| ᠨᠡᠶᠢᠭᠡᠮ ᠵᠢᠷᠦᠮ ᠤᠨ ᠵᠠᠬ᠎ᠠ ᠲᠡᠯᠭᠡᠭᠦᠷ ᠤᠨ ᠠᠵᠤ ᠠᠬᠤᠢ ᠶᠢᠨ ᠬᠦᠭᠵᠢᠯᠳᠡ ᠨᠢ ᠬᠡᠷᠡᠭᠯᠡᠭᠡ ᠶᠢ ᠮᠠᠰᠢ | ᠬᠦᠭᠵᠢᠶᠡᠨᠳᠡᠢ ᠪᠤᠯᠭᠠᠭᠰᠠᠨ ᠪᠤᠯᠪᠠᠴᠤ ᠲᠠᠸᠠᠷ ᠤᠨ ᠬᠡᠷᠡᠭᠯᠡᠭᠡᠨ ᠤ ᠶᠠᠪᠤᠴᠠ ᠳᠤ ᠪᠠᠰᠠ ᠠᠯᠢ ᠤᠯᠠᠨ ᠵᠢᠭᠤᠷᠠᠭᠠᠨ | ᠡᠭᠦᠰᠬᠦ ᠰᠢᠯᠲᠠᠭᠠᠨ ᠢ ᠪᠤᠢ ᠪᠤᠯᠭᠠᠭᠰᠠᠨ ᠪᠠᠶᠢᠨ᠎ᠠ᠃ ᠡᠶᠢᠮᠦᠷᠭᠦ ᠪᠠᠶᠢᠳᠠᠯ ᠳᠤᠤᠷ᠎ᠠ ᠬᠡᠷᠡᠭᠯᠡᠭᠴᠢᠳ ᠤᠨ ᠨᠡᠶᠢᠭᠡᠮᠯᠢᠭ ᠨᠢ | ᠤᠯᠠᠨ ᠵᠦᠢᠯ ᠤᠨ ᠵᠢᠭᠤᠷᠠᠭᠠᠨ ᠢ ᠬᠦᠯᠢᠶᠡᠨ ᠠᠪᠴᠤ ᠰᠢᠢᠳᠪᠦᠷᠢᠯᠡᠨ ᠬᠡᠷᠡᠭᠯᠡᠭᠴᠢᠳ ᠤᠨ ᠡᠷᠭᠡ ᠠᠰᠢᠭ ᠢ | ᠪᠦᠳᠦᠮᠵᠢᠲᠠᠢ ᠬᠠᠮᠠᠭᠠᠯᠠᠵᠤ ᠪᠤᠢ᠃ ᠤᠳᠤᠬᠠᠨ ᠤ ᠪᠠᠶᠢᠳᠠᠯ ᠳᠤᠤᠷ᠎ᠠ ᠭᠡᠷᠡᠭᠯᠡᠭᠴᠢᠳ ᠮᠠᠨᠢ ᠲᠤᠤᠷᠠᠬᠢ ᠲᠦᠷᠪᠡᠨ ᠡᠷᠬᠡ | ᠂ ᠲᠠᠷᠤᠢ᠂ ᠰᠢᠯᠢᠨ ᠰᠤᠩᠭᠤᠬᠤ ᠡᠷᠬᠡ᠂ ᠪᠠᠶᠢᠳᠠᠯ ᠢ ᠤᠢᠢᠯᠠᠭᠠᠬᠤ ᠡᠷᠭᠡ᠂ ᠪᠠᠶᠢᠴᠠᠭᠠᠬᠤ ᠡᠷᠭᠡ᠂ ᠬᠠᠮᠠᠭᠠᠯᠠᠬᠤ | ᠡᠷᠭᠡ ᠪᠠᠨ ᠮᠡᠳᠡᠵᠦ ᠪᠠᠶᠢᠪᠠᠯ ᠵᠠᠷᠢᠮ ᠵᠢᠭᠤᠷᠠᠭᠠᠨ ᠤ ᠡᠭᠦᠰᠤᠯᠲᠠ ᠪᠠ ᠶᠠᠷᠰᠢᠭ ᠲᠦᠪᠡᠭ ᠠᠴᠠ ᠵᠠᠶᠢᠯᠠᠰᠬᠢᠵᠦ᠂ | ᠤᠴᠠᠷᠠᠵᠤ ᠮᠡᠳᠡᠬᠦ ᠬᠤᠬᠢᠷᠠᠯ ᠢᠶᠠᠨ ᠪᠠᠭᠠᠰᠬᠠᠵᠤ ᠪᠤᠯᠤᠨ᠎ᠠ ᠭᠡᠵᠦ ᠬᠡᠷᠡᠭᠯᠡᠭᠴᠢᠳ ᠤᠨ ᠨᠡᠶᠢᠭᠡᠮᠯᠢᠭ ᠰᠠᠨᠠᠭᠤᠯᠵᠤ ᠪᠤᠢ᠃ | ᠶᠡᠷᠤᠨᠢ ᠰᠢᠯᠢᠨ ᠰᠤᠩᠭᠤᠬᠤ ᠡᠷᠬᠡ ᠪᠤᠯ ᠬᠡᠷᠡᠭᠯᠡᠭᠡ ᠶᠢᠨ ᠤᠷᠢᠳᠠᠯ ᠨᠦᠭᠦᠴᠡᠯ ᠪᠠᠶᠢᠳᠠᠭ᠃ ᠬᠡᠷᠡᠭᠯᠡᠭᠴᠢᠳ ᠬᠡᠷᠡᠭᠯᠡᠭᠡ | ᠬᠢᠬᠦ ᠳᠡᠭᠡᠨ ᠤᠷᠢᠳᠠᠪᠡᠷ ᠰᠢᠯᠢᠨ ᠰᠤᠩᠭᠤᠬᠤ ᠦᠢᠯᠡ ᠶᠢ ᠭᠦᠢᠴᠡᠳᠭᠡᠳᠡᠭ ᠶᠤᠮ᠃ ᠬᠡᠷᠡᠭᠯᠡᠭᠴᠢᠳ ᠨᠢ | ᠬᠤᠳᠠᠯᠳᠤᠭᠠᠴᠢᠨ ᠢ ᠰᠤᠩᠭᠤᠬᠤ ᠪᠠᠷ ᠪᠠᠷᠠᠬᠤ ᠦᠭᠡᠢ᠂ ᠪᠠᠰᠠ ᠡᠳ᠋ ᠲᠠᠸᠠᠷ᠂ ᠦᠨ᠎ᠡ ᠬᠠᠩᠰᠢ᠂ ᠬᠡᠯᠪᠡᠷᠢ ᠮᠠᠶ᠋ᠢᠭ᠂ | ᠦᠩᠬᠡ ᠪᠤᠳᠤᠭ᠂ ᠮᠠᠲ᠋ᠧᠷᠢᠶᠠᠯ᠂ ᠶᠡᠭᠡ ᠪᠠᠭ᠎ᠠ ᠵᠡᠷᠭᠡ ᠶᠢ ᠪᠦᠷ ᠰᠤᠩᠭᠤᠨ᠎ᠠ᠃ ᠡᠭᠦᠨ ᠳᠤ ᠲᠠᠸᠠᠷ ᠤᠨ ᠬᠡᠯᠪᠡᠷᠢ | ᠮᠠᠶ᠋ᠢᠭ᠂ ᠦᠩᠭᠡ ᠪᠤᠳᠤᠭ᠂ ᠮᠠᠲ᠋ᠧᠷᠢᠶᠠᠯ᠂ ᠶᠡᠭᠡ ᠪᠠᠭ᠎ᠠ ᠵᠡᠷᠭᠡ ᠶᠢ ᠰᠤᠩᠭᠤᠭᠰᠠᠨ ᠨᠢ ᠵᠤᠬᠢᠮᠵᠢ ᠦᠭᠡᠢ ᠪᠤᠯ | ᠬᠠᠷᠢᠭᠤᠴᠠᠯᠭ᠎ᠠ ᠨᠢ ᠦᠪᠡᠷ ᠪᠡᠶ᠎ᠡ ᠳᠤᠨᠢ ᠪᠠᠶᠢᠬᠤ ᠪᠤᠯᠤᠨ᠎ᠠ᠂ ᠡᠶᠢᠮᠦ ᠪᠠᠶᠢᠳᠠᠯ ᠳᠤᠤᠷ᠎ᠠ ᠵᠢᠭᠤᠷᠠᠭᠠᠨ ᠡᠭᠦᠰᠪᠡᠯ ᠡᠷᠬᠡ | ᠠᠰᠢᠭ ᠢᠶᠠᠨ ᠬᠠᠮᠠᠭᠠᠯᠠᠬᠤ ᠳᠤ ᠬᠦᠴᠢᠷᠲᠠᠢ ᠪᠠᠶᠢᠳᠠᠭ᠃ ᠡᠶᠢᠮᠦ ᠠᠴᠠ ᠬᠡᠷᠡᠭᠯᠡᠭᠴᠢᠳ ᠬᠡᠷᠡᠭᠯᠡᠭᠡᠨ ᠤ ᠶᠠᠪᠤᠴᠠ ᠳᠤ | ᠰᠢᠯᠢᠨ ᠰᠤᠩᠭᠤᠬᠤ ᠡᠷᠬᠡ ᠪᠠᠨ ᠭᠦᠢᠴᠡᠳ ᠠᠰᠢᠭᠯᠠᠵᠤ ᠰᠠᠨᠠᠭᠠᠨ ᠳᠠᠭᠠᠨ ᠲᠤᠬᠢᠷᠠᠭᠰᠠᠨ ᠲᠠᠸᠠᠷ ᠢᠶᠠᠨ ᠬᠤᠳᠠᠯᠳᠤᠨ | ᠠᠪᠬᠤ ᠪᠤᠯ ᠮᠠᠰᠢ ᠴᠢᠬᠤᠯᠠ ᠶᠤᠮ᠃ ᠲᠠᠷᠠᠭᠠᠯᠠᠪᠠᠯ᠂ ᠪᠠᠶᠢᠳᠠᠯ ᠢ ᠤᠢᠢᠯᠠᠭᠠᠬᠤ ᠡᠷᠭᠡ ᠪᠤᠯ ᠬᠡᠷᠡᠭᠯᠡᠭᠡᠨ ᠤ ᠵᠤᠷᠢᠯᠭ᠎ᠠ | ᠮᠦᠨ᠃ ᠬᠡᠷᠡᠭᠯᠡᠭᠴᠢᠳ ᠡᠳ᠋ ᠲᠠᠸᠠᠷ ᠠᠪᠬᠤ ᠳᠤ ᠪᠠᠶᠢᠳᠠᠯ ᠢ ᠨᠢ ᠤᠢᠢᠯᠠᠭᠠᠬᠤ ᠡᠷᠬᠡ ᠲᠠᠢ᠂ ᠡᠨᠡ ᠨᠢ ᠲᠠᠷᠤᠢ | ᠲᠠᠸᠠᠷ ᠤᠨ ᠶᠠᠰᠤ ᠴᠢᠨᠠᠷ᠂ ᠮᠠᠲ᠋ᠧᠷᠢᠶᠠᠯ ᠤᠨ ᠪᠦᠷᠢᠯᠳᠦᠭᠦᠨ᠂ ᠬᠡᠷᠡᠭᠯᠡᠬᠦ ᠠᠷᠭ᠎ᠠ᠂ ᠬᠠᠮᠠᠭᠠᠯᠠᠬᠤ ᠠᠷᠭ᠎ᠠ ᠠᠪᠴᠠᠯ | ᠵᠢᠴᠢ ᠪᠤᠷᠤᠯᠠᠭᠤᠯᠭ᠎ᠠ ᠶᠢᠨ ᠲᠠᠷᠠᠭᠠᠬᠢ ᠦᠢᠯᠡᠴᠢᠯᠡᠭᠡ ᠵᠡᠷᠭᠡ ᠶᠢᠨ ᠲᠤᠬᠠᠢ ᠠᠭᠤᠯᠭ᠎ᠠ ᠶᠢ ᠮᠡᠳᠡᠬᠦ ᠶᠠᠪᠤᠳᠠᠯ ᠪᠤᠯᠤᠨ᠎ᠠ᠃ | ᠤᠨᠴᠠᠭᠠᠢᠢᠯᠠᠨ ᠬᠤᠳᠠᠯᠳᠤᠭᠠᠴᠢᠨ ᠤ ᠪᠤᠷᠤᠯᠠᠭᠤᠯᠭ᠎ᠠ ᠶᠢᠨ ᠲᠠᠷᠠᠭᠠᠬᠢ ᠦᠢᠯᠡᠴᠢᠯᠡᠭᠡ ᠨᠢ ᠵᠦᠪᠬᠡᠨ ᠬᠡᠯᠡᠭᠡᠳ ᠪᠤᠯᠬᠤ | ᠦᠭᠡᠢ᠂ ᠵᠠᠪᠠᠯ ᠪᠢᠯᠧᠲ ᠪᠠᠷᠢᠮᠳᠠ ᠲᠡᠭᠡᠷ᠎ᠡ ᠦᠰᠦᠭ ᠪᠢᠴᠢᠭ ᠤᠨ ᠬᠡᠯᠪᠡᠷᠢ ᠪᠠᠷ ᠪᠢᠴᠢᠭᠳᠡᠭᠰᠡᠨ ᠵᠦᠢᠯ ᠪᠠᠶᠢᠬᠤ | ᠬᠡᠷᠡᠭᠲᠡᠢ ᠪᠠᠶᠢᠳᠠᠭ᠃ ᠡᠰᠡᠪᠡᠯ ᠶᠠᠮᠠᠷ ᠨᠢᠭᠡᠨ ᠵᠢᠭᠤᠷᠠᠭᠠᠨ ᠡᠭᠦᠰᠪᠡᠯ ᠬᠡᠷᠡᠭᠯᠡᠭᠴᠢᠳ ᠡᠷᠬᠡ ᠠᠰᠢᠭ ᠢᠶᠠᠨ ᠬᠠᠮᠠᠭᠠᠯᠠᠵᠤ | ᠴᠢᠳᠠᠬᠤ ᠦᠭᠡᠢ ᠪᠤᠯᠤᠨ᠎ᠠ᠃ ᠲᠠᠬᠢᠪᠠᠯ᠂ ᠪᠠᠶᠢᠴᠠᠭᠠᠬᠤ ᠡᠷᠬᠡ ᠪᠤᠯ ᠬᠡᠷᠡᠭᠯᠡᠭᠡᠨ ᠤ ᠰᠠᠭᠤᠷᠢ ᠪᠤᠯᠤᠨ᠎ᠠ᠃ | ᠬᠡᠷᠡᠭᠯᠡᠭᠴᠢᠳ ᠶᠠᠮᠠᠷ ᠨᠢᠭᠡᠨ ᠲᠠᠸᠠᠷ ᠢ ᠬᠤᠳᠠᠯᠳᠤᠨ ᠠᠪᠬᠤ ᠪᠠᠷ ᠲᠤᠭᠳᠠᠭᠰᠠᠨ ᠪᠤᠯ ᠵᠠᠷᠢᠮ ᠵᠦᠢᠯ ᠢ ᠪᠠᠰᠠ | ᠪᠠᠶᠢᠴᠠᠭᠠᠨ ᠦᠵᠡᠪᠡᠯ ᠵᠤᠬᠢᠨ᠎ᠠ᠃ ᠲᠤᠬᠠᠢᠢᠯᠠᠪᠠᠯ᠂ ᠲᠠᠸᠠᠷ ᠤᠨ ︽ᠭᠤᠷᠪᠠᠨ ᠦᠨᠡᠮᠯᠡᠯ︾ ︵ᠲᠠᠸᠠᠷ ᠤᠨ | ᠦᠢᠯᠡᠳᠪᠦᠷᠢ ᠠᠴᠠ ᠭᠠᠷᠬᠤ ᠦᠨᠡᠮᠯᠡᠯ᠂ ᠬᠢᠷᠢ ᠲᠡᠩᠴᠡᠭᠰᠡᠨ ᠦᠨᠡᠮᠯᠡᠯ᠂ ᠶᠠᠰᠤ ᠴᠢᠨᠠᠷ ᠤᠨ ᠪᠠᠶᠢᠴᠠᠭᠠᠯᠳᠠ ᠶᠢᠨ | ᠦᠨᠡᠮᠯᠡᠯ︶᠂ ᠲᠠᠸᠠᠷ ᠢ ᠬᠡᠷᠡᠭᠯᠡᠬᠦ ᠲᠠᠶᠢᠯᠪᠤᠷᠢ᠂ ᠦᠢᠯᠡᠳᠪᠦᠷᠢᠯᠡᠭᠰᠡᠨ ᠭᠠᠵᠠᠷ᠂ ᠶᠠᠰᠤ ᠴᠢᠨᠠᠷ ᠢ ᠪᠠᠳᠤᠯᠠᠬᠤ | ᠬᠤᠭᠤᠴᠠᠭ᠎ᠠ᠂ ᠪᠤᠭᠤᠯᠳᠠ᠂ ᠰᠡᠯᠪᠢᠭ ᠲᠤᠨᠤᠭ᠂ ᠦᠩᠭᠡ ᠪᠤᠳᠤᠭ᠂ ᠭᠠᠳᠠᠷ ᠦᠵᠡᠮᠵᠢ ᠬᠡᠯᠪᠡᠷᠢ᠂ ᠪᠠᠷᠠᠭ᠎ᠠ | ᠬᠤᠳᠠᠯᠳᠤᠨ ᠠᠪᠤᠬᠰᠠᠨ ᠪᠢᠯᠧᠲ ᠪᠠᠷᠢᠮᠳᠠ ᠵᠡᠷᠭᠡ ᠶᠢ ᠪᠠᠶᠢᠴᠠᠭᠠᠨ ᠦᠵᠡᠬᠦ ᠬᠡᠷᠡᠭᠲᠡᠢ᠃ ᠬᠡᠷᠡᠭᠯᠡᠭᠴᠢᠳ ᠡᠨᠡᠬᠦ | ᠶᠠᠪᠤᠴᠠ ᠳᠤ ᠶᠠᠮᠠᠷ ᠨᠢᠭᠡᠨ ᠡᠪ ᠦᠭᠡᠢ ᠵᠦᠢᠯ ᠢ ᠰᠡᠷᠡᠵᠦ ᠤᠯᠪᠠᠯ ᠵᠦᠷᠢᠴᠡᠯ ᠵᠢᠭᠤᠷᠠᠭᠠᠨ ᠤ ᠡᠭᠦᠰᠬᠦ ᠶᠢ ᠲᠡᠪᠴᠢᠵᠦ | ᠴᠢᠳᠠᠬᠤ ᠪᠤᠯᠤᠨ᠎ᠠ᠃ ᠬᠠᠮᠤᠭ ᠰᠡᠭᠦᠯ ᠳᠤ ᠬᠠᠮᠠᠭᠠᠯᠠᠯᠲᠠ ᠶᠢᠨ ᠡᠷᠭᠡ ᠪᠤᠯ ᠬᠡᠷᠡᠭᠯᠡᠭᠡᠨ ᠤ ᠡᠰᠢ ᠦᠨᠳᠦᠰᠦ ᠪᠤᠯᠬᠤ | ᠶᠤᠮ᠃ ᠡᠨᠡ ᠪᠤᠯ ᠬᠠᠤᠯᠢ ᠲᠦᠷᠢᠮ ᠠᠴᠠ ᠬᠡᠷᠡᠭᠯᠡᠭᠴᠢᠳ ᠲᠤ ᠤᠯᠭᠤᠭᠰᠠᠨ ᠡᠷᠬᠡ ᠪᠤᠯᠤᠨ᠎ᠠ᠂ ᠮᠦᠨᠴᠤ | ᠬᠡᠷᠡᠭᠯᠡᠭᠴᠢᠳ ᠤᠨ ᠨᠡᠶᠢᠭᠡᠮᠯᠢᠭ ᠤᠨ ᠵᠤᠬᠢᠶᠠᠨ ᠪᠠᠶᠢᠭᠤᠯᠤᠯᠳᠠ ᠶᠢᠨ ᠡᠭᠦᠷᠭᠡ ᠬᠠᠷᠢᠭᠤᠴᠠᠯᠭ᠎ᠠ ᠪᠤᠯᠤᠨ᠎ᠠ᠃ | ᠬᠡᠷᠡᠭᠯᠡᠭᠡᠨ ᠤ ᠶᠠᠪᠤᠴᠠ ᠳᠤ ᠵᠢᠭᠤᠷᠠᠭᠠᠨ ᠡᠭᠦᠰᠪᠡᠯ ᠬᠡᠷᠡᠭᠯᠡᠭᠴᠢᠳ ᠠᠴᠠ ᠬᠡᠷᠡᠭᠯᠡᠭᠴᠢᠳ ᠤᠨ ᠨᠡᠶᠢᠭᠡᠮᠯᠢᠭ ᠤᠨ | ᠵᠤᠬᠢᠶᠠᠨ ᠪᠠᠶᠢᠭᠤᠯᠤᠯᠳᠠ ᠶᠢ ᠡᠷᠢᠵᠦ ᠬᠠᠤᠯᠢ ᠶᠤᠰᠤᠭᠠᠷ ᠡᠷᠭᠡ ᠠᠰᠢᠭ ᠢᠶᠠᠨ ᠬᠠᠮᠠᠭᠠᠯᠠᠵᠤ ᠪᠤᠯᠤᠨ᠎ᠠ᠃ ᠬᠡᠷᠪᠡ | ᠲᠡᠭᠡᠷᠡᠬᠢ ᠲᠦᠷᠪᠡᠨ ᠡᠷᠬᠡ ᠪᠠᠨ ᠡᠵᠡᠮᠰᠢᠨ ᠮᠡᠳᠡᠵᠤ ᠪᠠᠳᠤ ᠴᠡᠭᠡᠵᠢᠯᠡᠵᠦ ᠶᠠᠪᠤᠪᠠᠯ᠂ ᠭᠡᠷᠡᠭᠯᠡᠭᠡᠨ ᠤ ᠶᠠᠪᠤᠴᠠ ᠳᠤ | ᠪᠤᠶᠤ ᠵᠢᠭᠤᠷᠠᠭᠠᠨ ᠡᠭᠦᠰᠦᠭᠰᠡᠨ ᠴᠤ ᠬᠡᠷᠡᠭᠯᠡᠭᠴᠢᠳ ᠦᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠦᠨᠡᠨᠬᠦ | ᠬᠠᠮᠠᠭᠠᠯᠠᠵᠤ ᠴᠢᠳᠠᠬᠤ ᠶᠤᠮ᠃ |