ᠵᠢᠷᠭᠠᠯᠠᠩᠳᠤ ᠭᠠᠴᠠᠭᠠᠨ ᠤ ᠮᠠᠯᠴᠢᠨ ᠲᠠᠷᠢᠶᠠᠴᠢᠳ ᠵᠢᠭᠤᠯᠴᠢᠯᠠᠯ ᠤᠨ ᠦᠢᠯᠡᠰ ᠠᠴᠠ ᠠᠰᠢᠬ ᠬᠤᠪᠢᠳᠠᠵᠤ ᠵᠢᠷᠭᠠᠯᠳᠤ ᠠᠮᠢᠳᠤᠷᠠᠯ ᠢᠶᠠᠨ ᠴᠤᠬᠴᠠᠯᠠᠨ᠎ᠠ
ᠨᠡᠶᠢᠲᠡᠯᠡᠭᠰᠡᠨ ᠴᠠᠭ᠄
2019/5/17
         ᠭᠤᠶᠢᠳᠠ ᠰᠠᠶᠢᠬᠠᠨ ᠦᠵᠠᠮᠵᠢ ᠪᠦᠷᠢᠳᠤᠬᠦᠯᠦᠭᠰᠠᠨ ᠵᠢᠷᠭᠠᠯᠠᠩᠳᠤ ᠭᠠᠴᠠᠭ᠎ᠠ᠃ ︵ᠰᠠᠴᠠᠡᠪᠠᠳᠤ ᠰᠠᠬᠦᠳᠠᠷᠯᠠᠪᠠ︶              ᠡᠵᠡᠨ᠎ᠡ ᠬᠤᠰᠢᠭᠤᠨ ᠤ ᠪᠠᠶᠠᠨᠳᠤᠤᠷᠠᠢ ᠰᠤᠮᠤᠨ ᠤ ᠵᠢᠷᠭᠠᠯᠠᠩᠳᠤ ᠭᠠᠴᠠᠭ᠎ᠠ ᠭᠠᠵᠠᠷ ᠤᠷᠤᠨ ᠤ ᠤᠨᠴᠠᠭᠠᠢ ᠪᠠᠶᠢᠷᠢᠰᠢᠯ ᠳᠤ ᠲᠦᠰᠢᠭᠯᠡᠨ᠂ ᠲᠤᠤᠷᠠᠢ ᠶᠢᠨ ᠡᠬᠢ ᠪᠠᠶᠠᠯᠢᠬ᠂ ᠲᠤᠷᠭᠤᠳᠴᠤᠳ ᠤᠨ ᠡᠬᠡ ᠤᠯᠤᠰ ᠲᠠᠭᠠᠨ ᠪᠤᠴᠠᠵᠤ ᠢᠷᠡᠭᠰᠡᠨ ᠲᠡᠤᠬᠡ ᠵᠢᠴᠢ ᠲᠤᠷᠭᠤᠳᠴᠤᠳ ᠤᠨ ᠤᠯᠠᠮᠵᠢᠯᠠᠯᠳᠤ ᠵᠠᠩ ᠵᠠᠩᠰᠢᠯ᠂ ᠠᠮᠢᠳᠤᠷᠠᠯ ᠦᠢᠯᠡ᠂ ᠰᠤᠶᠤᠯ ᠤᠷᠠᠯᠢᠭ ᠵᠡᠷᠭᠡ ᠤᠨᠴᠠᠯᠢᠬᠳᠤ ᠲᠠᠪᠠᠭᠤᠯᠢᠬ ᠲᠤ ᠰᠠᠭᠤᠷᠢᠯᠠᠨ᠂ ᠠᠮᠢ ᠠᠬᠤᠢ ᠶᠢᠨ ᠪᠠᠶᠢᠭᠤᠯᠤᠯᠳᠠ ᠪᠤᠯᠤᠨ ᠰᠤᠶᠤᠯ ᠤᠨ ᠪᠠᠶᠢᠭᠤᠯᠤᠯᠳᠠ ᠠᠴᠠ ᠬᠤᠤᠰ ᠠᠰᠢᠬ ᠬᠦᠷᠳᠡᠬᠦ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠰᠢᠨ᠎ᠡ ᠵᠠᠮ ᠢ ᠡᠷᠢᠯᠬᠢᠯᠡᠨ ᠨᠡᠭᠡᠭᠡᠵᠦ᠂ ︽ᠬᠤᠷᠰᠢᠶᠠᠵᠢᠯ + ᠠᠵᠤ ᠠᠬᠤᠢᠢᠯᠠᠯ + ᠮᠠᠯᠴᠢᠨ ᠲᠠᠷᠢᠶᠠᠴᠢᠨ︾ ᠡᠵᠡᠩᠨᠡᠯᠳᠡ ᠶᠢᠨ ᠬᠡᠯᠪᠡᠷᠢ ᠶᠢ ᠪᠦᠷᠢᠯᠳᠦᠭᠦᠯᠵᠦ᠂ ᠵᠢᠷᠭᠠᠯᠳᠤ ᠠᠮᠢᠳᠤᠷᠠᠯ ᠢᠶᠠᠨ ᠴᠤᠬᠴᠠᠯᠠᠵᠤ ᠪᠠᠶᠢᠨ᠎ᠠ᠃        ︽2013 ᠤᠨ ᠠᠴᠠ ᠡᠬᠢᠯᠡᠵᠦ ᠮᠠᠨᠠᠶᠢᠬᠢᠨ ᠲᠤᠤᠷᠠᠢ ᠶᠢᠨ ᠤᠢ ᠶᠢᠨ ᠵᠢᠭᠤᠯᠴᠢᠯᠠᠯ ᠤᠨ ᠡᠭᠦᠳᠡᠨ ᠪᠢᠯᠧᠲ ᠠᠴᠠ ᠠᠰᠢᠬ ᠬᠦᠷᠳᠡᠵᠦ᠂ 3000 ᠲᠦᠭᠦᠷᠢᠭ ᠬᠤᠪᠢᠳᠠᠵᠤ ᠪᠠᠶᠢᠬᠰᠠᠨ ᠢᠶᠠᠨ ᠦᠢᠷ᠎ᠠ ᠶᠢᠨ ᠵᠢᠯ ᠳᠤ ᠵᠢᠭᠤᠯᠴᠢᠯᠠᠯ ᠤᠨ ᠦᠢᠯᠡᠰ ᠤᠨ ᠬᠦᠭᠵᠢᠯᠳᠡ ᠰᠠᠶᠢᠵᠢᠷᠠᠬᠤ ᠶᠢ ᠲᠠᠭᠠᠯᠳᠤᠨ ᠬᠤᠪᠢᠳᠠᠵᠤ ᠤᠯᠬᠤ ᠠᠰᠢᠬ ᠲᠠᠰᠤᠷᠠᠯᠳᠠ ᠦᠭᠡᠢ ᠨᠡᠮᠡᠭᠳᠡᠨ ᠨᠢᠳᠤᠨᠤᠨ ᠵᠢᠯ 8000 ᠲᠦᠭᠦᠷᠢᠭ ᠬᠦᠷᠳᠡᠪᠡ᠂ ᠦᠪᠡᠷ ᠤᠨ ᠨᠤᠳᠤᠭ ᠲᠠᠭᠠᠨ ᠪᠠᠶᠢᠭ᠎ᠠ ᠲᠤᠤᠷᠠᠢ ᠶᠢᠨ ᠤᠢ ᠠᠴᠠ ᠡᠶᠢᠮᠦ ᠶᠡᠭᠡ ᠤᠯᠵᠠ ᠠᠰᠢᠬ ᠤᠯᠵᠤ ᠬᠦᠷᠳᠡᠬᠦ ᠶᠢ ᠦᠩᠭᠡᠷᠡᠭᠰᠡᠨ ᠳᠤ ᠪᠤᠳᠤᠵᠤ ᠦᠵᠡᠭᠡ ᠦᠭᠡᠢ᠂ ᠡᠨᠡ ᠨᠢ ᠮᠠᠨ ᠤ ᠭᠠᠴᠠᠭ᠎ᠠ ᠠᠮᠢ ᠠᠬᠤᠢ ᠶᠢᠨ ᠬᠠᠮᠠᠭᠠᠯᠠᠯᠳᠠ ᠶᠢ ᠰᠠᠶᠢᠨ ᠬᠢᠵᠦ᠂ ᠵᠢᠭᠤᠯᠴᠢᠯᠠᠯ ᠤᠨ ᠤᠷᠤᠯᠭ᠎ᠠ ᠪᠠᠨ ᠮᠠᠯᠴᠢᠨ ᠲᠠᠷᠢᠶᠡᠴᠢᠨ ᠳᠠᠭᠠᠨ ᠬᠤᠪᠢᠶᠠᠨ ᠦᠭᠴᠦ᠂ ᠠᠷᠠᠳ ᠤᠨ ᠠᠮᠢᠳᠤᠷᠠᠯ ᠤᠨ ᠤᠷᠤᠯᠭ᠎ᠠ ᠶᠢ ᠲᠡᠭᠡᠭᠰᠢᠯᠡᠬᠦᠯᠬᠦ ᠰᠢᠨ᠎ᠡ ᠵᠠᠮ ᠢ ᠬᠠᠶᠢᠨ ᠰᠦᠪᠡᠭᠴᠢᠯᠡᠭᠰᠡᠨ ᠦᠨᠡᠨ ᠪᠤᠳᠠᠳᠤ ᠶᠠᠪᠤᠳᠠᠯ ᠮᠦᠨ︾ ᠭᠡᠵᠦ ᠵᠢᠷᠭᠠᠯᠠᠩᠳᠤ ᠭᠠᠴᠠᠭᠠᠨ ᠤ ᠮᠠᠯᠴᠢᠨ ᠮᠡᠷᠭᠡᠵᠢᠯ ᠶᠠᠷᠢᠵᠤ ᠪᠠᠶᠢᠯ᠎ᠠ᠃ ᠳᠤᠰ ᠭᠠᠴᠠᠭᠠᠨ ᠳᠤ ᠮᠡᠷᠭᠡᠵᠢᠯ ᠲᠠᠢ ᠠᠳᠠᠯᠢᠬᠠᠨ ᠲᠤᠤᠷᠠᠢ ᠶᠢᠨ ᠤᠢ ᠶᠢᠨ ᠡᠬᠢ ᠪᠠᠶᠠᠯᠢᠬ ᠠᠴᠠ ᠠᠰᠢᠬ ᠬᠦᠷᠳᠡᠵᠦ ᠪᠠᠶᠢᠭ᠎ᠠ ᠮᠠᠯᠴᠢᠨ ᠡᠷᠦᠬᠡ 30 ᠭᠠᠷᠤᠢ ᠪᠤᠢ᠃ ᠲᠡᠳᠡ ᠤᠯᠤᠰ ᠤᠨ ᠲᠦᠷᠦ ᠶᠢᠨ ᠪᠤᠳᠤᠯᠭ᠎ᠠ ᠶᠢᠨ ᠤᠷᠢᠶᠠᠯᠠᠭ᠎ᠠ ᠪᠠᠷ ᠲᠤᠤᠷᠠᠢ ᠶᠢᠨ ᠤᠢ ᠳᠤ ᠮᠠᠯ ᠮᠠᠯᠵᠢᠬᠤ ᠪᠠᠨ ᠵᠤᠬᠰᠤᠭᠠᠵᠤ᠂ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠢ ᠪᠠᠶᠢᠭᠤᠯᠬᠤ ᠳᠤ ᠪᠠᠶᠢᠷᠢ ᠪᠡᠯᠴᠢᠭᠡᠷ ᠢᠶᠠᠨ ᠰᠤᠯᠠᠯᠠᠠ᠂ ᠭᠠᠴᠠᠭᠠᠨ ᠤ ᠬᠤᠶᠠᠷ ᠵᠦᠪᠯᠡᠯ ᠠᠴᠠ ᠮᠠᠯᠵᠢᠬᠤ ᠶᠢ ᠵᠤᠬᠰᠤᠭᠠᠬᠰᠠᠨ ᠮᠠᠯᠴᠢᠳ ᠲᠤ ᠠᠰᠢᠬ ᠬᠦᠷᠳᠡᠭᠡᠬᠦ ᠪᠠᠷ ᠲᠤᠰᠬᠠᠢ ᠬᠤᠷᠰᠢᠶᠠᠵᠢᠯ ᠪᠠᠶᠢᠭᠤᠯᠤᠨ᠂ ᠵᠢᠭᠤᠯᠴᠢᠯᠠᠯ ᠤᠨ ᠦᠢᠯᠡᠰ ᠡᠵᠡᠩᠨᠡᠨ ᠡᠷᠬᠢᠯᠡᠵᠦ ᠪᠠᠶᠢᠭ᠎ᠠ ᠠᠵᠤ ᠠᠬᠤᠢᠢᠯᠠᠯ ᠲᠠᠢ ᠵᠦᠪᠳᠡᠯᠴᠡᠨ᠂ ᠵᠢᠯ ᠪᠦᠷᠢ ᠶᠢᠨ ᠵᠢᠭᠤᠯᠴᠢᠯᠠᠯ ᠤᠨ ᠡᠭᠦᠳᠡᠨ ᠪᠢᠯᠧᠲ ᠤᠨ ᠤᠷᠤᠯᠭ᠎ᠠ ᠠᠴᠠ ᠨᠢᠭᠡ ᠬᠡᠰᠡᠭ ᠪᠡᠯᠡ ᠮᠦᠩᠭᠦ ᠭᠠᠷᠭᠠᠵᠤ ᠮᠠᠯᠴᠢᠳ ᠲᠤ ᠬᠤᠪᠢᠶᠠᠵᠤ ᠦᠭᠬᠦ ᠰᠢᠨ᠎ᠡ ᠠᠷᠭ᠎ᠠ ᠶᠢ ᠬᠡᠷᠡᠭᠵᠢᠭᠦᠯᠦᠭᠰᠡᠨ ᠠᠴᠠ ᠨᠤᠳᠤᠭ ᠤᠨ ᠮᠠᠯᠴᠢᠨ ᠲᠦᠮᠡᠨ ᠤ ᠬᠦᠷᠢᠶᠡᠯᠡᠯ ᠢ ᠶᠡᠬᠡᠳᠡ ᠤᠯᠤᠬᠰᠠᠨ ᠪᠠᠶᠢᠨ᠎ᠠ᠃              ᠵᠢᠷᠭᠠᠯᠠᠩᠳᠤ ᠭᠠᠴᠠᠭ᠎ᠠ ᠲᠤᠤᠷᠠᠢ ᠶᠢᠨ ᠤᠢ ᠲᠤᠮᠳᠠ ᠪᠠᠶᠢᠷᠢᠰᠢᠵᠤ᠂ 111 ᠡᠷᠦᠬᠡ ᠶᠢᠨ 316 ᠬᠦᠮᠦᠨ ᠠᠮᠠ ᠲᠠᠢ᠃ ᠮᠠᠯᠵᠢᠬᠤ ᠪᠠᠷ ᠭᠤᠤᠯ ᠦᠢᠯᠡᠳᠪᠦᠷᠢᠯᠡᠯ ᠢᠶᠠᠨ ᠪᠤᠯᠭᠠᠬᠰᠠᠨ ᠲᠤᠰ ᠭᠠᠴᠠᠭᠠᠨ ᠤ ᠲᠤᠤᠷᠠᠢ ᠶᠢᠨ ᠤᠢ ᠶᠢᠨ ᠲᠠᠯᠠᠪᠠᠢ 20 ᠭᠠᠷᠤᠢ ᠲᠦᠮᠡᠨ ᠮᠦ ᠳᠤ ᠬᠦᠷᠴᠦ ᠪᠠᠶᠢᠳᠠᠬ᠃ ᠦᠢᠷ᠎ᠠ ᠶᠢᠨ ᠵᠢᠯ ᠠᠴᠠ᠂ ᠲᠤᠰ ᠭᠠᠴᠠᠭ᠎ᠠ ︽ᠬᠦᠭᠡᠮᠳᠥᠭ ᠨᠤᠭᠤᠭᠠᠨ ᠠᠭᠤᠯᠨ ᠤᠰᠤ ᠪᠤᠯ ᠲᠠᠷᠤᠢ ᠠᠯᠳᠠ ᠮᠦᠡᠭᠬᠦᠨ ᠠᠭᠤᠯᠨ ᠮᠦᠨ︾ ᠭᠡᠬᠦ ᠬᠦᠭᠵᠢᠯᠳᠡ ᠶᠢᠨ ᠣᠨᠣᠯᠵᠢᠬᠤᠨ ᠢ ᠪᠠᠷᠢᠮᠳᠠᠯᠠᠨ᠂ ᠲᠤᠤᠷᠠᠢ ᠶᠢᠨ ᠤᠢ ᠲᠤᠳᠤᠷᠠᠬᠢ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠪᠠᠨ ᠰᠠᠶᠢᠨ ᠲᠤᠷ᠎ᠠ ᠠᠴᠠ ᠪᠠᠨ ᠵᠤᠬᠰᠤᠭᠠᠵᠤ᠂ ᠲᠤᠤᠷᠠᠢ ᠶᠢᠨ ᠤᠢ ᠶᠢᠨ ᠠᠮᠢ ᠠᠬᠤᠢ ᠶᠢᠨ ᠬᠠᠮᠠᠭᠠᠯᠠᠯᠳᠠ ᠪᠠ ᠰᠡᠷᠭᠦᠯᠳᠡ ᠳᠤ ᠢᠳᠡᠪᠬᠢᠳᠡᠢ ᠤᠷᠤᠯᠴᠠᠬᠤ ᠶᠢᠨ ᠬᠠᠮᠳᠤ᠂ ᠲᠤᠤᠷᠠᠢ ᠶᠢᠨ ᠤᠢ ᠶᠢᠨ ᠡᠬᠢ ᠪᠠᠶᠠᠯᠢᠬ  ᠪᠤᠯᠤᠨ ᠲᠤᠷᠭᠤᠳᠴᠤᠳ ᠤᠨ ᠵᠠᠩ ᠦᠢᠯᠡ ᠰᠤᠶᠤᠯ ᠤᠨ ᠡᠬᠢ ᠪᠠᠶᠠᠯᠢᠬ ᠤᠨ ᠲᠠᠪᠠᠭᠤᠯᠢᠬ ᠲᠤ ᠲᠦᠰᠢᠭᠯᠡᠨ᠂ ᠠᠮᠢ ᠠᠬᠤᠢ ᠶᠢᠨ ᠪᠠᠶᠢᠭᠤᠯᠤᠯᠳᠠ ᠪᠠ ᠵᠢᠭᠤᠯᠴᠢᠯᠠᠯ ᠤᠨ ᠦᠢᠯᠡᠰ ᠢ ᠠᠭᠤᠰᠤᠯᠴᠠᠭᠤᠯᠤᠨ ᠬᠦᠭᠵᠢᠭᠦᠯᠬᠦ ᠠᠷᠭ᠎ᠠ ᠵᠠᠮ ᠢ ᠢᠳᠡᠪᠬᠢᠳᠡᠢ ᠰᠦᠪᠡᠭᠴᠢᠯᠡᠵᠦ᠂ ᠬᠤᠪᠢ ᠶᠢᠨ ᠮᠠᠰᠢᠨ ᠢᠶᠠᠷ ᠵᠤᠭᠠᠴᠠᠬᠰᠠᠳ ᠲᠤ ᠭᠡᠷᠳᠦ ᠲᠡᠷᠭᠡ ᠶᠢᠨ ᠰᠠᠭᠤᠷᠢᠨ ᠭᠠᠵᠠᠷ ᠬᠠᠩᠭᠠᠬᠤ᠂ ᠮᠠᠯᠴᠢᠨ ᠲᠠᠷᠢᠶᠠᠴᠢᠳ ᠬᠤᠪᠢ ᠶᠢᠨ ᠭᠡᠷ ᠪᠠᠶᠢᠰᠢᠩ ᠢᠶᠠᠨ ᠵᠤᠭᠠᠴᠠᠬᠰᠠᠳ ᠲᠤ ᠲᠦᠷᠢᠶᠡᠰᠦᠯᠡᠨ ᠦᠭᠬᠦ᠂ ᠦᠨᠳᠦᠰᠦᠳᠡᠨ ᠤ ᠤᠨᠴᠠᠯᠢᠬᠳᠤ ᠵᠠᠩ ᠦᠢᠯᠡ ᠰᠤᠶᠤᠯ ᠵᠢᠭᠤᠯᠴᠢᠯᠠᠯ ᠤᠨ ᠲᠦᠷᠦᠯ ᠵᠦᠢᠯ ᠢ ᠨᠡᠭᠡᠭᠡᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠬᠡᠷᠡᠭᠵᠢᠭᠦᠯᠦᠨ᠂ ᠠᠮᠢ ᠠᠬᠤᠢ ᠪᠤᠯᠤᠨ ᠰᠤᠶᠤᠯ ᠤᠨ ᠲᠠᠪᠠᠭᠤᠯᠢᠬ ᠢᠶᠠᠨ ᠠᠵᠤ ᠠᠬᠤᠢ ᠶᠢᠨ ᠲᠠᠪᠠᠭᠤᠯᠢᠬ ᠪᠤᠯᠭᠠᠨ ᠬᠤᠪᠢᠷᠠᠭᠤᠯᠵᠤ ᠴᠢᠳᠠᠬᠰᠠᠨ ᠠᠴᠠ ᠭᠠᠴᠠᠭᠠᠨ ᠤ ᠮᠠᠯᠴᠢᠨ ᠲᠠᠷᠢᠶᠠᠴᠢᠨ ᠡᠷᠦᠬᠡ ᠪᠦᠷᠢ ᠵᠢᠭᠤᠯᠴᠢᠯᠠᠯ ᠤᠨ ᠦᠢᠯᠡᠰ ᠲᠤ ᠤᠷᠤᠯᠴᠠᠨ ᠠᠰᠢᠬ ᠬᠦᠷᠳᠡᠬᠦ ᠪᠤᠯᠤᠬᠰᠠᠨ ᠪᠠᠶᠢᠨ᠎ᠠ᠃              2016 ᠤᠨ ᠤ 9 ᠰᠠᠷ᠎ᠠ ᠳᠤ ᠭᠠᠴᠠᠭᠠᠨ ᠠᠴᠠ ︽ᠰᠢᠭᠤᠢ︾ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢ ᠪᠠᠶᠢᠭᠤᠯᠵᠦ᠂ ᠮᠠᠯᠴᠢᠨ ᠲᠠᠷᠢᠶᠠᠴᠢᠳ ᠢ ᠵᠢᠭᠤᠯᠴᠢᠯᠠᠯ ᠤᠨ ᠦᠢᠯᠡᠰ ᠲᠤ ᠤᠷᠤᠯᠴᠠᠭᠤᠯᠬᠤ ᠪᠠᠷ ᠲᠠᠮᠵᠢᠭᠤᠯᠤᠨ ᠠᠰᠢᠬ ᠤᠷᠤᠯᠭ᠎ᠠ ᠪᠠᠨ ᠨᠡᠮᠡᠭᠳᠡᠭᠦᠯᠬᠦ ᠳᠤ ᠨᠢᠭᠡᠳᠦᠯᠳᠡᠢ ᠵᠢᠭᠠᠨ ᠵᠢᠯᠤᠭᠤᠳᠤᠯᠭ᠎ᠠ ᠪᠠ ᠦᠢᠯᠡᠴᠢᠯᠡᠭᠡ ᠬᠠᠩᠭᠠᠵᠤ᠂ ᠭᠠᠴᠠᠭᠠᠨ ᠠᠴᠠ ᠡᠵᠡᠨ᠎ᠡ ᠬᠤᠰᠢᠭᠤᠨ ᠤ ᠮᠧᠩ ᠷᠦᠩ ᠰᠤᠶᠤᠯ ᠤᠨ ᠬᠦᠭᠵᠢᠭᠦᠯᠦᠯᠳᠡ ᠶᠢᠨ ᠬᠢᠵᠠᠭᠠᠷᠳᠤ ᠺᠤᠮᠫᠠᠨᠢ ᠶᠢ ᠤᠷᠢᠨ ᠠᠪᠴᠢᠷᠠᠵᠤ᠂ ᠭᠠᠴᠠᠭᠠᠨ ᠤ ᠲᠤᠤᠷᠠᠢ ᠶᠢᠨ ᠤᠢ ᠶᠢᠨ  ᠵᠢᠭᠤᠯᠴᠢᠯᠠᠯ ᠤᠨ ᠡᠬᠢ ᠪᠠᠶᠠᠯᠢᠬ ᠢ ᠨᠡᠭᠡᠭᠡᠨ ᠬᠦᠭᠵᠢᠬᠦᠯᠬᠦ ᠠᠵᠢᠯ ᠢ ᠬᠠᠷᠢᠭᠤᠴᠠᠨ ᠡᠵᠡᠩᠨᠡᠭᠦᠯᠵᠦ᠂ ᠮᠠᠯᠴᠢᠨ ᠲᠠᠷᠢᠶᠠᠴᠢᠳ ᠦᠪᠡᠷ ᠤᠨ ᠰᠠᠶᠢᠨ ᠲᠤᠷ᠎ᠠ ᠠᠴᠠ ᠪᠠᠨ ᠬᠤᠪᠢ ᠶᠢᠨ ᠭᠡᠷ ᠪᠠᠶᠢᠰᠢᠩ ᠤᠷᠤᠨ ᠰᠠᠭᠤᠴᠠ ᠪᠠᠨ ᠵᠢᠭᠤᠯᠴᠢᠯᠠᠯ ᠳᠤ ᠬᠠᠩᠭᠠᠬᠤ ᠭᠤᠷᠪᠠᠨ ᠲᠠᠯ᠎ᠠ ᠶᠢᠨ ᠬᠤᠷᠰᠢᠨ ᠬᠠᠮᠳᠤᠷᠠᠬᠤ ᠬᠠᠷᠢᠴᠠᠭ᠎ᠠ ᠶᠢ ᠪᠠᠶᠢᠭᠤᠯᠤᠠ᠂ ︽ᠬᠤᠷᠰᠢᠶᠠᠵᠢᠯ + ᠠᠵᠤ ᠠᠬᠤᠢᠢᠯᠠᠯ + ᠮᠠᠯᠴᠢᠨ ᠲᠠᠷᠢᠶᠠᠴᠢᠨ︾ ᠤ ᠡᠵᠡᠩᠨᠡᠯᠳᠡ ᠶᠢᠨ ᠬᠡᠯᠪᠡᠷᠢ ᠶᠢ ᠪᠦᠷᠢᠯᠳᠦᠭᠦᠯᠦᠭᠰᠡᠨ ᠪᠠᠶᠢᠨ᠎ᠠ᠃ ᠡᠵᠡᠨ᠎ᠡ ᠬᠤᠰᠢᠭᠤᠨ ᠤ ᠮᠧᠩ ᠷᠦᠩ ᠰᠤᠶᠤᠯ ᠤᠨ ᠬᠦᠭᠵᠢᠭᠦᠯᠦᠯᠳᠡ ᠶᠢᠨ ᠬᠢᠵᠠᠭᠠᠷᠳᠤ ᠺᠤᠮᠫᠠᠨᠢ ᠶᠢᠨ ᠪᠠᠶᠢᠩᠭᠤ ᠶᠢᠨ ᠲᠡᠳ᠋ ᠲᠠᠭᠠᠭᠠᠮᠠᠯ ᠮᠦᠷᠦᠭᠡᠳᠦᠯ ᠬᠡᠯᠡᠬᠦ ᠳᠡᠭᠡᠨ ︽ᠮᠠᠨ ᠤ ᠺᠤᠮᠫᠠᠨᠢ ᠵᠢᠷᠭᠠᠯᠠᠩᠳᠤ ᠭᠠᠴᠠᠭᠠᠨ ᠤ ᠳᠣᠣᠷᠠᠢ ᠶᠢᠨ ᠤᠢ ᠶᠢᠨ ᠵᠢᠭᠤᠯᠴᠢᠯᠠᠯ ᠤᠨ ᠦᠢᠯᠡᠰ ᠢ ᠬᠦᠭᠵᠢᠭᠦᠯᠬᠦ ᠠᠵᠢᠯ ᠢ ᠬᠠᠮᠢᠶᠠᠷᠴᠤ ᠡᠵᠡᠩᠨᠡᠬᠦ ᠶᠢᠨ ᠬᠠᠮᠳᠤ ᠵᠤᠭᠠᠴᠠᠬᠰᠠᠳ ᠤᠨ ᠪᠦᠯᠬᠦᠮ ᠬᠠᠷᠢᠴᠠᠵᠤ ᠠᠪᠴᠢᠷᠠᠬᠤ ᠶᠢ ᠬᠠᠷᠢᠭᠤᠴᠠᠳᠠᠬ᠂ ᠵᠢᠯ ᠪᠦᠷᠢ ᠶᠢᠨ ᠳᠣᠣᠷᠠᠢ ᠶᠢᠨ ᠨᠠᠶᠢᠷ ᠤᠨ ᠬᠤᠭᠤᠴᠠᠭᠠᠨ ᠳᠤ ᠮᠠᠯᠴᠢᠨ ᠲᠠᠷᠢᠶᠠᠴᠢᠳ ᠤᠨ ᠭᠡᠷ ᠪᠠᠶᠢᠰᠢᠩ ᠢ ᠺᠤᠮᠫᠠᠨᠢ ᠶᠢᠨ ᠲᠠᠯ᠎ᠠ ᠠᠴᠠ ᠲᠦᠷᠢᠶᠡᠰᠦᠯᠡᠨ ᠠᠪᠴᠤ᠂ ᠵᠤᠭᠠᠴᠠᠬᠰᠠᠳ ᠤᠨ ᠢᠳᠡᠵᠦ ᠤᠤᠭᠤᠵᠤ᠂ ᠬᠤᠨᠤᠵᠤ ᠰᠠᠭᠤᠬᠤ ᠳᠤ ᠬᠠᠩᠭᠠᠵᠤ ᠦᠭᠳᠡᠭ᠂ ᠮᠠᠯᠴᠢᠨ ᠲᠠᠷᠢᠶᠠᠴᠢᠳ ᠵᠦᠪᠬᠡᠨ ᠭᠡᠷ ᠪᠠᠶᠢᠰᠢᠩ ᠢᠶᠠᠨ ᠪᠢᠳᠡᠨ ᠳᠤ ᠲᠦᠷᠢᠶᠡᠰᠦᠯᠡᠵᠦ ᠦᠭᠪᠡᠯ ᠪᠤᠯᠴᠢᠬᠠᠨ᠎ᠠ᠂ ᠲᠤᠤᠷᠠᠢ ᠶᠢᠨ ᠨᠠᠶᠢᠷ ᠤᠨ ᠲᠠᠷᠠᠭ᠎ᠠ ᠪᠠᠷ ᠵᠢᠭᠤᠯᠴᠢᠯᠠᠯ ᠤᠨ ᠠᠰᠢᠬ ᠤᠷᠤᠯᠭ᠎ᠠ ᠶᠢᠨ ᠪᠠᠶᠢᠳᠠᠯ ᠢᠶᠠᠨ ᠦᠨᠳᠦᠰᠦᠯᠡᠵᠦ᠂ ᠺᠤᠮᠫᠠᠨᠢ ᠠᠴᠠ ᠮᠠᠯᠴᠢᠨ ᠲᠠᠷᠢᠶᠠᠴᠢᠳ ᠲᠤ ᠭᠡᠷ ᠤᠨ ᠲᠦᠷᠢᠶᠡᠰᠦᠨ ᠮᠦᠩᠭᠦ ᠦᠭᠬᠦ ᠶᠢᠨ ᠬᠠᠮᠳᠤ ᠵᠢᠭᠤᠯᠴᠢᠯᠠᠯ ᠤᠨ ᠡᠭᠦᠳᠡᠨ ᠪᠢᠯᠧᠲ ᠤᠨ ᠤᠷᠤᠯᠭ᠎ᠠ ᠶᠢ ᠵᠤᠬᠢᠬᠤ ᠬᠠᠷᠢᠴᠠᠯ ᠢᠶᠠᠷ ᠬᠤᠪᠢᠶᠠᠵᠤ ᠦᠭᠳᠡᠭ᠂ ᠨᠢᠳᠤᠨᠤᠨ ᠵᠢᠯ ᠭᠠᠴᠠᠭᠠᠨ ᠤ 30 ᠡᠷᠦᠬᠡ ᠭᠡᠷ ᠪᠠᠶᠢᠰᠢᠩ ᠢᠶᠠᠨ ᠪᠢᠳᠡᠨ ᠳᠤ ᠲᠦᠷᠢᠶᠡᠰᠦᠯᠡᠨ ᠦᠭᠴᠦ᠂ ᠵᠢᠭᠤᠯᠴᠢᠯᠠᠯ ᠤᠨ ᠤᠷᠤᠯᠭ᠎ᠠ ᠠᠴᠠ 25 ᠲᠦᠮᠡᠨ ᠲᠦᠭᠦᠷᠢᠭ ᠤᠯᠵᠤ ᠬᠤᠪᠢᠶᠠᠷᠢᠯᠠᠬᠰᠠᠠ᠃ ᠮᠠᠯᠴᠢᠨ ᠲᠠᠷᠢᠶᠠᠴᠢᠳ ᠮᠠᠯᠵᠢᠬᠤ ᠲᠠᠷᠢᠶᠠᠯᠠᠬᠤ ᠪᠠᠨ ᠵᠤᠬᠰᠤᠭᠠᠵᠤ᠂ ᠭᠠᠴᠠᠭ᠎ᠠ ᠪᠤᠯᠤᠨ ᠺᠤᠮᠫᠠᠨᠢ ᠳᠤ ᠲᠤᠤᠷᠠᠢ ᠶᠢᠨ ᠤᠢ ᠶᠢᠨ ᠡᠬᠢ ᠪᠡᠶᠡᠯᠢᠬ ᠢ ᠠᠰᠢᠬᠯᠠᠨ ᠵᠢᠭᠤᠯᠴᠢᠯᠠᠯ ᠡᠷᠬᠢᠯᠡᠬᠦ ᠳᠤ ᠰᠠᠶᠢᠨ ᠲᠤᠷ᠎ᠠ ᠠᠴᠠ ᠪᠠᠨ ᠪᠠᠶᠢᠷᠢ ᠪᠡᠯᠴᠢᠭᠡᠷ ᠪᠤᠯᠤᠨ ᠲᠠᠷᠢᠶᠠᠨ ᠭᠠᠵᠠᠷ ᠢᠶᠠᠨ ᠰᠤᠯᠠᠯᠠᠨ ᠦᠭᠭᠦᠭᠰᠡᠨ ᠲᠤᠯᠠ ᠺᠤᠮᠫᠠᠨᠢ ᠠᠴᠠ ᠵᠢᠭᠤᠯᠴᠢᠯᠠᠯ ᠤᠨ ᠤᠷᠤᠯᠭ᠎ᠠ ᠠᠴᠠ ᠨᠢᠭᠡ ᠬᠡᠰᠡᠭ ᠪᠡᠯᠡ ᠭᠠᠷᠭᠠᠵᠤ ᠮᠠᠯᠴᠢᠨ ᠲᠠᠷᠢᠶᠠᠴᠢᠳ ᠲᠤ ᠠᠰᠢᠬ ᠬᠤᠪᠢᠶᠠᠵᠤ ᠦᠭᠬᠦ ᠨᠢ ᠵᠦᠢ ᠵᠤᠬᠢᠰᠳᠠᠢ ᠮᠦᠷᠳᠡᠭᠡᠨ ᠲᠡᠳᠡᠨᠡᠷ ᠤᠨ ᠠᠮᠢᠳᠤᠷᠠᠯ ᠢ ᠰᠠᠶᠢᠵᠢᠷᠠᠭᠤᠯᠵᠤ᠂ ᠤᠷᠤᠯᠭ᠎ᠠ ᠶᠢ ᠨᠡᠮᠡᠭᠳᠡᠭᠦᠯᠬᠦ ᠳᠤ ᠠᠵᠤ ᠠᠬᠤᠢᠢᠯᠠᠯ ᠤᠨ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ︾ ᠭᠡᠪᠡ᠃ ᠦᠢᠯᠠᠭᠠᠬᠰᠠᠨ ᠢᠶᠠᠷ᠂ ᠨᠢᠳᠤᠨᠤᠨ ᠵᠢᠯ ᠵᠢᠷᠭᠠᠯᠠᠩᠳᠤ ᠭᠠᠴᠠᠭ᠎ᠠ 3000 ᠭᠠᠷᠤᠢ ᠵᠤᠭᠠᠴᠠᠬᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠤᠷᠤᠯᠭ᠎ᠠ ᠨᠢ 52.5 ᠲᠦᠮᠡᠨ ᠲᠦᠭᠦᠷᠢᠭ ᠲᠤ ᠬᠦᠷᠴᠦ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ 124 ᠲᠦᠮᠡ ᠭᠠᠷᠤᠢ ᠲᠦᠭᠦᠷᠢᠭ ᠲᠤ ᠬᠦᠷᠴᠦ᠂ ᠵᠢᠭᠤᠯᠴᠢᠯᠠᠯ ᠨᠢ ᠮᠠᠯᠴᠢᠨ ᠲᠠᠷᠢᠶᠡᠴᠢᠳ ᠤᠨ ᠤᠷᠤᠯᠭ᠎ᠠ ᠶᠢ ᠨᠡᠮᠡᠭᠳᠡᠭᠦᠯᠬᠦ ᠭᠤᠤᠯ ᠲᠤᠯᠭᠠᠭᠤᠷᠢ ᠪᠤᠯᠵᠡᠢ᠃ ᠭᠠᠴᠠᠭᠠᠨ ᠤ ᠨᠠᠮ ᠤᠨ ᠡᠭᠦᠷ ᠤᠨ ᠱᠦᠵᠢ ᠵᠠᠩ ᠰᠢᠩ ᠬᠤᠩ ᠤᠨ ᠬᠡᠯᠡᠬᠦ ᠪᠠᠷ᠂ 2017 ᠤᠨ ᠪᠤᠯᠤᠨ 2018 ᠤᠨ ᠳᠤ ᠲᠤᠰ ᠭᠠᠴᠠᠭᠠᠨ ᠤ ᠮᠠᠯᠴᠢᠨ ᠲᠠᠷᠢᠶᠠᠴᠢᠳ ᠭᠡᠷ ᠪᠠᠶᠢᠰᠢᠩ ᠢᠶᠠᠨ ᠺᠤᠮᠫᠠᠨᠢ ᠳᠤ ᠲᠦᠷᠢᠶᠡᠰᠦᠯᠡᠨ ᠦᠭᠴᠦ᠂ ᠵᠢᠭᠤᠯᠴᠢᠯᠠᠯ ᠤᠨ ᠴᠡᠭ ᠲᠤ ᠵᠤᠭᠠᠴᠠᠬᠰᠠᠳ ᠲᠤ ᠮᠤᠷᠢ ᠲᠡᠮᠡᠭᠡ ᠤᠨᠤᠭᠤᠯᠬᠤ᠂ ᠵᠠᠮᠴᠢᠯᠠᠬᠴᠢ᠂ ᠦᠢᠯᠡᠴᠢᠯᠡᠭᠴᠢ ᠪᠤᠯᠵᠤ ᠤᠷᠤᠯᠭ᠎ᠠ ᠪᠠᠨ ᠨᠡᠮᠡᠭᠳᠡᠭᠦᠯᠬᠦ ᠶᠢᠨ ᠬᠠᠮᠳᠤ ᠺᠤᠮᠫᠠᠨᠢ ᠠᠴᠠ ᠠᠰᠢᠬ ᠬᠤᠪᠢᠳᠠᠵᠤ ᠤᠯᠬᠤ ᠶᠢ ᠲᠠᠭᠠᠯᠳᠤᠨ ᠡᠨᠡ ᠵᠢᠯ ᠠᠴᠠ ᠪᠠᠰᠠ 10 ᠭᠠᠷᠤᠢ ᠡᠷᠦᠬᠡ ᠭᠡᠷ ᠪᠠᠶᠢᠰᠢᠩ ᠢᠶᠠᠨ ᠵᠠᠰᠠᠨ ᠰᠢᠨᠡᠳᠭᠡᠵᠦ᠂ ᠵᠤᠭᠠᠴᠠᠬᠰᠠᠳ ᠢ ᠬᠦᠯᠢᠶᠡᠨ ᠠᠪᠬᠤ ᠳᠤ ᠪᠡᠯᠡᠳᠭᠡᠯ ᠬᠢᠵᠦ ᠪᠠᠶᠢᠨ᠎ᠠ᠃        ᠡᠨᠡ ᠵᠢᠯ ᠠᠴᠠ ᠵᠢᠷᠭᠠᠯᠠᠩᠳᠤ ᠭᠠᠴᠠᠭ᠎ᠠ ᠰᠤᠶᠤᠯ ᠪᠤᠯᠤᠨ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠭᠡᠵᠦ᠂ ᠵᠤᠭᠠᠴᠠᠬᠰᠠᠳ ᠲᠤ ᠭᠤᠶᠢᠳᠠ ᠰᠠᠶᠢᠬᠠᠨ ᠪᠠᠶᠢᠭᠠᠯᠢ ᠶᠢᠨ ᠦᠩᠭᠡ ᠦᠵᠡᠮᠵᠢ ᠶᠢ ᠰᠤᠨᠢᠷᠬᠠᠭᠤᠯᠬᠤ ᠶᠢᠨ ᠬᠠᠮᠳᠤ ᠤᠷᠤᠨ ᠨᠤᠳᠤᠭ ᠤᠨ ᠦᠨᠳᠦᠰᠦᠳᠡᠨ ᠤ ᠤᠨᠴᠠᠯᠢᠬ ᠲᠠᠢ ᠲᠤᠷᠭᠤᠳᠴᠤᠳ ᠤᠨ ᠰᠤᠶᠤᠯ ᠢ ᠲᠡᠯᠭᠡᠵᠦ ᠬᠠᠷᠠᠭᠤᠯᠬᠤ ᠰᠢᠨ᠎ᠡ ᠲᠦᠷᠦᠯ ᠵᠦᠢᠯ ᠤᠨ ᠨᠡᠭᠡᠭᠡᠯᠳᠡ ᠬᠢᠬᠦ ᠪᠠᠷ ᠲᠦᠰᠦᠪᠯᠡᠵᠦ᠂ ᠭᠠᠴᠠᠭ᠎ᠠ ᠪᠤᠯᠤᠨ ᠡᠵᠡᠨ᠎ᠡ ᠬᠤᠰᠢᠭᠤᠨ ᠤ ᠮᠧᠩ ᠷᠦᠩ ᠰᠤᠶᠤᠯ ᠤᠨ ᠬᠦᠭᠵᠢᠭᠦᠯᠦᠯᠳᠡ ᠶᠢᠨ ᠬᠢᠵᠠᠭᠠᠷᠳᠤ ᠺᠤᠮᠫᠠᠨᠢ ᠬᠠᠮᠳᠤᠷᠠᠨ ᠮᠤᠷᠢ ᠲᠡᠮᠡᠭᠡ ᠤᠨᠤᠬᠤ᠂ ᠨᠤᠮᠤ ᠬᠠᠷᠪᠤᠬᠤ᠂ ᠪᠦᠭᠡ ᠪᠠᠷᠢᠯᠳᠤᠬᠤ᠂ ᠡᠯᠡᠰᠦᠨ ᠤ ᠲᠦᠷᠪᠡᠨ ᠬᠦᠷᠳᠦᠳᠦ ᠲᠡᠷᠭᠡ ᠨᠠᠭᠠᠳᠬᠤ᠂ ᠮᠤᠷᠢᠨ ᠮᠡᠷᠭᠡᠵᠢᠯ ᠤᠨ ᠲᠤᠬᠯᠠᠯᠳᠠ ᠪᠠᠷ ᠭᠤᠤᠯ ᠪᠤᠯᠭᠠᠬᠰᠠᠨ ᠨᠡᠭᠦᠳᠡᠯ ᠮᠠᠯᠵᠢᠯ ᠰᠤᠶᠤᠯ ᠢ ᠪᠡᠶᠡᠳᠡᠨ ᠦᠢᠯᠠᠭᠠᠬᠤ ᠲᠤᠭᠤᠷᠢᠬ ᠭᠠᠷᠭᠠᠬᠤ ᠶᠢᠨ ᠬᠠᠮᠳᠤ ᠮᠤᠩᠭᠤᠯᠴᠤᠳ ᠤᠨ ᠨᠡᠭᠦᠳᠡᠯ ᠮᠠᠯᠵᠢᠯ ᠠᠮᠢᠳᠤᠷᠠᠯ ᠤᠨ ᠬᠠᠭᠤᠴᠢ ᠡᠳ᠋ᠯᠡᠯ ᠬᠡᠷᠡᠭᠰᠡᠯ ᠤᠨ ᠮᠦᠽᠸᠢ ᠭᠠᠷᠭᠠᠵᠤ᠂ ᠲᠤᠷᠭᠤᠳ ᠬᠤᠷᠢᠮ ᠢᠶᠠᠷ ᠰᠡᠳᠦᠪᠯᠡᠭᠰᠡᠨ ᠪᠤᠳᠠᠳᠤ ᠦᠵᠡᠭᠳᠡᠯ ᠤᠨ ᠲᠤᠬᠯᠠᠯᠳᠠ ᠨᠠᠶᠢᠷᠠᠭᠤᠯᠤᠨ ᠲᠤᠬᠯᠠᠬᠤ ᠪᠠᠷ ᠪᠡᠯᠡᠳᠭᠡᠵᠦ ᠪᠠᠶᠢᠨ᠎ᠠ᠃                                                      (ᠵᠣᠬᠢᠶᠠᠭᠴᠢ᠄ ᠰᠡᠴᠡᠨᠪᠠᠳᠤ)    
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号