ᠴᠡᠭᠡ ᠶᠢᠨ ᠦᠢᠯᠡᠳᠦᠯ ᠬᠡᠷᠡᠭᠴᠡᠭᠡ
ᠨᠡᠶᠢᠲᠡᠯᠡᠭᠰᠡᠨ ᠴᠠᠭ᠄
2019/4/2
    ᠴᠡᠭᠡ ᠶᠢᠨ ᠦᠢᠯᠡᠳᠦᠯ ᠬᠡᠷᠡᠭᠴᠡᠭᠡ ᠴᠡᠭᠡ ᠪᠤᠯ ᠮᠤᠩᠭᠤᠯ ᠦᠨᠳᠦᠰᠦᠳᠡᠨ ᠤ ᠤᠮᠳᠠᠭᠠᠨ ᠤ ᠳᠡᠭᠡᠵᠢ᠂ ᠰᠢᠮ᠎ᠡ ᠲᠡᠵᠢᠭᠡᠯ ᠰᠠᠶᠢᠳᠠᠢ᠂ ᠭᠡᠬᠦᠦ ᠶᠢᠨ ᠰᠦ ᠶᠢ ᠢᠰᠭᠡᠭᠰᠡᠨ ᠤᠮᠳᠠᠭᠠᠨ ᠪᠤᠯᠤᠨ᠎ᠠ᠃ ᠴᠡᠭᠡ ᠶᠢ ᠦᠷᠬᠦᠯᠵᠢ ᠤᠤᠭᠤᠪᠠᠯ ᠬᠦᠮᠦᠨ ᠤ ᠪᠦᠬᠦ ᠪᠡᠶ᠎ᠡ ᠶᠢᠨ ᠪᠤᠯᠴᠢᠩ ᠰᠢᠷᠪᠦᠰᠦ ᠶᠢ ᠴᠢᠩᠭᠠᠷᠠᠭᠤᠯᠤᠨ᠂ ᠪᠦᠭᠡᠷ᠎ᠡ ᠶᠢ ᠲᠠᠮᠢᠷᠵᠢᠭᠤᠯᠤᠨ ᠪᠡᠶ᠎ᠡ ᠶᠢ ᠰᠢᠮᠡᠵᠢᠭᠦᠯᠵᠦ ᠡᠪᠡᠳᠴᠢᠨ ᠢ ᠡᠰᠡᠷᠭᠦᠴᠡᠬᠦ ᠴᠢᠳᠠᠪᠦᠷᠢ ᠶᠢ ᠰᠠᠶᠢᠵᠢᠷᠠᠭᠤᠯᠳᠠᠭ᠃ ᠰᠢᠨᠵᠢᠯᠡᠬᠦ ᠤᠬᠠᠭᠠᠨ ᠤ ᠰᠤᠳᠤᠯᠭᠠᠨ ᠤ ᠮᠡᠳᠡᠭᠡᠯᠡᠯ ᠢ ᠦᠨᠳᠦᠰᠦᠯᠡᠪᠡᠯ᠂ ᠴᠡᠭᠡ ᠴᠢᠰᠤ ᠶᠢ ᠰᠢᠩᠭᠡᠯᠡᠬᠦ ᠪᠠ ᠯᠤᠭᠰᠢᠭᠤᠨ ᠰᠤᠳᠠᠯ ᠤᠨ ᠬᠠᠳᠠᠭᠤᠷᠠᠯ ᠢ ᠰᠡᠷᠭᠡᠶᠢᠯᠡᠬᠦ ᠠᠴᠠ ᠭᠠᠳᠠᠨ᠎ᠠ᠂ ᠴᠢᠰᠤᠨ ᠰᠢᠬᠢᠷ ᠠᠷᠪᠢᠳᠬᠤ ᠪᠠ ᠴᠢᠰᠤᠨ ᠤ ᠢᠯᠳᠡᠰᠦ ᠨᠡᠮᠡᠭᠳᠡᠬᠦ ᠶᠢ ᠬᠤᠷᠢᠭᠯᠠᠬᠤ᠂ ᠨᠦᠢᠷ ᠤᠨ ᠪᠤᠯᠴᠢᠷᠬᠠᠢ ᠶᠢᠨ ᠠᠵᠢᠯᠯᠠᠭ᠎ᠠ ᠶᠢ ᠰᠠᠶᠢᠵᠢᠷᠠᠭᠤᠯᠵᠦ᠂ ᠡᠯᠡᠭᠡ ᠳᠡᠯᠢᠭᠦᠨ ᠤ ᠠᠵᠢᠯᠯᠠᠭ᠎ᠠ ᠶᠢ ᠰᠠᠶᠢᠵᠢᠷᠠᠭᠤᠯᠵᠦ᠂ ᠡᠪᠡᠳᠴᠢᠨ ᠢ ᠦᠯᠦ ᠬᠠᠯᠳᠠᠭᠠᠬᠤ ᠴᠢᠳᠠᠪᠦᠷᠢ ᠶᠢ ᠳᠡᠭᠡᠭᠰᠢᠯᠡᠭᠦᠯᠦᠨ᠂ ᠠᠭᠤᠰᠬᠢᠨ ᠬᠠᠪᠤᠩ᠂ ᠬᠤᠳᠤᠭᠠᠳᠤ ᠭᠡᠳᠡᠰᠤᠨ ᠤ ᠠᠷᠬᠠᠭ᠂ ᠪᠠᠮ ᠡᠪᠡᠳᠴᠢᠨ ᠵᠡᠷᠭᠡ ᠶᠢᠨ ᠬᠤᠤᠷ ᠢ ᠲᠠᠶᠢᠯᠠᠬᠤ ᠳᠤ ᠲᠤᠰᠠᠳᠠᠢ ᠪᠦᠭᠡᠳ ᠪᠡᠶ᠎ᠡ ᠮᠠᠬᠠᠪᠤᠳ ᠢ ᠲᠡᠭᠰᠢᠷᠡᠭᠦᠯᠬᠦ ᠦᠢᠯᠡᠳᠦᠯ ᠲᠠᠢ᠃ ᠡᠮ ᠤᠨ ᠦᠨᠳᠦᠰᠦ ᠵᠢᠷᠭᠤᠭᠠᠨ ᠠᠮᠳᠠ ᠶᠢ ᠦᠨᠳᠦᠰᠦᠯᠡᠪᠡᠯ᠂ ᠴᠡᠭᠡ ᠪᠤᠯ ᠠᠮᠳᠠᠯᠢᠭ᠂ ᠢᠰᠭᠦᠯᠡᠩ᠂ ᠡᠭᠡᠭᠦᠨ ᠵᠡᠷᠭᠡ ᠭᠤᠷᠪᠠᠨ ᠠᠮᠳᠠ ᠪᠠᠷ ᠪᠦᠷᠢᠯᠳᠦᠵᠦ᠂ ᠠᠮᠳᠠᠯᠢᠭ ᠠᠮᠳᠠ ᠶᠢ ᠪᠡᠶ᠎ᠡ ᠮᠠᠬᠠᠪᠤᠳ ᠤᠨ ᠲᠠᠮᠢᠷ ᠬᠦᠴᠤᠨ ᠢ ᠨᠡᠮᠡᠭᠳᠡᠭᠦᠯᠬᠦ᠂ ᠪᠡᠶ᠎ᠡ ᠲᠦᠯᠵᠢᠭᠦᠯᠵᠦ᠂ ᠰᠢᠷᠬ᠎ᠠ ᠶᠢ ᠠᠨᠠᠭᠠᠵᠦ᠂ ᠦᠩᠭᠡ ᠵᠢᠰᠦ ᠪᠠ ᠡᠷᠬᠡᠳᠡᠨ ᠢ ᠲᠤᠳᠤᠷᠠᠭᠤᠯᠵᠦ᠂ ᠬᠡᠢ ᠰᠢᠷ᠎ᠠ ᠶᠢᠨ ᠡᠪᠡᠳᠴᠢᠨ ᠢ ᠵᠠᠰᠠᠨ᠎ᠠ᠃ ᠢᠰᠭᠦᠯᠡᠩ ᠠᠮᠳᠠ ᠨᠢ ᠢᠯᠴᠢ ᠶᠢ ᠰᠡᠯᠪᠢᠵᠦ᠂ ᠢᠳᠡᠭᠡᠨ ᠤ ᠳᠤᠷᠠᠰᠢᠯ ᠢ ᠰᠠᠶᠢᠵᠢᠷᠠᠭᠤᠯᠵᠦ᠂ ᠢᠳᠡᠭᠡᠨ ᠢ ᠰᠢᠩᠭᠡᠭᠡᠨ᠎ᠡ᠃ ᠡᠭᠡᠬᠦᠨ ᠠᠮᠳᠠ ᠨᠢ ᠴᠢᠰᠤ ᠰᠢᠷ᠎ᠠ ᠶᠢᠨ ᠬᠠᠯᠠᠭᠤᠨ ᠢ ᠠᠷᠢᠯᠭᠠᠵᠦ᠂ ᠠᠷᠠᠰᠤ ᠶᠢ ᠦᠩᠭᠡᠵᠢᠭᠦᠯᠦᠨ᠎ᠡ᠃ ᠡᠭᠦᠨ ᠠᠴᠠ ᠴᠡᠭᠡ ᠪᠤᠯ ᠬᠤᠳᠤᠭᠤᠳᠤᠨ ᠬᠠᠯᠠᠭᠤᠨ ᠢ ᠵᠠᠰᠠᠵᠦ᠂ ᠰᠢᠩᠭᠡᠭᠡᠯᠳᠡ ᠶᠢ ᠰᠠᠶᠢᠵᠢᠷᠠᠭᠤᠯᠤᠨ᠂ ᠲᠤᠩᠭᠠᠯᠠᠭ ᠴᠤᠪ ᠢ ᠢᠯᠭᠠᠵᠦ᠂ ᠰᠢᠨ᠎ᠡ ᠬᠠᠭᠤᠴᠢᠨ ᠤ ᠪᠤᠳᠠᠰ ᠤᠨ ᠰᠤᠯᠢᠯᠴᠠᠭ᠎ᠠ ᠢ ᠠᠬᠢᠭᠤᠯᠤᠨ᠂ ᠬᠤᠤᠷ ᠭᠡᠮ ᠢ ᠠᠷᠢᠯᠭᠠᠵᠤ᠂ ᠥᠳᠭᠡᠷᠡᠭᠰᠡᠨ ᠴᠢᠰᠤ ᠶᠢ ᠰᠢᠩᠭᠡᠷᠡᠭᠦᠯᠵᠦ᠂ ᠨᠦᠢᠷ ᠢ ᠰᠠᠶᠢᠵᠢᠷᠠᠭᠤᠯᠵᠦ᠂ ᠴᠢᠰᠤᠨ ᠲᠠᠮᠢᠷ ᠢ ᠨᠦᠬᠦᠪᠦᠷᠢᠯᠡᠨ᠂ ᠴᠤᠭ ᠰᠦᠯᠳᠡ ᠶᠢ ᠰᠠᠶᠢᠵᠢᠷᠠᠭᠤᠯᠬᠤ ᠦᠢᠯᠡᠳᠦᠯ ᠲᠠᠢ᠃
 
ᠢᠷᠡᠯᠲᠡ᠄ ᠦᠪᠦᠷ ᠮᠤᠩᠭᠤᠯ ᠤᠨ ᠠᠮᠢᠳᠤᠷᠠᠯ ᠤᠨ ᠭᠠᠷᠠᠭ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号