ᠣᠯᠠᠨ ᠳᠦᠮᠡᠨ ᠳᠡᠭᠡᠨ ᠨᠡᠩ ᠰᠠᠶᠢᠨ ᠪᠣᠶᠠᠨ ᠬᠡᠰᠢᠭ ᠡᠳ᠋ᠯᠡᠬᠦᠯᠬᠦ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2019/3/6
       ᠲᠦᠷᠦᠬᠦᠭᠡᠨ ᠰᠤᠷᠪᠤᠯᠵᠢᠯᠠᠬᠴᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢ ᠭᠧ ᠮᠢᠩ ᠲᠠᠢ ᠠᠭᠤᠯᠵᠠᠵᠠᠢ᠃ ᠲᠡᠷᠡ ᠪᠠᠷ ᠡᠨᠡ ᠵᠢᠯ ᠤᠨ ᠶᠡᠭᠡ ᠬᠤᠷᠠᠯ ᠳᠤ ᠳᠡᠪᠰᠢᠬᠦᠯᠬᠦ ᠰᠠᠨᠠᠯ ᠵᠦᠪᠯᠡᠯᠭᠡ ᠪᠠᠨ ᠪᠡᠯᠡᠳᠭᠡᠭᠡᠳ ᠶᠠᠭᠠᠷᠠᠵᠤ ᠪᠠᠶᠢᠯ᠎ᠠ᠃        ︽ᠪᠦᠬᠦ ᠤᠯᠤᠰ  ᠤᠨ ᠠᠷᠠᠳ  ᠤᠨ ᠲᠦᠯᠦᠭᠡᠯᠡᠭᠴᠢ  ᠪᠠᠷ ᠰᠤᠩᠭᠤᠬᠳᠠᠬᠰᠠᠨ  ᠠᠴᠠ ᠨᠠᠰᠢ ᠪᠢ ᠲᠦᠯᠦᠭᠡᠯᠡᠭᠴᠢ  ᠶᠢᠨ ᠬᠢᠷᠢ ᠭᠡᠮ  ᠢᠶᠠᠨ ᠮᠠᠰᠢ ᠡᠷᠬᠢᠮᠨᠡᠨ ᠨᠠᠨᠳᠢᠩᠨᠠᠵᠤ᠂ ᠲᠦᠯᠦᠭᠡᠯᠡᠭᠴᠢ  ᠶᠢᠨ ᠡᠭᠦᠷᠭᠡ ᠬᠠᠷᠢᠭᠤᠴᠠᠯᠭ᠎ᠠ  ᠪᠠᠨ ᠢᠮᠠᠬᠳᠠ ᠪᠠᠳᠤ ᠴᠡᠭᠡᠵᠢᠯᠡᠵᠦ᠂ ᠤᠯᠠᠨ ᠲᠦᠮᠡᠨ  ᠤ ᠠᠮᠢᠳᠤᠷᠠᠯ  ᠢ ᠬᠡᠷᠬᠢᠨ ᠴᠢᠨᠡᠭᠡᠯᠢᠭᠵᠢᠬᠦᠯᠬᠦ ᠲᠤᠬᠠᠢ ᠪᠤᠳᠤᠯᠬᠢᠯᠠᠨ᠂ ᠤᠯᠠᠨ ᠲᠦᠮᠡᠨ  ᠤ ᠠᠰᠢᠭ ᠲᠤᠰᠠ  ᠳᠤ ᠬᠤᠯᠪᠤᠭᠳᠠᠭᠰᠠᠨ ᠵᠦᠢᠯᠡᠰ  ᠢ ᠰᠦᠪᠡᠭᠴᠢᠯᠡᠵᠦ᠂ ᠤᠯᠠᠨ ᠲᠦᠮᠡᠨ  ᠤ ᠪᠤᠳᠤᠯ ᠰᠠᠨᠠᠯ  ᠢ ᠰᠤᠨᠤᠰᠴᠤ᠂ ᠤᠯᠠᠨ ᠲᠦᠮᠡᠨ  ᠤ ᠬᠦᠰᠡᠯ ᠱᠠᠭᠠᠷᠳᠠᠯᠭ᠎ᠠ  ᠶᠢ ᠲᠤᠰᠬᠠᠭᠰᠠᠭᠠᠷ ᠢᠷᠡᠪᠡ᠃ ᠨᠢᠳᠤᠨᠤᠨ᠂ ᠠᠮᠢ ᠠᠬᠤᠢ  ᠶᠢᠨ ᠪᠠᠶᠢᠭᠤᠯᠤᠯᠳᠠ᠂ ᠪᠤᠭᠤᠮᠳᠠ  ᠶᠢᠨ ᠨᠡᠭᠡᠭᠡᠯᠳᠠ᠂ ᠰᠢᠨ᠎ᠠ ᠡᠨᠧᠷᠬᠢ ᠵᠡᠷᠭᠡ ᠲᠠᠯ᠎ᠠ  ᠪᠠᠷ 5 ᠰᠠᠨᠠᠭᠤᠯᠭ᠎ᠠ ᠲᠠᠪᠰᠢᠬᠦᠯᠦᠭᠰᠡᠨ  ᠪᠦᠭᠡᠳ ᠬᠠᠮᠢᠶ᠎ᠠ ᠪᠦᠬᠦᠢ ᠰᠠᠯᠠᠭ᠎ᠠ ᠮᠦᠴᠢᠷ   ᠤᠨ ᠲᠤᠳᠤᠷᠬᠠᠢ ᠬᠠᠷᠢᠭᠤᠯᠳᠠ  ᠶᠢ ᠲᠤᠰᠤᠭᠰᠠᠨ ᠪᠠᠶᠢᠢᠨ᠎ᠠ᠃ ᠡᠨᠡ ᠵᠢᠯ᠂ ᠠᠯᠠᠱᠠ ᠠᠶᠢᠮᠠᠭ ᠤᠨ ᠪᠤᠳᠠᠳᠤ ᠪᠠᠶᠢᠳᠠᠯ ᠪᠠ ᠤᠯᠠᠨ ᠲᠦᠮᠡᠨ  ᠤ ᠬᠦᠰᠡᠯ ᠱᠠᠭᠠᠷᠳᠠᠯᠭ᠎ᠠ  ᠲᠠᠢ ᠤᠶᠠᠯᠳᠤᠭᠤᠯᠵᠤ᠂ ᠠᠮᠢ ᠠᠬᠤᠢ ᠶᠢᠨ ᠪᠠᠶᠢᠭᠤᠯᠤᠯᠳᠠ  ᠶᠢ ᠴᠢᠩᠭᠠᠳᠬᠠᠬᠤ᠂ ᠠᠷᠠᠳ  ᠤᠨ ᠠᠮᠢᠳᠤᠷᠠᠯ  ᠢ ᠰᠠᠶᠢᠵᠢᠷᠠᠭᠤᠯᠬᠤ᠂ ᠤᠯᠤᠰ  ᠠᠴᠠ ᠠᠯᠠᠱᠠ  ᠶᠢᠨ ᠴᠡᠷᠢᠭ  ᠤᠨ ᠶᠠᠪᠤᠳᠠᠯ  ᠤᠨ ᠬᠤᠷᠢᠭᠠᠳᠦ ᠤᠷᠤᠨ ᠪᠠ ᠤᠯᠤᠰ  ᠤᠨ ᠪᠠᠳᠤᠯᠠᠨ ᠬᠠᠮᠠᠭᠠᠯᠠᠯᠳᠠ ᠳᠤ ᠡᠳ᠋ ᠤᠨ ᠵᠠᠰᠠᠭ ᠤᠨ ᠨᠦᠬᠦᠪᠦᠷᠢ ᠤᠯᠭᠤᠬᠤ ᠰᠠᠨᠠᠭᠤᠯᠭ᠎ᠠ ᠶᠢ ᠪᠦᠬᠦ ᠤᠯᠤᠰ ᠤᠨ ᠬᠤᠶᠠᠷ ᠬᠤᠷᠠᠯ ᠳᠤ ᠲᠡᠪᠰᠢᠬᠦᠯᠬᠦ ᠭᠡᠵᠦ ᠪᠠᠶᠢᠨ᠎ᠠ᠃ ᠡᠭᠦᠨ ᠳᠤ ᠠᠮᠢ ᠠᠬᠤᠢ ᠶᠢᠨ ᠪᠠᠶᠢᠭᠤᠯᠤᠯᠳᠠ ᠶᠢ ᠴᠢᠩᠭᠠᠳᠬᠠᠬᠤ ᠪᠤᠯᠤᠨ ᠠᠷᠠᠳ ᠤᠨ ᠠᠮᠢᠳᠤᠷᠠᠯ ᠢ ᠰᠠᠶᠢᠢᠵᠢᠷᠠᠭᠤᠯᠬᠤ ᠪᠤᠯ ᠡᠨᠡ ᠵᠢᠯ ᠤᠨ ᠭᠤᠤᠯᠳᠠᠯᠭ᠎ᠠ ᠲᠠᠢ ᠰᠠᠨᠠᠭᠤᠯᠭ᠎ᠠ ᠪᠤᠯᠤᠨ᠎ᠠ︾ ᠭᠡᠵᠦ ᠭᠧ ᠮᠢᠩ ᠰᠤᠷᠪᠤᠯᠵᠢᠯᠠᠭᠴᠢ ᠳᠤ ᠤᠷᠮᠠᠳᠠᠢ ᠶᠠᠷᠢᠵᠤ ᠦᠭᠬᠦᠯ᠎ᠡ᠃         ᠠᠮᠢ ᠠᠬᠤᠢ ᠶᠢᠨ ᠪᠠᠶᠢᠭᠤᠯᠤᠯᠳᠠ ᠶᠢᠨ ᠲᠠᠯ᠎ᠠ ᠪᠠᠷ ᠭᠧ ᠮᠢᠩ᠂ ᠤᠯᠠᠭᠠᠨᠪᠤᠬ᠎ᠠ ᠶᠢᠨ ᠡᠯᠡᠰᠦ᠂ ᠠᠯᠠᠱᠠ ᠠᠭᠤᠯᠠ ᠪᠤᠬᠳᠠ ᠠᠭᠤᠯᠠ ᠶᠢᠨ ᠠᠭᠤᠯᠵᠠᠷ ᠭᠡᠰᠡᠭ ᠤᠨ ᠡᠷᠬᠢᠨ ᠲᠤᠭᠤᠷᠢᠨ᠂ ᠤᠷᠳᠤᠰ ᠤᠨ ᠦᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠵᠤ᠂ ᠭᠤᠷᠪᠠᠨ ᠭᠠᠵᠠᠷ ᠢ ᠵᠠᠯᠭᠠᠯᠳᠤᠭᠤᠯᠵᠤ᠂ ᠠᠮᠢ ᠠᠬᠤᠢ ᠶᠢᠨ ᠬᠠᠯᠬᠠᠪᠴᠢ ᠶᠢ ᠪᠠᠶᠢᠭᠤᠯᠬᠤ ᠲᠤᠬᠠᠢ ᠰᠠᠨᠠᠭᠤᠯᠭ᠎ᠠ ᠲᠠᠪᠰᠢᠬᠦᠯᠬᠦ ᠪᠠᠷ ᠪᠤᠢ᠃ ᠲᠡᠬᠦᠨ ᠤ ᠠᠩᠬ᠎ᠠ ᠠᠯᠬᠤᠮ ᠤᠨ ᠪᠠᠶᠢᠴᠠᠭᠠᠨ ᠰᠤᠳᠤᠯᠤᠭᠰᠠᠨ ᠢᠶᠠᠷ᠂ ᠲᠤᠰ ᠬᠠᠯᠬᠠᠪᠴᠢ ᠨᠢ ︽ᠡᠯᠡᠰᠦᠨ ᠰᠢᠭᠤᠷᠭ᠎ᠠ︾ ᠵᠡᠷᠭᠡ ᠪᠠᠶᠢᠭᠠᠯᠢ ᠶᠢᠨ ᠭᠠᠮᠰᠢᠭ ᠢ ᠪᠦᠳᠦᠮᠵᠢᠳᠡᠢ ᠬᠤᠷᠢᠬᠯᠠᠵᠤ ᠴᠢᠳᠠᠬᠤ ᠮᠦᠷᠳᠡᠭᠡᠨ ᠰᠠᠯᠬᠢᠨ ᠲᠤᠤᠷᠡᠬᠢ ᠤᠷᠤᠨ ᠤ ᠠᠮᠢ ᠠᠬᠤᠢ ᠤᠷᠴᠢᠨ ᠲᠤᠭᠤᠷᠢᠨ ᠳᠤ ᠵᠠᠩᠭᠢᠯᠠᠭ᠎ᠠ ᠶᠢᠨ ᠴᠢᠨᠠᠷᠳᠠᠢ ᠬᠠᠮᠠᠭᠠᠯᠠᠬᠤ ᠦᠢᠯᠡᠳᠦᠯ ᠦᠵᠡᠬᠦᠯᠵᠦ᠂ ᠲᠦᠮᠡᠨ ᠭᠠᠵᠠᠷ ᠤᠨ ᠨᠤᠭᠤᠭᠠᠨ ᠬᠠᠯᠬᠠᠪᠴᠢ ᠶᠢ ᠪᠦᠳᠦᠭᠡᠨ ᠪᠠᠶᠢᠭᠤᠯᠬᠤ ᠳᠤ ᠪᠠᠶᠢᠯᠳᠤᠬᠤ ᠪᠤᠳᠤᠯᠭ᠎ᠠ ᠶᠢᠨ ᠠᠴᠢ ᠬᠤᠯᠪᠤᠭᠳᠠᠯ ᠲᠠᠢ᠃ ᠡᠭᠦᠨ ᠤ ᠬᠠᠮᠳᠤ᠂ ᠠᠯᠠᠱᠠ ᠶᠢᠨ ᠤᠰᠤᠨ ᠤ ᠡᠬᠢ ᠪᠠᠶᠠᠯᠢᠭ ᠬᠤᠮᠰᠠ᠂ ᠤᠰᠤ ᠬᠡᠷᠡᠭᠯᠡᠬᠦ ᠵᠦᠷᠢᠴᠡᠯ ᠲᠤᠪᠤᠶᠢᠮ᠎ᠠ ᠵᠡᠷᠭᠡ ᠪᠤᠳᠠᠳᠤ ᠠᠰᠠᠭᠤᠳᠠᠯ ᠳᠤ ᠴᠢᠭᠯᠡᠬᠦᠯᠵᠦ᠂ ᠠᠯᠠᠱᠠ ᠵᠡᠬᠦᠨ ᠬᠤᠰᠢᠭᠤᠨ ᠤ ᠤᠳᠤᠬᠢ ᠪᠠᠶᠢᠭ᠎ᠠ ᠲᠡᠷᠢᠶᠠᠯᠠᠬᠤ ᠭᠠᠵᠠᠷ ᠢ ᠪᠦᠬᠦᠨ ᠢ ᠨᠢ ᠲᠠᠷᠢᠶᠠᠯᠠᠬᠤ ᠪᠠᠨ ᠵᠤᠬᠰᠤᠵᠤ ᠡᠪᠡᠰᠦ ᠮᠤᠳᠤ ᠲᠠᠷᠢᠬᠤ ᠪᠤᠯᠭᠠᠨ᠎ᠠ᠃ ᠡᠳᠡᠭᠡᠷ ᠠᠷᠭ᠎ᠠ ᠠᠪᠴᠠᠯ ᠨᠢ ᠪᠠᠷᠠᠭᠤᠨ ᠭᠡᠰᠡᠭ ᠤᠨ ᠭᠠᠨᠭ᠌ ᠬᠠᠭᠤᠷᠠᠢ ᠭᠠᠵᠠᠷ ᠤᠷᠤᠨ ᠳᠤ ᠤᠰᠤ ᠠᠷᠪᠢᠯᠠᠵᠤ᠂ ᠭᠠᠵᠠᠷ ᠲᠤᠤᠷᠠᠬᠢ ᠤᠰᠤᠨ ᠤ ᠰᠢᠰᠲ᠋ᠧᠮ ᠤᠨ ᠲᠤᠬᠳᠠᠭᠤᠨ ᠰᠢᠨᠵᠢᠯᠡᠬᠦ ᠤᠬᠠᠭᠠᠨᠴᠢ ᠭᠦᠭᠵᠢᠯᠳᠠ ᠶᠢ ᠠᠬᠢᠭᠤᠯᠬᠤ ᠮᠦᠷᠳᠡᠭᠡᠨ ᠤᠮᠠᠷᠠᠳᠦ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ ᠳᠤ ᠠᠰᠢᠬᠳᠠᠢ᠃ ᠭᠧ ᠮᠢᠩ᠂ ᠠᠯᠠᠱᠠ ᠵᠡᠬᠦᠨ ᠬᠤᠰᠢᠭᠤ ᠶᠢ ᠲᠠᠪᠤᠳᠤᠭᠠᠷ ᠲᠦᠷᠦᠯ ᠤᠨ ᠬᠠᠳᠠᠭᠤ ᠪᠡᠷᠭᠡᠰᠢᠶᠡᠯᠳᠡᠢ ᠪᠤᠶᠢᠳᠠ ᠪᠦᠭᠯᠡᠬᠦᠤ ᠭᠠᠵᠠᠷ ᠤᠷᠤᠨ ᠪᠤᠯᠭᠠᠨ ᠲᠤᠬᠢᠷᠠᠭᠤᠯᠬᠤ ᠪᠤᠯ ᠶᠡᠷᠦ ᠠᠴᠠ ᠲᠤᠬᠠᠢ ᠶᠢᠨ ᠭᠠᠵᠠᠷ ᠤᠨ ᠦᠨᠳᠦᠰᠦᠨ ᠱᠠᠳᠤᠨ ᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠶᠢᠪᠠ᠃ ᠡᠨᠡ ᠤᠳᠠᠭ᠎ᠠ ᠤᠯᠤᠰ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠢᠭᠡᠮ ᠤᠨ ᠪᠠᠳᠤᠯᠠᠭ᠎ᠠ ᠶᠢᠨ ᠶᠠᠮᠤᠨ ᠳᠤ ᠰᠠᠨᠠᠯ ᠲᠡᠪᠰᠢᠬᠦᠯᠵᠦ᠂ ᠲᠡᠤᠬᠡᠨ ᠲᠡᠭᠡᠷᠡᠬᠢ ᠪᠠᠷᠠᠭᠤᠨ ᠬᠤᠶᠢᠳᠦ ᠤᠷᠤᠨ ᠪᠠ ᠠᠯᠠᠱᠠ ᠳᠠᠬᠢ ᠲᠤᠬᠢᠷᠠᠭᠤᠯᠤᠯᠳᠠ ᠲᠠᠢ ᠤᠶᠠᠯᠳᠤᠭᠤᠯᠵᠤ᠂ ᠠᠯᠠᠱᠠ ᠵᠡᠬᠦᠨ ᠬᠤᠰᠢᠭᠤ ᠶᠢ ᠲᠦᠷᠪᠡᠳᠦᠭᠡᠷ ᠲᠦᠷᠦᠯ ᠤᠨ ᠭᠠᠵᠠᠷ ᠤᠷᠤᠨ ᠠᠴᠠ ᠲᠠᠪᠤᠳᠤᠭᠠᠷ ᠲᠦᠷᠦᠯ ᠤᠨ ᠭᠠᠵᠠᠷ ᠤᠷᠤᠨ ᠪᠤᠯᠭᠠᠨ ᠲᠤᠬᠢᠷᠠᠭᠤᠯᠵᠦ᠂ ᠲᠡᠷᠡᠴᠢᠯᠡᠨ ᠪᠠᠷᠠᠭᠤᠨ ᠤᠷᠤᠨ ᠤ ᠬᠢᠯᠢ ᠬᠢᠵᠠᠭᠠᠷ ᠤᠨ ᠬᠠᠷᠠᠬᠠᠨ ᠬᠦᠭᠵᠢᠭᠡᠳᠤᠢ ᠦᠨᠳᠦᠰᠦᠳᠡᠨ ᠤ ᠤᠷᠤᠨ ᠢᠶᠠᠷ ᠲᠠᠮᠵᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠬᠢᠴᠠ ᠶᠢ ᠠᠶᠠᠳᠠᠵᠤ ᠴᠢᠨᠠᠷ ᠰᠠᠶᠢᠳᠠᠢ ᠭᠦᠭᠵᠢᠯᠳᠠ ᠶᠢ ᠪᠡᠶᠡᠯᠡᠬᠦᠯᠬᠦ ᠪᠤᠯᠤᠨ᠎ᠠ ᠭᠡᠯ᠎ᠠ᠃
 
ᠢᠷᠡᠯᠲᠡ᠄ ᠠᠯᠠᠱᠠ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号