᠵᠡᠷᠭᠡ ᠪᠠᠷ ᠤᠷᠤᠯᠭ᠎ᠠ ᠨᠡᠮᠡᠭᠳᠡᠭᠦᠯᠬᠦ ᠠᠷᠭ᠎ᠠ ᠵᠠᠮ ᠢ ᠦᠷᠬᠡᠳᠬᠡᠯ᠎ᠡ︾ ᠬᠡᠵᠦ ᠮᠦᠩᠬᠡ ᠳᠠᠨᠢᠯᠴᠠᠭᠤᠯᠤᠯ᠎ᠠ᠃ ᠤᠢᠢᠷ᠎ᠠ ᠶᠢᠨ 3 ᠵᠢᠯ ᠳᠤ᠂ ᠡᠵᠡᠨ᠎ᠠ ᠬᠤᠰᠢᠭᠤ ᠬᠢᠯᠢ ᠬᠢᠵᠠᠭᠠᠷ ᠤᠷᠤᠨ ᠢᠶᠠᠨ ᠬᠦᠴᠦᠷᠬᠡᠭᠵᠢᠭᠦᠯᠦᠨ ᠮᠠᠨᠳᠤᠭᠤᠯᠵᠤ ᠠᠷᠠᠳ ᠤᠯᠠᠨ ᠢᠶᠠᠨ ᠪᠠᠶᠠᠵᠢᠭᠤᠯᠬᠤ ᠠᠵᠢᠯᠯᠠᠭ᠎ᠠ ᠶᠢᠨ ᠲᠦᠷᠦᠯ ᠵᠦᠢᠯ ᠤᠨ ᠪᠡᠯᠡ ᠮᠦᠩᠭᠦ ᠶᠢ ᠨᠡᠶᠢᠲᠡ 2960 ᠲᠦᠮᠡᠨ ᠲᠦᠭᠦᠷᠢᠭ ᠤᠯᠵᠤ᠂ 20 ᠲᠦᠷᠦᠯ ᠵᠦᠢᠯ ᠢ ᠬᠡᠷᠡᠭᠵᠢᠭᠦᠯᠦᠨ᠂ 8 ᠰᠤᠮᠤ ᠪᠠᠯᠭᠠᠰᠤᠨ ᠤ 19 ᠭᠠᠴᠠᠭᠠᠨ ᠤ 1200 ᠮᠠᠯᠴᠢᠨ ᠲᠠᠷᠢᠶᠠᠴᠢᠳ ᠲᠤ ᠰᠢᠭᠤᠳ ᠠᠰᠢᠭ ᠬᠦᠷᠲᠡᠭᠡᠭᠰᠡᠨ ᠪᠠᠶᠢᠨ᠎ᠠ᠃            ᠦᠨᠳᠦᠰᠦᠲᠡᠨ ᠤ ᠪᠦᠯᠬᠦᠮᠳᠡᠯ ᠪᠤᠯᠤᠨ ᠬᠢᠯᠢ ᠬᠢᠵᠠᠭᠠᠷ ᠤᠷᠤᠨ ᠤ ᠲᠤᠭᠲᠠᠭᠤᠨ ᠢ ᠠᠬᠢᠭᠤᠯᠬᠤ ᠪᠤᠯ ᠤᠷᠲᠤ ᠬᠤᠭᠤᠴᠠᠭᠠᠨ ᠤ ᠰᠠᠭᠤᠷᠢ ᠴᠢᠨᠠᠷᠲᠠᠢ ᠠᠵᠢᠯ ᠪᠤᠯᠤᠨ᠎ᠠ᠃ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ᠢᠶᠠᠷ᠂ ᠦᠨᠳᠦᠰᠦᠲᠡᠨ ᠤ ᠪᠦᠯᠬᠦᠮᠳᠡᠯ ᠪᠤᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢ ᠨᠠᠰᠤᠨ ᠤ ᠰᠢᠵᠢᠮ ᠪᠤᠯᠤᠨ᠎ᠠ᠃ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠳᠤ ᠭᠤᠤᠯ ᠦᠨᠳᠦᠰᠦ ᠨᠢ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠬᠤ ᠪᠤᠯᠤᠨ ᠲᠡᠭᠦᠯᠳᠡᠷᠵᠢᠭᠦᠯᠬᠦ ᠳᠤ ᠪᠤᠢ᠃ ᠬᠤᠶᠢᠰᠢᠳᠠ ᠬᠢᠯᠢ ᠬᠢᠵᠠᠭᠠᠷ ᠤᠷᠤᠨ ᠢᠶᠠᠨ ᠬᠦᠴᠦᠷᠬᠡᠭᠵᠢᠬᠦᠯᠦᠨ ᠮᠠᠨᠳᠤᠭᠤᠯᠵᠤ ᠠᠷᠠᠳ ᠤᠯᠠᠨ ᠢᠶᠠᠨ ᠪᠠᠶᠠᠵᠢᠭᠤᠯᠬᠤ ᠠᠵᠢᠯᠯᠠᠭ᠎ᠠ ᠶᠢ ᠬᠦᠴᠦᠯᠡᠨ ᠠᠬᠢᠭᠤᠯᠵᠤ᠂ ᠴᠡᠷᠢᠭ ᠠᠷᠠᠳ ᠤᠨ ᠬᠡᠷᠡᠭᠯᠡᠭᠡᠨ ᠤ ᠠᠭᠤᠰᠤᠯᠴᠠᠯ ᠤᠨ ᠭᠦᠨᠵᠡᠭᠡᠢ ᠬᠦᠭᠵᠢᠯᠲᠡ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠤᠭᠲᠠᠭᠤᠨ ᠬᠠᠯᠬᠠᠪᠴᠢ ᠶᠢ ᠨᠡᠩ ᠪᠠᠲᠤ ᠪᠠᠬᠢ ᠪᠤᠯᠭᠠᠨ ᠴᠤᠭᠴᠠᠯᠠᠨ᠎ᠠ︾ ᠭᠡᠵᠦ ᠮᠦᠩᠬᠡ ᠶᠠᠷᠢᠨ᠎ᠠ᠃  
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号